ᠳᠤᠮᠳᠠᠳᠤ ᠰᠤᠷᠭᠠᠭᠤᠯᠢ ᠶᠢᠨ ᠰᠤᠷᠤᠭᠴᠢ ᠥᠷᠯᠥᠭᠡᠨ ᠤ ᠬᠤᠭᠤᠯᠠ ᠢᠳᠡᠬᠦ ᠦᠭᠡᠢ ᠪᠣᠯ ᠬᠢᠷᠢ ᠪᠦᠲᠦᠮᠵᠢ ᠮᠠᠭᠤᠳᠠᠨ᠎ᠠ ᠬᠡᠵᠤ ᠠᠩᠭ᠍ᠯᠢ ᠶᠢᠨ ᠬᠢᠨ ᠳᠤᠳᠤᠯᠠᠵᠠᠢ
ᠨᠡᠶᠢᠲᠡᠯᠡᠭᠰᠡᠨ ᠴᠠᠭ᠄
2019/11/27
        ᠰᠢᠨᠬᠤᠸᠠ ᠬᠤᠷᠢᠶ᠎ᠠ ᠯᠣᠨᠳᠣᠨ ᠤ 11 ᠰᠠᠷ᠎ᠠ ᠶᠢᠨ 24᠎ ᠤ ᠡᠳᠦᠷ ᠤᠨ ᠴᠠᠬᠢᠯᠭᠠᠨ ᠮᠡᠳᠡᠭᠡ ᠠᠩᠭ᠍ᠯᠢ ᠶᠢᠨ ᠰᠤᠳᠤᠯᠭᠠᠲᠠᠳ ᠣᠯᠠᠨ ᠤᠯᠤᠰ ᠤᠨ ᠰᠡᠳᠬᠦᠯ ᠪᠤᠯᠬᠤ 《 ᠣᠯᠠᠨ ᠨᠡᠢᠲᠡ ᠶᠢᠨ ᠡᠷᠡᠭᠦᠯ ᠬᠠᠮᠠᠭᠠᠯᠠᠯ ᠤᠨ ᠬᠤᠰᠢᠭᠤᠷᠠᠯ 》᠎ ᠳᠤ ᠥᠭᠦᠯᠡᠯ ᠨᠡᠢᠲᠡᠯᠡᠵᠦ᠂ ᠦᠷᠭᠦᠯᠵᠢ ᠥᠷᠯᠥᠭᠡ ᠶᠢᠨ ᠬᠤᠭᠤᠯᠠ ᠢᠳᠡᠳᠡᠭ ᠰᠤᠷᠤᠭᠴᠢᠳ ᠲᠠᠢ ᠠᠳᠠᠯᠢᠳᠬᠠᠪᠠᠯ᠂ ᠥᠷᠯᠥᠭᠡᠨ ᠤ ᠬᠤᠭᠤᠯᠠ ᠳᠡᠮᠡᠶ ᠢᠳᠡᠳᠡᠭ ᠥᠬᠡᠶ ᠰᠤᠷᠤᠭᠴᠢᠳ ᠠᠩᠭ᠍ᠯᠢ ᠶᠢᠨ ᠡᠩ ᠤᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠨᠡᠮᠯᠡᠯ ᠤᠨ ᠰᠢᠯᠭᠠᠯᠲᠠ (GCSE)᠎ ᠳᠤ ᠣᠯᠤᠭᠰᠠᠨ ᠬᠢᠷᠢ ᠪᠦᠲᠦᠮᠵᠢ ᠨᠢ ᠨᠠᠩ ᠠᠨᠠᠶ  ᠪᠠᠶᠢᠳᠠᠭ ᠬᠡᠵᠡᠢ᠃         ᠡᠨᠡ ᠬᠦ ᠰᠤᠳᠤᠯᠭᠠᠨ ᠢ ᠡᠷᠬᠢᠯᠡᠵᠦ ᠪᠠᠢᠭ᠎ᠠ ᠯᠢᠽ ᠶᠡᠭᠡ ᠰᠤᠷᠭᠠᠭᠤᠯᠢ ᠶᠢᠨ ᠰᠡᠳᠬᠢᠴᠡ ᠶᠢᠨ ᠳᠡᠭᠡᠳᠦ ᠰᠤᠷᠭᠠᠭᠤᠯᠢ ᠶᠢᠨ ᠰᠤᠳᠤᠯᠤᠭᠴᠢ ᠺᠠᠶᠢᠲ᠋ᠢ᠂ ᠠᠳᠦ᠋ᠸᠧᠰ ᠬᠡᠯᠡᠬᠦ ᠳᠡᠭᠡᠨ᠂ ᠥᠷᠯᠥᠭᠡ ᠶᠢᠨ ᠬᠤᠭᠤᠯᠠ ᠨᠢ ᠨᠢᠭᠡ ᠡᠳᠦᠷ ᠤᠨ ᠰᠤᠷᠤᠯᠴᠠᠯᠭ᠎ᠠ ᠶᠢᠨ ᠠᠵᠢᠯᠯᠠᠭ᠎ᠠ ᠡᠬᠢᠯᠡᠬᠦ ᠦᠶ᠎ᠡ ᠪᠠᠷ ᠶᠡᠭᠡ ᠲᠠᠷᠢᠬᠢᠨ ᠳᠤ ᠡᠨᠧᠷᠭᠢ ᠬᠠᠩᠭᠠᠳᠠᠭ ᠪᠤᠯᠬᠤᠷ ᠥᠷᠯᠥᠭᠡ ᠶᠢᠨ ᠬᠤᠭᠤᠯᠠ ᠢᠳᠡᠬᠦ ᠥᠬᠡᠶ ᠪᠤᠯ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠢᠷᠢ ᠪᠦᠲᠦᠮᠵᠢ ᠳᠤ ᠠᠰᠢᠭ ᠥᠬᠡᠶ ᠨᠥᠯᠥᠭᠡ ᠦᠵᠡᠭᠦᠯᠳᠡᠭ ᠭᠡᠵᠡᠶ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号