| | | | | ᠰᠢᠨᠬᠤᠧᠠ ᠮᠤᠩᠭᠤᠯ ᠨᠧᠲ ᠬᠦᠬᠡᠬᠤᠲᠠ ᠶᠢᠨ 11 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( | ᠬ᠊ • ᠦᠵᠡᠰᠭᠦᠯᠡᠩ ) ᠢᠷᠡᠬᠦ ᠰᠠᠷ᠎ᠠ ᠶᠢᠨ ᠡᠬᠢᠨ ᠤ ᠡᠲᠦᠷ ᠪᠤᠶᠤ 12 ᠰᠠᠷ᠎ᠠ ᠶᠢᠨ 1 ᠤ ᠡᠲᠦᠷ ᠠᠴᠠ ᠡᠬᠢᠯᠡᠨ | 《 ᠬᠦᠬᠡᠬᠤᠲᠠ ᠶᠢᠨ ᠮᠤᠩᠭᠤᠯ ᠡᠮ ᠡᠮᠨᠡᠯᠭᠡ ᠶᠢ ᠬᠦᠭᠵᠢᠬᠦᠯᠬᠦ ᠶᠢ ᠠᠬᠢᠭᠤᠯᠬᠤ ᠠᠷᠭ᠎ᠠ 》( ᠲᠤᠷᠤᠭᠰᠢ 《 | ᠠᠷᠭ᠎ᠠ 》 ᠭᠡᠵᠦ ᠲᠤᠪᠴᠢᠯᠠᠪᠠ ) ᠶᠢ ᠬᠡᠷᠡᠭᠵᠢᠬᠦᠯᠦᠨ᠎ᠡ᠃ ᠶᠢᠨ ᠬᠦ ᠮᠤᠩᠭᠤᠯ ᠡᠮ ᠡᠮᠨᠡᠯᠭᠡ ᠶᠢᠨ ᠬᠦᠭᠵᠢᠯᠲᠠ ᠳᠤ | ᠬᠠᠦᠯᠢ ᠲᠦᠷᠢᠮ ᠤᠨ ᠲᠠᠯ᠎ᠠ ᠶᠢᠨ ᠲᠡᠮᠵᠢᠯᠭᠡ ᠲᠠᠢ ᠪᠤᠯᠪᠠ᠃ | ᠲᠤᠰ 《 ᠠᠷᠭ᠎ᠠ 》 ᠳᠤ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠲᠠ ᠶᠢᠨ ᠵᠠᠷᠤᠲᠠᠯ | ᠰᠦᠢᠳᠭᠡᠯ ᠤᠨ ᠪᠠᠲᠤᠯᠠᠭᠠᠨ ᠤ ᠲᠤᠭᠲᠠᠯᠴᠠᠭ᠎ᠠ ᠲᠠᠢ ᠪᠤᠯᠭᠠᠵᠤ᠂ ᠬᠤᠲᠠ ᠪᠠ ᠬᠤᠰᠢᠭᠤ ᠰᠢᠶᠠᠨ ᠤ ᠠᠷᠠᠳ ᠤᠨ | ᠵᠠᠰᠠᠭ ᠤᠨ ᠤᠷᠲᠤᠨ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠲᠠ ᠶᠢᠨ ᠵᠠᠷᠤᠲᠠᠯ ᠰᠦᠢᠳᠭᠡᠯ ᠢ ᠲᠤᠰ | ᠱᠠᠲᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ ᠤᠯᠤᠰ ᠪᠠ ᠦᠪᠡᠷᠲᠡᠭᠡᠨ ᠵᠠᠰᠠᠬᠤ ᠤᠷᠤᠨ ᠤ ᠡᠮ | ᠡᠮᠨᠡᠯᠭᠡ ᠡᠷᠡᠬᠦᠯ ᠬᠠᠮᠠᠭᠠᠯᠠᠯ᠂ ᠦᠨᠳᠦᠰᠦᠲᠡᠨ ᠤ ᠰᠤᠶᠤᠯ ᠤᠨ ᠨᠡᠪᠲᠡᠷᠡᠯᠴᠡᠯ᠂ ᠰᠢᠨᠵᠢᠯᠡᠬᠦ ᠤᠬᠠᠭᠠᠨ ᠲᠧᠭ᠌ᠨᠤᠯᠤᠬᠢ | ᠵᠡᠷᠭᠡ ᠲᠠᠯ᠎ᠠ ᠶᠢᠨ ᠲᠤᠰᠬᠠᠢ ᠲᠦᠰᠦᠯ ᠤᠨ ᠮᠦᠩᠬᠦ ᠶᠢ ᠴᠢᠷᠮᠠᠢᠨ ᠤᠯᠵᠤ ᠮᠤᠩᠭᠤᠯ ᠡᠮ ᠡᠮᠨᠡᠯᠭᠡ ᠶᠢᠨ | ᠬᠦᠭᠵᠢᠯᠲᠠ ᠶᠢ ᠪᠠᠲᠤᠯᠠᠬᠤ ᠬᠡᠷᠡᠭᠲᠡᠢ ᠭᠡᠵᠡᠢ᠃ | ᠲᠤᠰ 《 ᠠᠷᠭ᠎ᠠ 》 ᠳᠤ ᠮᠤᠩᠭᠤᠯ ᠡᠮ ᠡᠮᠨᠡᠯᠭᠡ ᠶᠢᠨ ᠴᠢᠲᠠᠪᠤᠷᠢᠲᠠᠨ ᠤ ᠡᠩᠨᠡᠭᠡ ᠶᠢᠨ ᠪᠠᠢᠭᠤᠯᠤᠯᠲᠠ ᠶᠢ | ᠠᠬᠢᠭᠤᠯᠬᠤ ᠪᠠᠷ᠂ ᠮᠤᠩᠭᠤᠯ ᠠᠨᠠᠭᠠᠬᠤ ᠤᠬᠠᠭᠠᠨ ᠵᠢᠴᠢ ᠰᠢᠨᠵᠢᠯᠡᠭᠡ ᠰᠤᠲᠤᠯᠭᠠᠨ ᠤ ᠪᠠᠢᠭᠤᠯᠤᠮᠵᠢ ᠨᠢ ᠵᠢᠯ ᠪᠦᠷᠢ | 10% ᠶᠢᠨ ᠬᠠᠷᠢᠴᠠᠯ ᠢᠶᠠᠷ ᠲᠤᠬᠠᠢᠯᠠᠭᠰᠠᠨ ᠠᠵᠢᠯᠲᠠᠨ ᠢ ᠦᠨᠳᠦᠷ ᠵᠡᠷᠭᠡᠯᠡᠯ ᠤᠨ ᠡᠮᠴᠢᠯᠡᠭᠡᠨ ᠤ ᠪᠠᠢᠭᠤᠯᠤᠮᠵᠢ ᠪᠤᠶᠤ | ᠵᠢᠭᠠᠨ ᠰᠤᠷᠭᠠᠯᠲᠠ ᠰᠢᠨᠵᠢᠯᠡᠭᠡ ᠰᠤᠲᠤᠯᠭᠠᠨ ᠤ ᠪᠠᠢᠭᠤᠯᠤᠮᠵᠢ ᠳᠤ ᠲᠤᠮᠢᠯᠠᠨ ᠰᠤᠷᠤᠯᠴᠠᠭᠤᠯᠵᠤ᠂ ᠲᠤᠬᠠᠢᠯᠠᠭᠰᠠᠨ | ᠠᠵᠢᠯ ᠤᠨ ᠬᠢᠷᠢ ᠲᠦᠪᠰᠢᠨ ᠢ ᠨᠢ ᠲᠡᠭᠡᠭᠰᠢᠯᠡᠬᠦᠯᠬᠦ ᠬᠡᠷᠡᠭᠲᠡᠢ ᠭᠡᠵᠡᠢ᠃ | ᠲᠤᠰ 《 ᠠᠷᠭ᠎ᠠ 》 ᠳᠤ ᠪᠠᠰᠠ᠂ ᠮᠤᠩᠭᠤᠯ ᠠᠨᠠᠭᠠᠬᠤ ᠤᠬᠠᠭᠠᠨ ᠤ ᠲᠤᠰᠬᠠᠢ ᠰᠠᠯᠠᠭ᠎ᠠ ᠡᠮᠴᠢᠯᠡᠭᠡᠨ ᠤ | ᠪᠠᠢᠭᠤᠯᠤᠮᠵᠢ᠂ ᠬᠤᠪᠢ ᠶᠢᠨ ᠡᠮᠨᠡᠯᠭᠡ᠂ ᠨᠡᠷᠡᠲᠦ ᠡᠮᠴᠢ ᠶᠢᠨ ᠠᠵᠢᠯ ᠤᠨ ᠦᠷᠦᠭᠡ ᠶᠢᠨ ᠲᠠᠯ᠎ᠠ ᠪᠠᠷ ᠲᠦᠷᠢᠮᠵᠢᠬᠦᠯᠦᠨ᠂ | ᠬᠤᠲᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠲᠤᠨ ᠠᠴᠠ ᠰᠢᠨ᠎ᠡ ᠬᠤᠷᠢᠶᠠᠯᠠᠯ ᠤᠨ ᠪᠠᠢᠭᠤᠯᠤᠯᠲᠠ᠂ | ᠬᠠᠭᠤᠴᠢᠨ ᠬᠤᠷᠢᠶᠠᠯᠠᠯ ᠤᠨ ᠵᠠᠰᠠᠨ ᠰᠠᠢᠵᠢᠷᠠᠭᠤᠯᠤᠯᠲᠠ ᠶᠢ ᠬᠢᠬᠦ ᠦᠶ᠎ᠠ ᠪᠠᠷ ᠲᠦᠯᠦᠪᠵᠢᠬᠦᠯᠭᠡ ᠶᠤᠰᠤᠭᠠᠷ ᠮᠤᠩᠭᠤᠯ | ᠠᠨᠠᠭᠠᠬᠤ ᠤᠬᠠᠭᠠᠨ ᠡᠮᠴᠢᠯᠡᠭᠡᠨ ᠤ ᠪᠠᠢᠭᠤᠯᠤᠮᠵᠢ ᠪᠠᠢᠭᠤᠯᠬᠤ ᠬᠡᠷᠡᠭᠲᠡᠢ ᠭᠡᠵᠡᠢ᠃ | ᠮᠤᠩᠭᠤᠯ ᠠᠨᠠᠭᠠᠬᠤ ᠤᠬᠠᠭᠠᠨ ᠡᠮᠴᠢᠯᠡᠭᠡᠨ ᠤ ᠪᠠᠢᠭᠤᠯᠤᠮᠵᠢ ᠵᠢᠴᠢ ᠪᠤᠰᠤᠳ ᠨᠡᠢᠭᠡᠮ ᠤᠨ ᠬᠦᠴᠦᠨ ᠲᠠᠢ | ᠬᠠᠮᠲᠤᠷᠠᠨ ᠮᠤᠩᠭᠤᠯ ᠠᠨᠠᠭᠠᠬᠤ ᠤᠬᠠᠭᠠᠨ ᠤ ᠡᠷᠡᠬᠦᠯᠵᠢᠯ ᠤᠨ ᠦᠢᠯᠡᠴᠢᠯᠡᠭᠡᠨ ᠤ ᠪᠠᠢᠭᠤᠯᠤᠮᠵᠢ ᠪᠠᠢᠭᠤᠯᠬᠤ ᠶᠢ | ᠵᠤᠷᠢᠭᠵᠢᠭᠤᠯᠤᠨ ᠲᠡᠮᠵᠢᠵᠦ᠂ ᠮᠤᠩᠭᠤᠯ ᠠᠨᠠᠭᠠᠬᠤ ᠤᠬᠠᠭᠠᠨ ᠤ ᠪᠡᠶ᠎ᠡ ᠰᠤᠪᠢᠯᠠᠯᠲᠠ᠂ ᠡᠷᠡᠬᠦᠯᠵᠢᠯ ᠵᠡᠷᠭᠡ | ᠴᠢᠲᠠᠪᠤᠷᠢ ᠶᠢ ᠪᠠᠲᠠᠷᠠᠭᠤᠯᠤᠨ ᠮᠤᠩᠭᠤᠯ ᠡᠮᠲᠤ ᠤᠬᠢᠶᠠᠯᠭ᠎ᠠ᠂ ᠮᠤᠩᠭᠤᠯ ᠡᠮᠲᠦ ᠬᠤᠭᠤᠯᠠᠨ ᠤ ᠬᠦᠭᠵᠢᠯᠲᠠ ᠶᠢ | ᠠᠬᠢᠭᠤᠯᠤᠨ ᠮᠤᠩᠭᠤᠯ ᠠᠨᠠᠭᠠᠬᠤ ᠤᠬᠠᠭᠠᠨ ᠢᠶᠠᠷ ᠡᠪᠡᠳᠴᠢᠨ ᠵᠠᠰᠠᠬᠤ ᠰᠤᠪᠢᠯᠠᠬᠤ ᠦᠢᠯᠡᠴᠢᠯᠡᠭᠡᠨ ᠤ | ᠲᠤᠭᠲᠠᠯᠴᠠᠭ᠎ᠠ ᠶᠢ ᠪᠠᠢᠭᠤᠯᠤᠨ᠎ᠠ ᠭᠡᠵᠦ ᠲᠤᠰ 《 ᠠᠷᠭ᠎ᠠ 》 ᠳᠤ ᠲᠤᠭᠲᠠᠭᠠᠵᠠᠢ᠃ | ᠡᠭᠦᠨ ᠠᠴᠠ ᠭᠠᠲᠠᠨ᠎ᠠ ᠪᠠᠰᠠ ᠨᠠᠷᠠᠲᠦ ᠡᠮᠴᠢ ᠶᠢᠨ ᠠᠵᠢᠯ ᠤᠨ ᠦᠷᠦᠭᠡ ᠪᠠᠢᠭᠤᠯᠤᠨ ᠲᠦᠭᠡᠮᠡᠯᠵᠢᠬᠦᠯᠵᠤ᠂ | ᠨᠡᠷ᠎ᠡ ᠬᠦᠨᠳᠦ ᠲᠠᠢ ᠮᠤᠩᠭᠤᠯ ᠠᠨᠠᠭᠠᠬᠤ ᠤᠬᠠᠭᠠᠨ ᠤ ᠲᠤᠰᠬᠠᠢ ᠮᠡᠷᠭᠡᠵᠢᠯᠲᠡᠨ ᠤ ᠱᠠᠪᠢ ᠡᠯᠰᠡᠵᠦ ᠮᠤᠩᠭᠤᠯ | ᠠᠨᠠᠭᠠᠬᠤ ᠤᠬᠠᠭᠠᠨ ᠤ ᠤᠨᠤᠯ᠂ ᠡᠷᠲᠡᠮ ᠰᠢᠨᠵᠢᠯᠡᠭᠡᠨ ᠤ ᠦᠵᠡᠯ ᠰᠠᠨᠠᠭ᠎ᠠ᠂ ᠡᠮᠴᠢᠯᠡᠭᠡᠨ ᠤ ᠠᠷᠭ᠎ᠠ ᠲᠤᠷᠰᠢᠯᠭ᠎ᠠ | ᠪᠤᠯᠤᠨ ᠡᠮᠴᠢᠯᠡᠬᠦ ᠠᠷᠭ᠎ᠠ ᠪᠠᠷᠢᠯ ᠢᠶᠠᠨ ᠵᠢᠭᠠᠵᠤ ᠤᠯᠠᠮᠵᠢᠯᠠᠬᠤ᠂ ᠮᠤᠩᠭᠤᠯ ᠠᠨᠠᠭᠠᠬᠤ ᠤᠬᠠᠭᠠᠨ ᠤ ᠲᠤᠰᠬᠠᠢ | ᠮᠡᠷᠭᠡᠵᠢᠯᠲᠡᠳ ᠤᠨ ᠮᠤᠩᠭᠤᠯ ᠠᠨᠠᠭᠠᠬᠤ ᠤᠬᠠᠭᠠᠨ ᠤ ᠡᠮᠴᠢᠯᠡᠭᠡ᠂ ᠮᠤᠩᠭᠤᠯ ᠡᠮ ᠡᠮᠨᠡᠯᠭᠡ ᠶᠢᠨ ᠲᠡᠦᠬᠡ ᠰᠤᠶᠤᠯ ᠤᠨ | ᠤᠯᠠᠮᠵᠢᠯᠠᠯ ᠵᠡᠷᠭᠡ ᠲᠠᠯ᠎ᠠ ᠶᠢᠨ ᠦᠢᠯᠡᠳᠦᠯ ᠢᠶᠠᠨ ᠪᠠᠲᠠᠷᠠᠭᠤᠯᠬᠤ ᠶᠢ ᠵᠤᠷᠢᠭᠵᠢᠭᠤᠯᠤᠨ᠎ᠠ ᠭᠡᠵᠡᠢ᠃ | | | | |