ᠤᠶᠢᠷ᠎ᠠ ᠶᠢᠨ ᠡᠲᠦᠷ᠂ ᠦᠪᠡᠷᠲᠡᠭᠡᠨ ᠵᠠᠰᠬᠤ ᠤᠷᠤᠨ ᠤ ᠬᠡᠰᠢᠭᠲᠡᠨ ᠬᠤᠰᠢᠭᠤᠨ ᠳᠤ ᠰᠠᠭᠤᠭ᠎ᠠ ᠠᠵᠢᠯ ᠤᠨ | ᠶᠡᠷᠦᠩᠬᠡᠢ ᠠᠩᠭᠢ ᠶᠢᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᠰᠧ ᠬᠤ᠋ ᠶᠠᠳᠠᠭᠤ | ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠵᠢᠯᠤᠭᠤᠳᠬᠤ ᠬᠡᠯᠳᠡᠰ ᠤᠨ ᠭᠡᠰᠢᠭᠦᠳ ᠢ ᠳᠠᠭᠠᠭᠤᠯᠤᠨ | ᠂ ᠬᠡᠰᠢᠭᠲᠡᠨ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ | ᠲᠤᠪᠴᠢᠶᠠᠨ ᠳᠤ ᠬᠦᠨᠵᠡᠭᠡᠶᠢᠷᠡᠨ ᠠᠵᠢᠯ ᠤᠯᠭᠤᠯᠲᠠ ᠪᠠᠷ ᠶᠠᠳᠠᠭᠤ ᠶᠢ ᠳᠡᠳᠬᠦᠬᠦ ᠠᠵᠢᠯ ᠳᠤ ᠪᠠᠶᠢᠴᠠᠭᠠᠨ | ᠰᠤᠲᠤᠯᠤᠯᠲᠠ ᠬᠢᠪᠡ᠃ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ | ᠶᠢᠨ ᠲᠤᠪᠴᠢᠶᠠᠨ ᠤ ᠪᠠᠭ ᠤᠨ ᠪᠦᠬᠦ ᠬᠡᠰᠢᠭᠦᠨ᠂ ᠬᠤᠰᠢᠭᠤᠨ ᠤ ᠠᠵᠢᠯ ᠤᠯᠭᠤᠯᠲᠠ ᠶᠢᠨ ᠲᠤᠪᠴᠢᠶ᠎ᠠ ᠶᠢᠨ ᠭᠤᠤᠯ | ᠪᠤᠯᠬᠤ ᠬᠠᠷᠢᠭᠤᠴᠠᠯᠭᠠᠳᠠᠨ ᠪᠠᠷ᠎ᠠ ᠪᠤᠯᠤᠨ ᠪᠠᠶᠢᠴᠠᠭᠠᠨ ᠰᠤᠲᠤᠯᠤᠯᠲᠠ ᠬᠢᠪᠡ᠃ | ᠸᠠᠩ ᠰᠧ ᠬᠤ᠋ ᠨᠠᠷ ᠪᠤᠳᠠᠲᠠᠢ ᠭᠠᠵᠠᠷ ᠲᠤ ᠨᠢ ᠠᠵᠢᠯ ᠤᠯᠭᠤᠯᠲᠠ ᠶᠢᠨ ᠪᠠᠶᠢᠳᠠᠯ ᠢ ᠤᠶᠢᠯᠠᠭᠠᠬᠤ ᠶᠢᠨ | ᠬᠠᠮᠲᠦ ᠰᠠᠭᠤᠳᠠᠯ ᠤᠨ ᠬᠤᠷᠠᠯ ᠬᠤᠷᠠᠯᠲᠤᠵᠦ᠂ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ | ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠠᠵᠢᠯ ᠢ | ᠦᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠦ᠂ ᠠᠵᠢᠯ ᠤᠯᠭᠤᠯᠳᠠ ᠪᠠᠷ ᠶᠠᠳᠠᠭᠤ ᠶᠢ | ᠳᠡᠳᠬᠦᠬᠦ ᠠᠵᠢᠯ ᠤᠨ ᠤᠯᠤᠭᠰᠠᠨ ᠠᠮᠵᠢᠯᠲᠠ ᠶᠢ ᠬᠦᠢᠴᠡᠳ ᠨᠤᠲᠠᠯᠠᠬᠤ ᠶᠢᠨ ᠬᠠᠮᠲᠦ᠂ ᠳᠠᠷᠠᠭ᠎ᠠ ᠠᠯᠬᠤᠮ ᠤᠨ | ᠠᠵᠢᠯ ᠳᠤ ᠱᠠᠭᠠᠷᠳᠠᠯᠭ᠎ᠠ ᠪᠠ ᠰᠠᠨᠠᠭᠤᠯᠭ᠎ᠠ ᠲᠤᠷᠠᠲᠤᠭᠰᠠᠨ ᠪᠠᠶᠢᠨ᠎ᠠ᠃ | ᠸᠠᠩ ᠰᠧ ᠬᠤ᠋ ᠱᠠᠭᠠᠷᠳᠠᠭᠰᠠᠨ ᠨᠢ 2018 ᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠲᠤᠯᠬᠤ ᠠᠵᠢᠯ ᠤᠨ ᠡᠭᠦᠷᠭᠡ ᠬᠦᠨᠲᠦ ᠪᠠᠶᠢᠵᠦ᠂ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠠᠵᠢᠯ ᠨᠢ | ᠦᠷᠭᠦᠯᠵᠢᠯᠡᠨ ᠠᠮᠵᠢᠯᠲᠠ ᠪᠠᠨ ᠪᠠᠳᠠᠷᠠᠭᠤᠯᠵᠦ᠂ ᠲᠤᠳᠠᠭᠳᠠᠯ ᠢᠶᠠᠨ ᠨᠦᠬᠦᠪᠦᠷᠢᠯᠡᠨ᠂ ᠠᠵᠢᠯ ᠢᠶᠠᠨ ᠰᠠᠶᠢᠲᠦᠷ | ᠡᠬᠢᠯᠡᠭᠦᠯᠬᠦ ᠶᠢ ᠪᠠᠲᠤᠯᠠᠵᠦ᠂ ᠪᠦᠬᠦ ᠵᠢᠯ ᠤᠨ ᠠᠵᠢᠯ ᠢ ᠳᠠᠬᠢᠨ᠎ᠠ ᠰᠢᠨ᠎ᠡ ᠨᠢᠭᠡ ᠳᠡᠭᠳᠡᠷ ᠲᠤ ᠭᠠᠷᠭᠠᠬᠤ ᠶᠢ | ᠠᠭᠢᠭᠤᠯᠬᠤ ᠬᠡᠷᠡᠭᠲᠠᠢ᠃ ᠳᠠᠷᠠᠭᠠᠴᠢ ᠶᠢᠨ ᠠᠯᠬᠤᠮ ᠳᠤ ᠲᠦᠷᠦ ᠶᠢᠨ ᠪᠤᠲᠤᠯᠭ᠎ᠠ ᠶᠢ ᠰᠠᠶᠢᠲᠦᠷ | ᠨᠠᠶᠢᠳᠠᠪᠤᠷᠢᠵᠢᠭᠤᠯᠵᠦ᠂ ᠪᠤᠯᠪᠠᠰᠦᠷᠠᠯ ᠤᠨ ᠠᠷᠭ᠎ᠠ ᠬᠡᠯᠪᠡᠷᠢ ᠶᠢ ᠠᠮᠢᠲᠦᠯᠢᠭ᠋ ᠪᠤᠯᠭᠠᠵᠦ᠂ ᠮᠡᠷᠭᠡᠵᠢᠯ ᠤᠨ ᠪᠤᠯᠪᠠᠰᠦᠷᠠᠯ | ᠢ ᠶᠡᠭᠡᠪᠡᠷ ᠦᠷᠨᠢᠭᠦᠯᠵᠦ᠂ ᠶᠠᠳᠠᠭᠤ ᠬᠦᠴᠢᠷᠲᠠᠢ ᠬᠦᠳᠡᠯᠮᠦᠷᠢ ᠬᠦᠴᠦᠨ ᠤ ᠠᠵᠢᠯ ᠤᠯᠬᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠬᠦᠬᠦ ᠠᠵᠢᠯ ᠢ ᠦᠨᠡᠩᠭᠦ ᠲᠦᠯᠬᠢᠨ | ᠠᠬᠢᠭᠤᠯᠬᠤ ᠬᠡᠷᠡᠭᠲᠠᠢ ᠭᠡᠪᠡ᠃ | | | | | | |