ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ︽ᠡᠷᠭᠢᠨ ᠬᠠᠷᠠᠬᠤ︾ ᠠᠵᠢᠯ ᠳᠠᠭᠤᠰᠴᠤ᠂ 4305 ᠬᠦᠮᠦᠨ ᠠᠴᠠ  ᠬᠠᠷᠢᠭᠤᠴᠠᠯᠭ᠎ᠠ ᠨᠡᠬᠡᠮᠵᠢᠯᠡᠵᠡᠢ
ᠨᠡᠶᠢᠲᠡᠯᠡᠭᠰᠡᠨ ᠴᠠᠭ᠄
2018/7/11
     ᠠᠮᠢ ᠠᠬᠤᠢ ᠶᠢᠨ  ᠣᠷᠴᠢᠨ  ᠲᠣᠭᠤᠷᠢᠨ ᠤ  ᠶᠠᠮᠤᠨ ᠤ  ᠮᠡᠳᠡᠭᠡ ᠶᠢ  ᠦᠨᠳᠦᠰᠦᠯᠡᠪᠡᠯ᠂  ᠲᠦᠷᠦᠭᠦᠦ  ᠪᠦᠯᠦᠭ ᠤᠨ ᠲᠥᠪ ᠤᠨ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠎ ᠤᠨ ︽ᠡᠷᠭᠢᠨ  ᠬᠠᠷᠠᠬᠤ︾ ᠠᠵᠢᠯ ᠤᠨ 6  ᠱᠠᠯᠠᠪᠳᠠᠭᠤᠯᠤᠨ  ᠪᠠᠶᠢᠴᠠᠭᠠᠬᠤ  ᠳᠤᠭᠤᠶᠢᠯᠠᠩ  ᠱᠠᠭᠠᠷᠳᠠᠨ  ᠪᠠᠶᠢᠴᠠᠭᠠᠬᠤ  ᠠᠵᠢᠯ ᠢᠶᠠᠨ  ᠨᠢᠭᠡᠨᠲᠡ  ᠪᠦᠬᠦᠨ ᠢ ᠳᠠᠭᠤᠰᠬᠠᠵᠠᠢ᠃ ᠱᠠᠯᠠᠪᠳᠠᠭᠤᠯᠤᠨ ᠪᠠᠶᠢᠴᠠᠭᠠᠬᠤ ᠬᠤᠭᠤᠴᠠᠭᠠᠨ ᠳᠤ᠂  ᠱᠠᠯᠠᠪᠳᠠᠭᠤᠯᠤᠨ  ᠪᠠᠶᠢᠴᠠᠭᠠᠬᠤ  ᠳᠤᠭᠤᠶᠢᠯᠠᠩ ᠤᠨ  ᠎ ᠬᠢᠨ 3.8 ᠲᠦᠮᠡᠨ  ᠪᠦᠲᠦᠮᠵᠢᠲᠡᠢ  ᠢᠯᠡᠴᠢᠯᠡᠨ  ᠮᠡᠳᠡᠭᠦᠯᠦᠯᠲᠡ ᠶᠢ  ᠬᠦᠯᠢᠶᠡᠨ  ᠠᠪᠴᠤ᠂  2819  ᠬᠦᠮᠦᠨ  ᠎ ᠲᠠᠢ  ᠪᠣᠯᠵᠣᠨ ᠠᠭᠤᠯᠵᠠᠵᠤ᠂ 4305 ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠵᠡᠢ᠃              ᠡᠨᠡ ᠵᠢᠯ ᠤᠨ 5 ᠰᠠᠷ᠎ᠠ ᠶᠢᠨ 30᠎ ᠤ ᠡᠳᠦᠷ ᠠᠴᠠ 6 ᠰᠠᠷ᠎ᠠ ᠶᠢᠨ 7᠎ ᠤ ᠡᠳᠦᠷ ᠪᠣᠯᠲᠠᠯ᠎ᠠ᠂ ᠲᠦᠷᠦᠭᠦᠦ ᠪᠦᠯᠦᠭ ᠤᠨ ᠲᠥᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ  ᠳᠤᠭᠤᠢᠢᠯᠠᠩ ᠤᠨ ︽ᠡᠷᠭᠢᠨ  ᠬᠠᠷᠠᠬᠤ︾ ᠠᠵᠢᠯ ᠤᠨ 6 ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠵᠠᠯᠭᠠᠯᠳᠤᠭ᠎ᠠ ᠪᠠᠷ ᠾᠧᠪᠧᠢ᠂  ᠥᠪᠥᠷ  ᠮᠣᠩᠭᠤᠯ᠂  ᠬᠠᠷᠠᠮᠦ᠋ᠷᠡᠨ᠂ ᠵᠢᠶᠠᠩᠰᠤ᠂ ᠵᠢᠶᠠᠩᠰᠢ᠂ ᠾᠧᠨᠠᠨ᠂ ᠭᠤᠸᠠᠩᠳᠦ᠋ᠩ᠂ ᠭᠤᠸᠠᠩᠰᠢ᠂ ᠶᠦᠨᠨᠠᠨ᠂ ᠨᠢᠩᠰᠢᠶᠠ ᠵᠡᠷᠭᠡ  10  ᠮᠤᠵᠢ  ︵ᠥᠪᠡᠷᠲᠡᠭᠡᠨ ᠵᠠᠰᠠᠬᠤ ᠣᠷᠣᠨ︶᠎ ᠳᠤ ᠱᠠᠯᠠᠪᠳᠠᠭᠤᠯᠤᠨ  ᠪᠠᠶᠢᠴᠠᠭᠠᠵᠡᠢ᠃  7  ᠰᠠᠷ᠎ᠠ ᠶᠢᠨ  7᠎ ᠤ  ᠡᠳᠦᠷ  ᠪᠣᠯᠲᠠᠯ᠎ᠠ᠂  6  ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠱᠠᠯᠠᠪᠳᠠᠭᠤᠯᠤᠨ ᠪᠠᠶᠢᠴᠠᠭᠠᠬᠤ  ᠠᠵᠢᠯ ᠢᠶᠠᠨ  ᠪᠦᠬᠦᠨ ᠢ  ᠪᠡᠶᠡᠯᠡᠭᠦᠯᠵᠡᠢ᠃ ᠣᠷᠣᠵᠤ  ᠰᠠᠭᠤᠭᠰᠠᠨ ᠬᠤᠭᠤᠴᠠᠭᠠᠨ ᠳᠤ᠂ ᠱᠠᠯᠠᠪᠳᠠᠭᠤᠯᠤᠨ  ᠪᠠᠶᠢᠴᠠᠭᠠᠬᠤ  ᠳᠤᠭᠤᠶᠢᠯᠠᠩ  ᠨᠡᠶᠢᠲᠡ  140  ᠤᠳᠤᠷᠢᠳᠬᠤ  ᠺᠠᠳ᠋ᠷ  ᠎ ᠲᠠᠢ ᠲᠤᠰᠬᠠᠢ ᠶᠠᠷᠢᠯᠴᠠᠵᠤ᠂ ᠡᠭᠦᠨ ᠤ ᠳᠣᠲᠣᠷ᠎ᠠ ᠮᠤᠵᠢ ᠶᠢᠨ ᠱᠠᠲᠤᠨ ᠤ ᠤᠳᠤᠷᠢᠳᠤᠯᠭ᠎ᠠ 50 ᠬᠦᠮᠦᠨ᠂  ᠰᠠᠯᠠᠭ᠎ᠠ  ᠮᠦᠴᠢᠷ  ᠪᠠ  ᠲᠤᠰᠬᠠᠢ ᠣᠷᠣᠨ ᠤ ᠬᠤᠲᠠ ᠶᠢᠨ ᠭᠤᠣᠯ ᠤᠳᠤᠷᠢᠳᠤᠯᠭ᠎ᠠ 89 ᠬᠦᠮᠦᠨ ᠪᠤᠢ᠃ 101  ᠮᠤᠵᠢ ᠶᠢᠨ ᠬᠤᠯᠪᠣᠭᠳᠠᠯ  ᠪᠦᠬᠦᠢ  ᠰᠠᠯᠠᠭ᠎ᠠ ᠮᠦᠴᠢᠷ ᠪᠠ  ᠪᠠᠶᠢᠭᠤᠯᠭ᠎ᠠ  ᠨᠢᠭᠡᠴᠡ ᠢ  ᠰᠤᠷᠪᠤᠯᠵᠢᠯᠠᠵᠤ  ᠤᠶᠢᠯᠠᠭᠠᠵᠠᠢ᠃  6.9 ᠲᠦᠮᠡ  ᠭᠠᠷᠤᠢ  ᠬᠤᠪᠢ  ᠮᠠᠲ᠋ᠧᠷᠢᠶᠠᠯ ᠢ ᠰᠢᠯᠵᠢᠭᠦᠯᠦᠨ ᠠᠪᠴᠢᠷᠠᠵᠤ ᠦᠵᠡᠵᠡᠢ᠃ 120 ᠲᠤᠰᠬᠠᠢ ᠣᠷᠣᠨ ︵ᠬᠤᠲᠠ᠂ ᠠᠶᠢᠮᠠᠭ︶᠎ ᠲᠤ ᠳᠣᠷᠣᠭᠰᠢ ᠪᠠᠭᠤᠵᠤ  ᠱᠠᠭᠠᠷᠳᠠᠨ ᠪᠠᠶᠢᠴᠠᠭᠠᠪᠠ᠃              7ᠰᠠᠷ᠎ᠠ ᠶᠢᠨ 7᠎ ᠤ ᠡᠳᠦᠷ ᠪᠣᠯᠲᠠᠯ᠎ᠠ᠂ ᠣᠯᠠᠨ ᠨᠡᠶᠢᠲᠡ ᠶᠢᠨ ᠢᠯᠡᠴᠢᠯᠡᠨ ᠮᠡᠳᠡᠭᠦᠯᠦᠭᠰᠡᠨ‌ᠨᠡᠶᠢᠲᠡ 45989 ᠬᠤᠪᠢ ᠮᠡᠳᠡᠭᠦᠯᠦᠯᠲᠡ ᠶᠢ ᠲᠣᠰᠴᠤ᠂ ᠡᠮᠬᠢᠳᠬᠡᠨ  ᠵᠠᠳᠠᠯᠤᠭᠰᠠᠨ ᠤ  ᠰᠡᠭᠦᠯᠡᠷ᠂  38165  ᠬᠤᠪᠢ  ᠪᠦᠲᠦᠮᠵᠢᠲᠡᠢ ᠢᠯᠡᠴᠢᠯᠡᠭᠰᠡᠨ ᠮᠡᠳᠡᠭᠦᠯᠦᠯᠲᠡ ᠶᠢ  ᠬᠦᠯᠢᠶᠡᠨ  ᠠᠪᠴᠤ  ᠰᠢᠢᠳᠪᠦᠷᠢᠯᠡᠬᠦ ᠶᠢᠨ ᠬᠠᠮᠲᠤ ᠳᠠᠪᠬᠤᠷᠳᠠᠭᠤᠯᠤᠨ ᠢᠯᠡᠴᠢᠯᠡᠨ  ᠮᠡᠳᠡᠭᠦᠯᠦᠭᠰᠡᠨ ᠢ ᠨᠡᠶᠢᠯᠡᠭᠦᠯᠦᠭᠰᠡᠨ ᠤ ᠳᠠᠷᠠᠭ᠎ᠠ᠂ 37090 ᠬᠤᠪᠢ ᠶᠢ ᠣᠷᠣᠨ ᠨᠤᠲᠤᠭ ᠲᠤ ᠰᠢᠯᠵᠢᠭᠦᠯᠦᠨ ᠰᠢᠢᠳᠪᠦᠷᠢᠯᠡᠭᠦᠯᠵᠡᠢ᠃              ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠣᠯᠠᠨ  ᠲᠦᠮᠡᠨ ᠤ ᠢᠯᠡᠴᠢᠯᠡᠨ ᠮᠡᠳᠡᠭᠦᠯᠦᠭᠰᠡᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠣᠷᠣᠨ  ᠨᠤᠲᠤᠭ ᠤᠨ  ᠎ ᠬᠢᠨ  ᠨᠢᠭᠡᠨᠲᠡ  28076 ᠬᠤᠪᠢ ᠰᠢᠢᠳᠪᠦᠷᠢᠯᠡᠵᠡᠢ᠃ ᠡᠭᠦᠨ ᠤ ᠳᠣᠲᠣᠷ᠎ᠠ᠂ 22561᠎ ᠶᠢ  ᠵᠠᠷᠯᠢᠭᠳᠠᠵᠤ  ᠪᠠᠶᠢᠭᠠᠳ  ᠴᠡᠭᠴᠡᠯᠡᠨ  ᠰᠠᠶᠢᠵᠢᠷᠠᠭᠤᠯᠵᠠᠢ᠃ 5709᠎ ᠢ ᠬᠡᠷᠡᠭ ᠪᠣᠯᠭᠠᠨ ᠰᠢᠳᠬᠡᠵᠦ᠂ 51062 ᠲᠦᠭᠦᠷᠢᠭ ᠤᠨ ᠵᠣᠭᠤᠰ ᠢᠶᠠᠷ ᠲᠣᠷᠭᠤᠵᠠᠢ︔ 405 ᠬᠤᠪᠢ ᠶᠢ  ᠬᠡᠷᠡᠭ ᠪᠣᠯᠭᠠᠨ ᠳᠠᠩᠰᠠᠯᠠᠨ ᠪᠠᠶᠢᠴᠠᠭᠠᠵᠤ᠂ 464 ᠬᠦᠮᠦᠨ ᠢ ᠵᠠᠰᠠᠭ ᠵᠠᠬᠢᠷᠭᠠᠨ ᠪᠠ  ᠡᠷᠡᠭᠦᠦ ᠶᠢᠨ  ᠬᠡᠷᠡᠭ ᠢᠶᠠᠷ  ᠲᠦᠷ  ᠬᠤᠷᠢᠪᠠ᠃ 2819 ᠬᠦᠮᠦᠨ ᠲᠠᠢ ᠪᠣᠯᠵᠣᠨ ᠶᠠᠷᠢᠯᠴᠠᠵᠤ᠂ 4305 ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号