| | | | ᠮᠤᠩᠭᠤᠯ ᠰᠤᠷᠬᠤ ᠪᠢᠴᠢᠭ ᠲᠤ ᠤᠷᠤᠰᠢᠵᠦ ᠪᠠᠶᠢᠭ᠎ᠠ ᠡᠯ᠎ᠡ ᠵᠦᠢᠯ ᠤᠨ ᠬᠦᠨᠳᠦ ᠨᠤᠴᠢᠳᠠᠢ ᠠᠰᠠᠭᠤᠳᠠᠯ | ᠤᠨ ᠲᠤᠬᠠᠢ ᠨᠡᠯᠢᠶᠡᠳ ᠡᠷᠳᠡ ᠠᠴᠠ ᠬᠦᠮᠦᠰ ᠰᠢᠬᠦᠮᠵᠢᠯᠠᠨ ᠶᠠᠷᠢᠯᠴᠠᠭᠰᠠᠭᠠᠷ ᠢᠷᠡᠭᠰᠡᠨ ᠶᠤᠮ᠃ ᠭᠡᠪᠡᠴᠦ ᠮᠢᠨᠤ | ᠬᠡᠦᠬᠡᠳ ᠦᠰᠴᠦ ᠦᠭᠡᠯᠠᠢ ᠪᠤᠯᠤᠭᠰᠠᠨ ᠪᠠ ᠠᠵᠢᠯ ᠠᠮᠢᠳᠤᠷᠠᠯ ᠤᠨ ᠶᠠᠭᠠᠷᠤ ᠠᠴᠠ ᠪᠤᠯᠵᠦ ᠮᠤᠩᠭᠤᠯ ᠰᠤᠷᠬᠤ | ᠪᠢᠴᠢᠭ᠂ ᠤᠨᠴᠠᠭᠠᠶᠢᠯᠠᠨ ᠬᠡᠦᠬᠡᠳ ᠤᠨ ᠴᠡᠴᠡᠷᠯᠢᠭ᠂ ᠪᠠᠭ᠎ᠠ ᠲᠤᠮᠳᠠᠳᠤ ᠰᠤᠷᠭᠠᠭᠤᠯᠢ ᠵᠡᠷᠭᠡ ᠦᠨᠳᠦᠰᠤᠨ ᠰᠤᠷᠭᠠᠨ | ᠬᠦᠮᠦᠵᠢᠯ ᠤᠨ ᠵᠢᠭᠠᠬᠤ ᠪᠢᠴᠢᠭ ᠢ ᠰᠡᠬᠦᠵᠦ ᠦᠵᠡᠬᠦ ᠴᠢᠯᠦᠭᠡ ᠦᠭᠡᠢ ᠤᠨ ᠤᠳᠠᠯ᠎ᠠ᠃ ᠦᠴᠦᠭᠡᠳᠤᠷ | ᠰᠦᠯᠵᠢᠶᠡᠨ ᠳᠤ ᠳᠡᠭᠡᠷ᠎ᠡ ᠠᠴᠠ ᠪᠡ᠊᠂ ᠪᠤᠯᠤᠳ ᠭᠤᠸᠠᠢ ᠶᠢᠨ ︽ᠰᠤᠷᠬᠤ ᠪᠢᠴᠢᠭ ᠰᠤᠬᠤᠯᠠᠬᠤ ᠪᠢᠴᠢᠭ ᠪᠤᠯᠵᠠᠢ︾ | ᠭᠡᠳᠡᠭ ᠵᠤᠬᠢᠶᠠᠯ ᠢ ᠤᠯᠵᠦ ᠤᠡᠭᠰᠢᠭᠠᠳ ᠮᠤᠩᠭᠤᠯ ᠰᠤᠷᠬᠤ ᠪᠢᠴᠢᠭ ᠲᠤ ᠦᠨᠡᠭᠡᠷ ᠬᠦᠨᠳᠤ ᠨᠤᠴᠢᠳᠠᠢ ᠠᠰᠠᠭᠤᠳᠠᠯ | ᠤᠷᠤᠰᠢᠵᠦ ᠪᠠᠶᠢᠭ᠎ᠠ ᠶᠢ ᠤᠯᠵᠦ ᠮᠡᠳᠡᠭᠰᠡᠨ ᠶᠤᠮ᠃ | ᠲᠤᠰ ᠵᠤᠬᠢᠶᠠᠯ ᠳᠤ ᠬᠡᠳᠦᠶᠢᠪᠡᠷ ᠤᠯᠠᠨ ᠠᠷᠪᠢᠨ ᠵᠢᠱᠢᠶ᠎ᠠ ᠲᠠᠳᠠᠭᠰᠠᠨ ᠦᠭᠡᠢ ᠪᠤᠯᠪᠠᠴᠦ ᠰᠤᠷᠬᠤ ᠪᠢᠴᠢᠭ | ᠲᠤ ᠤᠷᠤᠭᠰᠠᠨ ︽ᠬᠤᠶᠠᠷ ᠪᠢᠴᠢᠬᠠᠨ ᠬᠡᠦᠭᠡᠳ \ ᠳ᠋ᠢᠶᠠᠩᠬᠤᠸᠠ ᠴᠤᠬᠢᠵᠦ ᠪᠠᠶᠢᠨ᠎ᠠ \ ᠸᠧᠢ ᠸᠧᠢ ᠸᠧᠢ \ ᠴᠢ | ᠶᠠᠭᠤ ᠬᠢᠵᠦ ᠪᠠᠶᠢᠨ᠎ᠠ︖ \ ᠠᠢ ᠠᠢ ᠠᠢ \ ᠪᠢ ᠳᠠᠭᠤᠤ ᠰᠤᠷᠴᠦ ᠪᠠᠶᠢᠨ᠎ᠠ ︾ ᠭᠡᠬᠦ ᠪᠤᠭᠤᠨᠢᠬᠠᠨ ᠳᠠᠭᠤᠤ ᠶᠢᠨ | ᠦᠭᠡ ᠪᠠᠷ ᠵᠢᠱᠢᠶᠠᠯᠡᠵᠦ᠂ ᠨᠠᠶᠢᠷᠠᠭᠤᠯᠤᠭᠴᠢ ᠶᠢᠨ ᠪᠤᠶᠤ ᠲᠤᠰ ᠳᠠᠭᠤᠤ ᠶᠢᠨ ᠦᠭᠡ ᠳᠤ ᠤᠷᠤᠰᠢᠵᠦ ᠪᠠᠶᠢᠭ᠎ᠠ | ᠦᠨᠳᠦᠰᠦᠳᠡᠨ ᠤ ᠢᠷᠠᠭᠤ ᠰᠠᠶᠢᠬᠠᠨ ᠦᠭᠡ ᠬᠡᠯᠡ᠂ ᠵᠠᠩ ᠵᠠᠩᠰᠢᠯ᠂ ᠰᠡᠳᠬᠢᠬᠦᠢ ᠪᠠᠨ ᠠᠯᠳᠠᠵᠦ ᠪᠠᠶᠢᠭ᠎ᠠ ᠬᠦᠨᠳᠦ | ᠨᠤᠴᠢᠳᠠᠢ ᠠᠰᠠᠭᠤᠳᠠᠯ ᠢ ᠬᠦᠴᠦᠳᠠᠢ ᠪᠤᠷᠤᠭᠤᠰᠢᠶᠠᠨ ᠰᠢᠭᠦᠮᠵᠢᠯᠡᠵᠡᠢ᠃ ᠲᠡᠶᠢᠮᠤ ᠡ᠂ ᠬᠢᠳᠠᠳ ᠵᠤᠬᠢᠶᠠᠯ ᠢ | ᠮᠢᠬᠠᠴᠢᠯᠠᠨ ᠤᠷᠴᠢᠭᠤᠯᠵᠦ ᠰᠤᠷᠬᠤ ᠪᠢᠴᠢᠭ ᠲᠤ ᠬᠠᠰᠢ ᠶᠠᠰᠢ ᠪᠠᠷ ᠤᠷᠤᠭᠤᠯᠵᠦ ᠪᠠᠶᠢᠭ᠎ᠠ ᠶᠠᠪᠤᠳᠠᠯ ᠪᠤᠯ | ᠦᠨᠳᠦᠰᠦᠳᠡᠨ ᠤ ᠬᠡᠯᠡ ᠰᠤᠶᠤᠯ ᠢᠶᠠᠨ ᠭᠠᠵᠢᠭᠤᠳᠠᠭᠤᠯᠤᠨ ᠦᠭᠡᠶᠢᠬᠢᠵᠦ ᠪᠠᠶᠢᠭ᠎ᠠ ᠶᠠᠪᠤᠳᠠᠯ ᠮᠦᠨ᠂ ᠦᠷ᠎ᠡ | ᠬᠤᠶᠢᠴᠢᠰ ᠪᠠᠨ ᠴᠢᠰᠤ ᠦᠭᠡᠢ ᠠᠯᠠᠵᠤ ᠪᠠᠶᠢᠭ᠎ᠠ ᠶᠠᠪᠤᠳᠠᠯ ᠮᠦᠨ᠃ | ᠵᠠᠷᠢᠮ ᠬᠦᠮᠦᠰ ᠤᠨ ᠬᠡᠯᠡᠬᠦ ᠪᠠᠷ ᠡᠨᠡ ᠪᠤᠯ ᠬᠢᠳᠠᠳ ᠲᠠᠭᠤᠤ ᠶᠢᠨ ᠦᠭᠡ ᠶᠢ ᠤᠷᠴᠢᠭᠤᠯᠤᠭᠰᠠᠨ ᠵᠦᠢᠯ | ᠭᠡᠵᠦ ᠪᠠᠶᠢᠨ᠎ᠠ᠃ ᠤᠷᠴᠢᠭᠤᠯᠤᠭᠰᠠᠨ ᠵᠦᠢᠯ ᠪᠠᠶᠢᠵᠤ ᠪᠤᠯᠤᠨ᠎ᠠ᠂ ᠭᠡᠪᠡᠴᠦ ᠤᠷᠴᠢᠭᠤᠯᠭ᠎ᠠ ᠤᠨ ᠵᠦᠢᠯ ᠪᠤᠯᠤᠭᠰᠠᠨ | ᠴᠤ ᠵᠠᠪᠠᠯ ᠮᠤᠩᠭᠤᠯ ᠦᠭᠡ ᠬᠡᠯᠯᠡᠭᠡ᠂ ᠮᠤᠩᠭᠤᠯ ᠰᠡᠳᠬᠢᠬᠦᠢ᠂ ᠮᠤᠩᠭᠤᠯ ᠵᠠᠩ ᠠᠷᠠᠨᠰᠢᠨ ᠳᠤ ᠨᠡᠶᠢᠴᠡᠭᠦᠯᠦᠨ | ᠤᠷᠴᠢᠭᠤᠯᠤᠭᠰᠠᠨ ᠪᠠᠶᠢᠬᠤ ᠬᠡᠷᠡᠭᠳᠡᠢ᠃ ᠦᠴᠦᠬᠡᠨ ᠪᠢ ᠬᠡᠳᠦᠶᠢᠪᠡᠷ ᠰᠤᠷᠬᠤ ᠪᠢᠴᠢᠭ ᠢ ᠨᠠᠶᠢᠷᠠᠭᠤᠯᠳᠠᠭ ᠪᠠᠭᠰᠢ | ᠶᠢᠨ ᠪᠠᠭᠰᠢ ᠬᠦᠮᠦᠨ ᠪᠢᠰᠢ ᠪᠤᠯᠪᠠᠴᠦ ᠬᠠᠷᠢᠨ ᠡᠨᠡᠬᠦ ᠳᠠᠭᠤᠤ ᠶᠢᠨ ᠦᠭᠡ ᠶᠢ ︽ᠬᠤᠶᠠᠷ ᠬᠦᠭᠡᠷᠦᠬᠡᠨ ᠪᠦᠦᠪᠠᠢ \ | ᠬᠠᠷᠢᠯᠴᠠᠨ ᠤᠳᠠᠰᠤᠳᠠᠵᠦ ᠪᠠᠶᠢᠨ᠎ᠠ \ ᠰᠠᠶᠢᠨ ᠪᠠᠶᠢᠨ᠎ᠠ ᠤᠤ ᠰᠠᠶᠢᠨ ᠪᠠᠶᠢᠨ᠎ᠠ ᠤᠤ \ ᠰᠠᠶᠢᠨ ᠪᠠᠶᠢᠨ᠎ᠠ ᠰᠠᠶᠢᠨ | ᠪᠠᠶᠢᠨ᠎ᠠ \ ᠰᠠᠶᠢᠬᠠᠨ ᠳᠠᠭᠤᠤ ᠰᠤᠷᠴᠦ ᠪᠠᠶᠢᠨ᠎ᠠ ᠪᠢ︾ ᠭᠡᠵᠦ ᠮᠤᠩᠭᠤᠯᠵᠢᠭᠤ ᠤᠷᠴᠢᠭᠤᠯᠵᠦ ᠪᠤᠯᠤᠮᠠᠷ ᠪᠠᠶᠢᠨ᠎ᠠ᠃ | ᠨᠠᠳᠠ ᠠᠴᠠ ᠨᠡᠩ ᠰᠠᠶᠢᠨ ᠤᠷᠴᠢᠭᠤᠯᠬᠤ ᠡᠷᠳᠡᠮᠳᠡᠨ ᠮᠡᠷᠭᠡᠳ ᠪᠠᠶᠢᠬᠤ ᠯᠡ ᠳ᠋ᠠ᠂ ᠶᠠᠭᠤ ᠭᠡᠵᠦ ᠰᠤᠷᠬᠤ ᠪᠢᠴᠢᠭ ᠢ | ᠡᠨᠡ ᠮᠡᠳᠤ ᠪᠤᠯᠬᠢ ᠪᠦᠳᠦᠭᠦᠯᠢᠭ ᠢᠶᠠᠷ ᠤᠷᠴᠢᠭᠤᠯᠤᠨ ᠦᠢᠯᠡᠳᠳᠡᠭ ᠪᠤᠢ︖ ᠲᠤᠰ ᠠᠰᠠᠭᠤᠳᠠᠯ ᠪᠤᠯ ᠡᠩ ᠤᠨ | ᠠᠰᠠᠭᠤᠳᠠᠯ ᠪᠢᠰᠢ᠂ ᠵᠢᠵᠢᠭ ᠠᠰᠠᠭᠤᠳᠠᠯ ᠪᠢᠰᠢ᠂ ᠬᠠᠷᠢᠨ ᠦᠨᠳᠦᠰᠦᠳᠡᠨ ᠤ ᠬᠡᠯᠡ ᠰᠤᠶᠤᠯ ᠪᠤᠯᠤᠨ ᠬᠤᠶᠢᠴᠢ | ᠦᠶ᠎ᠡ ᠳᠤ ᠪᠠᠨ ᠬᠠᠷᠢᠭᠤᠴᠠᠯᠭ᠎ᠠ ᠠᠯᠳᠠᠵᠦ ᠪᠠᠶᠢᠭ᠎ᠠ ᠬᠦᠨᠳᠤ ᠨᠤᠴᠢᠳᠠᠢ ᠠᠰᠠᠭᠤᠳᠠᠯ ᠮᠦᠨ᠃ | ᠲᠡᠭᠡᠭᠡᠳ ᠪᠢ ᠡᠨᠡᠬᠦ ᠵᠤᠬᠢᠶᠠᠯ ᠢ ᠮᠢᠨᠤ ᠲᠠᠨᠢᠳᠠᠭ ᠭᠡᠳᠦᠨ ᠬᠡᠪᠯᠡᠯ ᠤᠨ ᠬᠤᠷᠢᠶᠠᠨ ᠤ ᠨᠠᠶᠢᠷᠠᠭᠤᠯᠤᠭᠴᠢᠳ | ᠲᠤ ᠸᠠᠶᠢᠴᠠᠲ ᠪᠠᠷ ᠲᠠᠮᠵᠢᠭᠤᠯᠤᠨ ᠢᠯᠡᠭᠡᠵᠦ᠂ ᠡᠳᠡᠭᠡᠷ ᠠᠰᠠᠭᠤᠳᠠᠯ ᠤᠨ ᠲᠤᠬᠠᠢ ᠴᠤᠬᠤᠰ ᠶᠠᠷᠢᠯᠴᠠᠭᠰᠠᠨ ᠶᠤᠮ᠃ | ᠡᠳᠡᠭᠡᠷ ᠶᠠᠷᠢᠯᠴᠠᠭ᠎ᠠ ᠶᠢᠨ ᠠᠭᠤᠯᠭ᠎ᠠ ᠶᠢ ᠬᠤᠷᠢᠶᠠᠩᠭᠤᠶᠢᠯᠠᠪᠠᠯ᠄ | 1. ᠤᠳᠤ ᠶᠢᠨ ᠰᠤᠷᠬᠤ ᠪᠢᠴᠢᠭ ᠲᠤ ᠮᠠᠰᠢ ᠤᠯᠠᠨ ᠠᠰᠠᠭᠤᠳᠠᠯ ᠤᠷᠤᠰᠢᠵᠦ ᠪᠠᠶᠢᠨ᠎ᠠ᠃ ᠡᠳᠡᠭᠡᠷ | ᠠᠰᠠᠭᠤᠳᠠᠯ ᠨᠢ ᠨᠠᠷᠢᠨ ᠪᠤᠳᠤᠯᠢᠶᠠᠨᠳᠠᠢ ᠪᠠᠶᠢᠳᠠᠭ ᠪᠦᠭᠡᠳ ᠵᠠᠰᠠᠨ ᠵᠠᠯᠠᠷᠠᠭᠤᠯᠬᠤ ᠳᠤ ᠵᠤᠬᠢᠬᠤ ᠦᠭᠡᠷᠡᠴᠢᠯᠡᠯᠳᠡ᠂ | ᠵᠤᠬᠢᠬᠤ ᠴᠠᠭ ᠪᠤᠯᠤᠨ ᠶᠠᠪᠤᠴᠠ ᠶᠢ ᠦᠡᠭᠭᠡᠷᠡᠭᠡᠬᠦ ᠬᠡᠷᠡᠭᠳᠠᠢ᠃ | 2. ᠤᠳᠤ ᠶᠢᠨ ᠰᠤᠷᠬᠤ ᠪᠢᠴᠢᠭ ᠲᠤ ᠪᠤᠷᠤᠭᠤ ᠦᠰᠦᠭ ᠮᠠᠰᠢ ᠤᠯᠠᠨ ᠪᠠᠶᠢᠨ᠎ᠠ︔ ᠦᠨᠳᠦᠰᠦᠳᠡᠨ ᠤ | ᠲᠡᠦᠬᠡ ᠰᠤᠶᠤᠯ᠂ ᠵᠠᠩ ᠵᠠᠩᠰᠢᠯ᠂ ᠦᠪᠡᠷᠮᠢᠴᠠ ᠦᠭᠡ ᠬᠡᠯᠡᠯᠭᠡ ᠳᠤ ᠨᠡᠶᠢᠴᠡᠬᠦ ᠦᠭᠡᠢ ᠬᠡᠯᠡ ᠬᠡᠯᠡᠯᠭᠡ ᠪᠤᠶᠤ ᠮᠠᠰᠢ | ᠤᠨᠤᠪᠴᠢ ᠦᠭᠡᠢ ᠤᠷᠴᠢᠭᠤᠯᠭ᠎ᠠ ᠶᠢᠨ ᠬᠡᠯᠡ ᠬᠡᠯᠡᠯᠭᠡ᠂ ᠨᠡᠷ᠎ᠡ ᠲᠤᠮᠢᠶ᠎ᠠ ᠬᠠᠷᠠᠭᠳᠠᠵᠦ ᠪᠠᠶᠢᠨ᠎ᠠ᠃ ᠤᠨᠴᠠᠭᠠᠶᠢᠯᠠᠨ | ᠮᠤᠩᠭᠤᠯ ᠤᠨ ᠨᠡᠭᠦᠳᠡᠯ ᠤᠨ ᠰᠤᠶᠤᠯ ᠪᠤᠯᠪᠠᠰᠤᠨ ᠳᠤ ᠯᠡ ᠪᠠᠶᠢᠳᠠᠭ ᠮᠠᠰᠢ ᠪᠠᠶᠠᠯᠢᠭ᠂ ᠮᠠᠰᠢ ᠦᠪᠡᠷᠮᠢᠴᠠ ᠦᠭᠡ | ᠬᠡᠯᠡᠯᠭᠡ ᠭᠡᠭᠡᠭᠳᠡᠵᠦ ᠪᠠᠶᠢᠨ᠎ᠠ᠃ | 3. ᠰᠤᠷᠬᠤ ᠪᠢᠴᠢᠭ ᠤᠨ ᠬᠢᠷᠢ ᠭᠡᠮ ᠢ ᠪᠠᠳᠤᠯᠠᠬᠤ ᠪᠦᠳᠦᠮᠵᠢ ᠲᠠᠢ ᠠᠷᠭ᠎ᠠ ᠠᠪᠴᠢᠯ ᠪᠤᠯᠤᠨ | ᠬᠠᠮᠢᠶᠠᠷᠤᠯᠳᠠ ᠶᠢᠨ ᠠᠷᠭ᠎ᠠ ᠪᠠᠷᠢᠯ ᠲᠤᠳᠠᠭᠳᠠᠵᠦ ᠪᠠᠶᠢᠨ᠎ᠠ᠃ | 4. ᠨᠠᠶᠢᠷᠠᠭᠤᠯᠤᠭᠴᠢ ᠬᠠᠷᠢᠭᠤᠴᠠᠯᠭ᠎ᠠ ᠠᠯᠳᠠᠵᠦ ᠪᠠᠶᠢᠭ᠎ᠠ ᠠᠰᠠᠭᠤᠳᠠᠯ ᠪᠤᠯ ᠮᠠᠨ ᠤ ᠬᠡᠪᠡᠯᠡᠯ ᠤᠨ | ᠡᠳᠡᠭᠡᠳ ᠲᠤ ᠨᠡᠶᠢᠳᠡᠮ ᠤᠷᠤᠰᠢᠵᠦ ᠪᠠᠶᠢᠭ᠎ᠠ ᠠᠰᠠᠭᠤᠳᠠᠯ ᠮᠦᠨ᠃ ᠵᠠᠷᠢᠮ ᠡᠷᠬᠢᠯᠡᠭᠴᠢ ᠨᠠᠶᠢᠷᠠᠭᠤᠯᠤᠭᠴᠢ ᠵᠦᠪᠬᠡᠨ | ᠬᠦᠮᠦᠨ ᠬᠤᠭᠤᠷᠤᠨᠳᠤ ᠶᠢᠨ ᠬᠠᠷᠢᠴᠠᠭ᠎ᠠ ᠶᠢ ᠴᠢᠬᠤᠯᠠᠴᠢᠯᠠᠵᠦ ᠳᠠᠷᠤᠭ᠎ᠠ ᠪᠤᠯᠵᠦ ᠲᠡᠭᠡᠭᠰᠢ ᠲᠠᠪᠰᠢᠬᠤ ᠶᠢ ᠪᠤᠳᠤᠬᠤ | ᠠᠴᠠ ᠪᠢᠰᠢ᠂ ᠲᠤᠬᠠᠶᠢᠯᠠᠭᠰᠠᠨ ᠠᠵᠢᠯ ᠤᠨ ᠬᠠᠷᠢᠭᠤᠴᠠᠯᠭ᠎ᠠ ᠪᠠᠷ ᠲᠤᠳᠠᠮᠠᠭ ᠪᠠᠶᠢᠵᠦ᠂ ᠦᠪᠡᠷ ᠤᠨ ᠬᠠᠷᠢᠭᠤᠴᠠᠵᠦ | ᠪᠠᠶᠢᠭ᠎ᠠ ᠰᠤᠷᠬᠤ ᠪᠢᠴᠢᠭ ᠤᠨ ᠬᠢᠷᠢ ᠭᠡᠮ ᠢ ᠰᠠᠶᠢᠳᠤᠷ ᠬᠢᠨᠠᠨ ᠰᠢᠭᠦᠵᠦ ᠦᠵᠡᠬᠦ ᠦᠭᠡᠢ᠂ ᠬᠠᠷᠢᠨ ᠨᠡᠶᠢᠭᠡᠮ ᠤᠨ | ᠬᠠᠷᠢᠴᠠᠭ᠎ᠠ ᠪᠤᠶᠤ ᠪᠤᠰᠤᠳ ᠶᠠᠪᠤᠳᠠᠯ ᠳᠤ ᠶᠠᠭᠠᠷᠴᠦ ᠪᠠᠶᠢᠨ᠎ᠠ᠃ | 5. ᠨᠢᠭᠡ ᠪᠦᠯᠦᠭ ᠰᠢᠯᠢᠳᠡᠭ ᠠᠬᠠᠮᠠᠳ ᠨᠠᠶᠢᠷᠠᠭᠤᠯᠤᠭᠴᠢᠳ ᠠᠵᠢᠯ ᠤᠨ ᠠᠮᠠᠷᠠᠯᠳᠠ ᠪᠠᠨ ᠠᠪᠤᠭᠰᠠᠨ ᠤ | ᠬᠠᠷᠠᠭ᠎ᠠ ᠪᠠᠷ᠂ ᠮᠠᠨ ᠤ ᠨᠠᠶᠢᠷᠠᠭᠤᠯᠤᠭᠴᠢ ᠶᠢᠨ ᠡᠩᠨᠡᠭᠡ ᠳᠤ ᠭᠤᠤᠯᠳᠠᠭᠤ ᠵᠠᠯᠠᠭᠤᠴᠤᠳ ᠤᠯᠠᠨ ᠪᠤᠯᠪᠠ᠃ ᠵᠠᠷᠢᠮ | ᠵᠠᠯᠠᠭᠤ ᠨᠠᠶᠢᠷᠠᠭᠤᠯᠤᠭᠴᠢ ᠶᠢᠨ ᠰᠤᠶᠤᠯ ᠤᠨ ᠬᠢᠷᠢ ᠬᠡᠮᠵᠢᠶ᠎ᠡ ᠨᠡᠯᠢᠶᠡᠳ ᠲᠤᠤᠷ᠎ᠠ᠂ ᠤᠨᠴᠠᠭᠠᠶᠢᠯᠠᠨ ᠦᠨᠳᠦᠰᠦᠳᠡᠨ | ᠤ ᠲᠡᠦᠬᠡ ᠰᠤᠶᠤᠯ᠂ ᠵᠠᠩ ᠵᠠᠩᠰᠢᠯ᠂ ᠦᠪᠡᠷᠮᠢᠴᠠ ᠦᠭᠡ ᠬᠡᠯᠡᠯᠭᠡ ᠶᠢ ᠡᠵᠡᠮᠰᠢᠭᠰᠡᠨ ᠲᠠᠯ᠎ᠠ ᠪᠠᠷ ᠬᠦᠢᠴᠡᠳ | ᠦᠭᠡᠢ ᠪᠠᠶᠢᠨ᠎ᠠ᠃ ᠲᠡᠶᠢᠮᠦ ᠠᠴᠠ ᠵᠠᠷᠢᠮ ᠨᠠᠶᠢᠷᠠᠭᠤᠯᠤᠭᠴᠢ ︽ᠪᠦᠭᠦ ᠤᠯᠤᠰ ᠤᠨ ᠬᠡᠪᠯᠡᠯ ᠤᠨ ᠰᠢᠯᠭᠠᠯᠳᠠ︾ ᠳᠤ | ᠬᠢᠷᠢ ᠲᠡᠩᠴᠡᠭᠡ ᠦᠭᠡᠢ᠃ ᠤᠯᠤᠰ ᠤᠨ ᠪᠠᠷᠢᠮᠵᠢᠶ᠎ᠠ ᠶᠢ ᠦᠨᠳᠦᠰᠦᠯᠡᠪᠡᠯ᠂ ᠪᠦᠬᠦ ᠤᠯᠤᠰ ᠤᠨ ᠲᠤᠮᠳᠠ ᠵᠡᠷᠭᠡ | ᠶᠢᠨ ᠰᠢᠯᠳᠠᠭᠠᠯᠳᠠ ᠳᠤ ᠬᠢᠷᠢ ᠭᠦᠷᠪᠡᠯ ᠰᠠᠶ᠋ᠢ ᠨᠢᠭᠡ ᠨᠤᠮ ᠢ ᠬᠠᠷᠢᠭᠤᠴᠠᠨ ᠨᠠᠶᠢᠷᠠᠭᠤᠯᠵᠦ ᠪᠤᠯᠳᠠᠭ ᠪᠦᠭᠡᠳ | ᠠᠩᠬ᠎ᠠ ᠬᠢᠨᠠᠯᠳᠠ ᠶᠢ ᠬᠦᠢᠴᠡᠳᠭᠡᠵᠦ ᠪᠤᠯᠳᠠᠭ · · · · ᠦᠨᠳᠦᠷ ᠵᠡᠷᠭᠡ ᠶᠢᠨ ᠳᠡᠳ᠋ ᠠᠵᠢᠯ ᠮᠡᠷᠭᠡᠵᠢᠯ ᠤᠨ ᠴᠤᠯᠠ | ᠠᠴᠠ ᠲᠡᠭᠡᠭᠰᠢᠬᠢ ᠬᠢᠷᠢ ᠭᠡᠮ ᠲᠠᠢ ᠬᠦᠮᠦᠨ ᠰᠠᠶ᠋ᠢ ᠨᠢᠭᠡᠨ ᠨᠤᠮ ᠳᠤ ᠲᠠᠬᠢᠨ ᠬᠢᠨᠠᠯᠳᠠ ᠬᠢᠵᠦ ᠪᠤᠯᠳᠠᠭ ᠪᠤᠶᠤ | ᠡᠷᠬᠢᠯᠡᠭᠴᠢ ᠪᠤᠯᠵᠦ ᠪᠤᠯᠳᠠᠭ · · · · ᠲᠡᠶᠢᠮᠤ ᠠᠴᠠ ᠶᠠᠷᠢᠶᠠᠨ ᠦᠭᠡᠢ ᠰᠤᠷᠬᠤ ᠪᠢᠴᠢᠭ ᠲᠤ ᠯᠠᠪ ᠤᠯᠠᠨ ᠠᠯᠳᠠᠭ᠎ᠠ | ᠪᠤᠷᠤᠭᠤ ᠪᠠᠶᠢᠬᠤ ᠨᠢ ᠲᠠᠮᠵᠢᠭ ᠦᠭᠡᠢ᠃ | 6. ᠭᠡᠪᠡᠴᠦ ︽ᠪᠦᠭᠦ ᠤᠯᠤᠰ ᠤᠨ ᠬᠡᠪᠯᠡᠯ ᠤᠨ ᠲᠤᠰᠬᠠᠢ ᠮᠡᠷᠭᠡᠵᠢᠯ ᠤᠨ ᠰᠢᠯᠭᠠᠯᠳᠠ︾᠂ ︽ | ᠨᠠᠶᠢᠷᠠᠭᠤᠯᠤᠭᠴᠢ ᠶᠢᠨ ᠬᠢᠷᠢ ᠭᠡᠮ ᠤᠨ ᠰᠢᠯᠭᠠᠯᠳᠠ︾ ᠭᠡᠳᠡᠭ ᠨᠢ ᠴᠤᠯᠤ ᠬᠢᠳᠠᠳ ᠰᠤᠷᠬᠤ ᠪᠢᠴᠢᠭ | ᠨᠠᠶᠢᠷᠠᠭᠤᠯᠬᠤ ᠰᠢᠯᠭᠠᠯᠳᠠ ᠪᠠᠶᠢᠵᠦ᠂ ᠮᠤᠩᠭᠤᠯ ᠰᠤᠷᠬᠤ ᠪᠢᠴᠢᠭ ᠨᠠᠶᠢᠷᠠᠭᠤᠯᠬᠤ ᠪᠤᠶᠤ ᠴᠦᠭᠡᠨ ᠲᠤᠭᠠᠳᠤ | ᠦᠨᠳᠦᠰᠦᠳᠡᠨ ᠤ ᠬᠡᠯᠡ ᠪᠢᠴᠢᠭ ᠢᠶᠠᠷ ᠰᠤᠷᠬᠤ ᠪᠢᠴᠢᠭ ᠨᠠᠶᠢᠷᠠᠭᠤᠯᠬᠤ ᠳᠤ ᠮᠠᠰᠢ ᠵᠤᠬᠢᠴᠠᠬᠤ ᠦᠭᠡᠢ ᠰᠢᠯᠭᠠᠯᠳᠠ | ᠪᠠᠶᠢᠳᠠᠭ᠃ ᠲᠡᠭᠡᠬᠦ ᠳᠤ ᠪᠠᠨ ᠵᠠᠷᠢᠮ ᠠᠭᠤᠯᠭ᠎ᠠ ᠶᠢᠨ ᠲᠠᠯ᠎ᠠ ᠪᠠᠷ ᠶᠠᠮᠠᠷ ᠨᠤᠮ ᠢ ᠬᠡᠪᠯᠡᠪᠡᠯ ᠭᠡᠳᠦᠢ ᠮᠦᠡᠭᠬᠦ ᠤᠯᠳᠠᠭ | ᠭᠡᠬᠦ ᠵᠡᠷᠭᠡ ᠠᠵᠢᠯ ᠮᠡᠷᠭᠡᠵᠢᠯ ᠲᠠᠢ ᠳᠡᠮᠡᠢ ᠬᠤᠯᠪᠤᠭ᠎ᠠ ᠦᠭᠡᠢ ᠵᠦᠢᠯᠡᠰ ᠴᠤ ᠪᠠᠶᠢᠵᠦ᠂ ᠮᠤᠩᠭᠤᠯ ᠬᠡᠯᠡᠨ ᠤ | ᠨᠠᠶᠢᠷᠠᠭᠤᠯᠤᠭᠴᠢ ᠶᠢᠨ ᠬᠢᠷᠢ ᠭᠡᠮ ᠢ ᠬᠢᠨᠠᠨ ᠲᠤᠭᠳᠠᠭᠠᠬᠤ ᠳᠤ ᠶᠠᠮᠠᠷ ᠴᠤ ᠬᠤᠯᠪᠤᠭ᠎ᠠ ᠦᠭᠡᠢ ᠶᠠᠭᠤᠮᠠᠰ ᠪᠠᠶᠢᠳᠠᠭ᠃ | ᠶᠠᠷᠢᠶᠠᠨ ᠦᠭᠡᠢ᠂ ᠲᠤᠰ ᠰᠢᠯᠭᠠᠯᠳᠠ ᠳᠤ ᠬᠡᠷᠬᠢᠨ ᠰᠡᠳᠦᠪ ᠰᠤᠩᠭᠤᠵᠦ ᠲᠦᠯᠦᠪᠵᠢᠭᠦᠯᠬᠦ᠂ ᠡᠬᠡ ᠨᠤᠤᠷᠠᠭ ᠢ | ᠬᠡᠷᠬᠢᠨ ᠬᠢᠨᠠᠵᠦ ᠵᠠᠰᠬᠤ᠂ ᠬᠢᠨᠠᠵᠦ ᠬᠠᠷᠭᠤᠭᠤᠯᠬᠤ᠂ ᠡᠯ᠎ᠡ ᠵᠦᠢᠯ ᠤᠨ ᠵᠢᠷᠤᠭ ᠲᠦᠯᠦᠪᠯᠡᠯᠭᠡ᠂ ᠭᠡᠪᠯᠡᠯ ᠤᠨ | ᠬᠠᠤᠯᠢ᠂ ᠨᠤᠮ ᠤᠨ ᠴᠢᠨᠠᠷ ᠴᠢᠨᠰᠠᠭ᠎ᠠ ᠶᠢ ᠬᠡᠷᠬᠢᠨ ᠪᠠᠳᠤᠯᠠᠨ ᠬᠠᠮᠢᠶᠠᠷᠠᠬᠤ · · · · ᠵᠡᠷᠭᠡ ᠮᠠᠰᠢ ᠨᠠᠷᠢᠨ ᠮᠡᠷᠭᠡᠵᠢᠯ | ᠤᠨ ᠠᠭᠤᠯᠭ᠎ᠠ ᠴᠤ ᠪᠦᠷᠢᠨ ᠪᠠᠶᠢᠳᠠᠭ᠃ ᠭᠡᠪᠡᠴᠦ ᠮᠠᠨ ᠤ ᠨᠠᠶᠢᠷᠠᠭᠤᠯᠤᠭᠴᠢᠳ ᠲᠤ ᠪᠠᠰᠠ ᠡᠨᠡᠬᠦ ᠰᠢᠯᠭᠠᠯᠳᠠ ᠶᠢ | ᠬᠦᠨᠳᠦᠳᠭᠡᠨ ᠦᠵᠡᠬᠦ ᠦᠭᠡᠢ᠂ ᠰᠠᠶᠢᠳᠤᠷ ᠰᠤᠷᠤᠯᠴᠠᠬᠤ ᠦᠭᠡᠢ ᠵᠠᠷᠭᠡ ᠤᠯᠠᠨ ᠨᠠᠵᠠᠭᠠᠢ ᠲᠠᠯ᠎ᠠ ᠴᠤ ᠤᠷᠤᠰᠢᠵᠦ | ᠪᠤᠢ᠃ ᠠᠬᠠᠮᠠᠳ ᠨᠠᠶᠢᠷᠠᠭᠤᠯᠤᠭᠴᠢ ᠨᠠᠷ ᠡᠷᠳᠡᠨ ᠤ ᠬᠢᠳᠠᠳ ᠬᠡᠯᠡ ᠪᠤᠶᠤ ᠮᠤᠩᠭᠤᠯ ᠬᠡᠯᠡ ᠰᠢᠯᠭᠠᠵᠦ ᠠᠵᠢᠯ | ᠮᠡᠷᠭᠡᠵᠢᠯ ᠤᠨ ᠴᠤᠯᠠ ᠪᠠᠨ ᠴᠦᠮ ᠠᠪᠳᠠᠭ ᠪᠠᠶᠢᠭᠰᠠᠨ ᠪᠤᠯ ᠤᠳᠤ ᠵᠠᠯᠠᠭᠤ ᠨᠠᠶᠢᠷᠠᠭᠤᠯᠤᠭᠴᠢᠳ ᠢ ᠪᠦᠬᠦ ᠤᠯᠤᠰ | ᠤᠨ ᠬᠢᠳᠠᠳ ᠬᠡᠯᠡᠨ ᠤ ᠨᠠᠶᠢᠷᠠᠭᠤᠯᠤᠭᠴᠢᠳ ᠤᠨ ᠨᠢᠭᠡᠳᠦᠯᠳᠠᠢ ᠰᠢᠯᠭᠠᠯᠳᠠ ᠪᠠᠷ ᠰᠢᠯᠭᠠᠳᠠᠭ ᠪᠤᠯᠵᠦ ᠬᠠᠰᠢᠭᠠᠳ | ᠲᠠᠯᠪᠢᠴᠢᠬᠠᠵᠠᠢ᠃ ᠡᠭᠦᠨ ᠤ ᠳᠡᠭᠡᠷ᠎ᠡ ᠬᠡᠪᠯᠡᠯ ᠤᠨ ᠬᠤᠷᠢᠶ᠎ᠠ ᠠᠵᠤ ᠠᠬᠤᠶᠢᠯᠠᠯ ᠪᠤᠯᠤᠭᠰᠠᠨ ᠠᠴᠠ ᠬᠤᠶᠢᠰᠢ | ᠵᠦᠪᠬᠡᠨ ᠠᠰᠢᠭ ᠬᠤᠨᠵᠢᠪᠤᠷᠢ ᠶᠢ ᠯᠡ ᠬᠦᠭᠡᠭᠡᠴᠡᠯᠳᠦᠬᠦ ᠬᠠᠨᠳᠤᠰᠢ ᠲᠠᠢ ᠪᠤᠯᠵᠦ᠂ ᠴᠢᠨᠠᠷ ᠴᠢᠨᠰᠠᠭ᠎ᠠ ᠶᠢ | ᠬᠠᠮᠢᠶᠠᠷᠠᠬᠤ ᠪᠠᠷ ᠠᠨᠠᠢ ᠪᠤᠯᠪᠠ᠃ | 7. ᠵᠠᠷᠢᠮ ᠳᠤ ᠪᠠᠨ ᠠᠵᠢᠯ ᠤᠨ ᠴᠢᠬᠤᠯᠠᠴᠢᠯᠠᠭ᠎ᠠ ᠠᠴᠠ ᠪᠤᠯᠵᠦ ᠭᠠᠳᠠᠨ᠎ᠠ ᠠᠴᠠ ᠨᠢᠭᠡ ᠪᠦᠯᠦᠭ | ᠤᠷᠴᠢᠭᠤᠯᠤᠭᠴᠢ ᠶᠢ ᠤᠷᠢᠵᠦ ᠬᠢᠳᠠᠳ ᠬᠡᠯᠡᠨ ᠠᠴᠠ ᠰᠤᠷᠬᠤ ᠪᠢᠴᠢᠭ ᠢ ᠮᠤᠩᠭᠤᠯᠴᠢᠯᠠᠳᠠᠭ᠃ ᠤᠷᠴᠢᠭᠤᠯᠤᠭᠴᠢ | ᠶᠢᠨ ᠬᠢᠷᠢ ᠭᠡᠮ ᠢ ᠤᠮᠳᠠᠭᠠᠶᠢᠯᠠᠭᠰᠠᠨ ᠠᠴᠠ ᠪᠤᠯᠵᠦ ᠰᠤᠷᠬᠤ ᠪᠢᠴᠢᠭ ᠲᠤ ᠬᠠᠶᠠ ᠮᠢᠬᠠᠴᠢᠯᠠᠨ ᠤᠷᠴᠢᠭᠤᠯᠤᠭᠰᠠᠨ | ᠵᠦᠢᠯᠡᠰ ᠪᠤᠶᠤ ᠤᠨᠤᠪᠴᠢ ᠦᠭᠡᠢ ᠢᠨᠢᠶᠡᠳᠦᠮᠳᠠᠢ ᠵᠦᠢᠯᠡᠰ ᠲᠤ ᠬᠠᠷᠠᠭᠳᠠᠬᠤ ᠪᠤᠯᠵᠠᠢ᠃ | 8. ᠮᠠᠨ ᠤ ᠤᠳᠤᠷᠢᠳᠤᠯᠭ᠎ᠠ ᠪᠤᠯᠤᠨ ᠨᠠᠶᠢᠷᠠᠭᠤᠯᠤᠭᠴᠢᠳ ᠪᠠᠰᠠ ᠡᠳᠡᠭᠡᠷ ᠤᠷᠤᠰᠢᠵᠦ ᠪᠠᠶᠢᠭ᠎ᠠ ᠠᠰᠠᠭᠤᠳᠠᠯ | ᠪᠤᠯᠤᠨ ᠨᠡᠶᠢᠭᠡᠮ ᠨᠡᠶᠢᠳᠡ ᠶᠢᠨ ᠰᠠᠨᠠᠯ ᠰᠢᠭᠦᠮᠵᠢ ᠶᠢ ᠴᠦᠮ ᠮᠡᠳᠡᠵᠦ ᠪᠤᠢ᠃ ᠤᠷᠴᠢᠮ ᠰᠤᠷᠬᠤ ᠪᠢᠴᠢᠭ ᠲᠤ | ᠤᠷᠤᠰᠢᠵᠦ ᠪᠠᠶᠢᠭ᠎ᠠ ᠡᠳᠡᠭᠡᠷ ᠠᠰᠠᠭᠤᠳᠠᠯ ᠢ ᠨᠡᠩ ᠶᠡᠭᠡ ᠪᠠᠷ ᠴᠢᠬᠤᠯᠠᠴᠢᠯᠠᠨ ᠦᠵᠡᠵᠦ᠂ ᠰᠤᠷᠭᠠᠨ ᠬᠦᠮᠦᠵᠢᠯ | ᠤᠨ ᠬᠡᠪᠯᠡᠯ ᠤᠨ ᠬᠤᠷᠢᠶᠠᠨ ᠠᠴᠠ ᠬᠡᠪᠯᠡᠭᠰᠡᠨ ᠪᠤᠢ ᠪᠦᠬᠦᠢ ᠨᠤᠮ ᠢ ᠲᠠᠬᠢᠨ ᠬᠢᠨᠠᠨ ᠨᠠᠶᠢᠷᠠᠭᠤᠯᠵᠦ ᠪᠠᠶᠢᠨ᠎ᠠ᠃ | ᠨᠤᠮ ᠨᠢᠭᠡᠪᠦᠷᠢ ᠶᠢ 6 ᠨᠠᠶᠢᠷᠠᠭᠤᠯᠤᠭᠴᠢ ᠪᠠᠭᠰᠢ ᠰᠢᠭᠦᠨ ᠤᠡᠭᠰᠢᠵᠦ ᠪᠤᠢ᠃ ᠪᠠᠰᠠ ᠵᠠᠷᠢᠮ ᠠᠵᠢᠯ ᠠᠴᠠ ᠪᠠᠨ | ᠠᠮᠠᠷᠠᠭᠰᠠᠨ ᠠᠬᠠᠮᠠᠳ ᠨᠡᠶᠢᠷᠠᠭᠤᠯᠤᠭᠴᠢ ᠶᠢ ᠤᠷᠢᠨ ᠵᠠᠯᠠᠵᠦ ᠬᠢᠨᠠᠨ ᠦᠵᠡᠭᠦᠯᠵᠦ ᠪᠤᠢ᠃ ᠰᠤᠷᠬᠤ ᠪᠢᠴᠢᠭ ᠲᠤ | ᠤᠷᠤᠰᠢᠵᠦ ᠪᠠᠶᠢᠭ᠎ᠠ ᠠᠰᠠᠭᠤᠳᠠᠯ ᠪᠤᠶᠤ ᠠᠰᠠᠭᠤᠳᠠᠯ ᠲᠠᠢ ᠰᠤᠷᠬᠤ ᠪᠢᠴᠢᠭ ᠤᠳᠠᠯ ᠦᠭᠡᠢ ᠰᠢᠢᠳᠪᠦᠷᠢᠯᠡᠭᠳᠡᠬᠦ ᠳᠤ | ᠪᠢᠳᠡ ᠪᠠᠳᠤ ᠢᠳᠡᠭᠡᠯ ᠲᠠᠢ ᠪᠠᠶᠢᠨ᠎ᠠ᠃ | ᠲᠡᠭᠡᠷᠡᠬᠢ ᠬᠤᠷᠢᠶᠠᠩᠭᠭᠤᠶᠢᠯᠠᠯ ᠠᠴᠠ ᠪᠢᠳᠡ ᠲᠤᠮᠳᠠᠳᠤ ᠶᠢᠨ ᠤᠨᠴᠠᠯᠢᠭ ᠲᠠᠢ ᠵᠠᠰᠠᠭᠴᠢᠯᠠᠯ ᠤᠨ ᠬᠠᠨᠳᠤᠰᠢ | ᠬᠡᠪᠯᠡᠯ ᠤᠨ ᠬᠤᠷᠢᠶᠠᠨ ᠳᠤ ᠪᠠᠰᠠ ᠬᠦᠨᠳᠤ ᠨᠤᠴᠢᠳᠠᠢ ᠤᠷᠤᠰᠢᠵᠦ ᠪᠠᠶᠢᠭ᠎ᠠ᠂ ᠨᠠᠶᠢᠷᠠᠭᠤᠯᠤᠭᠴᠢᠳ ᠦᠪᠡᠷᠰᠡᠳ | ᠢᠶᠠᠨ ᠲᠤᠰ ᠠᠰᠠᠭᠤᠳᠠᠯ ᠢ ᠶᠠᠭᠤ ᠬᠡᠵᠦ ᠦᠵᠡᠵᠦ ᠪᠠᠶᠢᠬᠤ᠂ ᠬᠡᠷᠬᠢᠨ ᠰᠢᠢᠳᠪᠦᠷᠢᠯᠡᠬᠦ ᠲᠤᠬᠠᠢ ᠶᠠᠭᠠᠬᠢᠵᠦ ᠦᠵᠡᠵᠦ | ᠪᠤᠳᠤᠵᠦ ᠬᠢᠵᠦ ᠪᠠᠶᠢᠭ᠎ᠠ ᠵᠡᠷᠭᠡ ᠶᠢ ᠤᠯᠵᠦ ᠮᠡᠳᠡᠵᠦ ᠪᠤᠯᠤᠨ᠎ᠠ᠃ | ᠲᠡᠶᠢᠮᠦ ᠡ᠂ ᠬᠡᠪᠯᠡᠯ ᠤᠨ ᠬᠤᠷᠢᠶ᠎ᠠ ᠪᠤᠯ ᠮᠦᠨ ᠶᠡᠭᠡ ᠲᠡᠭᠡᠳᠤ ᠰᠤᠷᠭᠠᠭᠤᠯᠢ ᠲᠠᠢ ᠠᠳᠠᠯᠢ ᠪᠠᠷ ᠠᠵᠢᠯ ᠮᠡᠷᠭᠡᠵᠢᠯ | ᠤᠨ ᠪᠠᠶᠢᠭᠤᠯᠤᠮᠵᠢ ᠪᠤᠯᠬᠤ ᠠᠴᠠ ᠪᠢᠰᠢ ᠵᠠᠰᠠᠭ ᠤᠨ ᠤᠷᠳᠤᠨ ᠪᠢᠰᠢ᠃ ᠬᠦᠭᠵᠢᠭᠰᠡᠨ ᠤᠯᠤᠰ ᠤᠷᠤᠨ ᠤ ᠶᠡᠭᠡ | ᠲᠡᠭᠡᠳᠤ ᠰᠤᠷᠭᠠᠭᠤᠯᠢ ᠶᠢᠨ ᠡᠯ᠎ᠡ ᠰᠠᠯᠪᠤᠷᠢ ᠬᠦᠷᠢᠶᠡᠯᠠᠩ ᠤᠨ ᠡᠷᠬᠢᠯᠡᠭᠴᠢ ᠨᠢ ᠡᠷᠬᠡᠪᠰᠢ ᠬᠤᠯᠪᠤᠭᠳᠠᠯ ᠪᠦᠬᠦᠢ | ᠲᠤᠰᠬᠠᠢ ᠮᠡᠷᠭᠡᠵᠢᠯ ᠤᠨ ᠡᠷᠳᠡᠮ ᠰᠢᠨᠵᠢᠯᠡᠭᠡᠨ ᠤ ᠳᠠᠭᠠᠭᠤᠯᠤᠭᠴᠢ ᠡᠷᠳᠡᠮᠳᠡᠨ ᠪᠠᠶᠢᠬᠤ ᠬᠡᠷᠡᠭᠳᠠᠢ ᠪᠠᠶᠢᠳᠠᠭ ᠲᠠᠢ | ᠠᠳᠠᠯᠢ ᠪᠠᠷ᠂ ᠬᠡᠪᠯᠡᠯ ᠤᠨ ᠬᠤᠷᠢᠶᠠᠨ ᠤ ᠡᠯ᠎ᠡ ᠬᠡᠯᠳᠡᠰ ᠤᠨ ᠡᠷᠬᠢᠯᠡᠭᠴᠢ ᠨᠠᠷ ᠨᠢ ᠪᠠᠰᠠ ᠨᠢᠭᠡᠨ ᠲᠤᠰᠬᠠᠢ | ᠮᠡᠷᠭᠡᠵᠢᠯ ᠤᠨ ᠠᠬᠠᠮᠠᠳ ᠡᠷᠳᠡᠮᠳᠡᠳ ᠪᠠᠶᠢᠬᠤ ᠶᠤᠰᠤᠳᠠᠢ᠃ ᠲᠤᠤᠷ᠎ᠠ ᠨᠢ ᠠᠵᠢᠯᠯᠠᠳᠠᠭ ᠨᠠᠶᠢᠷᠠᠭᠤᠯᠤᠭᠴᠢ ᠨᠠᠷ ᠨᠢ | ᠭᠡᠳ ᠬᠢᠷᠢ ᠲᠡᠭᠴᠡᠭᠰᠡᠨ ᠫᠧᠷᠤᠹᠧᠰᠰᠤᠷ ᠨᠠᠷ ᠲᠠᠢ ᠠᠳᠠᠯᠢ ᠪᠠᠷ ᠵᠤᠬᠢᠬᠤ ᠨᠢᠭᠡᠨ ᠲᠤᠰᠬᠠᠢ ᠮᠡᠷᠭᠡᠵᠢᠯ ᠳᠤ ᠨᠡᠪᠳᠡᠷᠬᠡᠢ | ᠂ ᠬᠡᠯᠡ ᠪᠢᠴᠢᠭ᠂ ᠲᠡᠦᠬᠡ ᠰᠤᠶᠤᠯ ᠤᠨ ᠮᠡᠳᠡᠯᠭᠡ ᠪᠠᠷ ᠬᠦᠨ ᠠᠬᠠᠮᠠᠳ ᠬᠦᠮᠦᠰ ᠠᠴᠠ ᠪᠦᠷᠢᠯᠳᠦᠭᠰᠡᠨ ᠪᠠᠶᠢᠬᠤ | ᠶᠤᠰᠤᠳᠠᠢ ᠶᠤᠮ᠃ | ᠡᠬᠦᠨ ᠠᠴᠠ ᠭᠠᠳᠠᠨ᠎ᠠ᠂ ᠡᠯ᠎ᠡ ᠲᠡᠰ ᠤᠨ ᠮᠤᠩᠭᠤᠯ ᠰᠤᠷᠬᠤ ᠪᠢᠴᠢᠭ ᠢ ᠨᠠᠶᠢᠷᠠᠭᠤᠯᠤᠨ ᠵᠤᠬᠢᠶᠠᠬᠤ ᠬᠢᠷᠢ | ᠭᠡᠮ ᠤᠨ ᠪᠦᠬᠦ ᠤᠯᠤᠰ ᠤᠨ ᠪᠠᠷᠢᠮᠵᠢᠶ᠎ᠠ ᠶᠢ ᠲᠤᠭᠳᠠᠭᠠᠵᠦ᠂ ᠡᠯ᠎ᠡ ᠮᠡᠷᠭᠡᠵᠢᠯ ᠤᠨ ᠠᠬᠠᠮᠠᠳ ᠡᠷᠳᠡᠮᠳᠡᠳ ᠠᠴᠠ | ᠪᠦᠷᠢᠯᠳᠦᠭᠰᠡᠨ ᠬᠢᠨᠠᠨ ᠵᠦᠪᠯᠡᠭᠴᠢ ᠶᠢᠨ ᠪᠠᠶᠢᠡᠭᠭᠤ ᠶᠢᠨ ᠲᠤᠭᠤᠶᠢᠯᠠᠩ ᠢ ᠵᠤᠬᠢᠶᠠᠨ ᠪᠠᠶᠢᠭᠤᠯᠵᠦ᠂ ᠰᠠᠶᠢᠳᠤᠷ | ᠬᠢᠨᠠᠨ ᠵᠠᠰᠠᠭᠠᠳ ᠲᠦᠷᠢᠮᠵᠢᠭᠦᠯᠦᠨ ᠪᠤᠯᠪᠠᠰᠤᠷᠠᠭᠤᠯᠵᠦ ᠬᠡᠪᠡᠯᠡᠨ ᠲᠠᠷᠬᠠᠭᠠᠬᠤ ᠬᠡᠷᠡᠭᠳᠡᠢ ᠪᠠᠶᠢᠳᠠᠭ᠃ ᠬᠠᠷᠢᠨ ᠬᠡᠯᠡ | ᠰᠤᠶᠤᠯ ᠢᠶᠠᠨ ᠠᠯᠳᠠᠭᠰᠠᠨ᠂ ᠬᠢᠳᠠᠳ ᠴᠤ ᠪᠢᠰᠢ᠂ ᠮᠤᠩᠭᠤᠯ ᠴᠤ ᠪᠢᠰᠢ ᠬᠤᠶᠠᠷ ᠤᠨ ᠬᠤᠭᠤᠷᠤᠨᠳᠤ ᠭᠤᠷᠪᠠ | ᠶᠢᠨ ᠲᠤᠮᠳᠠᠬᠢ ᠨᠢᠭᠡ ᠬᠤᠶᠠᠷ ᠨᠠᠶᠢᠷᠠᠭᠤᠯᠤᠭᠴᠢ ᠶᠢᠨ ᠬᠤᠤᠨᠳᠤᠭ ᠤᠨ ᠮᠡᠯᠡᠬᠡᠢ ᠶᠢᠨ ᠲᠡᠳᠦᠢ ᠮᠡᠳᠡᠯᠭᠡ ᠪᠠᠷ᠂ | ᠳᠠᠯᠠᠢ ᠪᠠᠶᠠᠯᠢᠭ ᠮᠤᠩᠭᠤᠯ ᠬᠡᠯᠡ ᠰᠤᠶᠤᠯ ᠤᠨ ᠰᠤᠷᠬᠤ ᠪᠢᠴᠢᠭ ᠢ ᠬᠤᠪᠢ ᠶᠢᠨ ᠨᠤᠮ ᠮᠡᠳᠤ ᠦᠪᠡᠷ ᠤᠨ ᠲᠤᠷ᠎ᠠ | ᠪᠠᠷ᠂ ᠬᠢᠯᠪᠡᠷ ᠲᠦᠭᠦᠮ ᠢᠶᠠᠷ᠂ ᠬᠠᠰᠢ ᠶᠠᠰᠢ ᠪᠠᠷ ᠬᠡᠪᠯᠡᠨ ᠲᠠᠷᠬᠠᠭᠠᠵᠦ ᠪᠤᠯᠬᠤ ᠶᠠᠪᠤᠳᠠᠯ ᠤᠭᠳᠤ ᠪᠢᠰᠢ ᠶᠤᠮ᠃ | ᠰᠤᠷᠬᠤ ᠪᠢᠴᠢᠭ ᠨᠠᠶᠢᠷᠠᠭᠤᠯᠬᠤ ᠳᠤ᠂ ᠨᠠᠶᠢᠷᠠᠭᠤᠯᠤᠭᠴᠢ ᠬᠦᠮᠦᠨ ᠡᠷᠬᠡᠪᠰᠢ ᠵᠦᠪ ᠬᠠᠨᠳᠤᠯᠭ᠎ᠠ ᠲᠠᠢ ᠪᠠᠶᠢᠬᠤ | ᠬᠡᠷᠡᠭᠳᠡᠢ᠃ ᠰᠤᠷᠬᠤ ᠪᠢᠴᠢᠭ ᠨᠠᠶᠢᠷᠠᠭᠤᠯᠬᠤ ᠠᠵᠢᠯ ᠪᠤᠯ ᠦᠬᠡ ᠬᠡᠯ᠎ᠠ ᠳᠤ ᠪᠠᠨ ᠬᠠᠷᠢᠭᠤᠴᠠᠨ ᠬᠠᠨᠳᠤᠬᠤ᠂ ᠦᠪ | ᠰᠤᠶᠤᠯ ᠤᠨ ᠤᠯᠠᠮᠵᠢᠯᠠᠯ ᠳᠤ ᠪᠠᠨ ᠬᠠᠷᠢᠭᠤᠴᠠᠨ ᠬᠠᠨᠳᠤᠬᠤ᠂ ᠦᠨᠳᠦᠰᠦᠳᠡᠨ ᠤᠭᠰᠠᠭ᠎ᠠ ᠳᠤ ᠪᠠᠨᠬᠠᠷᠢᠭᠤᠴᠠᠨ | ᠬᠠᠨᠳᠤᠬᠤ᠂ ᠦᠷ᠎ᠡ ᠬᠤᠶᠢᠴᠢᠰ ᠲᠤ ᠪᠠᠨ ᠬᠠᠷᠢᠭᠤᠴᠠᠨ ᠬᠠᠨᠳᠤᠬᠤ ᠬᠦᠨᠳᠤ ᠴᠢᠬᠤᠯᠠ ᠬᠠᠷᠢᠭᠤᠴᠠᠯᠭ᠎ᠠ ᠪᠤᠯᠤᠨ | ᠬᠠᠨᠳᠤᠯᠭ᠎ᠠ ᠭᠡᠳᠡᠭ ᠢ ᠡᠷᠬᠡᠪᠰᠢ ᠲᠠᠨᠢᠵᠦ ᠤᠯᠬᠤ ᠭᠡᠷᠡᠭᠳᠠᠢ᠃ ᠰᠤᠷᠬᠤ ᠪᠢᠴᠢᠭ ᠤᠨ ᠨᠠᠶᠢᠷᠠᠭᠤᠯᠤᠭᠴᠢ ᠪᠤᠯ ᠪᠠᠭᠰᠢ | ᠶᠢᠨ ᠪᠠᠭᠰᠢ ᠮᠦᠨ᠃ ᠪᠠᠭᠰᠢ ᠴᠢᠨᠤ ᠨᠠᠶᠢᠷᠠᠭᠤᠯᠤᠭᠰᠠᠨ ᠰᠤᠷᠬᠤ ᠪᠢᠴᠢᠭ ᠢ ᠬᠡᠷᠡᠭᠯᠡᠵᠦ ᠰᠤᠷᠤᠭᠴᠢᠳ ᠲᠤ ᠡᠳᠦᠷ | ᠪᠦᠷᠢ ᠡᠷᠳᠡᠮ ᠮᠡᠳᠡᠯᠭᠡ ᠵᠢᠭᠠᠳᠠᠭ ᠭᠡᠳᠡᠭ ᠢ ᠮᠠᠷᠳᠠᠵᠦ ᠪᠤᠯᠬᠤ ᠦᠭᠡᠢ᠃ ᠲᠡᠶᠢᠮᠤ ᠪᠤᠯᠬᠤᠷ ᠨᠠᠶᠢᠷᠠᠭᠤᠯᠤᠭᠴᠢ | ᠬᠦᠮᠦᠨ ᠰᠤᠷᠬᠤ ᠪᠢᠴᠢᠭ ᠲᠤ ᠦᠨᠦᠴᠢᠨ ᠲᠤᠰᠤᠯ ᠴᠡᠭ ᠤᠨ ᠠᠯᠳᠠᠭ᠎ᠠ ᠭᠡᠰᠡᠨ ᠴᠤ ᠭᠠᠷᠭᠠᠵᠦ ᠪᠤᠯᠳᠠᠭ ᠦᠭᠡᠢ | ᠶᠤᠮ᠃ | ᠰᠤᠷᠬᠤ ᠪᠢᠴᠢᠭ ᠭᠡᠳᠡᠭ ᠪᠤᠯ ᠬᠡᠯᠡ ᠰᠡᠳᠬᠢᠬᠦᠢ ᠶᠢᠨ ᠲᠦᠪ ᠬᠢᠨᠠᠮᠠᠭᠠᠢ ᠪᠠᠷᠢᠮᠵᠢᠶ᠎ᠠ᠂ ᠰᠤᠶᠤᠯ ᠤᠯᠠᠮᠵᠢᠯᠠᠯ | ᠤᠨ ᠵᠢᠭᠠᠨ ᠵᠢᠯᠤᠭᠤᠳᠤᠯᠭ᠎ᠠ᠂ ᠰᠤᠷᠤᠭᠴᠢ ᠶᠢᠨ ᠭᠠᠷ ᠠᠪᠤᠯᠭ᠎ᠠ ᠶᠢᠨ ᠲᠤᠯᠢ ᠪᠢᠴᠢᠭ᠂ ᠭᠡᠷ — ᠪᠠᠶᠢᠷᠢ — | ᠬᠢᠴᠢᠶᠡᠯ ᠤᠨ ᠭᠡᠷ ᠤᠨ ᠬᠤᠭᠤᠷᠤᠨᠳᠤ ᠬᠡᠵᠢᠶᠡᠳᠠ ᠰᠤᠷᠤᠭᠴᠢ ᠶᠢ ᠲᠠᠭᠠᠨ ᠶᠠᠪᠤᠳᠠᠭ ᠴᠠᠭᠠᠨ ᠴᠠᠭᠠᠰᠤᠨ ᠳᠡᠭᠡᠷ᠎ᠡ | ᠬᠠᠷ᠎ᠠ ᠦᠰᠦᠭ ᠪᠠᠷ ᠲᠤᠷᠠᠶᠢᠵᠦ ᠪᠠᠶᠢᠭ᠎ᠠ ᠳᠠᠭᠤ ᠦᠭᠡᠢ ᠪᠠᠭᠰᠢ ᠶᠤᠮ᠃ ᠲᠡᠶᠢᠮᠦ ᠠᠴᠠ ᠰᠤᠷᠬᠤ ᠪᠢᠴᠢᠭ ᠢ ᠡᠨᠡ | ᠮᠡᠳᠤ ᠬᠠᠰᠢ ᠶᠠᠰᠢ ᠪᠠᠷ ᠶᠠᠭᠠᠬᠢᠭᠰᠠᠨ ᠴᠤ ᠬᠡᠪᠯᠡᠨ ᠲᠠᠷᠬᠠᠭᠠᠵᠤ ᠪᠤᠯᠬᠤ ᠦᠭᠡᠢ᠂ ᠨᠢᠭᠡᠨᠳᠡ ᠬᠡᠪᠯᠡᠨ ᠲᠠᠷᠬᠠᠭᠠᠭᠰᠠᠨ | ᠪᠠᠶᠢᠪᠠᠯ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠬᠠᠤᠯᠢ ᠶᠢᠨ ᠲᠢᠩᠬᠢᠮ ᠳᠤ ᠢᠯᠡᠴᠢᠯᠡᠨ ᠵᠠᠭᠠᠯᠳᠤᠵᠦ | ᠬᠠᠷᠢᠭᠤᠴᠠᠭᠰᠠᠨ ᠨᠠᠶᠢᠷᠠᠭᠤᠯᠤᠭᠴᠢ ᠪᠤᠯᠤᠨ ᠬᠢᠨᠠᠨ ᠵᠠᠰᠠᠭᠴᠢ ᠶᠢᠨ ᠬᠠᠷᠢᠭᠤᠴᠠᠯᠭ᠎ᠠ ᠶᠢ ᠨᠡᠭᠡᠮᠵᠢᠯᠡᠵᠦ᠂ ᠰᠤᠷᠬᠤ | ᠪᠢᠴᠢᠭ ᠤᠨ ᠡᠶᠢᠮᠦᠷᠬᠦᠤ ᠬᠦᠨᠳᠤ ᠨᠤᠴᠢᠳᠠᠢ ᠠᠯᠳᠠᠭ᠎ᠠ ᠪᠤᠷᠤᠭᠤ ᠶᠢ ᠳᠠᠷᠤᠶᠢᠬᠠᠨ ᠵᠠᠰᠠᠨ ᠵᠠᠯᠠᠷᠠᠭᠤᠯᠵᠦ᠂ | ᠦᠨᠳᠦᠰᠦᠳᠡᠨ ᠤ ᠬᠡᠯᠡ ᠪᠢᠴᠢᠭ ᠢᠶᠠᠨ ᠵᠦᠪ ᠢᠶᠠᠷ ᠤᠯᠠᠮᠵᠢᠯᠠᠨ ᠵᠠᠯᠭᠠᠮᠵᠢᠯᠠᠵᠦ᠂ ᠬᠤᠶᠢᠴᠢ ᠦᠶ᠎ᠡ ᠪᠠᠨ ᠪᠤᠷᠤᠭᠤ | ᠪᠠᠷ ᠵᠢᠭᠠᠨ ᠰᠤᠷᠭᠠᠬᠤ ᠠᠴᠠ ᠵᠠᠶᠢᠯᠠᠰᠬᠢᠵᠦ᠂ ᠦᠨᠳᠦᠰᠤᠳᠠᠨ ᠤ ᠬᠡᠯᠡ ᠰᠤᠶᠤᠯ ᠢᠶᠠᠨ ᠢᠡᠭᠬᠢᠵᠦ | ᠭᠠᠵᠢᠭᠤᠳᠠᠭᠤᠯᠤᠨ ᠠᠯᠳᠠᠬᠤ ᠠᠴᠠ ᠬᠢᠴᠢᠶᠡᠬᠦ ᠬᠡᠷᠡᠭᠳᠡᠢ ᠪᠠᠶᠢᠨ᠎ᠠ᠃ | ᠲᠡᠭᠡᠷᠡᠬᠢ ᠶᠠᠷᠢᠯᠴᠠᠭ᠎ᠠ ᠠᠴᠠ ᠤᠯᠵᠦ ᠮᠡᠳᠡᠭᠰᠡᠨ ᠨᠢᠭᠡᠨ ᠰᠠᠶᠢᠨ ᠮᠡᠳᠡᠭᠡ ᠭᠡᠪᠡᠯ ᠦᠪᠦᠷ ᠮᠤᠩᠭᠤᠯ ᠤᠨ | ᠰᠤᠷᠭᠠᠨ ᠬᠦᠮᠦᠵᠢᠯ ᠤᠨ ᠬᠡᠪᠯᠡᠯ ᠤᠨ ᠬᠤᠷᠢᠶᠠᠨ ᠠᠴᠠ ᠬᠡᠪᠯᠡᠭᠰᠡᠨ ᠪᠤᠢ ᠪᠦᠬᠦᠢ ᠨᠤᠮ ᠢ ᠲᠠᠬᠢᠨ ᠬᠢᠨᠠᠨ | ᠨᠠᠶᠢᠷᠠᠭᠤᠯᠵᠦ ᠪᠠᠶᠢᠨ᠎ᠠ ᠭᠡᠨ᠎ᠡ᠃ ᠨᠤᠮ ᠨᠢᠭᠡᠪᠦᠷᠢ ᠶᠢ 6 ᠨᠠᠶᠢᠷᠠᠭᠤᠯᠤᠭᠴᠢ ᠪᠠᠭᠰᠢ ᠰᠢᠭᠦᠨ ᠤᠡᠭᠰᠢᠵᠦ ᠪᠠᠶᠢᠨ᠎ᠠ | ᠭᠡᠨ᠎ᠡ᠃ ᠲᠠᠬᠢᠨ ᠬᠡᠪᠯᠡᠭᠳᠡᠬᠦ ᠰᠤᠷᠬᠤ ᠪᠢᠴᠢᠭ ᠨᠢ ᠯᠠᠪ ᠦᠨᠳᠦᠷ ᠲᠦᠪᠰᠢᠨ ᠳᠤ ᠬᠦᠷᠬᠦ ᠪᠠᠶᠢᠬᠤ ᠭᠡᠳᠡᠭ ᠲᠤ | ᠢᠳᠡᠭᠡᠯ ᠲᠤᠮᠳᠠᠭᠤᠷ ᠪᠤᠯᠪᠠᠴᠦ ᠬᠦᠰᠡᠯ ᠭᠤᠷᠢᠳᠠᠯ ᠲᠠᠢ ᠬᠦᠯᠢᠶᠠᠨ ᠪᠠᠷᠠᠯᠠᠵᠦ ᠪᠤᠢ᠃ | ᠰᠤᠷᠬᠤ ᠪᠢᠴᠢᠭ ᠲᠤ ᠰᠤᠬᠤᠯᠠᠭᠤᠯᠤᠮᠠᠷ ᠪᠠᠶᠢᠭ᠎ᠠ | ᠰᠤᠷᠬᠤ ᠨᠠᠰᠤᠨ ᠤ ᠬᠡᠦᠭᠡᠳ ᠲᠡᠭᠦᠨᠡᠷ ᠮᠢᠨᠢ | ᠬᠤᠷᠤᠢ ᠬᠤᠷᠤᠢ᠂ | ᠰᠡᠷᠡᠯᠵᠢ ᠲᠤᠤᠷ ᠲᠤ ᠬᠤᠷᠢᠭᠳᠠᠨ ᠪᠠᠶᠢᠭ᠎ᠠ | ᠰᠤᠶᠢᠬᠤ ᠨᠠᠰᠤᠨ ᠤ ᠬᠦᠯᠦᠭ ᠮᠤᠷᠢᠳ ᠮᠢᠨᠢ | ᠭᠤᠷᠤᠢ ᠭᠤᠷᠤᠢ᠃ | | | | | | |