| | | | —— ᠲᠠᠪᠬᠤᠷᠪᠠᠶᠠᠷ | | ᠬᠤᠳᠠ ᠪᠠᠯᠭᠠᠰᠤᠨ ᠳᠤ ᠪᠠᠶᠢᠭ᠎ᠠ ᠮᠤᠩᠭᠤᠯ ᠰᠤᠷᠭᠠᠭᠤᠯᠢ ᠨᠢ ᠡᠯᠡᠰᠦᠨ ᠲᠤᠮᠳᠠ ᠬᠢᠯᠡᠯᠵᠠᠭᠰᠠᠨ ᠨᠢᠭᠡᠨ | ᠮᠦᠬᠦᠯᠢᠭ ᠰᠤᠪᠤᠳ ᠬᠡᠮᠡᠷ ᠶᠤᠮ᠃ ᠮᠤᠩᠭᠤᠯ ᠦᠨᠳᠦᠰᠦᠳᠡᠨ ᠤ ᠤᠨᠴᠠᠯᠢᠭ ᠢᠶᠠᠨ ᠲᠤᠪᠤᠶᠢᠯᠭᠠᠬᠤ ᠪᠤᠯ ᠮᠤᠩᠭᠤᠯ | ᠰᠤᠷᠭᠠᠭᠤᠯᠢ ᠶᠢᠨ ᠭᠠᠳᠠᠭᠠᠳᠤ ᠲᠦᠷᠬᠦ ᠠᠴᠠ ᠲᠤᠳᠤᠭᠠᠳᠤ ᠪᠦᠳᠦᠴᠡ ᠳᠤ ᠪᠠᠨ ᠬᠦᠷᠳᠡᠯᠡᠬᠢ ᠡᠷᠬᠡᠪᠰᠢ ᠪᠠᠷᠢᠮᠳᠠᠯᠠᠬᠤ | ᠬᠠᠮᠤᠭ ᠦᠨᠳᠦᠰᠦᠨ ᠱᠠᠭᠠᠷᠳᠠᠯᠭ᠎ᠠ ᠮᠦᠨ᠃ ᠦᠨᠳᠦᠰᠦᠳᠡᠨ ᠤ ᠤᠨᠴᠠᠯᠢᠭ ᠢᠶᠠᠨ ᠵᠦᠪᠬᠡᠨ ᠡᠮᠤᠰᠴᠦ ᠵᠡᠭᠦᠬᠦ ᠲᠡᠯ᠎ᠡ | ᠠᠴᠠ ᠯᠡ ᠪᠢᠰᠢ᠂ ᠬᠠᠷᠢᠨ ᠲᠡᠭᠦᠨ ᠤ ᠰᠤᠶᠤᠯ ᠢᠷᠬᠡᠨᠰᠢᠯ᠂ ᠤᠯᠠᠮᠵᠢᠯᠠᠯ ᠬᠢᠭᠡᠳ ᠰᠢᠨᠡᠴᠢᠯᠡᠯ ᠤᠨ ᠲᠠᠯ᠎ᠠ ᠪᠠᠷ ᠬᠢ | ᠭᠦᠨ ᠨᠠᠷᠢᠯᠢᠭ ᠡᠬᠢ ᠪᠠᠶᠠᠯᠢᠭ ᠢ ᠠᠭᠤᠳᠠᠯᠤᠨ ᠢᠯᠡᠷᠡᠭᠦᠯᠬᠦ ᠪᠠᠷ ᠵᠤᠷᠢᠭᠰᠠᠨ ᠤᠷᠤᠯᠳᠤᠯᠭ᠎ᠠ ᠶᠢᠨ ᠪᠦᠳᠦᠮᠵᠢᠳᠤ | ᠴᠢᠨᠠᠷ ᠠᠴᠠ ᠲᠤᠭᠳᠠᠭᠠᠭᠳᠠᠬᠤ ᠰᠤᠷᠭᠠᠨ ᠬᠦᠮᠦᠵᠢᠯ ᠤᠨ ᠠᠵᠢᠯᠯᠠᠭᠠᠨ ᠪᠤᠯᠬᠤ ᠶᠤᠮ᠃ ᠡᠨᠡ ᠪᠤᠯ ᠮᠤᠩᠭᠤᠯ | ᠰᠤᠷᠭᠠᠭᠤᠯᠢ ᠶᠢᠨ ᠲᠤᠪᠤᠶᠢᠯᠭᠠᠬᠤ ᠬᠠᠮᠤᠭ ᠴᠢᠬᠤᠯᠠ ᠬᠠᠷᠠᠯᠳᠠ ᠪᠤᠯᠬᠤ ᠶᠤᠮ᠃ ᠮᠤᠩᠭᠤᠯ ᠦᠨᠳᠦᠰᠦᠳᠡᠨ ᠤ ᠪᠠᠨ | ᠰᠤᠶᠤᠯ ᠢᠷᠭᠡᠨᠰᠢᠯ ᠳᠤ ᠪᠠᠨ ᠰᠠᠭᠤᠷᠢᠯᠠᠵᠤ᠂ ᠦᠨᠳᠦᠰᠦᠳᠡᠨ ᠤ ᠪᠠᠨ ᠠᠬᠤᠢ ᠤᠷᠴᠢᠨ ᠳᠤ ᠵᠤᠬᠢᠴᠠᠬᠤ ᠶᠢ | ᠢᠮᠡᠭ᠌ᠳᠠ ᠠᠩᠬᠠᠷᠴᠦ᠂ ᠦᠨᠳᠦᠰᠦᠳᠡᠨ ᠤ ᠪᠠᠨ ᠰᠤᠷᠭᠠᠨ ᠬᠦᠮᠦᠵᠢᠯ ᠳᠤ ᠭᠤᠶᠢᠪᠠᠰᠢ ᠦᠭᠡᠢ ᠦᠢᠯᠡᠴᠢᠯᠡᠨ᠂《 | ᠰᠠᠯᠵᠤ ᠪᠤᠯᠤᠰᠢ ᠦᠭᠡᠢ ᠤᠷᠤᠨ᠂ ᠮᠠᠷᠳᠠᠵᠤ ᠪᠤᠯᠤᠰᠢ ᠦᠭᠡᠢ ᠰᠤᠶᠤᠯ》ᠭᠡᠳᠡᠭ ᠢ ᠵᠠᠭᠠᠯ ᠪᠤᠭᠤᠷᠤᠯ ᠠᠴᠠ ᠵᠢᠭᠠᠯ | ᠪᠠᠭᠠᠴᠤᠳ ᠲᠤ ᠬᠦᠷᠳᠡᠯ᠎ᠡ ᠲᠠᠨᠢᠭᠤᠯᠬᠤ ᠶᠠᠪᠤᠳᠠᠯ ᠢ ᠰᠦᠪᠡᠭᠴᠢᠯᠡᠨ ᠬᠢᠬᠦ ᠬᠡᠷᠡᠭᠳᠡᠢ ᠪᠠᠶᠢᠨ᠎ᠠ᠃ ᠪᠢᠳᠡ ᠰᠤᠶᠤᠯ ᠤᠨ | ᠤᠯᠠᠨ ᠲᠠᠯᠠᠳᠤ ᠴᠢᠨᠠᠷ᠂ ᠤᠯᠠᠨ ᠡᠰᠢᠳᠤ ᠰᠤᠶᠤᠯ ᠤᠨ ᠬᠦᠭᠵᠢᠯᠳᠡ ᠳᠤ ᠠᠯᠬᠤᠮ ᠢᠶᠠᠨ ᠵᠤᠬᠢᠴᠠᠭᠤᠯᠵᠤ | ᠰᠤᠷᠤᠭᠴᠢᠳ ᠢᠶᠠᠨ ᠬᠦᠮᠦᠵᠢᠭᠦᠯᠬᠦ ᠪᠤᠯ ᠤᠨᠴᠠᠯᠢᠭᠳᠤ ᠰᠤᠷᠭᠠᠭᠤᠯᠢ ᠶᠢ ᠪᠦᠳᠦᠭᠡᠨ ᠪᠠᠶᠢᠭᠤᠯᠬᠤ ᠶᠢᠨ ᠮᠠᠰᠢ | ᠴᠢᠬᠤᠯᠠ ᠶᠠᠪᠤᠳᠠᠯ ᠪᠤᠯᠬᠤ ᠶᠤᠮ ᠭᠡᠵᠤ ᠲᠠᠨᠢᠵᠤ ᠪᠠᠶᠢᠨ᠎ᠠ᠃ ᠮᠤᠩᠭᠤᠯ ᠰᠤᠶᠤᠯ ᠤᠨ ᠨᠡᠭᠦᠳᠡᠯᠴᠢ ᠴᠢᠨᠠᠷ᠂ | ᠬᠦᠳᠡᠯᠭᠡᠭᠡᠨᠳᠤ ᠴᠢᠨᠠᠷ ᠪᠠ ᠪᠤᠰᠤᠳ ᠰᠤᠶᠤᠯ ᠤᠨ ᠮᠤᠵᠢᠭᠤᠳᠠ ᠲᠦᠷᠢᠮᠡᠬᠡᠢ ᠴᠢᠨᠠᠷ ᠠᠴᠠ ᠪᠤᠯᠵᠤ ᠦᠨᠳᠦᠰᠦᠳᠡᠨ ᠤ | ᠤᠨᠴᠠᠯᠢᠭ ᠪᠠᠯᠠᠷᠬᠠᠶᠢᠰᠢᠨ ᠤᠰᠠᠳᠴᠦ ᠪᠠᠶᠢᠭ᠎ᠠ ᠪᠠᠶᠢᠳᠠᠯ ᠳᠤ ᠵᠦᠪ ᠤᠨᠤᠰᠢᠯᠠᠨ ᠵᠦᠭ ᠴᠢᠭᠯᠡᠯ ᠢᠶᠠᠨ ᠵᠦᠪ | ᠰᠤᠩᠭᠤᠬᠤ ᠪᠤᠯ ᠰᠤᠷᠭᠠᠨ ᠬᠦᠮᠦᠵᠢᠯ ᠤᠨ ᠠᠵᠢᠯᠳᠠᠨ ᠪᠤᠯᠤᠭᠰᠡᠳ ᠤᠨ ᠬᠡᠨ ᠨᠢᠭᠡᠪᠤᠷᠢ ᠶᠢᠨ ᠡᠭᠦᠷᠭᠡ | ᠬᠠᠷᠢᠭᠤᠴᠠᠯᠭ᠎ᠠ ᠮᠦᠷᠳᠡᠭᠡᠨ ᠡᠷᠭᠡ ᠪᠤᠯᠭᠠᠵᠤ ᠬᠡᠷᠡᠭᠯᠡᠬᠦ ᠤᠴᠢᠷ ᠶᠤᠮ᠃ ᠦᠨᠳᠦᠰᠦᠳᠡᠨ ᠤ ᠦᠭᠡ ᠬᠡᠯᠡᠨ ᠤ ᠠᠮᠳᠠ | ᠰᠢᠮ᠎ᠡ ᠶᠢ ᠠᠭᠤᠳᠠᠯᠤᠨ ᠢᠯᠡᠷᠡᠭᠦᠯᠵᠤ᠂ ᠷᠢᠳᠢ ᠰᠢᠳᠢ ᠶᠢ ᠨᠢ ᠰᠢᠮᠡᠳᠬᠡᠨ ᠭᠠᠶᠢᠬᠠᠭᠤᠯᠬᠤ ᠨᠢ ᠵᠢᠭᠠᠨ ᠰᠤᠷᠭᠠᠯᠳᠠ᠂ | ᠨᠡᠩ ᠢᠯᠠᠩᠭᠤᠶ᠎ᠠ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠳᠠ ᠳᠤ ᠲᠦᠯᠬᠢᠴᠡ ᠪᠤᠯᠬᠤ ᠨᠢ ᠶᠠᠷᠢᠶᠠᠨ ᠦᠭᠡᠢ᠃ | ᠠᠬᠤᠢ ᠤᠷᠴᠢᠨ ᠪᠤᠯ ᠭᠡᠤᠭᠡᠳ ᠤᠨ ᠬᠦᠭᠵᠢᠯᠳᠠ ᠶᠢᠨ ᠬᠡᠯᠡ ᠦᠭᠡᠢ ᠪᠠᠭᠰᠢ ᠶᠤᠮ᠃ | ᠪᠢᠳᠡ ᠰᠠᠭᠤᠷᠢ ᠰᠤᠷᠭᠠᠨ ᠬᠦᠮᠦᠵᠢᠯ ᠤᠨ ᠬᠢᠴᠢᠶᠡᠯ ᠤᠨ ᠦᠭᠡᠷᠡᠴᠢᠯᠡᠯᠳᠡ ᠶᠢ ᠦᠷᠭᠦᠯᠵᠢᠯᠡᠨ ᠯᠠᠪᠳᠠᠭᠤᠨ | ᠪᠠᠳᠤᠳᠠᠢ ᠬᠢᠬᠦ ᠶᠢ ᠪᠠᠷᠢᠮᠳᠠᠯᠠᠵᠤ᠂ ᠶᠠᠭᠠᠬᠢᠭᠰᠠᠨ ᠴᠦ ᠰᠤᠬᠤᠷ ᠪᠠᠯᠠᠢ ᠪᠠᠷ᠂ ᠭᠡᠨᠡᠨ ᠪᠠᠯᠠᠮᠠᠳ ᠢᠶᠠᠷ᠂ ᠡᠰᠡᠭᠦᠯ᠎ᠡ | ᠬᠦᠡᠭᠭᠡᠨ ᠬᠠᠭᠤᠳᠠᠮ ᠢᠶᠠᠷ ᠬᠠᠨᠳᠤᠬᠤ ᠶᠢ ᠲᠠᠰᠤ ᠴᠡᠭᠡᠷᠯᠡᠨ᠂ ᠤᠯᠤᠰ ᠪᠠ ᠤᠷᠤᠨ ᠨᠤᠳᠤᠭ ᠤᠨ ᠬᠢᠴᠢᠶᠡᠯ ᠵᠢᠴᠢ | ᠰᠤᠷᠭᠠᠭᠤᠯᠢ ᠶᠢᠨ ᠬᠢᠴᠢᠶᠡᠯ ᠵᠡᠷᠭᠡ ᠭᠤᠷᠪᠠᠨ ᠱᠠᠳᠤᠨ ᠤ ᠬᠢᠴᠢᠶᠡᠯᠯᠡᠭᠡ ᠶᠢᠨ ᠲᠦᠷᠢᠮ ᠢ ᠪᠠᠷᠢᠮᠵᠢᠶ᠎ᠠ ᠱᠠᠭᠠᠷᠳᠠᠯᠭ᠎ᠠ | ᠶᠢ ᠦᠨᠳᠦᠰᠦᠯᠡᠨ ᠲᠤᠭᠳᠠᠭᠠᠨ ᠬᠡᠷᠡᠭᠵᠢᠭᠦᠯᠵᠤ ᠬᠠᠮᠢᠶᠠᠷᠤᠯᠳᠠ ᠪᠠᠨ ᠵᠢᠷᠤᠮᠵᠢᠭᠤᠯᠵᠤ ᠦᠨᠳᠦᠰᠦᠳᠡᠨ ᠤ ᠰᠤᠶᠤᠯ | ᠢᠶᠠᠷ ᠢᠶᠠᠨ ᠤᠨᠴᠠᠭᠠᠶᠢᠷᠠᠨ ᠰᠤᠶᠤᠯ ᠰᠢᠨᠵᠢᠯᠡᠬᠦ ᠤᠬᠠᠭᠠᠨ ᠤ ᠮᠡᠳᠡᠯᠭᠡ ᠴᠢᠳᠠᠪᠤᠷᠢ ᠶᠢ ᠡᠵᠡᠮᠰᠢᠭᠦᠯᠬᠦ ᠶᠢᠨ ᠬᠠᠮᠳᠤ | ᠦᠨᠳᠦᠰᠦᠳᠡᠨ ᠤ ᠤᠨᠴᠠᠯᠢᠭᠳᠤ ᠴᠤ᠋ ᠰᠢᠨ᠎ᠡ ᠰᠤᠷᠭᠠᠭᠤᠯᠢ ᠶᠢ ᠪᠦᠳᠦᠭᠡᠨ ᠪᠠᠶᠢᠭᠤᠯᠬᠤ ᠪᠤᠯ ᠰᠤᠷᠭᠠᠭᠤᠯᠢ ᠨᠡᠶᠢᠳᠡ | ᠪᠠ ᠪᠦᠬᠦ ᠪᠠᠭᠰᠢ ᠰᠤᠷᠤᠭᠴᠢᠳ ᠤᠨ ᠡᠮᠤᠨ᠎ᠡ ᠲᠠᠯᠪᠢᠭᠳᠠᠵᠤ ᠪᠠᠶᠢᠭ᠎ᠠ ᠮᠠᠰᠢ ᠬᠠᠳᠠᠭᠤ ᠰᠢᠯᠭᠠᠯᠳᠠ ᠪᠤᠯᠬᠤ ᠶᠤᠮ᠃ | ᠲᠡᠭᠡᠬᠦ ᠠᠴᠠ ᠤᠯᠠᠨ ᠲᠠᠯ᠎ᠠ ᠶᠢᠨ ᠠᠷᠭ᠎ᠠ ᠵᠠᠮ᠂ ᠤᠯᠠᠨ ᠵᠦᠢᠯ ᠤᠨ ᠰᠤᠷᠭᠠᠨ ᠬᠦᠮᠦᠵᠢᠭᠦᠯᠦᠯ᠂ ᠤᠯᠠᠨ ᠲᠦᠷᠦᠯ | ᠤᠨ ᠪᠤᠯᠪᠠᠰᠤᠷᠠᠯ ᠲᠠᠳᠬᠠᠯᠵᠢᠭᠤᠯᠤᠯ ᠢᠶᠠᠷ ᠲᠠᠮᠵᠢᠨ᠂ ᠤᠳᠤᠷᠢᠳᠤᠯᠭ᠎ᠠ ᠠᠴᠠ ᠪᠠᠭᠰᠢ ᠨᠢᠭᠡᠪᠤᠷᠢ ᠴᠦᠮ ᠮᠤᠩᠭᠤᠯ | ᠰᠤᠶᠤᠯ ᠤᠨ ᠤᠨᠴᠠᠯᠢᠭ ᠢᠶᠠᠨ ᠲᠤᠪᠤᠶᠢᠯᠭᠠᠨ᠂ ᠰᠤᠷᠤᠭᠴᠢᠳ ᠤᠨ ᠴᠢᠰᠦ ᠮᠢᠬᠠᠨ ᠳᠤ ᠨᠢ᠂ ᠶᠠᠰᠦ ᠴᠢᠮᠤᠭᠡᠨ ᠳᠤ | ᠨᠢ᠂ ᠰᠡᠳᠬᠢᠯ ᠵᠡᠭᠦᠳᠦᠨ ᠳᠤ ᠨᠢ᠂ ᠴᠠᠭᠠᠰᠢᠯᠠᠪᠠᠯ ᠰᠦᠭ ᠰᠦᠨᠡᠰᠦᠨ ᠳᠤ ᠨᠢ ᠬᠦᠷᠳᠡᠯ᠎ᠡ ᠦᠨᠳᠦᠰᠦᠳᠡᠨ ᠤ ᠪᠠᠨ | ᠰᠤᠶᠤᠯ ᠢᠶᠠᠨ ᠰᠢᠮᠡᠵᠢᠭᠦᠯᠵᠤ ᠦᠨᠳᠦᠰᠦᠳᠡᠨ ᠤ ᠤᠨᠴᠠᠯᠢᠭ ᠢᠶᠠᠷ ᠢᠶᠠᠨ ᠢᠯᠭᠠᠷᠠᠬᠤ ᠳᠤ ᠪᠠᠨ ᠠᠶᠠᠳᠠᠢ ᠢᠯᠡᠳᠡᠢ | ᠦᠡᠭᠭᠡᠳᠡᠢ ᠦᠭᠡᠳᠡᠳᠡᠢ ᠪᠠᠷ ᠰᠠᠭᠤᠷᠢ ᠰᠤᠷᠭᠠᠨ ᠬᠦᠮᠦᠵᠢᠯ ᠢ ᠬᠢᠵᠤ ᠪᠤᠯᠬᠤ ᠶᠤᠮ᠃ ᠡᠭᠦᠨ ᠳᠤ《ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ | ᠲᠦᠷᠢᠮ》ᠪᠤᠯ ᠮᠠᠨ ᠤ ᠠᠰᠢᠭᠯᠠᠵᠤ ᠮᠦᠷᠳᠡᠬᠦ ᠬᠠᠤᠯᠢ ᠶᠢᠨ ᠪᠠᠳᠤᠯᠠᠭ᠎ᠠ ᠮᠦᠨ᠃ ᠪᠢᠳᠡ《ᠦᠨᠳᠦᠰᠦᠨ | ᠬᠠᠤᠯᠢ》《ᠦᠪᠡᠷᠳᠡᠭᠡᠨ ᠵᠠᠰᠠᠬᠤ ᠬᠠᠤᠯᠢ》 ᠶᠢᠨ ᠰᠠᠭᠤᠷᠢᠨ ᠳᠤ ᠲᠤᠰ ᠲᠦᠷᠢᠮ ᠢ ᠪᠠᠷᠢᠮᠳᠠᠯᠠᠨ ᠬᠡᠷᠡᠭᠵᠢᠭᠦᠯᠬᠦ ᠨᠢ | ᠰᠤᠷᠭᠠᠨ ᠬᠦᠮᠦᠵᠢᠭᠦᠯᠦᠭᠴᠢᠳ ᠪᠠ ᠰᠤᠷᠭᠠᠨ ᠬᠦᠮᠦᠵᠢᠭᠳᠡᠭᠴᠢᠳ ᠤᠨ ᠡᠷᠬᠡᠪᠰᠢ ᠪᠡᠶᠡᠯᠡᠭᠦᠯᠬᠦ ᠠᠵᠢᠯ ᠪᠤᠯᠬᠤ ᠶᠤᠮ᠃ | ᠭᠡᠬᠦ ᠳᠤ ᠪᠠᠨ ᠦᠪᠡᠷ ᠤᠨ ᠦᠭᠡ ᠬᠡᠯᠡ᠂ ᠦᠢᠯᠡ ᠠᠵᠢᠯᠯᠠᠭᠠᠨ ᠠᠴᠠ ᠪᠠᠨ ᠭᠠᠷᠳᠠᠨ ᠡᠭᠢᠯᠡᠵᠤ᠂ ᠦᠪᠡᠷ ᠠᠴᠠ | ᠪᠠᠨ ᠦᠷᠦᠭᠡᠯ ᠢ ᠨᠦᠯᠦᠭᠡᠯᠡᠨ᠂ ᠠᠷᠰᠠᠷ ᠵᠦᠢᠯᠡᠰ ᠢ ᠴᠦ ᠦᠯᠦ ᠤᠮᠳᠤᠭᠠᠶᠢᠯᠠᠨ ᠠᠯᠳᠠᠭ᠎ᠠ ᠮᠠᠳᠠᠭ ᠢ ᠬᠢᠴᠢᠶᠡᠨ | ᠪᠤᠯᠭᠤᠮᠵᠢᠯᠠᠵᠤ ᠦᠨᠳᠦᠰᠦᠳᠡᠨ ᠤ ᠰᠠᠭᠤᠷᠢ ᠰᠤᠷᠭᠠᠨ ᠬᠦᠮᠦᠵᠢᠯ ᠤᠨ ᠠᠭᠤᠤ ᠲᠤᠮᠤ ᠪᠠᠷᠢᠯᠭ᠎ᠠ ᠳᠤ ᠦᠪᠡᠷ ᠤᠨ | ᠭᠡᠰᠡᠨ ᠲᠤᠭᠤᠰᠬ᠎ᠠ ᠪᠠᠨ ᠡᠪᠳᠡᠢ ᠯᠠᠪᠳᠠᠭᠤᠨ ᠲᠠᠯᠪᠢᠬᠤ ᠨᠢ ᠪᠢᠳᠡᠨ ᠤ ᠮᠦᠷᠦᠨ ᠳᠤ ᠵᠢᠭᠳᠡ ᠪᠠᠷ ᠲᠠᠯᠪᠢᠭᠳᠠᠵᠤ | ᠪᠠᠶᠢᠨ᠎ᠠ᠃ ᠡᠭᠦᠨ ᠢ ᠦᠨᠳᠦᠰᠦᠳᠡᠨ ᠤ ᠢᠪᠴᠤᠤ ᠦᠵᠡᠯ᠂ ᠤᠷᠤᠨ ᠨᠤᠳᠤᠭ ᠤᠨ ᠦᠷᠦᠭᠡᠰᠦᠭᠡᠯ ᠦᠵᠡᠯ ᠤᠨ | ᠬᠦᠷᠢᠶᠡᠨ ᠳᠤ ᠪᠠᠭᠳᠠᠭᠠᠨ ᠤᠷᠤᠭᠤᠯᠵᠤ ᠬᠠᠪᠴᠢᠨ ᠰᠢᠬᠠᠨᠬᠤ ᠪᠤᠶᠤ ᠪᠤᠭᠤᠮᠢᠯᠠᠨ ᠲᠠᠷᠴᠢᠯᠠᠭᠠᠬᠤ ᠨᠢ ᠬᠦᠭᠵᠢᠯᠳᠠ | ᠶᠢᠨ ᠬᠠᠨᠳᠤᠰᠢ ᠳᠤ ᠬᠠᠷᠰᠢ ᠪᠤᠯᠬᠤ ᠨᠢ ᠯᠠᠪᠳᠠᠢ᠂ ᠤᠴᠢᠷ ᠨᠢ《ᠦᠨᠳᠦᠰᠦᠳᠡᠨ ᠤ ᠪᠤᠯᠬᠤ ᠲᠤᠳᠤᠮ ᠲᠡᠯᠡᠬᠡᠢ ᠶᠢᠨ | ᠬᠢ》ᠭᠡᠳᠡᠭ ᠪᠢᠰᠢᠤ᠃ | ᠠᠵᠢᠯ ᠤᠨ ᠶᠠᠪᠤᠴᠠ ᠳᠤ ᠪᠠᠨ ᠦᠨᠳᠦᠰᠦᠳᠡᠨ ᠤ ᠰᠤᠶᠤᠯ ᠤᠨ ᠤᠯᠠᠨ ᠡᠰᠢᠳᠦ ᠴᠢᠨᠠᠷ᠂ ᠤᠯᠠᠨ | ᠶᠠᠩᠵᠤᠳᠤ ᠴᠢᠨᠠᠷ ᠪᠠ ᠲᠤᠰᠠᠭᠠᠷ ᠴᠢᠨᠠᠷ ᠢ ᠪᠠᠳᠤᠯᠠᠬᠤ ᠬᠠᠮᠠᠭᠠᠯᠠᠬᠤ ᠶᠢᠨ ᠰᠠᠭᠤᠷᠢᠨ ᠲᠡᠭᠡᠷ᠎ᠡ᠂ ᠰᠤᠶᠤᠯ ᠤᠨ | ᠤᠯᠠᠮᠵᠢᠯᠠᠯ ᠪᠠ ᠰᠤᠶᠤᠯ ᠤᠨ ᠤᠨᠴᠠᠯᠢᠭ ᠢ ᠪᠦᠬᠦᠶᠢᠯᠡ ᠵᠢᠭᠠᠨ ᠰᠤᠷᠭᠠᠯᠳᠠ ᠳᠤ ᠶᠠᠮᠠᠷᠪᠠ ᠠᠷᠭ᠎ᠠ ᠶᠢ ᠰᠦᠪᠡᠭᠴᠢᠯᠡᠨ | ᠨᠡᠪᠴᠢᠭᠦᠯᠬᠦ ᠪᠠᠷ ᠵᠤᠷᠢᠨᠡ᠃ ᠪᠢᠳᠡ ᠭᠤᠷᠪᠠᠨ ᠬᠡᠯᠡᠨ ᠤ ᠵᠢᠭᠠᠨ ᠰᠤᠷᠭᠠᠯᠳᠠ ᠶᠢ ᠬᠡᠷᠡᠭᠵᠢᠭᠦᠯᠬᠦ ᠳᠤ ᠪᠠᠨ ᠡᠬᠡ | ᠬᠡᠯᠡᠨ ᠤ ᠵᠢᠭᠠᠨ ᠰᠤᠷᠭᠠᠯᠳᠠ ᠪᠠᠷ ᠲᠡᠪᠢᠰᠭᠡᠷᠯᠡᠨ ᠡᠷᠭᠡ ᠲᠡᠭᠰᠢ ᠦᠷᠢᠰᠦᠯᠳᠦᠬᠦ ᠤᠷᠴᠢᠨ ᠨᠦᠬᠦᠴᠡᠯ ᠢ | ᠪᠦᠷᠢᠯᠳᠦᠭᠦᠯᠬᠦ ᠶᠢ ᠶᠠᠭᠠᠬᠢᠭᠰᠠᠨ ᠴᠦ ᠬᠠᠶᠠᠭᠠᠨ ᠳᠤ ᠨᠢ ᠬᠠᠶᠠᠵᠤ ᠪᠤᠯᠤᠰᠢ ᠦᠭᠡᠢ᠃ ᠭᠡᠤᠭᠡᠳ ᠪᠠᠭᠠᠴᠤᠳ ᠤᠨ | ᠪᠡᠶ᠎ᠡ ᠰᠡᠳᠬᠢᠯ ᠤᠨ ᠤᠨᠴᠠᠯᠢᠭ ᠠᠴᠠ ᠡᠭᠦᠰᠴᠦ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢ | ᠰᠢᠯᠢᠳᠡᠭᠵᠢᠭᠦᠯᠵᠤ᠂ ᠰᠤᠨᠢᠷᠬᠠᠯᠳᠤ ᠴᠢᠨᠠᠷ ᠢᠶᠠᠷ ᠴᠢᠩᠭ᠎ᠠ᠂ ᠤᠶᠠᠨ ᠬᠠᠳᠠᠨ ᠴᠢᠨᠠᠷ ᠢᠶᠠᠷ ᠭᠤᠶᠢᠳᠠ᠂ ᠤᠳᠬ᠎ᠠ | ᠠᠭᠤᠯᠭ᠎ᠠ ᠪᠠᠷ ᠪᠠᠶᠠᠯᠢᠭ ᠬᠢᠴᠢᠶᠡᠯᠯᠡᠭᠡ ᠵᠦᠭ ᠢᠳᠡᠭ ᠢᠳᠡᠭ ᠢᠶᠠᠷ᠂ ᠠᠯᠬᠤᠮ ᠲᠠᠷᠠᠭ᠎ᠠ ᠲᠠᠢ ᠬᠦᠳᠦᠯᠦᠨ | ᠵᠢᠯᠤᠭᠤᠳᠴᠦ᠂ ᠰᠤᠷᠤᠭᠴᠢᠳ ᠤᠨ ᠦᠪᠡᠷ ᠢ ᠪᠠᠨ ᠬᠦᠨᠳᠦᠳᠬᠡᠬᠦ ᠰᠡᠳᠬᠢᠯᠭᠡ ᠵᠢᠴᠢ ᠦᠨᠳᠦᠰᠦᠳᠡᠨ ᠤ | ᠤᠮᠤᠭᠰᠢᠯᠳᠤ ᠰᠡᠳᠭᠢᠯᠭᠡ ᠶᠢ ᠨᠢ ᠤᠯᠠᠮ ᠨᠡᠮᠡᠭᠳᠡᠭᠦᠯᠵᠤ᠂ ᠬᠦᠮᠦᠨ ᠪᠦᠬᠦᠨ ᠡᠷᠬᠡ ᠲᠡᠭᠰᠢ᠂ ᠦᠨᠳᠦᠰᠦᠳᠡᠨ ᠪᠦᠬᠦᠨ | ᠡᠷᠬᠡ ᠲᠡᠭᠰᠢ ᠮᠦᠷᠳᠡᠭᠡᠨ ᠰᠤᠶᠤᠯ ᠰᠤᠷᠭᠠᠨ ᠬᠦᠮᠦᠵᠢᠯ ᠬᠦᠷᠳᠡᠬᠦ ᠲᠠᠯ᠎ᠠ ᠪᠠᠷ ᠴᠦ ᠡᠷᠭᠡ ᠲᠡᠭᠰᠢ ᠬᠠᠷᠢᠯᠴᠠᠨ | ᠬᠠᠮᠵᠢᠯᠴᠠᠵᠤ ᠬᠠᠷᠢᠯᠴᠠᠨ ᠵᠤᠬᠢᠴᠠᠯᠳᠤᠭᠰᠠᠨ ᠪᠠᠶᠢᠳᠠᠯ ᠢ ᠪᠤᠢ ᠪᠤᠯᠭᠠᠬᠤ ᠳᠤ ᠵᠦᠪᠬᠡᠨ ᠬᠡᠯᠡᠭᠡᠳ ᠪᠢᠰᠢ᠂ ᠬᠢᠳᠡᠯ | ᠪᠠᠷᠢᠳᠠᠯ ᠢᠶᠠᠷ ᠢᠶᠠᠨ ᠪᠡᠶᠡᠯᠡᠭᠦᠯᠬᠦ ᠨᠢ ᠵᠦᠢ᠃ ᠮᠠᠨᠤᠰ ᠬᠠᠤᠯᠢ ᠲᠦᠷᠢᠮ ᠤᠨ ᠲᠦᠰᠢᠭ ᠢᠶᠠᠨ ᠰᠠᠶᠢᠳᠤᠷ ᠠᠰᠢᠭᠯᠠᠵᠤ | ᠬᠦᠮᠦᠨ ᠨᠢᠭᠡᠪᠤᠷᠢ ᠬᠠᠷᠢᠭᠤᠴᠠᠯᠭᠠᠳᠤ ᠰᠡᠳᠭᠢᠯᠭᠡ ᠪᠠᠷ ᠠᠵᠢᠯ ᠰᠤᠷᠤᠯᠭ᠎ᠠ ᠶᠢᠨ ᠤᠷᠳᠦ ᠶᠢᠨ ᠠᠶᠠᠨ ᠳᠤ ᠪᠠᠨ | ᠭᠠᠨᠵᠤᠭ᠎ᠠ ᠲᠦᠭᠦᠷᠡᠩ ᠪᠠᠶᠢᠬᠤ ᠶᠢᠨ ᠲᠦᠯᠦᠭᠡ ᠵᠢᠳᠭᠦᠵᠤ᠂ ᠨᠡᠶᠢᠭᠡᠮ᠂ ᠰᠤᠷᠭᠠᠭᠤᠯᠢ᠂ ᠭᠡᠷ ᠪᠦᠯᠢ ᠶᠢᠨ | ᠭᠤᠷᠮᠤᠰᠤᠨ ᠬᠠᠮᠵᠢᠯᠴᠠᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠭᠡᠯ ᠮᠠᠯᠴᠢᠳ ᠲᠠᠢ ᠪᠠᠨ ᠲᠦᠰᠢᠯᠴᠡᠵᠤ ᠡᠩ | ᠤᠨ ᠪᠤᠷᠤᠴᠤᠤᠯ ᠲᠠᠢ ᠪᠠᠨ ᠬᠤᠯᠪᠤᠭᠠᠯᠠᠵᠤ᠂ ᠲᠡᠳᠡᠨ ᠤ ᠠᠰᠢᠭ ᠲᠤᠰᠠ ᠳᠤ ᠤᠶᠢᠯᠡᠴᠢᠯᠡᠨ᠂ ᠲᠡᠳᠡᠨ ᠤ ᠠᠷᠢᠭᠤᠨ | ᠬᠦᠳᠡᠯᠮᠤᠷᠢ ᠪᠠᠷ ᠴᠦ ᠦᠢᠯᠡᠴᠢᠯᠡᠭᠦᠯᠬᠦ ᠶᠢ ᠰᠦᠪᠡᠭᠴᠢᠯᠡᠨ ᠰᠤᠳᠤᠯᠵᠤ᠂ ᠭᠠᠷᠳᠠᠵᠤ ᠬᠢᠬᠦ ᠴᠢᠬᠤᠯᠠᠳᠠᠢ᠃ ᠮᠤᠩᠭᠤᠯ | ᠰᠤᠷᠭᠠᠭᠤᠯᠢ ᠨᠢ ᠬᠤᠳᠠ ᠬᠦᠳᠡᠭᠡ ᠶᠢᠨ ᠦᠷᠭᠡᠨ ᠤᠯᠠᠨ ᠮᠤᠩᠭᠤᠯᠴᠤᠳ ᠲᠤ ᠪᠠᠨ ᠦᠢᠯᠡᠴᠢᠯᠡᠭᠰᠡᠨ ᠪᠠᠶᠢᠬᠤ | ᠬᠡᠷᠡᠭᠳᠡᠢ᠃ ᠠᠷᠠᠳ ᠲᠦᠮᠡᠨ ᠤ ᠠᠰᠢᠭ ᠲᠤᠰᠠ ᠠᠴᠠ ᠡᠭᠦᠰᠴᠦ ᠠᠷᠠᠳ ᠲᠦᠮᠡᠨ ᠤ ᠠᠰᠢᠭ ᠲᠤᠰᠠ ᠶᠢ | ᠪᠤᠳᠤᠯᠬᠢᠯᠠᠬᠤ ᠨᠢ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢᠨ ᠰᠠᠭᠤᠷᠢ ᠮᠦᠷᠳᠡᠭᠡᠨ ᠰᠢᠨᠵᠢᠯᠡᠬᠦ | ᠤᠬᠠᠭᠠᠨ ᠰᠤᠷᠭᠠᠨ ᠬᠦᠮᠦᠵᠢᠯ ᠢ ᠠᠭᠢᠭᠤᠯᠤᠨ ᠬᠦᠭᠵᠢᠭᠦᠯᠬᠦ ᠶᠢᠨ ᠨᠢᠷᠤᠭᠤ ᠲᠤᠯᠭᠠᠭᠤᠷᠢ ᠪᠠᠶᠢᠵᠤ᠂ ᠠᠷᠠᠳ ᠲᠦᠮᠡᠨ | ᠳᠤ ᠨᠠᠶᠢᠳᠠᠪᠤᠷᠢ ᠲᠠᠢ ᠰᠤᠷᠭᠠᠭᠤᠯᠢ ᠡᠷᠭᠢᠯᠡᠬᠦ ᠶᠢᠨ ᠦᠮᠦᠭ ᠲᠦᠰᠢᠭ ᠴᠦ ᠪᠤᠯᠵᠤ ᠮᠡᠳᠡᠬᠦ ᠶᠤᠮ᠃ | ᠵᠡᠮᠳᠡᠭᠴᠤᠳ ᠢ ᠬᠠᠷᠠᠭᠠᠯᠵᠠᠬᠤ ᠪᠤᠯ ᠪᠦᠬᠦᠶᠢᠯᠡ ᠬᠦᠮᠦᠨ ᠲᠦᠷᠦᠯᠬᠢᠳᠡᠨ ᠤ ᠶᠠᠪᠤᠳᠠᠯ ᠪᠠᠶᠢᠭᠰᠠᠨ ᠴᠦ | ᠵᠡᠮᠳᠡᠭ ᠭᠡᠤᠭᠡᠳ ᠢ ᠠᠰᠠᠷᠠᠨ ᠬᠠᠷᠠᠭᠠᠯᠵᠠᠵᠤ ᠵᠡᠮᠳᠡᠭ ᠭᠡᠤᠭᠡᠳ ᠲᠤ ᠰᠤᠶᠤᠯ ᠰᠤᠷᠭᠠᠨ ᠬᠦᠮᠦᠵᠢᠯ ᠬᠦᠷᠳᠡᠭᠡᠬᠦ ᠪᠤᠯ | ᠰᠤᠷᠭᠠᠭᠤᠯᠢ ᠨᠢᠭᠡᠴᠢ ᠶᠢᠨ ᠡᠭᠦᠷᠭᠡ ᠮᠦᠨ᠃ ᠠᠯᠢ ᠨᠢᠭᠡᠨ ᠬᠦᠮᠦᠨ ᠨᠢ ᠡᠷᠡᠭᠦᠯ ᠰᠡᠴᠡᠨ ᠢ ᠬᠦᠰᠡᠬᠦ ᠦᠭᠡᠢ ᠪᠤᠢ᠂ | ᠠᠯᠢ ᠨᠢᠭᠡ ᠨᠢ ᠡᠪᠡᠳᠴᠢᠨ ᠠᠳᠡᠯ ᠳᠤ ᠲᠤᠷᠠᠯᠠᠬᠤ ᠶᠤᠮ ᠪᠤᠢ᠂ ᠡᠨᠡ ᠲᠠᠯ᠎ᠠ ᠪᠠᠷ ᠰᠤᠷᠭᠠᠭᠤᠯᠢ ᠨᠡᠶᠢᠳᠡ ᠨᠢ ᠪᠤᠶᠠᠨ | ᠤ ᠤᠶᠢᠯᠡᠰ ᠲᠤ ᠨᠡᠮᠡᠭᠦᠷᠢ ᠬᠠᠨᠳᠢᠪ ᠢᠶᠠᠨ ᠡᠷᠭᠦᠵᠤ ᠪᠤᠯᠬᠤ ᠪᠠᠨ ᠤᠳᠤᠷᠢᠳᠤᠯᠭ᠎ᠠ ᠠᠴᠠ ᠪᠠᠨ ᠲᠡᠷᠢᠭᠦᠯᠡᠨ ᠪᠠᠭᠰᠢ | ᠨᠢᠭᠡᠪᠤᠷᠢ ᠴᠦᠮ ᠲᠠᠨᠢᠬᠤ ᠴᠢᠬᠤᠯᠠᠳᠠᠢ ᠮᠦᠷᠳᠡᠭᠡᠨ ᠠᠵᠠ ᠵᠠᠪᠰᠢᠶᠠᠨ ᠪᠤᠯᠭᠠᠵᠤ ᠦᠵᠡᠪᠡᠯ ᠵᠤᠬᠢᠨ᠎ᠠ᠃ ᠪᠢᠳᠡ | ᠵᠡᠮᠳᠡᠭ ᠭᠡᠤᠭᠡᠳ ᠤᠨ ᠲᠠᠪᠰᠢᠯᠳᠠ ᠶᠢ ᠰᠢᠯᠭᠠᠯᠳᠠ ᠶᠢᠨ ᠬᠤᠪᠢ ᠶᠢᠨ ᠤᠨᠴᠠ ᠰᠠᠶᠢᠨ ᠢᠶᠠᠷ ᠬᠡᠮᠵᠢᠬᠦ ᠪᠤᠰᠤ᠂ ᠬᠠᠷᠢᠨ | ᠬᠦᠭᠵᠢᠯᠳᠡ ᠲᠠᠪᠰᠢᠯᠳᠠ ᠶᠢᠨ ᠬᠢᠨᠢ ᠬᠢᠷᠢ ᠬᠡᠮᠵᠢᠶ᠎ᠡ ᠪᠠᠷ ᠨᠢ ᠪᠠᠷᠢᠮᠵᠢᠶᠠᠯᠠᠵᠤ ᠪᠤᠯᠬᠤ ᠶᠤᠮ᠃ | ᠮᠤᠩᠭᠤᠯ ᠤᠨᠴᠠᠯᠢᠭᠳᠤ ᠪᠠᠶᠢᠷᠢᠯᠠᠬᠤ ᠰᠤᠷᠭᠠᠭᠤᠯᠢ ᠶᠢ ᠡᠷᠭᠢᠯᠡᠬᠦ ᠱᠠᠭᠠᠷᠳᠠᠯᠭ᠎ᠠ ᠲᠠᠢ ᠪᠤᠯᠵᠤ ᠪᠠᠶᠢᠨ᠎ᠠ᠃ | ᠭᠡᠤᠭᠡᠳ ᠪᠠᠭᠠᠴᠤᠳ ᠪᠠᠭ᠎ᠠ ᠰᠤᠷᠭᠠᠭᠤᠯᠢ ᠳᠤ ᠠᠩᠬ᠎ᠠ ᠤᠷᠤᠬᠤ ᠠᠴᠠ ᠪᠠᠶᠢᠷᠢ ᠶᠢᠨ ᠠᠮᠢᠳᠤᠷᠠᠯ ᠳᠤ ᠲᠠᠳᠬᠠᠯᠵᠢᠨ | ᠪᠠᠶ᠎ᠠ ᠪᠠᠨ ᠲᠠᠭᠠᠭᠠᠵᠤ ᠠᠮᠢᠳᠤᠷᠠᠵᠤ ᠰᠤᠷᠤᠯᠴᠠᠬᠤ ᠨᠢ ᠬᠤᠳᠠ ᠶᠢᠨ ᠮᠤᠩᠭᠤᠯ ᠰᠤᠷᠭᠠᠭᠤᠯᠢ ᠶᠢᠨ ᠨᠡᠶᠢᠳᠡᠯᠢᠭ | ᠤᠨᠴᠠᠯᠢᠭ ᠪᠤᠯᠬᠤ ᠶᠤᠮ᠃ ᠪᠡᠶ᠎ᠡ ᠪᠠᠨ ᠲᠠᠭᠠᠭᠠᠵᠤ ᠠᠮᠢᠳᠤᠷᠠᠬᠤ᠂ ᠪᠡᠶ᠎ᠡ ᠪᠠᠨ ᠲᠠᠭᠠᠭᠠᠵᠤ ᠰᠤᠷᠤᠯᠴᠠᠬᠤ᠂ ᠪᠡᠶ᠎ᠡ | ᠪᠠᠨ ᠲᠠᠭᠠᠭᠠᠵᠤ ᠤᠷᠤᠰᠢᠨ ᠲᠤᠭᠳᠠᠨᠢᠬᠤ᠂ ᠪᠡᠶ᠎ᠡ ᠪᠠᠨ ᠲᠠᠭᠠᠭᠠᠵᠤ ᠬᠦᠮᠦᠨ ᠪᠤᠯᠬᠤ᠂ ᠪᠡᠶ᠎ᠡ ᠪᠠᠨ ᠲᠠᠭᠠᠭᠠᠵᠤ ᠦᠪᠡᠷ | ᠶᠢ ᠪᠠᠨ ᠲᠡᠭᠦᠯᠳᠡᠷᠵᠢᠭᠦᠯᠬᠦ ᠪᠠ ᠦᠪᠡᠷ ᠪᠤᠰᠤᠳ ᠢ ᠬᠦᠭᠵᠢᠭᠦᠯᠦᠨ ᠲᠡᠭᠦᠯᠳᠡᠷᠵᠢᠭᠦᠯᠬᠦ ᠨᠢ ᠤᠳᠤᠬᠠᠨ ᠤ ᠲᠡᠷᠢᠭᠦᠨ ᠤ | ᠰᠤᠷᠭᠠᠨ ᠬᠦᠮᠦᠵᠢᠯ ᠤᠨ ᠠᠷᠭ᠎ᠠ ᠠᠪᠴᠠᠯ ᠲᠠᠢ ᠠᠯᠬᠤᠮ ᠢᠶᠠᠨ ᠨᠢᠭᠡᠳᠬᠡᠵᠤ ᠦᠵᠡᠯᠳᠡ ᠲᠠᠨᠢᠯᠳᠠ ᠪᠠᠨ | ᠤᠳᠤᠬᠢᠴᠢᠯᠡᠵᠤ ᠪᠠᠶᠢᠭ᠎ᠠ ᠶᠠᠪᠤᠳᠠᠯ ᠶᠤᠮ᠃ ᠦᠪᠡᠷ ᠤᠨ ᠦᠨᠳᠦᠰᠦᠳᠡᠨ ᠤ ᠪᠠᠨ ᠠᠵᠢᠯᠴᠢ ᠪᠤᠷᠤᠭᠵᠢᠭᠤᠨ᠂ | ᠠᠷᠪᠢᠴᠢ ᠭᠠᠮᠳᠠᠢ᠂ ᠬᠦᠴᠢᠷ ᠲᠤ ᠲᠡᠰᠪᠦᠷᠢᠳᠠᠢ ᠮᠤᠷᠠᠯ ᠰᠤᠷᠳᠠᠯ ᠢ ᠤᠯᠠᠮᠵᠢᠯᠠᠨ ᠪᠠᠳᠠᠷᠠᠭᠤᠯᠵᠤ᠂ ᠬᠠᠯᠠᠮᠵᠢ ᠡᠭᠡᠯᠢᠳᠠᠢ | ᠂ ᠬᠠᠮᠳᠤᠴᠢ ᠰᠡᠳᠬᠢᠯᠭᠡ ᠶᠢ ᠲᠠᠰᠬᠠᠨ ᠬᠦᠮᠦᠵᠢᠭᠦᠯᠵᠤ᠂ ᠪᠠᠶᠢᠷᠢ ᠶᠢᠨ ᠠᠮᠢᠳᠤᠷᠠᠯ ᠢ ᠡᠳ᠋ᠯᠡᠭᠦᠯᠦᠨ᠂ ᠰᠦ ᠲᠠᠢ ᠴᠠᠢ | ᠤᠤᠭᠤᠯᠭᠠᠨ᠂ ᠬᠤᠨᠢᠨ ᠱᠦᠯᠦ ᠲᠠᠢ ᠬᠤᠭᠤᠯᠠ ᠪᠠᠵᠠᠭᠠᠨ᠂ ᠦᠷᠭᠦᠯᠵᠢ ᠳᠤ ᠪᠠᠨ ᠤᠷᠳᠤ ᠶᠢᠨ ᠲᠠᠭᠤᠤ | ᠰᠤᠨᠤᠰᠬᠠᠨ᠂ ᠦᠯᠢᠭᠡᠷ ᠬᠤᠯᠪᠤᠭ᠎ᠠ ᠰᠤᠨᠢᠷᠬᠠᠭᠤᠯᠤᠨ᠂ ᠱᠠᠭ᠎ᠠ ᠲᠤᠭᠯᠠᠭᠤᠯᠤᠨ ᠰᠠᠪᠬᠠᠨ ᠪᠦᠵᠢᠭ ᠠᠶᠠᠭᠠᠨ ᠪᠦᠵᠢᠭ | ᠠᠨᠳᠠᠢ ᠪᠦᠵᠢᠭᠦᠯᠦᠨ ᠡᠬᠡ ᠪᠠᠶᠢᠭᠠᠯᠢ ᠪᠠᠨ ᠬᠠᠶᠢᠷᠠᠯᠠᠬᠤ ᠲᠠᠢ ᠠᠳᠠᠯᠢᠬᠠᠨ ᠢᠶᠠᠷ ᠡᠬᠡ ᠰᠤᠷᠭᠠᠭᠤᠯᠢ ᠪᠠᠨ ᠬᠠᠶᠢᠷᠠᠯᠠᠬᠤ | ᠶᠢ ᠬᠦᠮᠦᠵᠢᠭᠦᠯᠦᠨ ᠬᠠᠮᠳᠤ ᠶᠢᠨ ᠤᠷᠤᠨ ᠰᠠᠭᠤᠴᠠ ᠳᠤ ᠠᠵᠤ ᠠᠮᠢᠳᠤᠷᠠᠬᠤ ᠨᠢ ᠤᠳᠤᠬᠢ ᠤᠷᠴᠢᠨ ᠤ ᠨᠡᠶᠢᠳᠡᠮ | ᠤᠨ ᠦᠵᠡᠭᠳᠡᠯ ᠪᠤᠯᠭᠠᠪᠠᠯ ᠵᠤᠬᠢᠨ᠎ᠠ᠃ | ᠤᠶᠢᠯᠠᠭᠠᠭᠳᠠᠬᠤᠨ ᠢᠶᠠᠨ ᠬᠤᠪᠢᠷᠠᠭᠤᠯᠬᠤ ᠨᠢ ᠤᠷᠭᠢᠵᠤ ᠪᠤᠯᠤᠰᠢ ᠦᠭᠡᠢ ᠶᠠᠪᠤᠳᠠᠯ ᠪᠤᠯᠬᠤ ᠶᠤᠮ᠃ ᠬᠡᠪ | ᠴᠢᠨᠠᠷ ᠤᠨ ᠰᠤᠷᠭᠠᠨ ᠬᠦᠮᠦᠵᠢᠯ ᠴᠦ ᠬᠠᠮᠢᠶ᠎ᠠ ᠦᠭᠡᠢ᠂ ᠪᠠᠶ᠎ᠠ ᠪᠠᠨ ᠲᠠᠭᠠᠭᠠᠬᠤ ᠰᠤᠷᠭᠠᠨ ᠬᠦᠮᠦᠵᠢᠯ ᠴᠦ ᠪᠤᠯᠤᠭ᠂ | ᠡᠰᠡᠭᠦᠯ᠎ᠡ ᠠᠮᠵᠢᠯᠳᠠ ᠲᠠᠢ ᠰᠤᠷᠭᠠᠨ ᠬᠦᠮᠦᠵᠢᠯ ᠤᠨ ᠠᠯᠢ ᠨᠢᠭᠡᠨ ᠨᠢ ᠪᠠᠶᠢᠭᠰᠠᠨ ᠴᠦ ᠰᠤᠷᠤᠭᠴᠢ ᠶᠢᠨ ᠬᠦᠭᠵᠢᠯᠳᠠ | ᠶᠢ ᠪᠦᠬᠦ ᠲᠠᠯ᠎ᠠ ᠠᠴᠠ ᠪᠤᠳᠤᠯᠬᠢᠯᠠᠵᠤ ᠰᠤᠷᠤᠭᠴᠢ ᠶᠢᠨ ᠠᠯᠢᠪᠠ ᠳᠤ ᠠᠯᠢᠪᠠ ᠪᠠᠨ ᠵᠤᠷᠢᠭᠤᠯᠤᠭᠰᠠᠨ᠂ ᠠᠯᠢᠪᠠ | ᠰᠤᠷᠤᠭᠴᠢ ᠶᠢᠨ ᠠᠯᠢᠪᠠ ᠲᠠᠯ᠎ᠠ ᠳᠤ ᠤᠢ ᠠᠪᠢᠶᠠᠰ ᠢᠶᠠᠨ ᠵᠤᠷᠢᠭᠤᠯᠤᠭᠠᠳ᠂ ᠲᠡᠨᠡᠭ ᠪᠦᠳᠦᠭᠦᠯᠢᠭ ᠰᠤᠷᠤᠭᠴᠢ ᠨᠢ | ᠴᠦ ᠰᠡᠴᠡᠨ ᠰᠡᠷᠭᠦᠯᠡᠩ ᠪᠤᠯᠤᠭᠰᠠᠨ ᠪᠤᠶᠤ ᠡᠭᠡᠯ ᠶᠡᠷᠤᠮᠳᠡᠭ ᠪᠠᠶᠢᠭᠰᠠᠨ ᠠᠴᠠ ᠪᠠᠨ ᠤᠬᠠᠭᠠᠵᠢᠨ ᠲᠤᠮᠤᠭᠠᠵᠢᠭᠰᠠᠨ | ᠭᠡᠤᠭᠡᠳ ᠪᠤᠯᠵᠤ ᠬᠦᠮᠦᠵᠢᠭᠳᠡᠭᠰᠡᠨ ᠶᠤᠮ ᠪᠤᠯ ᠰᠤᠷᠭᠠᠭᠤᠯᠢ ᠡᠷᠭᠢᠯᠡᠬᠦ ᠤᠶᠢᠯᠠᠭᠠᠭᠳᠠᠬᠤᠨ ᠵᠦᠪ ᠪᠤᠯᠤᠭᠰᠠᠨ ᠪᠠᠶᠢᠬ᠎ᠠ | ᠃ ᠡᠨᠡ ᠨᠢ ᠵᠦᠪᠬᠡᠨ ᠨᠢᠭᠡ ᠡᠳᠦᠷ ᠨᠢᠭᠡ ᠰᠠᠷ᠎ᠠ ᠨᠢᠭᠡ ᠬᠤᠭᠤᠴᠠᠭᠠᠨ ᠤ ᠶᠠᠪᠤᠳᠠᠯ ᠪᠤᠰᠤ᠂ ᠤᠷᠳᠦ ᠤᠳᠠᠭᠠᠨ | ᠬᠤᠭᠤᠴᠠᠭᠠᠨ ᠤ ᠬᠤᠷᠠᠮᠳᠤᠭᠤᠯᠤᠯ ᠪᠠ ᠭᠤᠷᠪᠠ ᠲᠠᠪᠤᠨ ᠵᠢᠯ ᠤᠨ ᠬᠠᠳᠠᠭᠤᠵᠢᠯᠳᠠᠢ ᠴᠢᠷᠮᠠᠶᠢᠯᠭ᠎ᠠ ᠬᠢᠭᠡᠳ | ᠠᠶᠠᠨᠳᠠᠭᠠᠨ ᠤ ᠬᠦᠭᠵᠢᠯᠳᠡ ᠶᠢᠨ ᠦᠷ᠎ᠡ ᠨᠦᠯᠦᠭᠡ ᠠᠴᠠ ᠲᠡᠮᠡᠴᠡᠨ ᠠᠪᠴᠢᠷᠠᠬᠤ ᠨᠢ ᠲᠠᠮᠵᠢᠭ ᠦᠭᠡᠢ ᠶᠤᠮ᠃ ᠬᠡᠪ | ᠪᠤᠯᠪᠠᠰᠤᠷᠠᠯ ᠲᠠᠢ ᠬᠦᠮᠦᠨ ᠢ ᠬᠦᠮᠦᠵᠢᠭᠦᠯᠴᠢᠬᠡᠪᠡᠯ ᠰᠤᠷᠴᠦ ᠮᠡᠳᠡᠬᠦ ᠶᠢ ᠬᠦᠭᠡᠭᠡᠴᠡᠯᠳᠦᠬᠦ᠂ ᠴᠢᠳᠠᠪᠤᠷᠢ ᠴᠢᠳᠠᠪᠬᠢ | ᠲᠠᠢ ᠪᠤᠯᠬᠤ ᠶᠢ ᠡᠷᠢᠯᠬᠢᠯᠡᠬᠦ ᠨᠢ ᠠᠶᠠᠨᠳᠠᠭᠠᠨ ᠤ ᠬᠡᠷᠡᠭ᠃ ᠨᠡᠩ ᠴᠦ ᠪᠡᠶ᠎ᠡ ᠪᠠᠨ ᠲᠠᠭᠠᠭᠠᠬᠤ᠂ ᠰᠢᠨ᠎ᠡ ᠶᠢ ᠡᠭᠦᠳᠬᠦ᠂ | ᠴᠠᠭ ᠦᠶ᠎ᠡ ᠲᠠᠢ ᠵᠡᠷᠭᠡᠪᠡᠷ ᠤᠷᠤᠭᠰᠢᠯᠡᠵᠤ ᠴᠢᠳᠠᠬᠤ ᠬᠦᠮᠦᠨ ᠬᠦᠮᠦᠵᠢᠭᠳᠡᠬᠦ ᠤᠴᠢᠷ ᠠᠴᠠ ᠰᠤᠷᠭᠠᠨ ᠬᠦᠮᠦᠵᠢᠯ ᠤᠨ | ᠬᠠᠷᠠᠯᠳᠠ ᠴᠦ ᠪᠠᠶᠠᠯᠡᠭᠳᠡᠵᠤ ᠪᠤᠯᠬᠤ ᠨᠢ ᠶᠠᠷᠢᠶᠠᠨ ᠦᠭᠡᠢ᠃ | ᠰᠤᠷᠤᠭᠴᠢ ᠪᠠᠶᠢᠬᠤ ᠳᠤ ᠪᠠᠨ ᠰᠤᠷᠭᠠᠭᠤᠯᠢ ᠪᠤᠢ᠂ ᠰᠤᠷᠤᠭᠴᠢ ᠶᠢᠨ ᠦᠪᠡᠷᠮᠢᠴᠡ ᠬᠦᠭᠵᠢᠯᠳᠡ ᠪᠠᠶᠢᠬᠤ | ᠳᠤ ᠪᠠᠨ ᠰᠤᠷᠭᠠᠭᠤᠯᠢ ᠶᠢᠨ ᠦᠪᠡᠷᠮᠢᠴᠡ ᠤᠨᠴᠠᠯᠢᠭ ᠪᠤᠢ ᠪᠤᠯᠳᠠᠭ᠃ ᠰᠤᠷᠭᠠᠭᠤᠯᠢ ᠨᠡᠶᠢᠳᠡ ᠨᠢ ᠤᠨᠴᠠᠭᠠᠢ ᠭᠡᠤᠭᠡᠳ | ᠤᠨ ᠦᠪᠡᠷᠮᠢᠴᠡ ᠬᠦᠭᠵᠢᠯᠳᠡ᠂ ᠡᠩ ᠤᠨ ᠭᠡᠤᠭᠡᠳ ᠤᠨ ᠪᠦᠳᠦᠭᠡᠯᠴᠢ ᠬᠦᠭᠵᠢᠯᠳᠡ ᠪᠠ ᠵᠡᠮᠳᠡᠭ ᠭᠡᠤᠭᠡᠳ ᠤᠨ | ᠲᠤᠪᠤᠶᠢᠮ᠎ᠡ ᠬᠦᠭᠵᠢᠯᠳᠡ ᠪᠠᠷ ᠤᠨᠴᠠᠯᠢᠭᠳᠠᠵᠤ ᠪᠤᠯᠤᠨ᠎ᠠ᠃ ᠤᠯᠠᠨ ᠲᠤᠭᠠᠨ ᠤ ᠰᠤᠷᠤᠭᠴᠢᠳ ᠤᠨ ᠤᠶᠤᠨ | ᠴᠢᠳᠠᠪᠬᠢ ᠶᠢ ᠤᠬᠢ ᠰᠢᠯᠢᠳᠡᠭ ᠬᠡᠮᠵᠢᠶᠡᠨ ᠳᠤ ᠬᠦᠷᠳᠡᠯ᠎ᠡ ᠨᠡᠭᠡᠭᠡᠭᠳᠡᠭᠦᠯᠬᠦ ᠳᠤ ᠨᠢᠭᠡ ᠪᠠᠭᠰᠢ ᠨᠢᠭᠡ ᠤᠳᠤᠷᠢᠳᠤᠯᠭ᠎ᠠ | ᠶᠢᠨ ᠴᠢᠷᠮᠠᠶᠢᠯᠭ᠎ᠠ ᠪᠠᠷ ᠬᠦᠴᠦᠷᠬᠦ ᠦᠭᠡᠢ᠂ ᠬᠠᠷᠢᠨ ᠪᠦᠬᠦ ᠪᠠᠭᠰᠢ ᠨᠠᠷ᠂ ᠰᠤᠷᠤᠭᠴᠢᠳ ᠪᠠ ᠰᠤᠷᠤᠭᠴᠢ ᠶᠢᠨ ᠭᠡᠷ | ᠤᠨ ᠠᠬᠠᠮᠠᠳ ᠶᠢᠨ ᠬᠠᠮᠳᠤ ᠶᠢᠨ ᠴᠢᠷᠮᠠᠶᠢᠯᠭ᠎ᠠ ᠪᠠᠷ ᠰᠤᠯᠢᠨ ᠠᠪᠴᠢᠷᠠᠬᠤ ᠠᠷᠢᠭᠤᠨ ᠬᠦᠳᠡᠯᠮᠤᠷᠢ ᠶᠢᠨ ᠨᠠᠨᠳᠢᠨ | ᠪᠦᠳᠦᠭᠡᠯ ᠪᠤᠯᠬᠤ ᠶᠤᠰᠤᠳᠠᠢ᠃ ᠪᠠᠭᠰᠢ ᠨᠠᠷ ᠵᠢᠯᠤᠭᠤᠳᠤᠨ ᠨᠡᠭᠡᠭᠡᠬᠦ ᠪᠠᠷ ᠲᠠᠮᠵᠢᠨ ᠰᠤᠷᠤᠭᠴᠢᠳ ᠢᠶᠠᠨ ᠬᠦᠳᠦᠯᠦᠨ | ᠡᠯ᠎ᠡ ᠲᠠᠯ᠎ᠠ ᠶᠢᠨ ᠴᠢᠳᠠᠪᠤᠷᠢ ᠶᠢ ᠬᠦᠮᠦᠵᠢᠭᠦᠯᠬᠦ ᠪᠠᠷ ᠪᠠᠷᠠᠬᠤ ᠦᠭᠡᠢ᠂ ᠶᠤᠰᠤ ᠮᠤᠷᠠᠯ᠂ ᠤᠪᠤᠷ ᠰᠡᠳᠭᠢᠯᠭᠡ ᠶᠢ | ᠪᠤᠯᠪᠠᠰᠤᠨ ᠤ ᠵᠦᠭ ᠪᠤᠯᠪᠠᠰᠤᠷᠠᠭᠤᠯᠬᠤ ᠪᠠᠷ ᠨᠢᠭᠡᠨ ᠬᠠᠷᠠᠯᠳᠠ ᠪᠤᠯᠭᠠᠨ᠂ ᠲᠡᠳᠡᠨ ᠤ ᠦᠪᠡᠷᠮᠢᠴᠡ ᠴᠢᠨᠡᠷ ᠢ | ᠬᠦᠭᠵᠢᠭᠦᠯᠬᠦ ᠪᠠᠷ ᠰᠦᠪᠡᠭᠴᠢᠯᠡᠨ ᠰᠤᠳᠤᠯᠬᠤ ᠪᠠ ᠰᠤᠳᠤᠯᠭᠠᠨ ᠤ ᠴᠢᠭᠯᠡᠯ ᠢᠶᠠᠨ ᠬᠦᠭᠵᠢᠯᠳᠡ ᠶᠢᠨ ᠤᠷᠤᠰᠬᠠᠯ | ᠪᠤᠯᠭᠠᠬᠤ ᠨᠢ ᠶᠠᠭᠤᠨ ᠠᠴᠠ ᠴᠦ ᠠᠰᠢᠭᠳᠠᠢ ᠪᠤᠯᠪᠠ ᠤᠤ᠂ ᠪᠢᠳᠡ ᠰᠤᠷᠤᠭᠴᠢ ᠪᠠᠷ ᠠᠴᠢᠶᠠᠯᠠᠪᠤᠷᠢ ᠪᠤᠯᠭᠠᠵᠤ᠂ ᠡᠨᠡ | ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠡᠶᠢᠮᠤ ᠡᠶᠢᠮᠤ ᠤᠨᠴᠠᠯᠢᠭ ᠲᠠᠢ ᠭᠡᠳᠡᠭ ᠢ ᠡᠷᠢᠨ ᠰᠦᠪᠡᠭᠴᠢᠯᠡᠵᠤ | ᠬᠦᠮᠦᠵᠢᠭᠦᠯᠬᠦ ᠶᠤᠰᠤᠳᠠᠢ᠃ ᠰᠤᠷᠤᠭᠴᠢ ᠶᠢᠨ ᠤᠨᠴᠠᠯᠢᠭ ᠪᠤᠯ ᠲᠠᠷᠤᠢ ᠰᠤᠷᠭᠠᠭᠤᠯᠢ ᠶᠢᠨ ᠤᠨᠴᠠᠯᠢᠭ ᠶᠤᠮ᠃ | ᠰᠤᠶᠤᠯ ᠵᠦᠢ᠂ ᠬᠦᠮᠦᠨ ᠮᠦᠰᠦ ᠶᠢᠨ ᠲᠠᠯ᠎ᠠ ᠠᠴᠠ ᠶᠠᠷᠢᠭᠰᠠᠨ ᠴᠦ ᠪᠦᠬᠦᠶᠢᠯᠡ ᠰᠤᠷᠤᠭᠴᠢᠳ ᠤᠨ ᠬᠡᠪ | ᠪᠤᠯᠪᠠᠰᠤᠷᠠᠯ ᠢ ᠪᠦᠬᠦᠯᠢ ᠴᠤᠭᠴᠠᠳᠤ ᠴᠢᠨᠠᠷᠵᠢᠭᠤᠨ ᠬᠢᠷᠢ ᠲᠦᠪᠰᠢᠨ ᠳᠤ ᠬᠦᠷᠭᠡᠬᠦ ᠨᠢ ᠵᠦᠢ ᠶᠤᠰᠤᠳᠤ ᠴᠢᠨᠠᠷᠳᠠᠢ | ᠪᠠᠶᠢᠳᠠᠭ᠃ ᠰᠤᠷᠭᠠᠭᠤᠯᠢ ᠨᠢ ᠰᠢᠨ᠎ᠡ ᠬᠦᠮᠦᠨ ᠢ ᠦᠰᠭᠡᠨ ᠬᠦᠮᠦᠵᠢᠭᠦᠯᠬᠦ ᠦᠯᠦᠭᠡᠢ᠂ ᠰᠢᠨ᠎ᠡ ᠠᠮᠢ ᠠᠮᠢᠵᠢᠷᠠᠯ | ᠰᠢᠨ᠎ᠠ ᠰᠡᠳᠭᠢᠮᠵᠢ ᠰᠢᠨ᠎ᠡ ᠦᠵᠡᠯ ᠰᠠᠨᠠᠭ᠎ᠠ ᠪᠤᠢ ᠪᠤᠯᠵᠤ ᠪᠦᠷᠢᠯᠳᠦᠨ ᠲᠤᠭᠳᠠᠨᠢᠬᠤ ᠶᠢᠨ ᠬᠦᠯᠡᠮᠵᠢ ᠪᠤᠯᠬᠤᠷ | ᠪᠠᠭᠰᠢᠯᠠᠭᠴᠢᠳ ᠲᠡᠷᠢᠭᠦᠨ ᠤ ᠪᠠᠶᠢᠪᠠᠯ ᠬᠦᠮᠦᠵᠢᠭᠦᠯᠦᠭᠰᠡᠨ ᠱᠠᠪᠢ ᠨᠢ ᠰᠢᠯᠢᠳᠡᠭ ᠪᠤᠯᠵᠤ ᠲᠡᠶᠢᠯᠤᠨ᠎ᠠ᠃ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠳᠤ ᠪᠠᠨ ᠰᠤᠷᠤᠭᠴᠢ ᠶᠢᠨ ᠭᠤᠤᠯ ᠴᠤᠭᠴᠠ ᠶᠢᠨ | ᠦᠢᠯᠡᠳᠦᠯ ᠢ ᠬᠦᠢᠴᠡᠳ ᠪᠠᠳᠠᠷᠠᠭᠤᠯᠤᠨ᠂ ᠬᠢᠴᠢᠶᠡᠯᠯᠡᠭᠡ ᠶᠢᠨ ᠭᠤᠤᠯ ᠡᠵᠡᠨ ᠪᠤᠯᠭᠠᠬᠤ ᠶᠢ ᠴᠢᠬᠤᠯᠠᠴᠢᠯᠡᠨ᠂ ᠪᠠᠭᠰᠢ | ᠭᠤᠤᠯ ᠵᠢᠯᠤᠭᠤᠳᠬᠤ ᠦᠢᠯᠡᠳᠦᠯ ᠢᠶᠠᠨ ᠠᠳᠬᠤᠵᠤ᠂ ᠵᠦᠪᠬᠡᠨ ᠬᠤᠪᠢ ᠨᠤᠷᠮ᠎ᠡ ᠪᠠ ᠦᠷ᠎ᠡ ᠳ᠋ᠦᠡᠭ ᠢ | ᠭᠦᠭᠡᠭᠡᠴᠡᠯᠳᠦᠬᠦ ᠵᠢᠭᠠᠨ ᠰᠤᠷᠭᠠᠯᠳᠠ ᠶᠢ ᠤᠯᠠᠮ ᠢᠶᠠᠷ ᠦᠭᠡᠷᠡᠴᠢᠯᠡᠨ ᠰᠠᠶᠢᠵᠢᠷᠠᠭᠤᠯᠵᠤ᠂ ᠶᠠᠪᠤᠴᠠ ᠶᠢᠨ ᠵᠢᠭᠠᠨ | ᠰᠤᠷᠭᠠᠯᠳᠠ᠂ ᠪᠡᠶ᠎ᠡ ᠪᠠᠨ ᠲᠠᠭᠠᠭᠠᠵᠤ ᠰᠢᠨ᠎ᠡ ᠶᠢ ᠡᠭᠦᠳᠬᠦ ᠵᠢᠭᠠᠨ ᠰᠤᠷᠭᠠᠯᠳᠠ ᠵᠦᠭ ᠬᠦᠳᠦᠯᠬᠦ ᠪᠤᠶᠤ ᠲᠡᠳᠡᠵᠤ | ᠤᠷᠤᠭᠤᠯᠬᠤ ᠳᠤ ᠪᠠᠨ ᠵᠤᠬᠢᠨ᠎ᠡ᠃ ᠰᠤᠷᠤᠭᠴᠢᠳ ᠤᠨ ᠠᠮᠢᠳᠤᠯᠢᠭ ᠴᠤᠪᠤᠭᠤ ᠰᠡᠳᠬᠢᠬᠦᠢ ᠬᠢᠭᠡᠳ ᠨᠡᠭᠡᠭᠡᠯᠳᠡᠳᠤ | ᠪᠦᠳᠦᠭᠡᠯᠴᠢ ᠰᠡᠳᠭᠢᠬᠦᠢ ᠶᠢ ᠬᠦᠮᠦᠵᠢᠭᠦᠯᠬᠦ ᠭᠡᠳᠡᠭ ᠤᠳᠠᠭᠠᠨ ᠲᠠᠭᠠᠭᠠᠮᠠᠭᠠᠢ ᠴᠢᠨᠡᠷ ᠲᠠᠢ ᠰᠤᠷᠭᠠᠨ ᠬᠦᠮᠦᠵᠢᠭᠦᠯᠦᠯ | ᠤᠨ ᠠᠵᠢᠯᠯᠠᠭᠠᠨ ᠢᠶᠠᠷ ᠲᠠᠮᠵᠢᠨ ᠪᠡᠶᠡᠯᠡᠭᠳᠡᠳᠡᠭ ᠪᠤᠯᠬᠤᠷ ᠨᠢᠭᠡ ᠬᠤᠭᠤᠴᠠᠭ᠎ᠠ᠂ ᠨᠢᠭᠡ ᠵᠢᠯ᠂ ᠴᠠᠭᠠᠰᠢᠯᠠᠪᠠᠯ ᠬᠡᠳᠦᠨ | ᠵᠢᠯ ᠢᠶᠠᠷ ᠲᠦᠯᠦᠪᠯᠡᠨ ᠲᠦᠰᠦᠪᠯᠡᠵᠤ ᠬᠢᠵᠤ ᠪᠡᠶᠡᠯᠡᠭᠦᠯᠬᠦ ᠶᠢ ᠪᠠᠷᠢᠮᠳᠠᠯᠠᠨ᠎ᠠ᠃ ᠤᠳᠤᠬᠠᠨ ᠳᠤ ᠵᠤᠷᠰᠢᠯ ᠠᠴᠠ | ᠲᠠᠪᠠᠭᠰᠠᠨ ᠰᠢᠨ᠎ᠡ ᠡᠭᠦᠳᠦᠯᠳᠡ ᠲᠠᠢ᠂ ᠴᠢᠯᠦᠭᠡᠳᠦ ᠰᠡᠳᠭᠢᠮᠵᠢ ᠲᠠᠢ ᠵᠢᠭᠠᠨ ᠰᠤᠷᠭᠠᠯᠳᠠ ᠬᠡᠷᠡᠭᠴᠡᠭᠡ ᠱᠠᠭᠠᠷᠳᠠᠯᠭ᠎ᠠ | ᠲᠠᠢ ᠪᠤᠯᠤᠭᠰᠠᠨ ᠲᠤᠯᠠ ᠪᠠᠭᠰᠢ ᠨᠠᠷ ᠤᠨ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ᠂ ᠦᠨᠳᠦᠰᠦᠨ ᠪᠤᠯᠪᠠᠰᠤᠷᠠᠯ | ᠤᠨ ᠲᠠᠳᠬᠠᠯᠵᠢᠯ᠂ ᠮᠡᠳᠡᠯᠭᠡ ᠶᠢᠨ ᠦᠷᠭᠡᠴᠡ ᠬᠦᠨᠴᠡ᠂ ᠬᠦᠮᠦᠨ ᠳᠤ ᠲᠠᠭᠤᠷᠢᠶᠠᠯ ᠪᠤᠯᠬᠤ᠂᠂᠂᠂ ᠵᠡᠷᠭᠡ ᠮᠠᠰᠢ | ᠤᠯᠠᠨ ᠲᠠᠯ᠎ᠠ ᠶᠢᠨ ᠱᠠᠭᠠᠷᠳᠠᠯᠭ᠎ᠠ ᠲᠤᠯᠭᠠᠷᠠᠵᠤ ᠪᠠᠶᠢᠨ᠎ᠠ᠃ ᠰᠤᠷᠤᠭᠴᠢ ᠭᠡᠳᠡᠭ ᠪᠤᠯ ᠦᠵᠡᠭᠴᠢ ᠪᠤᠶᠤ ᠰᠤᠨᠤᠰᠤᠭᠴᠢ | ᠪᠢᠰᠢ᠂ ᠬᠠᠷᠢᠨ ᠴᠢᠰᠦ ᠮᠢᠬ᠎ᠠ ᠲᠠᠢ᠂ ᠤᠶᠤᠨ ᠤᠬᠠᠭᠠᠨ ᠲᠠᠢ᠂ ᠲᠤᠷ᠎ᠠ ᠰᠤᠨᠢᠷᠬᠠᠯ ᠲᠠᠢ ᠬᠦᠮᠦᠨ ᠮᠦᠷᠳᠡᠭᠡᠨ | ᠰᠤᠷᠬᠤ ᠶᠢᠨ ᠡᠵᠡᠨ ᠪᠡᠶ᠎ᠡ ᠪᠤᠯᠬᠤᠷ ᠲᠡᠭᠦᠨ ᠳᠤ ᠬᠠᠨᠳᠤᠭᠤᠯᠵᠤ ᠪᠡᠯᠡᠳᠬᠡᠨ᠂ ᠲᠡᠭᠦᠨ ᠳᠤ ᠵᠤᠷᠢᠭᠤᠯᠤᠨ | ᠰᠡᠳᠬᠢᠮᠵᠢᠯᠡᠨ᠂ ᠲᠡᠳᠡᠨ ᠤ ᠠᠯᠢᠪᠠ ᠳᠤ ᠠᠪᠢᠶᠠᠰ ᠪᠢᠯᠢᠭ ᠢᠶᠠᠨ ᠰᠢᠪᠬᠠᠬᠤ ᠨᠢ ᠪᠠᠭᠰᠢᠯᠠᠭᠴᠢᠳ ᠤᠨ ᠪᠤᠳᠤᠵᠤ | ᠰᠡᠳᠬᠢᠭᠦᠰᠢᠳᠡᠢ ᠠᠰᠠᠭᠤᠳᠠᠯ ᠪᠤᠯᠬᠤ ᠶᠢ ᠢᠮᠡᠭ᠌ᠳᠠ ᠴᠡᠭᠡᠵᠢᠯᠡᠨ᠂ ᠴᠠᠭ ᠡᠭᠦᠷᠢᠳᠡ ᠰᠦᠪᠡᠭᠴᠢᠯᠡᠨ | ᠰᠤᠳᠤᠯᠤᠭᠤᠰᠢᠳᠠᠢ ᠪᠠᠶᠢᠭ᠎ᠠ ᠶᠤᠮ᠃ ᠰᠤᠷᠤᠭᠴᠢ ᠶᠢᠨ ᠦᠰᠦᠨ ᠪᠤᠶᠢᠵᠢᠯᠳᠠ ᠨᠢ ᠤᠷᠭᠤᠭ᠎ᠠ ᠨᠤᠭᠤᠭ᠎ᠠ ᠰᠢᠭ᠋ | ᠮᠡᠳᠡᠭᠳᠡᠮ᠎ᠡ ᠪᠠᠶᠢᠳᠠᠭ᠂ ᠲᠡᠳᠡᠨ ᠤ ᠪᠡᠶ᠎ᠡ ᠭᠠᠯᠪᠢᠷ᠂ ᠦᠡᠭᠭᠡ ᠲᠦᠷᠬᠦ ᠠᠴᠠ ᠡᠭᠢᠯᠡᠨ ᠪᠤᠳᠤᠯ ᠤᠬᠠᠭᠠᠨ ᠨᠢ ᠴᠦ | ᠡᠳᠦᠷ ᠠᠴᠠ ᠡᠳᠦᠷ ᠦᠭᠡᠷᠡᠳᠦᠨ ᠰᠢᠨᠡᠵᠢᠵᠤ᠂ ᠤᠬᠠᠭᠠᠷᠠᠨ ᠲᠤᠮᠤᠭᠠᠵᠢᠵᠤ ᠪᠠᠶᠢᠳᠠᠭ ᠲᠠᠢ ᠠᠳᠠᠯᠢ ᠪᠠᠷ ᠪᠠᠭᠰᠢ ᠶᠢᠨ | ᠬᠦᠭᠵᠢᠯᠳᠠ ᠴᠦ ᠲᠡᠭᠦᠯᠳᠡᠷᠵᠢᠨ ᠲᠤᠮᠤᠷᠠᠬᠤ ᠤᠴᠢᠷᠳᠠᠢ᠃ ᠴᠢᠳᠠᠬᠤ ᠦᠭᠡᠢ ᠠᠴᠠ ᠪᠠᠨ ᠴᠢᠳᠠᠬᠤ᠂ ᠡᠮᠵᠡᠭ | ᠪᠠᠭᠤᠷᠠᠢ ᠠᠴᠠ ᠪᠠᠨ ᠬᠦᠴᠦᠷᠭᠡᠭ ᠵᠦᠪ ᠪᠤᠯᠬᠤ᠂ ᠡᠩ ᠤᠨ ᠪᠠᠭᠰᠢ ᠠᠴᠠ ᠪᠠᠨ ᠭᠤᠤᠯᠯᠠᠭᠴᠢ ᠲᠠᠭᠠᠭᠤᠯᠤᠭᠴᠢ | ᠴᠢᠳᠠᠪᠤᠷᠢᠳᠠᠨ ᠪᠤᠯᠬᠤ ᠯᠡ ᠵᠢᠷᠤᠮ ᠲᠠᠢ ᠪᠤᠯᠬᠤᠷ ᠬᠤᠪᠢᠳᠠᠭᠰᠠᠨ ᠠᠵᠢᠯ ᠢᠶᠠᠨ ᠢᠯᠡᠭᠦᠬᠡᠨ ᠰᠤᠳᠤᠯᠵᠤ᠂ ᠴᠢᠨᠠᠷᠯᠢᠭ | ᠪᠡᠶᠡᠯᠡᠭᠦᠯᠪᠡᠯ ᠰᠠᠶ᠋ᠢ ᠠᠮᠵᠢᠯᠳᠠ ᠪᠦᠳᠦᠮᠵᠢᠳᠠᠢ ᠪᠤᠯᠬᠤ ᠪᠠᠷ ᠦᠯᠦ ᠪᠡᠷᠡᠮ ᠨᠢᠭᠡ ᠠᠩᠭᠢ ᠶᠢᠨ᠂ ᠨᠢᠭᠡ ᠨᠢᠭᠡᠴᠢ ᠶᠢᠨ᠂ | ᠴᠠᠭᠠᠰᠢᠯᠠᠪᠠᠯ ᠨᠢᠭᠡ ᠦᠨᠳᠦᠰᠦᠳᠡᠨ ᠤ ᠰᠤᠶᠤᠯ ᠰᠤᠷᠭᠠᠨ ᠬᠦᠮᠦᠵᠢᠯ ᠤᠨ ᠠᠵᠢᠯ ᠴᠦ ᠰᠢᠨ᠎ᠡ ᠱᠠᠳᠤᠨ ᠳᠤ ᠬᠦᠷᠴᠦ | ᠪᠤᠯᠬᠤ ᠨᠢ ᠲᠠᠮᠵᠢᠭ ᠦᠭᠡᠢ ᠶᠤᠮ᠃ ᠰᠤᠷᠭᠠᠭᠤᠯᠢ ᠨᠢᠭᠡᠴᠢ ᠨᠢ ᠤᠶᠢᠷ᠎ᠡ ᠵᠡᠷᠭᠡᠯᠡᠳᠡᠭᠡ ᠪᠠᠶᠢᠭ᠎ᠠ ᠰᠤᠷᠭᠠᠭᠤᠯᠢ ᠲᠠᠢ | ᠪᠠᠨ᠂ ᠡᠰᠡᠭᠦᠯ᠎ᠡ ᠮᠤᠩᠭᠤᠯ ᠰᠤᠷᠭᠠᠭᠤᠯᠢ ᠨᠤᠭᠤᠳ ᠲᠠᠢ ᠪᠠᠨ᠂ ᠨᠡᠩ ᠴᠦ ᠬᠤᠳᠠ ᠪᠤᠶᠤ ᠦᠪᠡᠷᠳᠡᠭᠡᠨ ᠵᠠᠰᠠᠬᠤ | ᠤᠷᠤᠨ ᠤ ᠡᠯ᠎ᠡ ᠲᠡᠰ ᠤᠨ ᠰᠤᠷᠭᠠᠭᠤᠯᠢ ᠲᠠᠢ ᠴᠦ ᠦᠷᠢᠰᠦᠯᠳᠦᠭᠡᠨ ᠬᠢᠬᠦ ᠤᠮᠤᠭ ᠵᠤᠷᠢᠭ᠂ ᠡᠷᠴᠢ ᠬᠦᠴᠦᠨ | ᠪᠠᠶᠢᠬᠤ ᠳᠤ ᠪᠠᠨ ᠵᠦᠢ᠃ ᠭᠡᠬᠦ ᠳᠤ ᠪᠠᠨ ᠵᠠᠪᠠᠯ ᠢᠯᠠᠨ ᠲᠠᠪᠠᠭ᠋ᠤ ᠢᠳᠡᠭᠡᠯ᠂ ᠦᠷᠢᠰᠦᠯᠳᠤᠨ ᠤᠷᠤᠯᠳᠤᠬᠤ | ᠴᠢᠷᠮᠠᠶᠢᠯᠭ᠎ᠠ ᠴᠢᠬᠤᠯᠠᠳᠠᠢ ᠪᠠᠨ ᠲᠠᠨᠢᠨ ᠮᠡᠳᠡᠬᠦ ᠮᠦᠷᠳᠡᠭᠡᠨ ᠪᠡᠶᠡᠳᠡᠨ ᠬᠢᠬᠦ ᠬᠡᠷᠡᠭᠳᠡᠢ᠂ ᠰᠤᠯᠠᠷᠠᠰᠢ ᠦᠭᠡᠢ | ᠤᠷᠤᠭᠰᠢᠯᠡᠨ ᠲᠡᠮᠡᠴᠡᠬᠦ ᠬᠡᠷᠡᠭᠳᠡᠢ ᠪᠠᠶᠢᠳᠠᠭ᠃ ᠪᠢᠳᠡ ᠵᠦᠪᠬᠡᠨ ᠰᠤᠨᠢᠨ ᠰᠡᠪᠡᠭᠦᠨ ᠢ ᠡᠷᠢᠯᠬᠢᠨᠯᠬᠦ ᠪᠢᠰᠢ᠂ ᠦᠡᠭᠬᠡᠨ | ᠲᠡᠳᠦᠢ ᠬᠡᠯᠪᠡᠷᠢ ᠶᠢ ᠭᠦᠭᠡᠭᠡᠴᠡᠯᠳᠦᠬᠦ ᠪᠢᠰᠢ᠂ ᠰᠠᠯᠬᠢᠨ ᠤ ᠠᠶ᠎ᠠ ᠪᠠᠷ ᠤᠡᠭᠭᠤᠴᠠ ᠰᠡᠯᠢᠬᠦ ᠪᠢᠰᠢ᠂ ᠬᠠᠷᠢᠨ ᠦᠨᠡᠨ | ᠪᠤᠳᠠᠳᠠᠢ᠂ ᠦᠪᠡᠷᠮᠢᠴᠡ ᠴᠢᠨᠠᠷ ᠲᠠᠢ᠂ ᠦᠪᠡᠷ ᠤᠨ ᠤᠨᠴᠠᠯᠢᠭ ᠲᠠᠢ᠂ ᠪᠦᠳᠦᠭᠡᠯᠯᠴᠢ ᠡᠭᠦᠳᠦᠯᠳᠡ ᠲᠠᠢ ᠪᠠᠷ | ᠮᠤᠩᠭᠤᠯ ᠦᠨᠳᠦᠰᠦᠳᠡᠨ ᠤ ᠰᠤᠷᠭᠠᠭᠤᠯᠢ ᠶᠢ ᠴᠤᠭᠴᠠᠯᠠᠨ ᠪᠠᠶᠢᠭᠤᠯᠬᠤ ᠪᠠᠷ ᠬᠠᠷᠠᠯᠳᠠ ᠪᠠᠨ ᠪᠤᠯᠭᠠᠵᠤ ᠴᠢᠷᠮᠠᠶᠢᠨ | ᠠᠵᠢᠯᠯᠠᠪᠠᠯ ᠰᠠᠶ᠋ᠢ ᠬᠡᠨ ᠳᠤ ᠴᠦ ᠤᠰᠤᠯᠳᠤᠬᠤ ᠦᠭᠡᠢ᠂ ᠬᠡᠨ ᠲᠠᠢ ᠴᠦ ᠳᠠᠪᠬᠤᠴᠠᠬᠤ ᠦᠭᠡᠢ ᠤᠨᠴᠠᠯᠢᠭᠳᠤ | ᠰᠤᠷᠭᠠᠭᠤᠯᠢ ᠶᠢ ᠪᠦᠳᠦᠭᠡᠨ ᠪᠠᠶᠢᠭᠤᠯᠵᠤ ᠮᠤᠩᠭᠤᠯ ᠰᠤᠷᠭᠠᠨ ᠬᠦᠮᠦᠵᠢᠯ ᠢᠶᠠᠨ ᠦᠭᠡᠳᠡ ᠲᠠᠳᠠᠵᠤ ᠪᠤᠯᠬᠤ ᠶᠤᠮ᠃ | ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠪᠠ ᠬᠠᠮᠢᠶᠠᠷᠤᠯᠳᠠ ᠶᠢᠨ ᠬᠢᠷᠢ ᠲᠦᠪᠰᠢᠨ ᠢᠶᠠᠷ ᠰᠤᠷᠭᠠᠭᠤᠯᠢ | ᠨᠢᠭᠡᠴᠢ ᠨᠢ ᠠᠯᠳᠠᠷ ᠮᠠᠨᠳᠤᠨ ᠤᠨᠴᠠᠯᠢᠭ ᠢᠶᠠᠨ ᠲᠤᠪᠤᠶᠢᠯᠭᠠᠬᠤ ᠶᠢᠨ ᠬᠤᠪᠢ ᠳᠤ᠂ ᠦᠵᠡᠯ ᠰᠠᠨᠠᠭᠠᠨ ᠤ ᠰᠦᠷᠯᠢᠭ | ᠲᠤᠮᠤᠬᠠᠨ ᠪᠡᠯᠡᠳᠬᠡᠯ᠂ ᠦᠭᠬᠢᠶᠡᠮᠤᠷᠴᠢ ᠲᠤᠰᠠᠴᠢ ᠠᠷᠢᠭᠤᠨ ᠪᠢᠰᠢᠷᠠᠯᠳᠤ ᠵᠤᠷᠢᠭ ᠰᠠᠨᠠᠭ᠎ᠠ ᠪᠠᠷ ᠴᠢᠷᠮᠠᠶᠢᠨ | ᠠᠵᠢᠯᠯᠠᠪᠠᠯ ᠵᠤᠬᠢᠬᠤ ᠪᠠᠨ ᠤᠶᠢᠯᠠᠭᠠᠨ᠂ ᠪᠦᠭᠦᠳᠡ ᠪᠦᠬᠦᠳᠡᠭᠡᠷ ᠢᠶᠠᠨ ᠪᠠᠳᠤ ᠢᠳᠡᠭᠡᠯ ᠲᠠᠢ ᠪᠦᠯᠬᠦᠮᠳᠡᠨ ᠴᠢᠷᠮᠠᠶᠢᠪᠠᠯ | ᠮᠤᠩᠭᠤᠯ ᠰᠠᠭᠤᠷᠢ ᠰᠤᠷᠭᠠᠨ ᠬᠦᠮᠤᠵᠢᠯ ᠬᠦᠭᠵᠢᠬᠦ ᠦᠭᠡᠢ ᠶᠤᠰᠤᠨ ᠬᠠᠮᠢᠭ᠎ᠠ ᠪᠠᠶᠢᠬᠤ ᠪᠤᠢ᠃ | | | | |