| —— ᠪᠢᠯᠢᠬᠦᠨᠬᠡᠷᠡᠯ | | | ᠤᠳᠤ ᠶᠢᠨ ᠲᠤᠮᠳᠠᠳᠦ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠪᠠᠶᠢᠳᠠᠯ ᠪᠠ | ᠰᠤᠷᠤᠭᠴᠢᠳ ᠤᠨ ᠬᠡᠯᠡᠨ ᠤ ᠰᠠᠭᠤᠷᠢ ᠲᠡᠭᠡᠷ᠎ᠡ ᠵᠠᠭᠤᠨ ᠲᠠᠢ ᠬᠠᠷᠢᠴᠠᠭᠤᠯᠪᠠᠯ ᠮᠡᠳᠡᠭᠳᠡᠮ᠎ᠡ ᠬᠤᠪᠢᠷᠠᠯᠲᠠ ᠭᠠᠷᠤᠭᠰᠠᠨ | ᠪᠠᠶᠢᠨ᠎ᠠ᠃ ᠨᠡᠶᠢᠭᠡᠮ ᠤᠨ ᠬᠦᠭᠵᠢᠯᠲᠡ ᠬᠤᠪᠢᠷᠠᠯᠲᠠ ᠪᠠ ᠰᠤᠷᠭᠠᠨ ᠬᠦᠮᠦᠵᠢᠯ ᠤᠨ ᠦᠭᠡᠷᠡᠴᠢᠯᠡᠯᠲᠡ | ᠰᠢᠨᠡᠴᠢᠯᠡᠯᠳᠡ ᠶᠢ ᠲᠠᠭᠠᠯᠳᠤᠨ ᠬᠡᠯᠡ ᠪᠢᠴᠢᠭ ᠤᠨ ᠵᠢᠭᠠᠨ ᠰᠤᠷᠭᠠᠯᠲᠠ ᠳᠤ ᠬᠦᠭᠵᠢᠨ ᠲᠠᠪᠰᠢᠭᠰᠠᠨ ᠵᠦᠢᠯ ᠪᠠᠭ᠎ᠠ | ᠪᠤᠰᠤ ᠪᠠᠶᠢᠭ᠎ᠠ ᠪᠤᠯᠪᠠᠴᠦ ᠬᠦᠴᠢᠷᠲᠡᠢ ᠠᠰᠠᠭᠤᠳᠠᠯ ᠪᠠ ᠳᠣᠯᠭᠠᠮᠳᠠᠭᠰᠠᠨ ᠵᠦᠢᠯᠡᠰ ᠴᠦ ᠤᠯᠠᠨ ᠢᠯᠡᠷᠡᠵᠡᠢ᠃ ᠬᠡᠯᠡ | ᠪᠢᠴᠢᠭ ᠨᠢ ᠰᠤᠷᠤᠭᠴᠢᠳ ᠤᠨ ᠬᠢᠷᠢ ᠪᠦᠲᠦᠮᠵᠢ ᠪᠠᠨ ᠲᠡᠭᠡᠭᠰᠢᠯᠡᠭᠦᠯᠬᠦ ᠳᠤ ᠬᠠᠮᠤᠭ ᠤᠨ ᠬᠦᠴᠢᠷᠳᠡᠬᠦ ᠬᠢᠴᠢᠶᠡᠯ | ᠲᠦᠷᠦᠯ ᠤᠨ ᠨᠢᠭᠡ᠂ ᠬᠤᠲᠠ ᠶᠢᠨ ᠬᠡᠤᠬᠡᠳ ᠤᠨ ᠬᠠᠮᠤᠭ ᠤᠨ ᠰᠤᠷᠬᠤ ᠲᠤᠷ᠎ᠠ ᠪᠠᠬ᠎ᠠ ᠦᠭᠡᠢ ᠬᠢᠴᠢᠶᠡᠯ ᠪᠤᠯᠵᠦ | ᠪᠠᠶᠢᠨ᠎ᠠ᠃ ᠲᠡᠭᠡᠪᠡᠯ ᠬᠡᠯᠡ ᠪᠢᠴᠢᠭ ᠤᠨ ᠬᠢᠴᠢᠶᠡᠯ ᠨᠢ ᠶᠠᠭᠠᠬᠢᠭᠠᠳ ᠬᠠᠮᠤᠭ ᠤᠨ ᠠᠮᠠᠷᠬᠠᠨ ᠰᠤᠷᠴᠦ ᠴᠢᠳᠠᠳᠠᠭ | ᠬᠢᠴᠢᠶᠡᠯ ᠪᠠᠶᠢᠭᠰᠠᠨ ᠠᠴᠠ ᠪᠠᠨ ᠰᠤᠷᠬᠤ ᠳᠤ ᠬᠦᠴᠢᠷᠳᠡᠬᠦ ᠬᠢᠴᠢᠶᠡᠯ ᠪᠤᠯᠴᠢᠬᠠᠪᠠ︖ ᠬᠡᠯᠡ ᠪᠢᠴᠢᠭ ᠤᠨ ᠵᠢᠭᠠᠨ | ᠰᠤᠷᠭᠠᠯᠲᠠ ᠲᠤᠮᠳᠠ ᠴᠤᠬᠤᠮ ᠶᠠᠮᠠᠷ ᠠᠰᠠᠭᠤᠳᠠᠯ ᠤᠳ ᠲᠤᠯᠭᠠᠷᠠᠵᠦ ᠪᠠᠶᠢᠭ᠎ᠠ ᠪᠤᠯ︖ ᠡᠭᠦᠨ ᠢ ᠬᠡᠷᠬᠢᠨ | ᠰᠢᠢᠳᠪᠦᠷᠢᠯᠡᠪᠡᠯ ᠵᠤᠬᠢᠬᠤ ᠪᠤᠢ︖ | ᠨᠢᠭᠡ᠂ ᠰᠤᠷᠤᠭᠴᠢᠳ ᠢ ᠬᠡᠯᠡᠨ ᠤ ᠮᠡᠳᠡᠷᠡᠮᠵᠢ ᠲᠠᠢ ᠪᠤᠯᠭᠠᠬᠤ ᠳᠤ ᠬᠦᠴᠢᠷᠲᠡᠢ ᠪᠠᠶᠢᠭ᠎ᠠ ᠠᠰᠠᠭᠤᠳᠠᠯ | | ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠲᠤᠬᠠᠢ ︽ᠬᠡᠯᠡ ᠪᠢᠴᠢᠭ ᠤᠨ ᠬᠢᠴᠢᠶᠡᠯ ᠤᠨ ᠪᠠᠷᠢᠮᠵᠢᠶ᠎ᠠ︾ | ᠳᠤ᠄ ︽ᠬᠡᠯᠡ ᠪᠢᠴᠢᠭ ᠤᠨ ᠬᠢᠴᠢᠶᠡᠯ ᠪᠤᠯ ᠰᠤᠷᠤᠭᠴᠢᠳ ᠢ ᠵᠤᠬᠢᠶᠠᠨ ᠪᠠᠶᠢᠭᠤᠯᠵᠦ ᠲᠦᠷᠦᠯᠬᠢ ᠬᠡᠯᠡᠨ ᠤ ᠤᠡᠭᠰᠢᠬᠤ | ᠂ ᠪᠢᠴᠢᠬᠦ᠂ ᠶᠠᠷᠢᠬᠤ᠂ ᠰᠤᠨᠤᠰᠬᠤ ᠦᠢᠯᠡᠳᠦᠯᠭᠡ ᠳᠤ ᠦᠷᠭᠡᠨ ᠲᠡᠯᠭᠡᠷ ᠤᠷᠤᠯᠴᠠᠭᠤᠯᠬᠤ ᠪᠠᠷ ᠲᠠᠮᠵᠢᠭᠤᠯᠵᠦ᠂ ᠬᠡᠯᠡ | ᠵᠤᠬᠢᠶᠠᠯ ᠤᠨ ᠦᠨᠳᠦᠰᠦᠨ ᠮᠡᠳᠡᠯᠭᠡ ᠴᠢᠳᠠᠪᠤᠷᠢ ᠡᠵᠡᠮᠰᠢᠭᠦᠯᠦᠨ᠂ ᠬᠡᠯᠡᠨ ᠤ ᠮᠡᠳᠡᠷᠡᠮᠵᠢ ᠶᠢ ᠨᠢ ᠲᠠᠰᠤᠷᠠᠯᠲᠠ ᠦᠭᠡᠢ | ᠲᠡᠭᠡᠭᠰᠢᠯᠡᠭᠦᠯᠵᠦ᠂ ᠬᠡᠯᠡ ᠰᠤᠶᠤᠯ ᠤᠨ ᠶᠡᠷᠦᠩᠬᠡᠢ ᠬᠡᠪ ᠪᠤᠯᠪᠠᠰᠤᠷᠠᠯ ᠢ ᠨᠢ ᠪᠦᠬᠦ ᠲᠠᠯ᠎ᠠ ᠪᠠᠷ ᠬᠦᠮᠦᠵᠢᠭᠦᠯᠬᠦ ᠵᠢᠭᠠᠨ | ᠰᠤᠷᠭᠠᠯᠲᠠ ᠶᠢᠨ ᠶᠠᠪᠤᠴᠠ ᠮᠦᠨ︾ ᠭᠡᠵᠡᠢ᠃ ᠡᠭᠦᠨ ᠠᠴᠠ ᠦᠵᠡᠪᠡᠯ ᠬᠡᠯᠡ ᠪᠢᠴᠢᠭ ᠤᠨ ᠬᠢᠴᠢᠶᠡᠯ ᠨᠢ | ᠰᠣᠷᠣᠭᠴᠢᠳ ᠤᠨ ᠲᠦᠷᠦᠯᠬᠢ ᠬᠡᠯᠡᠨ ᠤ ᠤᠡᠭᠰᠢᠬᠤ᠂ ᠪᠢᠴᠢᠬᠦ᠂ ᠶᠠᠷᠢᠬᠤ᠂ ᠰᠤᠨᠤᠰᠬᠤ ᠦᠨᠳᠦᠰᠦᠨ ᠮᠡᠳᠡᠯᠭᠡ | ᠴᠢᠳᠠᠪᠤᠷᠢ ᠶᠢ ᠬᠦᠮᠦᠵᠢᠭᠦᠯᠬᠦ ᠪᠠᠷ ᠪᠠᠷᠠᠬᠤ ᠦᠭᠡᠢ ᠪᠠᠰᠠ ᠬᠡᠯᠡᠨ ᠤ ᠮᠡᠳᠡᠷᠡᠮᠵᠢ ᠶᠢ ᠲᠡᠭᠡᠭᠰᠢᠯᠡᠭᠦᠯᠦᠨ ᠬᠡᠯᠡ | ᠰᠤᠶᠤᠯ ᠤᠨ ᠶᠡᠷᠦᠩᠬᠡᠢ ᠬᠡᠪ ᠪᠤᠯᠪᠠᠰᠣᠷᠠᠯ ᠢ ᠨᠢ ᠬᠦᠮᠦᠵᠢᠭᠦᠯᠬᠦ ᠡᠭᠦᠷᠭᠡ ᠲᠠᠢ ᠶᠤᠮ᠃ ᠣᠳᠣ ᠶᠢᠨ ᠲᠤᠮᠳᠠᠳᠦ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠬᠡᠯᠡᠨ ᠤ ᠤᠷᠴᠢᠨ ᠢᠪᠴᠤᠤᠷᠠᠵᠦ᠂ ᠴᠡᠪᠡᠷ ᠮᠣᠩᠭᠤᠯ ᠢᠶᠠᠷ | ᠶᠠᠷᠢᠭᠤᠯᠬᠤ᠂ ᠤᠷᠤᠰᠤᠮ᠎ᠠ ᠰᠠᠶᠢᠬᠠᠨ ᠨᠠᠶᠢᠷᠠᠭᠤᠯᠤᠨ ᠪᠢᠴᠢᠬᠦ ᠴᠢᠳᠠᠪᠤᠷᠢ ᠲᠠᠢ ᠪᠤᠯᠭᠠᠬᠤ᠂ ᠮᠤᠩᠭᠤᠯ ᠨᠤᠮ | ᠤᠡᠭᠰᠢᠬᠤ ᠤᠷᠮ᠎ᠠ ᠪᠠᠬ᠎ᠠ ᠪᠠ ᠲᠠᠳᠬᠠᠯ ᠲᠠᠢ ᠪᠤᠯᠭᠠᠬᠤ᠂ ᠬᠡᠯᠡᠨ ᠤ ᠮᠡᠳᠡᠷᠡᠮᠵᠢ ᠲᠠᠢ ᠪᠤᠯᠭᠠᠬᠤ ᠳᠤ ᠶᠠᠪᠤᠬᠤ | ᠳᠤᠲᠤᠮ ᠬᠦᠴᠢᠷᠲᠡᠢ ᠪᠤᠯᠵᠦ ᠪᠠᠶᠢᠨ᠎ᠠ᠃ ︽ᠦᠭᠡ ᠬᠡᠯᠡ ᠨᠢ ᠵᠦᠪᠬᠡᠨ ᠬᠠᠷᠢᠯᠴᠠᠭᠠᠨ ᠤ ᠪᠠᠭᠠᠵᠢ ᠯᠡ ᠪᠢᠰᠢ᠂ | ᠪᠠᠰᠠ ᠰᠡᠳᠬᠢᠬᠦᠢ ᠶᠢᠨ ᠪᠠᠭᠠᠵᠢ ᠮᠦᠨ︾ ᠭᠡᠳᠡᠭᠴᠢᠯᠡᠨ ᠰᠤᠷᠤᠭᠴᠢᠳ ᠮᠤᠩᠭᠤᠯ ᠢᠶᠠᠷ ᠶᠠᠷᠢᠬᠤ ᠳᠤ ᠬᠦᠴᠢᠷᠳᠡᠪᠡᠯ | ᠮᠤᠩᠭᠤᠯ ᠢᠶᠠᠷ ᠰᠡᠳᠬᠢᠬᠦ ᠳᠤ ᠬᠦᠴᠢᠷᠳᠡᠨ᠎ᠡ᠃ ᠮᠤᠩᠭᠤᠯ ᠢᠶᠠᠷ ᠰᠡᠳᠬᠢᠭᠦ ᠳᠤ ᠪᠠᠨ ᠬᠦᠴᠢᠷᠳᠡᠪᠡᠯ ᠮᠤᠩᠭᠤᠯ ᠬᠡᠯᠡᠨ ᠤ | ᠮᠡᠳᠡᠷᠡᠮᠵᠢ ᠪᠦᠷᠢᠯᠳᠦᠵᠦ ᠴᠢᠳᠠᠬᠤ ᠦᠭᠡᠢ ᠪᠤᠯᠤᠨ᠎ᠠ᠃ ᠰᠣᠷᠣᠭᠴᠢᠳ ᠤᠨ ᠮᠤᠩᠭᠤᠯ ᠬᠡᠯᠡᠨ ᠤ ᠮᠡᠳᠡᠷᠡᠮᠵᠢ | ᠪᠦᠷᠢᠯᠳᠤᠵᠦ ᠴᠢᠳᠠᠬᠤ ᠦᠭᠡᠢ ᠠᠴᠠ ᠪᠤᠯᠵᠦ ᠬᠡᠯᠡ ᠪᠢᠴᠢᠭ ᠵᠢᠭᠠᠬᠤ ᠪᠠ ᠰᠤᠷᠬᠤ ᠳᠤ ᠬᠦᠴᠢᠷᠳᠡᠬᠦ ᠪᠤᠯᠵᠦ ᠪᠠᠶᠢᠨ᠎ᠠ | ᠃ ᠰᠤᠷᠤᠭᠴᠢᠳ ᠮᠤᠩᠭᠤᠯ ᠢᠶᠠᠷ ᠰᠡᠳᠬᠢᠵᠦ ᠴᠢᠳᠠᠬᠤ ᠦᠭᠡᠢ᠂ ᠬᠡᠯᠡᠨ ᠤ ᠮᠡᠳᠡᠷᠡᠮᠵᠢ ᠪᠦᠷᠢᠯᠳᠦᠭᠦᠯᠵᠦ ᠴᠢᠳᠠᠬᠤ | ᠦᠭᠡᠢ ᠪᠠᠶᠢᠭ᠎ᠠ ᠨᠢ ᠶᠠᠭᠤᠨ ᠠᠴᠠ ᠪᠤᠯᠤᠭᠰᠠᠨ ᠪᠤᠢ︖ ᠡᠭᠦᠨ ᠢ ᠬᠡᠯᠡ ᠪᠢᠴᠢᠭ ᠤᠨ ᠵᠢᠭᠠᠨ ᠰᠤᠷᠭᠠᠯᠲᠠ ᠲᠤᠮᠳᠠ | ᠰᠢᠢᠳᠪᠦᠷᠢᠯᠡᠬᠦ ᠠᠷᠭ᠎ᠠ ᠵᠠᠮ ᠪᠠᠶᠢᠨ᠎ᠠ ᠤᠤ︖ | ᠤᠳᠤ ᠶᠢᠨ ᠲᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠯᠡᠨ ᠤ ᠤᠷᠴᠢᠨ ᠢᠪᠴᠤᠤ᠂ ᠦᠭᠡ | ᠬᠡᠯᠡ ᠪᠠᠨ ᠰᠤᠷᠴᠦ ᠬᠡᠷᠡᠭᠯᠡᠬᠦ ᠪᠤᠯᠤᠮᠵᠢ ᠬᠠᠷᠢᠴᠠᠩᠭᠤᠢ ᠪᠠᠭ᠎ᠠ ᠪᠠᠶᠢᠨ᠎ᠠ᠃ ᠤᠳᠤᠬᠠᠨ ᠳᠤ ᠮᠤᠩᠭᠤᠯ ᠰᠤᠷᠭᠠᠭᠤᠯᠢ ᠢ | ᠪᠠᠷᠤᠭ ᠪᠦᠷ ᠬᠤᠲᠠ ᠪᠠᠯᠭᠠᠰᠤᠨ ᠳᠤ ᠲᠦᠪᠯᠡᠷᠡᠭᠦᠯᠦᠭᠰᠡᠨ ᠪᠤᠯᠬᠤᠷ ᠰᠤᠷᠤᠭᠴᠢᠳ ᠬᠦᠳᠡᠭᠡ ᠨᠤᠲᠤᠭ ᠠᠴᠠ ᠪᠠᠨ | ᠬᠤᠯᠠᠳᠠᠨ ᠮᠠᠯᠵᠢᠬᠤ ᠠᠮᠢᠳᠤᠷᠠᠯ ᠤᠨ ᠬᠦᠷᠦᠰᠦᠨ ᠠᠴᠠ ᠵᠠᠶᠢᠳᠠᠭᠰᠠᠨ ᠠᠴᠠ ᠲᠦᠷᠦᠯᠬᠢ ᠬᠡᠯᠡ ᠪᠠᠨ ᠪᠤᠳᠠᠳᠦ | ᠦᠢᠯᠡᠳᠦᠯᠭᠡ ᠲᠤᠮᠳᠠ ᠰᠤᠷᠬᠤ ᠪᠤᠯᠤᠮᠵᠢ ᠪᠠᠭ᠎ᠠ ᠪᠤᠯᠵᠠᠢ᠃ ᠤᠳᠤ ᠶᠢᠨ ᠰᠣᠷᠣᠭᠴᠢᠳ ᠰᠤᠯᠠ ᠰᠡᠯᠡᠭᠦᠤ ᠴᠠᠭ ᠲᠤ | ᠪᠠᠨ ᠺᠤᠮᠫᠢᠤᠲ᠋ᠧᠷ᠂ ᠭᠠᠷ ᠣᠳᠠᠰᠦ ᠪᠠᠷ ᠦᠷᠭᠦᠯᠵᠢ ᠶᠢᠨ ᠬᠠᠨᠢ ᠪᠤᠯᠭᠠᠵᠦ᠂ ᠡᠳᠦᠷ ᠲᠣᠳᠣᠮ ᠤᠨ ᠠᠮᠢᠳᠤᠷᠠᠯ | ᠲᠤᠮᠳᠠᠬᠢ ᠰᠤᠷᠠᠭ ᠵᠠᠩᠭᠢ ᠪᠠᠨ ᠪᠤᠰᠤᠳ ᠬᠡᠯᠡ ᠪᠠᠷ ᠤᠯᠵᠦ ᠡᠭᠦᠨ ᠢ ᠪᠠᠨ ᠰᠤᠯᠢᠯᠴᠠᠬᠤ ᠳᠤ ᠪᠠᠨ ᠲᠡᠷᠡ ᠬᠡᠯᠡ ᠪᠠᠷ | ᠨᠢ ᠢᠯᠡᠳᠭᠡᠬᠦ ᠨᠢ ᠢᠯᠡᠭᠦᠤ ᠲᠦᠭᠦᠮ ᠰᠠᠨᠠᠭᠳᠠᠬᠤ ᠨᠢ ᠶᠠᠷᠢᠶᠠᠨ ᠦᠭᠡᠢ ᠤᠴᠢᠷ ᠪᠤᠯᠬᠤ ᠶᠤᠮ᠃ ᠬᠡᠯᠡᠨ ᠤ | ᠡᠷᠳᠡᠮᠳᠡᠨ ᠦ᠊ · ᠨᠠᠷᠠᠨᠪᠠᠲᠦ ᠪᠠᠭᠰᠢ ᠡᠨᠡ ᠲᠤᠬᠠᠢ ᠰᠤᠳᠤᠯᠤᠭᠠᠳ᠄ ︽ᠬᠤᠯᠢᠮᠠᠭ ᠬᠡᠯᠡ ᠪᠠᠷ ᠶᠠᠷᠢᠬᠤ ᠦᠵᠡᠭᠳᠡᠯ | ᠶᠠᠪᠤᠬᠤ ᠲᠤᠰᠤᠮ ᠨᠡᠮᠡᠭᠳᠡᠵᠦ ᠲᠦᠭᠡᠮᠡᠯ ᠰᠢᠨᠵᠢ ᠲᠠᠢ ᠪᠤᠯᠵᠦ ᠪᠠᠶᠢᠨ᠎ᠠ᠂ ᠡᠨᠡ ᠨᠢ ᠮᠤᠩᠭᠤᠯ ᠬᠡᠯᠡᠲᠡᠨ ᠤ | ᠨᠡᠶᠢᠭᠡᠮ ᠤᠨ ᠶᠡᠭᠡ ᠠᠰᠠᠭᠤᠳᠠᠯ ᠤᠨ ᠨᠢᠭᠡ ᠪᠤᠯᠵᠦ ᠪᠠᠶᠢᠭ᠎ᠠ ᠪᠦᠭᠡᠳ ᠮᠤᠩᠭᠤᠯ ᠬᠡᠯᠡᠨ ᠤ ᠶᠠᠳᠠᠭᠤᠷᠠᠯ ᠤᠨ ᠲᠤᠬᠠᠢ | ᠡᠩ ᠲᠡᠷᠢᠭᠦᠨ ᠳᠤ ᠲᠤᠷᠠᠳᠤᠭᠳᠠᠬᠤ ᠵᠦᠢᠯ ᠪᠤᠯᠵᠦ ᠪᠠᠶᠢᠨ᠎ᠠ ᠁ ᠮᠤᠩᠭᠤᠯ ᠬᠡᠯᠡᠨ ᠤ ᠶᠠᠳᠠᠭᠤᠷᠠᠯ ᠤᠨ ᠪᠠᠶᠢᠳᠠᠯ ᠢ | ᠮᠤᠩᠭᠤᠯ ᠢᠶᠠᠷ ᠰᠤᠷᠴᠦ ᠪᠠᠶᠢᠭ᠎ᠠ ᠲᠤᠮᠳᠠᠳᠦ ᠰᠤᠷᠭᠠᠭᠤᠯᠢ ᠶᠢᠨ ᠰᠤᠷᠤᠭᠴᠢ ᠪᠤᠯᠤᠨ ᠶᠡᠭᠡ ᠰᠤᠷᠭᠠᠭᠤᠯᠢ ᠶᠢᠨ | ᠤᠶᠤᠲᠠᠳ ᠤᠨ ᠬᠡᠯᠡ ᠠᠴᠠ ᠠᠵᠢᠭᠯᠠᠵᠦ ᠦᠵᠡᠪᠡᠯ ᠮᠠᠰᠢ ᠢᠯᠡᠷᠬᠡᠢ ᠪᠠᠶᠢᠨ᠎ᠠ᠃ ᠶᠡᠷᠦᠩᠬᠡᠢ ᠬᠠᠨᠳᠤᠰᠢ ᠨᠢ ᠪᠤᠯ | ᠦᠶ᠎ᠡ ᠦᠶ᠎ᠡ ᠠᠴᠠ ᠪᠠᠨ ᠲᠤᠷᠤᠭᠰᠢᠯᠠᠬᠤ ᠴᠢᠭᠯᠡᠯ ᠢᠶᠠᠷ ᠶᠠᠪᠤᠵᠦ ᠪᠠᠶᠢᠨ᠎ᠠ︾ ᠭᠡᠵᠡᠢ᠃ ᠰᠤᠷᠤᠭᠴᠢᠳ ᠶᠡᠷᠦ ᠶᠢᠨ | ᠴᠠᠭ ᠲᠤ ᠪᠠᠨ ᠬᠠᠷᠢ ᠬᠡᠯᠡ ᠪᠠᠷ ᠶᠠᠷᠢᠬᠤ ᠪᠤᠶᠤ ᠬᠤᠯᠢᠮᠠᠭ ᠢᠶᠠᠷ ᠶᠠᠷᠢᠬᠤ ᠠᠴᠠ ᠪᠤᠯᠵᠦ ᠮᠤᠩᠭᠤᠯ ᠬᠡᠯᠡᠨ ᠤ | ᠦᠭᠡᠰ ᠤᠨ ᠰᠠᠩ ᠨᠢ ᠶᠠᠳᠠᠭᠤᠷᠠᠵᠦ᠂ ᠶᠡᠷᠦ ᠶᠢᠨ ᠦᠭᠡ ᠪᠠᠨ ᠵᠦᠪ ᠤᠨᠤᠪᠴᠢᠲᠠᠢ ᠬᠡᠷᠡᠭᠯᠡᠵᠦ ᠴᠢᠳᠠᠬᠤ ᠦᠭᠡᠢ᠂ | ᠬᠠᠷᠢ ᠬᠡᠯᠡ ᠪᠠᠷ ᠰᠡᠳᠬᠢᠭᠡᠳ ᠲᠠᠬᠢᠭᠠᠳ ᠮᠤᠩᠭᠤᠯ ᠢᠶᠠᠷ ᠤᠷᠴᠢᠭᠤᠯᠵᠦ ᠢᠯᠡᠳᠬᠡᠬᠦ ᠦᠵᠡᠭᠳᠡᠯ ᠪᠠᠶᠢᠡᠭᠭᠤ | ᠬᠠᠷᠠᠭᠳᠠᠳᠠᠭ᠃ ᠡᠨᠡ ᠲᠤᠬᠠᠢ ᠨᠠᠰᠦ ᠪᠠᠷ ᠢᠶᠠᠨ ᠲᠤᠮᠳᠠᠳᠦ ᠰᠤᠷᠭᠠᠭᠤᠯᠢ ᠳᠤ ᠬᠡᠯᠡ ᠪᠢᠴᠢᠭ ᠵᠢᠭᠠᠭᠰᠠᠨ ᠠᠬᠠᠮᠠᠳ | ᠪᠠᠭᠰᠢ ᠬᠠᠲᠠᠬᠢᠨ᠂ ᠷᠡᠰᠢᠴᠢᠷᠠᠨ ᠭᠤᠸᠠᠢ ᠬᠡᠯᠡᠬᠦ ᠳᠤ ᠪᠠᠨ᠄ ︽ᠮᠤᠩᠭᠤᠯ ᠬᠡᠤᠬᠡᠳ ᠤᠳ ᠬᠡᠯᠡᠨ ᠤ ᠤᠷᠴᠢᠨ | ᠲᠤᠭᠤᠷᠢᠨ ᠤ ᠨᠦᠬᠦᠴᠡᠯ ᠬᠢᠵᠠᠭᠠᠷᠯᠠᠯ ᠠᠴᠠ ᠪᠤᠯᠤᠭᠠᠳ ᠮᠤᠩᠭᠤᠯ ᠬᠡᠯᠡᠨ ᠤ ᠦᠭᠡᠰ ᠤᠨ ᠰᠠᠩ ᠨᠢ ᠲᠤᠩ | ᠶᠠᠳᠠᠭᠤᠬᠠᠨ ᠪᠠᠶᠢᠳᠠᠭ ᠨᠢ ᠠᠷᠭ᠎ᠠ ᠦᠭᠡᠢ ᠁ ᠬᠢᠲᠠᠳ ᠢᠶᠠᠷ ᠰᠡᠳᠬᠢᠭᠡᠳ ᠲᠠᠬᠢᠭᠠᠳ ᠮᠤᠩᠭᠤᠯ ᠢᠶᠠᠷ | ᠤᠷᠴᠢᠭᠤᠯᠤᠨ ᠦᠭᠦᠯᠡᠭᠰᠡᠨ ᠬᠠᠲᠠᠭᠤ ᠬᠦᠰᠢᠭᠦᠨ᠂ ᠡᠪ ᠬᠠᠪᠤ ᠦᠭᠡᠢ᠂ ᠬᠠᠴᠢᠨ ᠰᠤᠨᠢᠨ ᠡᠮᠵᠡᠭ ᠲᠠᠢ ᠬᠡᠯᠡᠯᠭᠡ | ᠪᠠᠶᠢᠡᠭᠭᠤ ᠬᠠᠷᠠᠭᠳᠠᠳᠠᠭ᠃ ᠵᠢᠱᠢᠶᠡᠯᠡᠪᠡᠯ᠄ ﹇ᠪᠢ ᠮᠠᠭᠤ ᠰᠢᠯᠭᠠᠭᠤᠯᠤᠭᠰᠠᠨ ᠪᠤᠯᠬᠤᠷ ᠡᠵᠢ ᠠᠪᠤ ᠬᠠᠷᠢᠶᠠᠬᠤ ᠠᠴᠠ | ᠠᠶᠤᠭᠠᠳ ᠁﹈᠂ ﹇ᠮᠠᠨ ᠤ ᠠᠩᠭᠢ ᠶᠢᠨ ᠮᠠᠨᠳᠤᠬᠤ ᠤᠷᠲᠦ ᠭᠦᠶᠦᠬᠦ ᠤᠷᠤᠯᠳᠤᠭᠠᠨ ᠳᠤ ᠲᠡᠷᠢᠭᠦᠯᠡᠪᠡ﹈᠂ ﹇ | ᠲᠠᠤᠯᠠᠢ ᠶᠢᠨ ᠵᠤᠯᠵᠠᠭ᠎ᠠ ᠲᠤᠩ ᠬᠦᠭᠡᠷᠦᠬᠦᠨ﹈ ᠁ ᠡᠨᠡ ᠮᠡᠲᠦ ᠪᠠᠷ ᠲᠤᠮᠳᠠᠳᠦ ᠰᠤᠷᠭᠠᠭᠤᠯᠢ ᠶᠢᠨ | ᠰᠤᠷᠤᠭᠴᠢᠳ ᠤᠨ ᠢᠯᠡᠳᠬᠡᠬᠦ ᠴᠢᠳᠠᠪᠤᠷᠢ ᠲᠤᠷᠤᠶᠢᠲᠠᠵᠦ ᠪᠠᠶᠢᠨ᠎ᠠ︾ ᠭᠡᠵᠡᠢ᠃ ᠰᠤᠷᠤᠭᠴᠢᠳ ᠤᠨ ᠮᠤᠩᠭᠤᠯ ᠢᠶᠠᠷ | ᠶᠠᠷᠢᠬᠤ ᠨᠢ ᠪᠠᠭᠠᠰᠬᠤ ᠲᠤᠳᠤᠮ ᠮᠤᠩᠭᠤᠯ ᠰᠡᠳᠬᠢᠬᠦᠢ ᠨᠢ ᠬᠠᠭᠠᠭᠳᠠᠨ᠎ᠠ᠃ ᠰᠡᠳᠬᠢᠬᠦᠢ ᠨᠢ ᠬᠠᠭᠠᠭᠳᠠᠪᠠᠯ ᠬᠡᠯᠡᠨ ᠤ | ᠢᠯᠡᠳᠬᠡᠬᠦ ᠴᠢᠳᠠᠪᠤᠷᠢ ᠨᠢ ᠲᠤᠷᠤᠶᠢᠲᠠᠵᠦ ᠰᠤᠷᠬᠤ ᠲᠤᠷ᠎ᠠ ᠪᠠᠬ᠎ᠠ ᠦᠭᠡᠢ ᠪᠤᠯᠤᠨ᠎ᠠ᠂ ᠰᠤᠷᠬᠤ ᠲᠤᠷ᠎ᠠ ᠪᠠᠬ᠎ᠠ ᠦᠭᠡᠢ | ᠪᠤᠯᠪᠠᠯ ᠰᠤᠷᠬᠤ ᠳᠤ ᠬᠦᠴᠢᠷᠳᠡᠨ᠎ᠡ᠃ ᠬᠡᠯᠡ ᠰᠤᠷᠬᠤ ᠵᠢᠮ᠎ᠡ ᠶᠤᠰᠤ ᠶᠢ ᠦᠨᠳᠦᠰᠦᠯᠡᠪᠡᠯ᠂ ᠶᠠᠮᠠᠷ ᠨᠢᠭᠡᠨ ᠬᠡᠯᠡ ᠶᠢ | ᠰᠤᠷᠴᠦ ᠡᠵᠡᠮᠰᠢᠬᠦ ᠳᠤ ᠬᠡᠯᠡᠨ ᠤ ᠤᠷᠴᠢᠨ ᠵᠠᠩᠭᠢᠯᠠᠭ᠎ᠠ ᠶᠢᠨ ᠦᠢᠯᠡᠳᠦᠯ ᠦᠵᠡᠭᠦᠯᠳᠡᠭ᠃ ᠭᠡᠪᠡᠴᠦ | ᠰᠤᠷᠤᠭᠴᠢᠳ ᠤᠨ ᠬᠡᠯᠡᠨ ᠤ ᠤᠷᠴᠢᠨ ᠢ ᠨᠢᠭᠡᠯᠡ ᠴᠠᠭ ᠢᠶᠠᠷ ᠬᠤᠪᠢᠷᠠᠭᠤᠯᠵᠦ ᠴᠢᠳᠠᠬᠤ ᠦᠭᠡᠢ ᠪᠤᠯᠬᠤᠷ ᠪᠢᠲᠡ ᠬᠡᠯᠡ | ᠪᠢᠴᠢᠭ ᠤᠨ ᠵᠢᠭᠠᠨ ᠰᠤᠷᠭᠠᠯᠲᠠ ᠶᠢᠨ ᠲᠤᠮᠳᠠ ᠲᠤᠯᠭᠠᠷᠠᠵᠦ ᠪᠠᠶᠢᠭ᠎ᠠ ᠠᠰᠠᠭᠤᠳᠠᠯ ᠢ ᠠᠷᠭ᠎ᠠ ᠰᠦᠪᠡᠭᠴᠢᠯᠡᠨ | ᠰᠢᠢᠳᠪᠦᠷᠢᠯᠡᠬᠦ ᠴᠢᠬᠤᠯᠠᠲᠠᠢ᠃ | ⑴ ᠭᠡᠷ ᠤᠨ ᠠᠬᠠᠮᠠᠳ ᠤᠨ ᠡᠬᠡ ᠬᠡᠯᠡᠨ ᠤ ᠤᠬᠠᠮᠰᠠᠷ ᠢ ᠴᠢᠩᠭᠠᠳᠬᠠᠵᠦ᠂ ᠬᠡᠤᠬᠡᠳ ᠢᠶᠠᠨ ᠡᠬᠡ ᠬᠡᠯᠡ | ᠪᠠᠷ ᠨᠢ ᠬᠡᠯᠡ ᠳᠤ ᠤᠷᠤᠭᠤᠯᠬᠤ ᠶᠢ ᠴᠢᠬᠤᠯᠠᠴᠢᠯᠠᠨ᠎ᠠ᠃ | ᠬᠡᠯᠨ ᠰᠣᠷᠬᠤ ᠨᠢ ᠬᠡᠷ ᠪᠦᠯᠢ ᠳᠤ ᠰᠠᠭᠤᠷᠢᠯᠠᠨ᠎ᠠ᠂ ᠰᠤᠷᠤᠭᠴᠢᠳ ᠬᠡᠯᠡ ᠪᠢᠴᠢᠭ ᠰᠤᠷᠬᠤ ᠳᠤ | ᠬᠦᠴᠢᠷᠳᠡᠵᠦ ᠪᠠᠶᠢᠭ᠎ᠠ ᠨᠢ ᠬᠡᠤᠬᠡᠳ ᠤᠨ ᠬᠡᠯᠡ ᠳᠤ ᠤᠷᠤᠬᠤ ᠦᠶ᠎ᠡ ᠶᠢᠨ ᠭᠡᠷ ᠪᠦᠯᠢ ᠶᠢᠨ ᠬᠡᠯᠡᠨ ᠤ ᠤᠷᠴᠢᠨ ᠪᠠ | ᠶᠡᠷᠦ ᠶᠢᠨ ᠴᠠᠭ ᠤᠨ ᠬᠡᠯᠡᠵᠦ ᠶᠠᠷᠢᠬᠤ ᠲᠠᠳᠬᠠᠯ ᠲᠠᠢ ᠰᠢᠭᠤᠳ ᠬᠤᠯᠪᠤᠭ᠎ᠠ ᠲᠠᠢ᠃ ᠰᠸᠢᠰ ᠤᠨ ᠠᠯᠳᠠᠷᠲᠦ ᠲᠠᠨᠢᠨ | ᠮᠡᠳᠡᠬᠦᠢ ᠶᠢᠨ ᠰᠡᠳᠬᠢᠴᠡ ᠶᠢᠨ ᠤᠬᠠᠭᠠᠨᠳᠠᠨ ᠫᠢᠶᠠᠵᠧ᠄ ︽ᠬᠡᠦᠬᠡᠳ ᠪᠣᠯ ᠤᠶᠢᠷ᠎ᠡ ᠬᠠᠪᠢ ᠶᠢᠨ ᠣᠷᠴᠢᠨ | ᠲᠣᠭᠤᠷᠢᠨ ᠲᠠᠢ ᠪᠠᠨ ᠬᠠᠷᠢᠯᠴᠠᠨ ᠦᠢᠯᠡᠳᠦᠯᠴᠡᠬᠦ ᠶᠠᠪᠤᠴᠠ ᠳᠤ᠂ ᠭᠠᠳᠠᠭᠠᠳᠤ ᠶᠢᠷᠲᠢᠨᠴᠦ ᠶᠢᠨ ᠲᠤᠬᠠᠢ ᠮᠡᠳᠡᠯᠭᠡ ᠶᠢ | ᠠᠯᠬᠤᠮ ᠠᠯᠬᠤᠮ ᠢᠶᠠᠷ ᠪᠦᠷᠢᠯᠳᠦᠭᠦᠯᠵᠤ᠂ ᠡᠭᠦᠨ ᠤ ᠤᠯᠠᠮ ᠠᠴᠠ ᠥᠪᠡᠷ ᠤᠨ ᠲᠠᠨᠢᠨ ᠮᠡᠳᠡᠬᠦᠢ ᠶᠢᠨ | ᠪᠦᠲᠦᠴᠡ ᠪᠠᠨ ᠬᠥᠭᠵᠢᠭᠦᠯᠳᠡᠭ︾ ᠭᠡᠵᠡᠢ᠃ 0 — 3 ᠨᠠᠰᠣᠨ ᠤ ᠦᠶ᠎ᠡ ᠶᠢ ᠬᠡᠦᠬᠡᠳ ᠤᠨ ᠬᠦᠭᠵᠢᠯᠳᠡ ᠶᠢᠨ ︽ | ᠨᠢᠯᠬ᠎ᠠ ᠦᠶ᠎ᠡ︾ ᠭᠡᠳᠡᠭ᠃ ᠡᠨᠡ ᠦᠶ᠎ᠡ ᠪᠣᠯ ᠶᠠᠭ ᠬᠡᠦᠬᠡᠳ ᠤᠨ ᠬᠡᠯᠡᠨ ᠤ ᠮᠡᠳᠡᠷᠡᠮᠵᠢ ᠪᠦᠷᠢᠯᠳᠦᠬᠦ ᠱᠠᠳᠣ ᠪᠣᠯᠣᠨ᠎ᠠ | ᠃ ᠬᠡᠦᠬᠡᠳ ᠠᠪᠤ ᠡᠵᠢ ᠲᠠᠢ ᠪᠠᠨ ᠬᠠᠮᠳᠣ ᠪᠠᠶᠢᠳᠠᠭ ᠨᠢᠯᠬ᠎ᠠ ᠦᠶ᠎ᠡ ᠳᠤ ᠶᠠᠮᠠᠷ ᠬᠡᠯᠡᠨ ᠤ ᠮᠡᠳᠡᠷᠡᠮᠵᠢ ᠪᠦᠷᠢᠯᠳᠦᠬᠦᠯᠬᠦ | ᠨᠢ ᠬᠡᠤᠬᠡᠳ ᠤᠨ ᠨᠢᠭᠡ ᠨᠠᠰᠤᠨ ᠤ ᠬᠡᠯᠡᠨ ᠤ ᠪᠤᠯᠪᠠᠰᠤᠷᠠᠯ ᠲᠠᠢ ᠰᠢᠭᠤᠳ ᠬᠤᠯᠪᠤᠭᠳᠠᠳᠠᠭ ᠬᠡᠳᠡᠭ ᠢ ᠮᠠᠨ ᠤ | ᠤᠯᠠᠩᠬᠢ ᠬᠡᠷ ᠤᠨ ᠠᠬᠠᠮᠠᠳ ᠣᠶᠢᠯᠠᠭᠠᠬᠤ ᠦᠬᠡᠢ ᠪᠠᠶᠢᠨ᠎ᠠ᠃ ᠤᠳᠤ ᠶᠢᠨ ᠣᠯᠠᠩᠬᠢ ᠭᠡᠷ ᠤᠨ ᠠᠬᠠᠮᠠᠳ | ᠬᠡᠤᠬᠡᠳ ᠢᠶᠠᠨ ᠬᠡᠯᠡ ᠳᠤ ᠤᠷᠤᠬᠤ ᠦᠶ᠎ᠡ ᠳᠤ ᠴᠡᠪᠡᠷ ᠬᠡᠯᠡᠨ ᠤ ᠤᠷᠴᠢᠨ ᠪᠦᠷᠢᠯᠳᠦᠭᠦᠯᠵᠦ ᠦᠭᠬᠦ ᠶᠢ ᠠᠩᠬᠠᠷᠬᠤ | ᠦᠭᠡᠢ᠂ ᠭᠡᠷ ᠪᠦᠯᠢ ᠳᠤ ᠪᠠᠨ ᠬᠡᠤᠬᠡᠳ ᠲᠠᠢ ᠪᠠᠨ ᠴᠡᠪᠡᠷ ᠮᠤᠩᠭᠤᠯ ᠢᠶᠠᠷ ᠶᠠᠷᠢᠬᠤ ᠦᠭᠡᠢ᠂ ᠬᠤᠯᠢᠵᠦ ᠶᠠᠷᠢᠬᠤ | ᠪᠤᠶᠤ ᠡᠰᠡᠭᠦᠯ᠎ᠡ ᠰᠢᠭᠤᠳ ᠪᠤᠰᠤᠳ ᠬᠡᠯᠡ ᠪᠠᠷ ᠶᠠᠷᠢᠳᠠᠭ᠃ ᠬᠡᠦᠬᠡᠳ ᠤᠨ ᠦᠬᠡ ᠬᠡᠯᠡᠨ ᠤ ᠮᠡᠳᠡᠷᠡᠮᠵᠢ ᠨᠠᠰᠣᠨ ᠳᠤ | ᠬᠦᠷᠦᠭᠰᠡᠳ ᠤᠨ ᠦᠢᠯᠨ ᠬᠦᠳᠡᠯᠦᠯ ᠪᠠ ᠦᠬᠡ ᠶᠠᠷᠢᠶ᠎ᠠ ᠶᠢ ᠳᠠᠭᠤᠷᠢᠶᠠᠬᠤ ᠠᠴᠠ ᠡᠬᠢᠯᠡᠳᠡᠭ᠃ ᠭᠡᠷ ᠤᠨ | ᠠᠬᠠᠮᠠᠳ ᠤᠨ ᠬᠡᠷ ᠪᠦᠯᠢ ᠳᠤ ᠪᠠᠨ ᠬᠠᠷᠢ ᠬᠡᠯᠡ ᠪᠠᠷ ᠶᠠᠷᠢᠬᠤ ᠪᠤᠶᠤ ᠬᠤᠯᠢᠵᠦ ᠶᠠᠷᠢᠬᠤ ᠲᠠᠳᠬᠠᠯ ᠨᠢ ᠬᠡᠤᠬᠡᠳ ᠤᠨ | ᠬᠡᠯᠡ ᠳᠤ ᠤᠷᠤᠬᠤ ᠶᠢ ᠬᠠᠷᠰᠢᠯᠠᠬᠤ ᠪᠦᠭᠡᠳ ᠨᠢᠭᠡ ᠨᠠᠰᠤᠨ ᠤ ᠬᠢᠨᠢ ᠬᠡᠯᠡᠨ ᠤ ᠮᠡᠳᠡᠷᠡᠮᠵᠢ ᠶᠢ ᠨᠦᠯᠦᠭᠡᠯᠡᠳᠡᠭ᠃ | | ᠨᠢᠯᠬ᠎ᠠ ᠬᠡᠦᠬᠡᠳ ᠤᠨ ᠦᠬᠡ ᠬᠡᠯᠡᠨ ᠤ ᠬᠦᠭᠵᠢᠯᠳᠡ ᠬᠤᠶᠠᠷ ᠱᠠᠳᠣ ᠪᠠᠶᠢᠳᠠᠭ᠃ ᠨᠢᠬᠡ ᠨᠠᠰᠣ ᠠᠴᠠ ᠨᠢᠬᠡ | ᠨᠠᠰᠣ ᠬᠠᠭᠠᠰ ᠬᠦᠷᠲᠡᠯᠡᠬᠢ ᠦᠶ᠎ᠡ ᠨᠢ ᠬᠡᠦᠬᠡᠳ ᠤᠨ ᠦᠬᠡ ᠬᠡᠯᠡᠨ ᠤ ᠪᠦᠷᠢᠯᠳᠦᠯ ᠤᠨ ᠠᠩᠬᠠᠨ ᠤ ᠱᠠᠳᠣ ᠶᠤᠮ᠃ | ᠡᠨᠡ ᠱᠠᠲᠤᠨ ᠳᠤ ᠬᠡᠤᠬᠡᠳ ᠤᠨ ᠦᠬᠡ ᠬᠡᠯᠡᠨ ᠤ ᠴᠢᠳᠠᠪᠣᠷᠢ ᠡᠬᠢᠯᠡᠨ ᠪᠦᠷᠢᠯᠳᠦᠵᠦ ᠨᠠᠰᠣᠨ ᠳᠤ ᠬᠦᠷᠦᠭᠰᠡᠳ ᠤᠨ | ᠦᠬᠡ ᠶᠢ ᠤᠶᠢᠯᠠᠭᠠᠵᠦ ᠡᠬᠢᠯᠡᠨ᠎ᠡ᠃ ᠭᠡᠪᠡᠴᠦ ᠬᠡᠯᠡᠵᠦ ᠴᠢᠳᠠᠬᠤ ᠦᠬᠡᠢ᠃ ᠨᠢᠬᠡ ᠨᠠᠰᠣ ᠬᠠᠭᠠᠰ ᠠᠴᠠ ᠭᠤᠷᠪᠠᠨ | ᠨᠠᠰᠤᠨ ᠤ ᠦᠶ᠎ᠡ ᠪᠤᠯ ᠬᠡᠦᠬᠡᠳ ᠤᠨ ᠢᠳᠡᠪᠬᠢᠳᠦ ᠦᠬᠡ ᠬᠡᠯᠡᠨ ᠤ ᠬᠦᠭᠵᠢᠯᠳᠡ ᠶᠢᠨ ᠱᠠᠳᠣ᠂ ᠲᠠᠷᠤᠢ ᠬᠡᠦᠬᠡᠳ ᠤᠨ | ᠬᠡᠯᠨ ᠳᠤ ᠣᠷᠣᠬᠤ ᠨᠠᠰᠣ ᠶᠤᠮ᠃ ᠡᠨᠡ ᠦᠶ᠎ᠡ ᠪᠤᠯ ᠬᠦᠮᠦᠨ ᠤ ᠨᠢᠭᠡ ᠨᠠᠰᠣᠨ ᠤ ᠬᠡᠯᠡᠨ ᠤ ᠴᠢᠳᠠᠪᠣᠷᠢ ᠶᠢᠨ | ᠬᠠᠮᠤᠭ ᠤᠨ ᠲᠦᠷᠭᠡᠨ ᠬᠦᠭᠵᠢᠬᠦ ᠦᠶ᠎ᠡ ᠶᠤᠮ᠃ ᠡᠨᠡ ᠬᠤᠭᠤᠴᠠᠭ᠎ᠠ ᠶᠢ ᠨᠢᠮᠪᠠᠢ ᠡᠵᠡᠮᠳᠡᠵᠦ ᠭᠡᠷ ᠪᠦᠯᠢ ᠶᠢᠨ ᠡᠬᠡ | ᠬᠡᠯᠡᠨ ᠤ ᠤᠷᠴᠢᠨ ᠪᠦᠷᠢᠯᠳᠦᠭᠦᠯᠵᠦ ᠦᠭᠬᠦ ᠪᠤᠯ ᠬᠡᠤᠬᠡᠳ ᠤᠨ ᠬᠡᠯᠡ ᠪᠢᠴᠢᠭ ᠰᠤᠷᠬᠤ ᠶᠢᠨ ᠰᠠᠭᠤᠷᠢ ᠮᠦᠨ᠃ | ᠬᠡᠤᠬᠡᠳ ᠰᠠᠶ᠋ᠢ ᠬᠡᠯᠡ ᠳᠤ ᠤᠷᠤᠬᠤ ᠦᠶ᠎ᠡ ᠳᠤ ᠭᠡᠷ ᠤᠨ ᠠᠬᠠᠮᠠᠳ ᠬᠡᠷᠪᠡ ᠴᠡᠪᠡᠷ ᠰᠠᠶᠢᠬᠠᠨ ᠮᠤᠩᠭᠤᠯ ᠬᠡᠯᠡᠨ ᠤ | ᠤᠷᠴᠢᠨ ᠪᠦᠷᠢᠯᠳᠦᠭᠦᠯᠵᠦ ᠦᠭᠬᠦ ᠦᠭᠡᠢ ᠶᠤᠮ ᠪᠤᠯ ᠬᠤᠵᠢᠮ ᠨᠢ ᠮᠤᠩᠭᠤᠯ ᠬᠡᠯᠡᠨ ᠤ ᠮᠡᠳᠡᠷᠡᠮᠵᠢ ᠲᠠᠢ ᠪᠤᠯᠬᠤ ᠳᠤ | ᠬᠦᠴᠢᠷ ᠪᠤᠯᠤᠨ᠎ᠠ᠃ ᠶᠡᠷᠦ ᠶᠢᠨ ᠮᠤᠩᠭᠤᠯ ᠦᠭᠡ ᠶᠢ ᠰᠤᠨᠤᠰᠤᠭᠠᠳ ᠭᠦᠢᠴᠡᠳ ᠤᠶᠢᠯᠠᠭᠠᠬᠤ ᠦᠭᠡᠢ᠂ | ᠮᠤᠩᠭᠤᠯ ᠢᠶᠠᠷ ᠤᠷᠤᠰᠤᠮ᠎ᠠ ᠬᠡᠯᠡᠵᠦ ᠴᠢᠳᠠᠬᠤ ᠦᠭᠡᠢ ᠪᠠᠷ ᠰᠢᠭᠤᠳ ᠮᠤᠩᠭᠤᠯ ᠪᠢᠴᠢᠭ ᠰᠤᠷᠤᠭᠰᠠᠨ ᠬᠡᠤᠬᠡᠳ ᠬᠡᠯᠡ | ᠪᠢᠴᠢᠭ ᠰᠤᠷᠬᠤ ᠳᠤ ᠶᠠᠪᠤᠬᠤ ᠲᠤᠳᠤᠮ ᠬᠦᠴᠢᠷᠳᠡᠨ᠎ᠡ᠂ ᠬᠦᠴᠢᠷᠳᠡᠬᠦ ᠲᠤᠳᠤᠮ ᠰᠤᠷᠬᠤ ᠤᠷᠮ᠎ᠠ ᠪᠠᠬ᠎ᠠ ᠦᠭᠡᠢ | ᠪᠤᠯᠤᠨ᠎ᠠ᠃ ᠰᠣᠳᠣᠯᠭᠠᠨ ᠢ ᠦᠨᠳᠦᠰᠦᠯᠡᠪᠡᠯ᠂ ᠡᠬᠡ ᠬᠡᠯᠡ ᠪᠠᠷ ᠢᠶᠠᠨ ᠬᠡᠯᠡ ᠳᠤ ᠤᠷᠤᠭᠰᠠᠨ ᠬᠡᠤᠬᠡᠳ ᠪᠤᠰᠤᠳ | ᠬᠠᠷᠢ ᠬᠡᠯᠡ ᠶᠢ ᠰᠤᠷᠬᠤ ᠳᠤ ᠪᠠᠨ ᠨᠡᠩ ᠲᠦᠷᠭᠡᠨ ᠪᠠᠶᠢᠳᠠᠭ᠃ ᠶᠠᠫᠤᠨ ᠤ ᠨᠤᠪᠧᠯ ᠤᠨ ᠱᠠᠩᠨᠠᠯᠲᠦ ᠹᠢᠽᠢᠺᠴᠢ | ᠲᠤᠰᠢᠾᠢᠳᠧ ᠮᠠᠰᠺᠠᠸᠠ ︽ᠶᠠᠫᠤᠨ ᠬᠡᠤᠬᠡᠳ ᠤᠳ ᠲᠤ ᠪᠠᠭ᠎ᠠ ᠨᠠᠰᠤᠨ ᠠᠴᠠ ᠨᠢ ᠡᠬᠢᠯᠡᠭᠡᠳ ᠪᠦᠬᠦ ᠮᠡᠳᠡᠯᠭᠡ ᠶᠢ | ᠶᠠᠫᠤᠨ ᠬᠡᠯᠡ ᠪᠠᠷ ᠨᠢ ᠤᠯᠭᠤᠵᠦ ᠪᠠᠶᠢᠨ᠎ᠠ᠃ ᠡᠬᠡ ᠬᠡᠯᠡ ᠪᠠᠷ ᠢᠶᠠᠨ ᠤᠯᠵᠦ ᠠᠪᠤᠭᠰᠠᠨ ᠮᠡᠳᠡᠯᠭᠡ ᠬᠠᠮᠤᠭ ᠤᠨ | ᠪᠠᠲᠤᠲᠠᠢ᠂ ᠴᠠᠭᠠᠰᠢ ᠬᠦᠭᠵᠢᠬᠦ ᠪᠤᠯᠤᠯᠴᠠᠭ᠎ᠠ ᠢᠯᠡᠭᠦᠤ ᠪᠠᠶᠢᠳᠠᠭ︾ ᠭᠡᠵᠡᠢ᠃ ᠡᠶᠢᠮᠦ ᠠᠴᠠ ᠬᠡᠤᠬᠡᠳ ᠤᠨ ᠨᠢᠭᠡ | ᠨᠠᠰᠤᠨ ᠤ ᠬᠦᠭᠵᠢᠯᠲᠡ ᠶᠢᠨ ᠰᠠᠭᠤᠷᠢ ᠶᠢ ᠰᠠᠶᠢᠨ ᠲᠠᠯᠪᠢᠶ᠎ᠠ ᠭᠡᠪᠡᠯ ᠭᠡᠷ ᠤᠨ ᠠᠬᠠᠮᠠᠳ ᠤᠨ ᠡᠬᠡ ᠬᠡᠯᠡᠨ ᠤ | ᠤᠬᠠᠮᠰᠠᠷ ᠢ ᠴᠢᠩᠭᠠᠳᠬᠠᠵᠦ ᠬᠡᠤᠬᠡᠳ ᠢᠶᠠᠨ ᠡᠬᠡ ᠬᠡᠯᠡ ᠪᠠᠷ ᠨᠢ ᠬᠡᠯᠡ ᠳᠤ ᠤᠷᠤᠭᠤᠯᠬᠤ ᠶᠢ ᠴᠢᠬᠤᠯᠠᠴᠢᠯᠠᠪᠠᠯ | ᠬᠡᠯᠡ ᠪᠢᠴᠢᠭ ᠰᠠᠶᠢᠨ ᠰᠤᠷᠬᠤ ᠰᠠᠭᠤᠷᠢ ᠶᠢ ᠲᠠᠯᠪᠢᠵᠦ ᠴᠢᠳᠠᠨ᠎ᠠ᠃ | ⑵ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠱᠠᠲᠤᠨ ᠳᠤ ᠦᠭᠡ ᠬᠡᠯᠡᠨ ᠤ ᠪᠤᠯᠪᠠᠰᠤᠷᠠᠯ ᠲᠠᠳᠤᠯᠭ᠎ᠠ ᠶᠢ | ᠴᠢᠩᠭᠠᠳᠬᠠᠨ᠎ᠠ᠃ | ᠰᠤᠳᠤᠯᠭᠠᠨ ᠢ ᠦᠨᠳᠦᠰᠦᠯᠡᠪᠡᠯ ᠬᠡᠦᠬᠡᠳ ᠤᠨ ᠳᠠᠷᠢᠬᠢᠨ ᠤ ᠬᠦᠭᠵᠢᠯᠳᠡ ᠨᠢ 1 — 7 ᠨᠠᠰᠤᠨ ᠤ | ᠦᠶ᠎ᠡ ᠳᠤ ᠬᠠᠮᠤᠭ ᠤᠨ ᠲᠦᠷᠭᠡᠨ ᠪᠠᠶᠢᠳᠠᠭ᠃ ᠡᠨᠡ ᠬᠤᠭᠤᠴᠠᠭ᠎ᠠ ᠶᠢ ᠡᠷᠳᠡᠮᠲᠡᠳ ᠬᠡᠤᠬᠡᠳ ᠤᠨ ᠬᠡᠯᠡ ᠰᠤᠷᠬᠤ ︽ | ᠰᠢᠵᠢᠷ ᠠᠯᠲᠠᠨ ᠦᠶ᠎ᠡ︾ ᠭᠡᠳᠡᠭ᠃ ᠡᠶᠢᠮᠦ ᠠᠴᠠ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠦᠶ᠎ᠡ ᠪᠤᠯ | ᠬᠡᠤᠬᠡᠳ ᠤᠨ ᠦᠭᠡ ᠬᠡᠯᠡᠨ ᠤ ᠪᠤᠯᠪᠠᠰᠤᠷᠠᠯ ᠲᠠᠳᠤᠯᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠤᠮ᠃ ᠴᠡᠴᠡᠷᠯᠢᠭ ᠲᠤ | ᠣᠷᠣᠬᠤ ᠦᠶ᠎ᠡ ᠳᠤ ᠬᠡᠦᠬᠡᠳ ᠨᠢᠬᠡᠨᠳᠡ ᠠᠪᠤ ᠡᠵᠢ ᠶᠢᠨ ᠢᠶᠠᠨ ᠲᠤᠳᠤᠮᠳᠠᠯᠭ᠎ᠠ ᠪᠠᠷ ︽ᠱᠠᠬᠠᠢ︾ ᠭᠡᠵᠦ ᠬᠡᠯᠡᠭᠡᠳ ︽ | ᠱᠠᠬᠠᠢ ᠡᠮᠦᠰᠦᠨ᠎ᠡ︾ ᠭᠡᠬᠦ ᠰᠠᠨᠠᠭ᠎ᠠ ᠶᠢ ᠭᠠᠷᠭᠠᠵᠣ ᠪᠠᠶᠢᠭᠰᠠᠨ ᠠᠴᠠ ᠪᠠᠨ ᠨᠡᠯᠢᠶᠡᠳ ᠪᠦᠳᠦᠨ ᠦᠬᠡ ᠦᠬᠦᠯᠡᠪᠦᠷᠢ᠂ | ᠳᠠᠩ ᠦᠬᠦᠯᠡᠪᠦᠷᠢ᠂ ᠨᠡᠶᠢᠯᠡᠮᠡᠯ ᠦᠬᠦᠯᠡᠪᠦᠷᠢ ᠶᠢ ᠶᠠᠷᠢᠵᠣ ᠴᠢᠳᠠᠬᠤ ᠬᠢᠷᠢ ᠬᠡᠮᠵᠢᠶ᠎ᠡ ᠲᠠᠢ ᠪᠤᠯᠪᠠᠴᠦ ᠦᠬᠡᠰ ᠤᠨ | ᠰᠠᠩ ᠨᠢ ᠢᠪᠴᠣᠣ ᠶᠣᠮ᠃ ᠡᠶᠢᠮᠦ ᠠᠴᠠ ᠡᠨᠡ ᠱᠠᠳᠣᠨ ᠳᠤ ᠰᠣᠷᠭᠠᠨ ᠬᠦᠮᠦᠵᠢᠯ ᠤᠨ ᠠᠷᠭ᠎ᠠ ᠪᠠᠷ ᠪᠠᠶᠢᠩᠭᠤ | ᠬᠡᠷᠡᠭᠯᠡᠳᠡᠭ ᠦᠬᠡ ᠶᠢ ᠵᠢᠭᠠᠵᠣ ᠦᠭᠬᠦ ᠬᠡᠷᠡᠭᠳᠡᠢ᠃ ᠡᠨᠡ ᠨᠠᠰᠣᠨ ᠤ ᠬᠡᠦᠬᠡᠳ ᠤᠨ ᠦᠬᠡ ᠬᠡᠯᠨ ᠳᠡᠭᠡᠳᠦ | ᠢᠳᠡᠪᠬᠢᠵᠢᠯ ᠤᠨ ᠱᠠᠳᠣᠨ ᠳᠤ ᠪᠠᠶᠢᠭ᠎ᠠ ᠳᠣᠯᠨ ᠳᠡᠳᠡ ᠪᠤᠰᠤᠳ ᠲᠠᠢ ᠶᠠᠷᠢᠯᠴᠠᠬᠤ ᠳᠣᠷᠠᠳᠠᠢ᠂ ᠦᠯᠢᠬᠡᠷ ᠰᠢᠯᠦᠭ | ᠰᠣᠨᠣᠰᠬᠤ ᠳᠣᠷᠠᠳᠠᠢ ᠪᠠᠶᠢᠳᠠᠭ᠃ ᠡᠨᠡᠬᠦ ᠣᠨᠴᠠᠯᠢᠭ ᠢ ᠨᠢ ᠠᠳᠬᠤᠵᠣ ᠪᠠᠭᠰᠢ ᠠᠬᠠᠮᠠᠳ ᠨᠢ ᠬᠡᠤᠬᠡᠳ ᠲᠠᠢ ᠢᠯᠡᠬᠦᠦ | ᠶᠠᠷᠢᠯᠴᠠᠵᠦ᠂ ᠪᠠᠰᠠ ᠦᠯᠢᠬᠡᠷ ᠶᠠᠷᠢᠵᠦ ᠦᠭᠬᠦ ᠪᠤᠶᠤ ᠬᠡᠦᠬᠡᠳ ᠤᠨ ᠣᠩᠰᠢᠭᠤ ᠴᠡᠭᠡᠵᠢᠯᠡᠬᠦᠯᠬᠦ ᠠᠷᠭ᠎ᠠ ᠠᠪᠴᠣ | ᠪᠣᠯᠣᠨ᠎ᠠ᠃ ᠬᠠᠷᠢᠨ ᠴᠡᠴᠡᠷᠯᠢᠭ ᠤᠨ ᠱᠠᠲᠤᠨ ᠳᠤ ᠠᠯᠪᠠᠳᠠᠯᠭ᠎ᠠ ᠪᠠᠷ ᠦᠰᠦᠭ ᠪᠢᠴᠢᠭ ᠳᠠᠨᠢᠭᠤᠯᠬᠤ ᠪᠣᠶᠣ ᠡᠬᠡ | ᠬᠡᠯᠡᠨ ᠠᠴᠠ ᠨᠢ ᠪᠣᠰᠣᠳ ᠬᠠᠷᠢ ᠬᠡᠯᠨ ᠰᠣᠷᠭᠠᠬᠤ ᠪᠠᠷ ᠣᠷᠣᠯᠳᠣᠪᠠᠯ ᠬᠡᠦᠬᠡᠳ ᠤᠨ ᠶᠡᠭᠡ ᠳᠠᠷᠢᠬᠢᠨ ᠳᠠᠬᠢ ᠬᠡᠯᠡᠨ ᠤ | ᠣᠷᠴᠢᠨ ᠢ ᠡᠪᠳᠡᠵᠦ ︽ᠴᠠᠬᠢᠯᠭᠠᠨ ᠳᠦᠳᠡᠯᠡᠯ ᠭᠠᠷᠬᠤ︾ ᠰᠢᠭ᠋ ᠶᠡᠭᠡ ᠳᠠᠷᠢᠬᠢᠨ ᠳᠤ ᠣᠷᠪᠠᠯ ᠡᠬᠦᠰᠴᠦ | ᠵᠣᠬᠢᠴᠠᠩᠭᠤᠢ ᠬᠦᠭᠵᠢᠯᠳᠡ ᠶᠢ ᠨᠢ ᠨᠦᠯᠦᠬᠡᠯᠡᠬᠦ ᠪᠣᠯᠣᠨ᠎ᠠ᠃ ᠶᠠᠭ ᠺᠣᠮᠫᠢᠣᠲ᠋ᠧᠷ ᠪᠣᠶᠣ ᠭᠠᠷ ᠣᠳᠠᠰᠣᠨ ᠳᠤ ᠮᠠᠰᠢ | ᠣᠯᠠᠨ ᠰᠣᠷᠠᠭ ᠵᠠᠩᠬᠢ ᠵᠡᠷᠭᠡ ᠪᠠᠷ ᠣᠷᠣᠵᠣ ᠢᠷᠡᠬᠦ ᠦᠶᠡᠰ ᠳᠦᠭᠵᠢᠷᠡᠳᠡᠭ ᠲᠠᠢ ᠠᠳᠠᠯᠢᠬᠠᠨ ᠶᠣᠮ᠃ | ᠪᠢᠳᠡ ᠲᠤᠮᠳᠠᠳᠦ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠲᠤᠮᠳᠠᠬᠢ ᠬᠦᠴᠢᠷᠳᠡᠯ ᠢ | ᠰᠢᠢᠳᠪᠦᠷᠢᠯᠡᠬᠦ ᠳᠤ ᠬᠡᠤᠬᠡᠳ ᠤᠨ ᠦᠭᠡ ᠬᠡᠯᠡᠨ ᠤ ᠴᠠᠭᠠᠷᠠᠯ ᠤᠨ ᠲᠤᠬᠠᠢ ᠴᠡᠴᠡᠷᠯᠢᠭ᠂ ᠪᠠᠭ᠎ᠠ ᠰᠤᠷᠭᠠᠭᠤᠯᠢ ᠠᠴᠠ | ᠡᠬᠢᠯᠡᠨ ᠰᠤᠳᠤᠯᠭᠠᠨ ᠬᠢᠬᠦ ᠴᠢᠬᠤᠯᠠᠲᠠᠢ᠃ ᠣᠳᠣ ᠪᠦᠬᠦ ᠤᠷᠤᠨ ᠤ ᠴᠡᠴᠡᠷᠯᠢᠭ ᠤᠨ ᠪᠠᠭᠰᠢ ᠨᠠᠷ ᠪᠠ ᠪᠠᠭ᠎ᠠ | ᠰᠤᠷᠭᠠᠭᠤᠯᠢ ᠶᠢᠨ ᠪᠠᠭᠰᠢ ᠨᠠᠷ ᠤᠨ ᠲᠤᠮᠳᠠ ︽ᠨᠠᠷᠠᠲᠦ ᠪᠠᠭᠰᠢ ᠶᠢᠨ ᠠᠵᠢᠯ ᠤᠨ ᠬᠠᠮᠲᠤᠯᠢᠭ︾ ᠤᠨ ᠬᠡᠯᠪᠡᠷᠢ ᠪᠠᠷ | ᠬᠢᠵᠦ ᠪᠠᠶᠢᠭ᠎ᠠ ︽ᠲᠦᠷᠪᠡᠨ ᠪᠤᠭᠤᠮᠲᠠ ᠶᠢ ᠲᠠᠪᠠᠭᠤᠯᠬᠤ︾ ᠰᠤᠳᠤᠯᠭᠠᠨ ᠪᠤᠯ ᠬᠡᠯᠡ ᠪᠢᠴᠢᠭ ᠤᠨ ᠵᠢᠭᠠᠨ | ᠰᠤᠷᠭᠠᠯᠲᠠ ᠲᠤᠮᠳᠠᠬᠢ ᠬᠦᠴᠢᠷᠳᠡᠯ ᠢ ᠰᠢᠢᠳᠪᠦᠷᠢᠯᠡᠬᠦ ᠶᠢᠨ ᠲᠦᠯᠦᠭᠡ ᠬᠢᠭᠰᠡᠨ ᠰᠦᠪᠡᠭᠴᠢᠯᠡᠯ ᠪᠤᠯᠬᠤ ᠶᠤᠮ᠃ | ᠬᠡᠤᠬᠡᠳ ᠤᠨ ᠴᠡᠴᠡᠷᠯᠢᠭ ᠪᠠ ᠪᠠᠭ᠎ᠠ ᠰᠣᠷᠭᠠᠭᠤᠯᠢ ᠶᠢᠨ ᠱᠠᠲᠤᠨ ᠳᠤ ᠬᠡᠯᠡ ᠪᠢᠴᠢᠭ ᠰᠤᠷᠬᠤ ᠶᠠᠪᠤᠴᠠ ᠶᠢ | ᠬᠢᠴᠢᠶᠡᠯ ᠤᠨ ᠪᠠᠷᠢᠮᠵᠢᠶ᠎ᠠ ᠶᠢ ᠦᠨᠳᠦᠰᠦᠯᠡᠨ ᠰᠣᠨᠤᠰᠬᠤ — ᠶᠠᠷᠢᠬᠤ᠂ ᠦᠰᠦᠭᠯᠡᠯ᠂ ᠣᠡᠭᠰᠢᠯᠭ᠎ᠠ᠂ ᠵᠤᠬᠢᠶᠠᠨ | ᠪᠢᠴᠢᠯᠭᠡ ᠵᠡᠷᠭᠡ ᠲᠦᠷᠪᠡᠨ ᠱᠠᠲᠦ ᠬᠤᠪᠢᠶᠠᠵᠦ ᠲᠤᠰ ᠲᠤᠰ ᠵᠢᠭᠠᠬᠤ ᠠᠷᠭ᠎ᠠ ᠶᠢᠨ ᠦᠭᠡᠷᠡᠴᠢᠯᠡᠯᠲᠡ ᠬᠢᠵᠠᠢ᠃ | ᠡᠭᠦᠨ ᠤ ᠲᠤᠳᠤᠷᠠᠬᠢ ︽ᠰᠣᠨᠤᠰᠬᠤ — ᠶᠠᠷᠢᠬᠤ ᠪᠤᠭᠤᠮᠲᠠ ᠲᠠᠪᠠᠭᠤᠯᠬᠤ︾ ᠰᠤᠳᠤᠯᠭᠠᠨ ᠪᠤᠯ ᠴᠡᠴᠡᠷᠯᠢᠭ ᠪᠠ | ᠪᠠᠭ᠎ᠠ ᠰᠤᠷᠭᠠᠭᠤᠯᠢ ᠶᠢᠨ ᠲᠤᠤᠷ᠎ᠠ ᠤᠨ ᠤ ᠱᠠᠲᠤᠨ ᠳᠤ ᠬᠡᠯᠡᠨ ᠤ ᠪᠤᠯᠪᠠᠰᠣᠷᠠᠯ ᠢ ᠬᠡᠷᠬᠢᠨ ᠰᠢᠨᠵᠢᠯᠡᠬᠦ ᠤᠬᠠᠭᠠᠨᠴᠢ | ᠪᠠᠷ ᠬᠢᠵᠦ ᠬᠡᠯᠡ ᠪᠢᠴᠢᠭ ᠰᠤᠷᠬᠤ ᠰᠠᠭᠤᠷᠢ ᠶᠢ ᠰᠠᠶᠢᠨ ᠲᠠᠯᠪᠢᠬᠤ ᠶᠢ ᠵᠤᠷᠢᠵᠦ ᠪᠠᠶᠢᠭ᠎ᠠ ᠵᠢᠭᠠᠨ ᠰᠤᠷᠭᠠᠯᠲᠠ ᠶᠢᠨ | ᠰᠤᠳᠤᠯᠭᠠᠨ ᠶᠤᠮ᠃ ᠲᠤᠰ ᠰᠤᠳᠤᠯᠭᠠᠨ ᠤ ᠳ᠋ᠦᠡᠭ ᠳᠤ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠲᠤᠤᠷ᠎ᠠ ᠤᠨ ᠤ | ᠱᠠᠳᠤᠨ ᠳᠠᠬᠢ ᠬᠡᠤᠬᠡᠳ ᠤᠨ ᠦᠭᠡᠰ ᠤᠨ ᠰᠠᠩ ᠤᠨ ᠲᠤᠬᠠᠢ ᠪᠤᠳᠠᠲᠠᠢ ᠲᠤᠭ᠎ᠠ ᠪᠠᠷᠢᠮᠲᠠ ᠶᠢ ᠪᠦᠷᠢᠳᠬᠡᠨ ᠭᠠᠷᠭᠠᠵᠦ | ᠂ ᠬᠡᠤᠬᠡᠳ ᠤᠨ ᠦᠭᠡ ᠬᠡᠯᠡᠨ ᠤ ᠴᠠᠭᠠᠷᠠᠯ ᠳᠤ ᠵᠤᠷᠢᠭᠤᠯᠤᠭᠰᠠᠨ ᠬᠡᠯᠡᠨ ᠤ ᠪᠤᠯᠪᠠᠰᠤᠷᠠᠯ ᠲᠠᠳᠤᠯᠭ᠎ᠠ ᠶᠢᠨ | ᠮᠠᠲ᠋ᠧᠷᠢᠶᠠᠯ ᠢ ᠨᠠᠶᠢᠷᠠᠭᠤᠯᠤᠨ ᠭᠠᠷᠭᠠᠬᠤ ᠪᠠᠷ ᠪᠠᠶᠢᠭ᠎ᠠ ᠶᠤᠮ᠃ | ⑶ ᠲᠤᠮᠳᠠᠳᠦ ᠰᠤᠷᠭᠠᠭᠤᠯᠢ ᠶᠢᠨ ᠰᠤᠷᠤᠭᠴᠢᠳ ᠤᠨ ᠡᠬᠡ ᠬᠡᠯᠡ ᠪᠠᠨ ᠰᠤᠷᠴᠦ ᠬᠡᠷᠡᠭᠯᠡᠬᠦ ᠪᠤᠯᠤᠮᠵᠢ ᠶᠢ | ᠦᠷᠭᠡᠳᠬᠡᠨ᠎ᠡ᠃ | ︽ᠭᠦᠮᠦᠨ ᠢ ᠭᠦᠮᠦᠵᠢᠭᠦᠯᠬᠦ ᠪᠤᠯ ᠤᠷᠠᠯᠢᠭ ᠤᠨ ᠲᠤᠳᠤᠷᠠᠭᠢ ᠤᠷᠠᠯᠢᠭ ᠶᠤᠮ᠃ ᠤᠴᠢᠷ ᠨᠢ ᠭᠦᠮᠦᠨ ᠪᠤᠯ | ᠠᠯᠢᠪᠠ ᠠᠮᠢᠳᠤ ᠪᠤᠳᠠᠰ ᠤᠨ ᠲᠤᠳᠤᠷ᠎ᠡ ᠬᠠᠮᠤᠭ ᠤᠨ ᠪᠤᠳᠤᠯᠢᠶᠠᠨᠳᠠᠢ᠂ ᠬᠠᠮᠤᠭ ᠤᠨ ᠨᠢᠭᠤᠴᠠᠭᠠᠢ ᠨᠢ ᠶᠤᠮ︾ ᠭᠡᠵᠤ | ᠴᠧᠬᠤ᠋ ᠶᠢᠨ ᠠᠯᠳᠠᠷᠳᠤ ᠰᠤᠷᠭᠠᠨ ᠭᠦᠮᠦᠵᠢᠯ ᠤᠨ ᠤᠬᠠᠭᠠᠨᠳᠠᠨ ᠺᠤᠮᠧᠨ᠋ᠰᠺᠦ ᠪᠠᠭᠰᠢ ᠨᠠᠷ ᠲᠤ ᠠᠩᠬᠠᠷᠤᠭᠤᠯᠳᠠᠭ᠃ | ᠲᠤᠮᠳᠠᠳᠦ ᠤᠯᠤᠰ ᠤᠨ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠰᠤᠳᠤᠯᠭᠠᠲᠠᠨ ᠨᠢᠤ ᠰᠢᠤ ᠵᠢᠤᠸᠠᠨ ᠪᠠᠭᠰᠢ᠄ ︽ | ᠬᠡᠯᠡ ᠪᠢᠴᠢᠭ ᠤᠨ ᠭᠢᠴᠢᠶᠡᠯᠯᠡᠭᠡ ᠳᠤ ᠰᠣᠨᠢᠷᠬᠠᠯ ᠤᠨ ᠰᠡᠳᠭᠢᠯᠭᠡ᠂ ᠰᠢᠯᠦᠭ ᠤᠨ ᠰᠠᠨᠠᠭ᠎ᠠ᠂ ᠤᠷᠠᠨ ᠰᠡᠳᠭᠢᠮᠵᠢ᠂ | ᠪᠢᠯᠬᠠᠮ᠎ᠠ ᠬᠠᠶᠢᠷ᠎ᠠ ᠶᠢ ᠲᠤᠪᠤᠶᠢᠯᠭᠠᠵᠤ᠂ ᠣᠯᠠᠨ ᠡᠰᠢᠲᠦ ᠵᠢᠭᠠᠨ ᠰᠤᠷᠭᠠᠯᠲᠠ ᠶᠢᠨ ᠠᠷᠭ᠎ᠠ ᠪᠠᠷᠢᠯ ᠢᠶᠠᠷ ᠭᠢᠴᠢᠶᠡᠯ ᠤᠨ | ᠠᠭᠤᠯᠤᠭᠳᠠᠬᠤᠨ ᠢ ᠪᠠᠶᠠᠯᠢᠭᠵᠢᠭᠤᠯᠵᠤ᠂ ᠰᠤᠷᠤᠭᠴᠢᠳ ᠤᠨ ᠠᠩᠬᠠᠷᠤᠯ ᠢ ᠲᠥᠪᠯᠡᠷᠡᠭᠦᠯᠵᠤ᠂ ᠲᠡᠳᠡᠨ ᠳᠤ | ᠠᠮᠢᠳᠤᠷᠠᠯ ᠤᠨ ᠨᠠᠷᠢᠨ ᠵᠦᠢᠯ ᠠᠴᠠ ᠭᠤᠸ᠎ᠠ ᠲᠠᠭᠠᠰᠢᠶᠠᠯ ᠤᠨ ᠬᠦᠷᠲᠡᠭᠡᠯ ᠣᠯᠭᠤᠵᠤ᠂ ᠰᠣᠳᠤᠨ ᠰᠣᠩᠭᠤᠳᠠᠭ ᠨᠣᠮ | ᠵᠣᠬᠢᠶᠠᠯ ᠤᠩᠰᠢᠭᠤᠯᠬᠤ ᠪᠠᠷ ᠰᠠᠶᠢᠨ ᠰᠠᠶᠢᠬᠠᠨ ᠢ ᠰᠡᠷᠡᠵᠤ᠂ ᠦᠰᠦᠭ ᠪᠢᠴᠢᠭ ᠰᠤᠷᠬᠤ ᠠᠴᠠ ᠭᠤᠸ᠎ᠠ ᠰᠠᠶᠢᠬᠠᠨ ᠢ | ᠮᠡᠳᠡᠷᠡᠵᠦ᠂ ᠤᠷᠠᠨ ᠰᠡᠳᠬᠢᠮᠵᠢ ᠠᠴᠠ ᠭᠤᠸ᠎ᠠ ᠰᠠᠢᠬᠠᠨ ᠢ ᠤᠬᠠᠵᠤ᠂ ᠣᠷᠤᠯᠳᠤᠯᠭ᠎ᠠ ᠰᠦᠪᠡᠭᠴᠢᠯᠡᠯᠳᠡ ᠪᠠᠷ ᠭᠤᠸ᠎ᠠ | ᠰᠠᠢᠬᠠᠨ ᠢ ᠡᠭᠦᠳᠦᠨ ᠪᠦᠲᠦᠭᠡᠬᠦ ᠵᠦᠭ ᠬᠥᠲᠥᠯᠥᠨᠠ︾ ᠭᠡᠮᠡᠨ ᠶᠠᠷᠢᠭᠰᠠᠨ ᠪᠠᠶᠢᠳᠠᠭ᠃ ᠬᠡᠯᠡ ᠪᠢᠴᠢᠭ ᠤᠨ ᠵᠢᠭᠠᠨ | ᠰᠤᠷᠭᠠᠯᠲᠠ ᠶᠢᠨ ᠬᠠᠮᠤᠭ ᠤᠨ ᠦᠨᠳᠦᠰᠦᠨ ᠵᠤᠷᠢᠯᠭ᠎ᠠ ᠨᠢ ᠰᠤᠷᠤᠭᠴᠢᠳ ᠤᠨ ᠠᠮᠢᠳᠤᠷᠠᠯ ᠦᠢᠯᠡᠳᠦᠯᠭᠡ ᠲᠤᠮᠳᠠᠬᠢ | ᠬᠡᠯᠡ ᠪᠢᠴᠢᠭ ᠤᠨ ᠴᠢᠳᠠᠪᠤᠷᠢ ᠶᠢ ᠬᠦᠮᠦᠵᠢᠭᠦᠯᠬᠦ ᠶᠢᠨ ᠲᠦᠯᠦᠭᠡ ᠶᠤᠮ᠃ ᠰᠤᠷᠤᠭᠴᠢᠳ ᠬᠡᠯᠡ ᠪᠢᠴᠢᠭ ᠢ | ᠰᠤᠷᠬᠤ ᠶᠢᠨ ᠲᠦᠯᠦᠭᠡ ᠰᠤᠷᠴᠦ ᠪᠠᠶᠢᠬᠤ ᠪᠢᠰᠢ ᠬᠠᠷᠢᠨ ᠬᠡᠷᠡᠭᠯᠡᠬᠦ ᠶᠢᠨ ᠲᠦᠯᠦᠭᠡ ᠰᠤᠷᠴᠦ ᠪᠠᠶᠢᠨ᠎ᠠ᠃ ᠶᠠᠮᠠᠷ | ᠨᠢᠭᠡᠨ ᠬᠡᠯᠡ ᠶᠢ ᠠᠮᠢᠳᠤᠷᠠᠯ ᠲᠤᠮᠳᠠ ᠬᠡᠳᠦᠢ ᠰᠠᠶᠢᠨ ᠬᠡᠷᠡᠭᠯᠡᠬᠦ ᠲᠤᠳᠤᠮ ᠲᠤᠬᠠᠢ ᠶᠢᠨ ᠬᠡᠯᠡ ᠶᠢ ᠴᠠᠭᠠᠨ᠎ᠠ ᠠᠴᠠ ᠨᠢ | ᠤᠶᠢᠯᠠᠭᠠᠵᠦ ᠠᠮᠢᠳᠣᠯᠢᠭ ᠰᠠᠶᠢᠬᠠᠨ ᠬᠡᠷᠡᠭᠯᠡᠵᠦ ᠴᠢᠳᠠᠬᠤ ᠮᠡᠳᠡᠷᠡᠮᠵᠢ ᠲᠠᠢ ᠪᠤᠯᠳᠠᠭ᠃ ᠮᠠᠯᠵᠢᠬᠤ ᠠᠮᠢᠳᠤᠷᠠᠯ ᠤᠨ | ᠬᠦᠷᠦᠰᠦᠨ ᠠᠴᠠ ᠰᠠᠯᠵᠦ᠂ ᠮᠤᠩᠭᠤᠯ ᠬᠡᠯᠡᠨ ᠤ ᠤᠷᠴᠢᠨ ᠠᠴᠠ ᠵᠠᠶᠢᠳᠠᠭᠰᠠᠨ ᠰᠤᠷᠤᠭᠴᠢᠳ ᠲᠤ ᠬᠡᠯᠡ ᠪᠢᠴᠢᠭ | ᠤᠨ ᠮᠡᠳᠡᠯᠭᠡ ᠴᠢᠳᠠᠪᠤᠷᠢ ᠡᠵᠡᠮᠰᠢᠭᠦᠯᠵᠦ ᠶᠡᠷᠦᠩᠬᠡᠶᠢᠯᠡᠭᠰᠡᠨ ᠬᠡᠪ ᠪᠤᠯᠪᠠᠰᠣᠷᠠᠯ ᠢ ᠨᠢ ᠲᠡᠭᠡᠭᠰᠢᠯᠡᠭᠦᠯᠦᠶ᠎ᠡ ᠭᠡᠪᠡᠯ | ᠲᠡᠳᠡᠨ ᠳᠤ ᠦᠭᠡ ᠬᠡᠯᠡ ᠰᠤᠷᠴᠦ ᠬᠡᠷᠡᠭᠯᠡᠬᠦ ᠦᠷᠭᠡᠨ ᠪᠤᠯᠤᠮᠵᠢ ᠤᠯᠭᠤᠬᠤ ᠴᠢᠬᠤᠯᠠᠲᠠᠢ᠃ | ① ᠦᠭᠡ ᠬᠡᠯᠡ ᠪᠠᠨ ᠰᠤᠷᠬᠤ ᠬᠡᠷᠡᠭᠯᠡᠬᠦ᠂ ᠮᠠᠯᠵᠢᠬᠤ ᠰᠤᠶᠤᠯ ᠢᠶᠠᠨ ᠲᠠᠨᠢᠵᠦ ᠤᠶᠢᠯᠠᠭᠠᠬᠤ ᠵᠤᠬᠢᠶᠠᠮᠠᠯ | ᠤᠷᠴᠢᠨ ᠢ ᠪᠤᠢ ᠪᠤᠯᠭᠠᠨ ᠰᠤᠷᠤᠭᠴᠢᠳ ᠲᠤ ᠠᠮᠢᠳᠤᠷᠠᠯ ᠲᠤᠮᠳᠠ ᠬᠡᠯᠡ ᠰᠤᠷᠬᠤ ᠪᠤᠯᠤᠮᠵᠢ ᠤᠯᠭᠤᠨ᠎ᠠ᠃ ᠵᠠᠩ | ᠦᠢᠯᠡ ᠶᠢᠨ ᠬᠢᠴᠢᠶᠡᠯ᠂ ᠰᠤᠷᠪᠤᠯᠵᠢᠯᠠᠭ᠎ᠠ ᠪᠠᠶᠢᠴᠠᠭᠠᠯᠲᠠ ᠬᠢᠯᠭᠡᠬᠦ᠂ ᠮᠠᠯᠵᠢᠬᠤ ᠠᠮᠢᠳᠤᠷᠠᠯ ᠤᠨ ᠦᠢᠯᠡᠳᠦᠯᠭᠡ ᠳᠤ | ᠤᠷᠤᠯᠴᠠᠭᠤᠯᠬᠤ ᠵᠡᠷᠭᠡ ᠰᠤᠷᠭᠠᠭᠤᠯᠢ ᠶᠢᠨ ᠬᠢᠴᠢᠶᠡᠯ ᠲᠠᠢ ᠤᠶᠠᠯᠳᠤᠭᠤᠯᠤᠨ ᠬᠡᠯᠡ ᠪᠢᠴᠢᠭ ᠤᠨ ᠵᠢᠭᠠᠨ | ᠰᠤᠷᠭᠠᠯᠲᠠ ᠶᠢ ᠪᠠᠶᠠᠯᠢᠭᠵᠢᠭᠤᠯᠪᠠᠯ ᠰᠤᠷᠤᠭᠴᠢᠳ ᠤᠨ ᠤᠷᠮ᠎ᠠ ᠶᠢ ᠬᠦᠭᠵᠢᠭᠡᠨ ᠦᠭᠡᠰ ᠤᠨ ᠰᠠᠩ ᠢ ᠨᠢ | ᠪᠠᠶᠠᠯᠢᠭᠵᠢᠭᠤᠯᠵᠦ ᠴᠢᠳᠠᠨ᠎ᠠ᠃ ᠵᠢᠱᠢᠶᠡᠯᠡᠪᠡᠯ᠂ ᠲᠦᠷᠪᠡᠳ ᠬᠤᠰᠢᠭᠤᠨ ᠤ ᠮᠤᠩᠭᠤᠯ ᠲᠤᠮᠳᠠᠳᠦ ᠰᠣᠷᠭᠠᠭᠤᠯᠢ | ᠮᠠᠯᠵᠢᠬᠤ ᠠᠮᠢᠳᠤᠷᠠᠯ ᠤᠨ ᠰᠠᠭᠤᠷᠢᠨ ᠭᠠᠵᠠᠷ ᠪᠠᠶᠢᠭᠤᠯᠵᠦ ᠰᠤᠷᠤᠭᠴᠢᠳ ᠢᠶᠠᠨ ᠲᠤᠭᠲᠠᠭᠰᠠᠨ ᠬᠤᠭᠤᠴᠠᠭ᠎ᠠ ᠲᠠᠢ | ᠰᠠᠭᠤᠷᠢᠨ ᠭᠠᠵᠠᠷ ᠲᠤ ᠤᠴᠢᠭᠤᠯᠵᠦ ᠠᠵᠢᠯ ᠬᠦᠳᠡᠯᠮᠦᠷᠢ᠂ ᠦᠭᠡ ᠬᠡᠯᠡᠨ ᠤ ᠪᠤᠯᠪᠠᠰᠤᠷᠠᠯ ᠲᠠᠳᠤᠯᠭ᠎ᠠ ᠬᠢᠯᠭᠡᠵᠦ | ᠪᠠᠶᠢᠨ᠎ᠠ᠃ | ② ᠬᠢᠴᠢᠶᠡᠯ ᠤᠨ ᠭᠠᠳᠠᠨᠠᠬᠢ ᠤᠡᠭᠰᠢᠯᠭ᠎ᠠ ᠶᠢ ᠴᠢᠨᠠᠷᠯᠢᠭ ᠰᠠᠶᠢᠨ ᠵᠢᠯᠤᠭᠤᠳᠴᠦ ᠰᠤᠷᠤᠭᠴᠢᠳ ᠤᠨ | ᠤᠡᠭᠰᠢᠯᠭ᠎ᠠ ᠶᠢᠨ ᠤᠷᠮ᠎ᠠ ᠪᠠᠬ᠎ᠠ ᠪᠠ ᠲᠠᠳᠬᠠᠯ ᠢ ᠬᠦᠮᠦᠵᠢᠭᠦᠯᠦᠨ᠎ᠡ᠃ ᠲᠤᠮᠳᠠᠳᠦ ᠤᠯᠤᠰ ᠤᠨ ᠰᠤᠷᠭᠠᠨ | ᠬᠦᠮᠦᠵᠢᠯ ᠤᠨ ᠤᠬᠠᠭᠠᠨᠲᠠᠨ ᠲᠤᠣ ᠰᠢᠩ ᡁᠢ ᠠᠪᠤᠭᠠᠢ᠄ ︽ᠦᠭᠡ ᠬᠡᠯᠡ ᠦᠰᠦᠭ ᠪᠢᠴᠢᠭ ᠤᠨ ᠪᠣᠯᠪᠠᠰᠣᠷᠠᠯ ᠪᠣᠯ | ᠬᠠᠮᠤᠭ ᠤᠨ ᠴᠢᠬᠤᠯᠠ ᠨᠢ ᠮᠠᠳᠡᠷᠡᠮᠵᠢ ᠲᠠᠢ ᠪᠤᠯᠭᠠᠬᠤ ᠶᠠᠪᠤᠳᠠᠯ ᠶᠤᠮ᠂ ᠡᠨᠡ ᠮᠡᠳᠡᠷᠡᠮᠵᠢ ᠶᠢ ᠶᠠᠮᠠᠷ ᠴᠦ ᠬᠦᠮᠦᠨ | ᠭᠡᠳ ᠣᠷᠣᠯᠠᠵᠦ ᠪᠡᠶᠠᠯᠠᠬᠦᠯᠵᠦ ᠦᠭᠴᠦ ᠲᠡᠶᠢᠯᠬᠦ ᠦᠭᠡᠢ᠂ ᠣᠩᠰᠢᠭᠴᠢ ᠶᠢᠨ ᠲᠤᠰᠠ ᠪᠡᠶ᠎ᠡ ᠯᠠ ᠮᠡᠳᠡᠷᠡᠵᠦ | ᠲᠡᠶᠢᠯᠳᠡᠭ︾ ᠭᠡᠵᠡᠢ᠃ ᠡᠭᠦᠨ ᠠᠴᠠ ᠦᠵᠡᠪᠡᠯ ᠰᠤᠷᠤᠭᠴᠢᠳ ᠤᠨ ᠬᠡᠯᠡᠨ ᠤ ᠮᠡᠳᠡᠷᠡᠮᠵᠢ ᠶᠢ ᠰᠠᠶᠢᠵᠢᠷᠠᠭᠤᠯᠬᠤ ᠳᠤ | ᠢᠯᠡᠬᠦᠬᠡᠨ ᠨᠤᠮ ᠤᠡᠭᠰᠢᠭᠤᠯᠬᠤ ᠬᠡᠷᠡᠭᠳᠡᠢ᠃ ᠪᠠᠭᠰᠢ ᠨᠤᠮ ᠤᠡᠭᠰᠢᠯᠭ᠎ᠠ ᠶᠢ ᠵᠢᠯᠤᠭᠤᠳᠤᠨ ᠤᠷᠮᠠᠰᠢᠭᠤᠯᠤᠨ | ᠰᠡᠩᠬᠡᠷᠡᠭᠦᠯᠵᠦ ᠰᠤᠷᠤᠭᠴᠢᠳ ᠤᠨ ᠨᠤᠮ ᠤᠡᠭᠰᠢᠬᠤ ᠤᠷᠮ᠎ᠠ ᠪᠠᠬ᠎ᠠ ᠪᠠ ᠲᠠᠳᠬᠠᠯ ᠢ ᠬᠦᠮᠦᠵᠢᠭᠦᠯᠬᠦ ᠨᠢ ᠬᠠᠮᠤᠭ ᠤᠨ | ᠴᠢᠬᠤᠯᠠ᠃ ᠮᠠᠨ ᠤ ᠬᠡᠯᠡ ᠪᠢᠴᠢᠭ ᠤᠨ ᠪᠠᠭᠰᠢ ᠨᠠᠷ ᠴᠦ ᠤᠡᠭᠰᠢᠯᠭ᠎ᠠ ᠶᠢᠨ ᠬᠡᠯᠡᠨ ᠤ ᠮᠡᠳᠡᠷᠡᠮᠵᠢ ᠳᠤ ᠦᠵᠡᠭᠦᠯᠬᠦ | ᠡᠶᠢᠮᠦ ᠵᠠᠩᠭᠢᠯᠠᠭ᠎ᠠ ᠶᠢᠨ ᠦᠢᠯᠡᠳᠦᠯ ᠢ ᠨᠢᠭᠡᠨᠲᠡ ᠲᠠᠨᠢᠵᠦ ᠲᠤᠰᠬᠠᠢ ᠤᠡᠭᠰᠢᠯᠭ᠎ᠠ ᠶᠢᠨ ᠬᠢᠴᠢᠶᠡᠯ ᠲᠤᠬᠢᠷᠠᠭᠤᠯᠤᠨ | ᠤᠯᠠᠨ ᠵᠦᠢᠯ ᠤᠨ ᠠᠷᠭ᠎ᠠ ᠰᠦᠪᠡᠭᠴᠢᠯᠡᠨ ᠰᠤᠷᠤᠭᠴᠢᠳ ᠤᠨ ᠬᠢᠴᠢᠶᠡᠯ ᠤᠨ ᠭᠠᠳᠠᠨᠠᠬᠢ ᠤᠡᠭᠰᠢᠯᠭ᠎ᠠ ᠶᠢ | ᠵᠢᠯᠤᠭᠤᠳᠴᠦ ᠪᠠᠶᠢᠨ᠎ᠠ᠃ | ③ ᠨᠤᠮ ᠤᠡᠭᠰᠢᠯᠭ᠎ᠠ ᠶᠢᠨ ᠤᠷᠤᠯᠳᠤᠭᠠᠨ᠂ ᠵᠤᠬᠢᠶᠠᠨ ᠪᠢᠴᠢᠯᠭᠡ ᠶᠢᠨ ᠤᠷᠤᠯᠳᠤᠭᠠᠨ᠂ ᠰᠢᠯᠦᠭ ᠤᠨ | ᠮᠦᠷᠦᠶᠢᠴᠡᠭᠡᠨ᠂ ᠶᠠᠷᠢᠶᠠᠨ ᠤ ᠤᠷᠤᠯᠳᠤᠭᠠᠨ ᠵᠡᠷᠭᠡ ᠬᠡᠯᠡᠨ ᠤ ᠤᠷ᠎ᠠ ᠴᠢᠳᠠᠪᠤᠷᠢ ᠶᠢᠨ ᠡᠯ᠎ᠡ ᠵᠤᠶᠢᠯ ᠤᠨ ᠠᠵᠢᠯᠯᠠᠭᠠᠨ | ᠨᠢ ᠰᠤᠷᠤᠭᠴᠢᠳ ᠤᠨ ᠤᠷᠮ᠎ᠠ ᠶᠢ ᠬᠦᠭᠵᠢᠭᠡᠨ ᠬᠡᠯᠡᠨ ᠤ ᠪᠤᠯᠪᠠᠰᠤᠷᠠᠯ ᠢ ᠨᠢ ᠲᠡᠭᠡᠭᠰᠢᠯᠡᠭᠦᠯᠬᠦ ᠳᠤ ᠮᠠᠰᠢ ᠶᠡᠭᠡ | ᠠᠬᠢᠭᠤᠯᠬᠤ ᠦᠢᠯᠡᠳᠦᠯ ᠲᠠᠢ ᠶᠤᠮ᠃ ᠪᠦᠬᠦ ᠤᠷᠤᠨ ᠤ ᠲᠤᠮᠳᠠᠳᠦ ᠰᠤᠷᠭᠠᠭᠤᠯᠢ ᠶᠢᠨ ᠰᠤᠷᠤᠭᠴᠢᠳ ᠤᠨ ᠲᠤᠮᠳᠠ | ᠵᠢᠯ ᠪᠦᠷᠢ ᠬᠢᠵᠦ ᠪᠠᠶᠢᠭ᠎ᠠ ︽ᠠᠷᠭᠠᠰᠤᠨ ᠬᠤᠨᠳᠠᠭᠠᠲᠦ︾ ᠮᠠᠷᠭᠤᠯᠳᠤᠭᠠᠨ ᠤ ᠤᠷᠤᠯᠳᠤᠭᠠᠨ ᠨᠢ ᠰᠤᠷᠤᠭᠴᠢᠳ ᠤᠨ | ᠬᠡᠯᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠪᠤᠯᠪᠠᠰᠤᠷᠠᠭᠤᠯᠬᠤ ᠮᠠᠰᠢ ᠤᠳᠬ᠎ᠠ ᠠᠭᠤᠯᠭ᠎ᠠ ᠲᠠᠢ ᠠᠵᠢᠯᠯᠠᠭᠠᠨ ᠪᠤᠯᠬᠤ | ᠶᠤᠮ᠃ | ④ ᠰᠢᠨ᠎ᠡ ᠵᠠᠭᠤᠴᠢᠯᠠᠭᠤᠷ ᠢ ᠮᠣᠩᠭᠤᠯ ᠢᠶᠠᠷ ᠬᠡᠷᠡᠭᠯᠡᠵᠦ ᠠᠰᠢᠭᠯᠠᠬᠤ ᠳᠤ ᠬᠦᠲᠦᠯᠦᠨ᠎ᠡ᠃ ᠰᠢ ᠶᠢᠨ ᠫᠢᠩ | ᠲᠡᠷᠢᠭᠦᠯᠡᠭᠴᠢ᠄ ︽ᠵᠠᠩᠭᠢ ᠶᠢᠨ ᠮᠡᠷᠭᠡᠵᠢᠯ ᠤᠨ ᠴᠠᠭ ᠡᠷᠢᠨ ᠳᠤ ᠰᠠᠶᠢᠨ ᠪᠠᠭᠰᠢ ᠪᠤᠯᠤᠶ᠎ᠠ ᠭᠡᠪᠡᠯ ᠣᠶᠤᠨ ᠤᠬᠠᠭᠠᠨᠯᠢᠭ | ᠪᠠᠭᠰᠢ ᠪᠣᠯᠬᠤ ᠭᠡᠷᠡᠭᠳᠡᠢ᠃ ᠰᠤᠷᠤᠯᠴᠠᠬᠤ᠂ ᠨᠠᠶᠢᠭᠡᠮ ᠨᠡᠶᠢᠳᠡ ᠲᠠᠢ ᠬᠠᠷᠢᠯᠴᠠᠬᠤ᠂ ᠠᠮᠢᠳᠤᠷᠠᠬᠤ᠂ ᠭᠦᠮᠦᠨ | ᠭᠦᠮᠦᠵᠢᠬᠦᠯᠬᠦ ᠤᠢ ᠤᠬᠠᠭᠠᠨ ᠢ ᠪᠦᠷᠢᠯᠳᠦᠭᠦᠯᠬᠦ ᠭᠡᠷᠡᠭᠳᠡᠢ᠃ ᠰᠤᠷᠤᠭᠴᠢ ᠳᠤ ᠵᠢᠭᠠᠰᠤ ᠥᠭᠬᠦ ᠶᠢᠨ ᠬᠠᠮᠳᠤ | ᠬᠥᠬᠢ ᠶᠢ ᠨᠢ ᠴᠤ ᠣᠯᠭᠤᠵᠤ᠂ ᠤᠯᠠᠨ ᠲᠠᠯ᠎ᠠ ᠪᠠᠷ ᠬᠠᠪᠰᠤᠷᠤᠯᠭ᠎ᠠ ᠵᠢᠯᠤᠭᠤᠳᠤᠮᠵᠢ ᠭᠢᠵᠤ ᠴᠢᠳᠠᠬᠤ ᠭᠡᠷᠡᠭᠳᠡᠢ︾ | ᠭᠡᠮᠡᠨ ᠵᠢᠭᠠᠪᠤᠷᠢᠯᠠᠭᠰᠠᠨ ᠪᠠᠶᠢᠳᠠᠭ᠃ ᠭᠠᠷ ᠣᠳᠠᠰᠣ᠂ ᠺᠣᠮᠫᠢᠣᠲ᠋ᠧᠷ᠂ ᠰᠦᠯᠵᠢᠶ᠎ᠡ ᠬᠤᠯᠪᠤᠭ᠎ᠠ ᠵᠡᠷᠭᠡ ᠰᠢᠨ᠎ᠡ | ᠵᠠᠭᠤᠴᠢᠯᠠᠭᠤᠷ ᠤᠨ ᠳᠦᠬᠡᠮᠡᠯᠵᠢᠬᠦ ᠶᠢ ᠳᠠᠭᠠᠯᠳᠣᠨ ᠬᠡᠯᠨ ᠪᠢᠴᠢᠭ ᠤᠨ ᠬᠡᠷᠡᠭᠯᠡᠭᠡ ᠴᠦ ᠴᠠᠬᠢᠮ ᠬᠡᠷᠡᠭᠯᠡᠭᠡ ᠳᠡᠰᠢ | ᠬᠦᠭᠵᠢᠨ᠎ᠡ᠃ ᠡᠶᠢᠮᠦ ᠠᠴᠠ ᠶᠦᠨᠢᠺᠤᠳ᠋ ᠶᠢᠨ ᠠᠰᠠᠭᠤᠳᠠᠯ ᠤᠨ ᠲᠤᠬᠠᠢ ᠶᠠᠷᠢᠯᠴᠠᠭ᠎ᠠ ᠬᠠᠯᠠᠭᠤᠷᠠᠯ ᠪᠤᠯᠵᠦ ᠪᠠᠶᠢᠭ᠎ᠠ | ᠶᠤᠮ᠃ ᠶᠦᠨᠢᠺᠤᠳ᠋ ᠶᠢᠨ ᠠᠰᠠᠭᠤᠳᠠᠯ ᠠᠳᠡ ᠦᠭᠦᠯᠡᠬᠦ ᠰᠡᠳᠦᠪ ᠪᠢᠰᠢ᠂ ᠭᠡᠪᠡᠴᠦ ᠡᠨᠡ ᠪᠣᠯ ᠴᠠᠭ ᠦᠶ᠎ᠡ ᠶᠢᠨ | ᠬᠦᠭᠵᠢᠯᠳᠡ ᠶᠢᠨ ᠱᠠᠭᠠᠷᠳᠠᠯᠭ᠎ᠠ ᠶᠢᠨ ᠳᠣᠰᠬᠠᠯ ᠬᠡᠳᠡᠭ ᠢ ᠬᠡᠯᠨ ᠪᠢᠴᠢᠭ ᠤᠨ ᠪᠠᠭᠰᠢ ᠠᠵᠢᠯᠳᠠᠨ ᠵᠠᠪᠠᠯ ᠰᠡᠷᠭᠡᠭ ᠢᠶᠠᠷ | ᠳᠠᠨᠢᠵᠣ ᠣᠯᠬᠤ ᠬᠡᠷᠡᠭᠳᠡᠢ᠃ ᠵᠢᠱᠢᠶᠡᠯᠡᠪᠡᠯ᠂ ᠭᠠᠷ ᠣᠳᠠᠰᠣᠨ ᠳᠡᠬᠡᠷ᠎ᠡ ᠪᠠᠨ ᠮᠣᠩᠭᠤᠯ ᠢᠶᠠᠷ ᠴᠠᠬᠢᠮ ᠮᠡᠳᠡᠭᠡ ᠪᠢᠴᠢᠬᠦ | ᠂ ᠮᠣᠩᠭᠤᠯ ᠰᠣᠹᠲ ᠳᠡᠬᠡᠷ᠎ᠡ ᠠᠴᠠ ᠬᠡᠷᠡᠭᠴᠡᠭᠡ ᠲᠠᠢ ᠵᠦᠢᠯ ᠢᠶᠠᠨ ᠣᠯᠵᠣ ᠬᠠᠶᠢᠬᠤ᠂ ᠮᠣᠩᠭᠤᠯ ᠢᠶᠠᠷ ᠡᠯ᠎ᠡ ᠵᠦᠢᠯ | ᠤᠨ ᠳᠦᠷᠰᠦ ᠵᠢᠷᠤᠭ᠂ ᠦᠰᠦᠭ ᠪᠢᠴᠢᠭ ᠤᠨ ᠮᠡᠳᠡᠭᠡ ᠲᠠᠮᠵᠢᠭᠤᠯᠬᠤ ᠵᠡᠷᠭᠡ ᠰᠢᠨ᠎ᠡ ᠵᠠᠭᠤᠴᠢᠯᠠᠭᠤᠷ ᠢ ᠮᠣᠩᠭᠤᠯ | ᠢᠶᠠᠷ ᠬᠡᠷᠡᠭᠯᠡᠵᠦ ᠠᠰᠢᠭᠯᠠᠬᠤ ᠳᠤ ᠰᠤᠷᠤᠭᠴᠢᠳ ᠢ ᠬᠦᠲᠦᠯᠦᠨ᠎ᠡ᠃ | ᠬᠤᠶᠠᠷ᠂ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠠᠯ᠎ᠠ ᠳᠤ ᠤᠷᠤᠰᠢᠵᠦ ᠪᠠᠶᠢᠭ᠎ᠠ | ᠠᠰᠠᠭᠤᠳᠠᠯ | ⒈ ᠪᠠᠭᠰᠢ ᠨᠠᠷ ᠤᠨ ᠵᠢᠭᠠᠨ ᠰᠤᠷᠭᠠᠯᠲᠠ ᠶᠢᠨ ᠰᠣᠳᠣᠯᠭᠠᠠ ᠤ ᠲᠣᠬᠠᠢ ᠲᠠᠨᠢᠯᠳᠠ ᠲᠣᠳᠠᠮᠠᠭ᠂ | ᠰᠤᠳᠤᠯᠭᠠᠨ ᠲᠤᠶᠢᠯᠰᠢᠷᠠᠵᠦ ᠵᠢᠭᠠᠠ ᠰᠣᠷᠭᠠᠯᠳᠠ ᠪᠠ ᠰᠣᠳᠣᠯᠭᠠᠠ ᠰᠠᠯᠤᠩᠬᠢᠷᠠᠵᠦ ᠪᠠᠶᠢᠨ᠎ᠠ᠃ | ᠡᠷᠳᠡᠮ ᠰᠢᠨᠵᠢᠯᠡᠭᠡᠨ ᠤ ᠰᠤᠳᠤᠯᠭᠠᠨ ᠲᠠᠢ ᠬᠠᠷᠢᠴᠠᠭᠤᠯᠪᠠᠯ ᠵᠢᠭᠠᠨ ᠰᠤᠷᠭᠠᠯᠲᠠ ᠶᠢᠨ ᠰᠤᠳᠤᠯᠭᠠᠨ ᠨᠢ ᠪᠤᠳᠠᠳᠠᠢ | ᠦᠢᠯᠡᠳᠦᠯᠭᠡ ᠶᠢ ᠨᠡᠩ ᠴᠢᠬᠤᠯᠠᠴᠢᠯᠠᠳᠠᠭ᠃ ᠲᠤᠮᠳᠠᠳᠦ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳᠤ ᠠᠪᠴᠦ | ᠬᠡᠯᠡᠪᠡᠯ ᠰᠤᠳᠤᠯᠭᠠᠨ ᠪᠠ ᠵᠢᠭᠠᠨ ᠰᠤᠷᠭᠠᠯᠲᠠ ᠪᠤᠯ ᠰᠢᠪᠠᠭᠤᠨ ᠤ ᠬᠤᠶᠠᠷ ᠵᠢᠭᠦᠷ᠂ ᠲᠡᠷᠭᠡᠨ ᠤ ᠬᠤᠶᠠᠷ ᠬᠦᠷᠳᠦ᠂ | ᠬᠦᠮᠦᠨ ᠤ ᠬᠤᠶᠠᠷ ᠬᠦᠯ ᠮᠡᠳᠦ ᠰᠠᠯᠵᠦ ᠪᠤᠯᠤᠰᠢ ᠦᠭᠡᠢ ᠬᠠᠷᠢᠴᠠᠭ᠎ᠠ ᠲᠠᠢ ᠪᠠᠶᠢᠳᠠᠭ᠃ ᠭᠡᠳᠡᠯ᠎ᠡ ᠮᠠᠨ ᠤ ᠵᠠᠷᠢᠮ | ᠪᠠᠭᠰᠢ ᠨᠠᠷ ᠰᠤᠳᠤᠯᠭᠠᠨ ᠪᠠ ᠵᠢᠭᠠᠨ ᠰᠤᠷᠭᠠᠯᠲᠠ ᠶᠢ ᠠᠰ ᠠᠰᠲᠠᠭᠠᠨ ᠬᠦᠷᠢᠶ᠎ᠡ ᠬᠡᠪᠴᠢᠶᠡᠨ ᠤ ᠠᠰᠠᠭᠤᠳᠠᠯ ᠢᠶᠠᠷ | ᠦᠵᠡᠵᠦ᠂ ᠰᠤᠳᠤᠯᠭᠠᠨ ᠪᠤᠯ ᠶᠡᠭᠡ ᠰᠤᠷᠭᠠᠭᠤᠯᠢ ᠶᠢᠨ ᠡᠷᠳᠡᠮᠳᠡᠳ ᠯᠡ ᠬᠢᠳᠡᠭ᠂ ᠲᠤᠮᠳᠠᠳᠦ ᠪᠠᠭ᠎ᠠ | ᠰᠤᠷᠭᠠᠭᠤᠯᠢ ᠶᠢᠨ ᠪᠠᠭᠰᠢ ᠰᠤᠳᠤᠯᠭᠠᠨ ᠬᠢᠬᠦ ᠴᠢᠬᠤᠯᠠ ᠦᠭᠡᠢ ᠭᠡᠵᠦ ᠦᠵᠡᠳᠡᠭ᠃ ᠣᠣᠯ ᠤᠨ ᠵᠦᠪᠯᠡᠯᠲᠦ ᠶᠢᠨ | ᠰᠤᠷᠭᠠᠨ ᠬᠦᠮᠦᠵᠢᠯ ᠤᠨ ᠤᠬᠠᠭᠠᠨᠲᠠᠨ ᠸ᠊ · ᠠ᠊ · ᠰᠦᠬᠤᠮᠯᠢᠨ᠋ᠰᠺᠢ ᠪᠤᠯ ᠨᠢᠭᠡ ᠨᠠᠰᠤ ᠪᠠᠷ ᠢᠶᠠᠨ ᠲᠤᠰᠬᠤᠨ ᠤ ᠪᠠᠭ᠎ᠠ | ᠰᠤᠷᠭᠠᠭᠤᠯᠢ ᠳᠤ ᠠᠵᠢᠯᠯᠠᠭᠰᠠᠨ ᠪᠠᠭᠰᠢ ᠶᠤᠮ᠃ ᠲᠡᠷᠡ᠄ ︽ᠪᠠᠭᠰᠢ ᠨᠠᠷ ᠤᠨ ᠡᠳᠦᠷ ᠪᠤᠯᠭᠠᠨ ᠬᠢᠳᠡᠭ ᠲᠠᠩ | ᠴᠤᠯᠭᠤᠢ ᠬᠦᠳᠡᠯᠮᠦᠷᠢ ᠶᠢ ᠪᠠᠶᠠᠷ ᠪᠠᠶᠠᠰᠤᠯ ᠪᠤᠯᠭᠠᠵᠦ ᠬᠤᠪᠢᠷᠠᠭᠤᠯᠤᠶ᠎ᠠ ᠭᠡᠪᠡᠯ ᠲᠡᠳᠡᠨ ᠢ ᠰᠤᠳᠤᠯᠭᠠᠨ ᠬᠢᠬᠦ ᠵᠤᠯ | ᠵᠢᠷᠭᠠᠯᠲᠦ ᠵᠠᠮ ᠳᠤ ᠬᠦᠲᠦᠯᠦᠨ ᠤᠷᠤᠭᠤᠯᠲᠤᠭᠠᠢ︾ ᠭᠡᠵᠡᠢ᠃ ᠪᠠᠭᠰᠢ ᠨᠠᠷ ᠵᠢᠭᠠᠨ ᠰᠤᠷᠭᠠᠯᠲᠠ ᠶᠢᠨ ᠰᠤᠳᠤᠯᠭᠠᠨ | ᠬᠢᠬᠦ ᠢᠳᠡᠪᠬᠢᠵᠢᠯ ᠲᠠᠢ ᠪᠤᠯᠴᠢᠬᠠᠪᠠᠯ ᠰᠣᠳᠣᠯᠬᠤ ᠪᠠᠷ ᠲᠠᠮᠵᠢᠨ ᠵᠢᠭᠠᠨ ᠰᠤᠷᠭᠠᠯᠲᠠ ᠶᠢᠨ ᠲᠤᠮᠳᠠᠬᠢ ᠠᠰᠠᠭᠤᠳᠠᠯ ᠢ | ᠢᠯᠡᠷᠡᠭᠦᠯᠵᠦ ᠬᠦᠴᠢᠷᠳᠡᠯ ᠢᠶᠠᠨ ᠰᠢᠢᠳᠪᠦᠷᠢᠯᠡᠬᠦ ᠠᠷᠭ᠎ᠠ ᠰᠦᠪᠡᠭᠴᠢᠯᠡᠨ ᠦᠪᠡᠷ ᠢ ᠪᠠᠨ ᠲᠡᠭᠡᠭᠰᠢᠯᠡᠭᠦᠯᠦᠨ | ᠬᠦᠭᠵᠢᠭᠦᠯᠵᠦ ᠴᠢᠳᠠᠨ᠎ᠠ᠃ ᠤᠳᠤᠬᠠᠨ ᠳᠤ ᠪᠦᠬᠦ ᠤᠷᠤᠨ ᠤ ᠲᠤᠮᠳᠠᠳᠦ ᠪᠠᠭ᠎ᠠ ᠰᠤᠷᠭᠠᠭᠤᠯᠢ ᠶᠢᠨ ᠲᠤᠳᠤᠷ᠎ᠠ ᠬᠡᠯᠡ | ᠪᠢᠴᠢᠭ ᠤᠨ ᠵᠢᠭᠠᠨ ᠰᠤᠷᠭᠠᠯᠲᠠ ᠶᠢᠨ ᠰᠤᠳᠤᠯᠭᠠᠨ ᠬᠢᠵᠦ ᠪᠠᠶᠢᠭ᠎ᠠ ᠰᠤᠷᠭᠠᠭᠤᠯᠢ᠂ ᠪᠠᠭᠰᠢ ᠨᠠᠷ ᠨᠡᠯᠢᠶᠡᠳ ᠤᠯᠠᠨ | ᠪᠠᠶᠢᠭ᠎ᠠ ᠪᠤᠯᠪᠠᠴᠦ ᠵᠠᠷᠢᠮ ᠪᠠᠭᠰᠢ ᠨᠠᠷ ᠰᠣᠳᠣᠯᠭᠠᠨ ᠪᠠ ᠵᠢᠭᠠᠨ ᠰᠣᠷᠭᠠᠯᠲᠠ ᠶᠢ ᠰᠠᠯᠭᠠᠵᠦ ︽ᠰᠣᠳᠣᠯᠭᠠᠠ ᠤ | ᠬᠢᠴᠢᠶᠡᠯ ᠣᠷᠣᠬᠤ ᠪᠠᠷ ᠪᠠᠶᠢᠨ᠎ᠠ︾ ᠬᠡᠬᠦ ᠪᠤᠶᠦ ︽ᠡᠩ ᠤᠨ ᠬᠢᠴᠢᠶᠡᠯ ᠢᠶᠠᠨ ᠣᠷᠣᠬᠤ ᠪᠠᠷ ᠪᠠᠶᠢᠨ᠎ᠠ︾ ᠭᠡᠵᠦ | ᠬᠡᠯᠡᠳᠡᠭ᠃ ︽ᠰᠣᠳᠣᠯᠭᠠᠠ ᠤ ᠬᠢᠴᠢᠶᠡᠯ︾ ᠣᠷᠣᠨ᠎ᠠ ᠭᠡᠪᠡᠯ ᠲᠤᠭᠤᠶᠢᠯᠠᠩ ᠬᠤᠪᠢᠶᠠᠵᠦ ᠰᠠᠭᠤᠯᠭᠠᠬᠤ᠂ ᠲᠡᠯᠭᠡᠨ | ᠦᠵᠡᠭᠦᠯᠭᠡ ᠬᠢᠯᠭᠡᠬᠦ ᠵᠡᠷᠭᠡ ᠦᠡᠭᠭᠡᠨ ᠲᠠᠯ᠎ᠠ ᠶᠢᠨ ᠦᠵᠡᠭᠳᠡᠯ ᠢ ᠬᠡᠲᠦ ᠴᠢᠬᠤᠯᠠᠴᠢᠯᠠᠬᠤ ᠵᠡᠷᠭᠡ ᠨᠢ ᠰᠤᠳᠤᠯᠭᠠᠨ | ᠲᠤᠶᠢᠯᠰᠢᠷᠠᠵᠦ ᠰᠤᠳᠤᠯᠭᠠᠨ ᠪᠠ ᠵᠢᠭᠠᠨ ᠰᠤᠷᠭᠠᠯᠲᠠ ᠰᠠᠯᠤᠩᠬᠢᠷᠠᠵᠦ ᠪᠠᠶᠢᠭ᠎ᠠ ᠶᠢ ᠬᠠᠷᠠᠭᠤᠯᠵᠦ ᠪᠠᠶᠢᠨ᠎ᠠ᠃ | ᠦᠨᠡᠨᠳᠡᠭᠡᠨ ᠪᠠᠭᠰᠢ ᠨᠠᠷ ᠤᠨ ᠵᠢᠭᠠᠨ ᠰᠤᠷᠭᠠᠯᠲᠠ ᠶᠢᠨ ᠲᠤᠮᠳᠠ ᠲᠤᠯᠭᠠᠷᠠᠭᠰᠠᠨ ᠠᠰᠠᠭᠤᠳᠠᠯ ᠪᠤᠯ ᠰᠤᠳᠤᠯᠭᠠᠨ ᠤ | ᠰᠡᠳᠦᠪ ᠮᠦᠨ᠃ ᠲᠤᠯᠭᠠᠷᠠᠭᠰᠠᠨ ᠠᠰᠠᠭᠤᠳᠠᠯ ᠢᠶᠠᠨ ᠰᠢᠢᠳᠪᠦᠷᠢᠯᠡᠬᠦ ᠶᠠᠪᠤᠴᠠ ᠪᠤᠯ ᠰᠤᠳᠤᠯᠭᠠᠨ ᠤ ᠶᠠᠪᠤᠴᠠ ᠮᠦᠨ᠂ | ᠠᠰᠠᠭᠤᠳᠠᠯ ᠢ ᠰᠢᠢᠳᠪᠦᠷᠢᠯᠡᠬᠦ ᠪᠦᠲᠦᠮᠵᠢᠳᠡᠢ ᠠᠷᠭ᠎ᠠ ᠲᠤᠷᠰᠢᠯᠭ᠎ᠠ ᠪᠤᠯ ᠰᠤᠳᠤᠯᠭᠠᠨ ᠤ ᠦᠷ᠎ᠡ ᠪᠦᠲᠦᠭᠡᠯ ᠮᠦᠨ᠃ | | ⒉ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠤᠮᠳᠠ ᠡᠭᠡᠳᠡᠷᠡᠭᠡᠨ ᠮᠠᠳᠠᠭ ᠲᠠᠢ | ᠠᠰᠠᠭᠤᠳᠠᠯ ᠪᠠᠭ᠎ᠠ ᠪᠤᠰᠤ ᠢᠯᠡᠷᠡᠵᠡᠢ᠃ | ᠤᠶᠢᠷ᠎ᠠ ᠶᠢᠨ ᠬᠡᠳᠦᠨ ᠵᠢᠯ ᠤᠷᠤᠨ ᠤ ᠵᠢᠭᠠᠬᠤ ᠶᠢ ᠰᠤᠳᠤᠯᠬᠤ ᠭᠡᠷ ᠠᠴᠠ ᠪᠦᠬᠦ ᠤᠷᠤᠨ ᠤ | ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠲᠤᠮᠳᠠᠳᠦ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠲᠤᠮᠳᠠ | ᠤᠷᠤᠰᠢᠵᠦ ᠪᠠᠶᠢᠭ᠎ᠠ ᠬᠦᠴᠢᠷᠳᠡᠯ ᠳᠤ ᠴᠢᠭᠯᠡᠭᠦᠯᠦᠨ ᠪᠠᠭᠰᠢ ᠶᠢᠨ ᠪᠤᠯᠪᠠᠰᠤᠷᠠᠯ ᠢ ᠨᠡᠩ ᠡᠷᠴᠢᠮᠵᠢᠭᠦᠯᠦᠨ ᠠᠳᠬᠤᠵᠦ᠂ | ︽ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ︾ ᠪᠠᠶᠢᠭᠤᠯᠤᠨ ︽ᠲᠦᠷᠪᠡᠨ ᠴᠢᠭᠯᠡᠯ︾ ᠤᠨ ᠰᠤᠳᠤᠯᠭᠠᠨ ᠢ | ᠡᠬᠢᠯᠡᠨ ᠬᠢᠵᠦ᠂ ᠵᠢᠭᠠᠨ ᠰᠤᠷᠭᠠᠯᠲᠠ ᠲᠤᠮᠳᠠ ᠤᠷᠤᠰᠢᠵᠦ ᠪᠠᠶᠢᠭ᠎ᠠ ᠬᠦᠴᠢᠷᠳᠡᠯ ᠢ ᠰᠢᠢᠳᠪᠦᠷᠢᠯᠡᠬᠦ ᠪᠠᠷ ᠤᠷᠤᠯᠳᠤᠨ | ᠰᠦᠪᠡᠭᠴᠢᠯᠡᠵᠦ ᠪᠤᠢ᠃ ᠡᠨᠡ ᠰᠦᠪᠡᠭᠴᠢᠯᠡᠯᠲᠡ ᠰᠤᠳᠤᠯᠭᠠᠨ ᠤ ᠲᠤᠮᠳᠠ ᠪᠠᠭ᠎ᠠ ᠰᠤᠷᠭᠠᠭᠤᠯᠢ ᠶᠢᠨ ᠬᠡᠯᠡ | ᠪᠢᠴᠢᠭ ᠤᠨ ᠵᠢᠭᠠᠨ ᠰᠤᠷᠭᠠᠯᠲᠠ ᠳᠤ ᠤᠶᠢᠷ᠎ᠠ ᠶᠢᠨ ᠬᠡᠳᠦᠨ ᠵᠢᠯ ᠨᠡᠯᠢᠶᠡᠳ ᠶᠡᠭᠡ ᠦᠭᠡᠷᠡᠴᠢᠯᠡᠯᠲᠡ ᠭᠠᠷᠴᠦ᠂ | ᠴᠡᠴᠡᠷᠯᠢᠭ ᠤᠨ ᠪᠠᠭᠰᠢ ᠪᠠ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠨᠠᠷ ᠲᠤᠰ ᠲᠤᠰ ᠤᠨ ᠵᠢᠭᠠᠨ | ᠰᠤᠷᠭᠠᠯᠲᠠ ᠶᠢᠨ ᠱᠠᠲᠤᠨ ᠳᠤ ᠪᠠᠨ ᠬᠡᠤᠬᠡᠳ ᠤᠨ ᠦᠭᠡ ᠬᠡᠯᠡᠨ ᠤ ᠴᠢᠳᠠᠪᠤᠷᠢ ᠶᠢ ᠬᠦᠮᠦᠵᠢᠭᠦᠯᠬᠦ ᠲᠠᠯ᠎ᠠ ᠪᠠᠷ | ᠵᠤᠷᠢᠭᠲᠠᠢ ᠰᠦᠪᠡᠭᠴᠢᠯᠡᠨ ᠰᠤᠳᠤᠯᠵᠦ ᠪᠠᠶᠢᠭ᠎ᠠ ᠰᠢᠨ᠎ᠡ ᠪᠠᠶᠢᠳᠠᠯ ᠢᠯᠡᠷᠡᠵᠡᠢ᠃ ᠭᠡᠪᠡᠴᠦ ᠪᠠᠰᠠ ᠨᠡᠯᠢᠶᠡᠳ ᠤᠯᠠᠨ | ᠡᠭᠡᠳᠡᠷᠡᠭᠡᠨ ᠮᠠᠷᠭᠤᠭᠠᠨ ᠲᠠᠢ ᠠᠰᠠᠭᠤᠳᠠᠯ ᠢᠯᠡᠷᠡᠵᠦ ᠰᠢᠢᠳᠪᠦᠷᠢᠯᠡᠬᠦ ᠳᠤ ᠬᠦᠴᠢᠷᠳᠡᠵᠦ ᠪᠠᠶᠢᠨ᠎ᠠ᠃ ᠵᠢᠱᠢᠶᠡᠯᠡᠪᠡᠯ᠂ | ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ︽ᠲᠦᠷᠪᠡᠨ ᠪᠤᠭᠤᠮᠲᠠ ᠲᠠᠪᠠᠭᠤᠯᠬᠤ︾ ᠰᠤᠳᠤᠯᠭᠠᠨ ᠤ | ᠳᠤᠲᠤᠷᠠᠬᠢ ︽ᠵᠡᠷᠭᠡᠴᠡᠭᠡ ᠤᠡᠭᠰᠢᠯᠭ᠎ᠠ ᠪᠠᠷ ᠤᠡᠭᠰᠢᠯᠭ᠎ᠠ ᠶᠢᠨ ᠪᠤᠭᠤᠮᠲᠠ ᠲᠠᠪᠠᠭᠤᠯᠬᠤ︾ ᠠᠷᠭ᠎ᠠ ᠶᠢᠨ ᠲᠤᠬᠠᠢ᠂ | ᠪᠠᠭ᠎ᠠ ᠰᠤᠷᠭᠠᠭᠤᠯᠢ ᠶᠢᠨ ᠬᠡᠯᠡ ᠪᠢᠴᠢᠭ ᠲᠤ ︽ᠪᠤᠭᠤᠮᠲᠠ︾ ᠪᠠᠶᠢᠬᠤ ᠡᠰᠡᠬᠦ ᠶᠢᠨ ᠲᠤᠬᠠᠢ ᠨᠢᠭᠡ ᠪᠦᠯᠦᠭ ᠭᠡᠷ ᠤᠨ | ᠠᠬᠠᠮᠠᠳ ᠲᠦᠷᠦᠭᠦᠲᠡᠢ ᠨᠡᠶᠢᠭᠡᠮ ᠲᠡᠭᠡᠷᠡᠬᠢ ᠮᠡᠷᠭᠡᠳ ᠸᠢᠴᠠᠲ ᠲᠡᠪᠴᠠᠩ ᠪᠠ ᠰᠦᠯᠵᠢᠶ᠎ᠡ ᠬᠤᠯᠪᠤᠭᠠᠨ ᠲᠡᠭᠡᠷ᠎ᠡ | ᠲᠡᠯᠭᠡᠨ ᠶᠠᠷᠢᠯᠴᠠᠭᠰᠠᠨ ᠵᠡᠷᠭᠡ ᠠᠰᠠᠭᠤᠳᠠᠯ ᠢᠯᠡᠷᠡᠭᠰᠡᠨ ᠨᠢ ᠵᠢᠭᠠᠨ ᠰᠤᠷᠭᠠᠯᠲᠠ ᠶᠢᠨ ᠰᠤᠳᠤᠯᠭᠠᠨ ᠬᠢᠵᠦ ᠪᠠᠶᠢᠭ᠎ᠠ | ᠪᠠᠭᠰᠢ ᠨᠠᠷ ᠢ ᠲᠤᠩᠭᠠᠨ ᠪᠤᠳᠤᠬᠤ ᠦᠭᠡᠢ ᠪᠠᠶᠢᠬᠤ ᠶᠢᠨ ᠠᠷᠭ᠎ᠠ ᠦᠭᠡᠢ ᠪᠤᠯᠭᠠᠪᠠ᠃ ᠪᠦᠬᠦ ᠤᠷᠤᠨ ᠤ ᠲᠤᠮᠳᠠᠳᠦ | ᠰᠤᠷᠭᠠᠭᠤᠯᠢ ᠤᠨ ᠬᠡᠯᠡ ᠪᠢᠴᠢᠭ ᠤᠨ ᠪᠠᠭᠰᠢ ᠨᠠᠷ ᠤᠨ ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ ᠤᠨ ᠬᠢᠨ ᠤ | ᠬᠢᠵᠦ ᠪᠠᠶᠢᠭ᠎ᠠ ︽ᠠᠰᠠᠭᠤᠳᠠᠯ ᠢᠶᠠᠷ ᠬᠦᠲᠦᠯᠬᠦ ᠤᠷᠤᠯᠳᠤᠯᠭᠠᠲᠦ︾ ᠵᠢᠭᠠᠬᠤ ᠠᠷᠭ᠎ᠠ ᠶᠢᠨ ᠰᠤᠳᠤᠯᠭᠠᠨ ᠨᠢ ᠬᠠᠨ ᠯᠢ | ᠹᠦ᠋ ᠳ᠋ᠤᠺᠲ᠋ᠤᠷ ᠤᠨ ︽ᠰᠤᠷᠤᠯᠴᠠᠭᠴᠢ ᠪᠠᠷ ᠦᠨᠳᠦᠰᠦ ᠪᠤᠯᠭᠠᠬᠤ︾ ᠵᠢᠭᠠᠬᠤ ᠠᠷᠭ᠎ᠠ ᠶᠢ ᠪᠤᠳᠠᠳᠦ ᠪᠠᠶᠢᠳᠠᠯ ᠢᠶᠠᠨ | ᠦᠨᠳᠦᠰᠦᠯᠡᠨ ᠠᠮᠢᠳᠤᠯᠢᠭ ᠬᠡᠷᠡᠭᠯᠡᠭᠰᠡᠨ ᠨᠢᠭᠡ ᠤᠷᠤᠯᠳᠤᠯᠭ᠎ᠠ ᠶᠤᠮ᠃ ᠡᠭᠦᠨ ᠳᠤ ᠪᠤᠰᠤᠳ ᠤᠨ ᠰᠤᠳᠤᠯᠵᠦ | ᠭᠠᠷᠭᠠᠭᠰᠠᠨ ᠵᠢᠭᠠᠬᠤ ᠠᠷᠭ᠎ᠠ ᠨᠢ ᠬᠡᠯᠡ ᠪᠢᠴᠢᠭ ᠤᠨ ᠵᠢᠭᠠᠨ ᠰᠤᠷᠭᠠᠯᠲᠠ ᠳᠤ ᠲᠤᠬᠢᠷᠠᠬᠤ ᠡᠰᠡᠬᠦ ᠳᠤ ᠵᠠᠷᠢᠮ ᠪᠠᠭᠰᠢ | ᠨᠠᠷ ᠡᠷᠡᠭᠡᠯᠵᠡᠭᠡ ᠲᠠᠢ ᠪᠠᠶᠢᠨ᠎ᠠ᠃ ᠬᠡᠯᠡᠯᠭᠡᠨ ᠦᠭᠡᠢ ᠦᠪᠡᠷ ᠤᠨ ᠪᠤᠳᠠᠳᠦ ᠪᠠᠶᠢᠳᠠᠯ ᠳᠤ ᠪᠠᠨ ᠲᠤᠬᠢᠷᠠᠭᠰᠠᠨ ᠦᠷ᠎ᠡ | ᠪᠦᠲᠦᠮᠵᠢᠲᠦ ᠵᠢᠭᠠᠬᠤ ᠠᠷᠭ᠎ᠠ ᠶᠢ ᠰᠤᠳᠤᠯᠵᠦ ᠭᠠᠷᠭᠠᠵᠦ ᠴᠢᠳᠠᠪᠠᠯ ᠬᠠᠮᠤᠭ ᠤᠨ ᠰᠠᠶᠢᠨ᠂ ᠭᠡᠪᠡᠴᠦ ᠪᠤᠰᠣᠳ ᠤᠨ | ᠰᠢᠯᠢᠳᠡᠭ ᠵᠦᠢᠯ ᠢ ᠴᠦ ᠠᠮᠢᠳᠤᠯᠢᠭ ᠢᠶᠠᠷ ᠰᠤᠷᠴᠦ ᠬᠡᠷᠡᠭᠯᠡᠵᠦ ᠪᠣᠯᠣᠨ᠎ᠠ᠃ ᠬᠡᠬᠦ ᠳᠤ ᠪᠠᠨ ᠪᠤᠰᠤᠳ ᠤᠨ ᠬᠢ ᠶᠢ | ᠦᠭᠦᠮᠡᠯ ᠢᠶᠠᠷ ᠮᠦᠷᠳᠡᠬᠦ ᠪᠤᠶᠤ ᠲᠠᠭᠠᠨ ᠲᠠᠭᠤᠷᠢᠶᠠᠬᠤ ᠪᠢᠰᠢ᠂ ᠬᠠᠷᠢᠨ ᠦᠪᠡᠷᠰᠡᠳ ᠤᠨ ᠪᠤᠳᠠᠳᠠᠢ ᠪᠠᠶᠢᠳᠠᠯ ᠠᠴᠠ | ᠪᠠᠨ ᠡᠭᠦᠰᠴᠦ ᠦᠪᠡᠷ ᠤᠨ ᠰᠡᠳᠬᠢᠮᠵᠢ᠂ ᠦᠪᠡᠷᠮᠢᠴᠡ ᠤᠨᠴᠠᠯᠢᠭ᠂ ᠰᠣᠷᠤᠬᠴᠢ ᠶᠢᠨ ᠭᠦᠭᠵᠢᠯᠳᠡ ᠳᠤ | ᠬᠠᠨᠳᠣᠬᠰᠠᠠ ᠬᠠᠷᠠᠯᠳᠠ᠂ ᠰᠢᠯᠢᠳᠡᠭᠵᠢᠭᠦᠯᠭᠦ ᠴᠢᠭᠯᠡᠯ ᠵᠡᠷᠭᠡ ᠪᠠᠨ ᠠᠭᠤᠰᠬᠠᠨ ᠠᠮᠢᠳᠤᠯᠢᠭ ᠠᠰᠢᠭᠯᠠᠪᠠᠯ ᠵᠤᠬᠢᠨ᠎ᠠ᠃ | | ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠳᠤᠮᠲᠠᠬᠢ ᠡᠭᠡᠳᠡᠷᠡᠭᠡᠨ ᠮᠠᠳᠠᠭ ᠲᠠᠢ | ᠠᠰᠠᠭᠤᠳᠠᠯ ᠳᠤ ᠪᠢᠳᠡ ᠵᠦᠪ ᠤᠪᠤᠷ ᠢᠶᠠᠷ ᠬᠠᠨᠳᠤᠪᠠᠯ ᠲᠠᠭᠠᠷᠠᠨ᠎ᠠ᠃ ᠬᠡᠯᠡ ᠪᠢᠴᠢᠭ ᠤᠨ ᠵᠢᠭᠠᠨ ᠰᠤᠷᠭᠠᠯᠲᠠ ᠶᠢᠨ | ᠰᠣᠳᠣᠯᠭᠠᠨ ᠳᠤ ᠤᠯᠠᠨ ᠬᠦᠮᠦᠨ ᠠᠩᠬᠠᠷᠤᠯ ᠲᠠᠯᠪᠢᠵᠦ ᠪᠠᠶᠢᠭ᠎ᠠ ᠨᠢ ᠰᠠᠶᠢᠨ ᠤᠴᠢᠷ ᠶᠤᠮ᠂ ᠭᠡᠪᠡᠴᠦ ᠬᠡᠯᠡ | ᠪᠢᠴᠢᠭ ᠤᠨ ᠵᠢᠭᠠᠨ ᠰᠤᠷᠭᠠᠯᠲᠠ ᠶᠢᠨ ᠪᠤᠳᠠᠳᠠᠢ ᠪᠠᠶᠢᠳᠠᠯ ᠪᠠ ᠤᠳᠤ ᠶᠢᠨ ᠰᠤᠷᠤᠭᠴᠢᠳ ᠤᠨ ᠪᠠᠶᠢᠳᠠᠯ ᠢ | ᠤᠶᠢᠯᠠᠭᠠᠬᠤ ᠦᠭᠡᠢ᠂ ᠵᠢᠭᠠᠨ ᠰᠤᠷᠭᠠᠯᠲᠠ ᠶᠢᠨ ᠰᠤᠳᠤᠯᠭᠠᠨ ᠤ ᠪᠤᠳᠠᠳᠠᠢ ᠪᠠᠶᠢᠳᠠᠯ ᠢ ᠤᠶᠢᠯᠠᠭᠠᠬᠤ ᠦᠭᠡᠢ ᠸᠢᠴᠠᠲ | ᠪᠤᠶᠤ ᠰᠦᠯᠵᠢᠶ᠎ᠡ ᠬᠤᠯᠪᠤᠭᠠᠨ ᠲᠡᠭᠡᠷᠡᠬᠢ ᠮᠡᠷᠭᠡᠳ ᠤᠨ ᠰᠢᠭᠦᠮᠵᠢᠯᠡᠯ ᠪᠤᠶᠤ ᠦᠨᠡᠯᠡᠯᠲᠡ ᠳᠤ ᠲᠦᠰᠢᠭᠯᠡᠵᠦ | ᠠᠰᠠᠭᠤᠳᠠᠯ ᠰᠢᠢᠳᠪᠦᠷᠢᠯᠡᠬᠦ ᠨᠢ ᠨᠠᠶᠢᠳᠠᠪᠤᠷᠢ ᠦᠭᠡᠢ ᠶᠠᠪᠤᠳᠠᠯ ᠪᠤᠯᠬᠤ ᠶᠤᠮ᠂ ᠲᠡᠳᠡ ᠬᠡᠯᠡ ᠪᠢᠴᠢᠭ ᠤᠨ ᠪᠠᠭᠰᠢ | ᠨᠠᠷ ᠤᠨ ᠵᠢᠭᠠᠨ ᠰᠤᠷᠭᠠᠯᠲᠠ ᠶᠢᠨ ᠬᠦᠴᠢᠷᠳᠡᠯ ᠢ ᠤᠶᠢᠯᠠᠭᠠᠬᠤ ᠦᠭᠡᠢ ᠪᠦᠭᠡᠳ ᠰᠢᠢᠳᠪᠦᠷᠢᠯᠡᠵᠦ ᠨᠡᠩ ᠴᠢᠳᠠᠬᠤ | ᠦᠭᠡᠢ᠃ ︽ᠰᠢᠪᠠᠷ ᠲᠤ ᠤᠨᠠᠭᠰᠠᠨ ᠱᠠᠷ ᠤᠨ ᠡᠵᠡᠨ ᠬᠦᠴᠦᠲᠡᠢ︾ ᠭᠡᠳᠡᠭᠴᠢᠯᠡᠨ ᠬᠡᠯᠡ ᠪᠢᠴᠢᠭ ᠤᠨ ᠪᠠᠭᠰᠢ ᠨᠠᠷ | ᠪᠠ ᠵᠢᠭᠠᠬᠤ ᠶᠢ ᠰᠤᠳᠤᠯᠤᠭᠴᠢ ᠪᠢᠳᠡ ᠲᠤᠷᠰᠢᠯᠭ᠎ᠠ ᠰᠤᠷᠭᠠᠮᠵᠢ ᠪᠠᠨ ᠳ᠋ᠦᠡᠭᠨᠡᠨ ᠦᠷᠭᠦᠯᠵᠢᠯᠡᠨ ᠴᠦᠬᠦᠷᠡᠰᠢ ᠦᠭᠡᠢ | ᠰᠤᠳᠤᠯᠵᠦ ᠰᠦᠪᠡᠭᠴᠢᠯᠡᠬᠦ ᠴᠢᠬᠤᠯᠠᠳᠠᠢ᠃ ᠬᠡᠯᠡ ᠪᠢᠴᠢᠭ ᠤᠨ ᠵᠢᠭᠠᠨ ᠰᠤᠷᠭᠠᠯᠳᠠ ᠭᠡᠯᠡ ᠪᠢᠴᠢᠭ ᠤᠨ ᠪᠠᠭᠰᠢ ᠨᠠᠷ | ᠢᠶᠠᠨ ᠯᠠ ᠲᠦᠰᠢᠨ᠎ᠠ᠃ ᠦᠭᠡᠷ᠎ᠡ ᠶᠠᠮᠠᠷ ᠨᠢᠭᠡ ᠭᠦᠮᠦᠨ ᠪᠢᠳᠡᠨ ᠤ ᠡᠳᠦᠷ ᠪᠤᠯᠭᠠᠨ ᠲᠤᠯᠭᠠᠷᠠᠵᠦ ᠪᠠᠶᠢᠭ᠎ᠠ | ᠬᠦᠴᠢᠷᠳᠡᠯ ᠢ ᠲᠤᠤᠷ᠎ᠠ ᠨᠢ ᠰᠢᠢᠳᠪᠦᠷᠢᠯᠡᠵᠦ ᠦᠭᠭᠦ ᠪᠤᠯᠤᠮᠵᠢ ᠦᠭᠡᠢ᠃ ᠶᠠᠫᠦᠨ ᠤ ᠶᠦᠩ ᠵᠢᠩ ᠳ᠋ᠤᠤ ᠰᠢᠶᠦ᠋ᠩ ᠤᠨ | ︽ᠵᠢᠭᠠᠨ ᠰᠤᠷᠭᠠᠯᠳᠠ ᠶᠢ ᠰᠠᠶᠢᠳᠤᠷ ᠡᠷᠭᠢᠯᠡᠬᠦ ᠶᠢᠨ ᠵᠠᠩᠭᠢᠯᠠᠭ᠎ᠠ ᠨᠢ ᠨᠢᠭᠡᠳᠦᠭᠡᠷ ᠲᠤ ᠪᠠᠭᠰᠢ᠂ ᠬᠤᠶᠠᠳᠤᠭᠠᠷ ᠲᠤ | ᠴᠤ ᠪᠠᠭᠰᠢ ᠶᠤᠮ︾ ᠭᠡᠮᠡᠨ ᠭᠡᠯᠡᠭᠰᠡᠨ ᠢ ᠲᠤᠩᠭᠠᠯᠳᠠᠢ ᠪᠠᠶᠢᠨ᠎ᠠ᠃ | ⒊ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠰᠢᠨᠡᠴᠢᠯᠡᠯᠲᠡ ᠨᠢ ᠵᠢᠭᠠᠬᠤ ᠠᠷᠭ᠎ᠠ ᠶᠢᠨ ᠰᠤᠳᠤᠯᠭᠠᠨ ᠳᠤ | ᠭᠤᠤᠯ ᠲᠦᠪᠯᠡᠷᠡᠵᠦ ᠪᠤᠰᠤᠳ ᠲᠠᠯ᠎ᠠ ᠶᠢᠨ ᠰᠤᠳᠤᠯᠭᠠᠨ ᠳᠤᠲᠠᠮᠠᠭ ᠪᠠᠶᠢᠭᠰᠠᠭᠠᠷ᠃ | ᠮᠠᠨᠳᠤᠯ᠎ᠠ ᠪᠠᠭᠰᠢ ︽ᠲᠤᠮᠳᠠᠳᠦ ᠰᠤᠷᠭᠠᠭᠤᠯᠢ ᠶᠢᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠰᠣᠳᠣᠯᠣᠯ︾ ᠬᠡᠬᠦ | ᠨᠤᠮ ᠳᠤ ᠪᠠᠨ᠄ ︽ᠦᠭᠡᠷᠡᠴᠢᠯᠡᠯᠲᠡ ᠨᠡᠭᠡᠭᠡᠯᠲᠡ ᠭᠢᠭᠰᠡᠨ ᠭᠤᠴᠢᠨ ᠵᠢᠯ ᠤᠨ ᠲᠤᠷᠰᠢ ᠲᠤᠮᠳᠠᠳᠦ ᠰᠤᠷᠭᠠᠭᠤᠯᠢ ᠶᠢᠨ | ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠲᠤᠪᠤᠶᠢᠮ᠎ᠠ ᠠᠮᠵᠢᠯᠲᠠ ᠤᠯᠵᠦ᠂ ᠲᠡᠭᠦᠨ ᠳᠤ | ᠬᠤᠯᠪᠤᠭᠳᠠᠭᠰᠠᠨ ᠬᠦᠷᠢᠶ᠎ᠡ ᠬᠡᠪᠴᠢᠶ᠎ᠡ ᠦᠷᠭᠡᠵᠢᠨ᠂ ᠰᠦᠪᠡᠭᠴᠢᠯᠡᠭᠰᠡᠨ ᠬᠡᠮᠵᠢᠶ᠎ᠡ ᠭᠦᠨᠵᠡᠭᠡᠶᠢᠷᠡᠵᠦ᠂ ᠤᠷᠤᠯᠴᠠᠭᠰᠠᠨ | ᠬᠦᠮᠦᠨ ᠤᠯᠠᠨ ᠪᠤᠯᠤᠭᠰᠠᠨ ᠢᠶᠠᠷ ᠢᠶᠠᠨ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠲᠡᠤᠬᠡᠨ ᠳᠤ ᠬᠤᠪᠤᠷ | ᠲᠤᠬᠢᠶᠠᠯᠳᠤᠭᠰᠠᠨ ᠪᠠᠶᠢᠭ᠎ᠠ ᠶᠤᠮ︾ ᠭᠡᠵᠡᠢ᠃ ᠬᠢᠴᠢᠶᠡᠯ ᠤᠨ ᠦᠭᠡᠷᠡᠴᠢᠯᠡᠯᠲᠡ ᠶᠢᠨ ᠭᠦᠨᠵᠡᠭᠡᠶᠢᠷᠡᠬᠦ ᠶᠢ ᠲᠠᠭᠠᠯᠳᠤᠨ | ᠣᠯᠣᠰ ᠤᠨ ᠰᠢᠯᠭᠠᠯᠲᠠ ᠴᠦ ᠤᠤᠯ ᠤᠨ ᠮᠡᠳᠡᠯᠭᠡ ᠶᠢ ᠴᠢᠬᠤᠯᠠᠴᠢᠯᠠᠨ ᠰᠢᠯᠭᠠᠵᠦ ᠪᠠᠶᠢᠭᠰᠠᠨ ᠠᠴᠠ ᠪᠠᠨ ᠴᠢᠳᠠᠪᠤᠷᠢ | ᠶᠢ ᠰᠢᠯᠭᠠᠬᠤ ᠪᠤᠯᠵᠠᠢ᠃ 2017 ᠤᠨ ᠠᠴᠠ ᠤᠯᠤᠰ ᠤᠨ ᠬᠢᠴᠢᠶᠡᠯ ᠤᠨ ᠪᠠᠷᠢᠮᠵᠢᠶ᠎ᠠ ᠳᠤ ᠬᠢᠴᠢᠶᠡᠯ ᠲᠦᠷᠦᠯ ᠤᠨ | ᠭᠤᠤᠯᠯᠠᠭᠴᠢ ᠬᠡᠪ ᠪᠤᠯᠪᠠᠰᠤᠷᠠᠯ ᠪᠠ ᠵᠠᠩᠭᠢᠯᠠᠭ᠎ᠠ ᠶᠢᠨ ᠴᠢᠳᠠᠪᠤᠷᠢ ᠶᠢ ᠴᠢᠬᠤᠯᠠᠴᠢᠯᠠᠨ ᠲᠤᠷᠠᠳᠤᠭᠰᠠᠨ ᠤ ᠲᠠᠷᠠᠭ᠎ᠠ | ᠲᠤᠮᠳᠠᠳᠦ ᠪᠠᠭ᠎ᠠ ᠰᠤᠷᠭᠠᠭᠤᠯᠢ ᠶᠢᠨ ᠰᠤᠷᠬᠤ ᠪᠢᠴᠢᠭ ᠢ ᠰᠢᠨ᠎ᠡ ᠪᠠᠷ ᠨᠠᠶᠢᠷᠠᠭᠤᠯᠬᠤ ᠶᠢᠨ ᠬᠠᠮᠲᠦ ᠲᠤᠮᠳᠠᠳᠦ | ᠰᠢᠯᠭᠠᠯᠲᠠ ᠪᠠ ᠤᠯᠤᠰ ᠤᠨ ᠰᠢᠯᠭᠠᠯᠲᠠ ᠵᠡᠷᠭᠡ ᠶᠢ ᠪᠠᠭᠲᠠᠭᠠᠭᠰᠠᠨ ᠦᠨᠡᠯᠡᠯᠲᠡ ᠶᠢᠨ ᠬᠡᠯᠪᠡᠷᠢ ᠳᠤ ᠴᠦ ᠦᠨᠳᠦᠰᠦᠨ | ᠴᠢᠨᠠᠷᠲᠠᠢ ᠦᠭᠡᠷᠡᠴᠢᠯᠡᠯᠲᠡ ᠭᠠᠷᠬᠤ ᠪᠤᠯᠤᠨ᠎ᠠ᠃ | | | | |