ᠨᠠᠮ ᠤᠨ ᠲᠦᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶ᠎ᠡ ︽ᠤᠯᠤᠰ ᠤᠨ ᠬᠦᠮᠥᠨ ᠠᠮᠠ ᠶᠢᠨ ᠨᠠᠰᠤᠵᠢᠯ ᠢ ᠢᠳᠡᠪᠬᠢᠳᠡᠢ ᠠᠷᠭᠠᠴᠠᠭᠠᠬᠤ ᠲᠤᠮᠳᠠ ᠤᠷᠳᠤ ᠬᠤᠭᠤᠴᠠᠭᠠᠨ ᠤ ᠲᠦᠯᠥᠪᠵᠢᠬᠦᠯᠬᠡ︾᠎ ᠶᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2019/11/26
        ᠰᠢᠨᠬᠤᠸᠠ ᠬᠤᠷᠢᠶᠡᠨ ᠤ ᠪᠡᠭᠡᠵᠢᠩ ᠤᠨ 11 ᠰᠠᠷ᠎ᠠ ᠶᠢᠨ 21᠎ ᠤ ᠴᠠᠬᠢᠯᠭᠠᠨ ᠮᠡᠳᠡᠭᠡ ᠠᠴᠠ ᠬᠦᠮᠥᠨ ᠠᠮᠠ ᠶᠢᠨ ᠨᠠᠰᠤᠵᠢᠯ ᠢ ᠢᠳᠡᠪᠬᠢᠳᠡᠢ ᠠᠷᠭᠠᠴᠠᠭᠠᠬᠤ ᠶᠢᠨ ᠲᠦᠯᠥᠬᠡ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠶᠤᠰᠤᠭᠠᠷ᠂ ᠤᠢᠢᠷ᠎ᠡ ᠶᠢᠨ ᠡᠳᠤᠷ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ︽ᠤᠯᠤᠰ ᠤᠨ ᠬᠦᠮᠥᠨ ᠠᠮᠠ ᠶᠢᠨ ᠨᠠᠰᠤᠵᠢᠯ ᠢ ᠢᠳᠡᠪᠬᠢᠳᠡᠢ ᠠᠷᠭᠠᠴᠠᠭᠠᠬᠤ ᠲᠤᠮᠳᠠ ᠤᠷᠳᠤ ᠬᠤᠭᠤᠴᠠᠭᠠᠨ ᠤ ᠲᠦᠯᠥᠪᠵᠢᠬᠦᠯᠬᠡ︾ ︵ᠲᠤᠷᠤᠭᠰᠢ ︽ᠲᠦᠯᠥᠪᠵᠢᠬᠦᠯᠬᠡ︾ ᠬᠡᠵᠥ ᠲᠦᠬᠦᠮᠴᠢᠯᠡᠨ᠎ᠡ︶᠎ ᠶᠢ ᠲᠠᠷᠤᠮᠠᠯᠯᠠᠨ ᠲᠠᠷᠬᠠᠭᠠᠪᠠ᠃         ︽ᠲᠦᠯᠥᠪᠵᠢᠬᠦᠯᠬᠡ︾᠎ ᠳᠤ ᠤᠢᠢᠷ᠎ᠡ ᠶᠢᠨ ᠬᠤᠭᠤᠴᠠᠭ᠎ᠠ ᠠᠴᠠ 2022 ᠣᠨ ᠪᠤᠯᠳᠠᠯ᠎ᠠ᠂ ᠲᠤᠮᠳᠠ ᠬᠤᠭᠤᠴᠠᠭ᠎ᠠ ᠠᠴᠠ 2035 ᠣᠨ ᠪᠤᠯᠳᠠᠯ᠎ᠠ᠂ ᠤᠷᠳᠤ ᠬᠤᠭᠤᠴᠠᠭ᠎ᠠ ᠠᠴᠠ 2050 ᠣᠨ ᠪᠤᠯᠳᠠᠯᠠᠬᠢ ᠠᠵᠢᠯ ᠢ ᠪᠠᠶᠢᠷᠢᠯᠠᠭᠤᠯᠪᠠ᠂ ᠡᠨᠡ ᠪᠤᠯ ᠲᠤᠰ ᠵᠠᠭᠤᠨ ᠤ ᠲᠤᠮᠳᠠᠴᠢ ᠦᠶ᠎ᠡ ᠪᠤᠯᠳᠠᠯ᠎ᠠ ᠮᠠᠨ ᠤ ᠤᠯᠤᠰ ᠤᠨ ᠬᠦᠮᠥᠨ ᠠᠮᠠ ᠶᠢᠨ ᠨᠠᠰᠤᠵᠢᠯ ᠢ ᠢᠳᠡᠪᠬᠢᠳᠡᠢ ᠠᠷᠭᠠᠴᠠᠭᠠᠬᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠶᠡᠷᠤᠩᠬᠡᠶᠢᠯᠡᠭᠰᠡᠡ ᠴᠢᠨᠠᠷᠳᠠᠢ᠂ ᠵᠢᠯᠤᠭᠤᠳᠬᠤ ᠴᠢᠨᠠᠷᠳᠠᠢ ᠪᠢᠴᠢᠭ ᠮᠠᠲ᠋ᠧᠷᠢᠶᠠᠯ ᠪᠤᠯᠤᠨ᠎ᠠ᠃ ︽ᠲᠦᠯᠥᠪᠵᠢᠬᠦᠯᠬᠡ︾᠎ ᠳᠤ᠂ ᠬᠦᠮᠥᠨ ᠠᠮᠠ ᠶᠢᠨ ᠨᠠᠰᠤᠵᠢᠯ ᠪᠤᠯ ᠨᠡᠶᠢᠬᠡᠮ ᠤᠨ ᠬᠦᠭᠵᠢᠯᠳᠡ ᠶᠢᠨ ᠴᠢᠬᠤᠯᠠ ᠬᠠᠨᠳᠤᠰᠢ ᠮᠥᠨ᠂ ᠬᠦᠮᠥᠨ ᠲᠦᠷᠦᠯᠬᠢᠳᠡᠨ ᠤ ᠪᠤᠯᠪᠠᠰᠤᠨ ᠤ ᠲᠠᠪᠰᠢᠯᠳᠠ ᠶᠢᠨ ᠢᠯᠡᠷᠡᠯ ᠮᠥᠨ᠂ ᠪᠠᠰᠠ ᠴᠦ ᠬᠤᠶᠢᠰᠢᠳᠠ ᠶᠢᠨ ᠨᠡᠯᠢᠶᠡᠳ ᠤᠷᠳᠤ ᠬᠤᠭᠤᠴᠠᠭᠠᠨ ᠳᠠᠬᠢ ᠮᠠᠨ ᠤ ᠤᠯᠤᠰ ᠤᠨ ᠦᠨᠳᠦᠰᠦᠨ ᠤᠯᠤᠰ ᠤᠨ ᠪᠠᠶᠢᠳᠠᠯ ᠪᠤᠯᠤᠨ᠎ᠠ᠃ ᠬᠦᠮᠥᠨ ᠠᠮᠠ ᠶᠢᠨ ᠨᠠᠰᠤᠵᠢᠯ ᠨᠢ ᠠᠵᠥ ᠠᠬᠤᠢ ᠶᠢᠨ ᠠᠵᠢᠯᠯᠠᠭᠠᠨ ᠤ ᠪᠦᠬᠦ ᠬᠦᠷᠢᠶ᠎ᠡ᠂ ᠨᠡᠶᠢᠬᠡᠮ ᠤᠨ ᠪᠠᠶᠢᠭᠤᠯᠤᠯᠳᠠ ᠶᠢᠨ ᠡᠯ᠎ᠡ ᠭᠤᠭᠴᠤᠭ᠎ᠠ᠂ ᠨᠡᠶᠢᠬᠡᠮ ᠤᠨ ᠰᠤᠶᠤᠯ ᠤᠨ ᠡᠯ᠎ᠡ ᠲᠠᠯ᠎ᠠ ᠴᠢᠨᠠᠬᠰᠢᠯᠠᠪᠠᠯ ᠤᠯᠤᠰ ᠤᠨ ᠶᠡᠷᠤᠩᠬᠡᠶᠢᠯᠡᠭᠰᠡᠡ ᠪᠤᠳᠠᠳᠤ ᠬᠦᠴᠦᠨ ᠪᠤᠯᠤᠨ ᠤᠯᠠᠨ ᠤᠯᠤᠰ ᠤᠨ ᠦᠷᠢᠰᠦᠯᠳᠦᠬᠦ ᠬᠦᠴᠦᠨ ᠳᠤ ᠪᠦᠷ ᠠᠯᠤᠰ ᠬᠡᠳᠤ ᠶᠢᠨ ᠨᠦᠯᠥᠬᠡ ᠦᠵᠡᠬᠦᠯᠬᠦ ᠪᠤᠯᠤᠨ᠎ᠠ᠂ ᠦᠷᠢᠰᠦᠯᠳᠦᠬᠡᠨ ᠪᠤᠯᠤᠨ ᠠᠵᠠ ᠲᠤᠬᠢᠶᠠᠯ ᠵᠡᠷᠬᠡ ᠪᠠᠷ ᠤᠷᠤᠰᠢᠵᠥ ᠪᠠᠶᠢᠨ᠎ᠠ ᠬᠡᠵᠥ ᠵᠢᠭᠠᠵᠥ ᠭᠠᠷᠭᠠᠪᠠ᠃ ︽ᠲᠦᠯᠥᠪᠵᠢᠬᠦᠯᠬᠡ︾᠎ ᠳᠤ᠂ ᠬᠦᠮᠥᠨ ᠠᠮᠠ ᠶᠢᠨ ᠨᠠᠰᠤᠵᠢᠯ ᠢ ᠢᠳᠡᠪᠬᠢᠳᠡᠢ ᠠᠷᠭᠠᠴᠠᠭᠠᠬᠤ ᠪᠤᠯ ᠠᠷᠠᠳ ᠲᠦᠮᠡᠨ ᠎ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠬᠤ ᠲᠤᠳᠤᠭᠠᠳᠤ ᠱᠠᠭᠠᠷᠳᠠᠯᠭ᠎ᠠ ᠮᠥᠨ᠂ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠴᠢᠬᠤᠯᠠ ᠪᠦᠬᠦᠢ ᠪᠠᠳᠤᠯᠠᠭ᠎ᠠ ᠮᠥᠨ᠂ ᠤᠯᠤᠰ ᠤᠨ ᠠᠮᠤᠷ ᠲᠦᠪᠰᠢᠨ ᠪᠤᠯᠤᠨ ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠥ᠂ ᠠᠯᠤᠰ ᠬᠡᠳᠤ ᠶᠢ ᠬᠠᠮᠢᠶᠠᠷᠬᠤ ᠲᠦᠷᠢᠮ ᠤᠨ ᠪᠤᠷᠤ ᠲᠦᠯᠥᠪ ᠢ ᠪᠠᠶᠢᠭᠤᠯᠵᠥ᠂ ᠪᠤᠳᠠᠳᠤ ᠦᠷ᠎ᠡ ᠪᠦᠳᠦᠮᠵᠢᠳᠡᠢ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠲᠤᠭᠳᠠᠭᠠᠵᠥ᠂ ᠢᠳᠡᠪᠬᠢᠳᠡᠢ ᠠᠷᠭᠠᠴᠠᠭᠠᠬᠤ᠂ ᠬᠠᠮᠳᠤ ᠪᠠᠷ ᠪᠠᠶᠢᠭᠤᠯᠵᠥ ᠬᠠᠮᠳᠤ ᠪᠠᠷ ᠡᠳ᠋ᠯᠡᠬᠦ᠂ ᠵᠦᠢ ᠵᠤᠬᠢᠰᠳᠠᠢ ᠪᠠᠶᠢᠯᠭᠠᠬᠤ᠂ ᠰᠢᠨ᠎ᠡ ᠶᠢ ᠡᠬᠦᠳᠦᠨ ᠨᠡᠬᠡᠬᠡᠯᠳᠡ ᠬᠢᠬᠦ ᠦᠨᠳᠦᠰᠦᠨ ᠵᠠᠷᠴᠢᠮ ᠢ ᠪᠠᠷᠢᠮᠳᠠᠯᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠬᠦᠮᠥᠨ ᠠᠮᠠ ᠶᠢᠨ ᠨᠠᠰᠤᠵᠢᠯ ᠢ ᠠᠷᠭᠠᠴᠠᠭᠠᠬᠤ ᠵᠠᠮ ᠢᠢᠨᠷ ᠵᠠᠮᠨᠠᠬᠤ ᠬᠡᠷᠡᠭᠳᠡᠢ ᠬᠡᠵᠥ ᠴᠢᠬᠤᠯᠠᠴᠢᠯᠠᠪᠠ᠃
 
ᠢᠷᠡᠯᠲᠡ᠄ ᠠᠷᠠᠳ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号