︽ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ ᠲᠤᠭᠳᠠᠭᠠᠯ︾᠎ ᠤᠨ ᠲᠣᠬᠠᠢ ᠲᠣᠳᠣᠷᠬᠠᠶᠢᠯᠠᠯᠲᠠ 
ᠨᠡᠶᠢᠲᠡᠯᠡᠭᠰᠡᠨ ᠴᠠᠭ᠄
2019/11/26
        ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠨᠠᠶᠢᠳᠠᠯᠭ᠎ᠠ ᠪᠠᠷ᠂ ᠪᠢ ︽ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ ᠲᠤᠭᠳᠠᠭᠠᠯ︾᠎ ᠢ ᠲᠤᠭᠤᠷᠪᠢᠨ ᠪᠢᠴᠢᠭᠰᠡᠨ ᠪᠠᠶᠢᠳᠠᠯ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠶ᠎ᠡ᠃         ᠨᠢᠭᠡ᠂ ᠲᠣᠭᠲᠠᠭᠠᠯ ᠤᠨ ᠨᠣᠣᠷᠠᠭ ᠢ ᠲᠤᠭᠤᠷᠪᠢᠭᠰᠠᠨ ᠠᠬᠤᠶ ᠪᠠᠶᠢᠳᠠᠯ ᠪᠠ ᠪᠣᠳᠣᠯᠬᠢᠯᠠᠯ ᠪᠢᠳᠡ ᠲᠦᠷᠦᠭᠦᠬᠡᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠠᠨ ᠪᠡᠯᠭᠡᠯᠡᠪᠡ᠃ ᠰᠢᠨ᠎ᠡ ᠳᠤᠮᠳᠠᠳᠤ ᠤᠯᠤᠰ ᠤᠨ 70 ᠵᠢᠯ ᠤᠨ ᠲᠤᠷᠰᠢ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠨᠢ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠦᠨᠳᠦᠰᠦᠨ ᠪᠠᠲᠤᠯᠠᠭ᠎ᠠ ᠮᠥᠨ ᠪᠤᠯᠬᠤ ᠶᠢ ᠭᠦᠢᠴᠡᠳ ᠭᠡᠷᠡᠴᠢᠯᠡᠵᠠᠢ᠃ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠪᠠ ᠠᠯᠤᠰ ᠬᠡᠲᠦ ᠠᠴᠠ ᠡᠭᠦᠰᠴᠦ᠂ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶ᠎ᠠ ᠠᠴᠠ ᠡᠨᠡ ᠤᠳᠠᠭᠠᠨ ᠤ ᠲᠥᠪ ᠬᠤᠷᠢᠶᠠᠨ ᠤ ᠪᠥᠬᠦᠳᠡ ᠬᠤᠷᠠᠯ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠬᠤ ᠪᠠᠷ ᠲᠣᠭᠲᠠᠭᠠᠭᠰᠠᠨ ᠨᠢ ᠭᠤᠤᠯᠳᠠᠭᠤ ᠳᠣᠤᠷᠠᠬᠢ ᠬᠡᠳᠦᠨ ᠲᠠᠯ᠎ᠠ ᠠᠴᠠ ᠪᠣᠳᠣᠯᠬᠢᠯᠠᠵᠠᠶ᠃         ᠨᠢᠭᠡᠳᠦᠭᠡᠷ ᠲᠤ᠂ ᠡᠨᠡ ᠪᠣᠯ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠶᠡᠭᠡ ᠡᠭᠦᠷᠭᠡ ᠮᠥᠨ᠃ ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠮᠠᠨ ᠤ ᠨᠠᠮ ᠤᠨ ᠴᠦᠬᠦᠷᠡᠯ ᠦᠭᠡᠢ ᠬᠦᠭᠡᠭᠡᠴᠡᠯᠳᠦᠭᠰᠡᠭᠡᠷ ᠢᠷᠡᠭᠰᠡᠨ ᠠᠤᠭ᠎ᠠ ᠬᠠᠷᠠᠯᠲᠠ ᠮᠥᠨ᠃ ᠮᠠᠨ ᠤ ᠨᠠᠮ ᠪᠠᠶᠢᠭᠤᠯᠤᠭᠳᠠᠭᠰᠠᠨ ᠠᠴᠠ ᠪᠠᠨ ᠨᠠᠭᠠᠰᠢ᠂ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠥ ᠡᠭᠦᠨ ᠤ ᠲᠥ᠋ᠯᠥᠭᠡ ᠰᠢᠨᠳᠠᠷᠠᠰᠢ ᠦᠭᠡᠢ ᠲᠡᠮᠡᠴᠡᠭᠰᠡᠭᠡᠷ ᠢᠷᠡᠵᠠᠢ᠃ ᠥᠭᠡᠷᠡᠴᠢᠯᠡᠯᠲᠡ ᠨᠡᠭᠡᠭᠡᠯᠲᠡ ᠠᠯᠬᠤᠮ ᠠᠯᠬᠤᠮ ᠢᠶᠠᠷ ᠭᠦᠨᠵᠡᠭᠡᠶᠢᠷᠡᠬᠦ ᠶᠢ ᠳᠠᠭᠠᠯᠳᠤᠨ᠂ ᠮᠠᠨ ᠤ ᠨᠠᠮ ᠤᠨ ᠳᠦᠷᠢᠮ ᠤᠨ ᠪᠠᠶᠢᠭᠤᠯᠤᠯᠲᠠ ᠶᠢᠨ ᠲᠤᠬᠠᠶ ᠲᠠᠨᠢᠯᠲᠠ ᠤᠯᠠᠮ ᠠᠴᠠ ᠭᠦᠨᠵᠡᠭᠡᠶᠢᠷᠡᠪᠡ᠃ 1980 ᠣᠨ ᠳᠤ᠂ ᠳ᠋ᠧᠩ ᠰᠢᠶᠣᠤ ᠫᠢᠩ ᠨᠥᠬᠦᠷ ︽ᠰᠣᠶᠣᠯ ᠤᠨ ᠶᠡᠭᠡ ᠬᠤᠪᠢᠰᠬᠠᠯ︾᠎ ᠤᠨ ᠰᠤᠷᠭᠠᠮᠵᠢ ᠶᠢ ᠳ᠋ᠦᠩᠨᠡᠬᠦ ᠳᠡᠭᠡᠨ᠄ ︽ᠤᠳᠤᠷᠢᠳᠬᠤ ᠳᠦᠷᠢᠮ᠂ ᠵᠣᠬᠢᠶᠠᠨ ᠪᠠᠶᠢᠭᠤᠯᠤᠯᠳᠠ ᠶᠢᠨ ᠳᠦᠷᠢᠮ ᠤᠨ ᠠᠰᠠᠭᠤᠳᠠᠯ ᠪᠣᠯ ᠨᠠᠩ ᠢᠯᠡᠭᠦᠤ ᠦᠨᠳᠦᠰᠦᠨ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ᠂ ᠲᠣᠭᠲᠠᠪᠤᠷᠢᠲᠤ ᠴᠢᠨᠠᠷ ᠪᠠ ᠤᠷᠳᠤ ᠤᠳᠠᠭᠠᠨ ᠴᠢᠨᠠᠷ ᠲᠠᠢ ᠶᠤᠮ︾᠂ ︽ᠳᠦᠷᠢᠮ ᠰᠠᠶᠢᠨ ᠪᠤᠯ ᠮᠠᠭᠤ ᠬᠥᠮᠦᠨ ᠰᠠᠨᠠᠭᠠᠨ ᠳᠠᠪᠠ ᠪᠠᠷ ᠢᠶᠠᠨ ᠠᠭᠠᠰᠢᠯᠠᠵᠤ ᠴᠢᠳᠠᠬᠤ ᠦᠭᠡᠢ ᠪᠤᠯᠤᠨ᠎ᠠ᠂ ᠳᠦᠷᠢᠮ ᠮᠠᠭᠤ ᠪᠤᠯ ᠰᠠᠶᠢᠨ ᠬᠥᠮᠦᠨ ᠰᠠᠶᠢᠨ ᠶᠠᠪᠤᠳᠠᠯ ᠢ ᠭᠦᠶ᠋ᠴᠡᠳ ᠰᠠᠶᠢᠨ ᠬᠢᠵᠦ ᠴᠢᠳᠠᠬᠤ ᠦᠭᠡᠢ ᠪᠤᠯᠭᠠᠵᠤ᠂ ᠴᠢᠨᠠᠭᠰᠢᠯᠠᠪᠠᠯ ᠬᠡᠷᠡᠭ ᠶᠠᠪᠤᠳᠠᠯ ᠢ ᠮᠠᠭᠤ ᠵᠦᠭ ᠲᠤ ᠬᠦᠭᠵᠢᠭᠦᠯᠵᠦ ᠮᠡᠳᠡᠨ᠎ᠡ︾ ᠬᠡᠪᠡ᠃ 1992 ᠣᠨ ᠳᠤ᠂ ᠳ᠋ᠧᠩ ᠰᠢᠶᠣᠤ ᠫᠢᠩ ᠨᠥᠬᠦᠷ ᠡᠮᠦᠨᠡᠲᠦ ᠣᠷᠣᠨ ᠳᠤ ᠶᠠᠷᠢᠶ᠎ᠠ ᠳᠠᠯᠪᠢᠬᠤ ᠳᠠᠭᠠᠨ᠄ ︽ᠪᠠᠷᠤᠭ ᠳᠠᠬᠢᠭᠠᠳ ᠭᠤᠴᠢᠨ ᠵᠢᠯ ᠤᠨ ᠬᠤᠭᠤᠴᠠᠭ᠎ᠠ ᠬᠡᠷᠡᠭᠰᠡᠪᠡᠯ᠂ ᠪᠢᠳᠡ ᠰᠠᠶ᠋ᠢ ᠡᠯ᠎ᠡ ᠲᠠᠯ᠎ᠠ ᠳᠤ ᠨᠢᠭᠡᠨ ᠢᠵᠢ ᠨᠠᠩ ᠪᠣᠯᠪᠠᠰᠤᠷᠠᠩᠭᠤᠶ᠂ ᠨᠠᠩ ᠬᠡᠪᠰᠢᠭᠰᠡᠨ ᠳᠦᠷᠢᠮ ᠲᠠᠢ ᠪᠣᠯᠵᠤ ᠴᠢᠳᠠᠨ᠎ᠠ︾ ᠬᠡᠪᠡ᠃ ᠨᠠᠮ ᠤᠨ ᠠᠷᠪᠠᠨ ᠳᠦᠷᠪᠡᠳᠦᠬᠡᠷ ᠶᠡᠭᠡ ᠬᠤᠷᠠᠯ ᠠᠴᠠ᠄ ︽ᠶᠡᠷᠡᠬᠡᠳ ᠤᠨ ᠤ ᠦᠶ᠎ᠡ ᠳᠤ᠂ ᠪᠢᠳᠡ ᠠᠵᠤ ᠠᠬᠤᠢ ᠶᠢᠨ ᠰᠢᠨ᠎ᠠ ᠪᠠᠶᠢᠭᠤᠯᠤᠯ ᠢ ᠠᠩᠬ᠎ᠠ ᠠᠯᠬᠤᠮ ᠪᠠᠶᠢᠭᠤᠯᠵᠤ᠂ ᠴᠢᠨᠡᠬᠡᠯᠢᠭ ᠳᠦᠪᠰᠢᠨ ᠳᠤ ᠬᠦᠷᠬᠦ ᠬᠤᠶᠠᠳᠤᠭᠠᠷ ᠠᠯᠬᠤᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃ ᠲᠠᠬᠢᠭᠠᠳ ᠬᠤᠷᠢᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠪᠣᠯᠬᠤ ᠦᠶ᠎ᠡ ᠳᠤ᠂ ᠪᠢᠳᠠ ᠡᠯ᠎ᠡ ᠲᠠᠯ᠎ᠠ ᠳᠤ ᠨᠢᠬᠡᠨ ᠢᠵᠢ ᠨᠠᠩ ᠪᠣᠯᠪᠠᠰᠤᠷᠠᠩᠭᠤᠶ ᠨᠠᠩ ᠬᠡᠪᠰᠢᠭᠰᠡᠨ ᠳᠦᠷᠢᠮ ᠢ ᠪᠤᠢ ᠪᠤᠯᠭᠠᠨ᠎ᠠ︾ ᠬᠡᠵᠥ ᠳᠤᠷᠠᠳᠴᠤ ᠭᠠᠷᠭᠠᠪᠠ᠃ ᠨᠠᠮ ᠤᠨ ᠠᠷᠪᠠᠨ ᠲᠠᠪᠤᠳᠤᠭᠠᠷ ᠶᠡᠭᠡ ᠬᠤᠷᠠᠯ᠂ ᠠᠷᠪᠠᠨ ᠵᠢᠷᠭᠤᠳᠤᠭᠠᠷ ᠶᠡᠭᠡ ᠬᠤᠷᠠᠯ᠂ ᠠᠷᠪᠠᠨ ᠳᠣᠯᠣᠳᠤᠭᠠᠷ ᠶᠡᠭᠡ ᠬᠤᠷᠠᠯ ᠳᠤ ᠴᠦᠮ ᠳᠦᠷᠢᠮ ᠤᠨ ᠪᠠᠶᠢᠭᠤᠯᠤᠯᠲᠠ ᠶᠢᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃         ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠳᠦᠷᠢᠮ ᠤᠨ ᠪᠠᠶᠢᠭᠤᠯᠤᠯᠲᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠡᠷᠬᠡᠪᠰᠢ ᠨᠠᠩ ᠶᠡᠭᠡ ᠤᠯᠤᠰ ᠲᠥᠷᠦ ᠶᠢᠨ ᠰᠥᠰᠥ ᠵᠣᠷᠢᠭ ᠪᠠ ᠣᠶᠤᠨ ᠤᠬᠠᠭᠠᠨ ᠢᠶᠠᠷ ᠴᠠᠭ ᠲᠣᠬᠢᠶᠠᠯ ᠢ ᠠᠯᠳᠠᠯ ᠦᠭᠡᠢ ᠪᠠᠷ ᠴᠢᠬᠤᠯᠠ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠬᠠᠷᠰᠢᠯᠠᠵᠤ ᠪᠠᠶᠢᠭ᠎ᠠ ᠠᠯᠢᠪᠠ ᠦᠵᠡᠯ ᠰᠠᠨᠠᠭ᠎ᠠ ᠦᠢᠯᠠᠭᠠᠬᠳᠠᠬᠤᠨ ᠪᠠ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠪᠦᠷᠢᠨ ᠲᠡᠭᠦᠯᠳᠡᠷ ᠰᠢᠰᠲ᠋ᠧᠮ ᠲᠠᠢ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭ᠎ᠠ ᠪᠦᠲᠦᠮᠵᠢᠲᠡᠶ ᠳᠦᠷᠢᠮ ᠤᠨ ᠰᠢᠰᠲ᠋ᠧᠮ ᠢ ᠪᠠᠶᠢᠭᠤᠯᠵᠤ᠂ ᠡᠯ᠎ᠡ ᠲᠠᠯ᠎ᠠ ᠶᠢᠨ ᠳᠦᠷᠢᠮ ᠢ ᠨᠠᠩ ᠪᠣᠯᠪᠠᠰᠤᠷᠠᠩᠭᠤᠶ ᠨᠠᠩ ᠬᠡᠪᠰᠢᠭᠰᠡᠨ ᠳᠦᠷᠢᠮ ᠪᠤᠯᠭᠠᠬᠤ ᠬᠡᠷᠡᠭᠲᠡᠶ︾ ᠭᠡᠵᠦ ᠴᠢᠬᠤᠯᠠᠴᠢᠯᠠᠪᠠ᠃ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ︽ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ︾ ᠭᠡᠬᠦ ᠡᠨᠡ ᠬᠦ ᠴᠢᠬᠤᠯᠠ ᠶᠡᠭᠡ ᠰᠡᠳᠦᠪ ᠢ ᠠᠩᠬ᠎ᠠ ᠤᠳᠠᠭ᠎ᠠ ᠳᠤᠷᠠᠳᠤᠨ ᠭᠠᠷᠭᠠᠭᠰᠠᠨ ᠪᠥᠭᠡᠳ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠦᠭᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ︾᠎ ᠶᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠬᠠᠷᠠᠯᠲᠠ ᠪᠣᠯᠭᠠᠬᠤ ᠪᠠᠷ ᠲᠣᠭᠲᠠᠭᠠᠪᠠ᠃ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠳᠦᠯᠦᠪᠵᠢᠬᠦᠯᠬᠡ ᠶᠢᠨ ᠬᠤᠭᠤᠴᠠᠭᠠᠨ ᠳᠤ ︽ᠡᠯ᠎ᠡ ᠲᠠᠯ᠎ᠠ ᠶᠢᠨ ᠳᠦᠷᠢᠮ ᠢ ᠨᠠᠩ ᠪᠣᠯᠪᠠᠰᠤᠷᠠᠩᠭᠤᠶ ᠨᠡᠩ ᠬᠡᠪᠰᠢᠭᠰᠡᠨ ᠪᠤᠯᠭᠠᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠬᠤᠯᠠ ᠶᠡᠭᠡ ᠠᠬᠢᠴᠠ ᠲᠠᠢ ᠪᠣᠯᠭᠠᠨ᠂ ᠡᠯ᠎ᠡ ᠬᠦᠷᠢᠶᠡᠨ ᠤ ᠰᠠᠭᠤᠷᠢ ᠴᠢᠨᠠᠷᠲᠠᠶ ᠳᠦᠷᠢᠮ ᠤᠨ ᠰᠢᠰᠲ᠋ᠧᠮ ᠢ ᠦᠨᠳᠦᠰᠦᠨ ᠳᠡᠭᠡᠨ ᠪᠤᠢ ᠪᠤᠯᠭᠠᠨ᠎ᠠ︾ ᠭᠡᠵᠦ ᠤᠯᠠᠮ ᠨᠢᠭᠡ ᠠᠯᠬᠤᠮ ᠴᠢᠬᠤᠯᠠᠴᠢᠯᠠᠪᠠ᠃         ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠨᠡᠶᠢᠭᠡᠮ ᠵᠢᠷᠦᠮᠳᠦ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠬᠡᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠳᠠ ᠬᠢᠪᠡ᠂ ᠡᠭᠦᠨ ᠳᠤ ᠳᠦᠷᠢᠮ ᠤᠨ ᠪᠠᠶᠢᠭᠤᠯᠤᠯᠲᠠ ᠪᠣᠯᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠬᠠᠷᠠᠯᠲᠠ ᠪᠣᠯ᠄ 2035 ᠣᠨ ᠪᠣᠯᠬᠤ ᠳᠤ᠂ ︽ᠡᠯ᠎ᠡ ᠲᠠᠯ᠎ᠠ ᠶᠢᠨ ᠳᠦᠷᠢᠮ ᠨᠠᠩ ᠲᠡᠭᠦᠯᠳᠡᠷᠵᠢᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︾︔ ᠳᠤᠰ ᠵᠠᠭᠤᠨ ᠤ ᠳᠤᠮᠳᠠᠴᠢ ᠪᠣᠯᠬᠤ ᠳᠤ᠂ ︽ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠦᠨ᠎ᠡ︾᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠠᠴᠠ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠪᠤᠯᠤᠨ ᠨᠠᠮ ᠪᠠ ᠲᠥᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠣᠰ ᠲᠣᠰ ᠪᠠᠶᠢᠷᠢᠯᠠᠭᠤᠯᠤᠯᠲᠠ ᠬᠢᠵᠤ᠂ ᠳᠦᠷᠢᠮ ᠤᠨ ᠪᠠᠶᠢᠭᠤᠯᠤᠯᠲᠠ ᠪᠣᠯᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠴᠢᠬᠤᠯᠠ ᠶᠡᠭᠡ ᠠᠯᠬᠤᠮ ᠢ ᠠᠯᠬᠤᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ᠄ ︽ᠮᠠᠨ ᠤ ᠨᠠᠮ ᠠᠷᠠᠳ ᠲᠦᠮᠡᠨ ᠢ ᠨᠠᠩ ᠰᠠᠶᠢᠲᠤᠷ ᠤᠳᠤᠷᠢᠳᠤᠨ ᠳᠠᠭᠠᠭᠤᠯᠵᠤ ᠠᠭᠤᠤ ᠶᠡᠭᠡ ᠲᠡᠮᠡᠴᠡᠯ ᠬᠢᠵᠤ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠵᠤ᠂ ᠠᠭᠤᠤ ᠶᠡᠭᠡ ᠦᠶ᠋ᠯᠡᠰ ᠢ ᠠᠬᠢᠭᠤᠯᠵᠤ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠳᠤ ᠡᠷᠬᠡᠪᠰᠢ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠵᠤ᠂ ᠨᠠᠩ ᠪᠣᠯᠪᠠᠰᠤᠷᠠᠩᠭᠤᠶ ᠨᠠᠩ ᠬᠡᠪᠰᠢᠭᠰᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠡᠨᠡ ᠪᠣᠯ ᠮᠠᠨ ᠤ ᠨᠠᠮ ᠤᠨ ᠡᠮᠦᠨ᠎ᠡ ᠲᠠᠯᠪᠢᠭᠳᠠᠵᠤ ᠪᠠᠢᠶ᠋ᠭ᠎ᠠ ᠴᠢᠬᠤᠯᠠ ᠶᠡᠭᠡ ᠡᠭᠦᠷᠭᠡ ᠮᠥᠨ︾ ᠬᠡᠵᠥ ᠵᠢᠭᠠᠵᠥ ᠭᠠᠷᠭᠠᠪᠠ᠃ ᠤᠳᠤᠬᠠᠨ ᠳᠤ᠂ ᠮᠠᠨ ᠤ ᠨᠠᠮ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤᠬᠠᠢ ᠰᠢᠰᠲ᠋ᠧᠮ ᠲᠠᠢ ᠳ᠋ᠦᠩᠨᠡᠯᠲᠡ ᠬᠢᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠲᠡᠭᠦᠯᠳᠡᠷᠵᠢᠭᠦᠯᠦᠨ ᠬᠥᠭᠵᠢᠬᠦᠯᠬᠦ ᠤᠷᠤᠭᠰᠢᠯᠠᠯᠲᠠ ᠶᠢᠨ ᠴᠢᠭᠯᠡᠯ ᠪᠠ ᠠᠵᠢᠯ ᠤᠨ ᠱᠠᠭᠠᠷᠳᠠᠯᠭ᠎ᠠ ᠶᠢ ᠳᠤᠷᠠᠳᠤᠨ ᠭᠠᠷᠭᠠᠬᠤ ᠴᠢᠬᠤᠯᠠᠲᠠᠶ ᠪᠠᠶᠢᠨ᠎ᠠ᠃         ᠬᠤᠶᠠᠳᠤᠭᠠᠷ ᠲᠤ᠂ ᠡᠨᠡ ᠪᠣᠯ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠲᠦᠯᠬᠢᠨ ᠠᠬᠢᠭᠤᠯᠬᠤ ᠦᠨᠳᠦᠰᠦᠨ ᠱᠠᠭᠠᠷᠳᠠᠯᠭ᠎ᠠ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠶ ᠵᠢᠯ ᠤᠨ ᠶᠠᠪᠤᠴᠠ ᠳᠤ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯ ᠴᠠᠭ ᠦᠶ᠎ᠡ ᠶᠢ ᠵᠠᠭᠠᠭᠯᠠᠬᠰᠠᠨ ᠠᠴᠢ ᠬᠤᠯᠪᠤᠭᠳᠠᠯ ᠲᠠᠢ ᠪᠠᠶᠢᠵᠥ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠦᠮ ᠤᠨ ᠤᠳᠤᠬᠢᠴᠢᠯᠡᠬᠤ ᠪᠦᠲᠦᠭᠡᠨ ᠪᠠᠶᠢᠭᠤᠯᠤᠯᠲᠠ ᠶᠢᠨ ᠲᠡᠤᠬᠡ ᠶᠢᠨ ᠰᠢᠨ᠎ᠡ ᠴᠠᠭ ᠦᠶ᠎ᠡ ᠶᠢ ᠨᠡᠭᠡᠭᠡᠵᠡᠢ︔ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠴᠤ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠤᠭᠳᠠᠯ ᠲᠠᠢ ᠪᠠᠶᠢᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠲᠥᠯᠥᠪᠵᠢᠭᠦᠯᠦᠨ ᠠᠬᠢᠭᠤᠯᠬᠤ ᠰᠢᠨ᠎ᠡ ᠴᠠᠭ ᠦᠶ᠎ᠡ ᠶᠢ ᠨᠡᠭᠡᠭᠡᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠳᠠᠯ ᠢ ᠡᠭᠦᠳᠴᠡᠶ᠃ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ 336 ᠵᠦᠶ᠋ᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠭᠰᠠᠨ ᠪᠠᠶᠢᠨ᠎ᠠ᠃ 5 ᠵᠢᠯ ᠭᠠᠷᠤᠶ ᠶᠢᠨ ᠴᠢᠷᠮᠠᠶᠢᠯᠭ᠎ᠠ ᠪᠠᠷ ᠳᠠᠮᠵᠢᠨ᠂ ᠴᠢᠬᠤᠯᠠ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠦᠭᠡᠷᠡᠴᠢᠯᠡᠯᠳᠡ ᠢᠯᠡᠷᠬᠡᠢ ᠦᠷ᠎ᠠ ᠪᠦᠳᠦᠮᠵᠢ ᠤᠯᠵᠤ᠂ ᠭᠤᠤᠯ ᠪᠣᠯᠬᠤ ᠬᠦᠷᠢᠶᠡᠨ ᠳᠠᠬᠢ ᠰᠠᠭᠤᠷᠢ ᠴᠢᠨᠠᠷᠲᠠᠶ ᠳᠦᠷᠢᠮ ᠤᠨ ᠰᠢᠰᠲ᠋ᠧᠮ ᠦᠨᠳᠦᠰᠦᠨ ᠳᠡᠭᠡᠨ ᠪᠦᠷᠢᠯᠳᠤᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠪᠠ᠃ ᠡᠭᠦᠨ ᠤ ᠵᠡᠷᠭᠡ ᠪᠠᠷ᠂ ᠡᠳᠡᠭᠡᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠵᠠᠷᠢᠮ ᠢ ᠨᠢ ᠬᠠᠷᠠᠬᠠᠨ ᠪᠡᠶᠡᠯᠡᠭᠦᠯᠦᠭᠡᠳᠦᠶ ᠂ ᠴᠢᠨᠠᠭᠰᠢᠯᠠᠪᠠᠯ ᠵᠠᠷᠢᠮ ᠢ ᠨᠢ ᠪᠠᠰᠠ ᠨᠡᠯᠢᠶᠡᠳ ᠤᠷᠳᠤ ᠬᠤᠭᠤᠴᠠᠭ᠎ᠠ ᠬᠡᠷᠡᠭᠰᠡᠵᠦ ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠨ᠎ᠠ᠂ ᠪᠢᠳᠠ ᠨᠢᠭᠡᠨᠲᠡ ᠴᠦᠭᠡᠨ ᠪᠤᠰᠤ ᠭᠦᠴᠢᠷ ᠠᠰᠠᠭᠤᠳᠠᠯ ᠢ ᠰᠢᠶ᠋ᠳᠪᠦᠷᠢᠯᠡᠭᠰᠡᠨ ᠪᠣᠯᠪᠠᠴᠤ ᠪᠡᠰᠡ ᠠᠯᠢ ᠤᠯᠠᠨ ᠭᠦᠴᠢᠷ ᠠᠰᠠᠭᠤᠳᠠᠯ ᠢ ᠰᠢᠢᠳᠪᠦᠷᠢᠯᠡᠭᠦ ᠴᠢᠬᠤᠯᠠᠳᠠᠢ ᠪᠠᠶᠢᠨ᠎ᠠ᠂ ᠪᠢᠳᠡ ᠴᠦᠬᠡᠨ ᠪᠤᠰᠤ ᠪᠡᠷᠬᠡ ᠪᠣᠭᠤᠮᠲᠠ ᠶᠢ ᠢᠯᠠᠨ ᠳᠠᠪᠠᠭᠰᠠᠨ ᠪᠣᠯᠪᠠᠴᠤ ᠪᠠᠰᠠ ᠠᠯᠢ ᠣᠯᠠᠨ ᠪᠡᠷᠬᠡ ᠪᠣᠭᠤᠮᠲᠠ ᠶᠢ ᠢᠯᠠᠨ ᠳᠠᠪᠠᠭ᠋ᠤ ᠴᠢᠬᠤᠯᠠᠲᠠᠶ ᠪᠠᠶᠢᠨ᠎ᠠ᠂ ᠶᠠᠭᠠᠬᠢᠭᠰᠠᠨ ᠴᠤ ᠵᠤᠭᠰᠤᠩᠬᠢᠷᠠᠵᠤ ᠪᠤᠯᠬᠤ ᠦᠭᠡᠢ᠂ ᠶᠠᠭᠠᠬᠢᠭᠰᠠᠨ ᠴᠤ ᠠᠮᠤᠰᠬᠢᠵᠦ ᠠᠮᠠᠷᠠᠬᠤ ᠪᠤᠳᠤᠯ ᠲᠠᠢ ᠪᠠᠶᠢᠵᠤ ᠪᠣᠯᠬᠤ ᠦᠭᠡᠢ ᠭᠡᠳᠡᠭ ᠢ ᠪᠢᠳᠡ ᠪᠠᠰᠠ ᠣᠯᠵᠤ ᠬᠠᠷᠠᠬᠤ ᠬᠡᠷᠡᠭᠲᠡᠶ ᠪᠠᠶᠢᠨ᠎ᠠ᠃ ᠪᠢ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ︽ᠴᠢᠭᠯᠡᠯ ᠢᠶᠠᠨ ᠬᠤᠪᠢᠷᠠᠭᠤᠯᠬᠤ ᠦᠭᠡᠢ᠂ ᠵᠠᠮ ᠬᠠᠵᠠᠶᠢᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢᠨ ᠨᠠᠩ ᠯᠠᠪᠳᠠᠭᠤᠨ᠂ ᠨᠠᠩ ᠬᠤᠯᠠ ᠶᠠᠪᠤᠬᠤ ᠶᠢ ᠠᠬᠢᠭᠤᠯᠬᠤ ᠬᠡᠷᠡᠭᠲᠡᠶ︾ ᠭᠡᠵᠦ ᠴᠢᠬᠤᠯᠠᠴᠢᠯᠠᠪᠠ᠃ ᠡᠨᠡ ᠨᠢ ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠠᠴᠠ ᠡᠭᠦᠰᠴᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠤ ᠤᠯᠠᠮ ᠨᠢᠭᠡ ᠠᠯᠬᠤᠮ ᠤᠨ ᠪᠠᠶᠢᠷᠢᠯᠠᠭᠤᠯᠤᠯᠲᠠ ᠬᠢᠬᠦ ᠶᠢ ᠱᠠᠭᠠᠷᠳᠠᠵᠤ ᠪᠠᠶᠢᠨ᠎ᠠ᠃ ᠥᠩᠭᠡᠷᠡᠭᠰᠡᠨ ᠲᠠᠢ ᠬᠠᠷᠢᠴᠠᠭᠤᠯᠪᠠᠯ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠨᠢ ᠮᠠᠰᠢ ᠣᠯᠠᠨ ᠰᠢᠨ᠎ᠡ ᠠᠭᠤᠯᠤᠭᠳᠠᠬᠤᠨ ᠪᠠ ᠣᠨᠴᠠᠯᠢᠭ ᠲᠠᠢ ᠪᠣᠯᠵᠠᠶ᠂ ᠡᠭᠦᠨ ᠳᠤ ᠮᠠᠰᠢ ᠴᠢᠬᠤᠯᠠ ᠨᠢᠭᠡ ᠵᠦᠶ᠋ᠯ ᠭᠡᠪᠡᠯ ᠳᠦᠷᠢᠮ ᠤᠨ ᠪᠠᠶᠢᠭᠤᠯᠤᠯᠲᠠ ᠨᠠᠩ ᠴᠢᠬᠤᠯᠡ ᠬᠤᠪᠢ ᠶᠢᠨ ᠵᠢᠩ ᠡᠵᠡᠯᠡᠬᠦ ᠪᠣᠯᠵᠤ᠂ ᠥᠭᠡᠷᠡᠴᠢᠯᠡᠯᠲᠡ ᠳᠤ ᠨᠠᠩ ᠣᠯᠠᠨ ᠲᠤᠯᠭᠠᠷᠠᠵᠤ ᠪᠠᠢᠶ᠋ᠭ᠎ᠠ ᠨᠢ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠪᠤᠯᠵᠤ᠂ ᠥᠭᠡᠷᠡᠴᠢᠯᠡᠯᠲᠡ ᠶᠢᠨ ᠦᠵᠦ ᠲᠥᠯᠥᠪᠯᠡᠭᠡ ᠶᠢᠨ ᠲᠤᠬᠠᠶ ᠱᠠᠭᠠᠷᠳᠠᠯᠭ᠎ᠠ ᠨᠡᠩ ᠦᠨᠳᠤᠷ ᠪᠤᠯᠵᠤ᠂ ᠦᠭᠡᠷᠡᠴᠢᠯᠡᠯᠳᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠤᠨ ᠲᠤᠬᠠᠢ ᠱᠠᠭᠠᠷᠳᠠᠯᠭ᠎ᠠ ᠨᠠᠩ ᠴᠢᠩᠭ᠎ᠠ ᠪᠣᠯᠵᠤ᠂ ᠵᠤᠬᠢᠴᠠᠯᠳᠤᠭᠰᠠᠨ ᠳᠦᠷᠢᠮ ᠲᠣᠭᠲᠠᠭᠠᠯ ᠲᠣᠭᠲᠠᠭᠠᠵᠤ ᠰᠢᠰᠲ᠋ᠧᠮ ᠪᠠᠶᠢᠭᠤᠯᠬᠤ ᠡᠭᠦᠷᠭᠡ ᠨᠠᠩ ᠬᠦᠨᠳᠦ ᠪᠣᠯᠵᠠᠶ᠃ ᠰᠢᠨ᠎ᠡ ᠴᠠᠭ ᠣᠢᠶ᠎ᠠ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠯᠦᠪᠵᠢᠭᠦᠯᠬᠦ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠭᠤᠤᠯ ᠲᠡᠩᠭᠡᠯᠢᠭ ᠪᠣᠯᠭᠠᠵᠤ᠂ ᠮᠠᠨ ᠤ ᠤᠯᠤᠰ ᠤᠨ ᠬᠥᠭᠵᠢᠯᠲᠡ ᠶᠢᠨ ᠱᠠᠭᠠᠷᠳᠠᠯᠭ᠎ᠠ ᠪᠣᠯᠤᠨ ᠴᠠᠭ ᠦᠶ᠎ᠡ ᠶᠢᠨ ᠤᠷᠤᠰᠬᠠᠯ ᠢ ᠭᠦᠨᠵᠡᠭᠡᠶ ᠡᠵᠡᠮᠳᠡᠵᠦ᠂ ᠳᠦᠷᠢᠮ ᠤᠨ ᠪᠠᠶᠢᠭᠤᠯᠤᠯᠲᠠ ᠪᠣᠯᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠳᠦᠷᠢᠮ ᠨᠠᠩ ᠪᠣᠯᠪᠠᠰᠤᠷᠠᠩᠭᠤᠶ ᠨᠠᠩ ᠭᠡᠪᠰᠢᠭᠰᠡᠨ ᠲᠦᠷᠢᠮ ᠪᠣᠯᠬᠤ ᠶᠢ ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃         ᠭᠤᠷᠪᠠᠳᠤᠭᠠᠷ ᠲᠤ᠂ ᠡᠨᠡ ᠪᠣᠯ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠵᠤ᠂ ᠰᠠᠨᠠᠭᠠᠴᠢᠯᠠᠭᠠᠲᠤ ᠡᠷᠬᠡ ᠶᠢ ᠣᠯᠬᠤ ᠶᠢᠨ ᠬᠦᠴᠦᠲᠡᠶ ᠪᠠᠲᠤᠯᠠᠭ᠎ᠠ ᠮᠥᠨ᠃ ᠡᠷᠲᠡᠨ ᠤ ᠦᠭᠡᠨ ᠳᠤ᠄ ︽ᠳᠡᠯᠡᠬᠡᠶ ᠳ᠋ᠠᠬᠢᠨ ᠤ ᠶᠡᠭᠡ ᠪᠠᠶᠢᠳᠠᠯ ᠮᠠᠨᠳᠤᠬᠤ ᠦᠭᠡᠢ ᠪᠣᠯ ᠪᠠᠭᠤᠷᠠᠨ᠎ᠠ᠂ ᠳᠡᠯᠡᠬᠡᠶ ᠳ᠋ᠠᠬᠢᠨ ᠤ ᠵᠠᠰᠠᠯᠲᠠ ᠤᠷᠤᠭᠰᠢᠯᠠᠬᠤ ᠦᠭᠡᠢ ᠪᠣᠯ ᠤᠬᠤᠷᠢᠨ᠎ᠠ︾ ᠭᠡᠳᠡᠭ᠃ ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠤᠯᠠᠨ ᠤᠯᠤᠰ ᠤᠨ ᠪᠠᠶᠢᠳᠠᠯ ᠪᠤᠳᠤᠯᠢᠶᠠᠨᠳᠠᠢ ᠪᠦᠭᠡᠳ ᠬᠤᠪᠢᠷᠠᠯᠳᠠ ᠶᠡᠬᠡᠳᠠᠢ ᠪᠠᠶᠢᠵᠤ᠂ ᠥᠭᠡᠷᠡᠴᠢᠯᠡᠯᠲᠡ ᠬᠥᠭᠵᠢᠯᠲᠡ ᠲᠤᠭᠳᠠᠭᠤᠨ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠲᠦᠷᠦ ᠶᠢ ᠵᠠᠰᠠᠬᠤ ᠴᠡᠷᠢᠭ ᠢ ᠵᠠᠰᠠᠬᠤ ᠡᠯ᠎ᠡ ᠲᠠᠯ᠎ᠠ ᠶᠢᠨ ᠡᠭᠦᠷᠭᠡ ᠤᠷᠢᠳ ᠡᠮᠦᠨ᠎ᠡ ᠪᠠᠢᠶ᠋ᠭ᠎ᠠ ᠦᠭᠡᠢ ᠬᠦᠨᠳᠦ ᠨᠦᠰᠡᠷ ᠪᠠᠶᠢᠵᠤ᠂ ᠪᠢᠳᠡᠨ ᠳᠤ ᠲᠤᠯᠭᠠᠷᠠᠵᠤ ᠪᠠᠢᠶ᠋ᠭ᠎ᠠ ᠠᠶᠤᠯ ᠲᠦᠭᠰᠢᠭᠦᠷᠢ ᠥᠷᠢᠰᠥᠯᠳᠦᠭᠡᠨ ᠤᠷᠢᠳᠤ ᠡᠮᠦᠨ᠎ᠡ ᠪᠠᠢᠶ᠋ᠭ᠎ᠠ ᠦᠭᠡᠢ ᠬᠦᠨᠳᠦ ᠬᠡᠴᠡᠭᠦᠤ ᠪᠠᠶᠢᠨ᠎ᠠ᠃ ᠡᠳᠡᠭᠡᠷ ᠠᠶᠤᠯ ᠲᠦᠭᠰᠢᠭᠦᠷᠢ ᠪᠠ ᠥᠷᠢᠰᠥᠯᠳᠦᠭᠡᠨ ᠤ ᠵᠠᠷᠢᠮ ᠨᠢ ᠤᠯᠤᠰ ᠤᠨ ᠳᠣᠲᠣᠭᠠᠳᠤ ᠳᠤ ᠪᠠᠶᠢᠵᠤ᠂ ᠵᠠᠷᠢᠮ ᠨᠢ ᠤᠯᠤᠰ ᠤᠨ ᠭᠠᠳᠠᠭᠠᠳᠦ ᠠᠴᠠ ᠢᠷᠡᠵᠦ᠂ ᠵᠠᠷᠢᠮ ᠨᠢ ᠠᠵᠤ ᠠᠬᠤᠶ ᠨᠡᠶᠢᠭᠡᠮ ᠤᠨ ᠬᠦᠷᠢᠶᠡᠨ ᠠᠴᠠ ᠢᠷᠡᠵᠦ᠂ ᠵᠠᠷᠢᠮ ᠨᠢ ᠪᠠᠶᠢᠭᠠᠯᠢ ᠠᠴᠠ ᠢᠷᠡᠵᠦ ᠪᠠᠶᠢᠨ᠎ᠠ᠃ ᠪᠢᠳᠡ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠳᠦᠷᠢᠮ ᠤᠨ ᠰᠦᠷ ᠬᠦᠴᠦᠨ ᠢᠶᠠᠷ ᠠᠶᠤᠯ ᠲᠦᠭᠰᠢᠭᠦᠷᠢ ᠥᠷᠢᠰᠥᠯᠳᠦᠭᠡᠨ ᠤ ᠳᠠᠭᠠᠷᠢᠯᠲᠠ ᠶᠢ ᠠᠷᠭᠠᠴᠠᠭᠠᠬᠤ ᠬᠡᠷᠡᠭᠲᠡᠶ᠃ ᠳᠡᠭᠡᠷ᠎ᠡ ᠳᠤᠷᠠᠳᠤᠭᠰᠠᠨ ᠪᠣᠳᠣᠯᠬᠢᠯᠠᠯ ᠳᠤ ᠰᠠᠭᠤᠷᠢᠯᠠᠨ᠂ ᠡᠨᠡ ᠵᠢᠯ ᠤᠨ 2 ᠰᠠᠷ᠎ᠠ ᠶᠢᠨ 28᠎ ᠤ ᠡᠳᠦᠷ᠂ 3 ᠰᠠᠷ᠎ᠠ ᠶᠢᠨ 29᠎ ᠤ ᠡᠳᠦᠷ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠤᠷᠢᠳ ᠬᠤᠵᠢᠳ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠬᠤ ᠪᠠᠷ ᠲᠤᠭᠲᠠᠭᠠᠭᠰᠠᠨ ᠪᠥᠭᠡᠳ ᠪᠢᠴᠢᠭ ᠮᠠᠲ᠋ᠧᠷᠢᠶᠠᠯ ᠨᠤᠤᠷᠠᠭᠯᠠᠬᠤ ᠳᠤᠭᠤᠶᠢᠯᠠᠩ ᠪᠠᠶᠢᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠳᠣᠤᠷ᠎ᠠ ᠪᠢᠴᠢᠭ ᠮᠠᠲ᠋ᠧᠷᠢᠶᠠᠯ ᠨᠤᠤᠷᠠᠭᠯᠠᠬᠤ ᠠᠵᠢᠯ ᠢ ᠬᠢᠬᠦ ᠪᠠᠷ ᠲᠣᠭᠲᠠᠭᠠᠵᠠᠶ᠃         ᠬᠤᠶᠠᠷ᠂ ᠲᠤᠭᠤᠷᠪᠢᠭᠰᠠᠨ ᠶᠠᠪᠤᠴᠠ         ᠡᠨᠡ ᠵᠢᠯ ᠤᠨ 4 ᠰᠠᠷ᠎ᠠ ᠶᠢᠨ 3᠎ ᠤ ᠡᠳᠦᠷ᠂ ᠪᠢᠴᠢᠭ ᠮᠠᠲ᠋ᠧᠷᠢᠶᠠᠯ ᠨᠤᠤᠷᠠᠭᠯᠠᠬᠤ ᠳᠤᠭᠤᠶᠢᠯᠠᠩ ᠠᠩᠬᠠᠳᠤᠭᠠᠷ ᠤᠳᠠᠭ᠎ᠠ ᠶᠢᠨ ᠪᠥᠬᠦ ᠬᠡᠰᠢᠬᠦᠳ ᠤᠨ ᠬᠤᠷᠠᠯ ᠬᠤᠷᠠᠯᠳᠤᠭᠤᠯᠵᠤ᠂ ᠪᠢᠴᠢᠭ ᠮᠠᠲ᠋ᠧᠷᠢᠶᠠᠯ ᠨᠤᠤᠷᠠᠭᠯᠠᠬᠤ ᠠᠵᠢᠯ ᠵᠢᠩᠬᠢᠨᠢ ᠪᠠᠷ ᠡᠬᠢᠯᠡᠪᠡ᠃ 4 ᠰᠠᠷ᠎ᠠ ᠶᠢᠨ 7᠎ ᠤ ᠡᠳᠦᠷ᠂ ᠨᠠᠮ ᠤᠨ ᠲᠥᠪ ᠬᠤᠷᠢᠶ᠎ᠠ ᠮᠡᠳᠡᠭᠳᠡᠯ ᠭᠠᠷᠭᠠᠵᠤ᠂ ᠪᠥᠬᠦᠳᠡ ᠬᠤᠷᠠᠯ ᠤᠨ ᠵᠥᠪᠯᠡᠬᠦᠰᠡᠳᠦᠪ ᠤᠨ ᠲᠤᠬᠠᠶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠴᠠ ᠰᠠᠨᠠᠯ ᠰᠠᠨᠠᠭᠤᠯᠭ᠎ᠠ ᠬᠤᠷᠢᠶᠠᠪᠠ᠃ ᠡᠯ᠎ᠡ ᠲᠠᠯ᠎ᠠ ᠶᠢᠨ ᠬᠢᠨ ᠨᠡᠶᠢᠲᠡ 109 ᠬᠤᠪᠢ ᠰᠠᠨᠠᠯ ᠲᠤᠰᠬᠠᠵᠤ᠂ ᠣᠯᠠᠨ ᠢᠶᠠᠷ ᠢᠶᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠤᠯᠤᠰ ᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠭᠰᠠᠠ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ᠂ ᠡᠷᠬᠡᠪᠰᠢ ᠪᠠᠷᠢᠮᠲᠠᠯᠠᠬᠤ ᠴᠢᠬᠤᠯᠠᠲᠠᠢ ᠴᠢᠬᠤᠯᠠ ᠶᠡᠭᠡ ᠵᠠᠷᠴᠢᠮ ᠪᠠ ᠦᠨᠳᠦᠰᠦᠨ ᠳᠦᠷᠢᠮ᠂ ᠰᠠᠭᠤᠷᠢ ᠲᠦᠷᠢᠮ᠂ ᠴᠢᠬᠤᠯᠠ ᠳᠦᠷᠢᠮ ᠵᠢᠴᠢ ᠲᠤᠯᠭᠠᠷᠠᠵᠤ ᠪᠠᠢᠶ᠋ᠭ᠎ᠠ ᠭᠤᠤᠯ ᠠᠰᠠᠭᠤᠳᠠᠯ ᠪᠠ ᠴᠢᠬᠤᠯᠠ ᠶᠡᠭᠡ ᠡᠭᠦᠷᠭᠡ᠂ ᠠᠪᠬᠤ ᠴᠢᠬᠤᠯᠠ ᠲᠠᠢ ᠴᠢᠬᠤᠯᠠ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠴᠥᠭᠡᠨ ᠪᠤᠰᠤ ᠦᠨ᠎ᠡ ᠦᠷᠳᠡᠭ ᠲᠠᠢ ᠰᠠᠨᠠᠯ ᠪᠠ ᠰᠠᠨᠠᠭᠤᠯᠭ᠎ᠠ ᠲᠤᠷᠠᠳᠴᠠᠶ᠃         ᠡᠯ᠎ᠡ ᠲᠠᠯ᠎ᠠ ᠶᠢᠨ ᠬᠢᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠠᠰᠢᠷᠠᠮ ᠢᠶᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠬᠦᠯᠳᠡᠷᠵᠢᠬᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠤᠯᠳᠠᠯᠭ᠎ᠠ ᠲᠠᠢ ᠰᠤᠳᠤᠯᠬᠤ ᠶᠢᠨ ᠬᠠᠮᠲᠤ ᠲᠣᠭᠲᠠᠭᠠᠯ ᠭᠠᠷᠭᠠᠭᠰᠠᠨ ᠨᠢ ᠨᠠᠮ ᠤᠨ ᠲᠥᠪ ᠬᠤᠷᠢᠶ᠎ᠡ ᠶᠢᠨ ᠥᠨᠳᠥᠷ ᠲᠤ ᠵᠣᠭᠰᠣᠨ ᠠᠯᠤᠰ ᠢ ᠪᠠᠷᠠᠯᠠᠬᠤ ᠪᠠᠶᠢᠯᠳᠤᠬᠤ ᠪᠣᠳᠣᠯᠭ᠎ᠠ ᠶᠢᠨ ᠬᠠᠷᠠᠴᠠ ᠪᠠ ᠴᠢᠩᠭ᠎ᠠ ᠲᠤᠯᠭᠠᠮ ᠲᠡᠤᠬᠡᠲᠦ ᠬᠠᠷᠢᠭᠤᠴᠠᠯᠭ᠎ᠠ ᠲᠠᠢ ᠪᠠᠶᠢᠭ᠎ᠠ ᠶᠢ ᠢᠯᠡᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶ᠋ᠳᠪᠦᠷᠢᠲᠦ ᠢᠯᠠᠯᠲᠠ ᠶᠢ ᠣᠯᠬᠤ᠂ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠨᠠᠮ ᠤᠨ ᠲᠥᠷᠥ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠨᠠᠮ ᠪᠣᠯᠤᠨ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ ᠭᠡᠵᠦ ᠦᠵᠡᠵᠡᠭᠡᠪᠡ᠃ ᠪᠢᠴᠢᠭ ᠮᠠᠲ᠋ᠧᠷᠢᠶᠠᠯ ᠨᠤᠤᠷᠠᠭᠯᠠᠬᠤ ᠳᠤᠭᠤᠶᠢᠯᠠᠩ ᠪᠠᠶᠢᠭᠤᠯᠤᠭᠳᠠᠭᠰᠠᠨ 6 ᠰᠠᠷ᠎ᠠ ᠭᠠᠷᠤᠶ ᠶᠢᠨ ᠲᠤᠷᠰᠢ᠂ ᠬᠤᠯᠪᠣᠭᠳᠠᠯ ᠪᠦᠬᠦᠢ ᠴᠢᠬᠤᠯᠠ ᠲᠤᠯᠭᠤᠷ ᠪᠢᠴᠢᠭ ᠢ ᠬᠢᠨᠠᠮᠠᠭᠠᠶ ᠰᠤᠳᠤᠯᠤᠨ ᠤᠩᠰᠢᠵᠤ᠂ ᠮᠠᠨ ᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠦᠭᠡᠷᠡᠴᠢᠯᠡᠯᠳᠡ ᠶᠢᠨ ᠠᠬᠢᠴᠠ ᠳᠤᠮᠳᠠᠬᠢ ᠪᠠᠶᠢᠭᠤᠯᠤᠯ ᠤᠨ ᠬᠤᠪᠢᠰᠤᠯᠲᠠ᠂ ᠳᠦᠷᠢᠮ ᠤᠨ ᠰᠢᠨ᠎ᠡ ᠡᠭᠦᠳᠦᠯᠲᠡ ᠶᠢ ᠰᠢᠰᠲ᠋ᠧᠮ ᠲᠠᠢ ᠪᠠᠷ ᠳ᠋ᠦᠩᠨᠡᠵᠦ᠂ ᠢᠯᠠᠩᠭᠤᠶ᠎ᠠ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠭᠠᠳ ᠣᠯᠤᠭᠰᠠᠨ ᠴᠢᠬᠤᠯᠠ ᠶᠡᠭᠡ ᠣᠨᠣᠯ ᠤᠨ ᠦᠷ᠎ᠡ ᠪᠦᠲᠦᠭᠡᠯ᠂ ᠦᠶ᠋ᠯᠡᠳᠦᠯᠭᠡ ᠶᠢᠨ ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ ᠢ ᠭᠦᠨᠵᠡᠭᠡᠢ ᠳ᠋ᠦᠩᠨᠡᠵᠦ᠂ ᠡᠯ᠎ᠡ ᠲᠠᠯ᠎ᠠ ᠶᠢᠨ ᠬᠠᠷᠢᠭᠤ ᠲᠤᠰᠬᠠᠭᠰᠠᠨ ᠰᠠᠨᠠᠯ ᠪᠠ ᠰᠠᠨᠠᠭᠤᠯᠭ᠎ᠠ ᠶᠢ ᠡᠮᠬᠢᠯᠡᠨ ᠰᠢᠩᠭᠡᠭᠡᠵᠦ᠂ ᠲᠤᠰᠬᠠᠶ ᠰᠡᠳᠦᠪ ᠢᠶᠠᠷ ᠰᠤᠳᠤᠯᠤᠭᠠᠳ᠂ ᠲᠣᠭᠲᠠᠭᠠᠯ ᠤᠨ ᠨᠣᠣᠷᠠᠭ ᠢ ᠳᠠᠬᠢᠨ ᠳᠠᠪᠲᠠᠨ ᠶᠠᠷᠢᠯᠴᠠᠵᠤ ᠵᠠᠰᠠᠪᠤᠷᠢ ᠣᠷᠣᠭᠤᠯᠪᠠ᠃ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠬᠤᠷᠠᠯ ᠤᠨ ᠲᠣᠭᠲᠠᠭᠠᠯ ᠢ ᠦᠨᠳᠦᠰᠦᠯᠡᠨ᠂ 9 ᠰᠠᠷ᠎ᠠ ᠶᠢᠨ ᠡᠬᠢ ᠪᠠᠷ ᠲᠣᠭᠲᠠᠭᠠᠯ ᠤᠨ ᠲᠤᠬᠠᠢ ᠰᠠᠨᠠᠯ ᠬᠤᠷᠢᠶᠠᠬᠤ ᠨᠣᠣᠷᠠᠭ ᠢ ᠨᠠᠮ ᠤᠨ ᠳᠣᠲᠣᠭᠠᠳᠤ ᠶᠢᠨ ᠵᠤᠬᠢᠬᠤ ᠬᠡᠪᠴᠢᠶᠡᠨ ᠲᠤᠲᠤᠷ᠎ᠠ ᠲᠠᠷᠬᠠᠭᠠᠵᠤ ᠰᠠᠨᠠᠯ ᠬᠤᠷᠢᠶᠠᠪᠠ᠂ ᠡᠭᠦᠨ ᠳᠤ ᠨᠠᠮ ᠤᠨ ᠲᠤᠲᠤᠭᠠᠲᠦ ᠶᠢᠨ ᠬᠡᠰᠡᠭ ᠠᠬᠠᠮᠠᠳ ᠨᠥᠬᠦᠳ ᠠᠴᠠ ᠰᠠᠨᠠᠯ ᠬᠤᠷᠢᠶᠠᠭᠰᠠᠠ ᠢ ᠪᠠᠭᠲᠠᠭᠠᠨ᠎ᠠ᠃         ᠡᠯ᠎ᠡ ᠲᠠᠯ᠎ᠠ ᠶᠢᠨ ᠬᠢᠨ ᠨᠠᠷᠢᠨ ᠬᠢᠨᠠᠮᠠᠭᠠᠶ ᠵᠤᠬᠢᠶᠠᠨ ᠪᠠᠶᠢᠭᠤᠯᠵᠤ ᠰᠤᠷᠤᠯᠴᠠᠨ ᠶᠠᠷᠢᠯᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠡᠶᠢᠲᠡ 118 ᠬᠤᠪᠢ ᠰᠠᠨᠠᠯ ᠬᠠᠷᠢᠭᠤ ᠲᠤᠰᠬᠠᠭᠰᠠᠨ ᠪᠠᠶᠢᠨ᠎ᠠ᠃ 9 ᠰᠠᠷ᠎ᠠ ᠶᠢᠨ 25᠎ ᠤ ᠡᠳᠦᠷ᠂ ᠪᠢ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠢ ᠨᠢᠭᠤᠷᠳᠠᠨ ᠰᠣᠨᠣᠰᠪᠠ᠂ ᠬᠤᠷᠠᠯ ᠳᠤ ᠤᠷᠤᠯᠴᠠᠭᠰᠠᠨ ᠨᠦᠭᠦᠳ 10 ᠬᠤᠪᠢ ᠶᠠᠷᠢᠶᠠᠨ ᠤ ᠮᠠᠲ᠋ᠧᠷᠢᠶᠠᠯ ᠳᠡᠪᠰᠢᠭᠦᠯᠪᠡ᠃ ᠪᠢᠴᠢᠭ ᠮᠠᠲ᠋ᠧᠷᠢᠶᠠᠯ ᠨᠤᠤᠷᠠᠬᠯᠠᠬᠤ ᠲᠤᠭᠤᠢᠢᠯᠠᠩ ᠬᠦᠯᠢᠶᠠᠨ ᠠᠪᠤᠬᠰᠡᠨ ᠪᠤᠢ ᠪᠦᠬᠦᠢ ᠰᠠᠨᠠᠯ ᠪᠤᠯᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠪᠠ᠃ ᠬᠤᠷᠢᠶᠠᠩᠭᠤᠢᠢᠯᠠᠬᠤ ᠪᠠᠷ ᠲᠠᠮᠵᠢᠵᠤ᠂ ᠡᠯ᠎ᠡ ᠲᠠᠯ᠎ᠡ ᠶᠢᠨ ᠬᠢᠨ ᠨᠡᠶᠢᠳᠠ 1948 ᠵᠤᠷᠪᠤᠰ ᠵᠠᠰᠠᠪᠤᠷᠢ ᠤᠷᠤᠭᠤᠯᠬᠤ ᠰᠠᠨᠠᠯ ᠲᠤᠷᠠᠲᠤᠭᠰᠠᠠ ᠪᠠᠶᠢᠵᠤ᠂ ᠲᠠᠪᠬᠤᠷᠳᠠᠬᠰᠡᠨ ᠰᠠᠨᠠᠯ ᠢ ᠬᠠᠰᠤᠵᠤ ᠭᠠᠷᠭᠠᠬᠰᠡᠨ ᠤ ᠲᠠᠷᠠᠭ᠎ᠠ 1755 ᠵᠤᠷᠪᠤᠰ ᠪᠠᠶᠢᠵᠤ᠂ ᠡᠬᠦᠨ ᠳᠤ ᠵᠠᠷᠴᠢᠮ ᠤᠨ ᠴᠢᠨᠠᠷᠳᠠᠢ ᠰᠠᠨᠠᠯ 380 ᠵᠤᠷᠪᠤᠰ ᠪᠠᠶᠢᠵᠤ᠂ ᠪᠤᠳᠠᠳᠠᠢ ᠵᠠᠰᠠᠪᠤᠷᠢ ᠤᠷᠤᠭᠤᠯᠬᠤ ᠰᠠᠨᠠᠯ 1375 ᠵᠤᠷᠪᠤᠰ ᠪᠠᠶᠢᠪᠠ᠃ ᠬᠤᠷᠢᠶᠠᠬᠰᠡᠨ ᠰᠠᠨᠠᠯ ᠤᠨ ᠬᠠᠷᠢᠭᠤ ᠲᠤᠰᠬᠠᠬᠰᠡᠨ ᠪᠠᠶᠢᠳᠠᠯ ᠠᠴᠠ ᠦᠵᠡᠪᠡᠯ᠂ ᠡᠯ᠎ᠡ ᠲᠠᠯ᠎ᠡ ᠶᠢᠨ ᠬᠢᠨ ᠲᠤᠬᠳᠠᠭᠠᠯ ᠤᠨ ᠨᠤᠤᠷᠠᠭ ᠢ ᠬᠦᠢᠴᠡᠳ ᠨᠤᠳᠠᠯᠠᠪᠠ᠃ ᠤᠯᠠᠨ ᠢᠶᠠᠷ ᠢᠶᠠᠨ᠂ ᠲᠤᠬᠳᠠᠭᠠᠯ ᠤᠨ ᠨᠤᠤᠷᠠᠭ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠬᠤᠪᠢᠰᠤᠯᠳᠠ ᠶᠢᠨ ᠴᠢᠭᠯᠡᠯ ᠪᠤᠯᠤᠨ ᠵᠢᠮ᠎ᠡ ᠶᠤᠰᠤ ᠶᠢ ᠤᠨᠤᠪᠴᠢᠳᠠᠢ ᠡᠵᠡᠮᠰᠢᠵᠤ᠂ ᠨᠠᠮ ᠤᠨ ᠤᠳᠤᠷᠢᠳᠬᠤ ᠲᠦᠷᠢᠮ ᠢ ᠪᠠᠷᠢᠮᠳᠠᠯᠠᠨ ᠲᠡᠬᠦᠯᠳᠡᠷᠵᠢᠬᠦᠯᠬᠦ ᠶᠢ ᠲᠤᠪᠤᠶᠢᠯᠭᠠᠵᠤ᠂ ᠤᠯᠤᠰ ᠤᠨ ᠵᠠᠰᠠᠯᠳᠠ ᠶᠢᠨ ᠵᠠᠩᠭᠢᠯᠠᠭ᠎ᠠ ᠪᠤᠯᠤᠨ ᠦᠨᠳᠤᠰᠤ ᠶᠢ ᠠᠳᠬᠤᠪᠠ︔ ᠲᠦᠪ ᠶᠤᠰᠤ ᠶᠢ ᠪᠠᠷᠢᠮᠳᠠᠯᠠᠵᠤ ᠰᠢᠨ᠎ᠡ ᠶᠢ ᠡᠬᠦᠳᠴᠤ᠂ ᠵᠠᠮ ᠨᠡᠭᠡᠭᠡᠨ ᠤᠷᠤᠬᠰᠢᠯᠡᠨ ᠲᠠᠪᠰᠢᠬᠤ ᠶᠢ ᠲᠤᠪᠤᠶᠢᠯᠭᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠳᠡᠭᠡᠯ ᠢ ᠬᠦᠢᠴᠡᠳ ᠢᠯᠡᠷᠡᠬᠦᠯᠪᠠ︔ ᠰᠢᠰᠲ᠋ᠧᠮᠵᠢᠵᠦ ᠬᠤᠷᠠᠮᠳᠤᠬᠰᠡᠨ᠂ ᠬᠠᠮᠵᠢᠯᠴᠠᠵᠤ ᠦᠨᠳᠦᠷ ᠪᠦᠳᠦᠮᠵᠢᠳᠠᠢ ᠪᠠᠶᠢᠬᠤ ᠶᠢ ᠲᠤᠪᠤᠶᠢᠯᠭᠠᠵᠤ᠂ ᠬᠤᠷᠴᠠ ᠴᠢᠩᠭ᠎ᠠ ᠠᠰᠠᠭᠤᠳᠠᠯ ᠤᠨ ᠤᠳᠤᠷᠢᠳᠤᠮᠵᠢ ᠪᠤᠯᠤᠨ ᠢᠯᠡ ᠲᠤᠳᠤ ᠦᠢᠯᠡᠳᠦᠯᠭᠡ ᠶᠢᠨ ᠤᠨᠴᠠᠯᠢᠭ ᠢ ᠢᠯᠡᠷᠡᠬᠦᠯᠪᠠ ᠭᠡᠵᠤ ᠦᠵᠡᠭᠰᠡᠡ ᠪᠠᠶᠢᠨ᠎ᠠ᠃ ᠲᠤᠬᠳᠠᠭᠠᠯ ᠤᠨ ᠨᠤᠤᠷᠠᠭ ︽ᠶᠠᠭᠤ ᠶᠢ ᠪᠠᠷᠢᠮᠳᠠᠯᠠᠬᠤ ᠪᠠ ᠪᠠᠬᠢᠵᠢᠬᠦᠯᠬᠦᠪᠤᠢ᠂ ᠶᠠᠭᠤ ᠶᠢ ᠲᠡᠬᠦᠯᠳᠡᠷᠵᠢᠬᠦᠯᠬᠦ ᠪᠠ ᠬᠦᠭᠵᠢᠬᠦᠯᠬᠦ ᠪᠤᠢ︾ ᠬᠡᠬᠦ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠠᠰᠠᠭᠤᠯᠳᠠ ᠶᠢ ᠬᠠᠷᠢᠭᠤᠯᠵᠤ᠂ ᠴᠢᠬᠤᠯᠠ ᠶᠡᠭᠡ ᠲᠦᠷᠢᠮ ᠪᠤᠯᠤᠨ ᠵᠠᠷᠴᠢᠮ ᠢ ᠡᠷᠬᠡᠪᠰᠢ ᠪᠠᠳᠤ ᠪᠠᠷᠢᠮᠳᠠᠯᠠᠬᠤ ᠶᠢ ᠲᠤᠳᠤᠷᠬᠠᠢᠢᠯᠠᠬᠰᠡᠨ ᠪᠦᠭᠡᠳ ᠪᠠᠰᠠ ᠳᠦᠷᠢᠮ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠡᠬᠦᠷᠭᠡ ᠪᠤᠯᠤᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠦᠨᠳᠦᠰᠦᠨ ᠳᠦᠷᠢᠮ᠂ ᠰᠠᠭᠤᠷᠢ ᠳᠦᠷᠢᠮ᠂ ᠴᠢᠬᠤᠯᠠ ᠳᠦᠷᠢᠮ ᠢ ᠵᠤᠯᠭᠠᠯᠴᠠᠭᠤᠯᠬᠤ ᠶᠢ ᠪᠠᠷᠢᠮᠳᠠᠯᠠᠵᠤ᠂ ᠦᠵᠤ ᠲᠦᠯᠦᠪᠯᠡᠭᠡ ᠬᠢᠬᠦ ᠪᠤᠯᠤᠨ ᠲᠡᠰ ᠲᠠᠪᠬᠤᠷᠭ᠎ᠠ ᠬᠤᠪᠢᠶᠠᠨ ᠵᠤᠯᠭᠠᠭᠤᠯᠬᠤ ᠶᠢ ᠨᠢᠭᠡᠳᠦᠯᠳᠠᠢ ᠲᠦᠯᠦᠪᠵᠢᠬᠦᠯᠵᠤ᠂ ᠳᠦᠷᠢᠮ ᠤᠨ ᠦᠭᠡᠷᠡᠴᠢᠯᠡᠯᠳᠠ ᠪᠤᠯᠤᠨ ᠳᠦᠷᠢᠮ ᠤᠨ ᠠᠵᠢᠯᠯᠠᠭ᠎ᠠ ᠶᠢ ᠨᠢᠭᠡᠳᠦᠯᠳᠠᠢ ᠲᠦᠯᠦᠪᠵᠢᠬᠦᠯᠵᠤ᠂ ᠲᠡᠤᠭᠡ ᠶᠢᠨ ᠳ᠋ᠦᠡᠭᠨᠡᠯᠳᠠ ᠪᠠ ᠢᠷᠡᠭᠡᠳᠦᠢ ᠳᠤ ᠬᠠᠨᠳᠤᠬᠤ ᠶᠢᠨ ᠨᠢᠭᠡᠳᠦᠯ᠂ ᠲᠤᠬᠳᠠᠯ ᠬᠦᠴᠦᠨ ᠢᠶᠠᠨ ᠪᠠᠳᠤᠯᠬᠠᠤ ᠪᠠ ᠦᠭᠡᠷᠡᠴᠢᠯᠡᠯᠳᠠ ᠬᠢᠵᠤ ᠰᠢᠨ᠎ᠡ ᠶᠢ ᠡᠬᠦᠳᠬᠦ ᠶᠢᠨ ᠨᠢᠭᠡᠳᠦᠯ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢᠨ ᠨᠢᠭᠡᠳᠦᠯ ᠢ ᠢᠯᠡᠷᠡᠬᠦᠯᠦᠭᠰᠡᠡ ᠪᠤᠯᠬᠤᠷ᠂ ᠯᠠᠪᠳᠠᠢ ᠡᠯ᠎ᠡ ᠲᠠᠯ᠎ᠡ ᠶᠢᠨ ᠳᠦᠷᠢᠮ ᠨᠡᠩ ᠪᠤᠯᠪᠠᠰᠤᠷᠠᠩᠭᠤᠢ ᠨᠡᠩ ᠬᠡᠪᠰᠢᠵᠤ᠂ ᠮᠠᠨ ᠤ ᠤᠯᠤᠰ ᠤᠨ ᠪᠠᠶᠢᠭᠤᠯᠤᠯ ᠤᠨ ᠲᠠᠪᠠᠭᠤᠯᠢᠭ ᠢ ᠤᠯᠤᠰ ᠤᠨ ᠵᠠᠰᠠᠯᠳᠠ ᠶᠢᠨ ᠬᠦᠴᠤᠨ ᠴᠢᠳᠠᠮᠵᠢ ᠪᠤᠯᠭᠠᠨ ᠨᠡᠩ ᠰᠠᠶᠢᠨ ᠢᠶᠠᠷ ᠬᠤᠪᠢᠷᠠᠭᠤᠯᠬᠤ ᠳᠤ ᠴᠢᠬᠤᠯᠠ ᠶᠡᠭᠡ ᠠᠯᠤᠰ ᠭᠡᠳᠤ ᠶᠢᠨ ᠨᠦᠯᠦᠭᠡ ᠦᠵᠡᠬᠦᠯᠬᠦ ᠪᠤᠯᠤᠨ᠎ᠠ᠃ ᠰᠠᠨᠠᠯ ᠬᠤᠷᠢᠶᠠᠬᠤ ᠶᠠᠪᠤᠴᠠ ᠳᠤ᠂ ᠡᠯ᠎ᠡ ᠲᠠᠯ᠎ᠡ ᠶᠢᠨ ᠬᠢᠨ ᠮᠠᠰᠢ ᠤᠯᠠᠨ ᠰᠠᠶᠢᠨ ᠰᠠᠨᠠᠯ ᠪᠤᠯᠤᠨ ᠰᠠᠨᠠᠭᠤᠯᠭ᠎ᠠ ᠲᠤᠷᠠᠳᠴᠠᠢ᠂ ᠭᠤᠤᠯᠳᠠᠭᠤ ᠲᠤᠤᠷᠠᠬᠢ ᠭᠡᠳᠦᠨ ᠲᠠᠯ᠎ᠡ ᠪᠤᠢ᠃ ᠨᠢᠭᠡ ᠳᠤ᠂ ᠬᠤᠷᠢᠶᠠᠩᠭᠤᠢᠢᠯᠠᠵᠤ ᠭᠠᠷᠭᠠᠬᠰᠡᠨ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠢᠯᠡᠷᠭᠡᠢ ᠲᠠᠪᠠᠭᠤᠯᠢᠭ ᠲᠤᠮᠳᠠ᠂ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ᠂ ᠪᠦᠬᠦ ᠲᠠᠯ᠎ᠡ ᠪᠠᠷ ᠬᠠᠤᠯᠢ ᠪᠠᠷ ᠤᠯᠤᠰ ᠢ ᠵᠠᠰᠠᠬᠤ ᠠᠭᠤᠯᠭ᠎ᠠ ᠶᠢ ᠨᠡᠮᠡᠵᠤ ᠤᠷᠤᠭᠤᠯᠬᠤ ᠶᠢ ᠰᠠᠨᠠᠭᠤᠯᠪᠠ᠃ ᠬᠤᠶᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠢᠮ ᠢ ᠲᠡᠬᠦᠯᠳᠡᠷᠵᠢᠬᠦᠯᠬᠦ ᠶᠢ ᠲᠤᠪᠤᠶᠢᠯᠭᠠᠨ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠶᠢᠨ ᠬᠦ᠋ᠳᠦᠯᠤᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠬᠤ ᠶᠢ ᠰᠠᠨᠠᠭᠤᠯᠪᠠ᠃ ᠭᠤᠷᠪᠡ ᠳᠤ᠂ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠶᠢ ᠨᠡᠩ ᠴᠢᠬᠤᠯᠠᠴᠢᠯᠠᠬᠤ ᠵᠡᠷᠭᠡ ᠴᠢᠬᠤᠯᠠ ᠲᠦᠷᠢᠮ ᠤᠨ ᠲᠤᠬᠢᠷᠠᠭᠤᠯᠤᠯᠳᠠ ᠶᠢ ᠰᠠᠨᠠᠭᠤᠯᠪᠠ᠃ ᠲᠦᠷᠪᠡ ᠳᠤ᠂ ᠵᠤᠬᠢᠶᠠᠮᠠᠯ ᠤᠶᠤᠨ ᠴᠢᠳᠠᠪᠤᠷᠢ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠡᠷᠢᠯ ᠢ ᠬᠡᠷᠡᠭᠯᠡᠵᠤ ᠵᠠᠰᠠᠯᠳᠠ ᠶᠢᠨ ᠴᠢᠳᠠᠪᠤᠷᠢ ᠪᠤᠯᠤᠨ ᠵᠠᠰᠠᠯᠳᠠ ᠶᠢᠨ ᠤᠳᠤᠬᠢᠴᠢᠯᠠᠯᠳᠠ ᠶᠢᠨ ᠲᠦᠪᠰᠢᠨ ᠢᠶᠠᠨ ᠲᠡᠭᠡᠭᠰᠢᠯᠡᠬᠦᠯᠬᠦ ᠶᠢ ᠨᠡᠩ ᠴᠢᠬᠤᠯᠠᠴᠢᠯᠠᠬᠤ ᠶᠢ ᠰᠠᠨᠠᠭᠤᠯᠪᠠ᠃ ᠲᠠᠪᠤ ᠳᠤ᠂ ᠨᠠᠮ ᠠᠴᠠ ᠺᠠᠳ᠋ᠷ ᠢ ᠬᠠᠮᠢᠶᠡᠷᠬᠤ ᠵᠠᠷᠴᠢᠮ ᠢ ᠪᠠᠷᠢᠮᠳᠠᠯᠠᠬᠤ ᠶᠢᠨ ᠲᠤᠭᠤᠷᠢᠨ ᠳᠤ᠂ ᠺᠠᠳ᠋ᠷ ᠤᠨ ᠬᠠᠮᠢᠶᠡᠷᠤᠯᠳᠠ ᠶᠢᠨ ᠲᠦᠷᠢᠮ᠂ ᠺᠠᠳ᠋ᠷ ᠢ ᠤᠷᠮᠠᠰᠢᠭᠤᠯᠤᠨ ᠵᠤᠷᠢᠬᠵᠢᠭᠤᠯᠵᠤ ᠬᠠᠷᠢᠭᠤᠴᠠᠯᠭ᠎ᠠ ᠡᠬᠦᠷᠭᠡᠯᠡᠵᠤ ᠵᠢᠳᠬᠦᠯ ᠴᠢᠷᠮᠠᠶᠢᠯᠭ᠎ᠠ ᠭᠠᠷᠭᠠᠬᠤ ᠪᠠ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠺᠠᠳ᠋ᠷ ᠤᠨ ᠲᠠᠮᠡᠴᠡᠯ ᠤᠨ ᠵᠤᠷᠢᠭ ᠰᠠᠨᠠᠭ᠎ᠠ ᠪᠤᠯᠤᠨ ᠲᠠᠮᠠᠴᠡᠯ ᠤᠨ ᠴᠢᠳᠠᠪᠤᠷᠢ ᠶᠢ ᠬᠦᠮᠦᠵᠢᠬᠦᠯᠬᠦ ᠳᠤ ᠱᠠᠭᠠᠷᠳᠠᠯᠭ᠎ᠠ ᠲᠤᠷᠠᠳᠬᠤ ᠶᠢ ᠰᠠᠨᠠᠭᠤᠯᠪᠠ᠃ ᠵᠢᠷᠭᠤᠭ᠎ᠠ ᠳᠤ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠤᠨᠤᠯ ᠤᠨ ᠰᠤᠳᠤᠯᠭᠠᠨ ᠪᠤᠯᠤᠨ ᠤᠬᠠᠭᠤᠯᠭ᠎ᠠ ᠬᠦᠮᠦᠵᠢᠯ ᠢ ᠴᠢᠩᠭᠠᠳᠬᠠᠬᠤ ᠶᠢ ᠰᠠᠨᠠᠭᠤᠯᠪᠠ᠃ ᠲᠤᠯᠤᠭ᠎ᠠ ᠳᠤ᠂ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠬᠰᠡᠨ ᠡᠯ᠎ᠡ ᠵᠦᠢᠯ ᠤᠨ ᠦᠭᠡᠷᠡᠴᠢᠯᠡᠯᠳᠠ ᠶᠢᠨ ᠡᠬᠦᠷᠭᠡ ᠶᠢ ᠠᠬᠢᠭᠤᠯᠬᠤ ᠲᠠᠢ ᠨᠢᠬᠳᠠ ᠤᠶᠠᠯᠳᠤᠭᠤᠯᠵᠤ᠂ ᠨᠢᠭᠡ ᠴᠤᠬᠴᠠᠵᠢᠭᠤᠯᠤᠨ ᠠᠬᠢᠭᠤᠯᠬᠤ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠬᠤ ᠪᠦᠬᠦᠯᠢ ᠴᠤᠬᠴᠠ ᠶᠢᠨ ᠪᠠᠶᠢᠷᠢᠯᠠᠭᠤᠯᠤᠯᠳᠠ ᠪᠤᠯᠤᠨ ᠠᠵᠢᠯ ᠤᠨ ᠲᠤᠬᠳᠠᠴᠠ ᠶᠢ ᠪᠦᠷᠢᠯᠳᠦᠬᠦᠯᠬᠦ ᠶᠢ ᠰᠠᠨᠠᠭᠤᠯᠪᠠ᠃ ᠨᠠᠮ ᠤᠨ ᠲᠦᠪ ᠬᠤᠷᠢᠶ᠎ᠡ ᠪᠢᠴᠢᠭ ᠮᠠᠲ᠋ᠧᠷᠢᠶᠠᠯ ᠨᠤᠤᠷᠠᠭᠯᠠᠬᠤ ᠲᠤᠭᠤᠢᠢᠯᠠᠩ ᠢ ᠡᠯ᠎ᠡ ᠲᠠᠯ᠎ᠠ ᠶᠢᠨ ᠰᠠᠨᠠᠯ ᠪᠤᠯᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠤᠨ ᠰᠢᠩᠬᠡᠬᠡᠨ ᠠᠪᠬᠤ ᠶᠢ ᠱᠠᠭᠠᠷᠲᠠᠪᠠ᠃ ᠪᠢᠴᠢᠭ ᠮᠠᠲ᠋ᠧᠷᠢᠶᠠᠯ ᠨᠤᠤᠷᠠᠬᠯᠠᠬᠤ ᠲᠤᠭᠤᠢᠢᠯᠠᠩ ᠤᠨ ᠬᠢᠨ ᠡᠯ᠎ᠡ ᠲᠠᠯ᠎ᠠ ᠶᠢᠨ ᠲᠤᠷᠠᠳᠤᠭᠰᠠᠠ ᠰᠠᠨᠠᠯ ᠪᠤᠯᠤᠨ ᠰᠠᠨᠠᠭᠤᠯᠭ᠎ᠠ ᠶᠢ ᠵᠦᠢᠯ ᠵᠤᠷᠪᠤᠰ ᠲᠠᠷᠠᠭᠠᠯᠠᠨ ᠵᠠᠳᠠᠯᠵᠥ᠂ ᠰᠢᠩᠬᠡᠬᠡᠨ ᠠᠪᠴᠦ ᠪᠤᠯᠬᠤ ᠶᠢ ᠨᠢ ᠪᠤᠯᠬᠤ ᠶᠢᠨ ᠲᠤᠳᠤᠷ᠎ᠠ ᠪᠦᠷ ᠰᠢᠩᠬᠡᠬᠡᠨ ᠠᠪᠬᠤ ᠪᠠᠷ ᠴᠢᠷᠮᠡᠶᠢᠪᠠ᠃ ᠲᠠᠬᠢᠨ ᠲᠠᠪᠳᠠᠨ ᠰᠤᠳᠤᠯᠤᠨ ᠲᠤᠩᠭᠠᠬᠤ ᠪᠠᠷ ᠲᠠᠮᠵᠢᠨ᠂ ᠲᠤᠭᠳᠠᠭᠠᠯ ᠤᠨ ᠨᠤᠤᠷᠠᠭ ᠤᠨ 283 ᠭᠠᠵᠠᠷ ᠲᠤ ᠨᠡᠮᠡᠨ ᠪᠢᠴᠢᠵᠥ᠂ ᠵᠠᠰᠠᠨ ᠪᠢᠴᠢᠵᠥ᠂ ᠦᠰᠦᠭ ᠪᠢᠴᠢᠭ ᠢ ᠴᠤᠮᠬᠠᠳᠬᠠᠵᠥ᠂ ᠡᠯ᠎ᠡ ᠲᠠᠯ᠎ᠠ ᠶᠢᠨ ᠰᠠᠨᠠᠯ ᠪᠤᠯᠤᠨ ᠰᠠᠨᠠᠭᠤᠯᠭ᠎ᠠ 436 ᠵᠤᠷᠪᠤᠰ ᠢ ᠬᠠᠮᠤᠷᠤᠭᠰᠠᠠ ᠪᠠᠶᠢᠨ᠎ᠠ᠃ ᠲᠤᠭᠳᠠᠭᠠᠯ ᠢ ᠨᠤᠤᠷᠠᠬᠯᠠᠬᠤ ᠬᠤᠭᠤᠴᠠᠭᠠᠨ ᠳᠤ᠂ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠡ 3 ᠤᠳᠠᠭ᠎ᠠ ᠬᠤᠷᠡᠯ ᠬᠤᠷᠡᠯᠳᠤᠭᠤᠯᠵᠥ᠂ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ 2 ᠤᠳᠠᠭ᠎ᠠ ᠬᠤᠷᠡᠯ ᠬᠤᠷᠡᠯᠳᠤᠭᠤᠯᠵᠥ ᠬᠢᠨᠠᠨ ᠵᠦᠪᠯᠡᠵᠥ᠂ ᠡᠨᠡ ᠤᠳᠠᠭ᠎ᠠ ᠶᠢᠨ ᠪᠦᠬᠦᠳᠡ ᠬᠤᠷᠡᠯ ᠳᠤ ᠲᠡᠪᠰᠢᠬᠦᠯᠵᠥ ᠬᠢᠨᠠᠨ ᠵᠦᠪᠯᠡᠬᠦᠯᠬᠦ ᠲᠤᠭᠳᠠᠭᠠᠯ ᠤᠨ ᠨᠤᠤᠷᠠᠭ ᠢ ᠪᠦᠷᠢᠯᠳᠦᠬᠦᠯᠥᠭᠰᠡᠡ ᠪᠠᠶᠢᠨ᠎ᠠ᠃         ᠭᠤᠷᠪᠠ᠂ ᠲᠤᠭᠳᠠᠭᠠᠯ ᠤᠨ ᠨᠤᠤᠷᠠᠭ ᠤᠨ ᠦᠨᠳᠦᠰᠦᠨ ᠪᠤᠷᠤ ᠲᠦᠯᠥᠪ         ᠲᠤᠭᠳᠠᠭᠠᠯ ᠤᠨ ᠨᠤᠤᠷᠠᠭ ᠤᠨ ᠶᠡᠷᠤᠩᠬᠡᠢ ᠪᠤᠳᠤᠯᠬᠢᠯᠠᠯ ᠪᠤᠯ᠂ ︽ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ︾ ᠡᠨᠡ ᠬᠦ ᠭᠤᠤᠯ ᠰᠡᠳᠤᠪ ᠤᠨ ᠲᠤᠭᠤᠷᠢᠨ ᠳᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠠᠴᠠ ᠲᠤᠭᠳᠠᠭᠠᠭᠰᠠᠠ ᠪᠠᠶᠢᠯᠳᠤᠬᠤ ᠪᠤᠳᠤᠯᠭ᠎ᠠ ᠶᠢᠨ ᠬᠠᠷᠠᠯᠳᠠ ᠪᠤᠯᠤᠨ ᠴᠢᠬᠤᠯᠠ ᠶᠡᠭᠡ ᠡᠬᠦᠷᠬᠡ ᠠᠴᠠ ᠡᠬᠦᠰᠴᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠪᠠᠬᠢᠵᠢᠬᠦᠯᠬᠦ ᠪᠠᠷ ᠭᠤᠤᠯᠳᠠᠭᠤᠯᠵᠥ᠂ ᠨᠠᠮ ᠤᠨ ᠤᠷᠳᠤ ᠬᠤᠭᠤᠴᠠᠭ᠎ᠠ ᠲᠦᠷᠦ ᠪᠠᠷᠢᠬᠤ ᠪᠤᠯᠤᠨ ᠤᠯᠤᠰ ᠤᠨ ᠦᠨᠢ ᠤᠳᠠᠭᠠᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠳᠤᠯᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠬᠦᠯᠦᠨ ᠬᠦᠭᠵᠢᠬᠦᠯᠬᠦ ᠪᠠᠷ ᠭᠤᠤᠯᠳᠠᠭᠤᠯᠵᠥ᠂ ᠨᠡᠶᠢᠬᠡᠮ ᠵᠢᠷᠤᠮ ᠤᠨ ᠤᠳᠤᠬᠢᠴᠢᠯᠠᠬᠰᠠᠠ ᠤᠯᠤᠰ ᠢ ᠪᠦᠬᠦ ᠲᠡᠯ᠎ᠡ ᠪᠠᠷ ᠪᠦᠳᠦᠬᠡᠨ ᠪᠠᠶᠢᠭᠤᠯᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠤᠨ ᠲᠠᠪᠠᠭᠤᠯᠢᠭ ᠢ ᠬᠦᠢᠴᠡᠳ ᠪᠠᠳᠠᠷᠠᠭᠤᠯᠬᠤ ᠪᠠᠷ ᠭᠤᠤᠯᠳᠠᠭᠤᠯᠵᠥ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠵᠥ᠂ ᠨᠠᠮ ᠤᠨ ᠠᠷᠠᠳ ᠲᠦᠮᠡᠨ ᠢ ᠤᠳᠤᠷᠢᠳᠤᠨ ᠮᠠᠨ ᠤ ᠤᠯᠤᠰ ᠤᠨ ᠤᠯᠤᠰ ᠤᠨ ᠪᠠᠶᠢᠭᠤᠯᠤᠯ ᠤᠨ ᠪᠠᠶᠢᠭᠤᠯᠤᠯᠲᠠ ᠪᠤᠯᠤᠨ ᠤᠯᠤᠰ ᠤᠨ ᠵᠠᠰᠠᠯᠳᠠ ᠶᠢᠨ ᠲᠠᠯ᠎ᠠ ᠪᠠᠷ ᠤᠯᠤᠬᠰᠠᠠ ᠠᠮᠵᠢᠯᠳᠡ᠂ ᠬᠤᠷᠡᠮᠳᠤᠭᠤᠯᠤᠬᠰᠠᠠ ᠲᠤᠷᠰᠢᠯᠭ᠎ᠠ᠂ ᠪᠦᠷᠢᠯᠳᠦᠬᠦᠯᠥᠭᠰᠡᠡ ᠵᠠᠷᠴᠢᠮ ᠢ ᠪᠦᠬᠦ ᠲᠡᠯ᠎ᠡ ᠪᠠᠷ ᠳ᠋ᠦᠩᠨᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠲᠤᠯᠭᠠᠭᠤᠷᠢᠯᠠᠬᠤ ᠦᠨᠳᠦᠰᠦᠨ ᠲᠦᠷᠢᠮ᠂ ᠰᠠᠭᠤᠷᠢ ᠲᠦᠷᠢᠮ᠂ ᠴᠢᠬᠤᠯᠠ ᠲᠦᠷᠢᠮ ᠢ ᠪᠠᠷᠢᠮᠳᠠᠯᠠᠨ ᠲᠡᠭᠦᠯᠳᠡᠷᠵᠢᠬᠦᠯᠬᠦ ᠲᠤᠬᠠᠢ ᠭᠤᠤᠯᠳᠠᠯᠭ᠎ᠠ ᠲᠠᠢ ᠲᠤᠳᠤᠷᠬᠠᠢᠢᠯᠠᠨ ᠦᠬᠦᠯᠡᠵᠥ᠂ ᠬᠦᠨᠵᠡᠬᠡᠶᠢᠷᠡᠬᠦᠯᠬᠦ ᠴᠢᠬᠤᠯᠠᠳᠠᠢ ᠴᠢᠬᠤᠯᠠ ᠶᠡᠭᠡ ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ᠂ ᠠᠬᠢᠭᠤᠯᠬᠤ ᠴᠢᠬᠤᠯᠠᠳᠠᠢ ᠭᠤᠤᠯᠳᠠᠯᠭ᠎ᠠ ᠲᠠᠢ ᠠᠵᠢᠯ ᠡᠬᠦᠷᠬᠡ ᠶᠢ ᠪᠠᠶᠢᠷᠢᠯᠠᠭᠤᠯᠪᠠ᠃ ᠲᠤᠭᠳᠠᠭᠠᠯ ᠤᠨ ᠨᠤᠤᠷᠠᠭ 15 ᠪᠦᠯᠥᠭ ᠢᠶᠠᠷ ᠪᠦᠷᠢᠯᠳᠦᠵᠥ᠂ ᠭᠤᠷᠪᠠᠨ ᠶᠡᠭᠡ ᠬᠡᠰᠡᠭ ᠬᠤᠪᠢᠶᠠᠪᠠ᠃ ᠨᠢᠬᠡᠳᠤᠭᠡᠷ ᠶᠡᠭᠡ ᠬᠡᠰᠡᠭ ᠨᠢ ᠲᠠᠷᠤᠢ ᠨᠢᠬᠡᠳᠤᠭᠡᠷ ᠪᠦᠯᠥᠭ ᠪᠠᠶᠢᠵᠤ᠂ ᠶᠡᠷᠤᠩᠬᠡᠢ ᠦᠬᠦᠯᠡᠯᠳᠡ ᠪᠤᠯᠤᠨ᠎ᠠ᠂ ᠭᠤᠤᠯᠲᠠᠭᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠬᠦᠭᠵᠢᠯᠳᠡ ᠶᠢᠨ ᠲᠡᠤᠬᠡᠳᠤ ᠴᠢᠨᠠᠷᠳᠠᠢ ᠠᠮᠵᠢᠯᠳᠡ᠂ ᠢᠯᠡᠳᠳᠡ ᠲᠠᠪᠠᠭᠤᠯᠢᠭ ᠢ ᠲᠤᠳᠤᠷᠬᠠᠢᠢᠯᠠᠨ ᠦᠬᠦᠯᠡᠵᠥ᠂ ᠲᠤᠮᠳᠠᠳᠤ ᠤᠯᠤᠰ ᠤᠨ ᠤᠨᠴᠠᠯᠢᠭ ᠲᠡᠢᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ ᠴᠢᠬᠤᠯᠠ ᠠᠴᠢ ᠬᠤᠯᠪᠤᠭᠳᠠᠯ ᠪᠤᠯᠤᠨ ᠶᠡᠷᠤᠩᠬᠡᠢ ᠱᠠᠭᠠᠷᠳᠠᠯᠭ᠎ᠠ ᠶᠢ ᠲᠤᠷᠠᠳᠪᠠ᠃ ᠬᠤᠶᠠᠳᠤᠭᠠᠷ ᠶᠡᠭᠡ ᠬᠡᠰᠡᠭ ᠨᠢ ᠬᠤᠪᠢᠶᠠᠷᠢ ᠦᠬᠦᠯᠡᠯᠳᠡ ᠪᠤᠯᠤᠨ᠎ᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠲᠤᠯᠭᠠᠭᠤᠷᠢᠯᠠᠬᠤ ᠦᠨᠳᠦᠰᠦᠨ ᠲᠦᠷᠢᠮ᠂ ᠰᠠᠭᠤᠷᠢ ᠲᠦᠷᠢᠮ᠂ ᠴᠢᠬᠤᠯᠠ ᠲᠦᠷᠢᠮ ᠢ ᠪᠠᠷᠢᠮᠳᠠᠯᠠᠨ ᠲᠡᠭᠦᠯᠳᠡᠷᠵᠢᠬᠦᠯᠬᠦ ᠶᠢᠨ ᠲᠤᠭᠤᠷᠢᠨ ᠳᠤ᠂ 13 ᠪᠦᠯᠥᠭ ᠢ ᠲᠤᠬᠢᠷᠠᠭᠤᠯᠵᠥ᠂ ᠡᠯ᠎ᠡ ᠵᠦᠢᠯ ᠤᠨ ᠲᠦᠷᠢᠮ ᠤᠨ ᠡᠷᠬᠡᠪᠰᠢ ᠪᠠᠷᠢᠮᠳᠠᠯᠠᠨ ᠪᠠᠬᠢᠵᠢᠬᠦᠯᠬᠦ ᠦᠨᠳᠦᠰᠦᠨ ᠵᠦᠢᠯ᠂ ᠲᠡᠭᠦᠯᠳᠡᠷᠵᠢᠬᠦᠯᠦᠨ ᠬᠦᠭᠵᠢᠬᠦᠯᠬᠦ ᠴᠢᠭᠯᠡᠯ ᠢ ᠲᠤᠳᠤᠷᠬᠠᠢᠢᠯᠠᠬᠰᠠᠠ ᠪᠦᠬᠡᠳ ᠠᠵᠢᠯ ᠤᠨ ᠪᠠᠶᠢᠷᠢᠯᠠᠭᠤᠯᠤᠯᠳᠡ ᠬᠢᠪᠡ᠃ ᠭᠤᠷᠪᠠᠳᠤᠭᠠᠷ ᠶᠡᠭᠡ ᠬᠡᠰᠡᠭ ᠨᠢ ᠠᠷᠪᠠᠨ ᠲᠠᠪᠤᠳᠤᠭᠠᠷ ᠪᠦᠯᠥᠭ ᠪᠤᠯᠤᠨ ᠲᠡᠬᠦᠰᠬᠡᠯ ᠤᠨ ᠦᠬᠡ ᠪᠤᠯᠤᠨ᠎ᠠ᠂ ᠭᠤᠤᠯᠲᠠᠭᠤ ᠨᠠᠮ ᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠲᠠᠯ᠎ᠠ ᠪᠠᠷ ᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠲᠤᠷᠠᠳᠪᠠ᠃ ᠨᠦᠬᠦᠳ ᠨᠠᠷ ᠨᠠᠮ ᠤᠨ ᠲᠦᠪ ᠬᠤᠷᠢᠶᠡᠨ ᠤ ᠵᠤᠷᠢᠭ ᠰᠠᠨᠠᠭ᠎ᠠ ᠶᠢ ᠬᠦᠨᠵᠡᠬᠡᠢ ᠤᠢᠢᠯᠠᠭᠠᠨ ᠡᠵᠡᠮᠰᠢᠵᠥ᠂ ︽ᠶᠠᠭᠤ ᠶᠢ ᠪᠠᠷᠢᠮᠳᠡᠯᠡᠨ ᠪᠠᠬᠢᠵᠢᠬᠦᠯᠬᠦ᠂ ᠶᠠᠭᠤ ᠶᠢ ᠲᠡᠭᠦᠯᠳᠡᠷᠵᠢᠬᠦᠯᠦᠨ ᠬᠦᠭᠵᠢᠬᠦᠯᠬᠦ︾᠎ ᠶᠢᠨ ᠲᠤᠭᠤᠷᠢᠨ ᠳᠤ ᠶᠠᠷᠢᠯᠴᠠᠭ᠎ᠠ ᠦᠷᠨᠢᠬᠦᠯᠵᠥ᠂ ᠵᠠᠰᠠᠪᠤᠷᠢ ᠤᠷᠤᠭᠤᠯᠬᠤ ᠪᠦᠳᠤᠭᠡᠯᠴᠢ ᠴᠢᠨᠠᠷᠳᠠᠢ ᠰᠠᠨᠠᠯ ᠪᠤᠯᠤᠨ ᠰᠠᠨᠠᠭᠤᠯᠭ᠎ᠠ ᠲᠤᠷᠠᠳᠴᠦ᠂ ᠬᠠᠮᠳᠤ ᠪᠠᠷ ᠡᠨᠡ ᠤᠳᠠᠭ᠎ᠠ ᠶᠢᠨ ᠪᠦᠬᠦᠳᠡ ᠬᠤᠷᠡᠯ ᠢ ᠰᠠᠶᠢᠳᠤᠷ ᠬᠤᠷᠡᠯᠳᠤᠭᠤᠯᠬᠤ ᠶᠢ ᠬᠦᠰᠡᠵᠥ ᠪᠠᠶᠢᠨ᠎ᠠ᠃ ︵ᠰᠢᠨᠬᠤᠸᠠ ᠬᠤᠷᠢᠶᠡᠨ ᠤ ᠪᠡᠭᠡᠵᠢᠩ ᠤᠨ 11 ᠰᠠᠷ᠎ᠠ ᠶᠢᠨ 5᠎ ᠤ ᠴᠠᠬᠢᠯᠭᠠᠨ ᠮᠡᠳᠡᠭᠡ︶
 
ᠢᠷᠡᠯᠲᠡ᠄ ᠠᠷᠠᠳ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号