ᠦᠪᠡᠷᠲᠡᠭᠡᠨ ᠵᠠᠰᠠᠬᠤ ᠤᠷᠤᠨ ᠤ ᠬᠡᠰᠢᠭᠲᠡᠨ ᠬᠤᠰᠢᠭᠤᠨ ᠳᠤ ᠰᠠᠭᠤᠭ᠎ᠠ ᠠᠵᠢᠯ ᠤᠨ ᠶᠡᠷᠦᠩᠬᠡᠢ ᠠᠩᠭᠢ ᠎ ᠶᠢᠨ ᠳᠠᠷᠤᠭ᠎ᠠ ᠸᠠᠩ ᠰᠧ ᠬᠤ᠋ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠎ ᠤᠨ ᠪᠠᠲᠤᠯᠠᠭ᠎ᠠ ᠶᠢᠨ ᠲᠤᠪᠴᠢᠶᠠᠨ ᠳᠤ ᠪᠠᠶᠢᠴᠠᠭᠠᠨ ᠰᠤᠲᠤᠯᠤᠯᠲᠠ ᠬᠢᠪᠡ
ᠨᠡᠶᠢᠲᠡᠯᠡᠭᠰᠡᠨ ᠴᠠᠭ᠄
2018/7/9
     ᠤᠶᠢᠷ᠎ᠠ ᠶᠢᠨ ᠡᠲᠦᠷ᠂ ᠦᠪᠡᠷᠲᠡᠭᠡᠨ ᠵᠠᠰᠬᠤ ᠤᠷᠤᠨ ᠤ ᠬᠡᠰᠢᠭᠲᠡᠨ ᠬᠤᠰᠢᠭᠤᠨ ᠳᠤ ᠰᠠᠭᠤᠭ᠎ᠠ ᠠᠵᠢᠯ ᠤᠨ ᠶᠡᠷᠦᠩᠬᠡᠢ ᠠᠩᠭᠢ ᠶᠢᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᠰᠧ ᠬᠤ᠋ ᠶᠠᠳᠠᠭᠤ ᠎ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠵᠢᠯᠤᠭᠤᠳᠬᠤ ᠬᠡᠯᠳᠡᠰ ᠤᠨ ᠭᠡᠰᠢᠭᠦᠳ ᠢ ᠳᠠᠭᠠᠭᠤᠯᠤᠨ ᠂ ᠬᠡᠰᠢᠭᠲᠡᠨ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠳᠤ ᠬᠦᠨᠵᠡᠭᠡᠶᠢᠷᠡᠨ ᠠᠵᠢᠯ ᠤᠯᠭᠤᠯᠲᠠ ᠪᠠᠷ ᠶᠠᠳᠠᠭᠤ ᠶᠢ ᠳᠡᠳᠬᠦᠬᠦ ᠠᠵᠢᠯ ᠳᠤ ᠪᠠᠶᠢᠴᠠᠭᠠᠨ ᠰᠤᠲᠤᠯᠤᠯᠲᠠ ᠬᠢᠪᠡ᠃ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠎ ᠶᠢᠨ ᠲᠤᠪᠴᠢᠶᠠᠨ ᠤ ᠪᠠᠭ ᠤᠨ ᠪᠦᠬᠦ ᠬᠡᠰᠢᠭᠦᠨ᠂ ᠬᠤᠰᠢᠭᠤᠨ ᠤ ᠠᠵᠢᠯ ᠤᠯᠭᠤᠯᠲᠠ ᠶᠢᠨ ᠲᠤᠪᠴᠢᠶ᠎ᠠ ᠶᠢᠨ ᠭᠤᠤᠯ ᠪᠤᠯᠬᠤ ᠬᠠᠷᠢᠭᠤᠴᠠᠯᠭᠠᠳᠠᠨ ᠪᠠᠷ᠎ᠠ ᠪᠤᠯᠤᠨ ᠪᠠᠶᠢᠴᠠᠭᠠᠨ ᠰᠤᠲᠤᠯᠤᠯᠲᠠ ᠬᠢᠪᠡ᠃      ᠸᠠᠩ ᠰᠧ ᠬᠤ᠋ ᠨᠠᠷ ᠪᠤᠳᠠᠲᠠᠢ ᠭᠠᠵᠠᠷ ᠲᠤ ᠨᠢ ᠠᠵᠢᠯ ᠤᠯᠭᠤᠯᠲᠠ ᠶᠢᠨ ᠪᠠᠶᠢᠳᠠᠯ ᠢ ᠤᠶᠢᠯᠠᠭᠠᠬᠤ ᠶᠢᠨ ᠬᠠᠮᠲᠦ ᠰᠠᠭᠤᠳᠠᠯ ᠤᠨ ᠬᠤᠷᠠᠯ ᠬᠤᠷᠠᠯᠲᠤᠵᠦ᠂ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠠᠵᠢᠯ ᠢ ᠦᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠦ᠂ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠠᠵᠢᠯ ᠤᠨ ᠤᠯᠤᠭᠰᠠᠨ ᠠᠮᠵᠢᠯᠲᠠ ᠶᠢ ᠬᠦᠢᠴᠡᠳ ᠨᠤᠲᠠᠯᠠᠬᠤ ᠶᠢᠨ ᠬᠠᠮᠲᠦ᠂ ᠳᠠᠷᠠᠭ᠎ᠠ ᠠᠯᠬᠤᠮ ᠤᠨ ᠠᠵᠢᠯ ᠳᠤ ᠱᠠᠭᠠᠷᠳᠠᠯᠭ᠎ᠠ ᠪᠠ ᠰᠠᠨᠠᠭᠤᠯᠭ᠎ᠠ ᠲᠤᠷᠠᠲᠤᠭᠰᠠᠨ ᠪᠠᠶᠢᠨ᠎ᠠ᠃      ᠸᠠᠩ ᠰᠧ ᠬᠤ᠋ ᠱᠠᠭᠠᠷᠳᠠᠭᠰᠠᠨ ᠨᠢ 2018 ᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠡᠭᠦᠷᠭᠡ ᠬᠦᠨᠲᠦ ᠪᠠᠶᠢᠵᠦ᠂ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠠᠵᠢᠯ ᠨᠢ ᠦᠷᠭᠦᠯᠵᠢᠯᠡᠨ ᠠᠮᠵᠢᠯᠲᠠ ᠪᠠᠨ ᠪᠠᠳᠠᠷᠠᠭᠤᠯᠵᠦ᠂ ᠲᠤᠳᠠᠭᠳᠠᠯ ᠢᠶᠠᠨ ᠨᠦᠬᠦᠪᠦᠷᠢᠯᠡᠨ᠂ ᠠᠵᠢᠯ ᠢᠶᠠᠨ ᠰᠠᠶᠢᠲᠦᠷ ᠡᠬᠢᠯᠡᠭᠦᠯᠬᠦ ᠶᠢ ᠪᠠᠲᠤᠯᠠᠵᠦ᠂ ᠪᠦᠬᠦ ᠵᠢᠯ ᠤᠨ ᠠᠵᠢᠯ ᠢ ᠳᠠᠬᠢᠨ᠎ᠠ ᠰᠢᠨ᠎ᠡ ᠨᠢᠭᠡ ᠳᠡᠭᠳᠡᠷ ᠲᠤ ᠭᠠᠷᠭᠠᠬᠤ ᠶᠢ ᠠᠭᠢᠭᠤᠯᠬᠤ ᠬᠡᠷᠡᠭᠲᠠᠢ᠃ ᠳᠠᠷᠠᠭᠠᠴᠢ ᠶᠢᠨ ᠠᠯᠬᠤᠮ ᠳᠤ ᠲᠦᠷᠦ ᠶᠢᠨ ᠪᠤᠲᠤᠯᠭ᠎ᠠ ᠶᠢ ᠰᠠᠶᠢᠲᠦᠷ  ᠨᠠᠶᠢᠳᠠᠪᠤᠷᠢᠵᠢᠭᠤᠯᠵᠦ᠂ ᠪᠤᠯᠪᠠᠰᠦᠷᠠᠯ ᠤᠨ ᠠᠷᠭ᠎ᠠ ᠬᠡᠯᠪᠡᠷᠢ ᠶᠢ ᠠᠮᠢᠲᠦᠯᠢᠭ᠋ ᠪᠤᠯᠭᠠᠵᠦ᠂ ᠮᠡᠷᠭᠡᠵᠢᠯ ᠤᠨ ᠪᠤᠯᠪᠠᠰᠦᠷᠠᠯ ᠎ ᠢ ᠶᠡᠭᠡᠪᠡᠷ ᠦᠷᠨᠢᠭᠦᠯᠵᠦ᠂ ᠶᠠᠳᠠᠭᠤ ᠬᠦᠴᠢᠷᠲᠠᠢ ᠬᠦᠳᠡᠯᠮᠦᠷᠢ ᠬᠦᠴᠦᠨ ᠤ ᠠᠵᠢᠯ ᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠬᠦᠬᠦ ᠠᠵᠢᠯ ᠢ ᠦᠨᠡᠩᠭᠦ ᠲᠦᠯᠬᠢᠨ ᠠᠬᠢᠭᠤᠯᠬᠤ ᠬᠡᠷᠡᠭᠲᠠᠢ ᠭᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号