ᠲᠤᠮᠳᠠᠳᠦ ᠪᠠᠭ᠎ᠠ ᠰᠣᠷᠭᠠᠭᠤᠯᠢ ᠶᠢᠨ ᠬᠡᠯᠡ ᠪᠢᠴᠢᠭ ᠤᠨ ᠵᠢᠭᠠᠠ ᠰᠣᠷᠭᠠᠯᠳᠠ ᠳᠤ  ᠲᠤᠯᠭᠠᠷᠠᠵᠦ ᠪᠠᠶᠢᠭ᠎ᠠ ᠠᠰᠠᠭᠤᠳᠠᠯ ᠪᠠ ᠰᠢᠢᠳᠪᠦᠷᠢᠯᠡᠬᠦ ᠠᠷᠭ᠎ᠠ ᠵᠠᠮ ᠤᠨ ᠲᠤᠬᠠᠢ ᠵᠦᠪᠯᠡᠬᠦ ᠨᠢ(ᠬᠤᠶᠠᠷ )
ᠨᠡᠶᠢᠲᠡᠯᠡᠭᠰᠡᠨ ᠴᠠᠭ᠄
2019/12/13
                                     —— ᠪᠢᠯᠢᠬᠦᠨᠬᠡᠷᠡᠯ                    ᠬᠢᠴᠢᠶᠡᠯ ᠤᠨ ᠦᠭᠡᠷᠡᠴᠢᠯᠡᠯᠲᠡ ᠶᠢᠨ ᠰᠢᠨ᠎ᠡ ᠱᠠᠭᠠᠷᠳᠠᠯᠭ᠎ᠠ ᠲᠤᠤᠷ᠎ᠠ ᠡᠯ᠎ᠡ ᠭᠠᠵᠠᠷ ᠤᠨ ᠰᠤᠷᠭᠠᠭᠤᠯᠢ ᠎ ᠨᠤᠭᠤᠳ ᠣᠯᠣᠰ ᠤᠨ ᠲᠤᠲᠤᠭᠠᠳᠦ ᠶᠢᠨ ᠨᠡᠷ᠎ᠡ ᠠᠯᠳᠠᠷᠲᠠᠢ ᠲᠤᠰᠬᠠᠢ ᠮᠡᠷᠭᠡᠵᠢᠯᠲᠡᠨ ᠢ ᠵᠠᠯᠠᠵᠦ ᠶᠡᠷᠢᠶ᠎ᠡ ᠲᠠᠶᠢᠯᠤᠮᠵᠢ ᠬᠢᠯᠭᠡᠬᠦ᠂ ᠪᠠᠭᠰᠢ ᠨᠠᠷ ᠤᠨ ᠪᠤᠯᠪᠠᠰᠤᠷᠠᠯ ᠬᠢᠬᠦ᠂ ᠳ᠋ᠦ᠋ ᠯᠠᠨ ᠺᠸᠦ᠂ ᠴᠠᠩ ᠯᠧ ᠵᠡᠷᠭᠡ ᠭᠠᠵᠠᠷ ᠬᠦᠷᠴᠦ ᠲᠠᠭᠠᠨ ᠰᠤᠷᠤᠯᠴᠠᠬᠤ ᠵᠡᠷᠭᠡ ᠤᠯᠠᠨ ᠬᠡᠯᠪᠡᠷᠢ ᠪᠠᠷ ᠵᠢᠭᠠᠬᠤ ᠠᠷᠭ᠎ᠠ ᠶᠢᠨ ᠦᠭᠡᠷᠡᠴᠢᠯᠡᠯᠲᠡ ᠬᠢᠵᠦ ᠪᠠᠶᠢᠨ᠎ᠠ᠃ ᠡᠷᠳᠡᠨ ᠤ ᠷᠤᠮᠠ ᠶᠢᠨ ᠺᠦᠨᠲ᠋ᠢᠯᠢᠶᠠᠩ᠄ ︽ᠪᠠᠭᠰᠢ᠂ ᠮᠡᠷᠭᠡᠨ ᠬᠥᠮᠥᠨ ᠪᠣᠯᠬᠤ ᠤᠴᠢᠷ ᠲᠠᠢ᠂ ᠵᠢᠭᠠᠨ ᠰᠤᠷᠭᠠᠬᠤ ᠠᠷᠭ᠎ᠠ ᠶᠢ ᠨᠡᠪᠳᠡᠷᠭᠡᠢ ᠮᠡᠳᠡᠬᠦ ᠶᠢᠨ ᠬᠠᠮᠳᠤ ᠰᠤᠷᠤᠭᠴᠢ ᠶᠢᠨ ᠮᠡᠳᠡᠯᠭᠡ ᠴᠢᠳᠠᠪᠤᠷᠢ ᠶᠢ ᠰᠠᠶᠢᠳᠤᠷ ᠤᠶᠢᠯᠠᠭᠠᠬᠤ ᠭᠡᠷᠡᠭᠳᠡᠢ ᠪᠠᠶᠢᠳᠠᠭ ᠃ ᠶᠠᠭ ᠠᠯᠬᠤᠬᠤ ᠨᠢ ᠬᠤᠷᠳᠤᠨ ᠬᠥᠮᠥᠨ ᠬᠡᠦᠬᠡᠳ ᠬᠦᠲᠦᠯᠵᠦ ᠶᠠᠪᠤᠭᠰᠠᠨ ᠮᠡᠲᠦ᠂ ᠬᠡᠦᠬᠡᠳ ᠤᠨ ᠢᠶᠠᠨ ᠭᠠᠷ ᠠᠴᠠ ᠬᠥᠲᠥᠯᠵᠦ᠂ ᠥᠪᠡᠷ ᠤᠨ ᠠᠯᠬᠤᠮ ᠢᠶᠠᠨ ᠤᠳᠠᠭᠠᠰᠢᠷᠠᠭᠤᠯᠬᠤ ᠶᠤᠰᠤᠳᠠᠢ᠃ ᠳᠡᠩᠳᠡᠭᠦᠦ ᠬᠤᠷᠳᠤᠨ ᠶᠠᠪᠤᠵᠤ ᠪᠣᠯᠬᠤ ᠦᠭᠡᠢ᠂ ᠬᠡᠤᠭᠡᠳ ᠴᠢᠨᠢ ᠲᠠᠭᠠᠵᠤ ᠲᠠᠶᠢᠯᠬᠦ ᠦᠭᠡᠢ ᠰᠢᠤ︕︾ ᠭᠡᠪᠡ᠃ ᠡᠭᠦᠨ ᠲᠠᠢ ᠠᠳᠠᠯᠢ ᠶᠤᠰᠣ ᠪᠠᠷ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠳᠤ ᠲᠠᠰᠤᠷᠠᠯᠲᠠ ᠦᠭᠡᠢ ᠰᠢᠨ᠎ᠡ ᠱᠠᠭᠠᠷᠳᠠᠯᠭ᠎ᠠ ᠲᠤᠯᠭᠠᠷᠠᠵᠦ ᠪᠠᠶᠢᠭ᠎ᠠ ᠪᠠᠶᠢᠲᠠᠯ ᠲᠤᠤᠷ᠎ᠡ ᠵᠢᠭᠠᠨ ᠰᠤᠷᠭᠠᠯᠲᠠ ᠶᠢᠨ ᠰᠤᠳᠤᠯᠭᠠᠨ ᠨᠢ ᠬᠠᠮᠤᠭ ᠤᠨ ᠲᠦᠷᠦᠭᠦᠨ ᠳᠤ ᠵᠢᠭᠠᠬᠤ ᠠᠷᠭ᠎ᠠ ᠎ ᠶᠢ ᠦᠭᠡᠷᠡᠴᠢᠯᠡᠨ ᠰᠢᠨᠡᠴᠢᠯᠡᠭᠰᠡᠨ ᠪᠤᠯᠪᠠᠴᠦ ᠵᠠᠷᠢᠮ ᠲᠠᠯ᠎ᠠ ᠪᠠᠷ ᠪᠠᠭᠰᠢ ᠰᠤᠷᠤᠭᠴᠢ ᠶᠢᠨ ᠪᠤᠳᠠᠳᠦ ᠪᠠᠶᠢᠳᠠᠯ ᠠᠴᠠ ᠰᠠᠯᠤᠩᠬᠢᠷᠠᠬᠤ ᠦᠵᠡᠭᠳᠡᠯ ᠢᠯᠡᠷᠡᠵᠡᠢ᠃ ᠡᠶᠢᠮᠦ ᠠᠴᠠ ᠪᠢᠳᠡ ᠬᠠᠰᠢᠯᠠ ᠦᠪᠡᠷᠮᠢᠴᠡ ᠤᠨᠴᠠᠯᠢᠭ᠂ ᠰᠤᠷᠤᠭᠴᠢ ᠶᠢᠨ ᠢᠶᠠᠨ ᠪᠤᠳᠠᠳᠦ ᠪᠠᠶᠢᠳᠠᠯ ᠳᠤ ᠰᠠᠭᠤᠷᠢᠯᠠᠭᠰᠠᠨ ᠪᠦᠲᠦᠮᠵᠢᠲᠦ ᠵᠢᠭᠠᠨ ᠰᠤᠷᠭᠠᠬᠤ ᠠᠷᠭ᠎ᠠ ᠶᠢ ᠰᠦᠪᠡᠭᠴᠢᠯᠡᠨ ᠰᠤᠳᠤᠯᠵᠦ ᠲᠡᠭᠦᠯᠳᠡᠷᠵᠢᠭᠦᠯᠪᠠᠯ ᠵᠤᠬᠢᠨ᠎ᠠ᠃ ᠦᠪᠡᠷ ᠤᠨ ᠬᠡᠯᠡ ᠰᠤᠶᠤᠯ ᠤᠨ ᠢᠶᠠᠨ ᠦᠪᠡᠷᠮᠢᠴᠡ ᠤᠨᠴᠠᠯᠢᠭ ᠪᠠ ᠪᠤᠳᠠᠳᠦ ᠪᠠᠶᠢᠳᠠᠯ ᠠᠴᠠ ᠪᠠᠨ ᠭᠠᠷᠳᠠᠵᠦ ᠪᠦᠳᠦᠮᠵᠢᠲᠦ ᠵᠢᠭᠠᠨ ᠰᠤᠷᠭᠠᠯᠲᠠ ᠶᠢᠨ ᠠᠷᠭ᠎ᠠ ᠶᠢ ᠰᠦᠪᠡᠭᠴᠢᠯᠡᠨ ᠰᠤᠳᠤᠯᠵᠦ ᠪᠠᠶᠢᠭ᠎ᠠ ᠨᠢᠭᠡ ᠵᠢᠱᠢᠶ᠎ᠡ ᠲᠤᠷᠠᠳᠪᠠᠯ᠂ ᠠᠷᠦ ᠬᠤᠷᠴᠢᠨ ᠬᠤᠰᠢᠭᠤᠨ ᠤ ᠴᠢᠪᠠᠭ᠎ᠠ ᠬᠤᠶᠠᠳᠤᠭᠠᠷ ᠲᠤᠮᠳᠠᠳᠦ ᠰᠤᠷᠭᠠᠭᠤᠯᠢ ᠶᠢᠨ ︽ᠨᠡᠭᠦᠳᠡᠯ ᠵᠢᠭᠠᠨ ᠰᠤᠷᠭᠠᠯᠲᠠ︾᠎ ᠨᠢ ᠡᠬᠡ ᠬᠡᠯᠡᠨ ᠎ ᠤ ᠵᠢᠭᠠᠨ ᠰᠤᠷᠭᠠᠯᠲᠠ ᠶᠢᠨ ᠦᠪᠡᠷᠮᠢᠴᠡ ᠤᠨᠴᠠᠯᠢᠭ ᠪᠠ ᠤᠯᠠᠮᠵᠢᠯᠠᠯᠲᠦ ᠵᠢᠭᠠᠨ ᠰᠤᠷᠭᠠᠯᠲᠠ ᠶᠢᠨ ᠲᠠᠪᠠᠭᠤᠯᠢᠭ ᠲᠠᠯ᠎ᠠ ᠳᠤ ᠰᠠᠭᠤᠷᠢᠯᠠᠭᠰᠠᠨ ᠬᠡᠯᠡ ᠪᠢᠴᠢᠭ ᠤᠨ ᠵᠢᠭᠠᠬᠤ ᠠᠷᠭ᠎ᠠ ᠶᠢᠨ ᠦᠭᠡᠷᠡᠴᠢᠯᠡᠯᠲᠡ ᠰᠢᠨᠡᠴᠢᠯᠡᠯ ᠤᠨ ᠰᠦᠪᠡᠭᠴᠢᠯᠡᠯ ᠮᠦᠨ᠃ ᠪᠢᠳᠡ ᠪᠤᠰᠤᠳ ᠤᠨ ᠲᠡᠷᠢᠭᠦᠨ ᠤ ᠵᠦᠢᠯ ᠠᠴᠠ ᠰᠤᠷᠤᠯᠴᠠᠵᠦ ᠪᠤᠯᠤᠨ᠎ᠠ᠂ ᠬᠡᠬᠦ ᠳᠤ ᠪᠠᠨ ᠦᠬᠦᠮᠡᠯ ᠢᠶᠠᠷ ᠰᠢᠯᠵᠢᠭᠦᠯᠦᠨ ᠬᠡᠷᠡᠭᠯᠡᠵᠦ ᠪᠤᠯᠬᠤ ᠦᠭᠡᠢ᠂ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠠᠮᠢᠳᠤᠯᠢᠭ ᠬᠡᠷᠡᠭᠯᠡᠬᠦ ᠶᠢ ᠴᠢᠬᠤᠯᠠᠴᠢᠯᠠᠨ ᠰᠢᠯᠢᠳᠡᠭ ᠢ ᠨᠢ ᠠᠪᠴᠦ ᠰᠢᠭᠠᠷᠠᠤ ᠶᠢ ᠤᠷᠬᠢᠬᠤ ᠬᠡᠷᠡᠭᠲᠡᠢ᠃ ᠵᠢᠭᠠᠬᠤ ᠶᠢ ᠰᠤᠳᠤᠯᠬᠤ ᠭᠠᠵᠠᠷ ᠤᠨ ᠬᠢᠵᠦ ᠪᠠᠶᠢᠭ᠎ᠠ ᠰᠤᠳᠤᠯᠭᠠᠨ ᠪᠤᠶᠤ ᠶᠠᠮᠠᠷ ᠨᠢᠭᠡᠨ ᠭᠠᠵᠠᠷ ᠤᠷᠤᠨ ᠪᠤᠶᠤ ᠰᠤᠷᠭᠠᠭᠤᠯᠢ ᠎ ᠶᠢᠨ ᠬᠢᠵᠦ ᠪᠠᠶᠢᠭ᠎ᠠ ᠰᠤᠳᠤᠯᠭᠠᠨ ᠢ ᠠᠵᠢᠭᠯᠠᠵᠦ ᠦᠵᠡᠪᠡᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠨᠢ ᠵᠢᠭᠠᠬᠤ ᠠᠷᠭ᠎ᠠ ᠎ ᠪᠠᠨ ᠰᠢᠨᠡᠴᠢᠯᠡᠬᠦ ᠲᠡᠭᠡᠷ᠎ᠡ ᠭᠤᠤᠯ ᠲᠦᠪᠯᠡᠷᠡᠵᠦ ᠪᠠᠶᠢᠨ᠎ᠠ᠃ ᠵᠢᠭᠠᠨ ᠰᠤᠷᠭᠠᠯᠲᠠ ᠶᠢᠨ ᠰᠤᠳᠤᠯᠭᠠᠨ ᠪᠤᠯ ᠵᠢᠭᠠᠬᠤ ᠠᠷᠭ᠎ᠠ ᠶᠢ ᠪᠠᠭᠳᠠᠭᠠᠭᠰᠠᠨ ᠪᠠᠭᠰᠢ ᠰᠤᠷᠤᠭᠴᠢ ᠵᠢᠴᠢ ᠪᠠᠭᠰᠢ ᠰᠤᠷᠤᠭᠴᠢ ᠶᠢᠨ ᠬᠤᠭᠤᠷᠤᠨᠳᠤᠬᠢ ᠬᠠᠷᠢᠴᠠᠭ᠎ᠠ᠂ ᠰᠤᠷᠬᠤ ᠤᠷᠴᠢᠨ᠂ ᠬᠢᠴᠢᠶᠡᠯ ᠤᠨ ᠪᠠᠷᠢᠮᠵᠢᠶ᠎ᠠ᠂ ᠵᠢᠭᠠᠬᠤ ᠮᠠᠲ᠋ᠧᠷᠢᠶᠠᠯ᠂ ᠵᠢᠭᠠᠨ ᠰᠤᠷᠭᠠᠬᠤ ᠵᠢᠮ᠎ᠡ ᠶᠤᠰᠤ ᠵᠡᠷᠭᠡ ᠶᠢ ᠰᠤᠳᠤᠯᠬᠤ ᠪᠦᠷᠢᠨ ᠪᠦᠲᠦᠨ ᠰᠢᠰᠲ᠋ᠧᠮ ᠶᠤᠮ᠃ ᠵᠢᠭᠠᠬᠤ ᠠᠷᠭ᠎ᠠ ᠶᠢᠨ ᠦᠭᠡᠷᠡᠴᠢᠯᠡᠯᠲᠡ ᠶᠢᠨ ᠲᠤᠮᠳᠠ ᠮᠠᠰᠢ ᠤᠯᠠᠨ ᠠᠰᠠᠭᠤᠳᠠᠯ ᠢᠯᠡᠷᠡᠵᠦ ᠪᠠᠶᠢᠭ᠎ᠠ ᠨᠢ ᠪᠤᠰᠤᠳ ᠲᠠᠯ᠎ᠠ ᠶᠢᠨ ᠰᠤᠳᠤᠯᠭᠠᠨ ᠲᠤᠲᠠᠮᠠᠭ ᠪᠠᠶᠢᠭ᠎ᠠ ᠲᠠᠢ ᠴᠦ ᠬᠤᠯᠪᠤᠭ᠎ᠠ ᠲᠠᠢ ᠶᠤᠮ᠃ ᠬᠡᠯᠡ ᠪᠢᠴᠢᠭ ᠤᠨ ᠵᠢᠭᠠᠬᠤ ᠰᠤᠷᠭᠠᠯᠲᠠ ᠶᠢᠨ ᠦᠭᠡᠷᠡᠴᠢᠯᠡᠯᠲᠡ ᠶᠢ ᠪᠦᠲᠦᠮᠵᠢᠲᠡᠢ ᠬᠢᠵᠦ᠂ ᠲᠤᠯᠭᠠᠷᠠᠵᠦ ᠪᠠᠶᠢᠭ᠎ᠠ ᠠᠰᠠᠭᠤᠳᠠᠯ ᠢᠶᠠᠨ ᠰᠢᠢᠳᠪᠦᠷᠢᠯᠡᠶ᠎ᠡ ᠭᠡᠪᠡᠯ ᠪᠢᠳᠡ ᠵᠢᠭᠠᠬᠤ ᠠᠷᠭ᠎ᠠ ᠪᠠᠨ ᠰᠤᠳᠤᠯᠬᠤ ᠪᠠᠷ ᠪᠠᠷᠠᠬᠤ ᠦᠭᠡᠢ ᠵᠢᠭᠠᠨ ᠰᠤᠷᠭᠠᠯᠲᠠ ᠪᠠᠨ ᠨᠠᠩ ᠦᠷᠭᠡᠨ ᠬᠡᠪᠴᠢᠶᠡᠨ ᠳᠤ ᠬᠦᠨᠵᠡᠭᠡᠢ ᠰᠤᠳᠤᠯᠬᠤ ᠴᠢᠬᠤᠯᠠᠲᠠᠢ ᠪᠠᠶᠢᠨ᠎ᠠ᠃                ⑴ ᠰᠤᠷᠤᠭᠴᠢ ᠪᠠᠨ ᠰᠤᠳᠤᠯᠤᠨ᠎ᠠ᠃                ᠰᠤᠷᠤᠭᠴᠢ ᠪᠤᠯ ᠰᠤᠷᠤᠯᠴᠠᠯᠭ᠎ᠠ ᠶᠢᠨ ᠭᠤᠤᠯ ᠴᠤᠭᠴᠠ᠂ ᠰᠤᠷᠬᠤ ᠶᠢᠨ ᠡᠵᠡᠨ ᠪᠠᠶ᠎ᠠ ᠶᠤᠮ᠃ ᠰᠤᠷᠤᠭᠴᠢ ᠶᠢ ᠤᠶᠢᠯᠠᠭᠠᠬᠤ ᠪᠤᠯ ᠵᠢᠭᠠᠨ ᠰᠤᠷᠭᠠᠯᠲᠠ ᠶᠢᠨ ᠠᠯᠢᠪᠠ ᠰᠤᠳᠤᠯᠭᠠᠨ ᠤ ᠰᠠᠭᠤᠷᠢ ᠮᠦᠨ᠃ ︽ᠪᠠᠭᠰᠢ ᠪᠤᠯ ᠮᠡᠳᠡᠯᠭᠡ ᠤᠯᠠᠮᠵᠢᠯᠠᠭᠴᠢ᠂ ᠰᠤᠷᠤᠭᠴᠢ ᠶᠢᠨ ᠰᠠᠶᠢᠨ ᠨᠠᠶᠢᠵᠠ ᠮᠦᠷᠲᠡᠭᠡᠨ ᠤᠶᠤᠨ ᠰᠠᠨᠠᠭᠠᠨ ᠤ ᠠᠮᠢᠳᠤᠷᠠᠯ ᠤᠨ ᠬᠢᠨᠢ ᠵᠢᠯᠤᠭᠤᠳᠤᠭᠴᠢ ᠮᠦᠨ︾ ᠭᠡᠳᠡᠭ᠂ ᠬᠡᠯᠡ ᠪᠢᠴᠢᠭ ᠤᠨ ᠪᠠᠭᠰᠢ ᠰᠤᠷᠤᠭᠴᠢ ᠪᠠᠨ ᠭᠦᠢᠴᠡᠳ ᠰᠠᠶᠢᠨ ᠤᠶᠢᠯᠠᠭᠠᠬᠤ ᠨᠢ ᠵᠢᠭᠠᠬᠤ ᠠᠷᠭ᠎ᠠ ᠶᠢᠨ ᠦᠭᠡᠷᠡᠴᠢᠯᠡᠯᠲᠡ ᠶᠢᠨ ᠰᠠᠭᠤᠷᠢ᠂ ᠰᠤᠷᠤᠭᠴᠢ ᠶᠢᠨ ᠲᠤᠳᠤᠭᠠᠳᠦ ᠬᠦᠴᠦᠨ ᠢ ᠢᠯᠡᠷᠡᠭᠦᠯᠦᠨ ᠭᠠᠷᠭᠠᠵᠦ ᠲᠠᠶᠢᠴᠢᠯᠠᠬᠤ ᠪᠤᠯ ᠵᠢᠭᠠᠨ ᠰᠤᠷᠭᠠᠯᠲᠠ ᠶᠢᠨ ᠠᠮᠵᠢᠯᠲᠠ ᠤᠯᠬᠤ ᠶᠢᠨ ᠪᠠᠲᠤᠯᠠᠭ᠎ᠠ ᠮᠦᠨ᠃ ᠨᠢᠭᠡ ᠳᠤ᠂ ᠣᠳᠣ ᠶᠢᠨ ᠰᠤᠷᠤᠭᠴᠢᠳ ᠤᠨ ᠰᠡᠳᠬᠢᠴᠡ ᠶᠢᠨ ᠪᠠᠶᠢᠳᠠᠯ ᠢ ᠰᠤᠳᠤᠯᠤᠨ᠎ᠠ᠃ ︽ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠬᠠᠷᠠᠯᠲᠠ ᠲᠠᠩ ᠭᠠᠭᠴᠠ ᠪᠠᠶᠢᠭᠰᠠᠨ ᠠᠴᠠ ᠤᠯᠠᠨ ᠡᠰᠢᠵᠢᠭᠦᠯᠦᠯᠲᠡ ᠵᠦᠭ ᠬᠦᠭᠵᠢᠵᠦ᠂ ᠰᠤᠷᠤᠭᠴᠢ ᠶᠢᠨ ᠤᠶᠤᠨ ᠢ ᠨᠡᠭᠡᠭᠡᠬᠦ ᠶᠠᠪᠤᠳᠠᠯ ᠨᠢᠭᠡᠨᠲᠡ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠴᠢᠬᠤᠯᠠ ᠨᠢᠭᠡᠨ ᠬᠠᠷᠠᠯᠲᠠ ᠪᠤᠯᠵᠦ᠂ ᠬᠦᠮᠦᠰ ᠤᠨ ᠨᠡᠶᠢᠳᠡᠮ ᠤᠨ ᠠᠩᠬᠠᠷᠤᠯ ᠢ ᠲᠠᠳᠠᠭᠰᠠᠨ ᠪᠠᠶᠢᠨ᠎ᠠ︾᠃ ᠰᠡᠳᠬᠢᠴᠡ ᠶᠢᠨ ᠵᠦᠢ ᠶᠢᠨ ᠡᠷᠳᠡᠮᠲᠡᠳ ᠤᠨ ᠰᠤᠳᠤᠯᠤᠭᠰᠠᠨ ᠢᠶᠠᠷ᠂ ᠬᠦᠮᠦᠨ ᠲᠦᠷᠦᠯᠬᠢᠲᠡᠨ ᠤ ᠪᠡᠶ᠎ᠡ ᠮᠠᠬᠠᠪᠤᠳ ᠪᠠ ᠰᠡᠳᠬᠢᠬᠦᠢ ᠳᠤ ᠴᠦᠮ ᠠᠤᠭ᠎ᠠ ᠶᠡᠭᠡ ᠲᠤᠲᠤᠭᠠᠳᠦ ᠬᠦᠴᠦᠨ ᠨᠢᠭᠤᠭᠳᠠᠵᠦ ᠪᠠᠶᠢᠳᠠᠭ ᠭᠡᠵᠡᠢ᠃ ᠵᠠᠩᠭᠢᠯᠠᠭ᠎ᠠ ᠨᠢ ᠠᠵᠢᠯ ᠰᠤᠷᠤᠯᠴᠠᠯᠭ᠎ᠠ ᠶᠢᠨ ᠲᠤᠮᠳᠠ ᠡᠨᠡᠬᠦ ᠨᠢᠭᠤᠭᠳᠠᠮᠠᠯ ᠬᠦᠴᠦᠨ ᠢ ᠬᠡᠷᠬᠢᠨ ᠲᠠᠶᠢᠴᠢᠯᠠᠬᠤ ᠳᠤ ᠪᠤᠢ᠃ ᠡᠶᠢᠮᠦ ᠠᠴᠠ ᠶᠠᠮᠠᠷ ᠨᠢᠭᠡᠨ ᠠᠵᠢᠯ ᠦᠢᠯᠡ ᠶᠢ ᠬᠢᠵᠦ ᠪᠦᠲᠦᠭᠡᠬᠦ ᠪᠤᠶᠤ ᠮᠡᠳᠡᠯᠭᠡ ᠴᠢᠳᠠᠪᠤᠷᠢ ᠶᠢ ᠡᠵᠡᠮᠰᠢᠬᠦ ᠳᠤ ᠬᠦᠮᠦᠨ ᠤ ᠰᠡᠳᠬᠢᠯ ᠢ ᠨᠡᠭᠡᠭᠡᠵᠦ ᠲᠤᠲᠤᠭᠠᠲᠦ ᠬᠦᠴᠦᠨ ᠢ ᠲᠠᠶᠢᠴᠢᠯᠠᠬᠤ ᠨᠢ ᠵᠠᠩᠭᠢᠯᠠᠭ᠎ᠠ ᠶᠤᠮ᠃ ᠠᠷᠠᠳ ᠤᠨ ᠦᠭᠡᠨ ᠳᠤ ︽ᠲᠤᠷ᠎ᠠ ᠳᠤ ᠰᠢᠷ᠎ᠠ ᠦᠭᠡᠢ︾᠂ ︽ᠤᠰᠤ ᠤᠤᠭᠤᠬᠤ ᠦᠭᠡᠢ ᠦᠭᠡᠷ ᠤᠨ ᠲᠤᠯᠤᠭᠠᠢ ᠶᠢ ᠪᠤᠤ ᠲᠠᠷᠤ︾ ᠭᠡᠳᠡᠭ᠃ ᠤᠷᠮ᠎ᠠ ᠪᠠᠬ᠎ᠠ ᠎ ᠲᠠᠢ ᠪᠠᠶᠢᠮᠠᠨᠵᠢᠨ ᠰᠠᠶ᠋ᠢ ᠴᠤᠴᠠᠰᠢ ᠦᠭᠡᠢ ᠪᠠᠷᠢᠮᠳᠠᠯᠠᠨ ᠬᠦᠴᠢᠷ ᠢ ᠲᠠᠪᠠᠭ᠋ᠤ ᠵᠤᠷᠢᠭ ᠰᠦᠰᠦ ᠲᠠᠢ ᠪᠤᠯᠳᠠᠭ᠃ ᠤᠳᠤ ᠶᠢᠨ ᠰᠤᠷᠤᠭᠴᠢᠳ ᠤᠨ ᠰᠡᠳᠬᠢᠴᠡ ᠶᠢ ᠰᠤᠳᠤᠯᠵᠦ ᠲᠡᠳᠡ ᠶᠠᠭᠤ ᠬᠦᠰᠡᠵᠦ ᠪᠤᠳᠤᠳᠠᠭ᠂ ᠶᠠᠮᠠᠷ ᠲᠤᠷ᠎ᠠ ᠰᠤᠨᠢᠷᠬᠠᠯ ᠲᠠᠢ ᠪᠠᠶᠢᠳᠠᠭ᠂ ᠶᠠᠭᠤ ᠶᠢ ᠵᠢᠭᠰᠢᠳᠡᠭ ᠵᠡᠷᠭᠡ ᠶᠢ ᠤᠶᠢᠯᠠᠭᠠᠮᠠᠨᠵᠢᠨ ᠰᠠᠶ᠋ᠢ ᠵᠢᠭᠠᠨ ᠰᠤᠷᠭᠠᠯᠲᠠ ᠲᠤᠮᠳᠠ ᠲᠡᠳᠡᠨ ᠤ ᠤᠷᠮ᠎ᠠ ᠪᠠᠬ᠎ᠠ ᠶᠢ ᠨᠢ ᠬᠦᠭᠵᠢᠭᠡᠨ ᠲᠤᠲᠤᠭᠠᠳᠦ ᠬᠦᠴᠦᠨ ᠢ ᠨᠢ ᠲᠠᠶᠢᠴᠢᠯᠠᠵᠦ ᠴᠢᠳᠠᠨ᠎ᠠ᠃ ᠬᠤᠶᠠᠷ ᠲᠤ᠂ ᠰᠤᠷᠤᠭᠴᠢ ᠶᠢᠨ ᠦᠰᠴᠦ ᠲᠦᠷᠦᠭᠰᠡᠨ ᠤᠷᠴᠢᠨ ᠲᠤᠭᠤᠷᠢᠨ᠂ ᠭᠡᠷ ᠤᠨ ᠰᠤᠷᠭᠠᠯ᠂ ᠠᠮᠢᠳᠤᠷᠠᠯ ᠤᠨ ᠪᠠᠶᠢᠳᠠᠯ ᠢ ᠰᠤᠳᠤᠯᠤᠨ᠎ᠠ᠃ ᠰᠤᠷᠤᠭᠴᠢ ᠶᠢᠨ ᠦᠰᠴᠦ ᠲᠦᠷᠦᠭᠰᠡᠨ ᠤᠷᠴᠢᠨ ᠲᠤᠭᠤᠷᠢᠨ᠂ ᠭᠡᠷ ᠤᠨ ᠰᠤᠷᠭᠠᠯ᠂ ᠠᠮᠢᠳᠤᠷᠠᠯ ᠤᠨ ᠪᠠᠶᠢᠳᠠᠯ ᠢ ᠤᠶᠢᠯᠠᠭᠠᠬᠤ ᠪᠠᠷ ᠲᠠᠮᠵᠢᠨ ᠬᠡᠯᠡᠨ ᠤ ᠰᠠᠭᠤᠷᠢ᠂ ᠦᠪᠡᠷᠮᠢᠴᠡ ᠤᠨᠴᠠᠯᠢᠭ ᠢ ᠨᠢ ᠤᠶᠢᠯᠠᠭᠠᠵᠦ ᠪᠠᠶᠢᠳᠠᠯ ᠎ ᠳᠤᠨᠢ ᠲᠤᠬᠢᠷᠠᠭᠤᠯᠤᠨ ᠵᠢᠭᠠᠪᠠᠯ ᠵᠢᠭᠠᠨ ᠰᠤᠷᠭᠠᠯᠲᠠ ᠶᠢᠨ ᠦᠷ᠎ᠡ ᠪᠦᠳᠦᠮᠵᠢ ᠪᠠᠨ ᠲᠡᠭᠡᠭᠰᠢᠯᠡᠭᠦᠯᠵᠦ ᠴᠢᠳᠠᠨ᠎ᠠ᠃ ᠭᠤᠷᠪᠠ ᠳᠤ᠂ ᠰᠤᠷᠤᠭᠴᠢ ᠶᠢᠨ ᠲᠠᠨᠢᠯᠲᠠ ᠶᠢᠨ ᠵᠢᠮ᠎ᠡ ᠶᠤᠰᠤ᠂ ᠰᠤᠷᠤᠯᠴᠠᠬᠤ ᠠᠷᠭ᠎ᠠ ᠶᠢ ᠰᠤᠳᠤᠯᠤᠨ᠎ᠠ᠃ ᠬᠡᠯᠡ ᠪᠢᠴᠢᠭ ᠤᠨ ᠬᠢᠴᠢᠶᠡᠯ ᠢ ᠬᠡᠤᠬᠡᠳ ᠤᠨ ᠰᠤᠷᠬᠤ ᠲᠤᠷ᠎ᠠ ᠪᠠᠭ᠋ᠠᠲᠠᠢ ᠬᠢᠴᠢᠶᠡᠯ ᠪᠤᠯᠭᠠᠬᠤ ᠳᠤ ᠪᠢᠳᠡ ᠰᠤᠷᠤᠭᠴᠢ ᠶᠢᠨ ᠲᠠᠨᠢᠯᠲᠠ ᠶᠢᠨ ᠵᠢᠮ᠎ᠡ ᠶᠤᠰᠤ — ᠮᠡᠳᠡᠯᠭᠡ ᠴᠢᠳᠠᠪᠤᠷᠢ ᠡᠵᠡᠮᠰᠢᠬᠦ ᠵᠢᠮ᠎ᠡ ᠶᠤᠰᠦ ᠪᠠ ᠰᠤᠷᠤᠯᠴᠠᠬᠤ ᠠᠷᠭ᠎ᠠ ᠶᠢ ᠴᠦ ᠰᠣᠳᠣᠯᠬᠤ ᠬᠡᠷᠡᠭᠲᠡᠢ᠃ ᠰᠡᠳᠬᠢᠴᠡ ᠶᠢᠨ ᠤᠬᠠᠭᠠᠨᠲᠠᠨ ᠫᠢᠶᠠᠵᠧ ︵JPiaget︶᠄ ︽ᠣᠷᠣᠯᠳᠣᠯᠭ᠎ᠠ ᠪᠤᠯ ᠲᠠᠨᠢᠨ ᠮᠡᠳᠡᠬᠦᠢ ᠶᠢᠨ ᠡᠬᠢ ᠪᠤᠯᠠᠭ ᠮᠦᠨ︾ ᠭᠡᠵᠡᠢ᠃ ᠠᠮᠧᠷᠢᠺᠠ ᠶᠢᠨ ᠠᠯᠳᠠᠷᠲᠦ ᠰᠤᠷᠭᠠᠨ ᠬᠦᠮᠤᠵᠢᠯ ᠤᠨ ᠤᠬᠠᠭᠠᠨᠲᠠᠨ J · ᠪᠷᠦ᠋ᠨᠧᠷ ︵J · S · Bruner︶ ᠫᠢᠶᠠᠵᠧ ᠶᠢᠨ ᠤᠨᠤᠯ ᠢ ᠪᠤᠳᠠᠳᠠᠢ ᠵᠢᠭᠠᠨ ᠰᠤᠷᠭᠠᠯᠲᠠ ᠳᠤ ᠪᠠᠨ ᠠᠰᠢᠭᠯᠠᠵᠦ ︽ᠣᠷᠣᠯᠳᠣᠯᠭ᠎ᠠ ᠪᠤᠯ ᠲᠠᠨᠢᠨ ᠮᠡᠳᠡᠬᠦᠢ ᠶᠢᠨ ᠡᠬᠢ ᠪᠤᠯᠠᠭ ᠮᠦᠨ︾ ᠬᠡᠬᠦ ᠤᠨᠤᠯ  ᠢ ᠦᠢᠯᠡᠳᠦᠯᠭᠡ ᠪᠠᠷ ᠭᠡᠷᠡᠴᠢᠯᠡᠭᠰᠡᠨ ᠪᠠᠶᠢᠨ᠎ᠠ᠃ ᠡᠨᠡ ᠤᠨᠤᠯ ᠢ ᠦᠨᠳᠦᠰᠦᠯᠡᠪᠡᠯ᠂ ᠬᠦᠮᠦᠨ ᠶᠡᠮᠡᠷ ᠨᠢᠭᠡᠨ ᠤᠬᠠᠭᠳᠠᠬᠤᠨ ᠢ ᠬᠡᠶᠢᠰᠪᠦᠷᠢ ᠲᠡᠮᠳᠡᠭ ︵ᠦᠰᠦᠭ ᠪᠢᠴᠢᠭ︶ ᠎ ᠢᠶᠠᠷ ᠪᠢᠰᠢ ᠬᠠᠷᠢᠨ ᠤᠷᠤᠯᠳᠣᠯᠭ᠎ᠠ ᠬᠢᠪᠡᠯ ᠰᠠᠶ᠋ᠢ ᠪᠠᠳᠦ ᠨᠤᠲᠠᠳᠠᠢ ᠡᠵᠡᠮᠰᠢᠵᠦ ᠴᠢᠳᠠᠪᠤᠷᠢ ᠪᠤᠯᠭᠠᠵᠦ ᠲᠡᠶᠢᠯᠳᠡᠭ᠃ ᠮᠤᠩᠭᠤᠯ ᠠᠷᠠᠳ ᠤᠨ ︽ᠵᠢᠭᠠᠵᠦ ᠰᠤᠷᠭᠠᠬᠤ ᠪᠠᠷ ᠵᠠᠷᠤᠵᠦ ᠰᠤᠷᠭ᠎ᠠ᠂ ᠬᠡᠯᠡᠵᠦ ᠰᠤᠷᠭᠠᠬᠤ ᠪᠠᠷ ᠬᠢᠯᠭᠡᠵᠦ ᠰᠤᠷᠭ᠎ᠠ︾ ᠭᠡᠰᠡᠨ ᠦᠭᠡ ᠪᠤᠯ ᠶᠠᠭ ᠡᠨᠡᠬᠦ ᠲᠠᠨᠢᠯᠲᠠ ᠶᠢᠨ ᠵᠢᠮ᠎ᠡ ᠶᠤᠰᠤ ᠶᠢ ᠬᠠᠷᠠᠭᠤᠯᠤᠭᠰᠠᠨ ᠮᠤᠩᠭᠤᠯ ᠰᠤᠷᠭᠠᠨ ᠬᠦᠮᠦᠵᠢᠭᠦᠯᠬᠦ ᠤᠬᠠᠭᠠᠨ ᠶᠤᠮ᠃ ᠵᠦᠪᠯᠡᠯᠲᠦ ᠶᠢᠨ ᠰᠤᠷᠭᠠᠨ ᠬᠦᠮᠦᠵᠢᠯ ᠤᠨ ᠤᠬᠠᠭᠠᠨᠲᠠᠨ ᠸ᠊ · ᠠ᠊ · ᠰᠦᠬᠤᠮᠯᠢᠨ᠋ᠰᠺᠢ ︽ᠮᠡᠳᠡᠯᠭᠡ ᠶᠢ ᠦᠬᠦᠮᠡᠯ ᠢᠶᠠᠷ ᠵᠢᠭᠠᠵᠦ ᠪᠤᠯᠬᠤ ᠦᠭᠡᠢ᠂ ᠬᠠᠷᠢᠨ ᠠᠷᠭ᠎ᠠ ᠤᠬᠠᠭᠠᠨ ᠢ ᠵᠢᠭᠠᠵᠦ ᠰᠡᠳᠬᠢᠬᠦ ᠵᠠᠮ ᠢ ᠨᠡᠭᠡᠭᠡᠵᠦ ᠦᠪᠡᠷᠲᠡᠭᠡᠨ ᠰᠣᠷᠬᠤ ᠴᠢᠳᠠᠪᠤᠷᠢ ᠶᠢ ᠨᠢ ᠬᠦᠮᠦᠵᠢᠭᠦᠯᠬᠦ ᠬᠡᠷᠡᠭᠲᠡᠢ︾ ᠭᠡᠵᠡᠢ᠃ ᠮᠡᠳᠡᠯᠭᠡ ᠶᠢ ᠵᠦᠪᠬᠡᠨ ᠲᠡᠮᠳᠡᠭ ︵ᠦᠰᠦᠭ ᠪᠢᠴᠢᠭ︶᠎ ᠢ ᠦᠬᠦᠮᠡᠯ ᠢᠶᠠᠷ ᠵᠢᠭᠠᠪᠠᠯ ᠰᠤᠷᠤᠭᠴᠢᠳ ᠴᠢᠳᠠᠪᠤᠷᠢ ᠪᠤᠯᠭᠠᠨ ᠡᠵᠡᠮᠰᠢᠵᠦ ᠴᠢᠳᠠᠬᠤ ᠦᠭᠡᠢ ᠨᠢ ᠮᠡᠳᠡᠭᠡᠵᠢ᠃ ᠡᠶᠢᠮᠦ ᠠᠴᠠ ᠪᠢᠳᠡ ᠰᠤᠷᠤᠭᠴᠢᠳ ᠤᠨ ᠰᠡᠳᠬᠢᠭᠦᠢ ᠶᠢ ᠨᠢ ᠨᠡᠭᠡᠭᠡᠵᠦ ᠦᠪᠡᠷᠳᠡᠭᠡᠨ ᠰᠤᠷᠬᠤ ᠴᠢᠳᠠᠪᠤᠷᠢ ᠶᠢ ᠨᠢ ᠬᠦᠮᠦᠵᠢᠭᠦᠯᠬᠦ ᠳᠤ ᠰᠤᠷᠤᠯᠴᠠᠬᠤ ᠠᠷᠭ᠎ᠠ ᠶᠢ ᠰᠤᠳᠤᠯᠬᠤ ᠬᠡᠷᠡᠭᠲᠡᠢ᠃ ᠠᠮᠧᠷᠢᠺᠠ ᠶᠢᠨ ᠠᠶᠢᠳᠠᠵᠢᠶᠧ ᠳ᠋ᠠᠶᠢᠨ᠋ᠧᠯ ᠭᠡᠳᠡᠭ ᠰᠤᠳᠤᠯᠭᠠᠳᠠᠨ 1946 ᠤᠨ ᠳᠤ ᠤᠷᠳᠦ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠ ᠪᠦᠷᠢᠳᠬᠡᠯ ᠵᠠᠳᠠᠯᠤᠯᠲᠠ ᠪᠠᠷ ᠲᠠᠮᠵᠢᠨ ︽ᠰᠣᠷᠣᠯᠴᠠᠯᠭ᠎ᠠ ᠶᠢᠨ ᠫᠢᠷᠠᠮᠢᠳ᠋ ᠰᠤᠪᠤᠷᠭ᠎ᠠ ᠶᠢᠨ ᠤᠨᠤᠯ ︾᠎ ᠢ ᠲᠤᠷᠠᠳᠤᠨ ᠭᠠᠷᠭᠠᠵᠠᠢ᠃ ᠲᠡᠭᠦᠨ ᠤ ᠰᠤᠳᠤᠯᠤᠨ ᠭᠠᠷᠭᠠᠭᠰᠠᠨ ᠬᠦᠮᠦᠨ ᠤ ᠮᠡᠳᠡᠯᠭᠡ ᠡᠵᠡᠮᠰᠢᠬᠦ ᠲᠤᠬᠠᠢ ᠵᠢᠮ᠎ᠡ ᠶᠤᠰᠤ ᠨᠢ᠂ ᠬᠦᠮᠦᠨ ᠶᠠᠮᠠᠷ ᠨᠢᠭᠡᠨ ᠮᠡᠳᠡᠯᠭᠡ ᠶᠢ ᠡᠵᠡᠮᠰᠢᠬᠦ ᠠᠷᠭ᠎ᠠ ᠵᠠᠮ ᠨᠢ ᠠᠳᠠᠯᠢ ᠦᠭᠡᠢ ᠪᠤᠯ ᠬᠤᠶᠠᠷ ᠭᠠᠷᠠᠭ ᠤᠨ ᠲᠠᠷᠠᠭ᠎ᠠ ᠬᠦᠮᠦᠨ ᠤ ᠲᠠᠷᠢᠬᠢ ᠲᠤᠯᠤᠭᠠᠢ ᠲᠤᠳᠤᠷ᠎ᠠ ᠦᠯᠡᠳᠡᠬᠦ ᠬᠡᠮᠵᠢᠶ᠎ᠡ ︵ᠮᠡᠳᠡᠯᠭᠡ ᠶᠢ ᠡᠵᠡᠮᠰᠢᠭᠰᠡᠨ ᠨᠤᠷᠮ᠎ᠠ︶᠎ ᠨᠢ ᠴᠦ ᠠᠳᠠᠯᠢ ᠦᠭᠡᠢ᠃ ᠬᠡᠷᠪᠡ ᠵᠦᠪᠬᠡᠨ ᠲᠠᠶᠢᠯᠪᠤᠷᠢᠯᠠᠬᠤ ᠶᠢ ᠰᠤᠨᠤᠰᠪᠠᠯ 5%᠎ ᠶᠢ ᠨᠢ ᠡᠵᠡᠮᠰᠢᠵᠦ᠂ ᠣᠡᠭᠰᠢᠪᠠᠯ 10%᠎ ᠶᠢ ᠨᠢ ᠡᠵᠡᠮᠰᠢᠵᠦ᠂ ᠦᠵᠡᠬᠦ ᠰᠣᠨᠣᠰᠬᠤ ᠶᠢ ᠤᠶᠠᠯᠳᠤᠭᠤᠯᠪᠠᠯ 20%᠎ ᠶᠢ ᠨᠢ ᠡᠵᠡᠮᠰᠢᠵᠦ᠂ ᠲᠤᠭᠯᠠᠵᠦ ᠦᠵᠡᠭᠦᠯᠬᠦ ᠠᠷᠭ᠎ᠠ ᠶᠢ ᠬᠡᠷᠡᠭᠯᠡᠪᠡᠯ 30%᠎ ᠶᠢ ᠨᠢ ᠡᠵᠡᠮᠰᠢᠵᠦ᠂ ᠲᠤᠭᠤᠶᠢᠯᠠᠩ ᠢᠶᠠᠷ ᠶᠠᠷᠢᠯᠴᠠᠬᠤ ᠠᠷᠭ᠎ᠠ ᠶᠢ ᠬᠡᠷᠡᠭᠯᠡᠪᠡᠯ 50 %᠎ ᠶᠢ ᠨᠢ ᠡᠵᠡᠮᠰᠢᠵᠦ᠂ ᠦᠢᠯᠡᠳᠦᠯᠭᠡ ᠲᠠᠢ ᠤᠶᠠᠯᠳᠤᠭᠤᠯᠪᠠᠯ 70%᠎ ᠶᠢ ᠨᠢ ᠡᠵᠡᠮᠰᠢᠵᠦ᠂ ᠪᠤᠰᠣᠳ ᠲᠤ ᠵᠢᠭᠠᠬᠤ ᠳᠤ ᠬᠦᠷᠪᠡᠯ 90%᠎ ᠶᠢ ᠨᠢ ᠡᠵᠡᠮᠰᠢᠵᠦ ᠴᠢᠳᠠᠨ᠎ᠠ ᠭᠡᠰᠡᠨ ᠪᠠᠶᠢᠨ᠎ᠠ᠃ ᠠᠶᠢᠳᠠᠵᠢᠶᠧ ᠳ᠋ᠠᠶᠢᠨ᠋ᠧᠯ ᠮᠡᠳᠡᠯᠭᠡ ᠡᠵᠡᠮᠰᠢᠭᠰᠡᠨ ᠨᠤᠷᠮ᠎ᠠ ᠨᠢ 30%᠎ ᠠᠴᠠ ᠲᠤᠷᠤᠭᠰᠢᠬᠢ ᠰᠤᠷᠤᠯᠴᠠᠬᠤ ᠠᠷᠭ᠎ᠠ ᠶᠢ ᠠᠰᠢᠭᠯᠠᠮᠵᠢ ᠲᠤᠤᠷ᠎ᠠ ᠰᠤᠷᠤᠯᠴᠠᠬᠤ ᠠᠷᠭ᠎ᠠ ᠭᠡᠵᠦ᠂ ᠮᠡᠳᠡᠯᠭᠡ ᠡᠵᠡᠮᠰᠢᠭᠰᠡᠨ ᠨᠤᠷᠮ᠎ᠠ ᠨᠢ 30%᠎ ᠠᠴᠠ ᠲᠡᠭᠡᠭᠰᠢᠬᠢ ᠰᠤᠷᠤᠯᠴᠠᠬᠤ ᠠᠷᠭ᠎ᠠ ᠶᠢ ᠠᠰᠢᠭᠯᠠᠮᠵᠢ ᠦᠨᠳᠦᠷ ᠰᠤᠷᠤᠯᠴᠠᠬᠤ ᠠᠷᠭ᠎ᠠ ᠭᠡᠵᠡᠢ᠃ ᠬᠢᠴᠢᠶᠡᠯ ᠤᠨ ᠦᠭᠡᠷᠡᠴᠢᠯᠡᠯᠲᠡ ᠲᠤᠮᠳᠠᠬᠢ ᠨᠠᠯᠢᠶᠠᠳ ᠤᠯᠠᠨ ᠰᠢᠨ᠎ᠡ ᠵᠢᠭᠠᠨ ᠰᠤᠷᠭᠠᠯᠲᠠ ᠶᠢᠨ ᠠᠷᠭ᠎ᠠ ᠨᠢ ᠪᠦᠷ ︽ᠰᠣᠷᠣᠯᠴᠠᠯᠭ᠎ᠠ ᠶᠢᠨ ᠫᠢᠷᠠᠮᠢᠳ᠋ ᠰᠤᠪᠤᠷᠭ᠎ᠠ ᠶᠢᠨ ᠤᠨᠤᠯ︾᠎ ᠢᠶᠠᠷ ᠦᠨᠳᠦᠰᠦᠯᠡᠯ ᠪᠤᠯᠭᠠᠭᠰᠠᠨ ᠶᠤᠮ᠃ ᠬᠡᠯᠡ ᠪᠢᠴᠢᠭ ᠤᠨ ᠪᠠᠭᠰᠢ ᠨᠠᠷ ᠪᠢᠳᠡ ᠰᠢᠨᠵᠢᠯᠡᠬᠦ ᠤᠬᠠᠭᠠᠨᠴᠢ ᠵᠢᠮ᠎ᠡ ᠶᠤᠰᠤ ᠪᠠ ᠦᠢᠯᠡᠳᠦᠯᠭᠡ ᠪᠠᠷ ᠪᠠᠲᠤᠯᠠᠭᠳᠠᠭᠰᠠᠨ ᠤᠨᠤᠯ ᠢ ᠰᠤᠷᠤᠭᠴᠢ ᠶᠢᠨ ᠪᠤᠳᠠᠳᠦ ᠪᠠᠶᠢᠳᠠᠯ ᠪᠠ ᠬᠢᠴᠢᠶᠡᠯ ᠲᠦᠷᠦᠯ ᠤᠨ ᠤᠨᠴᠠᠯᠢᠭ ᠲᠠᠢ ᠤᠶᠠᠯᠳᠤᠭᠤᠯᠤᠨ ᠰᠤᠳᠤᠯᠵᠦ ᠵᠢᠭᠠᠨ ᠰᠤᠷᠭᠠᠯᠲᠠ ᠲᠤᠮᠳᠠ ᠪᠠᠨ ᠠᠮᠢᠳᠤᠯᠢᠭ ᠠᠰᠢᠭᠯᠠᠵᠦ ᠴᠢᠳᠠᠪᠠᠯ ᠬᠡᠯᠡ ᠪᠢᠴᠢᠭ ᠤᠨ ᠵᠢᠭᠠᠨ ᠰᠤᠷᠭᠠᠯᠲᠠ ᠳᠤ ᠲᠤᠯᠭᠠᠷᠠᠵᠦ ᠪᠠᠶᠢᠭ᠎ᠠ ᠬᠦᠴᠢᠷᠳᠡᠯ ᠢᠶᠠᠨ ᠰᠢᠢᠳᠪᠦᠷᠢᠯᠡᠵᠦ ᠪᠤᠯᠬᠤ ᠶᠤᠮ᠃              ⑵ ᠵᠢᠭᠠᠬᠤ ᠮᠠᠲ᠋ᠧᠷᠢᠶᠠᠯ ᠢᠶᠠᠨ ᠰᠤᠳᠤᠯᠤᠨ᠎ᠠ᠃                ︽ᠪᠠᠭᠰᠢ ᠶᠢᠨ ᠵᠢᠩᠬᠢᠨᠢ ᠪᠤᠯᠪᠠᠰᠤᠷᠠᠯ ᠪᠤᠯ ᠵᠢᠭᠠᠬᠤ ᠮᠠᠲ᠋ᠧᠷᠢᠶᠠᠯ ᠢ ᠰᠤᠷᠴᠦ ᠰᠤᠳᠤᠯᠬᠤ ᠲᠤᠮᠳᠠ ᠠᠵᠢᠯ ᠤᠨ ᠠᠷᠭ᠎ᠠ ᠬᠡᠯᠪᠡᠷᠢ ᠶᠢ ᠬᠠᠶᠢᠨ ᠤᠯᠵᠦ᠂ ᠲᠡᠭᠦᠨ ᠢ ᠠᠰᠢᠭᠯᠠᠨ ᠬᠡᠤᠬᠡᠳ ᠤᠨ ᠰᠡᠳᠬᠢᠬᠦᠢ ᠬᠡᠷᠬᠢᠨ ᠬᠦᠭᠵᠢᠨ ᠪᠤᠯᠪᠠᠰᠤᠷᠠᠬᠤ ᠶᠢ ᠠᠵᠢᠭᠯᠠᠨ ᠠᠩᠵᠠᠭᠠᠷᠠᠵᠦ ᠴᠢᠳᠠᠬᠤ ᠳᠤ ᠪᠠᠶᠢᠳᠠᠭ︾᠃ ᠵᠢᠭᠠᠨ ᠰᠤᠷᠭᠠᠯᠲᠠ ᠳᠤ ᠰᠤᠷᠤᠭᠴᠢᠳ ᠤᠨ ᠮᠡᠳᠡᠯᠭᠡ ᠴᠢᠳᠠᠪᠤᠷᠢ ᠰᠤᠷᠴᠦ ᠡᠵᠡᠮᠰᠢᠬᠦ ᠳᠤ ᠲᠤᠬᠢᠷᠠᠭᠰᠠᠨ ᠵᠢᠭᠠᠬᠤ ᠮᠠᠲ᠋ᠧᠷᠢᠶᠠᠯ ᠨᠢ ᠮᠠᠰᠢ ᠴᠢᠬᠤᠯᠠ ᠪᠤᠯᠪᠠᠴᠦ ᠵᠢᠭᠠᠬᠤ ᠮᠠᠲ᠋ᠧᠷᠢᠶᠠᠯ ᠢ ᠶᠠᠭᠠᠬᠢᠵᠦ ᠠᠰᠢᠭᠯᠠᠬᠤ ᠨᠢ ᠪᠠᠭᠰᠢ ᠶᠢᠨ ᠡᠷᠳᠡᠮ ᠶᠤᠮ᠃ ᠬᠡᠯᠡ ᠪᠢᠴᠢᠭ ᠤᠨ ᠵᠢᠭᠠᠨ ᠰᠤᠷᠭᠠᠯᠲᠠ ᠨᠢ ︽ᠲᠤᠭᠲᠠᠭᠰᠠᠨ ᠵᠤᠬᠢᠶᠠᠯ ᠢ ᠲᠤᠶᠠᠴᠢᠨ ᠵᠠᠳᠠᠯᠳᠠᠭ ᠠᠴᠠ ᠪᠠᠨ ᠶᠡᠭᠡ ᠬᠡᠮᠵᠢᠶᠠᠨ ᠤ ᠲᠤᠭᠲᠠᠭᠤᠨ ᠪᠤᠰᠦ ᠬᠡᠯᠡᠨ ᠤ ᠰᠤᠷᠭᠠᠨ ᠬᠦᠮᠦᠵᠢᠯ ᠵᠦᠭ ᠰᠢᠯᠵᠢᠭᠰᠡᠨ ᠁ ᠵᠤᠬᠢᠶᠠᠯ ᠤᠨ ᠪᠤᠰᠤᠳᠴᠢ ᠴᠤᠭᠴᠠ ᠶᠢ ᠤᠡᠭᠰᠢᠭᠤᠯᠬᠤ ᠶᠢ ᠵᠢᠭᠠᠬᠤ ᠠᠴᠠ ᠰᠤᠷᠤᠭᠴᠢ ᠶᠢᠨ ᠭᠤᠤᠯ ᠴᠤᠭᠴᠠ ᠶᠢᠨ ᠰᠡᠳᠬᠢᠴᠡ ᠶᠢᠨ ᠬᠦᠭᠵᠢᠯᠲᠡ ᠶᠢ ᠴᠤᠭᠴᠠᠯᠠᠬᠤ ᠶᠢ ᠠᠩᠬᠠᠷᠬᠤ ᠪᠤᠯᠵᠦ ᠁ ᠡᠳᠡᠭᠡᠷ ᠵᠦᠢᠯ ᠨᠢ ᠪᠦᠷ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠤᠨᠤᠯ ᠪᠠ ᠦᠵᠡᠯᠲᠡ ᠶᠢᠨ ᠬᠦᠭᠵᠢᠯᠲᠡ ᠬᠢᠭᠡᠳ ᠰᠢᠨᠡᠴᠢᠯᠡᠯᠲᠡ ᠶᠢ ᠡᠷᠬᠡᠪᠰᠢ ᠪᠠᠭᠰᠢ ᠨᠠᠷ ᠤᠨ ᠵᠢᠭᠠᠬᠤ ᠮᠠᠲ᠋ᠧᠷᠢᠶᠡᠯ ᠢ ᠰᠤᠳᠤᠯᠬᠤ᠂ ᠵᠢᠭᠠᠬᠤ ᠮᠠᠲ᠋ᠧᠷᠢᠶᠠᠯ ᠤᠨ ᠦᠷ᠎ᠡ ᠳ᠋ᠦᠡᠭ ᠢ ᠤᠶᠢᠯᠠᠭᠠᠬᠤ᠂ ᠵᠢᠭᠠᠬᠤ ᠮᠠᠲ᠋ᠧᠷᠢᠶᠠᠯ ᠢ ᠰᠢᠢᠳᠪᠦᠷᠢᠯᠡᠬᠦ ᠪᠠ ᠬᠡᠷᠡᠭᠯᠡᠬᠦ ᠠᠷᠭ᠎ᠠ ᠲᠡᠭᠡᠷ᠎ᠡ ᠪᠠᠶᠠᠯᠡᠬᠦ ᠶᠢ ᠱᠠᠭᠠᠷᠳᠠᠭᠰᠠᠨ ᠪᠠᠶᠢᠨ᠎ᠠ︾᠃ ᠡᠨᠡᠬᠦ ᠱᠠᠭᠠᠷᠳᠠᠯᠭ᠎ᠠ ᠲᠤᠤᠷ᠎ᠠ ᠪᠠᠭᠰᠢ ᠨᠠᠷ ᠵᠢᠭᠠᠬᠤ ᠮᠠᠲ᠋ᠧᠷᠢᠶᠡᠯ ᠢᠶᠠᠨ ᠬᠦᠨᠵᠡᠭᠡᠢ ᠰᠤᠳᠤᠯᠪᠠᠯ ᠰᠠᠶ᠋ᠢ ᠲᠡᠭᠦᠨ ᠤ ᠲᠤᠲᠤᠭᠠᠳᠦ ᠪᠦᠲᠦᠴᠡ᠂ ᠮᠡᠳᠡᠯᠭᠡ ᠶᠢᠨ ᠰᠢᠰᠲ᠋ᠧᠮ ᠢ ᠤᠶᠢᠯᠠᠭᠠᠨ ᠵᠢᠭᠠᠬᠤ ᠮᠠᠲ᠋ᠧᠷᠢᠶᠠᠯ ᠢ ᠠᠮᠢᠳᠤᠯᠢᠭ ᠪᠦᠭᠡᠳ ᠪᠦᠲᠦᠮᠵᠢᠲᠡᠢ ᠠᠰᠢᠭᠯᠠᠵᠦ ᠴᠢᠳᠠᠨ᠎ᠠ᠃ ᠮᠠᠨᠳᠣᠯ᠎ᠠ ᠪᠠᠭᠰᠢ  ︽ᠲᠤᠮᠳᠠᠳᠦ ᠰᠤᠷᠭᠠᠭᠤᠯᠢ ᠶᠢᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠰᠤᠳᠤᠯᠤᠯ︾ ᠬᠡᠬᠦ ᠨᠤᠮ ᠳᠤ ᠪᠠᠨ ᠵᠢᠭᠠᠬᠤ ᠮᠠᠲ᠋ᠧᠷᠢᠶᠠᠯ ᠤᠨ ᠰᠤᠳᠤᠯᠤᠯ ᠢ ︽ᠬᠡᠯᠡ ᠪᠢᠴᠢᠭ ᠤᠨ ᠬᠢᠴᠢᠶᠡᠯ ᠤᠨ ᠪᠠᠷᠢᠮᠵᠢᠶ᠎ᠠ ᠶᠢᠨ ᠰᠤᠳᠤᠯᠤᠯ᠂ ᠰᠤᠷᠬᠤ ᠪᠢᠴᠢᠭ ᠤᠨ ᠰᠤᠳᠤᠯᠤᠯ᠂ ᠤᠡᠭᠰᠢᠬᠤ ᠪᠢᠴᠢᠭ ᠤᠨ ᠰᠤᠳᠤᠯᠤᠯ᠂ ᠯᠠᠪᠯᠠᠬᠤ ᠪᠢᠴᠢᠭ ᠤᠨ ᠰᠤᠳᠤᠯᠤᠯ᠂ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠲᠤᠬᠠᠢ ᠰᠤᠳᠤᠯᠤᠯ ᠵᠡᠷᠭᠡ ᠬᠡᠳᠦᠨ ᠲᠠᠯ᠎ᠠ ᠶᠢ ᠪᠠᠭᠲᠠᠭᠠᠨ᠎ᠠ︾ ᠭᠡᠵᠡᠢ᠃ ᠤᠳᠤᠬᠠᠨ ᠳᠤ ᠵᠢᠭᠠᠬᠤ ᠮᠠᠲ᠋ᠧᠷᠢᠶᠠᠯ ᠢ ᠣᠨᠣᠯ ᠤᠨ ᠲᠠᠯ᠎ᠠ ᠠᠴᠠ ᠢᠯᠡᠭᠦᠤ ᠰᠤᠳᠤᠯᠵᠦ ᠪᠠᠶᠢᠨ᠎ᠠ᠃ ᠣᠳᠣ ᠎ ᠶᠢᠨ ᠲᠤᠮᠳᠠᠳᠦ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠳᠤ ᠵᠢᠭᠠᠬᠤ ᠮᠠᠲ᠋ᠧᠷᠢᠶᠠᠯ ᠎ ᠤᠨ ᠲᠠᠯ᠎ᠠ ᠶᠢᠨ ᠰᠤᠳᠤᠯᠤᠯ ᠤᠨᠴᠠᠭᠠᠶᠢᠯᠠᠨ ᠵᠢᠭᠠᠬᠤ ᠮᠠᠲ᠋ᠧᠷᠢᠶᠠᠯ ᠢ ᠲᠤᠮᠳᠠᠳᠦ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠢᠯᠡᠳᠦᠯᠭᠡ ᠲᠠᠢ ᠤᠶᠠᠯᠳᠤᠭᠤᠯᠤᠨ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠭᠦᠯᠦᠭᠰᠡᠨ ᠰᠤᠳᠤᠯᠭᠠᠨ ᠶᠡᠬᠡᠪᠡᠷ ᠲᠤᠲᠠᠭᠳᠠᠵᠦ ᠪᠠᠶᠢᠨ᠎ᠠ᠃                ᠶᠠᠭᠤᠨ ᠤ ᠤᠷᠢᠳ ᠬᠡᠯᠡ ᠪᠢᠴᠢᠭ ᠤᠨ ᠬᠢᠷᠢ ᠬᠡᠮᠵᠢᠶ᠎ᠡ ᠠᠳᠠᠯᠢ ᠪᠤᠰᠤ ᠰᠤᠷᠤᠭᠴᠢ ᠳᠤ ᠵᠤᠷᠢᠭᠤᠯᠤᠭᠰᠠᠨ ᠱᠠᠲᠤᠯᠠᠨ ᠦᠭᠰᠦᠭᠰᠡᠨ ᠤᠡᠭᠰᠢᠯᠭ᠎ᠠ ᠶᠢᠨ ᠵᠢᠭᠠᠬᠤ ᠮᠠᠲ᠋ᠧᠷᠢᠶᠠᠯ ᠲᠤᠳᠠᠭᠳᠠᠵᠦ ᠪᠠᠶᠢᠨ᠎ᠠ᠃ ᠬᠡᠯᠡ ᠪᠢᠴᠢᠭ ᠤᠨ ᠵᠢᠭᠠᠨ ᠰᠤᠷᠭᠠᠯᠲᠠ ᠳᠤ ᠤᠡᠭᠰᠢᠯᠭ᠎ᠠ ᠪᠤᠯ ᠤᠮᠳᠤᠭᠠᠶᠢᠯᠠᠵᠦ ᠪᠤᠯᠤᠰᠢ ᠦᠭᠡᠢ ᠵᠠᠩᠭᠢᠯᠠᠭ᠎ᠠ ᠮᠦᠨ᠃ ᠣᠳᠣ ᠶᠢᠨ ᠪᠠᠶᠢᠳᠠᠯ ᠎ ᠠᠴᠠ ᠦᠵᠡᠪᠡᠯ ᠰᠤᠷᠤᠭᠴᠢᠳ ᠮᠤᠩᠭᠤᠯ ᠨᠤᠮ ᠤᠡᠭᠰᠢᠬᠤ ᠪᠠᠬ᠎ᠠ ᠦᠭᠡᠢ᠂ ᠤᠡᠭᠰᠢᠬᠤ ᠲᠤᠷᠠᠲᠠᠢ ᠴᠦ ᠡᠯ᠎ᠡ ᠲᠦᠷᠦᠯ ᠤᠨ ᠬᠢᠴᠢᠶᠡᠯ ᠤᠨ ᠲᠠᠷᠤᠭᠠᠰᠦ ᠬᠦᠨᠳᠦ᠂ ᠨᠤᠮ ᠤᠡᠭᠰᠢᠬᠤ ᠴᠠᠭ ᠮᠠᠰᠢ ᠬᠢᠵᠠᠭᠠᠷ ᠲᠠᠢ ᠪᠠᠶᠢᠨ᠎ᠠ᠃ ᠡᠶᠢᠮᠦ ᠪᠠᠶᠢᠳᠠᠯ ᠲᠤᠤᠷ᠎ᠠ ᠰᠤᠷᠤᠭᠴᠢᠳ ᠤᠨ ᠮᠤᠩᠭᠤᠯ ᠨᠤᠮ ᠤᠡᠭᠰᠢᠬᠤ ᠤᠷᠮ᠎ᠠ ᠪᠠᠬ᠎ᠠ ᠶᠢ ᠨᠢ ᠬᠦᠭᠵᠢᠭᠡᠨ ᠬᠤᠷᠠᠮᠳᠤᠭᠤᠯᠤᠯ ᠬᠢᠯᠭᠡᠬᠦ ᠲᠠᠳᠬᠠᠯ ᠲᠠᠢ ᠪᠤᠯᠭᠠᠨ᠎ᠠ ᠭᠡᠭᠴᠢ ᠬᠡᠯᠡ ᠪᠢᠴᠢᠭ ᠤᠨ ᠪᠠᠭᠰᠢ ᠨᠠᠷ ᠤᠨ ᠰᠢᠷᠪᠦᠰᠦ ᠶᠢ ᠰᠤᠩᠭᠠᠨ ᠰᠢᠨᠳᠠᠰᠦ ᠶᠢ ᠰᠢᠯᠭᠠᠬᠤ ᠠᠵᠢᠯ ᠪᠤᠯᠵᠠᠢ᠃ ᠬᠡᠯᠡ ᠪᠢᠴᠢᠭ ᠤᠨ ᠤᠡᠭᠰᠢᠯᠭ᠎ᠠ ᠶᠢᠨ ᠵᠢᠭᠠᠬᠤ ᠮᠠᠲ᠋ᠧᠷᠢᠶᠡᠯ ᠢ ᠬᠡᠷᠬᠢᠨ ᠪᠦᠲᠦᠮᠵᠢᠲᠡᠢ ᠠᠰᠢᠭᠯᠠᠬᠤ᠂ ᠶᠠᠮᠠᠷ ᠠᠷᠭ᠎ᠠ ᠪᠠᠷ ᠰᠤᠷᠤᠭᠴᠢᠳ ᠤᠨ ᠤᠡᠭᠰᠢᠯᠭ᠎ᠠ ᠶᠢ ᠦᠷᠭᠡᠳᠬᠡᠬᠦ᠂ ᠤᠡᠭᠰᠢᠨ ᠤᠶᠢᠯᠠᠭᠠᠬᠤ ᠴᠢᠳᠠᠪᠤᠷᠢ ᠶᠢ ᠬᠡᠷᠬᠢᠨ ᠲᠡᠭᠡᠭᠰᠢᠯᠡᠭᠦᠯᠬᠦ ᠵᠡᠷᠭᠡ ᠨᠢ ᠪᠦᠷ ᠬᠡᠯᠡ ᠪᠢᠴᠢᠭ ᠤᠨ ᠪᠠᠭᠰᠢ ᠨᠠᠷ ᠤᠨ ᠰᠤᠳᠤᠯᠤᠭᠤᠰᠢᠲᠠᠢ ᠰᠡᠳᠦᠪ ᠮᠦᠨ᠃ ᠶᠠᠮᠠᠷ ᠨᠢᠭᠡᠨ ᠰᠢᠨᠵᠢᠯᠡᠭᠡᠨ ᠤ ᠬᠦᠭᠵᠢᠨ ᠲᠠᠪᠰᠢᠭᠰᠠᠨ ᠬᠡᠮᠵᠢᠶ᠎ᠡ ᠨᠢ ᠲᠤᠬᠠᠢ ᠶᠢᠨ ᠰᠢᠨᠵᠢᠯᠡᠭᠡᠨ ᠤ ᠲᠤᠭᠠᠴᠠᠯᠠᠭᠰᠠᠨ ᠬᠡᠮᠵᠢᠶ᠎ᠡ᠂ ᠲᠤᠬᠠᠶᠢᠯᠠᠪᠠᠯ ᠬᠤᠯᠪᠤᠭᠳᠠᠬᠤ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨᠴᠢ ᠴᠢᠨᠠᠷ ᠢᠶᠠᠷ ᠲᠤᠭᠲᠠᠭᠠᠭᠳᠠᠳᠠᠭ᠃ ᠬᠢᠲᠠᠳ ᠬᠡᠯᠡ᠂ ᠠᠩᠭ᠍ᠯᠢ ᠬᠡᠯᠡ᠂ ᠶᠠᠫᠤᠨ ᠬᠡᠯᠡ ᠮᠡᠳᠦ ᠶᠢᠨ ᠬᠡᠯᠡᠨ ᠳᠤ ᠰᠤᠷᠤᠭᠴᠢ ᠬᠡᠳᠦᠢ ᠦᠭᠡ ᠶᠢ ᠰᠤᠷᠴᠦ ᠡᠵᠡᠮᠰᠢᠪᠡᠯ ᠣᠡᠭᠰᠢᠵᠦ ᠤᠶᠢᠯᠠᠭᠠᠬᠤ ᠴᠢᠳᠠᠪᠤᠷᠢ ᠲᠠᠢ ᠪᠤᠯᠵᠦ ᠴᠢᠳᠠᠬᠤ ᠲᠤᠬᠠᠢ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠪᠤᠢ᠃ 1986 ᠤᠨ ᠳᠤ ᠠᠩᠭ᠍ᠯᠢ ᠶᠢᠨ ᠭᠤᠷᠪᠠᠨ ᠶᠡᠭᠡ ᠰᠤᠨᠢᠨ ᠤ ᠨᠢᠭᠡ ᠪᠤᠯᠬᠤ ︽ᠬᠠᠮᠠᠭᠠᠯᠠᠭᠴᠢ︾ ᠰᠤᠨᠢᠨ ᠳᠤ ᠨᠡᠶᠢᠲᠡᠯᠡᠭᠰᠡᠨ ᠰᠤᠳᠤᠯᠭᠠᠨ ᠤ ᠪᠦᠷᠢᠳᠬᠡᠯ ᠢ ᠦᠨᠳᠦᠰᠦᠯᠡᠪᠡᠯ ᠠᠩᠭ᠍ᠯᠢ ᠬᠦᠮᠦᠨ ᠬᠤᠶᠠᠷ ᠨᠠᠰᠦᠨ ᠤ ᠦᠶ᠎ᠡ ᠳᠤ ᠪᠠᠨ 300 ᠲᠠᠩ ᠦᠭᠡ᠂ ᠲᠠᠪᠤᠨ ᠨᠠᠰᠤᠨ ᠤ ᠦᠶ᠎ᠡ ᠳᠤ 5000 ᠲᠠᠩ ᠦᠭᠡ᠂ ᠠᠷᠪᠠᠨ ᠬᠤᠶᠠᠷ ᠨᠠᠰᠤᠨ ᠤ ᠦᠶ᠎ᠡ ᠳᠤ 12000 ᠲᠠᠩ ᠦᠭᠡᠨ ᠤ ᠦᠭᠡᠰ ᠤᠨ ᠰᠠᠩ ᠲᠠᠢ ᠪᠤᠯᠳᠠᠭ᠃ 12000 ᠠᠩᠭ᠍ᠯᠢ ᠦᠭᠡ ᠨᠢ ᠶᠠᠷᠦ ᠶᠢᠨ ᠰᠤᠨᠢᠨ ᠤ ᠡᠳᠦᠷ ᠲᠤᠳᠤᠮ ᠤᠨ ᠬᠡᠷᠡᠭᠯᠡᠳᠡᠭ ᠦᠭᠡᠰ ᠲᠠᠢ ᠲᠡᠩᠴᠡᠨ᠎ᠡ᠃ ᠠᠩᠭ᠍ᠯᠢ ᠶᠢᠨ ᠶᠡᠭᠡ ᠰᠤᠷᠭᠠᠭᠤᠯᠢ ᠲᠡᠭᠦᠰᠦᠭᠰᠡᠨ ᠤᠶᠤᠲᠠᠳ ᠤᠨ ᠦᠭᠡᠰ ᠤᠨ ᠰᠠᠩ ᠨᠢ ᠪᠠᠷᠤᠭ 23000 ᠪᠠᠶᠢᠳᠠᠭ᠃ ᠠᠩᠭ᠍ᠯᠢ ᠬᠡᠯᠡ ᠰᠤᠷᠬᠤ ᠳᠤ ᠡᠳᠦᠷ ᠲᠤᠲᠤᠮ ᠤᠨ ᠠᠮᠢᠳᠤᠷᠠᠯ ᠳᠤ 2000-3000 ᠦᠭᠡᠨ ᠤ ᠦᠭᠡᠰ ᠤᠨ ᠰᠠᠩ ᠲᠠᠢ ᠪᠤᠯ ᠵᠠᠷᠤᠵᠦ ᠭᠦᠢᠴᠡᠳᠡᠭ᠂ 8000-9000 ᠦᠭᠡ ᠡᠵᠡᠮᠰᠢᠵᠦ ᠴᠢᠳᠠᠪᠠᠯ ᠤᠡᠭᠰᠢᠵᠦ ᠤᠶᠢᠯᠠᠭᠠᠬᠤ ᠴᠢᠳᠠᠪᠤᠷᠢ ᠲᠠᠢ ᠪᠤᠯᠵᠦ ᠴᠢᠳᠠᠨ᠎ᠠ᠃ 4000-4500 ᠦᠭᠡ ᠡᠵᠡᠮᠰᠢᠪᠡᠯ ᠲᠦᠷᠪᠡᠳᠦᠭᠡᠷ ᠲᠡᠰ ᠤᠨ ᠰᠢᠯᠭᠠᠯᠲᠠ ᠶᠢ ᠲᠠᠪᠠᠵᠦ᠂ 6000 ᠦᠭᠡ ᠡᠵᠡᠮᠰᠢᠪᠡᠯ ᠵᠢᠷᠭᠤᠳᠤᠭᠠᠷ ᠲᠡᠰ ᠤᠨ ᠰᠢᠯᠭᠠᠯᠲᠠ ᠶᠢ ᠲᠠᠪᠠᠵᠦ᠂ 8000-12000 ᠦᠭᠡ ᠡᠵᠡᠮᠰᠢᠴᠢᠬᠡᠪᠡᠯ ᠲᠤᠰᠬᠠᠢ ᠮᠡᠷᠭᠡᠵᠢᠯ ᠤᠨ ᠲᠦᠷᠪᠡᠳᠦᠭᠡᠷ ᠲᠡᠰ ᠪᠠ ᠲᠤᠰᠬᠠᠢ ᠮᠡᠷᠭᠡᠵᠢᠯ ᠤᠨ ᠨᠠᠢᠮᠠᠳᠤᠭᠠᠷ ᠲᠡᠰ ᠤᠨ ᠰᠢᠯᠭᠠᠯᠲᠠ ᠶᠢ ᠲᠠᠪᠠᠵᠦ ᠲᠡᠶᠢᠯᠦᠨ᠎ᠡ ᠭᠡᠵᠡᠢ᠃ ︽ᠤᠳᠤ ᠦᠶ᠎ᠡ ᠶᠢᠨ ᠬᠢᠲᠠᠳ ᠬᠡᠯᠡᠨ ᠤ ᠲᠤᠯᠢ︾᠎ ᠪᠠᠷ ᠪᠠᠷᠢᠮᠵᠢᠶᠠᠯᠠᠵᠦ ᠪᠤᠳᠤᠪᠠᠯ ᠬᠢᠲᠠᠳ ᠬᠡᠯᠡᠨ ᠤ ᠦᠭᠡᠰ ᠤᠨ ᠰᠠᠩ ᠨᠢ ᠪᠠᠷᠤᠭ 80000 ᠦᠭᠡ ᠲᠠᠢ᠂ 3500 ᠦᠭᠡ ᠡᠵᠡᠮᠰᠢᠴᠢᠬᠡᠪᠡᠯ ᠡᠳᠦᠷ ᠲᠤᠲᠤᠮ ᠤᠨ ᠠᠮᠢᠳᠤᠷᠠᠯ ᠳᠤ ᠵᠠᠷᠤᠵᠦ ᠭᠦᠢᠴᠡᠨ᠎ᠡ᠃ 3000 ᠦᠭᠡ ᠶᠢ ᠡᠵᠡᠮᠰᠢᠴᠢᠬᠡᠪᠡᠯ ᠤᠡᠭᠰᠢᠵᠦ ᠤᠶᠢᠯᠠᠭᠠᠬᠤ ᠴᠢᠳᠠᠪᠤᠷᠢ ᠲᠠᠢ ᠪᠤᠯᠵᠦ ᠴᠢᠳᠠᠨ᠎ᠠ᠃ ᠦᠭᠡᠰ ᠤᠨ ᠰᠠᠩ ᠤᠨ ᠬᠡᠮᠵᠢᠶ᠎ᠡ ᠠᠴᠠ ᠦᠵᠡᠪᠡᠯ ᠪᠠᠭ᠎ᠠ ᠰᠤᠷᠭᠠᠭᠤᠯᠢ ᠶᠢᠨ ᠰᠤᠷᠤᠭᠴᠢ 1000 ᠦᠭᠡ᠂ ᠠᠩᠬ᠎ᠠ ᠲᠤᠮᠳᠠᠳᠦ ᠶᠢᠨ ᠰᠤᠷᠤᠭᠴᠢ 2000 ᠦᠭᠡ᠂ ᠲᠡᠭᠡᠳᠦ ᠲᠤᠮᠳᠠᠳᠦ ᠶᠢᠨ ᠰᠤᠷᠤᠭᠴᠢ 3000 ᠦᠭᠡ ᠡᠵᠡᠮᠰᠢᠬᠦ ᠬᠡᠷᠡᠭᠲᠡᠢ ᠪᠠᠶᠢᠳᠠᠭ᠃ ᠬᠢᠲᠠᠳ ᠬᠡᠯᠡᠨ ᠤ ᠬᠢᠷᠢ ᠲᠦᠪᠰᠢᠨ ᠤ ᠡᠯ᠎ᠡ ᠲᠡᠰ ᠤᠨ ᠰᠢᠯᠭᠠᠯᠲᠠ ᠎ ᠶᠢ ᠲᠠᠪᠠᠭ᠋ᠤ ᠳᠤ 3500 ᠦᠭᠡᠨ ᠤ ᠦᠭᠡᠰ ᠤᠨ ᠰᠠᠩ ᠤᠨ ᠬᠤᠷᠠᠮᠳᠤᠭᠤᠯᠭ᠎ᠠ ᠲᠠᠢ ᠪᠠᠶᠢᠬᠤ ᠬᠡᠷᠡᠭᠲᠡᠢ᠃ ᠬᠢᠲᠠᠳ ᠬᠡᠯᠡᠨ ᠤ ᠪᠠᠭ᠎ᠠ ᠰᠤᠷᠭᠠᠭᠤᠯᠢ ᠠᠴᠠ ᠲᠡᠭᠡᠳᠦ ᠲᠤᠮᠳᠠᠳᠦ ᠬᠦᠷᠲᠡᠯᠡᠬᠢ ᠬᠢᠴᠢᠶᠡᠯ ᠤᠨ ᠪᠠᠷᠢᠮᠵᠢᠶ᠎ᠠ ᠲᠤᠳᠤᠷ᠎ᠠ ᠴᠦ ᠦᠭᠡ ᠡᠵᠡᠮᠰᠢᠯ ᠤᠨ ᠲᠠᠯ᠎ᠠ ᠪᠠᠷ ᠨᠠᠷᠢᠨ ᠲᠤᠳᠤᠷᠬᠠᠢ ᠲᠤᠭ᠎ᠠ ᠪᠠᠷᠢᠮᠲᠠ ᠲᠠᠢ᠃ ᠬᠠᠷᠢᠴᠠᠭᠤᠯᠪᠠᠯ ᠮᠠᠨ ᠤ ᠮᠤᠩᠭᠤᠯ ᠬᠡᠯᠡᠨ ᠳᠤ ᠡᠨᠡ ᠲᠠᠯ᠎ᠠ ᠶᠢᠨ ᠰᠤᠳᠤᠯᠭᠠᠨ ᠮᠠᠰᠢ ᠳᠤᠲᠠᠮᠠᠭ᠂ ᠦᠨᠡᠨ ᠪᠤᠳᠠᠳᠠᠢ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢ ᠬᠡᠳᠦᠢ ᠡᠷᠢᠪᠡᠴᠦ ᠡᠷᠢᠵᠦ ᠤᠯᠬᠤ ᠦᠭᠡᠢ ᠪᠠᠶᠢᠨ᠎ᠠ᠃ ᠬᠢᠴᠢᠶᠡᠯ ᠤᠨ ᠪᠠᠷᠢᠮᠵᠢᠶ᠎ᠠ ᠲᠤᠳᠤᠷᠠᠬᠢ ᠲᠤᠭ᠎ᠠ ᠪᠠᠷᠢᠮᠲᠠ ᠨᠢ ᠴᠦ ᠤᠯᠠᠩᠬᠢ ᠨᠢ ᠪᠠᠷᠤᠭᠴᠠᠭᠠᠯᠠᠭᠰᠠᠨ ᠲᠡᠳᠦᠢ᠃ ᠰᠣᠷᠣᠭᠴᠢᠳ ᠤᠨ ᠬᠡᠯᠡ ᠪᠢᠴᠢᠭ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠵᠦ ᠴᠢᠳᠠᠬᠤ᠂ ᠠᠳᠠᠯᠢ ᠪᠤᠰᠦ ᠤᠡᠭᠰᠢᠨ ᠤᠶᠢᠯᠠᠭᠠᠬᠤ ᠬᠢᠷᠢ ᠬᠡᠮᠵᠢᠶᠡᠨ ᠳᠤ ᠲᠤᠬᠢᠷᠠᠭᠰᠠᠨ ᠱᠠᠲᠤᠯᠠᠨ ᠦᠭᠰᠦᠭᠰᠡᠨ ᠤᠡᠭᠰᠢᠯᠭ᠎ᠠ ᠶᠢᠨ ᠮᠠᠲ᠋ᠧᠷᠢᠶᠠᠯ ᠨᠠᠶᠢᠷᠠᠭᠤᠯᠬᠤ ᠳᠤ ᠦᠨᠳᠦᠰᠦᠯᠡᠯ ᠪᠤᠯᠭᠠᠬᠤ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢ ᠤᠯᠤᠶ᠎ᠠ ᠭᠡᠪᠡᠯ ᠤᠡᠭᠰᠢᠬᠤ ᠪᠢᠴᠢᠭ ᠪᠠ ᠣᠡᠭᠰᠢᠯᠭ᠎ᠠ ᠶᠢᠨ ᠵᠢᠭᠠᠬᠤ ᠮᠠᠲ᠋ᠧᠷᠢᠶᠡᠯ ᠤᠨ ᠲᠠᠯ᠎ᠠ ᠪᠠᠷ ᠰᠤᠷᠤᠭᠴᠢ ᠶᠢᠨ ᠪᠤᠳᠠᠳᠦ ᠪᠠᠶᠢᠳᠠᠯ ᠲᠠᠢ ᠤᠶᠠᠯᠳᠤᠭᠤᠯᠤᠨ ᠭᠦᠨᠵᠡᠭᠡᠢ ᠰᠤᠳᠤᠯᠬᠤ ᠴᠢᠬᠤᠯᠠᠲᠠᠢ᠃                ᠲᠤᠮᠳᠠᠳᠦ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠳᠤ ᠵᠤᠷᠢᠭᠤᠯᠤᠭᠰᠠᠨ ᠰᠢᠰᠲ᠋ᠧᠮ ᠲᠠᠢ ᠬᠡᠯᠡᠨ ᠵᠦᠢ ᠶᠢᠨ ᠰᠤᠷᠬᠤ ᠪᠢᠴᠢᠭ ᠲᠤᠳᠠᠭᠳᠠᠵᠦ ᠪᠠᠶᠢᠨ᠎ᠠ᠃ ᠲᠤᠮᠳᠠᠳᠦ ᠪᠠᠭ᠎ᠠ ᠰᠣᠷᠭᠠᠭᠤᠯᠢ ᠶᠢᠨ ᠬᠡᠯᠡ ᠪᠢᠴᠢᠭ ᠤᠨ ᠪᠠᠭᠰᠢ ᠨᠠᠷ ᠪᠤᠯ ᠬᠡᠤᠬᠡᠳ ᠲᠤ ᠡᠬᠡ ᠬᠡᠯᠡ ᠪᠠᠨ ᠡᠵᠡᠮᠰᠢᠭᠦᠯᠬᠦ ᠲᠠᠷᠬᠠᠠ ᠡᠭᠦᠷᠬᠡ ᠲᠠᠢ ᠬᠦᠮᠦᠰ ᠶᠤᠮ᠃ ᠲᠤᠮᠳᠠᠳᠦ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠨᠡᠷ ᠬᠡᠷᠪᠡ ᠬᠡᠤᠬᠡᠳ ᠤᠨ ᠬᠡᠯᠡ ᠪᠢᠴᠢᠭ ᠤᠨ ᠰᠠᠭᠤᠷᠢ ᠶᠢ ᠰᠠᠶᠢᠨ ᠲᠠᠯᠪᠢᠶ᠎ᠠ ᠭᠡᠪᠡᠯ ᠬᠡᠯᠡᠨ ᠵᠦᠢ ᠰᠢᠰᠲ᠋ᠧᠮ ᠲᠠᠢ ᠵᠢᠭᠠᠬᠤ ᠦᠭᠡᠢ ᠪᠠᠶᠢᠵᠦ ᠪᠤᠯᠬᠤ ᠦᠭᠡᠢ᠃ ᠲᠡᠳᠡᠭᠡᠷ ︽ᠲᠦᠷᠢᠮᠵᠢᠭᠦᠯᠦᠭᠰᠡᠡ ᠦᠰᠦᠭ︾᠎ ᠤᠨ ᠲᠣᠬᠠᠢ ᠰᠣᠷᠤᠬᠴᠢᠳ ᠲᠤ ᠪᠠᠨ ᠵᠦᠪ ᠪᠢᠴᠢᠯᠭᠡ ᠶᠢᠨ ᠲᠦᠷᠢᠮ᠂ ᠦᠭᠡ ᠪᠦᠳᠦᠭᠡᠭᠦ ᠶᠣᠰᠦ ᠪᠠᠷ ᠣᠶᠢᠯᠠᠭᠠᠭᠤᠯᠵᠦ ᠲᠠᠶᠢᠯᠪᠣᠷᠢᠯᠠᠬᠤ ᠴᠢᠬᠤᠯᠠ ᠲᠠᠢ᠃ ᠤᠳᠤ ᠠᠩᠬ᠎ᠠ ᠲᠤᠮᠳᠠᠳᠦ ᠪᠠ ᠪᠠᠭ᠎ᠠ ᠰᠤᠷᠭᠠᠭᠤᠯᠢ ᠶᠢᠨ ᠬᠡᠯᠡᠨ ᠵᠦᠢ ᠶᠢᠨ ᠠᠭᠤᠯᠭ᠎ᠠ ᠶᠢ ᠪᠦᠷ ᠬᠢᠴᠢᠶᠡᠯ ᠤᠨ ᠠᠭᠤᠯᠭ᠎ᠠ ᠲᠤᠮᠳᠠ ᠵᠢᠬᠢᠷᠢᠭᠯᠡᠨ ᠣᠷᠣᠭᠤᠯᠵᠦ ᠵᠢᠭᠠᠵᠦ ᠪᠠᠶᠢᠨ᠎ᠠ᠂ ᠲᠡᠭᠡᠳᠦ ᠲᠤᠮᠳᠠᠳᠦ ᠳᠤ ︽ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ︾ ᠬᠡᠬᠦ ᠰᠤᠩᠭᠤᠨ ᠰᠤᠷᠬᠤ ᠨᠢᠭᠡ ᠲᠡᠪᠲᠡᠷ ᠢᠶᠠᠷ ᠵᠢᠭᠠᠵᠦ ᠪᠠᠶᠢᠨ᠎ᠠ᠃ ᠪᠠᠭ᠎ᠠ ᠰᠤᠷᠭᠠᠭᠤᠯᠢ ᠪᠠ ᠲᠤᠮᠳᠠᠳᠦ ᠰᠤᠷᠭᠠᠭᠤᠯᠢ ᠶᠢᠨ ᠬᠢᠴᠢᠶᠡᠯ ᠤᠨ ᠨᠤᠮ ᠳᠠᠬᠢ ᠬᠡᠯᠡᠨ ᠵᠦᠢ ᠶᠢᠨ ᠠᠭᠤᠯᠭ᠎ᠠ ᠶᠢ ᠬᠠᠮᠤᠷᠤᠭᠰᠠᠨ ᠨᠠᠷᠢᠨ ᠨᠢᠭᠲᠠ ᠰᠢᠰᠲ᠋ᠧᠮᠲᠦ ᠴᠢᠨᠠᠷ ᠲᠠᠢ᠂ ᠭᠦᠨᠵᠡᠭᠡᠶᠢᠷᠡᠭᠦᠯᠦᠨ ᠰᠤᠷᠤᠯᠴᠠᠬᠤ ᠪᠠ ᠵᠢᠭᠠᠬᠤ ᠳᠤ ᠵᠤᠷᠢᠭᠤᠯᠤᠭᠰᠠᠨ ᠬᠡᠯᠡᠨ ᠵᠦᠢ ᠶᠢᠨ ᠰᠤᠷᠬᠤ ᠪᠢᠴᠢᠭ ᠲᠤᠲᠠᠭᠳᠠᠵᠦ ᠪᠠᠶᠢᠨ᠎ᠠ᠃            ⑶ ᠪᠠᠭᠰᠢ ᠶᠢᠨ ᠬᠡᠯᠡ ᠪᠢᠴᠢᠭ ᠤᠨ ᠬᠡᠪ ᠪᠤᠯᠪᠠᠰᠤᠷᠠᠯ ᠢ ᠲᠡᠭᠡᠭᠰᠢᠯᠡᠭᠦᠯᠦᠨ᠎ᠡ᠃                2018 ᠤᠨ ᠤ 1 ᠰᠠᠷ᠎ᠠ ᠳᠤ ᠨᠠᠮ ᠤᠨ ᠲᠦᠪ ᠬᠤᠷᠢᠶ᠎ᠠ᠂ ᠣᠯᠣᠰ ᠤᠨ ᠶᠠᠪᠤᠳᠠᠯ ᠤᠨ ᠬᠤᠷᠢᠶᠠᠨ ᠠᠴᠠ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠠᠨᠠᠯ︾᠎ ᠢ ᠨᠡᠶᠢᠲᠡᠯᠡᠵᠦ᠂ ᠪᠠᠭᠰᠢ ᠪᠠᠷ ᠰᠤᠷᠭᠠᠨ ᠬᠦᠮᠦᠵᠢᠯ ᠢ ᠬᠦᠭᠵᠢᠭᠦᠯᠦᠨ ᠮᠠᠨᠳᠤᠭᠤᠯᠬᠤ ᠲᠦᠯᠦᠪᠯᠡᠭᠡ ᠲᠤᠭᠲᠠᠭᠠᠵᠠᠢ᠃ ᠣᠯᠣᠰ ᠤᠨ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠦᠯᠦᠪᠯᠡᠭᠡ ᠶᠢᠨ ᠱᠠᠭᠠᠷᠳᠠᠯᠭ᠎ᠠ ᠶᠤᠰᠤᠭᠠᠷ ᠪᠠᠭᠰᠢ ᠶᠢᠨ ᠲᠤᠬᠠᠶᠢᠯᠠᠭᠰᠠᠨ ᠠᠵᠢᠯ ᠤᠨ ᠬᠡᠪ ᠪᠤᠯᠪᠠᠰᠣᠷᠠᠯ ᠢ ᠲᠡᠭᠡᠭᠰᠢᠯᠡᠭᠦᠯᠬᠦ ᠶᠢᠨ ᠲᠦᠯᠦᠭᠡ ᠰᠤᠷᠭᠠᠨ ᠬᠦᠮᠦᠵᠢᠯ ᠤᠨ ᠲᠢᠩᠬᠢᠮ ᠠᠴᠠ ᠵᠢᠯ ᠪᠤᠯᠭᠠᠨ ᠪᠠᠭ᠎ᠠ ᠪᠤᠰᠦ ᠪᠡᠯᠡ ᠮᠦᠡᠭᠭᠦ ᠪᠠ ᠬᠦᠮᠦᠨ ᠤ ᠬᠦᠴᠦᠨ ᠢ ᠵᠠᠷᠤᠴᠠᠭᠤᠯᠤᠨ ᠠᠷᠭ᠎ᠠ ᠪᠦᠬᠦᠨ ᠢ ᠰᠦᠪᠡᠭᠴᠢᠯᠡᠨ ᠡᠯ᠎ᠡ ᠲᠡᠰ ᠤᠨ ᠪᠠᠭᠰᠢ ᠶᠢᠨ ᠪᠤᠯᠪᠠᠰᠤᠷᠠᠯ ᠢ ᠵᠤᠬᠢᠶᠠᠨ ᠪᠠᠶᠢᠭᠤᠯᠤᠨ ᠬᠢᠵᠦ ᠪᠠᠶᠢᠭ᠎ᠠ ᠶᠤᠮ᠃ ᠭᠡᠪᠡᠴᠦ ᠲᠤᠭᠲᠠᠭᠰᠠᠨ ᠴᠠᠭ ᠳᠠᠬᠢ ᠬᠡᠳᠦᠨ ᠡᠳᠦᠷ ᠤᠨ ᠪᠤᠯᠪᠠᠰᠤᠷᠠᠯ ᠳᠤ ᠲᠦᠰᠢᠭᠯᠡᠨ ᠪᠠᠭᠰᠢ  ᠨᠠᠷ ᠤᠨ ᠨᠡᠶᠢᠳᠡᠮ ᠤᠨ ᠬᠡᠪ ᠪᠤᠯᠪᠠᠰᠤᠷᠠᠯ ᠢ ᠴᠢᠩᠭᠠᠳᠬᠠᠬᠤ ᠳᠤ ᠬᠦᠴᠢᠷ ᠶᠤᠮ᠃ ᠪᠦᠬᠦ ᠤᠷᠤᠨ ᠤ ᠲᠤᠲᠤᠷ᠎ᠠ ᠲᠤᠮᠳᠠᠳᠦ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠰᠢᠯᠢᠳᠡᠭ ᠪᠠᠭᠰᠢ ᠤᠯᠠᠨ ᠪᠤᠢ᠃ ᠭᠡᠪᠡᠴᠦ ᠡᠯ᠎ᠡ ᠭᠠᠵᠠᠷ ᠤᠨ ᠬᠡᠯᠡ ᠪᠢᠴᠢᠭ ᠤᠨ ᠪᠠᠭᠰᠢ ᠶᠢᠨ ᠬᠢᠷᠢ ᠬᠡᠮᠵᠢᠶ᠎ᠡ ᠲᠡᠭᠰᠢ ᠪᠤᠰᠤ᠃ ᠡᠯ᠎ᠡ ᠭᠠᠵᠠᠷ ᠤᠨ ᠪᠠᠭᠰᠢ ᠡᠯᠰᠡᠬᠦ ᠪᠠᠷᠢᠮᠵᠢᠶ᠎ᠠ ᠠᠳᠠᠯᠢ ᠦᠭᠡᠢ ᠠᠴᠠ ᠪᠤᠯᠵᠦ ᠪᠠᠭᠰᠢ ᠶᠢᠨ ᠲᠤᠰᠬᠠᠢ ᠮᠡᠷᠭᠡᠵᠢᠯ ᠰᠤᠷᠤᠭ᠎ᠠ ᠦᠭᠡᠢ᠂ ᠴᠢᠨᠠᠭᠰᠢᠯᠠᠭᠠᠳ ᠬᠡᠯᠡ ᠪᠢᠴᠢᠭ ᠤᠨ ᠲᠤᠰᠬᠠᠢ ᠮᠡᠷᠭᠡᠵᠢᠯ ᠰᠤᠷᠤᠭᠰᠠᠨ ᠦᠭᠡᠢ ᠪᠠᠶᠢᠳᠠᠯ᠎ᠠ ᠬᠡᠯᠡ ᠪᠢᠴᠢᠭ ᠵᠢᠭᠠᠵᠦ ᠪᠠᠶᠢᠭ᠎ᠠ ᠪᠠᠭᠰᠢ ᠴᠦᠬᠡᠨ ᠪᠤᠰᠦ ᠪᠤᠢ᠃ ᠲᠤᠰᠬᠠᠢ ᠮᠡᠷᠭᠡᠵᠢᠯ ᠰᠤᠷᠤᠭᠰᠠᠨ ᠪᠤᠯᠪᠠᠴᠦ ᠬᠡᠯᠡᠨ ᠤ ᠪᠤᠯᠪᠠᠰᠤᠷᠠᠯ ᠠᠨᠠᠢ ᠬᠡᠯᠡ ᠪᠢᠴᠢᠭ ᠤᠨ ᠪᠠᠭᠰᠢ ᠴᠦ ᠨᠡᠯᠢᠶᠡᠳ ᠪᠤᠢ᠃ ᠣᠳᠣ ᠶᠢᠨ ᠬᠡᠯᠨ ᠪᠢᠴᠢᠭ ᠤᠨ ᠪᠠᠭᠰᠢ ᠳᠤ ᠰᠣᠷᠣᠯᠭ᠎ᠠ ᠶᠢᠨ ᠨᠠᠮᠳᠠᠷ ᠳᠣᠳᠠᠬᠤ ᠦᠬᠡᠢ᠂ ᠨᠦᠬᠦᠴᠡᠯ ᠳᠣᠳᠠᠬᠤ ᠦᠬᠡᠢ ᠬᠠᠷᠢᠨ ᠪᠣᠯᠪᠠᠰᠣᠷᠠᠯ ᠳᠣᠳᠠᠵᠣ ᠪᠠᠶᠢᠨ᠎ᠠ᠃ ᠡᠶᠢᠮᠦ ᠠᠴᠠ ᠪᠠᠭᠰᠢ ᠶᠢᠨ ᠪᠣᠯᠪᠠᠰᠣᠷᠠᠯ ᠬᠢᠬᠦ ᠳᠤ ᠪᠠᠨ ᠬᠠᠨᠳᠣᠯᠭ᠎ᠠ ᠲᠠᠢ᠂ ᠵᠣᠷᠢᠯᠭ᠎ᠠ ᠲᠠᠢ ᠪᠠᠶᠢᠬᠤ ᠨᠢ ᠴᠢᠬᠤᠯᠨ᠃ ᠬᠡᠯᠡ ᠪᠢᠴᠢᠭ ᠤᠨ ᠪᠠᠭᠰᠢ ᠶᠢᠨ ᠪᠤᠯᠪᠠᠰᠤᠷᠠᠯ ᠳᠤ ᠬᠡᠯᠡ ᠪᠢᠴᠢᠭ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠳᠠᠪᠤᠷᠢ ᠎ ᠶᠢ ᠪᠤᠯᠪᠠᠰᠤᠷᠠᠭᠤᠯᠬᠤ ᠶᠢ ᠴᠢᠬᠤᠯᠠᠴᠢᠯᠠᠬᠤ ᠪᠠᠷ ᠪᠠᠷᠠᠬᠤ ᠦᠭᠡᠢ ︽ᠭᠤᠷᠪᠠᠨ ᠣᠬᠠᠮᠰᠠᠷ᠂ ᠭᠤᠷᠪᠠᠨ ᠴᠢᠳᠠᠪᠣᠷᠢ᠂ ᠭᠤᠷᠪᠠᠨ ᠪᠣᠯᠪᠠᠰᠣᠷᠠᠯ︾ ᠬᠦᠢᠴᠡᠳ ᠪᠠᠶᠢᠬᠤ ᠶᠢ ᠪᠣᠯᠪᠠᠰᠣᠷᠠᠭᠤᠯᠵᠣ ᠳᠡᠬᠡᠭᠰᠢᠯᠡᠬᠦᠯᠬᠦ ᠬᠡᠷᠡᠭᠳᠡᠢ᠃                ᠭᠤᠷᠪᠠᠨ ᠣᠬᠠᠮᠰᠠᠷ᠄                ① ᠬᠡᠯᠡᠨ ᠤ ᠣᠬᠠᠮᠰᠠᠷ ᠲᠠᠢ ᠪᠠᠶᠢᠬᠤ ᠬᠡᠷᠡᠭᠳᠡᠢ᠂ ᠬᠡᠯᠡᠨ ᠤ ᠣᠬᠠᠮᠰᠠᠷ ᠪᠣᠯ ᠬᠡᠯᠡ ᠪᠠᠨ ᠬᠠᠶᠢᠷᠠᠯᠠᠬᠤ ᠪᠠ ᠬᠡᠷᠡᠭᠯᠡᠬᠦ ᠶᠠᠷᠦᠩᠬᠡᠶᠢᠯᠡᠭᠰᠡᠨ ᠣᠬᠠᠮᠰᠠᠷ ᠢ ᠵᠢᠭᠠᠵᠣ ᠪᠠᠶᠢᠨ᠎ᠠ᠃              ② ᠬᠡᠯᠨ ᠰᠣᠶᠣᠯ ᠤᠨ ᠣᠬᠠᠮᠰᠠᠷ ᠲᠠᠢ ᠪᠠᠶᠢᠬᠤ ᠬᠡᠷᠡᠭᠳᠡᠢ᠂ ᠬᠡᠯᠡ ᠪᠠ ᠰᠣᠶᠣᠯ ᠪᠣᠯ ᠰᠠᠯᠵᠣ ᠪᠣᠯᠣᠰᠢ ᠦᠬᠡᠢ ᠶᠣᠮ᠃ ︽ᠦᠪᠡᠷ ᠤᠨ ᠦᠨᠳᠦᠰᠦᠲᠡᠨ ᠤ ᠰᠤᠶᠤᠯ ᠢᠶᠠᠷ ᠰᠠᠭᠤᠷᠢᠯᠠᠭᠰᠠᠨ ᠰᠤᠷᠭᠠᠨ ᠬᠦᠮᠦᠵᠢᠯ ᠰᠠᠶ᠋ᠢ ᠲᠡᠷᠡ ᠦᠨᠳᠦᠰᠦᠲᠠᠨ ᠳᠤ ᠪᠠᠨ ᠲᠤᠬᠢᠷᠠᠳᠠᠭ︾ ᠭᠡᠳᠡᠭ᠃ ᠦᠨᠳᠦᠰᠦᠳᠡᠨ ᠤ ᠪᠠᠨ ᠵᠠᠩ ᠳᠠᠳᠬᠠᠯ᠂ ᠰᠣᠶᠣᠯ ᠤᠨ ᠳᠣᠬᠠᠢ ᠵᠦᠪ ᠣᠬᠠᠮᠰᠠᠷ ᠲᠠᠢ ᠪᠠᠶᠢᠮᠠᠨᠵᠢᠨ ᠰᠠᠶ᠋ᠢ ᠰᠠᠶᠢᠨ ᠪᠠᠭᠰᠢ ᠪᠣᠯᠵᠣ ᠴᠢᠳᠠᠳᠠᠭ᠃              ③ ᠦᠨᠳᠦᠰᠦᠳᠡᠨ ᠤ ᠭᠡᠭᠡᠷᠡᠯ ᠤᠨ ᠣᠬᠠᠮᠰᠠᠷ ᠲᠠᠢ ᠪᠠᠶᠢᠬᠤ ᠬᠡᠷᠡᠭᠳᠡᠢ᠂ ᠤᠯᠤᠰ ᠦᠨᠳᠦᠰᠦᠳᠡᠨ ᠢᠶᠠᠨ ᠬᠦᠴᠦᠷᠬᠡᠭᠵᠢᠭᠦᠯᠦᠶ᠎ᠡ ᠭᠡᠪᠡᠯ ᠰᠣᠶᠣᠯ ᠢᠶᠠᠨ ᠬᠦᠭᠵᠢᠬᠦᠯᠬᠦ ᠬᠡᠷᠡᠭᠳᠡᠢ᠂ ᠰᠣᠶᠣᠯ ᠢᠶᠠᠨ ᠬᠦᠭᠵᠢᠬᠦᠯᠦᠶ᠎ᠡ ᠭᠡᠪᠡᠯ ᠰᠣᠷᠭᠠᠨ ᠬᠦᠮᠦᠵᠢᠯ ᠳᠤ ᠳᠦᠰᠢᠬᠦ ᠬᠡᠷᠡᠭᠳᠡᠢ᠃ ᠰᠣᠷᠭᠠᠨ ᠬᠦᠮᠦᠵᠢᠯ ᠨᠢ ᠪᠠᠭᠰᠢ ᠪᠠᠷ ᠳᠠᠮᠵᠢᠨ ᠪᠠᠶᠠᠯᠡᠭᠳᠠᠳᠡᠭ᠃ ᠡᠶᠢᠮᠦ ᠠᠴᠠ ᠪᠠᠭᠰᠢ ᠪᠣᠯᠣᠭᠰᠠᠳ᠂ ᠨᠡᠩ ᠢᠯᠠᠩᠭᠤᠶ᠎ᠠ ᠬᠡᠯᠨ ᠪᠢᠴᠢᠭ ᠤᠨ ᠪᠠᠭᠰᠢ ᠪᠣᠯᠣᠭᠰᠠᠳ ᠤᠨ ᠡᠬᠦᠷᠬᠡ ᠬᠠᠷᠢᠭᠤᠴᠠᠯᠭ᠎ᠠ ᠬᠦᠨᠳᠦ ᠠᠴᠠ ᠬᠦᠨᠳᠦ ᠬᠡᠳᠡᠭ ᠢ ᠳᠠᠨᠢᠬᠤ ᠬᠡᠷᠡᠭᠳᠡᠢ᠃              ᠭᠤᠷᠪᠠᠨ ᠴᠢᠳᠠᠪᠣᠷᠢ᠄              ① ᠶᠠᠷᠢᠶ᠎ᠠ ᠢᠯᠡᠳᠭᠡᠯ ᠤᠨ ᠴᠢᠳᠠᠪᠣᠷᠢ — ᠶᠠᠷᠢᠵᠦ ᠢᠯᠡᠳᠭᠡᠬᠦ ᠬᠡᠯᠡᠨ ᠤ ᠴᠢᠳᠠᠮᠵᠢ ᠶᠢ ᠪᠦᠷᠢᠯᠳᠦᠬᠦᠯᠵᠦ᠂ ᠶᠠᠷᠢᠶ᠎ᠠ ᠳᠠᠶᠢᠯᠣᠮᠵᠢ ᠬᠢᠬᠦ᠂ ᠮᠠᠷᠭᠤᠬᠤ ᠵᠡᠷᠭᠡ ᠴᠢᠳᠠᠪᠣᠷᠢ ᠲᠠᠢ ᠪᠠᠶᠢᠬᠤ              ②ᠵᠣᠬᠢᠶᠠᠨ ᠪᠢᠴᠢᠯᠬᠡ ᠶᠢᠨ ᠴᠢᠳᠠᠪᠣᠷᠢ — ᠶᠡᠷᠦ ᠶᠢᠨ ᠬᠡᠷᠡᠭᠯᠡᠬᠡᠨ ᠤ ᠵᠣᠬᠢᠶᠠᠯ ᠢ ᠪᠢᠴᠢᠵᠦ ᠴᠢᠳᠠᠬᠤ ᠪᠠᠷ ᠪᠠᠷᠠᠬᠤ ᠦᠬᠡᠢ ᠣᠷᠠᠨ ᠵᠣᠬᠢᠶᠠᠯ ᠵᠠᠳᠠᠯᠵᠦ ᠰᠤᠨᠢᠷᠬᠠᠵᠦ ᠴᠢᠳᠠᠳᠠᠭ ᠪᠠᠶᠢᠬᠤ              ③ᠰᠤᠳᠤᠯᠭᠠᠨ ᠤ ᠴᠢᠳᠠᠪᠤᠷᠢ — ᠵᠢᠭᠠᠨ ᠰᠤᠷᠭᠠᠯᠲᠠ ᠶᠢᠨ ᠰᠤᠳᠤᠯᠭᠠᠨ ᠤ ᠲᠤᠬᠠᠢ ᠵᠦᠪ ᠲᠠᠨᠢᠯᠲᠠ ᠲᠠᠢ ᠪᠦᠭᠡᠳ ᠦᠢᠯᠡᠳᠦᠯᠭᠡ ᠲᠤᠮᠳᠠ ᠵᠢᠭᠠᠨ ᠰᠤᠷᠭᠠᠯᠲᠠ ᠪᠠᠨ ᠰᠤᠳᠤᠯᠵᠦ ᠲᠤᠯᠭᠠᠷᠠᠭᠰᠠᠨ ᠬᠦᠴᠢᠷᠳᠡᠯ ᠢᠶᠠᠨ ᠰᠢᠢᠳᠪᠦᠷᠢᠯᠡᠵᠦ ᠴᠢᠳᠠᠳᠠᠭ ᠪᠠᠶᠢᠬᠤ              ᠭᠤᠷᠪᠠᠨ ᠪᠣᠯᠪᠠᠰᠣᠷᠠᠯ᠄              ① ᠪᠢᠷ ᠤᠨ ᠪᠣᠯᠪᠠᠰᠣᠷᠠᠯ — ᠦᠰᠦᠭ ᠪᠢᠴᠢᠬᠦ ᠳᠤ ᠪᠠᠨ ᠭᠠᠷ ᠤᠨ ᠳᠢᠭ ᠪᠤᠯᠪᠠᠰᠤᠷᠠᠩᠭᠤᠢ ᠰᠠᠶᠢᠬᠠᠨ ᠪᠦᠭᠡᠳ ᠵᠣᠬᠢᠬᠤ ᠣᠷᠠᠨ ᠪᠢᠴᠢᠯᠬᠡ ᠶᠢᠨ ᠪᠣᠯᠪᠠᠰᠣᠷᠠᠯ ᠲᠠᠢ ᠪᠠᠶᠢᠬᠤ              ② ᠬᠡᠯᠡᠨ ᠤ ᠪᠣᠯᠪᠠᠰᠣᠷᠠᠯ — ᠣᠷᠣᠰᠣᠮ᠎ᠠ ᠰᠠᠶᠢᠬᠠᠨ ᠪᠦᠭᠡᠳ ᠪᠠᠷᠢᠮᠵᠢᠶᠠᠯᠢᠭ ᠪᠢᠴᠢᠭ ᠤᠨ ᠪᠠ ᠶᠠᠷᠢᠶᠠᠨ ᠎ ᠤ ᠬᠡᠯᠡᠨ ᠤ ᠪᠣᠯᠪᠠᠰᠣᠷᠠᠯ ᠲᠠᠢ ᠪᠠᠶᠢᠬᠤ              ③ᠮᠡᠳᠡᠯᠬᠡ ᠶᠢᠨ ᠪᠣᠯᠪᠠᠰᠣᠷᠠᠯ — ᠬᠡᠯᠡᠨ ᠤ ᠪᠠᠭᠰᠢ ᠦᠷᠭᠡᠨ ᠳᠡᠯᠭᠡᠷ ᠮᠡᠳᠡᠯᠭᠡ ᠱᠠᠭᠠᠷᠳᠠᠳᠠᠭ ᠳᠣᠯᠨ ᠨᠣᠮ ᠢᠯᠡᠬᠦᠬᠡᠨ ᠣᠩᠰᠢᠵᠦ ᠵᠣᠬᠢᠬᠤ ᠳᠦᠪᠰᠢᠨ ᠤ ᠳᠡᠦᠬᠡ ᠰᠣᠶᠣᠯ᠂ ᠯᠣᠬᠢᠭ᠂ ᠬᠦᠨ ᠣᠬᠠᠭᠠᠨ ᠵᠠᠩ ᠦᠢᠯᠨ ᠎ ᠶᠢᠨ ᠮᠡᠳᠡᠯᠬᠡ ᠶᠢᠨ ᠪᠣᠯᠪᠠᠰᠣᠷᠠᠯ ᠲᠠᠢ ᠪᠠᠶᠢᠬᠤ ᠬᠡᠷᠡᠭᠳᠡᠢ ᠶᠣᠮ᠃                ᠬᠡᠯᠡ ᠪᠢᠴᠢᠭ ᠤᠨ ᠪᠠᠭᠰᠢ ᠨᠠᠷ ᠤᠨ ᠬᠡᠪ ᠪᠤᠯᠪᠠᠰᠤᠷᠠᠯ ᠨᠢ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠲᠤᠭᠲᠠᠭᠠᠵᠦ ᠪᠠᠶᠢᠳᠠᠭ᠃ ᠪᠠᠭᠰᠢ ᠶᠢᠨ ᠬᠡᠪ ᠪᠤᠯᠪᠠᠰᠤᠷᠠᠯ ᠦᠨᠳᠦᠷ ᠪᠤᠯ ᠵᠢᠭᠠᠬᠤ ᠠᠷᠭ᠎ᠠ ᠶᠢ ᠠᠮᠢᠳᠤᠯᠢᠭ ᠬᠡᠷᠡᠭᠯᠡᠵᠦ ᠴᠢᠳᠠᠬᠤ ᠪᠦᠭᠡᠳ ᠲᠤᠯᠭᠠᠷᠠᠭᠰᠠᠨ ᠠᠰᠠᠭᠤᠳᠠᠯ ᠎ ᠢᠶᠠᠨ ᠠᠷᠭ᠎ᠠ ᠰᠦᠪᠡᠭᠴᠢᠯᠡᠨ ᠪᠦᠲᠦᠮᠵᠢᠲᠡᠢ ᠰᠢᠢᠳᠪᠦᠷᠢᠯᠡᠵᠦ ᠴᠢᠳᠠᠨ᠎ᠠ᠃ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠲᠦᠷᠦ ᠵᠠᠰᠠᠭ ᠤᠨ ᠪᠤᠳᠤᠯᠭ᠎ᠠ ᠎ ᠳᠤ ᠲᠦᠰᠢᠭᠯᠡᠬᠦ ᠠᠴᠠ ᠭᠠᠳᠠᠨ᠎ᠠ ᠪᠠᠭᠰᠢ ᠨᠠᠷ ᠤᠨ ᠲᠤᠳᠤᠭᠠᠲᠦ ᠬᠦᠴᠦᠨ ᠢ ᠲᠠᠶᠢᠴᠢᠯᠠᠨ ᠠᠵᠢᠯ ᠤᠨ ᠤᠷᠮ᠎ᠠ ᠪᠠᠬ᠎ᠠ ᠶᠢ ᠨᠢ ᠬᠦᠭᠵᠢᠭᠡᠬᠦ ᠶᠢ ᠴᠢᠬᠤᠯᠠᠴᠢᠯᠠᠪᠠᠯ ᠵᠤᠬᠢᠨ᠎ᠠ᠃ ᠬᠡᠯᠡ ᠪᠢᠴᠢᠭ ᠤᠨ ᠪᠠᠭᠰᠢ ᠨᠠᠷ ᠤᠨ ︽ᠨᠠᠷᠠᠲᠦ ᠪᠠᠭᠰᠢ ᠤᠨ ᠠᠵᠢᠯ ᠤᠨ ᠬᠠᠮᠲᠤᠯᠢᠭ︾᠎ ᠢᠶᠠᠷ ᠲᠠᠮᠵᠢᠭᠤᠯᠤᠨ ᠬᠠᠷᠢᠯᠴᠠᠨ ᠰᠤᠷᠤᠯᠴᠠᠵᠦ ᠬᠠᠮᠲᠦ ᠪᠠᠷ ᠰᠤᠳᠤᠯᠬᠤ ᠲᠠᠪᠴᠠᠩ ᠬᠠᠨᠭ᠍ᠭᠠᠵᠦ᠂ ᠵᠢᠭᠠᠨ ᠰᠤᠷᠭᠠᠯᠲᠠ ᠶᠢᠨ ᠰᠤᠳᠤᠯᠭᠠᠨ ᠢ ᠦᠷᠨᠢᠭᠦᠯᠬᠦ ᠨᠢ ᠪᠠᠭᠰᠢ ᠨᠠᠷ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠬᠦ ᠪᠦᠲᠦᠮᠵᠢᠲᠡᠢ ᠵᠠᠮ ᠮᠦᠨ᠃            ᠭᠤᠷᠪᠠ᠂ ᠰᠤᠷᠤᠭᠴᠢ ᠶᠢᠨ ᠬᠡᠯᠡ ᠪᠢᠴᠢᠭ ᠤᠨ ᠬᠡᠪ ᠪᠤᠯᠪᠠᠰᠤᠷᠠᠯ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠪᠦᠲᠦᠮᠵᠢᠲᠡᠢ ᠲᠤᠭᠲᠠᠯᠴᠠᠭ᠎ᠠ ᠬᠠᠷᠠᠬᠠᠨ ᠪᠦᠷᠢᠯᠳᠦᠭᠡ ᠦᠭᠡᠢ ᠪᠠᠶᠢᠭᠰᠠᠭᠠᠷ᠃                ⒈ ᠦᠭᠡ ᠬᠡᠯᠡᠨ ᠤ ᠪᠤᠯᠪᠠᠰᠤᠷᠠᠯ ᠲᠠᠳᠤᠯᠭ᠎ᠠ ᠶᠢᠨ ᠲᠠᠯ᠎ᠠ ᠪᠠᠷ ᠭᠡᠷ ᠪᠦᠯᠢ᠂ ᠰᠤᠷᠭᠠᠭᠤᠯᠢ᠂ ᠨᠡᠶᠢᠭᠡᠮ ᠤᠨ ᠬᠤᠭᠤᠷᠤᠨᠳᠤᠬᠢ ᠬᠠᠮᠵᠢᠯᠴᠠᠭ᠎ᠠ ᠶᠢ ᠴᠢᠩᠭᠠᠳᠬᠠᠨ᠎ᠠ᠃                ︽ᠬᠦᠮᠦᠨ ᠨᠢᠭᠡ ᠨᠠᠰᠤᠨ ᠳᠤ ᠪᠠᠨ ᠭᠤᠷᠪᠠᠨ ᠰᠤᠷᠭᠠᠭᠤᠯᠢ ᠶᠢᠨ ᠦᠷᠲᠡᠭᠡ ᠶᠢ ᠲᠤᠭᠤᠯᠤᠨ᠎ᠠ ᠭᠡᠵᠦ ᠦᠵᠡᠪᠡᠯ ᠭᠡᠷ ᠪᠦᠯᠢ ᠪᠤᠯ ᠬᠦᠮᠦᠵᠢᠯ ᠬᠦᠷᠳᠡᠬᠦ ᠠᠩᠬᠠᠨ ᠤ ᠰᠤᠷᠭᠠᠭᠤᠯᠢ᠂ ᠰᠤᠷᠭᠠᠭᠤᠯᠢ ᠪᠤᠯ ᠬᠤᠶᠠᠳᠤᠭᠠᠷ ᠦᠷᠲᠡᠭᠡ᠂ ᠨᠡᠶᠢᠭᠡᠮ ᠪᠤᠯ ᠡᠴᠦᠰ ᠤᠨ ᠤᠳᠠᠭᠠᠨ ᠤ ᠰᠤᠷᠭᠠᠭᠤᠯᠢ ᠶᠤᠮ᠃ ᠡᠭᠦᠨ ᠳᠤ ᠬᠦᠮᠦᠵᠢᠯ ᠤᠨ ᠠᠩᠬᠠᠨ ᠤ ᠰᠤᠷᠭᠠᠭᠤᠯᠢ ᠨᠢ ᠲᠠᠷᠠᠭᠠᠴᠢ ᠶᠢᠨ ᠬᠢ ᠳᠤ ᠪᠠᠨ ᠰᠠᠭᠤᠷᠢ ᠪᠤᠯᠵᠦ᠂ ᠲᠡᠭᠦᠨ ᠤ ᠢᠷᠡᠭᠡᠳᠦᠢ ᠶᠢᠨ ᠦᠷ᠎ᠡ ᠪᠦᠲᠦᠭᠡᠯ ᠢ ᠨᠦᠯᠦᠭᠡᠯᠡᠬᠦ ᠤᠴᠢᠷ ᠠᠴᠠ ᠭᠡᠷ ᠪᠦᠯᠢ ᠶᠢᠨ ᠰᠤᠷᠭᠠᠨ ᠬᠦᠮᠦᠵᠢᠯ ᠨᠢ ᠨᠢᠭᠡ ᠬᠦᠮᠦᠨ ᠤ ᠦᠰᠦᠨ ᠪᠤᠶᠢᠵᠢᠯᠲᠠ ᠳᠤ ᠵᠠᠮ ᠨᠡᠭᠡᠭᠡᠵᠦ ᠵᠠᠶᠠᠭ᠎ᠠ ᠰᠤᠪᠢᠬᠤ ᠦᠢᠯᠡᠳᠦᠯ ᠲᠠᠢ ᠶᠤᠮ︾ ᠭᠡᠳᠡᠭᠴᠢᠯᠡᠨ ᠬᠡᠤᠬᠡᠳ ᠤᠨ ᠬᠡᠯᠡᠨ ᠤ ᠴᠢᠳᠠᠪᠤᠷᠢ ᠪᠠ ᠬᠡᠪ ᠪᠤᠯᠪᠠᠰᠣᠷᠠᠯ ᠨᠢ ᠭᠡᠷ ᠪᠦᠯᠢ ᠳᠤ ᠰᠠᠭᠤᠷᠢᠯᠠᠳᠠᠭ᠃ ᠬᠡᠤᠬᠡᠳ ᠤᠨ ᠡᠬᠡ ᠬᠡᠯᠡ ᠪᠠᠷ ᠢᠶᠠᠨ ᠬᠡᠯᠡ ᠳᠤ ᠤᠷᠤᠬᠤ ᠳᠤ ᠭᠡᠷ ᠪᠦᠯᠢ ᠶᠢᠨ ᠬᠡᠯᠡᠨ ᠤ ᠤᠷᠴᠢᠨ ᠬᠢᠷᠢ ᠵᠡᠷᠭᠡ ᠴᠢᠬᠤᠯᠠ ᠪᠠᠶᠢᠳᠠᠭ ᠲᠤᠬᠠᠢ ᠲᠡᠭᠡᠷ᠎ᠡ ᠨᠢᠭᠡᠨᠲᠡ ᠦᠭᠦᠯᠡᠪᠡ᠃ ᠤᠳᠤᠬᠠᠨ ᠤ ᠵᠠᠯᠠᠭᠤ ᠡᠴᠢᠭᠡ ᠡᠬᠡ ᠪᠤᠯᠤᠭᠰᠠᠳ ᠬᠡᠤᠬᠡᠳ ᠤᠨ ᠢᠶᠠᠨ ᠬᠡᠯᠡ ᠠᠮᠠᠨ ᠳᠤ ᠪᠠᠨ ᠮᠠᠭᠤ᠂ ᠬᠡᠯᠡ ᠪᠢᠴᠢᠭ ᠰᠤᠷᠬᠤ ᠳᠤ ᠬᠦᠴᠢᠷᠳᠡᠵᠦ ᠪᠠᠶᠢᠳᠠᠭ ᠤᠨ ᠰᠢᠯᠲᠠᠭᠠᠨ ᠢ ᠰᠤᠳᠤᠯᠬᠤ ᠦᠭᠡᠢ ᠪᠤᠯᠬᠤᠷ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠦ ᠴᠢᠳᠠᠬᠤ ᠦᠭᠡᠢ ᠭᠠᠴᠢᠭᠳᠠᠳᠠᠭ᠃ ᠤᠴᠢᠷ ᠨᠢ ᠲᠡᠳᠡ ᠬᠡᠯᠡ ᠪᠢᠴᠢᠭ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠬᠦ ᠨᠢ ᠪᠠᠭᠰᠢ ᠶᠢᠨ ᠤᠴᠢᠷ᠂ ᠰᠤᠷᠭᠠᠭᠤᠯᠢ ᠶᠢᠨ ᠶᠠᠪᠤᠳᠠᠯ ᠭᠡᠵᠦ ᠦᠵᠡᠳᠡᠭ᠃ ᠭᠡᠷ ᠤᠨ ᠠᠬᠠᠮᠠᠳ ᠤᠨ ᠰᠤᠶᠤᠯ ᠤᠨ ᠬᠡᠮᠵᠢᠶ᠎ᠡ᠂ ᠦᠵᠡᠯ ᠤᠬᠠᠮᠰᠠᠷ ᠤᠨ ᠬᠢᠷᠢ ᠲᠦᠪᠰᠢᠨ ᠨᠢ ᠬᠡᠤᠬᠡᠳ ᠢ ᠰᠢᠭᠤᠳ ᠨᠦᠯᠦᠭᠡᠯᠡᠳᠡᠭ᠃ ᠡᠶᠢᠮᠦ ᠠᠴᠠ ︽ᠬᠡᠤᠬᠡᠳ ᠪᠤᠯ ᠨᠢᠭᠡ ᠭᠡᠷ ᠪᠦᠯᠢ ᠶᠢᠨ ᠲᠤᠯᠢ︾ ᠭᠡᠵᠦ ᠬᠡᠯᠡᠳᠡᠭ᠃ ᠪᠠᠰᠠ ᠰᠤᠷᠭᠠᠨ ᠬᠦᠮᠦᠵᠢᠯ ᠤᠨ ᠤᠬᠠᠭᠠᠨᠲᠠᠳ ᠠᠴᠠ ︽ᠰᠤᠷᠭᠠᠭᠤᠯᠢ ᠬᠡᠷᠪᠡ ᠭᠡᠷ ᠪᠦᠯᠢ ᠲᠠᠢ ᠪᠠᠶᠢᠡᠭᠭᠤ ᠬᠠᠷᠢᠴᠠᠬᠤ ᠦᠭᠡᠢ ᠶᠤᠮ ᠪᠤᠯ ᠬᠡᠤᠬᠡᠳ ᠤᠨ ᠡᠷᠡᠭᠦᠯ ᠮᠡᠨᠳᠦ ᠶᠢ ᠬᠠᠯᠠᠮᠵᠢᠯᠠᠬᠤ ᠪᠤᠯᠤᠯᠴᠠᠭ᠎ᠠ ᠦᠭᠡᠢ ᠶᠤᠮ︾ ᠭᠡᠵᠡᠢ᠃ ᠡᠨᠡ ᠶᠤᠰᠤ ᠶᠢ ᠮᠡᠳᠡᠭᠰᠡᠨ ᠵᠠᠷᠢᠮ ᠭᠠᠵᠠᠷ ᠤᠷᠤᠨ ᠤ ᠰᠤᠷᠭᠠᠭᠤᠯᠢ ᠨᠢ ᠭᠡᠷ ᠤᠨ ᠠᠬᠠᠮᠠᠳ ᠲᠠᠢ ᠬᠠᠮᠵᠢᠯᠴᠠᠭ᠎ᠠ ᠪᠠᠨ ᠴᠢᠩᠭᠠᠳᠬᠠᠬᠤ ᠶᠢᠨ ᠲᠦᠯᠦᠭᠡ ᠪᠤᠳᠠᠳᠦ ᠪᠠᠶᠢᠳᠠᠯ ᠳᠤ ᠴᠢᠭᠯᠡᠭᠦᠯᠦᠨ ᠭᠡᠷ ᠤᠨ ᠠᠬᠠᠮᠠᠳ ᠤᠨ ᠰᠤᠷᠭᠠᠭᠤᠯᠢ ᠪᠤᠶᠤ ᠲᠤᠭᠲᠠᠭᠰᠠᠨ ᠴᠠᠭ ᠤᠨ ᠭᠡᠷ ᠤᠨ ᠠᠬᠠᠮᠠᠳ ᠤᠨ ᠪᠤᠯᠪᠠᠰᠤᠷᠠᠯ ᠵᠤᠬᠢᠶᠠᠨ ᠪᠠᠶᠢᠭᠤᠯᠵᠦ ᠪᠠᠶᠢᠨ᠎ᠠ᠃ ᠬᠤᠶᠢᠴᠢ ᠦᠶ᠎ᠡ ᠶᠢᠨ ᠬᠦᠮᠦᠵᠢᠯ᠂ ᠤᠯᠤᠰ ᠦᠨᠳᠦᠰᠦᠲᠡᠨ ᠤ ᠬᠦᠭᠵᠢᠯ ᠳᠤ ᠨᠡᠶᠢᠭᠡᠮ ᠤᠨ ᠭᠡᠰᠢᠭᠦᠨ ᠪᠦᠷᠢ ᠬᠠᠷᠢᠭᠤᠴᠠᠯᠭ᠎ᠠ ᠲᠠᠢ᠃ ᠨᠡᠶᠢᠭᠡᠮ ᠲᠠᠶᠠᠭᠠᠷ ᠤᠨ ᠦᠭᠡ ᠬᠡᠯᠡ ᠦᠰᠦᠭ ᠪᠢᠴᠢᠭ ᠢᠶᠠᠨ ᠬᠦᠨᠳᠦᠳᠬᠡᠬᠦ᠂ ᠬᠡᠷᠡᠭᠯᠡᠬᠦ᠂ ᠴᠡᠪᠡᠷᠰᠢᠭᠦᠯᠬᠦ ᠲᠠᠯ᠎ᠠ ᠪᠠᠷ ᠴᠢᠬᠤᠯᠠᠴᠢᠯᠠᠬᠤ ᠶᠢ ᠠᠬᠢᠭᠤᠯᠬᠤ ᠶᠢᠨ ᠲᠦᠯᠦᠭᠡ ᠬᠦᠮᠦᠨ ᠪᠦᠬᠦᠨ ᠤ ᠡᠬᠡ ᠬᠡᠯᠡᠨ ᠤ ᠤᠬᠠᠮᠰᠠᠷ ᠢ ᠲᠡᠭᠡᠭᠰᠢᠯᠡᠭᠦᠯᠬᠦ ᠴᠢᠬᠤᠯᠠᠲᠠᠢ᠃ ᠰᠤᠷᠤᠭᠴᠢᠳ ᠤᠨ ᠬᠡᠯᠡ ᠪᠢᠴᠢᠭ ᠰᠤᠷᠬᠤ ᠳᠤ ᠬᠦᠴᠢᠷᠳᠡᠬᠦ ᠠᠰᠠᠭᠤᠳᠠᠯ ᠢ ᠰᠢᠢᠳᠪᠦᠷᠢᠯᠡᠬᠦ ᠳᠤ ᠵᠦᠪᠬᠡᠨ ᠬᠡᠯᠡ ᠪᠢᠴᠢᠭ ᠤᠨ ᠪᠠᠭᠰᠢ ᠴᠢᠷᠮᠠᠶᠢᠭᠠᠳ ᠪᠤᠯᠴᠢᠬᠠᠬᠤ ᠪᠢᠰᠢ᠂ ᠦᠭᠡ ᠬᠡᠯᠡᠨ ᠤ ᠪᠤᠯᠪᠠᠰᠤᠷᠠᠯ ᠲᠠᠳᠤᠯᠭ᠎ᠠ ᠶᠢᠨ ᠲᠠᠯ᠎ᠠ ᠪᠠᠷ ᠠᠷᠭ᠎ᠠ ᠰᠦᠪᠡᠭᠴᠢᠯᠡᠨ ᠭᠡᠷ ᠪᠦᠯᠢ᠂ ᠰᠤᠷᠭᠠᠭᠤᠯᠢ᠂ ᠨᠡᠶᠢᠭᠡᠮ ᠤᠨ ᠬᠤᠭᠤᠷᠤᠨᠳᠤᠬᠢ ᠬᠠᠮᠵᠢᠯᠴᠠᠭ᠎ᠠ ᠶᠢ ᠴᠢᠩᠭᠠᠳᠬᠠᠬᠤ ᠴᠢᠬᠤᠯᠠᠲᠠᠢ ᠶᠤᠮ᠃              ⒉ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠠᠯ᠎ᠠ ᠪᠠᠷ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠦ ᠰᠤᠷᠭᠠᠭᠤᠯᠢ᠂ ᠶᠡᠭᠡ ᠰᠤᠷᠭᠠᠭᠤᠯᠢ ᠶᠢᠨ ᠬᠤᠭᠤᠷᠤᠨᠳᠤᠬᠢ ᠠᠪᠴᠠᠯᠳᠤᠭ᠎ᠠ  ᠎ ᠶᠢ ᠴᠢᠩᠭᠠᠷᠠᠭᠤᠯᠤᠨ᠎ᠠ᠃              ︽ᠲᠡᠮ ᠲᠡᠮ ᠳᠤ ᠪᠠᠨ᠂ ᠲᠡᠭᠡᠰᠦ ᠡᠷᠴᠢᠮ ᠳᠤ ᠪᠠᠨ︾ ᠭᠡᠳᠡᠭ ᠢᠶᠠᠷ ᠬᠡᠯᠡ ᠪᠢᠴᠢᠭ ᠤᠨ ᠵᠢᠭᠠᠨ ᠰᠤᠷᠭᠠᠯᠲᠠ ᠨᠢ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠦ ᠰᠤᠷᠭᠠᠭᠤᠯᠢ᠂ ᠶᠡᠭᠡ ᠰᠤᠷᠭᠠᠭᠤᠯᠢ ᠬᠦᠷᠲᠡᠯᠡᠬᠢ ᠵᠢᠭᠠᠨ ᠰᠤᠷᠭᠠᠯᠲᠠ ᠶᠢᠨ ᠰᠤᠳᠤᠯᠭᠠᠨ ᠤ ᠰᠢᠰᠲ᠋ᠧᠮᠳᠦ ᠲᠤᠭᠲᠠᠯᠴᠠᠭ᠎ᠠ ᠪᠠᠶᠢᠮᠠᠨᠵᠢᠨ ᠰᠠᠶ᠋ᠢ ᠲᠤᠯᠭᠠᠷᠠᠭᠰᠠᠨ ᠠᠰᠠᠭᠤᠳᠠᠯ ᠢᠶᠠᠨ ᠰᠢᠢᠳᠪᠦᠷᠢᠯᠡᠵᠦ ᠴᠢᠳᠠᠨ᠎ᠠ᠃ ᠭᠡᠳᠡᠯ᠎ᠡ ᠤᠳᠤ ᠶᠢᠨ ᠪᠠᠶᠢᠳᠠᠯ ᠠᠴᠠ ᠦᠵᠡᠪᠡᠯ ᠲᠤᠮᠳᠠᠳᠦ ᠰᠤᠷᠭᠠᠭᠤᠯᠢ ᠨᠢ ᠰᠢᠯᠭᠠᠯᠲᠠ ᠳᠤ ᠪᠠᠨ ᠶᠠᠭᠠᠷᠠᠵᠦ᠂ ᠶᠡᠭᠡ ᠰᠤᠷᠭᠠᠭᠤᠯᠢ ᠨᠢ ᠰᠤᠳᠤᠯᠭᠠᠨ ᠳᠤ ᠪᠠᠨ ᠶᠠᠭᠠᠷᠠᠵᠦ᠂ ᠴᠡᠴᠡᠷᠯᠢᠭ ᠪᠠᠭ᠎ᠠ ᠰᠤᠷᠭᠠᠭᠤᠯᠢ ᠨᠢ ᠬᠡᠤᠬᠡᠳ ᠤᠨ ᠲᠠᠰᠬᠠᠯ ᠪᠤᠯᠪᠠᠰᠤᠷᠠᠯ ᠳᠤ ᠶᠠᠭᠠᠷᠠᠵᠦ ᠪᠠᠶᠢᠨ᠎ᠠ᠃ ᠢᠡᠭᠭᠢᠵᠦ ᠲᠤᠰ ᠲᠤᠰ ᠲᠤ ᠪᠠᠨ ᠦᠪᠡᠷ ᠦᠪᠡᠷ ᠤᠨ ᠬᠢ ᠳᠤ ᠪᠠᠨ ᠶᠠᠭᠠᠷᠠᠵᠦ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠡᠯ᠎ᠡ ᠱᠠᠲᠤᠨ ᠤ ᠰᠤᠳᠤᠯᠭᠠᠨ ᠤ ᠲᠤᠭᠲᠠᠯᠴᠠᠭ᠎ᠠ ᠬᠠᠷᠠᠬᠠᠨ ᠪᠦᠷᠢᠯᠳᠦᠭᠡᠳᠦᠢ ᠪᠠᠶᠢᠭᠰᠠᠭᠠᠷ᠃ ᠡᠬᠡ ᠬᠡᠯᠡᠨ ᠤ ᠬᠡᠷᠡᠭᠯᠡᠭᠡ᠂ ᠵᠢᠭᠠᠨ ᠰᠤᠷᠭᠠᠯᠲᠠ ᠶᠠᠭᠠᠬᠢᠵᠦ ᠪᠠᠶᠢᠨ᠎ᠠ︖ ᠶᠠᠭᠠᠬᠢᠪᠠᠯ ᠨᠡᠩ ᠰᠠᠶᠢᠵᠢᠷᠠᠭᠤᠯᠵᠦ ᠪᠤᠯᠬᠤ ᠲᠤᠬᠠᠢ ᠰᠠᠨᠠᠭᠠᠰᠢᠷᠠᠵᠦ ᠪᠠᠶᠢᠭ᠎ᠠ ᠬᠦᠮᠦᠰ ᠪᠠᠶᠢᠭ᠎ᠠ ᠪᠤᠯᠪᠠᠴᠦ ᠰᠤᠳᠤᠯᠭ᠎ᠠ ᠰᠢᠨᠵᠢᠯᠡᠭᠡ ᠬᠢᠵᠦ ᠪᠠᠶᠢᠭ᠎ᠠ ᠡᠷᠳᠡᠮᠲᠡᠨ ᠮᠡᠷᠭᠡᠳ ᠴᠦᠬᠡᠨ ᠪᠠᠶᠢᠨ᠎ᠠ᠃ ᠨᠡᠩ ᠴᠦ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠦ ᠰᠤᠷᠭᠠᠭᠤᠯᠢ᠂ ᠶᠡᠭᠡ ᠰᠤᠷᠭᠠᠭᠤᠯᠢ ᠶᠢᠨ ᠬᠤᠭᠤᠷᠤᠨᠳᠤᠬᠢ ᠠᠪᠴᠠᠯᠳᠤᠭ᠎ᠠ ᠶᠢ ᠬᠡᠷᠬᠢᠨ ᠴᠢᠩᠭᠠᠷᠠᠭᠤᠯᠬᠤ ᠲᠤᠬᠠᠢ ᠠᠩᠬᠠᠷᠬᠤ ᠬᠦᠮᠦᠨ ᠴᠦᠬᠡᠨ ᠪᠠᠶᠢᠭᠰᠠᠭᠠᠷ᠃ ᠴᠡᠴᠡᠷᠯᠢᠭ ᠪᠠ ᠲᠤᠮᠳᠠᠳᠦ ᠪᠠᠭ᠎ᠠ ᠰᠤᠷᠭᠠᠭᠤᠯᠢ ᠶᠢᠨ ᠪᠠᠭᠰᠢ ᠨᠠᠷ ᠲᠤᠬᠠᠢ ᠶᠢᠨ ᠬᠦᠷᠢᠶ᠎ᠡ ᠬᠡᠪᠴᠢᠶᠡᠨ ᠳᠤ ᠲᠤᠷᠰᠢᠯᠭ᠎ᠠ ᠳᠤ ᠪᠠᠨ ᠲᠦᠰᠢᠭᠯᠡᠵᠦ ᠰᠤᠷᠤᠭᠴᠢᠳ ᠢᠶᠠᠨ ᠬᠦᠮᠦᠵᠢᠭᠦᠯᠦᠭᠰᠡᠭᠡᠷ ᠪᠠᠶᠢᠭᠠᠳ ᠲᠠᠳᠴᠢᠬᠠᠵᠠᠢ᠃ ᠶᠡᠭᠡ ᠰᠤᠷᠭᠠᠭᠤᠯᠢ ᠶᠢᠨ ᠡᠷᠳᠡᠮᠳᠡᠨ ᠪᠠᠭᠰᠢ ᠨᠠᠷ ᠴᠡᠴᠡᠷᠯᠢᠭ ᠤᠨ ᠦᠭᠡ ᠬᠡᠯᠡᠨ ᠤ ᠪᠤᠯᠪᠠᠰᠤᠷᠠᠯ ᠲᠠᠳᠤᠯᠭ᠎ᠠ ᠪᠠ ᠲᠤᠮᠳᠠᠳᠦ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠶᠢ ᠠᠩᠬᠠᠷᠬᠤ ᠵᠠᠪ ᠴᠢᠯᠦᠭᠡ ᠦᠭᠡᠢ ᠪᠠᠶᠢᠳᠠᠭ᠃ ᠭᠡᠪᠡᠴᠦ ︽ᠲᠦᠮᠡᠨ ᠲᠠᠪᠬᠤᠷ ᠠᠰᠠᠷ ᠴᠦ ᠰᠠᠭᠤᠷᠢ ᠠᠴᠠ ᠪᠠᠨ ᠡᠬᠢᠯᠡᠨ ᠪᠤᠰᠳᠠᠭ᠂ ᠲᠦᠮᠡᠨ ᠭᠠᠵᠠᠷ ᠤᠨ ᠠᠶᠠᠨ ᠴᠦ ᠲᠦᠷᠦᠭᠦᠤ ᠠᠯᠬᠤᠮ ᠠᠴᠠ ᠡᠬᠢᠯᠡᠳᠡᠭ︾ ᠭᠡᠳᠡᠭᠴᠢᠯᠡᠨ ᠬᠡᠷᠪᠡ ᠢᠷᠡᠭᠡᠳᠦᠢ ᠪᠤᠯᠤᠭᠰᠠᠨ ᠬᠡᠤᠬᠡᠳ ᠲᠡᠭᠦᠤ ᠨᠠᠷ ᠮᠢᠨᠢ ᠡᠬᠡ ᠬᠡᠯᠡ ᠪᠠᠨ ᠬᠡᠷᠡᠭᠯᠡᠵᠦ ᠴᠢᠳᠠᠬᠤ ᠦᠭᠡᠢ ᠪᠤᠯ ᠲᠠᠯᠠᠢ ᠶᠡᠭᠡ ᠡᠷᠳᠡᠮ ᠰᠢᠨᠵᠢᠯᠡᠭᠡᠨ ᠤ ᠪᠦᠲᠦᠭᠡᠯ ᠤᠳ ᠢ ᠮᠠᠨᠢ ᠬᠡᠨ ᠦᠵᠡᠵᠦ ᠬᠡᠨ ᠰᠤᠷᠤᠯᠴᠠᠵᠦ ᠬᠡᠷᠡᠭᠯᠡᠬᠦ ᠶᠤᠮ ᠪᠤᠢ︖ ᠡᠶᠢᠮᠦ ᠠᠴᠠ ᠶᠡᠭᠡ ᠰᠤᠷᠭᠠᠭᠤᠯᠢ ᠶᠢᠨ ᠡᠷᠳᠡᠮᠳᠡᠨ ᠪᠠᠭᠰᠢ ᠨᠠᠷ ᠮᠢᠨᠢ ᠴᠡᠴᠡᠷᠯᠢᠭ ᠪᠠ ᠲᠤᠮᠳᠠᠳᠦ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠨᠠᠷ ᠲᠠᠢ ᠬᠠᠮᠳᠦ ᠡᠬᠡ ᠬᠡᠯᠡᠨ ᠤ ᠵᠢᠭᠠᠨ ᠰᠤᠷᠭᠠᠯᠲᠠ ᠳᠤ ᠠᠩᠬᠠᠷᠤᠯ ᠢᠶᠠᠨ ᠬᠠᠨᠳᠤᠭᠤᠯᠵᠦ ᠲᠤᠮᠳᠠᠳᠦ ᠰᠤᠷᠭᠠᠭᠤᠯᠢ ᠶᠢᠨ ᠬᠡᠯᠡ ᠪᠢᠴᠢᠭ ᠵᠢᠭᠠᠨ ᠰᠤᠷᠭᠠᠯᠲᠠ ᠶᠢᠨ ᠲᠤᠬᠠᠢ ᠰᠤᠳᠤᠯᠵᠦ ᠪᠠᠶᠢᠭ᠎ᠠ ᠨᠢ ᠮᠠᠰᠢ ᠶᠡᠭᠡ ᠠᠯᠤᠰ ᠬᠡᠳᠦ ᠶᠢᠨ ᠠᠴᠢ ᠬᠤᠯᠪᠤᠭᠳᠠᠯ ᠲᠠᠢ ᠦᠨ᠎ᠡ ᠴᠡᠨ᠎ᠡ ᠲᠠᠢ ᠠᠵᠢᠯ ᠦᠢᠯᠡ ᠪᠤᠯᠬᠤ ᠶᠤᠮ᠃                ⒊ ᠬᠡᠯᠡᠨ ᠤ ᠴᠢᠳᠠᠪᠤᠷᠢ ᠶᠢᠨ ᠬᠦᠮᠦᠵᠢᠯ ᠤᠨ ᠲᠠᠯ᠎ᠠ ᠪᠠᠷ ᠬᠡᠯᠡ ᠪᠢᠴᠢᠭ ᠤᠨ ᠪᠠᠭᠰᠢ ᠪᠠ ᠪᠤᠰᠤᠳ ᠬᠢᠴᠢᠶᠡᠯ ᠲᠦᠷᠦᠯ ᠤᠨ ᠪᠠᠭᠰᠢ ᠶᠢᠨ ᠬᠤᠭᠤᠷᠤᠨᠳᠤᠬᠢ ᠬᠠᠮᠵᠢᠯᠴᠠᠭ᠎ᠠ ᠶᠢ ᠴᠢᠩᠭᠠᠳᠬᠠᠨ᠎ᠠ᠃     ᠨᠢᠭᠡᠨ ᠲᠤᠭᠠᠨ ᠤ ᠤᠬᠠᠭᠠᠨ ᠤ ᠪᠠᠭᠰᠢ ︽ᠯᠤᠤᠳᠢ ᠭᠡᠽᠢ ᠲᠤᠳᠤᠷ᠎ᠠ ᠰᠢᠶᠤᠤᠳᠢ ᠭᠡᠽᠢ᠂ ᠰᠢᠶᠤᠤᠳᠢ ᠭᠡᠽᠢ ᠲᠤᠳᠤᠷ᠎ᠠ ᠪᠢᠵᠢᠳᠠᠯᠬᠠᠨ ᠭᠡᠽᠢ︾ ᠭᠡᠵᠦ ᠵᠢᠭᠠᠭᠰᠠᠨ ᠭᠡᠨ᠎ᠡ᠃ ᠡᠨᠡ ᠨᠢ ︽ᠲᠤᠮᠤ ᠬᠤᠪᠢᠶᠠᠷᠢ ᠶᠢᠨ ᠲᠤᠳᠤᠷ᠎ᠠ ᠪᠠᠭ᠎ᠠ ᠬᠤᠪᠢᠶᠠᠷᠢ᠂ ᠪᠠᠭ᠎ᠠ ᠬᠤᠪᠢᠶᠠᠷᠢ ᠶᠢᠨ ᠲᠤᠳᠤᠷ᠎ᠠ ᠦᠴᠦᠬᠡᠨ ᠪᠠᠭ᠎ᠠ ᠬᠤᠪᠢᠶᠠᠷᠢ︾ ᠭᠡᠰᠡᠨ ᠤᠳᠬ᠎ᠠ ᠲᠠᠢ ᠦᠭᠡ ᠶᠢ ᠬᠤᠯᠢᠮᠠᠭ ᠬᠡᠯᠡᠯᠭᠡ ᠪᠠᠷ ᠢᠡᠭᠭᠢᠵᠦ ᠬᠡᠯᠡᠵᠠᠢ᠃ ᠡᠨᠡᠬᠦ ᠪᠤᠳᠠᠳᠦ ᠵᠢᠱᠢᠶ᠎ᠡ ᠨᠢ ᠲᠤᠮᠳᠠᠳᠦ ᠰᠤᠷᠭᠠᠭᠤᠯᠢ ᠶᠢᠨ ᠪᠠᠭᠰᠢ ᠨᠠᠷ ᠤᠨ ᠲᠤᠳᠤᠷᠠᠬᠢ ᠬᠡᠯᠡ ᠵᠢᠭᠠᠬᠤ ᠨᠢ ᠵᠦᠪᠬᠡᠨ ᠬᠡᠯᠡ ᠪᠢᠴᠢᠭ ᠤᠨ ᠪᠠᠭᠰᠢ ᠶᠢᠨ ᠶᠠᠪᠤᠳᠠᠯ ᠭᠡᠳᠡᠭ ᠪᠤᠷᠤᠭᠤ ᠦᠵᠡᠯᠲᠡ ᠶᠢ ᠲᠤᠰᠬᠠᠭᠰᠠᠨ ᠶᠤᠮ᠃ ᠦᠨᠡᠨᠳᠡᠭᠡᠨ ᠲᠤᠮᠳᠠᠳᠦ ᠪᠠᠭ᠎ᠠ ᠰᠤᠷᠭᠠᠭᠤᠯᠢ ᠶᠢᠨ ᠡᠯ᠎ᠡ ᠬᠢᠴᠢᠶᠡᠯ ᠲᠦᠷᠦᠯ ᠤᠨ ᠪᠠᠭᠰᠢ ᠨᠠᠷ ᠢ ᠪᠦᠷ ᠪᠠᠷᠢᠮᠵᠢᠶ᠎ᠠ ᠠᠪᠢᠶ᠎ᠠ ᠪᠠᠷ ᠶᠠᠷᠢᠬᠤ ᠶᠢ ᠱᠠᠭᠠᠷᠳᠠᠳᠠᠭ ᠪᠤᠯᠪᠠᠴᠦ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠲᠤᠮᠳᠠ ᠣᠯᠠᠩᠬᠢ ᠰᠤᠷᠭᠠᠭᠤᠯᠢ ᠪᠠ ᠪᠠᠭᠰᠢ ᠨᠠᠷ ᠬᠡᠯᠡᠨ ᠤ ᠲᠠᠯ᠎ᠠ ᠶᠢᠨ ᠱᠠᠭᠠᠷᠳᠠᠯᠭ᠎ᠠ ᠴᠢᠩᠭ᠎ᠠ ᠪᠢᠰᠢ ᠶᠤᠮ᠃ ᠰᠤᠷᠤᠭᠴᠢᠳ ᠤᠨ ᠬᠡᠯᠡᠨ ᠤ ᠴᠢᠳᠠᠪᠤᠷᠢ ᠶᠢᠨ ᠬᠦᠮᠦᠵᠢᠯ ᠤᠨ ᠲᠠᠯ᠎ᠠ ᠪᠠᠷ ᠬᠡᠯᠡ ᠪᠢᠴᠢᠭ ᠤᠨ ᠪᠠᠭᠰᠢ ᠪᠠ ᠪᠤᠰᠤᠳ ᠬᠢᠴᠢᠶᠡᠯ ᠲᠦᠷᠦᠯ ᠤᠨ ᠪᠠᠭᠰᠢ ᠨᠠᠷ ᠨᠢᠭᠲᠠ ᠬᠠᠮᠵᠢᠯᠴᠠᠨ  ᠪᠠᠷᠢᠮᠵᠢᠶ᠎ᠠ ᠠᠪᠢᠶ᠎ᠠ ᠪᠠᠷ ᠶᠠᠷᠢᠵᠦ ᠢᠯᠡᠳᠭᠡᠬᠦ ᠶᠢ ᠴᠢᠬᠤᠯᠠᠴᠢᠯᠠᠨ ᠰᠤᠷᠤᠭᠴᠢᠳ ᠲᠤ ᠰᠠᠶᠢᠨ ᠰᠠᠶᠢᠬᠠᠨ ᠲᠠᠭᠤᠷᠢᠶᠠᠯ ᠪᠤᠯᠪᠠᠯ ᠵᠤᠬᠢᠨ᠎ᠠ᠃            ᠶᠡᠷᠦᠩᠬᠡᠢ ᠳᠤᠨᠢ ᠠᠪᠴᠦ ᠬᠡᠯᠡᠪᠡᠯ᠂ ᠴᠠᠭ ᠦᠶ᠎ᠡ ᠪᠠ ᠨᠡᠶᠢᠭᠡᠮ ᠤᠨ ᠬᠦᠭᠵᠢᠯᠲᠡ ᠶᠢ ᠲᠠᠭᠠᠯᠳᠣᠨ ᠣᠳᠣ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠬᠦᠭᠵᠢᠯᠲᠠ ᠶᠢᠨ ᠲᠤᠮᠳᠠ ᠬᠡᠯᠡᠨ ᠤ ᠤᠷᠴᠢᠨ᠂ ᠰᠤᠷᠤᠭᠴᠢ ᠶᠢᠨ ᠪᠠᠶᠢᠳᠠᠯ ᠳᠤ ᠬᠤᠪᠢᠷᠠᠯᠲᠠ ᠭᠠᠷᠴᠦ᠂ ᠵᠢᠭᠠᠨ ᠰᠤᠷᠭᠠᠯᠲᠠ ᠶᠢᠨ ᠰᠤᠳᠤᠯᠭᠠᠨ ᠤ ᠲᠤᠮᠳᠠ ᠡᠳᠦᠢ ᠲᠡᠳᠦᠢ ᠠᠰᠠᠭᠤᠳᠠᠯ ᠣᠷᠣᠰᠢᠵᠦ ᠬᠦᠴᠢᠷᠳᠡᠯ ᠲᠤᠯᠭᠠᠷᠠᠵᠦ ᠪᠠᠶᠢᠨ᠎ᠠ᠃ ᠭᠡᠪᠡᠴᠦ ᠪᠢᠳᠡ ᠬᠠᠮᠳᠦ ᠪᠠᠷ ᠢᠶᠠᠨ ᠵᠢᠭᠠᠨ ᠰᠤᠷᠭᠠᠯᠲᠠ ᠪᠠᠨ ᠭᠦᠨᠵᠡᠭᠡᠢ ᠰᠤᠳᠤᠯᠵᠦ ᠠᠷᠭ᠎ᠠ ᠰᠦᠪᠡᠭᠴᠢᠯᠡᠨ ᠰᠡᠳᠬᠢᠯ ᠨᠢᠭᠡᠲᠡᠢ ᠴᠢᠷᠮᠠᠶᠢᠳᠠᠭ ᠲᠤ ᠬᠦᠷᠪᠡᠯ ᠲᠤᠯᠭᠠᠷᠠᠭᠰᠠᠨ ᠠᠰᠠᠭᠤᠳᠠᠯ ᠢ ᠯᠠᠪᠲᠠᠢ ᠪᠦᠲᠦᠮᠵᠢᠲᠡᠢ ᠰᠢᠢᠳᠪᠦᠷᠢᠯᠡᠵᠦ ᠴᠢᠳᠠᠨ᠎ᠠ ᠭᠡᠳᠡᠭ ᠲᠤ ᠢᠲᠡᠭᠡᠵᠦ ᠪᠠᠶᠢᠨ᠎ᠠ᠃            ᠠᠰᠢᠭᠯᠠᠭᠰᠠᠨ ᠮᠠᠲ᠋ᠧᠷᠢᠶᠠᠯ᠄            1. ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠬᠡᠯᠨ ᠪᠢᠴᠢᠭ ᠤᠨ ︽ᠬᠢᠴᠢᠶᠡᠯ ᠤᠨ ᠪᠠᠷᠢᠮᠵᠢᠶ᠎ᠠ  ︾᠂ ᠦᠪᠦᠷ ᠮᠣᠩᠭᠤᠯ ᠤᠨ ᠰᠣᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ 2013 ᠣᠨ ᠤ ᠬᠡᠪᠯᠡᠯ            2. ᠮᠠᠨᠳᠣᠯ᠎ᠠ᠂ ᠬᠦᠷᠵᠠᠪ ᠨᠠᠷ ᠤᠨ ᠨᠠᠶᠢᠷᠠᠭᠤᠯᠣᠭᠰᠠᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠬᠡᠯᠨ ᠪᠢᠴᠢᠭ ᠤᠨ ︽ᠬᠢᠴᠢᠶᠡᠯ ᠤᠨ ᠪᠠᠷᠢᠮᠵᠢᠶ᠎ᠠ ᠶᠢᠨ ᠳᠠᠶᠢᠯᠣᠮᠵᠢ︾᠂ ᠦᠪᠦᠷ ᠮᠣᠩᠭᠤᠯ ᠤᠨ ᠰᠣᠷᠭᠠᠨ ᠬᠦᠮᠦᠵᠢᠯ ᠎ ᠤᠨ ᠬᠡᠪᠯᠡᠯ ᠤᠨ ᠬᠤᠷᠢᠶ᠎ᠠ᠂ 2013 ᠣᠨ ᠤ ᠬᠡᠪᠯᠡᠯ              3. ᠰᠢ ᠮᠸᠢ ᠷᠦᠩ ᠤᠨ ᠣᠷᠴᠢᠭᠤᠯᠣᠭᠰᠠᠨ ︽ᠬᠡᠦᠬᠡᠳ ᠤᠨ ᠴᠡᠴᠡᠷᠯᠢᠭ ᠤᠨ ᠪᠠᠭᠰᠢ ᠶᠢᠨ ᠳᠣᠰᠬᠠᠢ ᠮᠡᠷᠭᠡᠵᠢᠯ ᠤᠨ ᠪᠠᠷᠢᠮᠵᠢᠶ᠎ᠠ ᠶᠢᠨ ᠳᠣᠬᠠᠢ ᠳᠠᠶᠢᠯᠣᠮᠵᠢ︾᠂ ᠦᠪᠦᠷ ᠮᠣᠩᠭᠤᠯ ᠤᠨ ᠰᠣᠷᠭᠠᠨ ᠬᠦᠮᠦᠵᠢᠯ ᠤᠨ ᠬᠡᠪᠯᠡᠯ ᠎ ᠤᠨ ᠬᠤᠷᠢᠶ᠎ᠠ᠂ 2018 ᠣᠨ ᠤ ᠬᠡᠪᠯᠡᠯ             4. ᠳᠦᠪᠬᠡᠷᠡᠯᠳᠦ ᠨᠠᠷ ᠤᠨ ᠣᠷᠴᠢᠭᠤᠯᠣᠭᠰᠠᠨ ︽3 —6 ᠨᠠᠰᠣᠨ ᠤ ᠬᠡᠦᠬᠡᠳ ᠤᠨ ᠰᠣᠷᠣᠯᠭ᠎ᠠ ᠪᠠ ᠬᠦᠭᠵᠢᠯᠳᠡ ᠶᠢᠨ ᠵᠦᠭᠯᠡᠬᠦᠷ ᠤᠨ ᠳᠠᠶᠢᠯᠣᠮᠵᠢ︾᠂ ᠦᠪᠦᠷ ᠮᠣᠩᠭᠤᠯ ᠤᠨ ᠰᠣᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ 2017 ᠣᠨ ᠤ ᠬᠡᠪᠯᠡᠯ            5. ᠠᠷᠦ ᠬᠤᠷᠴᠢᠨ ᠬᠤᠰᠢᠭᠤᠨ ᠤ ᠴᠢᠪᠠᠭ᠎ᠠ ᠲᠠᠪᠤᠳᠤᠭᠠᠷ ᠲᠤᠮᠳᠠᠳᠦ ᠰᠤᠷᠭᠠᠭᠤᠯᠢ ᠶᠢᠨ ᠨᠠᠶᠢᠷᠠᠭᠤᠯᠤᠨ ᠤᠷᠴᠢᠭᠤᠯᠤᠭᠰᠠᠨ ︽ᠪᠠᠭᠰᠢ ᠨᠠᠷ ᠲᠤ ᠦᠭᠭᠦᠭᠰᠡᠨ ᠰᠠᠨᠠᠭᠤᠯᠭ᠎ᠠ︾᠂ ᠯᠢᠶᠤᠤᠨᠢᠩ ᠤᠨ ᠦᠨᠳᠦᠰᠦᠲᠡᠨ ᠤ ᠬᠡᠪᠯᠡᠯ ᠤᠨ ᠬᠤᠷᠢᠶ᠎ᠠ᠂ 2018 ᠣᠨ ᠤ ᠬᠡᠪᠯᠡᠯ            6. ᠮᠠᠨᠳᠣᠯ᠎ᠠ ᠶᠢᠨ ᠡᠷᠬᠢᠯᠡᠨ ᠨᠠᠶᠢᠷᠠᠭᠤᠯᠤᠭᠰᠠᠨ ︽ᠲᠤᠮᠳᠠᠳᠦ ᠰᠤᠷᠭᠠᠭᠤᠯᠢ ᠶᠢᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠰᠣᠳᠣᠯᠣᠯ︾᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 2008 ᠣᠨ ᠤ ᠬᠡᠪᠯᠡᠯ            7. ᠪᠠᠶᠠᠨᠠᠭᠤᠯᠠ᠂ ᠤᠷᠠᠨ᠎ᠠ᠂ ᠲᠤ᠊ · ᠬᠠᠰᠪᠠᠭᠠᠨ᠎ᠠ ᠨᠠᠷ ᠤᠨ ᠨᠠᠶᠢᠷᠠᠭᠤᠯᠤᠭᠰᠠᠨ ︽ ᠬᠢᠴᠢᠶᠡᠯ ᠦᠭᠡᠷᠡᠴᠢᠯᠡᠯᠲᠡ ᠶᠢᠨ ᠦᠭᠦᠯᠡᠯ︾᠂ ᠦᠪᠦᠷ ᠮᠣᠩᠭᠤᠯ ᠤᠨ ᠰᠣᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ 2012 ᠣᠨ ᠤ ᠬᠡᠪᠯᠡᠯ              8. ᠮᠦᠡᠭᠭᠦᠨᠴᠡᠴᠡᠭ ᠤᠨ ᠵᠤᠬᠢᠶᠠᠭᠰᠠᠨ ︽ᠲᠤᠮᠳᠠᠳᠦ ᠰᠤᠷᠭᠠᠭᠤᠯᠢ ᠶᠢᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠰᠣᠳᠣᠯᠣᠯ︾᠂ ᠦᠪᠦᠷ ᠮᠣᠩᠭᠤᠯ ᠤᠨ ᠰᠣᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ 2011 ᠣᠨ ᠤ ᠬᠡᠪᠯᠡᠯ  
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号