ᠲᠦᠷᠦ ᠶᠢᠨ ᠶᠠᠪᠤᠳᠠᠯ ᠤᠨ ᠬᠤᠷᠢᠶ᠎ᠠ ︽ᠵᠡᠮᠳᠡᠭ ᠬᠡᠦᠭᠡᠳ ᠢ ᠡᠷᠡᠬᠦᠯᠵᠢᠬᠦᠯᠵᠤ ᠠᠪᠤᠷᠠᠨ ᠲᠤᠰᠠᠯᠠᠬᠤ ᠲᠦᠷᠢᠮ ᠪᠠᠶᠢᠭᠤᠯᠬᠤ ᠲᠤᠬᠠᠢ ᠰᠠᠨᠠᠯ︾ ᠢ ᠲᠠᠷᠬᠠᠭᠠᠪᠠ
ᠨᠡᠶᠢᠲᠡᠯᠡᠭᠰᠡᠨ ᠴᠠᠭ᠄
2018/7/12
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 10 ᠤ ᠡᠳᠤᠷ ᠤᠨ ᠮᠡᠳᠡᠭᠡ   ᠶᠡᠷᠦᠩᠭᠡᠢ ᠰᠠᠶᠢᠳ ᠯᠢ  ᠺᠧ ᠴᠢᠶᠠᠩ ᠤᠨ ᠵᠦᠪᠰᠢᠶᠡᠷᠡᠯ ᠢᠶᠠᠷ ᠲᠦᠷᠦ ᠶᠢᠨ ᠶᠠᠪᠤᠳᠠᠯ ᠤᠨ ᠬᠤᠷᠢᠶ᠎ᠠ  ᠲᠦᠷᠦᠭᠦᠭᠡᠨ  ︽ᠵᠡᠮᠳᠡᠭ  ᠬᠡᠦᠭᠡᠳ ᠢ  ᠡᠷᠡᠬᠦᠯᠵᠢᠬᠦᠯᠵᠤ ᠠᠪᠤᠷᠠᠨ ᠲᠤᠰᠠᠯᠠᠬᠤ ᠲᠦᠷᠢᠮ ᠪᠠᠶᠢᠭᠤᠯᠬᠤ ᠲᠤᠬᠠᠢ ᠰᠠᠨᠠᠯ︾ ︵ᠲᠤᠷᠤᠭᠰᠢ ︽ᠰᠠᠨᠠᠯ︾  ᠭᠡᠵᠤ  ᠲᠤᠪᠴᠢᠯᠠᠨ᠎ᠠ︶ ᠢ  ᠲᠠᠷᠤᠮᠠᠯᠯᠠᠨ ᠲᠠᠷᠬᠠᠭᠠᠵᠤ᠂ 2018 ᠤᠨ ᠤ 10 ᠰᠠᠷ᠎ᠠ ᠶᠢᠨ 1 ᠤ ᠡᠳᠤᠷ ᠠᠴᠠ ᠡᠬᠢᠯᠡᠨ ᠵᠡᠮᠳᠡᠭ ᠬᠡᠦᠭᠡᠳ ᠢ ᠡᠷᠡᠬᠦᠯᠵᠢᠬᠦᠯᠵᠤ  ᠠᠪᠤᠷᠠᠨ ᠲᠤᠰᠠᠯᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠬᠦ ᠪᠠᠷ ᠲᠤᠭᠲᠠᠪᠠ᠃              ︽ᠰᠠᠨᠠᠯ︾ ᠳᠤ ᠵᠢᠭᠠᠵᠤ ᠭᠠᠷᠭᠠᠭᠰᠨᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ  ᠲᠤᠮᠳᠠᠳᠤ  ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ‌‍ᠤ ᠬᠤᠶᠠᠳᠤᠭᠠᠷ᠂ ᠭᠤᠷᠪᠠᠳᠤᠭᠠᠷ  ᠪᠦᠬᠦᠳᠡ  ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠬᠦᠨᠵᠡᠭᠡᠢ ᠲᠤᠤᠱᠯᠠᠭᠤᠯᠤᠨ᠂ ᠨᠠᠮ ᠤᠨ ᠲᠦᠪ ᠬᠤᠷᠢᠶ᠎ᠠ᠂  ᠲᠦᠷᠦ   ᠶᠢᠨ  ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ  ᠪᠠᠶᠢᠷᠢᠯᠠᠭᠤᠯᠤᠯᠲᠠ   ᠶᠢ  ᠬᠢᠨᠠᠮᠠᠭᠠᠢ  ᠨᠠᠶᠢᠳᠠᠪᠤᠷᠢᠵᠢᠭᠤᠯᠵᠤ᠂  ᠰᠠᠭᠤᠷᠢ  ᠱᠤᠭᠤᠮ ᠢ ᠪᠠᠲᠤᠯᠠᠬᠤ᠂ ᠲᠤᠤᠷ ᠢ ᠪᠦᠬᠡᠯᠢᠭ ᠰᠦᠯᠵᠢᠬᠦ᠂ ᠲᠤᠭᠲᠠᠴᠠ  ᠪᠠᠶᠢᠭᠤᠯᠬᠤ  ᠱᠠᠭᠠᠷᠳᠠᠯᠭ᠎ᠠ  ᠶᠤᠰᠤᠭᠠᠷ᠂  ᠵᠡᠮᠳᠡᠭ  ᠬᠡᠦᠭᠡᠳ ᠤᠨ ᠦᠨᠳᠦᠰᠦᠨ ᠡᠷᠡᠬᠦᠯᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠴᠢᠷᠮᠠᠶᠢᠨ ᠪᠠᠲᠤᠯᠠᠬᠤ ᠬᠡᠷᠡᠭᠲᠠᠢ᠃  2020  ᠤᠨ  ᠪᠤᠯᠬᠤ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ  ᠬᠠᠷᠠᠯᠲᠠ   ᠲᠠᠢ  ᠵᠤᠬᠢᠴᠠᠭᠰᠠᠨ  ᠵᠡᠮᠳᠡᠭ  ᠬᠡᠦᠭᠡᠳ ᠢ ᠡᠷᠡᠬᠦᠯᠵᠢᠬᠦᠯᠵᠤ ᠠᠪᠤᠷᠠᠨ ᠲᠤᠰᠠᠯᠠᠬᠤ ᠲᠦᠷᠢᠮ ᠤᠨ ᠰᠢᠰᠲ᠋ᠧᠮ ᠢ ᠪᠠᠶᠢᠭᠤᠯᠵᠤ᠂ ᠠᠪᠤᠷᠠᠨ ᠲᠤᠰᠠᠯᠠᠵᠤ ᠲᠡᠶᠢᠯᠬᠦ ᠵᠡᠮᠳᠡᠭ ᠬᠡᠦᠭᠡᠳ ᠪᠦᠬᠦᠨ ᠢ ᠠᠪᠤᠷᠠᠨ ᠲᠤᠰᠠᠯᠠᠨ᠎ᠠ︔ 2025 ᠤᠨ ᠪᠤᠯᠬᠤ ᠳᠤ᠂ ᠵᠡᠮᠳᠡᠭ ᠬᠡᠦᠭᠡᠳ ᠢ ᠡᠷᠡᠬᠦᠯᠵᠢᠬᠦᠯᠵᠤ  ᠠᠪᠤᠷᠠᠨ  ᠲᠤᠰᠠᠯᠠᠬᠤ ᠲᠦᠷᠢᠮ ᠤᠨ ᠰᠢᠰᠲ᠋ᠧᠮ ᠢ ᠨᠡᠩ ᠪᠦᠷᠢᠨ ᠲᠡᠬᠦᠯᠳᠡᠷ ᠪᠤᠯᠭᠠᠵᠤ᠂ ᠵᠡᠮᠳᠡᠭ  ᠬᠡᠦᠭᠡᠳ ᠤᠳ   ᠲᠤ  ᠦᠨᠳᠦᠰᠦᠨ  ᠡᠷᠡᠬᠦᠯᠵᠢᠯ ᠤᠨ ᠦᠢᠯᠡᠴᠢᠯᠡᠭᠡ ᠶᠢ ᠨᠡᠶᠢᠳᠡᠮ ᠬᠦᠷᠳᠡᠭᠡᠵᠤ᠂ ᠡᠷᠡᠬᠦᠯ ᠴᠢᠬᠢᠷᠠᠭ  ᠢᠶᠠᠷ ᠦᠰᠭᠡᠨ ᠬᠦᠮᠦᠵᠢᠬᠦᠯᠵᠤ᠂ ᠪᠦᠬᠦ  ᠲᠠᠯ᠎ᠠ   ᠪᠠᠷ  ᠬᠦᠭᠵᠢᠬᠦ ᠡᠷᠭᠡ ᠠᠰᠢᠭ ᠢ ᠨᠢ ᠪᠦᠲᠦᠮᠵᠢᠲᠠᠢ ᠪᠠᠲᠤᠯᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号