2019 ᠣᠨ ᠤ ᠬᠡᠪᠯᠡᠯ ᠤᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠬᠦᠯᠵᠢᠯ ᠤᠨ ᠬᠡᠪ ᠪᠣᠯᠪᠠᠰᠤᠷᠠᠯ 》᠎ ᠢ ' ᠨᠡᠶᠢᠲᠡᠯᠡᠪᠡ
ᠨᠡᠶᠢᠲᠡᠯᠡᠭᠰᠡᠨ ᠴᠠᠭ᠄
2019/12/2
        ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠣᠬᠢᠶᠠᠨ ᠪᠠᠶᠢᠭᠤᠯᠤᠭᠰᠠᠨ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠰᠤᠳᠤᠯᠤᠨ ᠲᠣᠭᠲᠠᠭᠠᠭᠰᠠᠨ 2019 ᠣᠨ ᠬᠡᠪᠯᠡᠯ ᠤᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠬᠡᠪ ᠪᠣᠯᠪᠠᠰᠤᠷᠠᠯ 》᠎ ᠢ ' ᠵᠢᠩᠬᠢᠨᠢ ᠪᠠᠷ ᠨᠡᠶᠢᠲᠡᠯᠡᠪᠡ᠃         ᠣᠶᠢᠯᠠᠭᠠᠭᠰᠠᠨ ᠢᠶᠠᠷ᠂ 2019 ᠣᠨ ᠤ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠬᠦᠯᠵᠢᠯ ᠤᠨ ᠬᠡᠪ ᠪᠣᠯᠪᠠᠰᠤᠷᠠᠯ 》᠎ ᠢ ' 3 ᠬᠡᠰᠡᠭ ᠲᠤ ᠨᠡᠶᠢᠲᠡ 38 ᠵᠤᠷᠪᠤᠰ ᠬᠤᠪᠢᠶᠠᠵᠠᠶ᠃ ᠨᠢᠭᠡᠳᠦᠭᠡᠷ ᠬᠡᠰᠡᠭ ᠨᠢ ᠪᠣᠯ ᠦᠨᠳᠦᠰᠦᠨ ᠣᠶᠢᠯᠠᠭᠠᠭᠳᠠᠬᠤᠨ ᠪᠠ ᠮᠡᠳᠡᠯᠭᠡ ᠪᠣᠯᠤᠨ᠎ᠠ᠂ ᠭᠤᠣᠯᠳᠠᠭᠤ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠤᠬᠠᠭᠳᠠᠬᠤᠨ᠂ 《 ᠡᠪᠡᠳᠴᠢᠯᠡᠬᠦ ᠠᠴᠠ ᠡᠮᠦᠨ᠎ᠡ ᠰᠡᠷᠭᠡᠶᠢᠯᠡᠨ ᠵᠠᠰᠠᠬᠤ 》 ᠣᠶᠢᠯᠠᠭᠠᠭᠳᠠᠬᠤᠨ᠂ ᠪᠣᠳᠠᠰ ᠤᠨ ᠰᠠᠭᠤᠷᠢ᠂ ᠳᠥᠷᠪᠡᠨ ᠶᠡᠭᠡ ᠴᠡᠭᠡᠷ ᠵᠢᠴᠢ ᠪᠡᠶ᠎ᠡ ᠰᠤᠪᠢᠯᠠᠯᠲᠠ ᠡᠷᠡᠬᠦᠯᠵᠢᠯ ᠤᠨ ᠠᠷᠭ᠎ᠠ ᠶᠢᠨ ᠬᠡᠷᠡᠭᠯᠡᠯᠲᠡ ᠶᠢ ᠲᠠᠨᠢᠯᠴᠠᠭᠤᠯᠤᠨ᠎ᠠ᠃ ᠬᠤᠶᠠᠳᠤᠭᠠᠷ ᠬᠡᠰᠡᠭ ᠲᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠪᠠ ᠦᠢᠯᠡ ᠠᠵᠢᠯᠯᠠᠭ᠎ᠠ ᠶᠢ ᠲᠠᠨᠢᠯᠴᠠᠭᠤᠯᠵᠤ᠂ ᠭᠤᠣᠯᠳᠠᠭᠤ ᠢᠳᠡᠭᠡᠨ ᠤᠮᠳᠠᠭᠠᠨ ᠢ ᠵᠣᠬᠢᠴᠠᠭᠤᠯᠬᠤ᠂ ᠵᠢᠮ᠎ᠡ ᠶᠣᠰᠣ ᠲᠠᠢ ᠤᠨᠲᠠᠵᠤ ᠠᠮᠠᠷᠠᠬᠤ᠂ ᠵᠣᠬᠢᠰᠲᠠᠶ ᠬᠥᠳᠡᠯᠭᠡᠭᠡᠨ ᠬᠢᠬᠦ᠂ ᠭᠦᠢᠴᠡᠳ ᠤᠨᠲᠠᠬᠤ ᠵᠡᠷᠭᠡ ᠪᠠᠭᠲᠠᠨ᠎ᠠ᠂ ᠭᠤᠣᠯᠳᠠᠭᠤ ᠡᠳᠦᠷ ᠲᠤᠲᠤᠮ ᠤᠨ ᠢᠳᠡᠭᠡᠨ ᠤᠮᠳᠠᠭᠠᠨ ᠤ ᠳᠤᠯᠠᠭᠠᠨ ᠤ ᠬᠡᠮᠵᠢᠶ᠎ᠡ᠂ ᠰᠢᠮ᠎ᠡ ᠲᠡᠵᠢᠭᠡᠯ᠂ ᠲᠣᠬᠢᠷᠠᠯᠴᠠᠭ᠎ᠠ ᠵᠡᠷᠭᠡ ᠶᠢ ᠴᠢᠬᠤᠯᠠᠴᠢᠯᠠᠵᠤ᠂ ᠢᠳᠡᠭᠡᠨ ᠤᠮᠳᠠᠭᠠᠨ ᠢ ᠵᠣᠬᠢᠰᠲᠠᠶ ᠲᠣᠬᠢᠷᠠᠭᠤᠯᠬᠤ ᠵᠢᠴᠢ ᠰᠢᠮ᠎ᠡ ᠲᠡᠵᠢᠭᠡᠯ ᠤᠨ ᠡᠯᠧᠮᠧᠨ᠋ᠲ ᠢ ᠲᠡᠩᠴᠡᠭᠦᠷᠢᠲᠡᠶ ᠵᠣᠬᠢᠴᠠᠭᠤᠯᠬᠤ ᠶᠢ ᠡᠷᠬᠢᠮᠯᠡᠨ᠎ᠡ᠃ ᠭᠤᠷᠪᠠᠳᠤᠭᠠᠷ ᠬᠡᠰᠡᠭ ᠨᠢ ᠪᠡᠶ᠎ᠡ ᠰᠤᠪᠢᠯᠠᠯᠲᠠ ᠡᠷᠡᠬᠦᠯᠵᠢᠯ ᠤᠨ ᠠᠭᠤᠯᠭ᠎ᠠ ᠪᠠ ᠠᠷᠭ᠎ᠠ ᠶᠢ ᠲᠠᠨᠢᠯᠴᠠᠭᠤᠯᠤᠨ᠎ᠠ᠂ ᠡᠭᠦᠨ ᠳᠤ ᠰᠢᠮ᠎ᠡ ᠲᠡᠵᠢᠭᠡᠯ ᠤᠨ ᠠᠷᠭ᠎ᠠ᠂ ᠵᠡᠬᠦᠦ ᠲᠥᠭᠡᠨᠡᠯᠭᠡ ᠵᠠᠰᠠᠯ ᠵᠡᠷᠭᠡ ᠪᠠᠭᠲᠠᠨ᠎ᠠ᠂ ᠡᠨᠡ ᠨᠢ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠣᠨᠴᠠᠯᠢᠭ ᠢ ᠳᠣᠪᠤᠶᠢᠯᠭᠠᠵᠤ᠂ ᠳᠥᠭᠦᠮ ᠬᠢᠯᠪᠠᠷ ᠳᠡᠯᠭᠡᠷᠡᠭᠦᠯᠬᠦ ᠣᠨᠴᠠᠯᠢᠭ ᠲᠠᠢ ᠶᠤᠮ᠃      《 ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠬᠦᠯᠵᠢᠯ ᠤᠨ ᠬᠡᠪ ᠪᠣᠯᠪᠠᠰᠤᠷᠠᠯ 》᠎ ᠢ ' ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠬᠦᠯᠵᠢᠯ ᠤᠨ ᠬᠡᠪ ᠪᠣᠯᠪᠠᠰᠤᠷᠠᠯ 》᠎ ᠤᠨ 38 ᠵᠤᠷᠪᠤᠰ ᠤᠨ ᠲᠠᠶᠢᠯᠪᠤᠷᠢᠯᠠᠯᠲᠠ ᠶᠢ ᠨᠡᠶᠢᠲᠡᠯᠡᠬᠦ ᠪᠣᠯᠤᠨ᠎ᠠ᠃ 2019 ᠣᠨ ᠬᠡᠪᠯᠡᠯ ᠤᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠬᠡᠪ ᠪᠣᠯᠪᠠᠰᠤᠷᠠᠯ 》᠎ ᠨᠢ ᠮᠣᠩᠭᠤᠯ ᠡᠮ ᠡᠮᠨᠡᠯᠭᠡ ᠶᠢᠨ ᠰᠣᠶᠣᠯ ᠢ ᠤᠯᠠᠮ ᠴᠢᠨᠠᠭᠰᠢᠳᠠ ᠪᠠᠳᠠᠷᠠᠭᠤᠯᠵᠤ᠂ ᠮᠣᠩᠭᠤᠯ ᠡᠮ ᠡᠮᠨᠡᠯᠭᠡ ᠶᠢᠨ ᠮᠡᠳᠡᠯᠭᠡ ᠶᠢ ᠤᠯᠠᠮᠵᠢᠯᠠᠨ ᠳᠡᠯᠭᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠬᠦᠯᠵᠢᠯ ᠤᠨ ᠬᠡᠪ ᠪᠣᠯᠪᠠᠰᠤᠷᠠᠯ ᠪᠣᠯᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭ᠌ᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠬᠦᠬᠡᠬᠤᠲᠠ ᠶᠢᠨ ᠡᠲᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号