ᠴᠠᠭᠠᠨ ᠢᠳᠡᠭᠡᠨ ᠤ ᠠᠴᠢ ᠳᠤᠰᠠ
ᠨᠡᠶᠢᠲᠡᠯᠡᠭᠰᠡᠨ ᠴᠠᠭ᠄
2019/12/10
       ᠴᠠᠭᠠᠨ ᠢᠳᠡᠭᠡ ᠪᠠᠷ ᠡᠪᠡᠳᠴᠢᠨ ᠬᠠᠭᠤᠴᠢᠨ ᠢ ᠡᠮᠨᠡᠳᠡᠭ ᠵᠤᠷᠰᠢᠯ ᠮᠣᠩᠭᠤᠯᠴᠤᠳ ᠤᠨ ᠳᠣᠲᠣᠷ᠎ᠠ ᠤᠳᠠᠭᠠᠨ ᠣᠨ ᠤ ᠤᠯᠠᠮᠵᠢᠯᠠᠯ ᠲᠠᠢ᠃ 1᠂ ᠰᠦ ᠪᠣᠯ ᠠᠯᠢᠪᠠ ᠴᠠᠭᠠᠨ ᠢᠳᠡᠭᠡᠨ ᠤ ᠡᠬᠢ ᠮᠥᠨ᠂ ᠮᠦᠨᠴᠤ ᠴᠠᠭᠠᠨ ᠢᠳᠡᠭᠡᠨ ᠤ ᠵᠦᠢᠯ ᠢ ᠪᠣᠯᠪᠠᠰᠤᠷᠠᠭᠤᠯᠬᠤ ᠲᠦᠭᠦᠬᠡᠢ ᠮᠠᠲ᠋ᠧᠷᠢᠶᠠᠯ ᠪᠣᠯᠣᠨ᠎ᠠ᠃ ᠰᠦ᠂ ᠠᠮᠢᠵᠢᠷᠠᠯ ᠤᠨ ᠭᠤᠣᠯᠯᠠᠭᠴᠢ ᠲᠡᠵᠢᠭᠡᠯ ᠮᠥᠨ᠃ ᠦᠨᠢᠶᠡᠨ ᠰᠦ ᠶᠢᠨ ᠰᠢᠮ᠎ᠡ ᠲᠡᠵᠢᠭᠡᠯ ᠮᠠᠰᠢ ᠡᠯᠪᠡᠭ᠂ ᠥᠷᠭᠡᠨ ᠬᠡᠷᠡᠭᠴᠡᠭᠡ ᠲᠠᠢ ᠪᠥᠭᠡᠳ ᠵᠠᠷᠢᠮ ᠵᠦᠢᠯ ᠤᠨ ᠡᠪᠡᠳᠴᠢᠨ ᠢ ᠵᠠᠰᠠᠬᠤ ᠳᠤ ᠶᠡᠬᠡᠬᠡᠨ ᠲᠤᠰᠠᠯᠠᠮᠵᠢ ᠪᠣᠯᠳᠠᠭ᠃ ᠭᠤᠣᠯᠳᠠᠭᠤ ᠬᠤᠳᠣᠭᠤᠳᠤ ᠭᠡᠳᠡᠰᠦᠨ ᠤ ᠰᠢᠷᠬᠠᠯᠠᠭ᠎ᠠ ᠶᠢ ᠪᠠᠭᠠᠰᠬᠠᠬᠤ ᠪᠤᠶᠤ ᠡᠳᠡᠭᠡᠷᠡᠭᠦᠯᠬᠦ ᠦᠢᠯᠡᠳᠦᠯ ᠲᠠᠢ᠂ ᠪᠠᠰᠠ ᠬᠤᠳᠣᠭᠤᠳᠤᠨ ᠤ ᠦᠮᠡᠨ ᠢ ᠰᠡᠷᠭᠡᠶᠢᠯᠡᠬᠦ ᠳᠤ ᠵᠣᠬᠢᠬᠤ ᠦᠢᠯᠡᠳᠦᠯ ᠦᠵᠡᠭᠦᠯᠦᠨ᠎ᠡ᠃ ᠰᠦ ᠶᠢᠨ ᠰᠢᠮ᠎ᠡ ᠲᠡᠵᠢᠭᠡᠯ ᠤᠨ ᠣᠨᠴᠠᠯᠢᠭ ᠨᠢ ᠶᠠᠭ ᠯᠡ ᠨᠢᠯᠬ᠎ᠠ ᠬᠡᠦᠬᠡᠳ ᠪᠠ ᠨᠠᠰᠤᠲᠠᠶᠢᠴᠤᠤᠯ ᠳᠤ ᠲᠤᠰᠬᠠᠶᠢᠯᠠᠨ ᠵᠣᠷᠢᠭᠤᠯᠤᠭᠰᠠᠨ ᠰᠢᠬ ᠲᠡᠳᠡᠨ ᠤ ᠬᠡᠷᠡᠭᠴᠡᠭᠡ ᠳᠤ ᠮᠠᠰᠢ ᠲᠣᠬᠢᠷᠠᠵᠤ᠂ ᠡᠷᠡᠭᠦᠯ ᠮᠡᠨᠳᠦ ᠶᠢ ᠬᠠᠮᠠᠭᠠᠯᠠᠬᠤ ᠬᠠᠮᠤᠭ ᠤᠨ ᠰᠠᠶᠢᠨ ᠢᠳᠡᠭᠡᠨ ᠶᠤᠮ᠃ 2᠂ ᠴᠡᠭᠡ ᠪᠣᠯ ᠭᠡᠭᠦᠦ ᠶᠢᠨ ᠰᠦ ᠶᠢ ᠢᠰᠬᠡᠵᠦ ᠬᠢᠭᠰᠡᠨ ᠡᠮ ᠡᠮᠨᠡᠯᠭᠡ ᠶᠢᠨ ᠦᠨ᠎ᠡ ᠥᠷᠲᠡᠭ ᠲᠠᠢ ᠤᠯᠠᠮᠵᠢᠯᠠᠯᠲᠤ ᠴᠠᠭᠠᠨ ᠢᠳᠡᠭᠡᠨ ᠶᠤᠮ᠃ ᠴᠡᠭᠡ ᠶᠢ ᠦᠷᠭᠦᠯᠵᠢ ᠤᠤᠭᠤᠪᠠᠯ ᠬᠥᠮᠥᠨ ᠤ ᠪᠡᠶ᠎ᠡ ᠶᠢᠨ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠠᠴᠠ ᠭᠠᠳᠠᠨ᠎ᠠ ᠴᠢᠰᠤᠨ ᠤ ᠲᠣᠰᠣᠯᠢᠭ ᠢ ᠪᠠᠭᠤᠷᠠᠭᠤᠯᠤᠨ᠂ ᠵᠢᠷᠦᠬᠡᠨ ᠤ ᠲᠠᠮᠢᠷ ᠢ ᠰᠠᠶᠢᠵᠢᠷᠠᠭᠤᠯᠵᠤ᠂ ᠪᠡᠶ᠎ᠡ ᠮᠠᠬᠠᠪᠤᠳ ᠢ ᠴᠢᠬᠢᠷᠠᠭᠵᠢᠭᠤᠯᠬᠤ ᠪᠠᠷ ᠪᠠᠷᠠᠬᠤ ᠦᠭᠡᠢ᠂ ᠪᠠᠰᠠ ᠠᠭᠤᠰᠬᠢᠨ ᠦᠷᠪᠢᠰᠦᠯ᠂ ᠬᠡᠢ ᠬᠠᠪᠤᠩ᠂ ᠤᠵᠢᠭ ᠴᠢᠨᠠᠷᠲᠠᠢ ᠬᠤᠳᠣᠭᠤᠳᠤ ᠭᠡᠳᠡᠰᠦᠨ ᠤ ᠡᠪᠡᠳᠴᠢᠨ᠂ ᠪᠠᠮ ᠡᠪᠡᠳᠴᠢᠨ᠂ ᠮᠡᠳᠡᠷᠡᠯ ᠮᠠᠭᠤᠳᠠᠬᠤ ᠵᠡᠷᠭᠡ ᠳᠣᠲᠣᠷ ᠡᠷᠬᠡᠲᠡᠨ ᠤ ᠣᠯᠠᠨ ᠵᠦᠢᠯ ᠤᠨ ᠡᠪᠡᠳᠴᠢᠨ ᠳᠤ ᠲᠤᠰᠠᠲᠠᠢ ᠪᠠᠶᠢᠳᠠᠭ ᠢᠶᠠᠷ ᠢᠶᠠᠨ ᠮᠣᠩᠭᠤᠯ ᠡᠮᠨᠡᠯᠭᠡ ᠶᠢᠨ ᠡᠮᠴᠢᠯᠡᠭᠡ ᠳᠤ ᠴᠦ ᠬᠡᠷᠡᠭᠯᠡᠬᠦ ᠪᠣᠯᠵᠠᠢ᠃ 3᠂ ᠠᠶᠢᠷᠠᠭ ᠪᠣᠯ ᠦᠨᠢᠶᠡᠨ ᠰᠦ ᠶᠢᠨ ᠲᠤᠰᠬᠠᠢ ᠬᠥᠷᠥᠩᠭᠡ ᠪᠠᠷ ᠢᠰᠬᠡᠨ ᠢᠳᠡᠭᠡᠰᠢᠭᠦᠯᠵᠦ᠂ ᠪᠦᠯᠢᠵᠦ ᠪᠣᠯᠪᠠᠰᠤᠷᠠᠭᠤᠯᠤᠨ ᠬᠢᠳᠡᠭ᠃ ᠬᠥᠭᠡᠰᠦᠯᠢᠭ ᠴᠠᠭᠠᠨ ᠥᠩᠭᠡᠲᠡᠢ᠂ ᠰᠡᠩᠭᠢᠨᠡᠭᠰᠡᠨ ᠠᠩᠬᠢᠯᠤᠮ᠎ᠠ ᠦᠨᠦᠷᠲᠡᠢ ᠭᠠᠰᠢᠭᠤᠨ ᠬᠦᠴᠢᠯᠯᠢᠭ ᠠᠮᠲᠠᠲᠠᠢ ᠢᠳᠡᠭᠡᠨ ᠶᠤᠮ᠃ ᠠᠶᠢᠷᠠᠭ ᠪᠣᠯ ᠬᠤᠣᠷ ᠲᠠᠶᠢᠯᠬᠤ ᠣᠨᠴᠠ ᠦᠢᠯᠡᠳᠦᠯ ᠲᠠᠢ ᠲᠤᠯᠠ ᠬᠤᠣᠷᠳᠠᠭᠳᠠᠭᠰᠠᠨ ᠬᠥᠮᠥᠨ᠂ ᠮᠠᠯ ᠳᠤ ᠤᠤᠭᠤᠯᠭᠠᠪᠠᠯ ᠬᠤᠣᠷ ᠨᠢ ᠠᠮᠠᠷᠬᠠᠨ ᠲᠠᠶᠢᠯᠤᠭᠳᠠᠨ᠎ᠠ᠃ ᠠᠶᠢᠷᠠᠭ ᠤᠨ ᠥᠩᠭᠦᠷ ᠢ ᠪᠢᠲᠡᠭᠦᠦ ᠬᠠᠪᠤᠳᠠᠷ ᠪᠤᠶᠤ ᠮᠣᠭᠠᠢ ᠳᠤ ᠬᠠᠳᠬᠤᠭᠳᠠᠭᠰᠠᠨ ᠰᠢᠷᠬᠠᠨ ᠳᠤ ᠲᠦᠷᠬᠢᠪᠡᠯ ᠬᠤᠣᠷ ᠎ ᠨᠢ ᠭᠠᠷᠳᠠᠭ᠃ ᠰᠠᠶᠢᠨ ᠢᠰᠦᠭᠰᠡᠨ ᠠᠶᠢᠷᠠᠭ ᠢ ᠡᠴᠡᠩᠬᠡᠢ ᠮᠠᠯ ᠳᠤ ᠴᠢᠳᠬᠤᠪᠠᠯ ᠠᠮᠠᠷᠬᠠᠨ ᠲᠡᠩᠬᠡᠭᠡᠷᠡᠳᠡᠭ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号