| | | | | | 24 ᠤ ᠡᠳᠤᠷ᠂ ᠤᠯᠤᠰ ᠲᠠᠶᠠᠭᠠᠷ ᠲᠤ ᠡᠮᠨᠡᠯᠬᠡ ᠶᠢᠨ ᠲᠠᠭᠠᠳᠬᠠᠯ ᠤᠨ ᠴᠠᠬᠢᠮ ᠦᠨᠡᠮᠯᠡᠬᠦ ᠶᠢ ᠠᠩᠬ᠎ᠠ | ᠲᠠᠷᠬᠠᠭᠠᠬᠤ ᠠᠵᠢᠯᠯᠠᠭ᠎ᠠ ᠪᠤᠯᠪᠠ᠃ ᠲᠠᠭᠠᠳᠬᠠᠯ ᠳᠤ ᠤᠷᠤᠭᠰᠠᠳ ᠲᠤ ᠡᠨᠡᠬᠦ ᠴᠠᠬᠢᠮ ᠦᠨᠡᠮᠯᠡᠬᠦ ᠶᠢ ᠠᠰᠢᠭᠯᠠᠬᠤ ᠳᠤ | ᠲᠤᠰᠠ ᠲᠦᠬᠦᠮ ᠦᠵᠡᠬᠦᠯᠬᠦ ᠶᠢᠨ ᠲᠦᠯᠦᠬᠡ ᠤᠯᠤᠰ ᠤᠨ ᠡᠮᠴᠢᠯᠡᠬᠡᠨ ᠤ ᠪᠠᠳᠤᠯᠠᠭᠠᠨ ᠤ ᠲᠤᠪᠴᠢᠶᠠᠨ ᠠᠴᠠ | ᠤᠯᠤᠰ ᠤᠨ ᠡᠮᠨᠡᠯᠬᠡ ᠶᠢᠨ ᠲᠠᠭᠠᠳᠬᠠᠯ ᠤᠨ ᠦᠢᠯᠡᠴᠢᠯᠡᠬᠡᠨ ᠤ App ᠶᠢ ᠨᠡᠬᠡᠬᠡᠨ ᠠᠰᠢᠭᠯᠠᠭᠰᠠᠨ ᠪᠠᠶᠢᠨ᠎ᠠ᠃ | ᠡᠮᠨᠡᠯᠬᠡ ᠶᠢᠨ ᠲᠠᠭᠠᠳᠬᠠᠯ ᠤᠨ ᠴᠠᠬᠢᠮ ᠦᠨᠡᠮᠯᠡᠬᠦ ᠨᠢ ᠤᠯᠤᠰ ᠲᠠᠶᠠᠭᠠᠷ ᠤᠨ ᠡᠮᠨᠡᠯᠬᠡ ᠶᠢᠨ ᠲᠠᠭᠠᠳᠬᠠᠯ ᠤᠨ | ᠴᠠᠬᠢᠮ ᠦᠢᠯᠡᠴᠢᠯᠡᠬᠡᠨ ᠤ ᠴᠤᠷ ᠤᠨ ᠭᠠᠭᠴᠠ ᠪᠡᠶ᠎ᠡ ᠶᠢᠨ ᠦᠨᠡᠮᠯᠡᠬᠦ ᠪᠤᠯᠤᠨ᠎ᠠ᠃ ᠲᠤᠬᠠᠢ ᠶᠢᠨ ᠡᠳᠤᠷ ᠾᠧᠪᠧᠢ᠂ | ᠭᠢᠷᠢᠨ᠂ ᠬᠠᠷᠠᠮᠦ᠋ᠷᠡᠨ᠂ ᠱᠠᠩᠬᠠᠢ᠂ ᠹᠦᠵᠢᠶᠠᠨ᠂ ᠱᠠᠨᠳᠦ᠋ᠩ᠂ ᠭᠤᠸᠠᠩᠳᠦ᠋ᠩ ᠵᠡᠷᠬᠡ 7 ᠮᠤᠵᠢ ᠬᠤᠳᠠ ᠶᠢᠨ ᠵᠠᠷᠢᠮ | ᠬᠤᠳᠠ ᠨᠤᠭᠤᠳ ᠨᠢ ᠮᠦᠨ ᠡᠨᠡᠬᠦ ᠦᠨᠡᠮᠯᠡᠬᠦ ᠶᠢ ᠠᠰᠢᠭᠯᠠᠵᠤ ᠡᠬᠢᠯᠡᠪᠡ᠃ | ᠲᠤᠰ ᠴᠠᠬᠢᠮ ᠦᠨᠡᠮᠯᠡᠬᠦ ᠨᠢ ᠤᠳᠠᠬᠤ ᠦᠭᠡᠢ ᠤᠯᠤᠰ ᠲᠠᠶᠠᠭᠠᠷ ᠲᠤ ᠪᠦᠷᠬᠦᠵᠤ᠂ ᠢᠷᠡᠬᠡᠳᠤᠢ ᠳᠤ ᠤᠨᠳᠤᠤ | ᠭᠠᠵᠠᠷ ᠲᠤ ᠡᠮᠴᠢᠯᠡᠬᠦᠯᠬᠦ ᠳᠤ ᠴᠤ ᠠᠰᠢᠭᠯᠠᠵᠤ ᠪᠤᠯᠬᠤ ᠶᠢ ᠪᠡᠶᠡᠯᠡᠬᠦᠯᠦᠨ᠎ᠡ ᠬᠡᠵᠤ ᠤᠯᠤᠰ ᠤᠨ ᠡᠮᠴᠢᠯᠡᠬᠡᠨ ᠤ | ᠪᠠᠳᠤᠯᠠᠭ᠎ᠠ ᠶᠢᠨ ᠲᠤᠪᠴᠢᠶᠠᠨ ᠤ ᠬᠠᠮᠢᠶᠠᠳᠠᠢ ᠬᠠᠷᠢᠭᠤᠴᠠᠯᠭᠠᠳᠠᠨ ᠢᠯᠡᠷᠬᠡᠶᠢᠯᠡᠪᠡ᠃ | |