ᠪᠦᠬᠦ ᠴᠡᠷᠢᠭ ᠤᠨ ᠬᠢᠨ ᠠᠩᠬ᠎ᠠ ᠤᠳᠠᠭ᠎ᠠ ᠨᠡᠶᠢᠭᠡᠮ ᠨᠡᠶᠢᠳᠡ ᠠᠴᠠ ᠢᠯᠡ ᠪᠠᠷ  ᠪᠢᠴᠢᠭ ᠤᠨ ᠲᠤᠰᠢᠶᠠᠯᠳᠠᠨ ᠡᠯᠰᠡᠬᠦ ᠪᠠᠷ ᠪᠤᠢ
ᠨᠡᠶᠢᠲᠡᠯᠡᠭᠰᠡᠨ ᠴᠠᠭ᠄
2018/7/12
     7 ᠰᠠᠷ᠎ᠠ ᠶᠢᠨ 12 ᠤᠨ ᠡᠳᠤᠷ ᠠᠴᠠ ᠡᠬᠢᠯᠡᠨ ᠰᠦᠯᠵᠢᠶᠡᠨ ᠲᠡᠭᠡᠷ᠎ᠡ  ᠨᠡᠷ᠎ᠡ ᠮᠡᠳᠡᠬᠦᠯᠵᠤ ᠪᠤᠯᠤᠨ᠎ᠠ      ᠠᠷᠠᠳ ᠤᠨ ᠡᠳᠤᠷ ᠤᠨ ᠰᠤᠨᠢᠨ ᠤ ᠪᠡᠭᠡᠵᠢᠩ ᠤᠨ 7 ᠰᠠᠷ᠎ᠠ ᠶᠢᠨ 10 ᠤ ᠡᠳᠤᠷ   ᠤᠨ  ᠮᠡᠳᠡᠭᠡ  ︵ ᠨᠢ  ᠭᠤᠸᠠᠩ ᠾᠦᠢ᠂ ᠵᠠᠨ ᠮᠢᠨ ᠶᠤᠸᠠᠢ︶ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠤᠳᠤᠭᠡᠷ  ᠶᠡᠭᠡ  ᠬᠤᠷᠠᠯ   ᠤᠨ  ᠵᠤᠷᠢᠭ  ᠰᠠᠨᠠᠭ᠎ᠠ   ᠶᠢ  ᠬᠥᠨᠵᠡᠭᠡᠢ ᠲᠤᠤᠱᠯᠠᠭᠤᠯᠵᠤ᠂ ᠰᠢ ᠶᠢᠨ ᠫᠢᠩ ᠤᠨ ᠴᠡᠷᠢᠭ ᠢ ᠬᠥᠴᠤᠷᠭᠡᠭᠵᠢᠬᠦᠯᠬᠦ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠡᠶᠢᠭᠡᠮ  ᠨᠡᠶᠢᠳᠡ   ᠠᠴᠠ  ᠰᠢᠯᠢᠳᠡᠭ  ᠴᠢᠳᠠᠪᠤᠷᠢᠳᠠᠨ  ᠤᠷᠢᠵᠤ  ᠴᠡᠷᠢᠭ  ᠠᠩᠬᠢ   ᠶᠢᠨ  ᠪᠦᠳᠤᠭᠡᠨ  ᠪᠠᠶᠢᠭᠤᠯᠤᠯᠳᠡ   ᠳᠤ ᠦᠢᠯᠡᠴᠢᠯᠡᠬᠦᠯᠬᠦ ᠶᠢᠨ ᠲᠦᠯᠤᠭᠡ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠠᠷ  ᠵᠦᠪᠰᠢᠶᠡᠷᠡᠬᠦᠯᠤᠭᠡᠳ᠂  ᠲᠦᠪ   ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠤ ᠶᠢᠨ ᠠᠵᠢᠯ ᠤᠨ ᠬᠡᠯᠳᠡᠰ   ᠤᠨ   ᠬᠢᠨ  ᠦᠢᠷ᠎ᠠ   ᠳᠤ  ᠤᠯᠤᠰ   ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠦᠭᠡᠷᠡᠴᠢᠯᠠᠯᠳᠠ ᠶᠢ ᠬᠥᠨᠵᠡᠭᠡᠶᠢᠷᠡᠬᠦᠯᠦᠭᠰᠡᠨ ᠠᠴᠠ  ᠨᠠᠰᠢᠬᠢ  ᠪᠦᠬᠦ  ᠴᠡᠷᠢᠭ ᠤᠨ ᠬᠢᠨ ᠤ ᠠᠩᠬ᠎ᠠ  ᠤᠳᠠᠭ᠎ᠠ  ᠨᠡᠶᠢᠭᠡᠮ  ᠨᠡᠶᠢᠳᠡ   ᠠᠴᠠ  ᠢᠯᠡ   ᠪᠠᠷ  ᠪᠢᠴᠢᠭ   ᠤᠨ  ᠲᠤᠰᠢᠶᠠᠯᠳᠠᠨ  ᠡᠯᠰᠡᠬᠦ  ᠠᠵᠢᠯ   ᠢ ᠪᠠᠶᠢᠷᠢᠰᠢᠭᠤᠯᠤᠨ ᠦᠷᠨᠢᠬᠦᠯᠪᠠ᠃              ᠲᠤᠰ ᠤᠳᠠᠭ᠎ᠠ ᠶᠢᠨ ᠢᠯᠡ ᠪᠠᠷ ᠡᠯᠰᠡᠬᠦ ᠶᠠᠪᠤᠳᠠᠯ ᠨᠢ ᠪᠢᠴᠢᠭ ᠤᠨ ᠲᠤᠰᠢᠶᠠᠯᠳᠠᠨ ᠤ ᠲᠦᠷᠢᠮ ᠢ ᠲᠠᠬᠢᠵᠤ ᠱᠤᠭᠤᠵᠤ ᠪᠦᠳᠤᠭᠡᠬᠦ ᠰᠢᠨ᠎ᠠ ᠤᠨᠴᠠᠯᠢᠭ ᠱᠠᠭᠠᠷᠳᠠᠯᠭ᠎ᠠ ᠲᠠᠢ ᠢᠳᠡᠪᠬᠢᠳᠠᠢ ᠵᠤᠬᠢᠴᠠᠨ᠂ ᠰᠢᠨ᠎ᠠ ᠪᠠᠷ ᠵᠠᠰᠠᠵᠤ ᠲᠤᠬᠳᠠᠭᠠᠭᠰᠠᠨ 《ᠲᠤᠮᠳᠠᠳᠤ ᠤᠯᠤᠰ ᠤᠨ ᠠᠷᠠᠳ ᠤᠨ ᠴᠢᠯᠤᠭᠡᠯᠡᠬᠦ ᠴᠡᠷᠢᠭ ᠤᠨ ᠪᠢᠴᠢᠭ ᠤᠨ ᠲᠤᠰᠢᠶᠠᠯᠳᠠᠨ ᠤ ᠲᠦᠷᠢᠮ》 ᠵᠢᠴᠢ ᠢᠵᠢ ᠪᠦᠷᠢᠳᠤᠬᠦᠯᠦᠭᠰᠡᠨ ᠲᠦᠷᠤ ᠶᠢᠨ ᠪᠤᠳᠤᠯᠭ᠎ᠠ ᠪᠠᠷ ᠦᠨᠳᠤᠰᠤᠯᠡᠯ ᠪᠤᠯᠭᠠᠵᠤ᠂ ᠬᠡᠷᠡᠭᠴᠡᠭᠡ  ᠪᠠᠷ ᠬᠥᠳᠡᠯᠭᠡᠬᠦᠷ  ᠪᠤᠯᠭᠠᠬᠤ   ᠶᠢ  ᠪᠠᠷᠢᠮᠳᠠᠯᠠᠨ᠂  ᠴᠡᠷᠢᠭ ᠠᠩᠬᠢ ᠶᠢᠨ ᠪᠠᠴᠢᠮ ᠬᠡᠷᠡᠭᠴᠡᠭᠡ ᠳᠤ ᠦᠢᠯᠡᠴᠢᠯᠡᠬᠦᠯᠵᠤ᠂ ᠭᠤᠤᠯᠳᠠᠭᠤ ᠨᠢᠭᠡ  ᠪᠦᠯᠦᠭ  ᠭᠤᠤᠯ  ᠲᠤᠯᠭᠠᠭᠤᠷᠢᠯᠠᠬᠤ  ᠲᠤᠰᠬᠠᠢ ᠮᠡᠷᠭᠡᠵᠢᠯ ᠤᠨ ᠲᠠᠯ᠎ᠠ ᠶᠢᠨ᠂ ᠭᠤᠤᠯᠳᠠᠯᠭ᠎ᠠ ᠲᠠᠢ ᠵᠠᠩᠬᠢᠯᠠᠭ᠎ᠠ ᠶᠢᠨ ᠠᠵᠢᠯ ᠤᠨ ᠪᠠᠶᠢᠷᠢ   ᠶᠢᠨ  ᠪᠢᠴᠢᠭ   ᠤᠨ  ᠲᠤᠰᠢᠶᠠᠯᠳᠠᠨ   ᠢ ᠡᠯᠰᠡᠨ᠎ᠠ︔ ᠪᠠᠷᠢᠮᠵᠢᠶ᠎ᠠ ᠶᠠᠰᠤ  ᠴᠢᠨᠠᠷ   ᠢ  ᠲᠡᠭᠡᠭᠰᠢᠯᠡᠬᠦᠯᠤᠨ᠂  ᠴᠢᠨᠠᠷ  ᠰᠠᠶᠢᠳᠠᠢ  ᠴᠢᠳᠠᠪᠤᠷᠢᠳᠠᠨ   ᠤ  ᠡᠬᠢ  ᠪᠠᠶᠠᠯᠢᠭ   ᠲᠤ ᠴᠢᠭᠯᠡᠬᠦᠯᠵᠤ᠂ ᠠᠵᠢᠯ  ᠤᠨ ᠪᠠᠶᠢᠷᠢ ᠶᠢᠨ ᠱᠠᠭᠠᠷᠳᠠᠯᠭ᠎ᠠ ᠶᠢ ᠨᠠᠷᠢᠯᠢᠭ ᠵᠠᠳᠠᠯᠤᠨ᠂  ᠤᠷᠤᠬᠤ  ᠵᠦᠪᠰᠢᠶᠡᠷᠡᠯ   ᠤᠨ  ᠨᠦᠬᠦᠴᠡᠯ   ᠢ ᠨᠠᠷᠢᠨ ᠨᠢᠬᠳᠠ ᠪᠠᠶᠢᠯᠭᠠᠵᠤ᠂ ᠠᠵᠢᠯ ᠤᠨ ᠪᠠᠶᠢᠷᠢ ᠶᠢ ᠦᠨᠳᠤᠰᠤᠯᠡᠨ ᠨᠠᠷᠢᠯᠢᠭ ᠤᠨᠤᠴᠠᠳᠠᠢ ᠪᠠᠷ ᠬᠥᠮᠤᠨ ᠰᠤᠩᠭᠤᠵᠤ᠂ ᠪᠢᠴᠢᠭ ᠤᠨ ᠲᠤᠰᠢᠶᠠᠯᠳᠠᠨ ᠤ ᠡᠩᠨᠡᠭᠡ ᠶᠢᠨ ᠰᠢᠯᠢᠳᠡᠭ ᠰᠠᠶᠢᠨ ᠬᠡᠪ ᠰᠤᠷᠳᠠᠯ ᠲᠠᠢ ᠪᠠᠶᠢᠬᠤ ᠶᠢ ᠡᠬᠢ ᠡᠬᠦᠰᠤᠯ ᠠᠴᠠ  ᠨᠢ ᠪᠠᠳᠤᠯᠠᠨ᠎ᠠ︔ ᠢᠯᠡ ᠲᠤᠳᠤᠷᠬᠠᠢ ᠪᠠᠶᠢᠯᠭᠠᠵᠤ᠂ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ᠂ ᠬᠢᠷᠢ ᠭᠡᠮ   ᠤᠨ  ᠨᠦᠬᠦᠴᠡᠯ᠂  ᠰᠢᠯᠭᠠᠷᠠᠭᠤᠯᠬᠤ ᠵᠢᠷᠤᠮ᠂ ᠡᠯᠰᠡᠨ ᠬᠡᠷᠡᠭᠯᠡᠬᠦ ᠦᠷ᠎ᠡ ᠳ᠋ᠦᠩ ᠢ ᠢᠯᠠ ᠪᠤᠯᠭᠠᠬᠤ ᠶᠢ ᠪᠠᠷᠢᠮᠳᠠᠯᠠᠨ᠂ ᠡᠯᠰᠡᠨ ᠬᠡᠷᠡᠭᠯᠡᠬᠦ ᠪᠦᠬᠦ ᠶᠠᠪᠤᠴᠠ   ᠶᠢᠨ  ᠲᠦᠪ ᠭᠤᠤᠯᠴᠢ ᠡᠷᠭᠡ ᠲᠡᠭᠰᠢ ᠪᠠᠶᠢᠬᠤ ᠶᠢ ᠦᠨᠡᠨ ᠬᠦ ᠪᠠᠳᠤᠯᠠᠵᠤ᠂ ᠴᠡᠷᠢᠭ ᠠᠩᠬᠢ  ᠶᠢᠨ ᠬᠥᠮᠤᠨ ᠰᠤᠩᠭᠤᠨ ᠬᠡᠷᠡᠭᠯᠡᠬᠦ  ᠲᠠᠯ᠎ᠠ   ᠶᠢᠨ ᠰᠠᠶᠢᠨ ᠰᠠᠶᠢᠬᠠᠨ ᠲᠦᠷᠢ ᠲᠦᠷᠬᠦ ᠶᠢ ᠪᠤᠢ ᠪᠤᠯᠭᠠᠨ᠎ᠠ᠃ ᠲᠦᠯᠤᠪᠯᠡᠭᠡ ᠶᠢᠨ ᠲᠤᠬᠢᠷᠠᠭᠤᠯᠤᠯᠳᠡ ᠶᠢ ᠦᠨᠳᠤᠰᠤᠯᠡᠪᠡᠯ᠂ 7 ᠰᠠᠷ᠎ᠠ ᠶᠢᠨ 12 ᠤᠨ ᠡᠳᠤᠷ ᠠᠴᠠ 22 ᠤᠨ ᠡᠳᠤᠷ ᠪᠤᠯᠳᠠᠯ᠎ᠠ᠂  ᠰᠢᠯᠭᠠᠯᠳᠠ   ᠳᠤ  ᠨᠡᠷ᠎ᠡ  ᠮᠡᠳᠡᠬᠦᠯᠦᠭᠴᠢ  ᠴᠡᠷᠢᠭ  ᠠᠩᠬᠢ   ᠶᠢᠨ ᠴᠢᠳᠠᠪᠤᠷᠢᠳᠠᠨ ᠤ ᠰᠦᠯᠵᠢᠶ᠎ᠡ ᠪᠠᠷ ᠲᠡᠮᠵᠢᠭᠤᠯᠤᠨ ᠨᠡᠷ᠎ᠡ ᠮᠡᠳᠡᠬᠦᠯᠵᠤ ᠪᠤᠯᠤᠨ᠎ᠠ᠂ 8 ᠰᠠᠷ᠎ᠠ ᠶᠢᠨ 26 ᠤ ᠡᠳᠤᠷ ᠪᠦᠬᠦ  ᠴᠡᠷᠢᠭ ᠠᠴᠠ ᠨᠢᠭᠡᠳᠤᠯᠳᠠᠢ ᠰᠢᠯᠭᠠᠯᠳᠠ ᠵᠤᠬᠢᠶᠠᠨ ᠪᠠᠶᠢᠭᠤᠯᠤᠨ᠎ᠠ᠃ ᠰᠢᠯᠭᠠᠬᠤ ᠠᠭᠤᠯᠭ᠎ᠠ ᠳᠤ ᠤᠯᠠᠨ ᠨᠡᠶᠢᠳᠡ ᠶᠢᠨ ᠰᠢᠯᠭᠠᠬᠤ ᠲᠦᠷᠤᠯ ᠪᠠ ᠲᠤᠰᠬᠠᠢ ᠮᠡᠷᠭᠡᠵᠢᠯ ᠤᠨ ᠰᠢᠯᠭᠠᠬᠤ ᠲᠦᠷᠤᠯ ᠪᠠᠭᠳᠠᠨ᠎ᠠ᠂ ᠡᠯ᠎ᠠ ᠰᠢᠯᠭᠠᠬᠤ ᠲᠦᠷᠤᠯ ᠤᠨ  ᠬᠡᠪᠴᠢᠶ᠎ᠡ᠂  ᠠᠭᠤᠯᠭ᠎ᠠ  ᠪᠤᠯᠤᠨ ᠪᠤᠳᠠᠳᠠᠢ ᠱᠠᠭᠠᠷᠳᠠᠯᠭ᠎ᠠ ᠶᠢ ᠨᠢᠭᠡᠨᠳᠡ ᠴᠡᠷᠢᠭ ᠠᠩᠬᠢ ᠶᠢᠨ ᠴᠢᠳᠠᠪᠤᠷᠢᠳᠠᠨ ᠤ ᠰᠦᠯᠵᠢᠶ᠎ᠡ ᠳᠤ ᠨᠡᠶᠢᠳᠡᠯᠡᠭᠰᠡᠨ  ᠪᠠᠶᠢᠨ᠎ᠠ᠃  12 ᠰᠠᠷ᠎ᠠ ᠶᠢᠨ ᠡᠴᠤᠰ ᠠᠴᠠ ᠡᠮᠤᠨ᠎ᠠ  ᠨᠢᠭᠤᠷᠳᠠᠨ  ᠰᠢᠯᠭᠠᠯᠳᠠ  ᠪᠡᠶ᠎ᠡ   ᠶᠢᠨ  ᠪᠠᠶᠢᠴᠠᠭᠠᠯᠳᠠ᠂  ᠤᠯᠤᠰ  ᠲᠦᠷᠤ   ᠶᠢᠨ  ᠬᠢᠨᠠᠨ ᠰᠢᠯᠭᠠᠯᠳᠠ᠂ ᠶᠡᠷᠤᠩᠭᠡᠢ ᠪᠠᠶᠢᠴᠠᠭᠠᠯᠳᠠ᠂ ᠵᠠᠷᠯᠠᠨ ᠨᠡᠶᠢᠳᠡᠯᠡᠵᠤ ᠬᠢᠨᠠᠨ ᠵᠦᠪᠰᠢᠶᠡᠷᠡᠬᠦ᠂  ᠤᠷᠢᠵᠤ  ᠬᠡᠷᠡᠭᠯᠡᠬᠦ  ᠭᠡᠷ᠎ᠡ  ᠲᠤᠬᠳᠠᠬᠤ ᠵᠡᠷᠭᠡ ᠠᠵᠢᠯ ᠢ ᠲᠠᠭᠤᠰᠬᠠᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号