| | ︽ᠱᠠᠯᠢᠬ ᠵᠠᠪᠬᠠᠢ ᠬᠠᠤᠯᠢ ᠪᠤᠰᠤ ᠵᠦᠢᠯ︾ ᠢ ᠢᠯᠡᠴᠢᠯᠡᠨ ᠵᠠᠭᠠᠯᠳᠤᠬᠰᠠᠳ ᠢ | ᠬᠠᠮᠤᠬ ᠤᠨ ᠦᠨᠳᠦᠷ ᠲᠡᠭᠡᠨ 60 ᠲᠦᠮᠡᠨ ᠲᠦᠭᠦᠷᠢᠭ ᠢᠶᠠᠷ ᠱᠠᠩᠨᠠᠨ᠎ᠠ | ᠪᠦᠬᠦ ᠤᠯᠤᠰ ᠤᠨ ︽ᠱᠠᠯᠢᠬ ᠵᠠᠪᠬᠠᠢ ᠬᠠᠤᠯᠢ ᠪᠤᠰᠤ ᠵᠦᠢᠯ ᠳᠤ ᠴᠤᠬᠢᠯᠳᠠ ᠦᠭᠬᠦ︾ ᠠᠵᠢᠯ ᠤᠨ | ᠳᠤᠭᠤᠢᠢᠯᠠᠩ ᠤᠨ ᠠᠯᠪᠠᠨ ᠭᠡᠷ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠰᠤᠨᠢᠨ ᠮᠡᠳᠡᠭᠡ ᠭᠡᠪᠯᠡᠯ ᠤᠨ ᠵᠠᠬᠢᠷᠭ᠎ᠠ᠂ | ᠤᠯᠤᠰ ᠤᠨ ᠭᠡᠪᠯᠡᠯ ᠤᠨ ᠡᠷᠭᠡ ᠶᠢᠨ ᠳᠤᠪᠴᠢᠶ᠎ᠠ ᠬᠠᠮᠳᠤᠷᠠᠨ ︽︿ᠱᠠᠯᠢᠬ ᠵᠠᠪᠬᠠᠢ ᠬᠠᠤᠯᠢ ᠪᠤᠰᠤ ᠵᠦᠢᠯ ᠳᠤ | ᠴᠤᠬᠢᠯᠳᠠ ᠦᠭᠬᠦ﹀ ᠠᠵᠢᠯ ᠤᠨ ᠢᠯᠡᠴᠢᠯᠡᠨ ᠵᠠᠭᠠᠯᠳᠤᠬᠤ ᠶᠢ ᠱᠠᠩᠨᠠᠨ ᠵᠤᠷᠢᠬᠵᠢᠭᠤᠯᠬᠤ ᠠᠷᠭ᠎ᠠ︾ ᠳᠤ ᠵᠠᠰᠠᠪᠤᠷᠢ | ᠤᠷᠤᠭᠤᠯᠤᠨ ᠨᠡᠶᠢᠳᠡᠯᠡᠪᠡ᠃ ᠰᠢᠨ᠎ᠡ ︽ᠠᠷᠭ᠎ᠠ︾ ᠨᠢ ᠪᠦᠬᠦ ᠤᠯᠤᠰ ᠤᠨ ︽ᠱᠠᠯᠢᠬ ᠵᠠᠪᠬᠠᠢ ᠬᠠᠤᠯᠢ ᠪᠤᠰᠤ ᠵᠦᠢᠯ︾ ᠢ | ᠢᠯᠡᠴᠢᠯᠡᠨ ᠵᠠᠭᠠᠯᠳᠤᠬᠤ ᠶᠢ ᠱᠠᠩᠨᠠᠨ ᠵᠤᠷᠢᠬᠵᠢᠭᠤᠯᠬᠤ ᠬᠦᠷᠢᠶ᠎ᠡ ᠭᠡᠪᠴᠢᠶ᠎ᠡ᠂ ᠪᠠᠷᠢᠮᠵᠢᠶ᠎ᠠ᠂ ᠲᠡᠰ ᠳᠠᠷᠠᠭ᠎ᠠ ᠬᠢᠭᠡᠳ | ᠬᠢᠨᠠᠯᠳᠠ ᠳᠠᠯᠪᠢᠬᠤ ᠵᠡᠷᠭᠡ ᠠᠭᠤᠯᠭ᠎ᠠ ᠶᠢ ᠰᠢᠨ᠎ᠡ ᠪᠠᠷ ᠲᠦᠷᠢᠮᠵᠢᠬᠦᠯᠵᠦ᠂ ᠨᠠᠷᠢᠯᠢᠬᠵᠢᠭᠤᠯᠤᠨ ᠲᠡᠬᠦᠯᠳᠡᠷᠵᠢᠬᠦᠯᠪᠡ᠃ | ᠰᠢᠨ᠎ᠡ ︽ᠠᠷᠭ᠎ᠠ︾ ᠶᠢ 12 ᠰᠠᠷ᠎ᠠ ᠶᠢᠨ 1 ᠤ ᠡᠳᠦᠷ ᠠᠴᠠ ᠡᠬᠢᠯᠡᠨ ᠭᠡᠷᠡᠭᠵᠢᠬᠦᠯᠪᠡ᠃ ᠰᠢᠨ᠎ᠡ ︽ᠠᠷᠭ᠎ᠠ︾ ᠳᠤ | ︽ᠱᠠᠯᠢᠬ ᠵᠠᠪᠬᠠᠢ ᠬᠠᠤᠯᠢ ᠪᠤᠰᠤ ᠵᠦᠢᠯ︾ ᠢ ᠢᠯᠡᠴᠢᠯᠡᠨ ᠵᠠᠭᠠᠯᠳᠤᠬᠤ ᠶᠢ ᠱᠠᠩᠨᠠᠨ ᠵᠤᠷᠢᠬᠵᠢᠭᠤᠯᠬᠤ ᠬᠦᠷᠢᠶ᠎ᠡ | ᠭᠡᠪᠴᠢᠶᠡᠨ ᠤ ᠠᠷᠪᠠᠨ ᠵᠢᠷᠭᠤᠭᠠᠨ ᠵᠦᠢᠯ ᠤᠨ ᠪᠠᠶᠢᠳᠠᠯ ᠢ ᠳᠤᠳᠤᠷᠬᠠᠢᠢᠯᠠᠨ᠂ ᠰᠦᠯᠵᠢᠶᠡᠨ ᠲᠡᠭᠡᠷ᠎ᠡ ᠳᠤᠤᠷᠠᠬᠢ | ᠦᠵᠡᠯ ᠤᠬᠠᠮᠰᠠᠷ ᠤᠨ ᠠᠮᠤᠷ ᠲᠦᠪᠰᠢᠨ᠂ ᠰᠤᠶᠤᠯ ᠤᠨ ᠠᠮᠤᠷ ᠲᠦᠪᠰᠢᠨ᠂ ᠨᠠᠰᠤᠨ ᠳᠤ ᠦᠯᠦ ᠬᠦᠷᠦᠭᠰᠡᠳ ᠤᠨ | ᠪᠡᠶ᠎ᠡ ᠰᠡᠳᠬᠢᠯ ᠤᠨ ᠡᠷᠡᠬᠦᠯ ᠮᠡᠨᠳᠦ᠂ ᠰᠤᠨᠢᠨ ᠮᠡᠳᠡᠭᠡ ᠭᠡᠪᠯᠡᠯ ᠤᠨ ᠠᠵᠢᠯ ᠲᠦᠷᠦᠯ ᠤᠨ ᠡᠮᠬᠢ ᠲᠢᠭᠯᠢᠮ ᠢ | ᠬᠤᠬᠢᠷᠠᠭᠤᠯᠬᠤ ᠡᠯ᠎ᠡ ᠲᠦᠷᠦᠯ ᠤᠨ ︽ᠱᠠᠯᠢᠬ ᠵᠠᠪᠬᠠᠢ ᠬᠠᠤᠯᠢ ᠪᠤᠰᠤ ᠵᠦᠢᠯ︾ ᠤᠨ ᠠᠰᠠᠭᠤᠳᠠᠯ ᠢ ᠬᠠᠮᠤᠷᠪᠠ᠃ | ᠡᠬᠦᠨ ᠤ ᠬᠠᠮᠳᠤ᠂ ᠢᠯᠡᠴᠢᠯᠡᠨ ᠵᠠᠭᠠᠯᠳᠤᠬᠤ ᠶᠢ ᠱᠠᠩᠨᠠᠨ ᠵᠤᠷᠢᠬᠵᠢᠭᠤᠯᠬᠤ ᠨᠦᠬᠦᠴᠡᠯ ᠳᠤ ᠨᠡᠶᠢᠴᠡᠬᠦ ᠪᠡ ᠨᠡᠶᠢᠴᠡᠬᠦ | ᠦᠭᠡᠢ ᠪᠠᠶᠢᠳᠠᠯ ᠢ ᠳᠤᠳᠤᠷᠬᠠᠢᠢᠯᠠᠪᠠ᠃ | ᠰᠢᠨ᠎ᠡ ︽ᠠᠷᠭ᠎ᠠ︾ ᠳᠤ ᠪᠠᠰᠠ ᠢᠯᠡᠴᠢᠯᠡᠨ ᠵᠠᠭᠠᠯᠳᠤᠭᠰᠠᠨ ᠭᠠᠪᠢᠶ᠎ᠠ ᠲᠠᠢ ᠬᠦᠮᠦᠰ ᠢ ᠱᠠᠩᠨᠠᠨ | ᠵᠤᠷᠢᠬᠵᠢᠭᠤᠯᠬᠤ ᠪᠠᠷᠢᠮᠵᠢᠶᠠᠨ ᠤ ᠠᠷᠪᠠᠨ ᠨᠢᠭᠡᠨ ᠵᠦᠢᠯ ᠤᠨ ᠪᠠᠶᠢᠳᠠᠯ ᠢ ᠨᠠᠷᠢᠨ ᠳᠤᠭᠳᠠᠭᠠᠵᠤ᠂ ᠬᠠᠮᠢᠶ᠎ᠠ ᠪᠦᠬᠦᠢ | ᠱᠠᠩᠨᠠᠨ ᠵᠤᠷᠢᠬᠵᠢᠭᠤᠯᠬᠤ ᠪᠠᠷᠢᠮᠵᠢᠶ᠎ᠠ ᠶᠢ ᠲᠡᠭᠡᠭᠰᠢᠯᠡᠬᠦᠯᠪᠡ᠃ ᠵᠢᠱᠢᠶᠡᠯᠡᠪᠡᠯ᠂ ᠬᠠᠤᠯᠢ ᠪᠤᠰᠤ ᠭᠡᠪᠯᠡᠯ ᠤᠨ | ᠠᠵᠢᠯᠯᠠᠭ᠎ᠠ ᠶᠢ ᠢᠯᠡᠴᠢᠯᠡᠨ ᠵᠠᠭᠠᠯᠳᠤᠭᠰᠠᠳ ᠲᠤ ᠬᠠᠮᠤᠬ ᠤᠨ ᠦᠨᠳᠦᠷ ᠲᠡᠭᠡᠨ 60 ᠲᠦᠮᠡᠨ ᠲᠦᠭᠦᠷᠢᠭ ᠢᠶᠠᠷ | ᠱᠠᠩᠨᠠᠨ᠎ᠠ︔ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠬᠦᠯ ᠮᠡᠨᠳᠦ ᠶᠢ ᠬᠤᠬᠢᠷᠠᠭᠤᠯᠤᠭᠰᠠᠨ᠂ | ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠢ ᠬᠤᠬᠢᠷᠠᠭᠤᠯᠤᠭᠰᠠᠨ ᠰᠦᠯᠵᠢᠶᠡᠨ ᠲᠡᠭᠡᠷᠡᠬᠢ ᠮᠡᠳᠡᠭᠡ ᠵᠠᠩᠬᠢ ᠪᠠ | ᠰᠦᠯᠵᠢᠶᠡᠨ ᠤ ᠭᠡᠷᠡᠭᠯᠡᠭᠡᠨ ᠤ ᠵᠦᠭᠡᠯᠡᠨ ᠳᠤᠨᠤᠭ ᠢ ᠢᠯᠡᠴᠢᠯᠡᠨ ᠵᠠᠭᠠᠯᠳᠤᠭᠰᠠᠳ ᠲᠤ ᠬᠠᠮᠤᠬ ᠤᠨ ᠦᠨᠳᠦᠷ ᠲᠡᠭᠡᠨ | 5 ᠲᠦᠮᠡᠨ ᠲᠦᠭᠦᠷᠢᠭ ᠢᠶᠠᠷ ᠱᠠᠩᠨᠠᠨ᠎ᠠ ᠬᠡᠵᠣ ᠲᠣᠭᠳᠠᠭᠠᠪᠠ᠃ | ᠠᠶᠤᠯ ᠲᠠᠢ ᠪᠤᠳᠠᠰ ᠢ ᠲᠡᠭᠡᠭᠡᠪᠦᠷᠢᠯᠡᠬᠦ ᠲᠦᠷᠢᠮ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤᠢᠢᠷ᠎ᠠ ᠳᠤ ︽ᠠᠶᠤᠯᠳᠠᠢ ᠪᠤᠳᠠᠰ ᠢ ᠲᠡᠮᠦᠷ ᠵᠠᠮ ᠢᠶᠠᠷ | ᠲᠡᠭᠡᠭᠡᠪᠦᠷᠢᠯᠡᠬᠦ ᠲᠦᠷᠢᠮ︾ ᠢ ᠨᠡᠶᠢᠳᠡᠯᠡᠪᠠ᠃ ᠳᠤᠰ ᠲᠦᠷᠢᠮ ᠢ 2018 ᠤᠨ ᠤ 12 ᠰᠠᠷ᠎ᠠ ᠶᠢᠨ 1 ᠤ | ᠡᠳᠦᠷ ᠠᠴᠠ ᠡᠬᠢᠯᠡᠨ ᠭᠡᠷᠡᠭᠵᠢᠬᠦᠯᠪᠡ᠃ 2018 ᠤᠨ ᠤ ᠰᠢᠨ᠎ᠡ ︽ᠲᠦᠷᠢᠮ︾ ᠢ 2004 ᠤᠨ ᠤ ᠬᠢ ᠲᠠᠢ | ᠬᠠᠷᠢᠴᠠᠭᠤᠯᠪᠠᠯ ᠠᠮᠤᠷ ᠲᠦᠪᠰᠢᠨ ᠤ ᠬᠠᠮᠢᠶᠠᠷᠤᠯᠳᠠ ᠶᠢᠨ ᠳᠠᠯ᠎ᠠ ᠪᠠᠷ ᠨᠡᠩ ᠪᠠᠷᠢᠮᠵᠢᠶᠠᠵᠢᠭᠤᠯᠵᠤ᠂ ᠲᠦᠷᠢᠮᠵᠢᠬᠦᠯᠵᠦ᠂ | ᠰᠢᠰᠲ᠋ᠧᠮᠵᠢᠬᠦᠯᠵᠡᠢ᠃ | ᠰᠢᠨ᠎ᠡ ︽ᠲᠦᠷᠢᠮ︾ ᠨᠢ ᠠᠶᠤᠯ ᠲᠠᠢ ᠪᠤᠳᠠᠰ ᠤᠨ ᠡᠩ ᠤᠨ ᠱᠠᠭᠠᠷᠳᠠᠯᠭ᠎ᠠ᠂ ᠲᠡᠭᠡᠭᠡᠪᠦᠷᠢᠯᠡᠬᠦ ᠳᠤ | ᠭᠡᠯᠳᠦᠷᠢᠬᠦᠯᠬᠦ᠂ ᠤᠯᠠᠨ ᠵᠠᠬᠪᠤᠷ ᠢᠶᠠᠷ ᠬᠤᠯᠪᠤᠭᠠᠯᠠᠨ ᠲᠡᠭᠡᠭᠡᠪᠦᠷᠢᠯᠡᠬᠦ᠂ ᠠᠵᠢᠯᠳᠠᠨ ᠢ ᠪᠤᠯᠪᠠᠰᠤᠷᠠᠭᠤᠯᠬᠤ᠂ ᠠᠶᠤᠯ ᠲᠠᠢ | ᠪᠤᠳᠠᠰ ᠢ ᠲᠦᠷᠦᠯ ᠬᠤᠪᠢᠶᠠᠬᠤ᠂ ᠪᠠᠭᠯᠠᠬᠤ᠂ ᠱᠤᠰᠢᠭ᠎ᠠ ᠨᠠᠭᠠᠬᠤ᠂ ᠨᠠᠶᠢᠳᠠᠨ ᠲᠡᠭᠡᠭᠡᠪᠦᠷᠢᠯᠡᠬᠦᠯᠬᠦ ᠲᠡᠰ ᠳᠠᠷᠠᠭ᠎ᠠ᠂ | ᠲᠡᠭᠡᠭᠡᠪᠦᠷᠢᠯᠡᠬᠦ ᠱᠠᠭᠠᠷᠳᠠᠯᠭ᠎ᠠ᠂ ᠲᠡᠭᠡᠭᠡᠵᠦ ᠪᠠᠭᠤᠯᠭᠠᠬᠤ ᠱᠠᠭᠠᠷᠳᠠᠯᠭ᠎ᠠ᠂ ᠵᠠᠳᠠᠭᠠᠢ ᠪᠠ ᠰᠠᠪᠠᠯᠠᠨ ᠲᠡᠭᠡᠭᠡᠪᠦᠷᠢᠯᠡᠵᠦ | ᠪᠠᠭᠤᠯᠭᠠᠬᠤ ᠨᠦᠬᠦᠴᠡᠯ ᠵᠢᠴᠢ ᠠᠵᠢᠯ ᠤᠨ ᠱᠠᠭᠠᠷᠳᠠᠯᠭ᠎ᠠ ᠬᠦᠷᠲᠡᠯ᠎ᠡ ᠳᠤᠳᠤᠷᠬᠠᠢ ᠳᠤᠭᠳᠠᠭᠠᠯ ᠳᠤᠭᠳᠠᠭᠠᠪᠠ᠃ | ︽ᠲᠦᠷᠢᠮ︾ ᠳᠤ ᠠᠶᠤᠯ ᠲᠠᠢ ᠪᠤᠳᠠᠰ ᠢ ᠲᠡᠭᠡᠭᠡᠪᠦᠷᠢᠯᠡᠬᠦ ᠨᠦᠬᠦᠴᠡᠯ ᠠᠴᠠ ᠭᠡᠯᠳᠦᠷᠢᠬᠦᠯᠬᠦ᠂ ᠤᠯᠠᠨ ᠤᠯᠤᠰ ᠤᠨ | ᠤᠯᠠᠨ ᠵᠠᠬᠪᠤᠷ ᠢᠶᠠᠷ ᠬᠤᠯᠪᠤᠭᠠᠯᠠᠨ ᠲᠡᠭᠡᠭᠡᠪᠦᠷᠢᠯᠡᠬᠦ ᠲᠠᠢ ᠬᠤᠯᠪᠤᠭ᠎ᠠ ᠲᠠᠢ ᠱᠠᠭᠠᠷᠳᠠᠯᠭ᠎ᠠ ᠶᠢ ᠨᠡᠮᠡᠵᠦ᠂ ᠠᠵᠢᠯᠳᠠᠨ ᠢ | ᠪᠤᠯᠪᠠᠰᠤᠷᠠᠭᠤᠯᠬᠤ ᠱᠠᠭᠠᠷᠳᠠᠯᠭ᠎ᠠ ᠶᠢ ᠲᠡᠬᠦᠯᠳᠡᠷᠵᠢᠬᠦᠯᠦᠨ᠂ ᠡᠯ᠎ᠡ ᠤᠷᠤᠯᠴᠠᠭᠴᠢ ᠶᠢᠨ ᠡᠬᠦᠷᠭᠡ ᠬᠠᠷᠢᠭᠤᠴᠠᠯᠭ᠎ᠠ ᠶᠢ | ᠨᠠᠷᠢᠯᠢᠬᠵᠢᠭᠤᠯᠪᠠ᠃ | ᠤᠯᠠᠨ ᠤᠯᠤᠰ ᠤᠨ ᠤᠯᠠᠨ ᠵᠠᠬᠪᠤᠷ ᠢᠶᠠᠷ ᠬᠤᠯᠪᠤᠭᠠᠯᠠᠨ ᠲᠡᠭᠡᠭᠡᠪᠦᠷᠢᠯᠡᠬᠦ ᠳᠠᠯ᠎ᠠ ᠪᠠᠷ᠂ ᠭᠡᠷᠪᠡ ᠲᠡᠭᠡᠭᠡᠪᠦᠷᠢᠯᠡᠬᠦ | ᠠᠶᠤᠯ ᠲᠠᠢ ᠪᠤᠳᠠᠰ ᠤᠨ ᠪᠤᠭᠤᠯᠳᠠ᠂ ᠴᠢᠩᠬᠡᠯᠢᠭ᠂ ᠬᠤᠷᠭᠤ ᠮᠠᠶ᠋ᠢᠭ ᠤᠨ ᠴᠢᠩᠬᠡᠯᠢᠭ ᠨᠢ ︽ᠤᠯᠠᠨ ᠤᠯᠤᠰ ᠤᠨ | ᠠᠶᠤᠯ ᠲᠠᠢ ᠪᠤᠳᠠᠰ ᠢ ᠳᠠᠯᠠᠢ ᠪᠠᠷ ᠲᠡᠭᠡᠭᠡᠪᠦᠷᠢᠯᠡᠬᠦ ᠲᠦᠷᠢᠮ︾ ᠪᠤᠶᠤ ︽ᠠᠶᠤᠯ ᠲᠠᠢ ᠪᠤᠳᠠᠰ ᠢ ᠠᠭᠠᠷ ᠢᠶᠠᠷ | ᠲᠡᠭᠡᠭᠡᠪᠦᠷᠢᠯᠡᠬᠦ ᠠᠶᠤᠯᠬᠦᠢ ᠶᠢᠨ ᠮᠡᠷᠭᠡᠵᠢᠯ ᠤᠨ ᠲᠦᠷᠢᠮ︾ ᠵᠡᠷᠭᠡ ᠤᠯᠠᠨ ᠤᠯᠤᠰ ᠤᠨ ᠱᠠᠭᠠᠷᠳᠠᠯᠭ᠎ᠠ ᠳᠤ ᠨᠡᠶᠢᠴᠡᠪᠠᠯ᠂ | ᠤᠯᠠᠨ ᠤᠯᠤᠰ ᠤᠨ ᠳᠠᠯᠠᠢ ᠪᠠ ᠠᠭᠠᠷ ᠢᠶᠠᠷ ᠲᠡᠭᠡᠭᠡᠪᠦᠷᠢᠯᠡᠬᠦ ᠱᠠᠭᠠᠷᠳᠠᠯᠭ᠎ᠠ ᠶᠤᠰᠤ ᠪᠠᠷ ᠵᠠᠰᠠᠮᠠᠯ ᠵᠠᠮ ᠢᠶᠠᠷ | ᠲᠡᠭᠡᠭᠡᠪᠦᠷᠢᠯᠡᠵᠦ᠂ ᠲᠡᠷᠭᠡ ᠤᠨᠤᠭ᠎ᠠ ᠨᠢ ︽ᠲᠦᠷᠢᠮ︾ ᠤᠨ ᠱᠠᠭᠠᠷᠳᠠᠯᠭ᠎ᠠ ᠶᠤᠰᠤ ᠪᠠᠷ ᠪᠠᠮᠪᠠᠢ ᠭᠡᠯᠪᠡᠷᠢ ᠶᠢᠨ ᠫᠠᠶᠢᠰᠠ | ᠡᠯᠬᠦᠬᠦ ᠭᠡᠷᠡᠭᠳᠡᠢ᠃ ᠵᠠᠰᠠᠮᠠᠯ ᠵᠠᠮ ᠢᠶᠠᠷ ᠲᠡᠭᠡᠭᠡᠪᠦᠷᠢᠯᠡᠬᠦ ᠠᠴᠠ ᠪᠠᠨ ᠳᠠᠯᠠᠢ ᠪᠠ ᠠᠭᠠᠷ ᠢᠶᠠᠷ ᠲᠡᠭᠡᠭᠡᠪᠦᠷᠢᠯᠡᠬᠦ ᠪᠤᠯᠬᠤ | ᠦᠶᠡᠰ᠂ ᠲᠡᠭᠡᠭᠡᠪᠦᠷᠢᠯᠡᠬᠦ ᠪᠢᠴᠢᠭ ᠮᠠᠲ᠋ᠧᠷᠢᠶᠠᠯ ᠢ ᠤᠯᠠᠨ ᠤᠯᠤᠰ ᠤᠨ ᠳᠠᠯᠠᠢ ᠪᠤᠶᠤ ᠠᠭᠠᠷ ᠢᠶᠠᠷ ᠲᠡᠭᠡᠭᠡᠪᠦᠷᠢᠯᠡᠬᠦ | ᠱᠠᠭᠠᠷᠳᠠᠯᠭ᠎ᠠ ᠳᠤ ᠨᠡᠶᠢᠴᠡᠬᠦ ᠪᠢᠴᠢᠭ ᠮᠠᠲ᠋ᠧᠷᠢᠶᠠᠯ ᠪᠤᠶᠤ ᠮᠡᠳᠡᠭᠡ ᠵᠠᠩᠬᠢ ᠪᠠᠷ ᠤᠷᠤᠯᠠᠭᠤᠯᠵᠤ ᠪᠤᠯᠤᠨ᠎ᠠ᠃ | ᠠᠵᠢᠯᠳᠠᠨ ᠢ ᠪᠤᠯᠪᠠᠰᠤᠷᠠᠭᠤᠯᠬᠤ ᠳᠠᠯ᠎ᠠ ᠪᠠᠷ᠂ ᠰᠢᠨ᠎ᠡ ︽ᠲᠦᠷᠢᠮ︾ ᠳᠤ ᠠᠶᠤᠯ ᠲᠠᠢ ᠪᠤᠳᠠᠰ ᠢ ᠵᠠᠰᠠᠮᠠᠯ | ᠵᠠᠮ ᠢᠶᠠᠷ ᠲᠡᠭᠡᠭᠡᠪᠦᠷᠢᠯᠡᠬᠦ ᠠᠵᠢᠯᠳᠠᠨ ᠢ ᠪᠤᠯᠪᠠᠰᠤᠷᠠᠭᠤᠯᠬᠤ ᠱᠠᠭᠠᠷᠳᠠᠯᠭ᠎ᠠ ᠳᠤ ᠵᠠᠰᠠᠪᠤᠷᠢ ᠤᠷᠤᠭᠤᠯᠤᠭᠰᠠᠨ ᠤ | ᠬᠠᠮᠳᠤ ᠪᠠᠰᠠ ᠨᠠᠶᠢᠳᠠᠨ ᠲᠡᠭᠡᠭᠡᠪᠦᠷᠢᠯᠡᠬᠦᠯᠬᠦ ᠬᠦᠮᠦᠨ᠂ ᠪᠤᠳᠠᠰ ᠬᠤᠷᠢᠶᠠᠠ ᠠᠪᠬᠤ ᠬᠦᠮᠦᠨ᠂ ᠲᠡᠭᠡᠭᠡᠬᠦ ᠬᠦᠮᠦᠨ ᠵᠡᠷᠭᠡ | ᠤᠷᠤᠯᠴᠠᠭᠴᠢ ᠶᠢᠨ ᠠᠶᠤᠯ ᠲᠠᠢ ᠪᠤᠳᠠᠰ ᠢ ᠲᠡᠭᠡᠭᠡᠪᠦᠷᠢᠯᠡᠬᠦ ᠠᠵᠢᠯᠳᠠᠨ ᠢ ᠪᠤᠯᠪᠠᠰᠤᠷᠠᠭᠤᠯᠬᠤ ᠠᠭᠤᠯᠭ᠎ᠠ ᠵᠢᠴᠢ | ᠪᠤᠯᠪᠠᠰᠤᠷᠠᠯ ᠤᠨ ᠲᠡᠮᠳᠡᠭᠯᠡᠯ ᠬᠢᠬᠦ ᠱᠠᠭᠠᠷᠳᠠᠯᠭ᠎ᠠ ᠶᠢ ᠨᠡᠮᠡᠵᠦ᠂ ᠠᠶᠤᠯ ᠲᠠᠢ ᠪᠤᠳᠠᠰ ᠢ ᠦᠢᠯᠡᠳᠪᠦᠷᠢᠯᠡᠬᠦ ᠨᠢᠭᠡᠴᠢ᠂ | ᠲᠡᠭᠡᠭᠡᠪᠦᠷᠢᠯᠡᠬᠦ ᠨᠢᠭᠡᠴᠢ ᠵᠡᠷᠭᠡ ᠤᠷᠤᠯᠴᠠᠭᠴᠢ ᠳᠤᠰ ᠪᠡᠶ᠎ᠡ ᠶᠢᠨ ᠤᠷᠤᠯᠴᠠᠭᠰᠠᠨ ᠲᠡᠭᠡᠭᠡᠪᠦᠷᠢ ᠶᠢᠨ ᠭᠤᠭᠴᠤᠭᠠᠨ ᠤ | ᠪᠤᠳᠠᠳᠠᠢ ᠠᠵᠢᠯ ᠢ ᠪᠡᠶᠡᠯᠡᠬᠦᠯᠦᠭᠰᠡᠨ ᠬᠢᠭᠡᠳ ᠲᠡᠬᠦᠨ ᠲᠠᠢ ᠵᠤᠬᠢᠴᠠᠬᠤ ᠪᠤᠯᠪᠠᠰᠤᠷᠠᠯ ᠤᠨ ᠠᠭᠤᠯᠭ᠎ᠠ ᠪᠠᠨ | ᠦᠨᠳᠦᠰᠦᠯᠡᠨ᠂ ᠠᠶᠤᠯ ᠲᠠᠢ ᠪᠤᠳᠠᠰ ᠢ ᠠᠮᠤᠷ ᠳᠦᠪᠰᠢᠨ ᠢᠶᠠᠷ ᠲᠡᠭᠡᠭᠡᠪᠦᠷᠢᠯᠡᠬᠦ ᠶᠢ ᠪᠠᠳᠤᠯᠠᠨ᠂ ᠡᠬᠦᠨ ᠤ ᠤᠯᠠᠮ ᠠᠴᠠ | ᠬᠠᠤᠯᠢ ᠲᠦᠷᠢᠮ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠣᠨ᠎ᠠ᠃ | ᠪᠦᠬᠦ ᠤᠯᠤᠰ ᠤᠨ ᠲᠡᠮᠦᠷ ᠵᠠᠮ ᠤᠨ ᠠᠶᠠᠨᠴᠢᠨ ᠤ ᠲᠡᠭᠡᠭᠡᠪᠦᠷᠢ ︽ᠴᠡᠷᠢᠭ ᠤᠨ ᠬᠠᠤᠯᠢ ᠶᠤᠰᠤ ᠪᠠᠷ | ᠤᠷᠢᠳ ᠢᠶᠠᠷ ᠶᠠᠪᠤᠬᠤ︾ ᠶᠢ ᠪᠠᠳᠤᠯᠠᠨ᠎ᠠ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠷᠤ | ᠳᠠᠯ᠎ᠠ ᠶᠢᠨ ᠠᠵᠢᠯ ᠤᠨ ᠪᠠᠳᠤᠯᠠᠭᠠᠨ ᠤ ᠬᠡᠯᠳᠠᠰ ᠬᠠᠮᠳᠤᠷᠠᠨ ︽ᠲᠡᠮᠦᠷ ᠵᠠᠮ ᠤᠨ ᠠᠶᠠᠨᠴᠢᠨ ᠤ ᠲᠡᠭᠡᠭᠡᠪᠦᠷᠢ ᠶᠢᠨ | ᠬᠦᠷᠢᠶᠡᠨ ᠳᠤ ᠴᠡᠷᠢᠭ ᠤᠨ ᠬᠠᠤᠯᠢ ᠶᠤᠰᠤ ᠪᠠᠷ ᠤᠷᠢᠳ ᠢᠶᠠᠷ ᠶᠠᠪᠤᠬᠤ ᠡᠷᠭᠡ ᠠᠰᠢᠬ ᠢ ᠪᠠᠳᠤᠯᠠᠬᠤ ᠳᠤᠬᠠᠢ ᠬᠠᠮᠢᠶ᠎ᠠ | ᠪᠦᠬᠦᠢ ᠶᠠᠪᠤᠳᠠᠯ ᠤᠨ ᠮᠡᠳᠡᠭᠳᠡᠯ︾ ᠢ ᠳᠠᠷᠤᠮᠠᠯᠯᠠᠨ ᠳᠠᠷᠬᠠᠭᠠᠵᠤ᠂ ᠪᠠᠳᠤᠯᠠᠭᠠᠨ ᠤ ᠡᠳᠡᠬᠡᠳ᠂ ᠪᠠᠳᠤᠯᠠᠭᠠᠨ ᠤ ᠠᠷᠭ᠎ᠠ | ᠭᠡᠮᠵᠢᠶ᠎ᠡ ᠪᠠ ᠠᠵᠢᠯ ᠤᠨ ᠱᠠᠭᠠᠷᠳᠠᠯᠭ᠎ᠠ ᠳᠤ ᠴᠦᠮ ᠳᠤᠳᠤᠷᠬᠠᠢ ᠳᠤᠭᠳᠠᠭᠠᠯ ᠭᠠᠷᠭᠠᠪᠠ᠂ ᠳᠤᠰ ︽ᠮᠡᠳᠡᠭᠳᠡᠯ︾ ᠢ | 2018 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠨ ᠭᠡᠷᠡᠭᠵᠢᠬᠦᠯᠵᠦ᠂ 5 ᠵᠢᠯ ᠬᠦᠴᠦᠨ ᠲᠠᠢ ᠭᠡᠵᠦ | ᠮᠡᠳᠡᠭᠳᠡᠪᠡ᠃ | ︽ᠮᠡᠳᠡᠭᠳᠡᠯ︾ ᠤᠨ ᠭᠤᠤᠯ ᠠᠭᠤᠯᠭ᠎ᠠ᠄ ︵ᠨᠢᠭᠡ︶ ᠤᠷᠢᠳ ᠢᠶᠠᠷ ᠪᠢᠯᠧᠲ ᠬᠤᠳᠠᠯᠳᠤᠨ ᠦᠭᠴᠦ᠂ ᠤᠷᠢᠳ ᠢᠶᠠᠷ | ᠠᠶᠤᠯᠬᠦᠢ ᠶᠢᠨ ᠪᠠᠶᠢᠴᠠᠭᠠᠯᠳᠠ ᠬᠢᠵᠦ᠂ ᠤᠷᠢᠳ ᠢᠶᠠᠷ ᠲᠡᠷᠭᠡᠨ ᠳᠤ ᠭᠠᠷᠭᠠᠨ᠎ᠠ᠃ ᠪᠢᠯᠧᠲ ᠬᠤᠳᠠᠯᠳᠤᠬᠤ ᠴᠤᠩᠬᠤ | ᠭᠠᠷᠭᠠᠭᠰᠠᠨ ᠠᠶᠠᠨᠴᠢᠨ ᠤ ᠮᠠᠰᠢᠨ ᠲᠡᠷᠭᠡᠨ ᠤ ᠦᠷᠲᠡᠭᠡ ᠶᠢᠨ ᠬᠢᠨ ᠴᠡᠷᠢᠭ ᠲᠤ ᠤᠷᠢᠳ ᠢᠶᠠᠷ ᠪᠢᠯᠧᠲ | ᠬᠤᠳᠠᠯᠳᠤᠬᠤ ᠴᠤᠩᠬᠤ ᠭᠠᠷᠭᠠᠬᠤ ᠭᠡᠷᠡᠭᠳᠡᠢ᠃ ᠠᠶᠠᠨᠴᠢᠨ ᠤ ᠮᠠᠰᠢᠨ ᠲᠡᠷᠭᠡᠨ ᠦᠷᠲᠡᠭᠡ ᠶᠢᠨ ᠬᠢᠨ ᠬᠦᠴᠦᠨ ᠲᠠᠢ | ᠭᠡᠷᠡᠴᠢ ᠦᠨᠡᠮᠯᠡᠯ ᠠᠪᠴᠤ ᠶᠠᠪᠤᠭ᠎ᠠ ᠴᠡᠷᠢᠭ ᠵᠢᠴᠢ ᠲᠡᠬᠦᠨ ᠤ ᠬᠠᠮᠳᠤ ᠶᠠᠪᠤᠭ᠎ᠠ ᠭᠡᠷ ᠪᠦᠯᠢ ᠳᠤ ᠤᠷᠢᠳ ᠢᠶᠠᠷ | ᠪᠢᠯᠧᠲ ᠬᠤᠳᠠᠯᠳᠤᠨ ᠦᠭᠴᠣ᠂ ᠤᠷᠢᠳ ᠢᠶᠠᠷ ᠠᠶᠤᠯᠬᠦᠢ ᠶᠢᠨ ᠪᠠᠶᠢᠴᠠᠭᠠᠯᠳᠠ ᠬᠢᠵᠦ᠂ ᠤᠷᠢᠳ ᠢᠶᠠᠷ ᠲᠡᠷᠭᠡᠨ ᠳᠤ | ᠭᠠᠷᠭᠠᠬᠤ ᠶᠢᠨ ᠬᠠᠮᠳᠤ ᠴᠡᠷᠢᠭ ᠢ ᠤᠷᠢᠳ ᠢᠶᠠᠷ ᠬᠠᠷᠠᠭᠠᠯᠵᠠᠬᠤ ᠪᠢᠯᠧᠲ ᠬᠤᠳᠠᠯᠳᠤᠬᠤ ᠴᠤᠩᠬᠤ ᠪᠠ | ᠠᠶᠤᠯᠬᠦᠢ ᠶᠢᠨ ᠪᠠᠶᠢᠴᠠᠭᠠᠯᠳᠠ ᠶᠢᠨ ᠡᠬᠦᠳᠡᠨ ᠤ ᠢᠯᠡ ᠪᠠᠶᠢᠷᠢᠨ ᠳᠤ ︽ᠴᠡᠷᠢᠭ ᠢ ᠬᠠᠤᠯᠢ ᠶᠤᠰᠤ ᠪᠠᠷ ᠤᠷᠢᠳ ᠢᠶᠠᠷ | ᠬᠠᠷᠠᠭᠠᠯᠵᠠᠨ᠎ᠠ︾ ᠭᠡᠬᠦ ᠫᠠᠶᠢᠰᠠ ᠢᠯᠡᠷᠭᠡᠶᠢᠯᠡᠯ ᠳᠠᠯᠪᠢᠵᠤ᠂ ᠦᠢᠯᠡᠴᠢᠯᠡᠭᠴᠢᠳ ᠢᠳᠡᠪᠬᠢᠳᠡᠢ ᠰᠠᠨᠠᠭᠠᠴᠢᠯᠠᠭ᠎ᠠ ᠠᠴᠠ ᠪᠠᠨ | ᠳᠠᠭᠠᠭᠤᠯᠬᠤ ᠠᠵᠢᠯ ᠢ ᠰᠠᠶᠢᠳᠤᠷ ᠬᠢᠬᠦ ᠬᠡᠷᠡᠭᠳᠠᠢ᠃ ︵ᠬᠤᠶᠠᠷ︶ ᠲᠡᠷᠭᠡ ᠬᠦᠯᠢᠶᠡᠬᠦ ᠤᠷᠴᠢᠨ ᠳᠤᠭᠤᠷᠢᠨ ᠢᠶᠠᠨ | ᠰᠢᠯᠢᠳᠡᠭᠵᠢᠬᠦᠯᠬᠦ ᠭᠡᠷᠡᠭᠳᠡᠢ᠃ ᠬᠤᠶᠠᠳᠤᠭᠠᠷ ᠲᠡᠰ ᠪᠠ ᠡᠬᠦᠨ ᠠᠴᠠ ᠲᠡᠭᠡᠭᠰᠢᠬᠢ ᠳᠠᠰ ᠤᠨ ᠠᠶᠠᠨᠴᠢᠨ ᠤ ᠮᠠᠰᠢᠨ | ᠲᠡᠷᠭᠡᠨ ᠦᠷᠲᠡᠭᠡ ᠭᠤᠤᠯᠳᠠᠯᠭ᠎ᠠ ᠲᠠᠢ ᠠᠶᠠᠨᠴᠢᠨ ᠤ ᠲᠡᠷᠭᠡ ᠬᠦᠯᠢᠶᠡᠬᠦ ᠭᠡᠷ ︵ᠳᠤᠭᠤᠷᠢᠭ︶ ᠲᠡᠭᠡᠨ ᠴᠡᠷᠢᠭ ᠲᠤ | ᠲᠡᠷᠭᠡ ᠬᠦᠯᠢᠶᠡᠬᠦ ᠦᠢᠯᠡᠴᠢᠯᠡᠭᠡ ᠬᠠᠩᠭᠠᠵᠤ᠂ ᠨᠦᠬᠦᠴᠡᠯ ᠲᠠᠢ ᠨᠢ ᠴᠡᠷᠢᠭ ᠤᠨ ᠲᠡᠷᠭᠡ ᠬᠦᠯᠢᠶᠡᠬᠦ ᠳᠠᠯᠠᠪᠤᠷ ᠢ | ᠠᠰ ᠲᠤᠨᠢ ᠳᠤᠬᠢᠷᠠᠭᠤᠯᠬᠤ ᠭᠡᠷᠡᠭᠳᠡᠢ᠃ ᠪᠤᠰᠤᠳ ᠠᠶᠠᠨᠴᠢᠨ ᠤ ᠮᠠᠰᠢᠨ ᠲᠡᠷᠭᠡᠨ ᠦᠷᠲᠡᠭᠡ ᠳᠤᠰ ᠪᠡᠶ᠎ᠡ ᠶᠢᠨ | ᠨᠦᠬᠦᠴᠡᠯ ᠢᠶᠠᠨ ᠦᠨᠳᠦᠰᠦᠯᠡᠨ ᠴᠡᠷᠢᠭ ᠲᠤ ᠲᠡᠷᠭᠡ ᠬᠦᠯᠢᠶᠡᠬᠦ ᠳᠠᠭᠠᠯᠠᠮᠵᠢᠳᠠᠢ ᠦᠢᠯᠡᠴᠢᠯᠡᠭᠡ ᠬᠠᠩᠭᠠᠬᠤ ᠶᠢ | ᠵᠤᠷᠢᠬᠵᠢᠭᠤᠯᠤᠨ᠎ᠠ᠃ ᠴᠡᠷᠢᠭ ᠤᠨ ᠲᠡᠷᠭᠡ ᠬᠦᠯᠢᠶᠡᠬᠦ ᠳᠠᠯᠠᠪᠤᠷ ᠲᠤ ᠢᠯᠡ ᠫᠠᠶᠢᠰᠠ ᠢᠯᠡᠷᠭᠡᠶᠢᠯᠡᠯ ᠳᠠᠯᠪᠢᠬᠤ ᠶᠢᠨ | ᠬᠠᠮᠳᠤ ᠠᠶᠠᠨᠴᠢᠨ ᠤ ᠮᠠᠰᠢᠨ ᠲᠡᠷᠭᠡᠨ ᠦᠷᠲᠡᠭᠡᠨ ᠤ ᠳᠤᠳᠤᠷ᠎ᠠ ᠪᠠᠨ ᠵᠢᠭᠠᠯᠳᠠ ᠲᠡᠮᠳᠡᠭ ᠳᠠᠯᠪᠢᠬᠤ ᠭᠡᠷᠡᠭᠳᠡᠢ᠃ | ︵ᠭᠤᠷᠪᠠ︶ ᠲᠦᠬᠦᠮ ᠦᠢᠯᠡᠴᠢᠯᠡᠭᠡ ᠬᠠᠩᠭᠠᠬᠤ ᠠᠷᠭ᠎ᠠ ᠪᠠᠷᠢᠯ ᠢᠶᠠᠨ ᠪᠤᠳᠠᠳᠠᠶᠢᠵᠢᠭᠤᠯᠬᠤ ᠭᠡᠷᠡᠭᠳᠡᠢ᠃ ᠠᠶᠠᠨᠴᠢᠨ ᠤ | ᠮᠠᠰᠢᠨ ᠲᠡᠷᠭᠡᠨ ᠦᠷᠲᠡᠭᠡ ᠪᠠ ᠲᠡᠮᠦᠷ ᠵᠠᠮ ᠤᠨ ᠠᠶᠠᠨᠴᠢᠨ ᠤ ᠲᠡᠭᠡᠭᠡᠪᠦᠷᠢ ᠡᠵᠡᠩᠨᠡᠭᠰᠡᠳ ᠪᠢᠯᠧᠲ ᠬᠤᠳᠠᠯᠳᠤᠬᠤ᠂ | ᠠᠶᠤᠯᠬᠦᠢ ᠶᠢᠨ ᠪᠠᠶᠢᠴᠠᠭᠠᠯᠳᠠ ᠬᠢᠬᠦ᠂ ᠲᠡᠷᠭᠡ ᠬᠦᠯᠢᠶᠡᠬᠦ᠂ ᠲᠡᠷᠭᠡᠨ ᠳᠤ ᠭᠠᠷᠬᠤ ᠵᠡᠷᠭᠡ ᠡᠯ᠎ᠡ ᠭᠤᠭᠴᠤᠭᠠᠨ ᠳᠤ | ᠬᠦᠳᠡᠯᠵᠦ ᠪᠠᠷᠢᠬᠤ ᠨᠢ ᠲᠦᠬᠦᠮ ᠦᠭᠡᠢ ᠵᠡᠮᠳᠡᠭ ᠴᠡᠷᠢᠭ ᠲᠤ ᠰᠠᠨᠠᠭᠠᠴᠢᠯᠠᠭ᠎ᠠ ᠠᠴᠠ ᠪᠠᠨ ᠬᠠᠯᠠᠭᠤᠮᠰᠤᠭ ᠰᠢᠯᠢᠳᠡᠭ | ᠦᠢᠯᠡᠴᠢᠯᠡᠭᠡ ᠬᠠᠩᠭᠠᠬᠤ ᠭᠡᠷᠡᠭᠳᠡᠢ᠃ ᠳᠤᠰᠬᠠᠢ ᠬᠦᠮᠦᠨ ᠪᠦᠬᠦ ᠶᠠᠪᠤᠴᠠ ᠳᠤ ᠬᠠᠨᠢ ᠪᠤᠯᠤᠨ ᠠᠰᠠᠷᠠᠬᠤ᠂ | ᠤᠷᠢᠳ ᠢᠶᠠᠷ ᠪᠤᠯᠵᠤᠬᠤ ᠦᠢᠯᠡᠴᠢᠯᠡᠭᠡ᠂ ᠰᠠᠳᠤᠨ ᠲᠦᠷᠦᠯ ᠢ ᠨᠢ ᠬᠠᠮᠵᠢᠨ ᠦᠷᠲᠡᠭᠡᠨ ᠳᠤ ᠤᠷᠤᠵᠤ ᠳᠤᠰᠴᠤ | ᠬᠦᠷᠭᠡᠬᠦ᠂ ᠦᠢᠯᠡᠴᠢᠯᠡᠭᠡᠨ ᠤ ᠲᠡᠷᠭᠡ᠂ ᠬᠦᠷᠳᠦᠳᠦ ᠰᠠᠨᠳᠠᠯᠢ ᠬᠠᠩᠭᠠᠬᠤ ᠵᠡᠷᠭᠡ ᠠᠷᠠᠳ ᠲᠤ ᠲᠦᠬᠦᠮ ᠦᠵᠡᠬᠦᠯᠬᠦ | ᠳᠤᠰᠠᠯᠠᠬᠤ ᠲᠦᠬᠦᠭᠡᠷᠦᠮᠵᠢ ᠬᠠᠩᠭᠠᠬᠤ ᠵᠡᠷᠭᠡ ᠠᠷᠭ᠎ᠠ ᠬᠡᠮᠵᠢᠶ᠎ᠠ ᠠᠪᠬᠤ ᠶᠢ ᠵᠤᠷᠢᠬᠵᠢᠭᠤᠯᠤᠨ᠂ ᠬᠦᠳᠡᠯᠵᠦ | ᠪᠠᠷᠢᠬᠤ ᠨᠢ ᠲᠦᠬᠦᠮ ᠦᠭᠡᠢ ᠴᠡᠷᠢᠭ ᠤᠨ ᠠᠮᠤᠷ ᠲᠦᠪᠰᠢᠨ᠂ ᠲᠦᠬᠦᠮ ᠲᠦᠳᠡ ᠪᠠᠷ ᠠᠶᠠᠯᠠᠬᠤ ᠶᠢ ᠪᠠᠳᠤᠯᠠᠬᠤ | ᠭᠡᠷᠡᠭᠳᠡᠢ᠃ | ᠬᠠᠤᠯᠢ ᠶᠤᠰᠤ ᠪᠠᠷ ᠤᠷᠢᠳ ᠢᠶᠠᠷ ᠬᠠᠷᠠᠭᠠᠯᠵᠠᠬᠤ ᠡᠳᠡᠬᠡᠳ᠄ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ᠂ ᠳᠤᠮᠳᠠᠳᠤ ᠤᠯᠤᠰ ᠤᠨ ᠠᠷᠠᠳ ᠤᠨ ᠵᠡᠪᠰᠡᠭᠳᠦ ᠴᠠᠭᠳᠠᠭᠠᠨ ᠤ ᠴᠡᠷᠢᠭ ᠠᠩᠬᠢ ᠪᠠ ᠴᠡᠷᠢᠭ ᠤᠨ | ᠰᠤᠷᠭᠠᠭᠤᠯᠢ ᠶᠢᠨ ᠰᠤᠷᠤᠭᠴᠢ ᠶᠢᠨ ᠬᠦᠴᠦᠨ ᠲᠠᠢ ᠭᠡᠷᠡᠴᠢ ᠦᠨᠡᠮᠯᠡᠯ ᠠᠪᠴᠤ ᠶᠠᠪᠤᠭ᠎ᠠ ᠴᠡᠷᠢᠭ᠂ ᠴᠡᠷᠢᠭ ᠤᠨ | ᠰᠤᠶᠤᠯ ᠤᠨ ᠠᠵᠢᠯᠳᠠᠨ᠂ ᠵᠡᠮᠳᠡᠭ ᠴᠡᠷᠢᠭ᠂ ᠴᠡᠷᠢᠭ ᠠᠩᠬᠢ ᠠᠴᠠ ᠠᠵᠢᠯ ᠠᠴᠠ ᠪᠠᠨ ᠰᠠᠯᠵᠤ ᠠᠮᠠᠷᠠᠭᠰᠠᠨ᠂ | ᠠᠵᠢᠯ ᠢᠶᠠᠨ ᠳᠠᠷᠬᠠᠯᠠᠭᠰᠠᠨ ᠺᠠᠳ᠋ᠷ ᠪᠠ ᠠᠵᠢᠯ ᠢᠶᠠᠨ ᠳᠠᠷᠬᠠᠯᠠᠭᠰᠠᠨ ᠪᠠᠶᠢᠯᠳᠤᠭᠴᠢ ᠶᠢᠨ ᠳᠠᠷᠤᠭ᠎ᠠ᠃ ᠴᠡᠷᠢᠭ ᠵᠢᠴᠢ | ᠪᠢᠴᠢᠭ ᠤᠨ ᠠᠵᠢᠯᠳᠠᠨ ᠢ ᠳᠠᠭᠠᠵᠤ ᠶᠠᠪᠤᠭ᠎ᠠ ᠭᠡᠷ ᠪᠦᠯᠢ ︵ᠵᠠᠷᠴᠢᠮ ᠲᠡᠭᠡᠷ᠎ᠡ ᠪᠠᠨ 2 ᠬᠦᠮᠦᠨ ᠠᠴᠠ ᠭᠡᠳᠦᠷᠡᠵᠦ | ᠪᠤᠯᠬᠤ ᠦᠭᠡᠢ︶ ᠴᠤᠭ ᠲᠠᠭᠠᠨ ᠶᠠᠪᠤᠵᠤ ᠪᠤᠯᠤᠨ᠎ᠠ᠂ ᠳᠤᠰ ᠬᠦᠮᠦᠨ ᠤ ᠬᠠᠷᠢᠴᠠᠭ᠎ᠠ ᠶᠢᠨ ᠳᠤᠬᠠᠢ ᠭᠡᠷᠡᠴᠢ ᠬᠠᠩᠭᠠᠬᠤ | ᠴᠢᠬᠤᠯᠠ ᠦᠭᠡᠢ᠃ | | | | |