ᠮᠤᠩᠭᠤᠯ ᠰᠡᠳᠬᠢᠮᠵᠢ᠂ ᠮᠤᠩᠭᠤᠯ ᠤᠨᠴᠠᠯᠢᠭ᠂ ᠮᠤᠩᠭᠤᠯ ᠰᠤᠷᠭᠠᠨ ᠬᠦᠮᠦᠵᠢᠯ
ᠨᠡᠶᠢᠲᠡᠯᠡᠭᠰᠡᠨ ᠴᠠᠭ᠄
2019/12/2
                              —— ᠲᠠᠪᠬᠤᠷᠪᠠᠶᠠᠷ        ᠬᠤᠳᠠ ᠪᠠᠯᠭᠠᠰᠤᠨ ᠳᠤ ᠪᠠᠶᠢᠭ᠎ᠠ ᠮᠤᠩᠭᠤᠯ ᠰᠤᠷᠭᠠᠭᠤᠯᠢ ᠨᠢ ᠡᠯᠡᠰᠦᠨ ᠲᠤᠮᠳᠠ ᠬᠢᠯᠡᠯᠵᠠᠭᠰᠠᠨ ᠨᠢᠭᠡᠨ ᠮᠦᠬᠦᠯᠢᠭ ᠰᠤᠪᠤᠳ ᠬᠡᠮᠡᠷ ᠶᠤᠮ᠃ ᠮᠤᠩᠭᠤᠯ ᠦᠨᠳᠦᠰᠦᠳᠡᠨ ᠤ ᠤᠨᠴᠠᠯᠢᠭ ᠢᠶᠠᠨ ᠲᠤᠪᠤᠶᠢᠯᠭᠠᠬᠤ ᠪᠤᠯ ᠮᠤᠩᠭᠤᠯ ᠰᠤᠷᠭᠠᠭᠤᠯᠢ ᠶᠢᠨ ᠭᠠᠳᠠᠭᠠᠳᠤ ᠲᠦᠷᠬᠦ ᠠᠴᠠ ᠲᠤᠳᠤᠭᠠᠳᠤ ᠪᠦᠳᠦᠴᠡ ᠳᠤ ᠪᠠᠨ ᠬᠦᠷᠳᠡᠯᠡᠬᠢ ᠡᠷᠬᠡᠪᠰᠢ ᠪᠠᠷᠢᠮᠳᠠᠯᠠᠬᠤ ᠬᠠᠮᠤᠭ ᠦᠨᠳᠦᠰᠦᠨ ᠱᠠᠭᠠᠷᠳᠠᠯᠭ᠎ᠠ ᠮᠦᠨ᠃ ᠦᠨᠳᠦᠰᠦᠳᠡᠨ ᠤ ᠤᠨᠴᠠᠯᠢᠭ ᠢᠶᠠᠨ ᠵᠦᠪᠬᠡᠨ ᠡᠮᠤᠰᠴᠦ ᠵᠡᠭᠦᠬᠦ ᠲᠡᠯ᠎ᠡ  ᠠᠴᠠ ᠯᠡ ᠪᠢᠰᠢ᠂ ᠬᠠᠷᠢᠨ ᠲᠡᠭᠦᠨ ᠤ ᠰᠤᠶᠤᠯ ᠢᠷᠬᠡᠨᠰᠢᠯ᠂ ᠤᠯᠠᠮᠵᠢᠯᠠᠯ ᠬᠢᠭᠡᠳ ᠰᠢᠨᠡᠴᠢᠯᠡᠯ ᠤᠨ ᠲᠠᠯ᠎ᠠ ᠪᠠᠷ ᠬᠢ ᠭᠦᠨ ᠨᠠᠷᠢᠯᠢᠭ ᠡᠬᠢ ᠪᠠᠶᠠᠯᠢᠭ ᠢ ᠠᠭᠤᠳᠠᠯᠤᠨ ᠢᠯᠡᠷᠡᠭᠦᠯᠬᠦ ᠪᠠᠷ ᠵᠤᠷᠢᠭᠰᠠᠨ ᠤᠷᠤᠯᠳᠤᠯᠭ᠎ᠠ ᠶᠢᠨ ᠪᠦᠳᠦᠮᠵᠢᠳᠤ ᠴᠢᠨᠠᠷ ᠠᠴᠠ ᠲᠤᠭᠳᠠᠭᠠᠭᠳᠠᠬᠤ ᠰᠤᠷᠭᠠᠨ ᠬᠦᠮᠦᠵᠢᠯ ᠤᠨ ᠠᠵᠢᠯᠯᠠᠭᠠᠨ ᠪᠤᠯᠬᠤ ᠶᠤᠮ᠃ ᠡᠨᠡ ᠪᠤᠯ ᠮᠤᠩᠭᠤᠯ ᠰᠤᠷᠭᠠᠭᠤᠯᠢ ᠶᠢᠨ ᠲᠤᠪᠤᠶᠢᠯᠭᠠᠬᠤ ᠬᠠᠮᠤᠭ ᠴᠢᠬᠤᠯᠠ ᠬᠠᠷᠠᠯᠳᠠ ᠪᠤᠯᠬᠤ ᠶᠤᠮ᠃ ᠮᠤᠩᠭᠤᠯ ᠦᠨᠳᠦᠰᠦᠳᠡᠨ ᠤ ᠪᠠᠨ ᠰᠤᠶᠤᠯ ᠢᠷᠭᠡᠨᠰᠢᠯ ᠳᠤ ᠪᠠᠨ ᠰᠠᠭᠤᠷᠢᠯᠠᠵᠤ᠂ ᠦᠨᠳᠦᠰᠦᠳᠡᠨ ᠤ ᠪᠠᠨ ᠠᠬᠤᠢ ᠤᠷᠴᠢᠨ ᠳᠤ ᠵᠤᠬᠢᠴᠠᠬᠤ ᠶᠢ ᠢᠮᠡᠭ᠌ᠳᠠ ᠠᠩᠬᠠᠷᠴᠦ᠂ ᠦᠨᠳᠦᠰᠦᠳᠡᠨ ᠤ ᠪᠠᠨ ᠰᠤᠷᠭᠠᠨ ᠬᠦᠮᠦᠵᠢᠯ ᠳᠤ ᠭᠤᠶᠢᠪᠠᠰᠢ ᠦᠭᠡᠢ ᠦᠢᠯᠡᠴᠢᠯᠡᠨ᠂《 ᠰᠠᠯᠵᠤ ᠪᠤᠯᠤᠰᠢ ᠦᠭᠡᠢ ᠤᠷᠤᠨ᠂ ᠮᠠᠷᠳᠠᠵᠤ ᠪᠤᠯᠤᠰᠢ ᠦᠭᠡᠢ ᠰᠤᠶᠤᠯ》ᠭᠡᠳᠡᠭ ᠢ ᠵᠠᠭᠠᠯ ᠪᠤᠭᠤᠷᠤᠯ ᠠᠴᠠ ᠵᠢᠭᠠᠯ ᠪᠠᠭᠠᠴᠤᠳ ᠲᠤ ᠬᠦᠷᠳᠡᠯ᠎ᠡ ᠲᠠᠨᠢᠭᠤᠯᠬᠤ ᠶᠠᠪᠤᠳᠠᠯ ᠢ ᠰᠦᠪᠡᠭᠴᠢᠯᠡᠨ ᠬᠢᠬᠦ ᠬᠡᠷᠡᠭᠳᠡᠢ ᠪᠠᠶᠢᠨ᠎ᠠ᠃ ᠪᠢᠳᠡ ᠰᠤᠶᠤᠯ ᠤᠨ ᠤᠯᠠᠨ ᠲᠠᠯᠠᠳᠤ ᠴᠢᠨᠠᠷ᠂ ᠤᠯᠠᠨ ᠡᠰᠢᠳᠤ ᠰᠤᠶᠤᠯ ᠤᠨ ᠬᠦᠭᠵᠢᠯᠳᠡ ᠳᠤ ᠠᠯᠬᠤᠮ ᠢᠶᠠᠨ ᠵᠤᠬᠢᠴᠠᠭᠤᠯᠵᠤ ᠰᠤᠷᠤᠭᠴᠢᠳ ᠢᠶᠠᠨ ᠬᠦᠮᠦᠵᠢᠭᠦᠯᠬᠦ ᠪᠤᠯ ᠤᠨᠴᠠᠯᠢᠭᠳᠤ ᠰᠤᠷᠭᠠᠭᠤᠯᠢ ᠶᠢ ᠪᠦᠳᠦᠭᠡᠨ ᠪᠠᠶᠢᠭᠤᠯᠬᠤ ᠶᠢᠨ ᠮᠠᠰᠢ ᠴᠢᠬᠤᠯᠠ ᠶᠠᠪᠤᠳᠠᠯ ᠪᠤᠯᠬᠤ ᠶᠤᠮ ᠭᠡᠵᠤ ᠲᠠᠨᠢᠵᠤ ᠪᠠᠶᠢᠨ᠎ᠠ᠃ ᠮᠤᠩᠭᠤᠯ ᠰᠤᠶᠤᠯ ᠤᠨ ᠨᠡᠭᠦᠳᠡᠯᠴᠢ ᠴᠢᠨᠠᠷ᠂ ᠬᠦᠳᠡᠯᠭᠡᠭᠡᠨᠳᠤ ᠴᠢᠨᠠᠷ ᠪᠠ ᠪᠤᠰᠤᠳ ᠰᠤᠶᠤᠯ ᠤᠨ ᠮᠤᠵᠢᠭᠤᠳᠠ ᠲᠦᠷᠢᠮᠡᠬᠡᠢ ᠴᠢᠨᠠᠷ ᠠᠴᠠ ᠪᠤᠯᠵᠤ ᠦᠨᠳᠦᠰᠦᠳᠡᠨ ᠤ ᠤᠨᠴᠠᠯᠢᠭ ᠪᠠᠯᠠᠷᠬᠠᠶᠢᠰᠢᠨ ᠤᠰᠠᠳᠴᠦ ᠪᠠᠶᠢᠭ᠎ᠠ ᠪᠠᠶᠢᠳᠠᠯ ᠳᠤ ᠵᠦᠪ ᠤᠨᠤᠰᠢᠯᠠᠨ ᠵᠦᠭ ᠴᠢᠭᠯᠡᠯ ᠢᠶᠠᠨ ᠵᠦᠪ ᠰᠤᠩᠭᠤᠬᠤ ᠪᠤᠯ ᠰᠤᠷᠭᠠᠨ ᠬᠦᠮᠦᠵᠢᠯ ᠤᠨ ᠠᠵᠢᠯᠳᠠᠨ ᠪᠤᠯᠤᠭᠰᠡᠳ ᠤᠨ ᠬᠡᠨ ᠨᠢᠭᠡᠪᠤᠷᠢ ᠶᠢᠨ ᠡᠭᠦᠷᠭᠡ ᠬᠠᠷᠢᠭᠤᠴᠠᠯᠭ᠎ᠠ ᠮᠦᠷᠳᠡᠭᠡᠨ ᠡᠷᠭᠡ ᠪᠤᠯᠭᠠᠵᠤ ᠬᠡᠷᠡᠭᠯᠡᠬᠦ ᠤᠴᠢᠷ ᠶᠤᠮ᠃ ᠦᠨᠳᠦᠰᠦᠳᠡᠨ ᠤ ᠦᠭᠡ ᠬᠡᠯᠡᠨ ᠤ ᠠᠮᠳᠠ ᠰᠢᠮ᠎ᠡ ᠶᠢ ᠠᠭᠤᠳᠠᠯᠤᠨ ᠢᠯᠡᠷᠡᠭᠦᠯᠵᠤ᠂ ᠷᠢᠳᠢ ᠰᠢᠳᠢ ᠶᠢ ᠨᠢ ᠰᠢᠮᠡᠳᠬᠡᠨ ᠭᠠᠶᠢᠬᠠᠭᠤᠯᠬᠤ ᠨᠢ ᠵᠢᠭᠠᠨ ᠰᠤᠷᠭᠠᠯᠳᠠ᠂ ᠨᠡᠩ ᠢᠯᠠᠩᠭᠤᠶ᠎ᠠ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠳᠠ ᠳᠤ ᠲᠦᠯᠬᠢᠴᠡ ᠪᠤᠯᠬᠤ ᠨᠢ ᠶᠠᠷᠢᠶᠠᠨ ᠦᠭᠡᠢ᠃ ᠠᠬᠤᠢ ᠤᠷᠴᠢᠨ ᠪᠤᠯ ᠭᠡᠤᠭᠡᠳ ᠤᠨ ᠬᠦᠭᠵᠢᠯᠳᠠ ᠶᠢᠨ ᠬᠡᠯᠡ ᠦᠭᠡᠢ ᠪᠠᠭᠰᠢ ᠶᠤᠮ᠃        ᠪᠢᠳᠡ ᠰᠠᠭᠤᠷᠢ ᠰᠤᠷᠭᠠᠨ ᠬᠦᠮᠦᠵᠢᠯ ᠤᠨ ᠬᠢᠴᠢᠶᠡᠯ ᠤᠨ ᠦᠭᠡᠷᠡᠴᠢᠯᠡᠯᠳᠡ ᠶᠢ ᠦᠷᠭᠦᠯᠵᠢᠯᠡᠨ ᠯᠠᠪᠳᠠᠭᠤᠨ ᠪᠠᠳᠤᠳᠠᠢ ᠬᠢᠬᠦ ᠶᠢ ᠪᠠᠷᠢᠮᠳᠠᠯᠠᠵᠤ᠂ ᠶᠠᠭᠠᠬᠢᠭᠰᠠᠨ ᠴᠦ ᠰᠤᠬᠤᠷ ᠪᠠᠯᠠᠢ ᠪᠠᠷ᠂ ᠭᠡᠨᠡᠨ ᠪᠠᠯᠠᠮᠠᠳ ᠢᠶᠠᠷ᠂ ᠡᠰᠡᠭᠦᠯ᠎ᠡ ᠬᠦᠡᠭᠭᠡᠨ ᠬᠠᠭᠤᠳᠠᠮ ᠢᠶᠠᠷ ᠬᠠᠨᠳᠤᠬᠤ ᠶᠢ ᠲᠠᠰᠤ ᠴᠡᠭᠡᠷᠯᠡᠨ᠂ ᠤᠯᠤᠰ ᠪᠠ ᠤᠷᠤᠨ ᠨᠤᠳᠤᠭ ᠤᠨ ᠬᠢᠴᠢᠶᠡᠯ ᠵᠢᠴᠢ ᠰᠤᠷᠭᠠᠭᠤᠯᠢ ᠶᠢᠨ ᠬᠢᠴᠢᠶᠡᠯ ᠵᠡᠷᠭᠡ ᠭᠤᠷᠪᠠᠨ ᠱᠠᠳᠤᠨ ᠤ ᠬᠢᠴᠢᠶᠡᠯᠯᠡᠭᠡ ᠶᠢᠨ ᠲᠦᠷᠢᠮ ᠢ ᠪᠠᠷᠢᠮᠵᠢᠶ᠎ᠠ ᠱᠠᠭᠠᠷᠳᠠᠯᠭ᠎ᠠ  ᠶᠢ ᠦᠨᠳᠦᠰᠦᠯᠡᠨ ᠲᠤᠭᠳᠠᠭᠠᠨ ᠬᠡᠷᠡᠭᠵᠢᠭᠦᠯᠵᠤ ᠬᠠᠮᠢᠶᠠᠷᠤᠯᠳᠠ ᠪᠠᠨ ᠵᠢᠷᠤᠮᠵᠢᠭᠤᠯᠵᠤ ᠦᠨᠳᠦᠰᠦᠳᠡᠨ ᠤ ᠰᠤᠶᠤᠯ  ᠢᠶᠠᠷ ᠢᠶᠠᠨ ᠤᠨᠴᠠᠭᠠᠶᠢᠷᠠᠨ ᠰᠤᠶᠤᠯ ᠰᠢᠨᠵᠢᠯᠡᠬᠦ ᠤᠬᠠᠭᠠᠨ ᠤ ᠮᠡᠳᠡᠯᠭᠡ ᠴᠢᠳᠠᠪᠤᠷᠢ ᠶᠢ ᠡᠵᠡᠮᠰᠢᠭᠦᠯᠬᠦ ᠶᠢᠨ ᠬᠠᠮᠳᠤ ᠦᠨᠳᠦᠰᠦᠳᠡᠨ ᠤ ᠤᠨᠴᠠᠯᠢᠭᠳᠤ ᠴᠤ᠋ ᠰᠢᠨ᠎ᠡ ᠰᠤᠷᠭᠠᠭᠤᠯᠢ ᠶᠢ ᠪᠦᠳᠦᠭᠡᠨ ᠪᠠᠶᠢᠭᠤᠯᠬᠤ ᠪᠤᠯ ᠰᠤᠷᠭᠠᠭᠤᠯᠢ ᠨᠡᠶᠢᠳᠡ ᠪᠠ ᠪᠦᠬᠦ ᠪᠠᠭᠰᠢ ᠰᠤᠷᠤᠭᠴᠢᠳ ᠤᠨ ᠡᠮᠤᠨ᠎ᠡ ᠲᠠᠯᠪᠢᠭᠳᠠᠵᠤ ᠪᠠᠶᠢᠭ᠎ᠠ ᠮᠠᠰᠢ ᠬᠠᠳᠠᠭᠤ ᠰᠢᠯᠭᠠᠯᠳᠠ ᠪᠤᠯᠬᠤ ᠶᠤᠮ᠃ ᠲᠡᠭᠡᠬᠦ ᠠᠴᠠ ᠤᠯᠠᠨ ᠲᠠᠯ᠎ᠠ ᠶᠢᠨ ᠠᠷᠭ᠎ᠠ ᠵᠠᠮ᠂ ᠤᠯᠠᠨ ᠵᠦᠢᠯ ᠤᠨ ᠰᠤᠷᠭᠠᠨ ᠬᠦᠮᠦᠵᠢᠭᠦᠯᠦᠯ᠂ ᠤᠯᠠᠨ ᠲᠦᠷᠦᠯ  ᠤᠨ ᠪᠤᠯᠪᠠᠰᠤᠷᠠᠯ ᠲᠠᠳᠬᠠᠯᠵᠢᠭᠤᠯᠤᠯ ᠢᠶᠠᠷ ᠲᠠᠮᠵᠢᠨ᠂ ᠤᠳᠤᠷᠢᠳᠤᠯᠭ᠎ᠠ ᠠᠴᠠ ᠪᠠᠭᠰᠢ ᠨᠢᠭᠡᠪᠤᠷᠢ ᠴᠦᠮ ᠮᠤᠩᠭᠤᠯ ᠰᠤᠶᠤᠯ ᠤᠨ ᠤᠨᠴᠠᠯᠢᠭ ᠢᠶᠠᠨ ᠲᠤᠪᠤᠶᠢᠯᠭᠠᠨ᠂ ᠰᠤᠷᠤᠭᠴᠢᠳ ᠤᠨ ᠴᠢᠰᠦ ᠮᠢᠬᠠᠨ ᠳᠤ ᠨᠢ᠂ ᠶᠠᠰᠦ ᠴᠢᠮᠤᠭᠡᠨ ᠳᠤ  ᠨᠢ᠂ ᠰᠡᠳᠬᠢᠯ ᠵᠡᠭᠦᠳᠦᠨ ᠳᠤ ᠨᠢ᠂ ᠴᠠᠭᠠᠰᠢᠯᠠᠪᠠᠯ ᠰᠦᠭ ᠰᠦᠨᠡᠰᠦᠨ ᠳᠤ ᠨᠢ ᠬᠦᠷᠳᠡᠯ᠎ᠡ ᠦᠨᠳᠦᠰᠦᠳᠡᠨ ᠤ ᠪᠠᠨ ᠰᠤᠶᠤᠯ ᠢᠶᠠᠨ ᠰᠢᠮᠡᠵᠢᠭᠦᠯᠵᠤ ᠦᠨᠳᠦᠰᠦᠳᠡᠨ ᠤ ᠤᠨᠴᠠᠯᠢᠭ ᠢᠶᠠᠷ ᠢᠶᠠᠨ ᠢᠯᠭᠠᠷᠠᠬᠤ ᠳᠤ ᠪᠠᠨ ᠠᠶᠠᠳᠠᠢ ᠢᠯᠡᠳᠡᠢ ᠦᠡᠭᠭᠡᠳᠡᠢ ᠦᠭᠡᠳᠡᠳᠡᠢ ᠪᠠᠷ ᠰᠠᠭᠤᠷᠢ ᠰᠤᠷᠭᠠᠨ ᠬᠦᠮᠦᠵᠢᠯ ᠢ ᠬᠢᠵᠤ ᠪᠤᠯᠬᠤ ᠶᠤᠮ᠃ ᠡᠭᠦᠨ ᠳᠤ《ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠢᠮ》ᠪᠤᠯ ᠮᠠᠨ ᠤ ᠠᠰᠢᠭᠯᠠᠵᠤ ᠮᠦᠷᠳᠡᠬᠦ ᠬᠠᠤᠯᠢ ᠶᠢᠨ ᠪᠠᠳᠤᠯᠠᠭ᠎ᠠ ᠮᠦᠨ᠃ ᠪᠢᠳᠡ《ᠦᠨᠳᠦᠰᠦᠨ ᠬᠠᠤᠯᠢ》《ᠦᠪᠡᠷᠳᠡᠭᠡᠨ ᠵᠠᠰᠠᠬᠤ ᠬᠠᠤᠯᠢ》 ᠶᠢᠨ ᠰᠠᠭᠤᠷᠢᠨ ᠳᠤ ᠲᠤᠰ ᠲᠦᠷᠢᠮ ᠢ ᠪᠠᠷᠢᠮᠳᠠᠯᠠᠨ ᠬᠡᠷᠡᠭᠵᠢᠭᠦᠯᠬᠦ ᠨᠢ ᠰᠤᠷᠭᠠᠨ ᠬᠦᠮᠦᠵᠢᠭᠦᠯᠦᠭᠴᠢᠳ ᠪᠠ ᠰᠤᠷᠭᠠᠨ ᠬᠦᠮᠦᠵᠢᠭᠳᠡᠭᠴᠢᠳ ᠤᠨ ᠡᠷᠬᠡᠪᠰᠢ ᠪᠡᠶᠡᠯᠡᠭᠦᠯᠬᠦ ᠠᠵᠢᠯ ᠪᠤᠯᠬᠤ ᠶᠤᠮ᠃ ᠭᠡᠬᠦ ᠳᠤ ᠪᠠᠨ ᠦᠪᠡᠷ ᠤᠨ ᠦᠭᠡ ᠬᠡᠯᠡ᠂ ᠦᠢᠯᠡ ᠠᠵᠢᠯᠯᠠᠭᠠᠨ ᠠᠴᠠ ᠪᠠᠨ ᠭᠠᠷᠳᠠᠨ ᠡᠭᠢᠯᠡᠵᠤ᠂ ᠦᠪᠡᠷ ᠠᠴᠠ  ᠪᠠᠨ ᠦᠷᠦᠭᠡᠯ ᠢ ᠨᠦᠯᠦᠭᠡᠯᠡᠨ᠂ ᠠᠷᠰᠠᠷ ᠵᠦᠢᠯᠡᠰ ᠢ ᠴᠦ ᠦᠯᠦ ᠤᠮᠳᠤᠭᠠᠶᠢᠯᠠᠨ ᠠᠯᠳᠠᠭ᠎ᠠ ᠮᠠᠳᠠᠭ ᠢ ᠬᠢᠴᠢᠶᠡᠨ ᠪᠤᠯᠭᠤᠮᠵᠢᠯᠠᠵᠤ ᠦᠨᠳᠦᠰᠦᠳᠡᠨ ᠤ ᠰᠠᠭᠤᠷᠢ ᠰᠤᠷᠭᠠᠨ ᠬᠦᠮᠦᠵᠢᠯ ᠤᠨ ᠠᠭᠤᠤ ᠲᠤᠮᠤ ᠪᠠᠷᠢᠯᠭ᠎ᠠ ᠳᠤ ᠦᠪᠡᠷ ᠤᠨ ᠭᠡᠰᠡᠨ ᠲᠤᠭᠤᠰᠬ᠎ᠠ ᠪᠠᠨ ᠡᠪᠳᠡᠢ ᠯᠠᠪᠳᠠᠭᠤᠨ ᠲᠠᠯᠪᠢᠬᠤ ᠨᠢ ᠪᠢᠳᠡᠨ ᠤ ᠮᠦᠷᠦᠨ ᠳᠤ ᠵᠢᠭᠳᠡ ᠪᠠᠷ ᠲᠠᠯᠪᠢᠭᠳᠠᠵᠤ ᠪᠠᠶᠢᠨ᠎ᠠ᠃ ᠡᠭᠦᠨ ᠢ ᠦᠨᠳᠦᠰᠦᠳᠡᠨ ᠤ ᠢᠪᠴᠤᠤ ᠦᠵᠡᠯ᠂ ᠤᠷᠤᠨ ᠨᠤᠳᠤᠭ ᠤᠨ ᠦᠷᠦᠭᠡᠰᠦᠭᠡᠯ ᠦᠵᠡᠯ ᠤᠨ ᠬᠦᠷᠢᠶᠡᠨ ᠳᠤ ᠪᠠᠭᠳᠠᠭᠠᠨ ᠤᠷᠤᠭᠤᠯᠵᠤ ᠬᠠᠪᠴᠢᠨ ᠰᠢᠬᠠᠨᠬᠤ ᠪᠤᠶᠤ ᠪᠤᠭᠤᠮᠢᠯᠠᠨ ᠲᠠᠷᠴᠢᠯᠠᠭᠠᠬᠤ ᠨᠢ ᠬᠦᠭᠵᠢᠯᠳᠠ  ᠶᠢᠨ ᠬᠠᠨᠳᠤᠰᠢ ᠳᠤ ᠬᠠᠷᠰᠢ ᠪᠤᠯᠬᠤ ᠨᠢ ᠯᠠᠪᠳᠠᠢ᠂ ᠤᠴᠢᠷ ᠨᠢ《ᠦᠨᠳᠦᠰᠦᠳᠡᠨ ᠤ ᠪᠤᠯᠬᠤ ᠲᠤᠳᠤᠮ ᠲᠡᠯᠡᠬᠡᠢ ᠶᠢᠨ  ᠬᠢ》ᠭᠡᠳᠡᠭ ᠪᠢᠰᠢᠤ᠃        ᠠᠵᠢᠯ ᠤᠨ ᠶᠠᠪᠤᠴᠠ ᠳᠤ ᠪᠠᠨ ᠦᠨᠳᠦᠰᠦᠳᠡᠨ ᠤ ᠰᠤᠶᠤᠯ ᠤᠨ ᠤᠯᠠᠨ ᠡᠰᠢᠳᠦ ᠴᠢᠨᠠᠷ᠂ ᠤᠯᠠᠨ ᠶᠠᠩᠵᠤᠳᠤ ᠴᠢᠨᠠᠷ ᠪᠠ ᠲᠤᠰᠠᠭᠠᠷ ᠴᠢᠨᠠᠷ ᠢ ᠪᠠᠳᠤᠯᠠᠬᠤ ᠬᠠᠮᠠᠭᠠᠯᠠᠬᠤ ᠶᠢᠨ ᠰᠠᠭᠤᠷᠢᠨ ᠲᠡᠭᠡᠷ᠎ᠡ᠂ ᠰᠤᠶᠤᠯ ᠤᠨ ᠤᠯᠠᠮᠵᠢᠯᠠᠯ ᠪᠠ ᠰᠤᠶᠤᠯ ᠤᠨ ᠤᠨᠴᠠᠯᠢᠭ ᠢ ᠪᠦᠬᠦᠶᠢᠯᠡ ᠵᠢᠭᠠᠨ ᠰᠤᠷᠭᠠᠯᠳᠠ ᠳᠤ ᠶᠠᠮᠠᠷᠪᠠ ᠠᠷᠭ᠎ᠠ ᠶᠢ ᠰᠦᠪᠡᠭᠴᠢᠯᠡᠨ ᠨᠡᠪᠴᠢᠭᠦᠯᠬᠦ ᠪᠠᠷ ᠵᠤᠷᠢᠨ᠎ᠡ᠃ ᠪᠢᠳᠡ ᠭᠤᠷᠪᠠᠨ ᠬᠡᠯᠡᠨ ᠤ ᠵᠢᠭᠠᠨ ᠰᠤᠷᠭᠠᠯᠳᠠ ᠶᠢ ᠬᠡᠷᠡᠭᠵᠢᠭᠦᠯᠬᠦ ᠳᠤ ᠪᠠᠨ ᠡᠬᠡ ᠬᠡᠯᠡᠨ ᠤ ᠵᠢᠭᠠᠨ ᠰᠤᠷᠭᠠᠯᠳᠠ ᠪᠠᠷ ᠲᠡᠪᠢᠰᠭᠡᠷᠯᠡᠨ ᠡᠷᠭᠡ ᠲᠡᠭᠰᠢ ᠦᠷᠢᠰᠦᠯᠳᠦᠬᠦ ᠤᠷᠴᠢᠨ ᠨᠦᠬᠦᠴᠡᠯ ᠢ ᠪᠦᠷᠢᠯᠳᠦᠭᠦᠯᠬᠦ ᠶᠢ ᠶᠠᠭᠠᠬᠢᠭᠰᠠᠨ ᠴᠦ ᠬᠠᠶᠠᠭᠠᠨ ᠳᠤ ᠨᠢ ᠬᠠᠶᠠᠵᠤ ᠪᠤᠯᠤᠰᠢ ᠦᠭᠡᠢ᠃ ᠭᠡᠤᠭᠡᠳ ᠪᠠᠭᠠᠴᠤᠳ ᠤᠨ ᠪᠡᠶ᠎ᠡ ᠰᠡᠳᠬᠢᠯ ᠤᠨ ᠤᠨᠴᠠᠯᠢᠭ ᠠᠴᠠ ᠡᠭᠦᠰᠴᠦ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢ ᠰᠢᠯᠢᠳᠡᠭᠵᠢᠭᠦᠯᠵᠤ᠂ ᠰᠤᠨᠢᠷᠬᠠᠯᠳᠤ ᠴᠢᠨᠠᠷ ᠢᠶᠠᠷ ᠴᠢᠩᠭ᠎ᠠ᠂ ᠤᠶᠠᠨ ᠬᠠᠳᠠᠨ ᠴᠢᠨᠠᠷ ᠢᠶᠠᠷ ᠭᠤᠶᠢᠳᠠ᠂ ᠤᠳᠬ᠎ᠠ ᠠᠭᠤᠯᠭ᠎ᠠ ᠪᠠᠷ ᠪᠠᠶᠠᠯᠢᠭ ᠬᠢᠴᠢᠶᠡᠯᠯᠡᠭᠡ ᠵᠦᠭ ᠢᠳᠡᠭ ᠢᠳᠡᠭ ᠢᠶᠠᠷ᠂ ᠠᠯᠬᠤᠮ ᠲᠠᠷᠠᠭ᠎ᠠ ᠲᠠᠢ ᠬᠦᠳᠦᠯᠦᠨ ᠵᠢᠯᠤᠭᠤᠳᠴᠦ᠂ ᠰᠤᠷᠤᠭᠴᠢᠳ ᠤᠨ ᠦᠪᠡᠷ ᠢ ᠪᠠᠨ ᠬᠦᠨᠳᠦᠳᠬᠡᠬᠦ ᠰᠡᠳᠬᠢᠯᠭᠡ ᠵᠢᠴᠢ ᠦᠨᠳᠦᠰᠦᠳᠡᠨ ᠤ ᠤᠮᠤᠭᠰᠢᠯᠳᠤ ᠰᠡᠳᠭᠢᠯᠭᠡ ᠶᠢ ᠨᠢ ᠤᠯᠠᠮ ᠨᠡᠮᠡᠭᠳᠡᠭᠦᠯᠵᠤ᠂ ᠬᠦᠮᠦᠨ ᠪᠦᠬᠦᠨ ᠡᠷᠬᠡ ᠲᠡᠭᠰᠢ᠂ ᠦᠨᠳᠦᠰᠦᠳᠡᠨ ᠪᠦᠬᠦᠨ ᠡᠷᠬᠡ ᠲᠡᠭᠰᠢ ᠮᠦᠷᠳᠡᠭᠡᠨ ᠰᠤᠶᠤᠯ ᠰᠤᠷᠭᠠᠨ ᠬᠦᠮᠦᠵᠢᠯ ᠬᠦᠷᠳᠡᠬᠦ ᠲᠠᠯ᠎ᠠ ᠪᠠᠷ ᠴᠦ ᠡᠷᠭᠡ ᠲᠡᠭᠰᠢ ᠬᠠᠷᠢᠯᠴᠠᠨ ᠬᠠᠮᠵᠢᠯᠴᠠᠵᠤ ᠬᠠᠷᠢᠯᠴᠠᠨ ᠵᠤᠬᠢᠴᠠᠯᠳᠤᠭᠰᠠᠨ ᠪᠠᠶᠢᠳᠠᠯ ᠢ ᠪᠤᠢ ᠪᠤᠯᠭᠠᠬᠤ ᠳᠤ ᠵᠦᠪᠬᠡᠨ ᠬᠡᠯᠡᠭᠡᠳ ᠪᠢᠰᠢ᠂ ᠬᠢᠳᠡᠯ ᠪᠠᠷᠢᠳᠠᠯ ᠢᠶᠠᠷ ᠢᠶᠠᠨ ᠪᠡᠶᠡᠯᠡᠭᠦᠯᠬᠦ ᠨᠢ ᠵᠦᠢ᠃ ᠮᠠᠨᠤᠰ ᠬᠠᠤᠯᠢ ᠲᠦᠷᠢᠮ ᠤᠨ ᠲᠦᠰᠢᠭ ᠢᠶᠠᠨ ᠰᠠᠶᠢᠳᠤᠷ ᠠᠰᠢᠭᠯᠠᠵᠤ ᠬᠦᠮᠦᠨ ᠨᠢᠭᠡᠪᠤᠷᠢ ᠬᠠᠷᠢᠭᠤᠴᠠᠯᠭᠠᠳᠤ ᠰᠡᠳᠭᠢᠯᠭᠡ ᠪᠠᠷ ᠠᠵᠢᠯ ᠰᠤᠷᠤᠯᠭ᠎ᠠ ᠶᠢᠨ ᠤᠷᠳᠦ ᠶᠢᠨ ᠠᠶᠠᠨ ᠳᠤ ᠪᠠᠨ ᠭᠠᠨᠵᠤᠭ᠎ᠠ ᠲᠦᠭᠦᠷᠡᠩ ᠪᠠᠶᠢᠬᠤ ᠶᠢᠨ ᠲᠦᠯᠦᠭᠡ ᠵᠢᠳᠭᠦᠵᠤ᠂ ᠨᠡᠶᠢᠭᠡᠮ᠂ ᠰᠤᠷᠭᠠᠭᠤᠯᠢ᠂ ᠭᠡᠷ ᠪᠦᠯᠢ ᠶᠢᠨ ᠭᠤᠷᠮᠤᠰᠤᠨ ᠬᠠᠮᠵᠢᠯᠴᠠᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠭᠡᠯ ᠮᠠᠯᠴᠢᠳ ᠲᠠᠢ ᠪᠠᠨ ᠲᠦᠰᠢᠯᠴᠡᠵᠤ ᠡᠩ  ᠤᠨ ᠪᠤᠷᠤᠴᠤᠤᠯ ᠲᠠᠢ ᠪᠠᠨ ᠬᠤᠯᠪᠤᠭᠠᠯᠠᠵᠤ᠂ ᠲᠡᠳᠡᠨ ᠤ ᠠᠰᠢᠭ ᠲᠤᠰᠠ ᠳᠤ ᠤᠶᠢᠯᠡᠴᠢᠯᠡᠨ᠂ ᠲᠡᠳᠡᠨ ᠤ ᠠᠷᠢᠭᠤᠨ ᠬᠦᠳᠡᠯᠮᠤᠷᠢ ᠪᠠᠷ ᠴᠦ ᠦᠢᠯᠡᠴᠢᠯᠡᠭᠦᠯᠬᠦ ᠶᠢ ᠰᠦᠪᠡᠭᠴᠢᠯᠡᠨ ᠰᠤᠳᠤᠯᠵᠤ᠂ ᠭᠠᠷᠳᠠᠵᠤ ᠬᠢᠬᠦ ᠴᠢᠬᠤᠯᠠᠳᠠᠢ᠃ ᠮᠤᠩᠭᠤᠯ ᠰᠤᠷᠭᠠᠭᠤᠯᠢ ᠨᠢ ᠬᠤᠳᠠ ᠬᠦᠳᠡᠭᠡ ᠶᠢᠨ ᠦᠷᠭᠡᠨ ᠤᠯᠠᠨ ᠮᠤᠩᠭᠤᠯᠴᠤᠳ ᠲᠤ ᠪᠠᠨ ᠦᠢᠯᠡᠴᠢᠯᠡᠭᠰᠡᠨ ᠪᠠᠶᠢᠬᠤ ᠬᠡᠷᠡᠭᠳᠡᠢ᠃ ᠠᠷᠠᠳ ᠲᠦᠮᠡᠨ ᠤ ᠠᠰᠢᠭ ᠲᠤᠰᠠ ᠠᠴᠠ ᠡᠭᠦᠰᠴᠦ ᠠᠷᠠᠳ ᠲᠦᠮᠡᠨ ᠤ ᠠᠰᠢᠭ ᠲᠤᠰᠠ ᠶᠢ ᠪᠤᠳᠤᠯᠬᠢᠯᠠᠬᠤ ᠨᠢ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢᠨ ᠰᠠᠭᠤᠷᠢ ᠮᠦᠷᠳᠡᠭᠡᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢ ᠠᠭᠢᠭᠤᠯᠤᠨ ᠬᠦᠭᠵᠢᠭᠦᠯᠬᠦ ᠶᠢᠨ ᠨᠢᠷᠤᠭᠤ ᠲᠤᠯᠭᠠᠭᠤᠷᠢ ᠪᠠᠶᠢᠵᠤ᠂ ᠠᠷᠠᠳ ᠲᠦᠮᠡᠨ  ᠳᠤ ᠨᠠᠶᠢᠳᠠᠪᠤᠷᠢ ᠲᠠᠢ ᠰᠤᠷᠭᠠᠭᠤᠯᠢ ᠡᠷᠭᠢᠯᠡᠬᠦ ᠶᠢᠨ ᠦᠮᠦᠭ ᠲᠦᠰᠢᠭ ᠴᠦ ᠪᠤᠯᠵᠤ ᠮᠡᠳᠡᠬᠦ ᠶᠤᠮ᠃        ᠵᠡᠮᠳᠡᠭᠴᠤᠳ ᠢ ᠬᠠᠷᠠᠭᠠᠯᠵᠠᠬᠤ ᠪᠤᠯ ᠪᠦᠬᠦᠶᠢᠯᠡ ᠬᠦᠮᠦᠨ ᠲᠦᠷᠦᠯᠬᠢᠳᠡᠨ ᠤ ᠶᠠᠪᠤᠳᠠᠯ ᠪᠠᠶᠢᠭᠰᠠᠨ ᠴᠦ ᠵᠡᠮᠳᠡᠭ ᠭᠡᠤᠭᠡᠳ ᠢ ᠠᠰᠠᠷᠠᠨ ᠬᠠᠷᠠᠭᠠᠯᠵᠠᠵᠤ ᠵᠡᠮᠳᠡᠭ ᠭᠡᠤᠭᠡᠳ ᠲᠤ ᠰᠤᠶᠤᠯ ᠰᠤᠷᠭᠠᠨ ᠬᠦᠮᠦᠵᠢᠯ ᠬᠦᠷᠳᠡᠭᠡᠬᠦ ᠪᠤᠯ ᠰᠤᠷᠭᠠᠭᠤᠯᠢ ᠨᠢᠭᠡᠴᠢ ᠶᠢᠨ ᠡᠭᠦᠷᠭᠡ ᠮᠦᠨ᠃ ᠠᠯᠢ ᠨᠢᠭᠡᠨ ᠬᠦᠮᠦᠨ ᠨᠢ ᠡᠷᠡᠭᠦᠯ ᠰᠡᠴᠡᠨ ᠢ ᠬᠦᠰᠡᠬᠦ ᠦᠭᠡᠢ ᠪᠤᠢ᠂ ᠠᠯᠢ ᠨᠢᠭᠡ ᠨᠢ ᠡᠪᠡᠳᠴᠢᠨ ᠠᠳᠡᠯ ᠳᠤ ᠲᠤᠷᠠᠯᠠᠬᠤ ᠶᠤᠮ ᠪᠤᠢ᠂ ᠡᠨᠡ ᠲᠠᠯ᠎ᠠ ᠪᠠᠷ ᠰᠤᠷᠭᠠᠭᠤᠯᠢ ᠨᠡᠶᠢᠳᠡ ᠨᠢ ᠪᠤᠶᠠᠨ  ᠤ ᠤᠶᠢᠯᠡᠰ ᠲᠤ ᠨᠡᠮᠡᠭᠦᠷᠢ ᠬᠠᠨᠳᠢᠪ ᠢᠶᠠᠨ ᠡᠷᠭᠦᠵᠤ ᠪᠤᠯᠬᠤ ᠪᠠᠨ ᠤᠳᠤᠷᠢᠳᠤᠯᠭ᠎ᠠ ᠠᠴᠠ ᠪᠠᠨ ᠲᠡᠷᠢᠭᠦᠯᠡᠨ ᠪᠠᠭᠰᠢ ᠨᠢᠭᠡᠪᠤᠷᠢ ᠴᠦᠮ ᠲᠠᠨᠢᠬᠤ ᠴᠢᠬᠤᠯᠠᠳᠠᠢ ᠮᠦᠷᠳᠡᠭᠡᠨ ᠠᠵᠠ ᠵᠠᠪᠰᠢᠶᠠᠨ ᠪᠤᠯᠭᠠᠵᠤ ᠦᠵᠡᠪᠡᠯ ᠵᠤᠬᠢᠨ᠎ᠠ᠃ ᠪᠢᠳᠡ ᠵᠡᠮᠳᠡᠭ ᠭᠡᠤᠭᠡᠳ ᠤᠨ ᠲᠠᠪᠰᠢᠯᠳᠠ ᠶᠢ ᠰᠢᠯᠭᠠᠯᠳᠠ ᠶᠢᠨ ᠬᠤᠪᠢ ᠶᠢᠨ ᠤᠨᠴᠠ ᠰᠠᠶᠢᠨ ᠢᠶᠠᠷ ᠬᠡᠮᠵᠢᠬᠦ ᠪᠤᠰᠤ᠂ ᠬᠠᠷᠢᠨ ᠬᠦᠭᠵᠢᠯᠳᠡ ᠲᠠᠪᠰᠢᠯᠳᠠ ᠶᠢᠨ ᠬᠢᠨᠢ ᠬᠢᠷᠢ ᠬᠡᠮᠵᠢᠶ᠎ᠡ ᠪᠠᠷ ᠨᠢ ᠪᠠᠷᠢᠮᠵᠢᠶᠠᠯᠠᠵᠤ ᠪᠤᠯᠬᠤ ᠶᠤᠮ᠃        ᠮᠤᠩᠭᠤᠯ ᠤᠨᠴᠠᠯᠢᠭᠳᠤ ᠪᠠᠶᠢᠷᠢᠯᠠᠬᠤ ᠰᠤᠷᠭᠠᠭᠤᠯᠢ ᠶᠢ ᠡᠷᠭᠢᠯᠡᠬᠦ ᠱᠠᠭᠠᠷᠳᠠᠯᠭ᠎ᠠ ᠲᠠᠢ ᠪᠤᠯᠵᠤ ᠪᠠᠶᠢᠨ᠎ᠠ᠃ ᠭᠡᠤᠭᠡᠳ ᠪᠠᠭᠠᠴᠤᠳ ᠪᠠᠭ᠎ᠠ ᠰᠤᠷᠭᠠᠭᠤᠯᠢ ᠳᠤ ᠠᠩᠬ᠎ᠠ ᠤᠷᠤᠬᠤ ᠠᠴᠠ ᠪᠠᠶᠢᠷᠢ ᠶᠢᠨ ᠠᠮᠢᠳᠤᠷᠠᠯ ᠳᠤ ᠲᠠᠳᠬᠠᠯᠵᠢᠨ ᠪᠠᠶ᠎ᠠ ᠪᠠᠨ ᠲᠠᠭᠠᠭᠠᠵᠤ ᠠᠮᠢᠳᠤᠷᠠᠵᠤ ᠰᠤᠷᠤᠯᠴᠠᠬᠤ ᠨᠢ ᠬᠤᠳᠠ ᠶᠢᠨ ᠮᠤᠩᠭᠤᠯ ᠰᠤᠷᠭᠠᠭᠤᠯᠢ ᠶᠢᠨ ᠨᠡᠶᠢᠳᠡᠯᠢᠭ ᠤᠨᠴᠠᠯᠢᠭ ᠪᠤᠯᠬᠤ ᠶᠤᠮ᠃ ᠪᠡᠶ᠎ᠡ ᠪᠠᠨ ᠲᠠᠭᠠᠭᠠᠵᠤ ᠠᠮᠢᠳᠤᠷᠠᠬᠤ᠂ ᠪᠡᠶ᠎ᠡ ᠪᠠᠨ ᠲᠠᠭᠠᠭᠠᠵᠤ ᠰᠤᠷᠤᠯᠴᠠᠬᠤ᠂ ᠪᠡᠶ᠎ᠡ  ᠪᠠᠨ ᠲᠠᠭᠠᠭᠠᠵᠤ ᠤᠷᠤᠰᠢᠨ ᠲᠤᠭᠳᠠᠨᠢᠬᠤ᠂ ᠪᠡᠶ᠎ᠡ ᠪᠠᠨ ᠲᠠᠭᠠᠭᠠᠵᠤ ᠬᠦᠮᠦᠨ ᠪᠤᠯᠬᠤ᠂ ᠪᠡᠶ᠎ᠡ ᠪᠠᠨ ᠲᠠᠭᠠᠭᠠᠵᠤ ᠦᠪᠡᠷ  ᠶᠢ ᠪᠠᠨ ᠲᠡᠭᠦᠯᠳᠡᠷᠵᠢᠭᠦᠯᠬᠦ ᠪᠠ ᠦᠪᠡᠷ ᠪᠤᠰᠤᠳ ᠢ ᠬᠦᠭᠵᠢᠭᠦᠯᠦᠨ ᠲᠡᠭᠦᠯᠳᠡᠷᠵᠢᠭᠦᠯᠬᠦ ᠨᠢ ᠤᠳᠤᠬᠠᠨ ᠤ ᠲᠡᠷᠢᠭᠦᠨ ᠤ ᠰᠤᠷᠭᠠᠨ ᠬᠦᠮᠦᠵᠢᠯ ᠤᠨ ᠠᠷᠭ᠎ᠠ ᠠᠪᠴᠠᠯ ᠲᠠᠢ ᠠᠯᠬᠤᠮ ᠢᠶᠠᠨ ᠨᠢᠭᠡᠳᠬᠡᠵᠤ ᠦᠵᠡᠯᠳᠡ ᠲᠠᠨᠢᠯᠳᠠ ᠪᠠᠨ ᠤᠳᠤᠬᠢᠴᠢᠯᠡᠵᠤ ᠪᠠᠶᠢᠭ᠎ᠠ ᠶᠠᠪᠤᠳᠠᠯ ᠶᠤᠮ᠃ ᠦᠪᠡᠷ ᠤᠨ ᠦᠨᠳᠦᠰᠦᠳᠡᠨ ᠤ ᠪᠠᠨ ᠠᠵᠢᠯᠴᠢ ᠪᠤᠷᠤᠭᠵᠢᠭᠤᠨ᠂ ᠠᠷᠪᠢᠴᠢ ᠭᠠᠮᠳᠠᠢ᠂ ᠬᠦᠴᠢᠷ ᠲᠤ ᠲᠡᠰᠪᠦᠷᠢᠳᠠᠢ ᠮᠤᠷᠠᠯ ᠰᠤᠷᠳᠠᠯ ᠢ ᠤᠯᠠᠮᠵᠢᠯᠠᠨ ᠪᠠᠳᠠᠷᠠᠭᠤᠯᠵᠤ᠂ ᠬᠠᠯᠠᠮᠵᠢ ᠡᠭᠡᠯᠢᠳᠠᠢ ᠂ ᠬᠠᠮᠳᠤᠴᠢ ᠰᠡᠳᠬᠢᠯᠭᠡ ᠶᠢ ᠲᠠᠰᠬᠠᠨ ᠬᠦᠮᠦᠵᠢᠭᠦᠯᠵᠤ᠂ ᠪᠠᠶᠢᠷᠢ ᠶᠢᠨ ᠠᠮᠢᠳᠤᠷᠠᠯ ᠢ ᠡᠳ᠋ᠯᠡᠭᠦᠯᠦᠨ᠂ ᠰᠦ ᠲᠠᠢ ᠴᠠᠢ ᠤᠤᠭᠤᠯᠭᠠᠨ᠂ ᠬᠤᠨᠢᠨ ᠱᠦᠯᠦ ᠲᠠᠢ ᠬᠤᠭᠤᠯᠠ ᠪᠠᠵᠠᠭᠠᠨ᠂ ᠦᠷᠭᠦᠯᠵᠢ ᠳᠤ ᠪᠠᠨ ᠤᠷᠳᠤ ᠶᠢᠨ ᠲᠠᠭᠤᠤ ᠰᠤᠨᠤᠰᠬᠠᠨ᠂ ᠦᠯᠢᠭᠡᠷ ᠬᠤᠯᠪᠤᠭ᠎ᠠ ᠰᠤᠨᠢᠷᠬᠠᠭᠤᠯᠤᠨ᠂ ᠱᠠᠭ᠎ᠠ ᠲᠤᠭᠯᠠᠭᠤᠯᠤᠨ ᠰᠠᠪᠬᠠᠨ ᠪᠦᠵᠢᠭ ᠠᠶᠠᠭᠠᠨ ᠪᠦᠵᠢᠭ ᠠᠨᠳᠠᠢ ᠪᠦᠵᠢᠭᠦᠯᠦᠨ ᠡᠬᠡ ᠪᠠᠶᠢᠭᠠᠯᠢ ᠪᠠᠨ ᠬᠠᠶᠢᠷᠠᠯᠠᠬᠤ ᠲᠠᠢ ᠠᠳᠠᠯᠢᠬᠠᠨ ᠢᠶᠠᠷ ᠡᠬᠡ ᠰᠤᠷᠭᠠᠭᠤᠯᠢ ᠪᠠᠨ ᠬᠠᠶᠢᠷᠠᠯᠠᠬᠤ  ᠶᠢ ᠬᠦᠮᠦᠵᠢᠭᠦᠯᠦᠨ ᠬᠠᠮᠳᠤ ᠶᠢᠨ ᠤᠷᠤᠨ ᠰᠠᠭᠤᠴᠠ ᠳᠤ ᠠᠵᠤ ᠠᠮᠢᠳᠤᠷᠠᠬᠤ ᠨᠢ ᠤᠳᠤᠬᠢ ᠤᠷᠴᠢᠨ ᠤ ᠨᠡᠶᠢᠳᠡᠮ  ᠤᠨ ᠦᠵᠡᠭᠳᠡᠯ ᠪᠤᠯᠭᠠᠪᠠᠯ ᠵᠤᠬᠢᠨ᠎ᠠ᠃        ᠤᠶᠢᠯᠠᠭᠠᠭᠳᠠᠬᠤᠨ ᠢᠶᠠᠨ ᠬᠤᠪᠢᠷᠠᠭᠤᠯᠬᠤ ᠨᠢ ᠤᠷᠭᠢᠵᠤ ᠪᠤᠯᠤᠰᠢ ᠦᠭᠡᠢ ᠶᠠᠪᠤᠳᠠᠯ ᠪᠤᠯᠬᠤ ᠶᠤᠮ᠃ ᠬᠡᠪ ᠴᠢᠨᠠᠷ ᠤᠨ ᠰᠤᠷᠭᠠᠨ ᠬᠦᠮᠦᠵᠢᠯ ᠴᠦ ᠬᠠᠮᠢᠶ᠎ᠠ ᠦᠭᠡᠢ᠂ ᠪᠠᠶ᠎ᠠ ᠪᠠᠨ ᠲᠠᠭᠠᠭᠠᠬᠤ ᠰᠤᠷᠭᠠᠨ ᠬᠦᠮᠦᠵᠢᠯ ᠴᠦ ᠪᠤᠯᠤᠭ᠂ ᠡᠰᠡᠭᠦᠯ᠎ᠡ ᠠᠮᠵᠢᠯᠳᠠ ᠲᠠᠢ ᠰᠤᠷᠭᠠᠨ ᠬᠦᠮᠦᠵᠢᠯ ᠤᠨ ᠠᠯᠢ ᠨᠢᠭᠡᠨ ᠨᠢ ᠪᠠᠶᠢᠭᠰᠠᠨ ᠴᠦ ᠰᠤᠷᠤᠭᠴᠢ ᠶᠢᠨ ᠬᠦᠭᠵᠢᠯᠳᠠ  ᠶᠢ ᠪᠦᠬᠦ ᠲᠠᠯ᠎ᠠ ᠠᠴᠠ ᠪᠤᠳᠤᠯᠬᠢᠯᠠᠵᠤ ᠰᠤᠷᠤᠭᠴᠢ ᠶᠢᠨ ᠠᠯᠢᠪᠠ ᠳᠤ ᠠᠯᠢᠪᠠ ᠪᠠᠨ ᠵᠤᠷᠢᠭᠤᠯᠤᠭᠰᠠᠨ᠂ ᠠᠯᠢᠪᠠ ᠰᠤᠷᠤᠭᠴᠢ ᠶᠢᠨ ᠠᠯᠢᠪᠠ ᠲᠠᠯ᠎ᠠ ᠳᠤ ᠤᠢ ᠠᠪᠢᠶᠠᠰ ᠢᠶᠠᠨ ᠵᠤᠷᠢᠭᠤᠯᠤᠭᠠᠳ᠂ ᠲᠡᠨᠡᠭ ᠪᠦᠳᠦᠭᠦᠯᠢᠭ ᠰᠤᠷᠤᠭᠴᠢ ᠨᠢ ᠴᠦ ᠰᠡᠴᠡᠨ ᠰᠡᠷᠭᠦᠯᠡᠩ ᠪᠤᠯᠤᠭᠰᠠᠨ ᠪᠤᠶᠤ ᠡᠭᠡᠯ ᠶᠡᠷᠤᠮᠳᠡᠭ ᠪᠠᠶᠢᠭᠰᠠᠨ ᠠᠴᠠ ᠪᠠᠨ ᠤᠬᠠᠭᠠᠵᠢᠨ ᠲᠤᠮᠤᠭᠠᠵᠢᠭᠰᠠᠨ ᠭᠡᠤᠭᠡᠳ ᠪᠤᠯᠵᠤ ᠬᠦᠮᠦᠵᠢᠭᠳᠡᠭᠰᠡᠨ ᠶᠤᠮ ᠪᠤᠯ ᠰᠤᠷᠭᠠᠭᠤᠯᠢ ᠡᠷᠭᠢᠯᠡᠬᠦ ᠤᠶᠢᠯᠠᠭᠠᠭᠳᠠᠬᠤᠨ ᠵᠦᠪ ᠪᠤᠯᠤᠭᠰᠠᠨ ᠪᠠᠶᠢᠬ᠎ᠠ ᠃ ᠡᠨᠡ ᠨᠢ ᠵᠦᠪᠬᠡᠨ ᠨᠢᠭᠡ ᠡᠳᠦᠷ ᠨᠢᠭᠡ ᠰᠠᠷ᠎ᠠ ᠨᠢᠭᠡ ᠬᠤᠭᠤᠴᠠᠭᠠᠨ ᠤ ᠶᠠᠪᠤᠳᠠᠯ ᠪᠤᠰᠤ᠂ ᠤᠷᠳᠦ ᠤᠳᠠᠭᠠᠨ ᠬᠤᠭᠤᠴᠠᠭᠠᠨ ᠤ ᠬᠤᠷᠠᠮᠳᠤᠭᠤᠯᠤᠯ ᠪᠠ ᠭᠤᠷᠪᠠ ᠲᠠᠪᠤᠨ ᠵᠢᠯ ᠤᠨ ᠬᠠᠳᠠᠭᠤᠵᠢᠯᠳᠠᠢ ᠴᠢᠷᠮᠠᠶᠢᠯᠭ᠎ᠠ ᠬᠢᠭᠡᠳ ᠠᠶᠠᠨᠳᠠᠭᠠᠨ ᠤ ᠬᠦᠭᠵᠢᠯᠳᠡ ᠶᠢᠨ ᠦᠷ᠎ᠡ ᠨᠦᠯᠦᠭᠡ ᠠᠴᠠ ᠲᠡᠮᠡᠴᠡᠨ ᠠᠪᠴᠢᠷᠠᠬᠤ ᠨᠢ ᠲᠠᠮᠵᠢᠭ ᠦᠭᠡᠢ ᠶᠤᠮ᠃ ᠬᠡᠪ ᠪᠤᠯᠪᠠᠰᠤᠷᠠᠯ ᠲᠠᠢ ᠬᠦᠮᠦᠨ ᠢ ᠬᠦᠮᠦᠵᠢᠭᠦᠯᠴᠢᠬᠡᠪᠡᠯ ᠰᠤᠷᠴᠦ ᠮᠡᠳᠡᠬᠦ ᠶᠢ ᠬᠦᠭᠡᠭᠡᠴᠡᠯᠳᠦᠬᠦ᠂ ᠴᠢᠳᠠᠪᠤᠷᠢ ᠴᠢᠳᠠᠪᠬᠢ  ᠲᠠᠢ ᠪᠤᠯᠬᠤ ᠶᠢ ᠡᠷᠢᠯᠬᠢᠯᠡᠬᠦ ᠨᠢ ᠠᠶᠠᠨᠳᠠᠭᠠᠨ ᠤ ᠬᠡᠷᠡᠭ᠃ ᠨᠡᠩ ᠴᠦ ᠪᠡᠶ᠎ᠡ ᠪᠠᠨ ᠲᠠᠭᠠᠭᠠᠬᠤ᠂ ᠰᠢᠨ᠎ᠡ ᠶᠢ ᠡᠭᠦᠳᠬᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠡᠵᠤ ᠴᠢᠳᠠᠬᠤ ᠬᠦᠮᠦᠨ ᠬᠦᠮᠦᠵᠢᠭᠳᠡᠬᠦ ᠤᠴᠢᠷ ᠠᠴᠠ ᠰᠤᠷᠭᠠᠨ ᠬᠦᠮᠦᠵᠢᠯ ᠤᠨ ᠬᠠᠷᠠᠯᠳᠠ ᠴᠦ ᠪᠠᠶᠠᠯᠡᠭᠳᠡᠵᠤ ᠪᠤᠯᠬᠤ ᠨᠢ ᠶᠠᠷᠢᠶᠠᠨ ᠦᠭᠡᠢ᠃        ᠰᠤᠷᠤᠭᠴᠢ ᠪᠠᠶᠢᠬᠤ ᠳᠤ ᠪᠠᠨ ᠰᠤᠷᠭᠠᠭᠤᠯᠢ ᠪᠤᠢ᠂ ᠰᠤᠷᠤᠭᠴᠢ ᠶᠢᠨ ᠦᠪᠡᠷᠮᠢᠴᠡ ᠬᠦᠭᠵᠢᠯᠳᠡ ᠪᠠᠶᠢᠬᠤ  ᠳᠤ ᠪᠠᠨ ᠰᠤᠷᠭᠠᠭᠤᠯᠢ ᠶᠢᠨ ᠦᠪᠡᠷᠮᠢᠴᠡ ᠤᠨᠴᠠᠯᠢᠭ ᠪᠤᠢ ᠪᠤᠯᠳᠠᠭ᠃ ᠰᠤᠷᠭᠠᠭᠤᠯᠢ ᠨᠡᠶᠢᠳᠡ ᠨᠢ ᠤᠨᠴᠠᠭᠠᠢ ᠭᠡᠤᠭᠡᠳ  ᠤᠨ ᠦᠪᠡᠷᠮᠢᠴᠡ ᠬᠦᠭᠵᠢᠯᠳᠡ᠂ ᠡᠩ ᠤᠨ ᠭᠡᠤᠭᠡᠳ ᠤᠨ ᠪᠦᠳᠦᠭᠡᠯᠴᠢ ᠬᠦᠭᠵᠢᠯᠳᠡ ᠪᠠ ᠵᠡᠮᠳᠡᠭ ᠭᠡᠤᠭᠡᠳ ᠤᠨ ᠲᠤᠪᠤᠶᠢᠮ᠎ᠡ ᠬᠦᠭᠵᠢᠯᠳᠡ ᠪᠠᠷ ᠤᠨᠴᠠᠯᠢᠭᠳᠠᠵᠤ ᠪᠤᠯᠤᠨ᠎ᠠ᠃ ᠤᠯᠠᠨ ᠲᠤᠭᠠᠨ ᠤ ᠰᠤᠷᠤᠭᠴᠢᠳ ᠤᠨ ᠤᠶᠤᠨ ᠴᠢᠳᠠᠪᠬᠢ ᠶᠢ ᠤᠬᠢ ᠰᠢᠯᠢᠳᠡᠭ ᠬᠡᠮᠵᠢᠶᠡᠨ ᠳᠤ ᠬᠦᠷᠳᠡᠯ᠎ᠡ ᠨᠡᠭᠡᠭᠡᠭᠳᠡᠭᠦᠯᠬᠦ ᠳᠤ ᠨᠢᠭᠡ ᠪᠠᠭᠰᠢ ᠨᠢᠭᠡ ᠤᠳᠤᠷᠢᠳᠤᠯᠭ᠎ᠠ  ᠶᠢᠨ ᠴᠢᠷᠮᠠᠶᠢᠯᠭ᠎ᠠ ᠪᠠᠷ ᠬᠦᠴᠦᠷᠬᠦ ᠦᠭᠡᠢ᠂ ᠬᠠᠷᠢᠨ ᠪᠦᠬᠦ ᠪᠠᠭᠰᠢ ᠨᠠᠷ᠂ ᠰᠤᠷᠤᠭᠴᠢᠳ ᠪᠠ ᠰᠤᠷᠤᠭᠴᠢ ᠶᠢᠨ ᠭᠡᠷ  ᠤᠨ ᠠᠬᠠᠮᠠᠳ ᠶᠢᠨ ᠬᠠᠮᠳᠤ ᠶᠢᠨ ᠴᠢᠷᠮᠠᠶᠢᠯᠭ᠎ᠠ ᠪᠠᠷ ᠰᠤᠯᠢᠨ ᠠᠪᠴᠢᠷᠠᠬᠤ ᠠᠷᠢᠭᠤᠨ ᠬᠦᠳᠡᠯᠮᠤᠷᠢ ᠶᠢᠨ ᠨᠠᠨᠳᠢᠨ ᠪᠦᠳᠦᠭᠡᠯ ᠪᠤᠯᠬᠤ ᠶᠤᠰᠤᠳᠠᠢ᠃ ᠪᠠᠭᠰᠢ ᠨᠠᠷ ᠵᠢᠯᠤᠭᠤᠳᠤᠨ ᠨᠡᠭᠡᠭᠡᠬᠦ ᠪᠠᠷ ᠲᠠᠮᠵᠢᠨ ᠰᠤᠷᠤᠭᠴᠢᠳ ᠢᠶᠠᠨ ᠬᠦᠳᠦᠯᠦᠨ ᠡᠯ᠎ᠡ ᠲᠠᠯ᠎ᠠ ᠶᠢᠨ ᠴᠢᠳᠠᠪᠤᠷᠢ ᠶᠢ ᠬᠦᠮᠦᠵᠢᠭᠦᠯᠬᠦ ᠪᠠᠷ ᠪᠠᠷᠠᠬᠤ ᠦᠭᠡᠢ᠂ ᠶᠤᠰᠤ ᠮᠤᠷᠠᠯ᠂ ᠤᠪᠤᠷ ᠰᠡᠳᠭᠢᠯᠭᠡ ᠶᠢ ᠪᠤᠯᠪᠠᠰᠤᠨ ᠤ ᠵᠦᠭ ᠪᠤᠯᠪᠠᠰᠤᠷᠠᠭᠤᠯᠬᠤ ᠪᠠᠷ ᠨᠢᠭᠡᠨ ᠬᠠᠷᠠᠯᠳᠠ ᠪᠤᠯᠭᠠᠨ᠂ ᠲᠡᠳᠡᠨ ᠤ ᠦᠪᠡᠷᠮᠢᠴᠡ ᠴᠢᠨᠡᠷ ᠢ ᠬᠦᠭᠵᠢᠭᠦᠯᠬᠦ ᠪᠠᠷ ᠰᠦᠪᠡᠭᠴᠢᠯᠡᠨ ᠰᠤᠳᠤᠯᠬᠤ ᠪᠠ ᠰᠤᠳᠤᠯᠭᠠᠨ ᠤ ᠴᠢᠭᠯᠡᠯ ᠢᠶᠠᠨ ᠬᠦᠭᠵᠢᠯᠳᠡ ᠶᠢᠨ ᠤᠷᠤᠰᠬᠠᠯ ᠪᠤᠯᠭᠠᠬᠤ ᠨᠢ ᠶᠠᠭᠤᠨ ᠠᠴᠠ ᠴᠦ ᠠᠰᠢᠭᠳᠠᠢ ᠪᠤᠯᠪᠠ ᠤᠤ᠂ ᠪᠢᠳᠡ ᠰᠤᠷᠤᠭᠴᠢ ᠪᠠᠷ ᠠᠴᠢᠶᠠᠯᠠᠪᠤᠷᠢ ᠪᠤᠯᠭᠠᠵᠤ᠂ ᠡᠨᠡ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠡᠶᠢᠮᠤ ᠡᠶᠢᠮᠤ ᠤᠨᠴᠠᠯᠢᠭ ᠲᠠᠢ ᠭᠡᠳᠡᠭ ᠢ ᠡᠷᠢᠨ ᠰᠦᠪᠡᠭᠴᠢᠯᠡᠵᠤ ᠬᠦᠮᠦᠵᠢᠭᠦᠯᠬᠦ ᠶᠤᠰᠤᠳᠠᠢ᠃ ᠰᠤᠷᠤᠭᠴᠢ ᠶᠢᠨ ᠤᠨᠴᠠᠯᠢᠭ ᠪᠤᠯ ᠲᠠᠷᠤᠢ ᠰᠤᠷᠭᠠᠭᠤᠯᠢ ᠶᠢᠨ ᠤᠨᠴᠠᠯᠢᠭ ᠶᠤᠮ᠃ ᠰᠤᠶᠤᠯ ᠵᠦᠢ᠂ ᠬᠦᠮᠦᠨ ᠮᠦᠰᠦ ᠶᠢᠨ ᠲᠠᠯ᠎ᠠ ᠠᠴᠠ ᠶᠠᠷᠢᠭᠰᠠᠨ ᠴᠦ ᠪᠦᠬᠦᠶᠢᠯᠡ ᠰᠤᠷᠤᠭᠴᠢᠳ ᠤᠨ ᠬᠡᠪ ᠪᠤᠯᠪᠠᠰᠤᠷᠠᠯ ᠢ ᠪᠦᠬᠦᠯᠢ ᠴᠤᠭᠴᠠᠳᠤ ᠴᠢᠨᠠᠷᠵᠢᠭᠤᠨ ᠬᠢᠷᠢ ᠲᠦᠪᠰᠢᠨ ᠳᠤ ᠬᠦᠷᠭᠡᠬᠦ ᠨᠢ ᠵᠦᠢ ᠶᠤᠰᠤᠳᠤ ᠴᠢᠨᠠᠷᠳᠠᠢ ᠪᠠᠶᠢᠳᠠᠭ᠃ ᠰᠤᠷᠭᠠᠭᠤᠯᠢ ᠨᠢ ᠰᠢᠨ᠎ᠡ ᠬᠦᠮᠦᠨ ᠢ ᠦᠰᠭᠡᠨ ᠬᠦᠮᠦᠵᠢᠭᠦᠯᠬᠦ ᠦᠯᠦᠭᠡᠢ᠂ ᠰᠢᠨ᠎ᠡ ᠠᠮᠢ ᠠᠮᠢᠵᠢᠷᠠᠯ ᠰᠢᠨ᠎ᠠ ᠰᠡᠳᠭᠢᠮᠵᠢ ᠰᠢᠨ᠎ᠡ ᠦᠵᠡᠯ ᠰᠠᠨᠠᠭ᠎ᠠ ᠪᠤᠢ ᠪᠤᠯᠵᠤ ᠪᠦᠷᠢᠯᠳᠦᠨ ᠲᠤᠭᠳᠠᠨᠢᠬᠤ ᠶᠢᠨ ᠬᠦᠯᠡᠮᠵᠢ ᠪᠤᠯᠬᠤᠷ ᠪᠠᠭᠰᠢᠯᠠᠭᠴᠢᠳ ᠲᠡᠷᠢᠭᠦᠨ ᠤ ᠪᠠᠶᠢᠪᠠᠯ ᠬᠦᠮᠦᠵᠢᠭᠦᠯᠦᠭᠰᠡᠨ ᠱᠠᠪᠢ ᠨᠢ ᠰᠢᠯᠢᠳᠡᠭ ᠪᠤᠯᠵᠤ ᠲᠡᠶᠢᠯᠤᠨ᠎ᠠ᠃        ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠳᠤ ᠪᠠᠨ ᠰᠤᠷᠤᠭᠴᠢ ᠶᠢᠨ ᠭᠤᠤᠯ ᠴᠤᠭᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠬᠢᠴᠢᠶᠡᠯᠯᠡᠭᠡ ᠶᠢᠨ ᠭᠤᠤᠯ ᠡᠵᠡᠨ ᠪᠤᠯᠭᠠᠬᠤ ᠶᠢ ᠴᠢᠬᠤᠯᠠᠴᠢᠯᠡᠨ᠂ ᠪᠠᠭᠰᠢ ᠭᠤᠤᠯ ᠵᠢᠯᠤᠭᠤᠳᠬᠤ ᠦᠢᠯᠡᠳᠦᠯ ᠢᠶᠠᠨ ᠠᠳᠬᠤᠵᠤ᠂ ᠵᠦᠪᠬᠡᠨ ᠬᠤᠪᠢ ᠨᠤᠷᠮ᠎ᠡ ᠪᠠ ᠦᠷ᠎ᠡ ᠳ᠋ᠦᠡᠭ ᠢ ᠭᠦᠭᠡᠭᠡᠴᠡᠯᠳᠦᠬᠦ ᠵᠢᠭᠠᠨ ᠰᠤᠷᠭᠠᠯᠳᠠ ᠶᠢ ᠤᠯᠠᠮ ᠢᠶᠠᠷ ᠦᠭᠡᠷᠡᠴᠢᠯᠡᠨ ᠰᠠᠶᠢᠵᠢᠷᠠᠭᠤᠯᠵᠤ᠂ ᠶᠠᠪᠤᠴᠠ ᠶᠢᠨ ᠵᠢᠭᠠᠨ ᠰᠤᠷᠭᠠᠯᠳᠠ᠂ ᠪᠡᠶ᠎ᠡ ᠪᠠᠨ ᠲᠠᠭᠠᠭᠠᠵᠤ ᠰᠢᠨ᠎ᠡ ᠶᠢ ᠡᠭᠦᠳᠬᠦ ᠵᠢᠭᠠᠨ ᠰᠤᠷᠭᠠᠯᠳᠠ ᠵᠦᠭ ᠬᠦᠳᠦᠯᠬᠦ ᠪᠤᠶᠤ ᠲᠡᠳᠡᠵᠤ ᠤᠷᠤᠭᠤᠯᠬᠤ ᠳᠤ ᠪᠠᠨ ᠵᠤᠬᠢᠨ᠎ᠡ᠃ ᠰᠤᠷᠤᠭᠴᠢᠳ ᠤᠨ ᠠᠮᠢᠳᠤᠯᠢᠭ ᠴᠤᠪᠤᠭᠤ ᠰᠡᠳᠬᠢᠬᠦᠢ ᠬᠢᠭᠡᠳ ᠨᠡᠭᠡᠭᠡᠯᠳᠡᠳᠤ ᠪᠦᠳᠦᠭᠡᠯᠴᠢ ᠰᠡᠳᠭᠢᠬᠦᠢ ᠶᠢ ᠬᠦᠮᠦᠵᠢᠭᠦᠯᠬᠦ ᠭᠡᠳᠡᠭ ᠤᠳᠠᠭᠠᠨ ᠲᠠᠭᠠᠭᠠᠮᠠᠭᠠᠢ ᠴᠢᠨᠡᠷ ᠲᠠᠢ ᠰᠤᠷᠭᠠᠨ ᠬᠦᠮᠦᠵᠢᠭᠦᠯᠦᠯ  ᠤᠨ ᠠᠵᠢᠯᠯᠠᠭᠠᠨ ᠢᠶᠠᠷ ᠲᠠᠮᠵᠢᠨ ᠪᠡᠶᠡᠯᠡᠭᠳᠡᠳᠡᠭ ᠪᠤᠯᠬᠤᠷ ᠨᠢᠭᠡ ᠬᠤᠭᠤᠴᠠᠭ᠎ᠠ᠂ ᠨᠢᠭᠡ ᠵᠢᠯ᠂ ᠴᠠᠭᠠᠰᠢᠯᠠᠪᠠᠯ ᠬᠡᠳᠦᠨ ᠵᠢᠯ ᠢᠶᠠᠷ ᠲᠦᠯᠦᠪᠯᠡᠨ ᠲᠦᠰᠦᠪᠯᠡᠵᠤ ᠬᠢᠵᠤ ᠪᠡᠶᠡᠯᠡᠭᠦᠯᠬᠦ ᠶᠢ ᠪᠠᠷᠢᠮᠳᠠᠯᠠᠨ᠎ᠠ᠃ ᠤᠳᠤᠬᠠᠨ ᠳᠤ ᠵᠤᠷᠰᠢᠯ ᠠᠴᠠ ᠲᠠᠪᠠᠭᠰᠠᠨ ᠰᠢᠨ᠎ᠡ ᠡᠭᠦᠳᠦᠯᠳᠡ ᠲᠠᠢ᠂ ᠴᠢᠯᠦᠭᠡᠳᠦ ᠰᠡᠳᠭᠢᠮᠵᠢ ᠲᠠᠢ ᠵᠢᠭᠠᠨ ᠰᠤᠷᠭᠠᠯᠳᠠ ᠬᠡᠷᠡᠭᠴᠡᠭᠡ ᠱᠠᠭᠠᠷᠳᠠᠯᠭ᠎ᠠ  ᠲᠠᠢ ᠪᠤᠯᠤᠭᠰᠠᠨ ᠲᠤᠯᠠ ᠪᠠᠭᠰᠢ ᠨᠠᠷ ᠤᠨ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ᠂ ᠦᠨᠳᠦᠰᠦᠨ ᠪᠤᠯᠪᠠᠰᠤᠷᠠᠯ  ᠤᠨ ᠲᠠᠳᠬᠠᠯᠵᠢᠯ᠂ ᠮᠡᠳᠡᠯᠭᠡ ᠶᠢᠨ ᠦᠷᠭᠡᠴᠡ ᠬᠦᠨᠴᠡ᠂ ᠬᠦᠮᠦᠨ ᠳᠤ ᠲᠠᠭᠤᠷᠢᠶᠠᠯ ᠪᠤᠯᠬᠤ᠂᠂᠂᠂ ᠵᠡᠷᠭᠡ ᠮᠠᠰᠢ ᠤᠯᠠᠨ ᠲᠠᠯ᠎ᠠ ᠶᠢᠨ ᠱᠠᠭᠠᠷᠳᠠᠯᠭ᠎ᠠ ᠲᠤᠯᠭᠠᠷᠠᠵᠤ ᠪᠠᠶᠢᠨ᠎ᠠ᠃ ᠰᠤᠷᠤᠭᠴᠢ ᠭᠡᠳᠡᠭ ᠪᠤᠯ ᠦᠵᠡᠭᠴᠢ ᠪᠤᠶᠤ ᠰᠤᠨᠤᠰᠤᠭᠴᠢ ᠪᠢᠰᠢ᠂ ᠬᠠᠷᠢᠨ ᠴᠢᠰᠦ ᠮᠢᠬ᠎ᠠ ᠲᠠᠢ᠂ ᠤᠶᠤᠨ ᠤᠬᠠᠭᠠᠨ ᠲᠠᠢ᠂ ᠲᠤᠷ᠎ᠠ ᠰᠤᠨᠢᠷᠬᠠᠯ ᠲᠠᠢ ᠬᠦᠮᠦᠨ ᠮᠦᠷᠳᠡᠭᠡᠨ ᠰᠤᠷᠬᠤ ᠶᠢᠨ ᠡᠵᠡᠨ ᠪᠡᠶ᠎ᠡ ᠪᠤᠯᠬᠤᠷ ᠲᠡᠭᠦᠨ ᠳᠤ ᠬᠠᠨᠳᠤᠭᠤᠯᠵᠤ ᠪᠡᠯᠡᠳᠬᠡᠨ᠂ ᠲᠡᠭᠦᠨ ᠳᠤ ᠵᠤᠷᠢᠭᠤᠯᠤᠨ ᠰᠡᠳᠬᠢᠮᠵᠢᠯᠡᠨ᠂ ᠲᠡᠳᠡᠨ ᠤ ᠠᠯᠢᠪᠠ ᠳᠤ ᠠᠪᠢᠶᠠᠰ ᠪᠢᠯᠢᠭ ᠢᠶᠠᠨ ᠰᠢᠪᠬᠠᠬᠤ ᠨᠢ ᠪᠠᠭᠰᠢᠯᠠᠭᠴᠢᠳ ᠤᠨ ᠪᠤᠳᠤᠵᠤ ᠰᠡᠳᠬᠢᠭᠦᠰᠢᠳᠡᠢ ᠠᠰᠠᠭᠤᠳᠠᠯ ᠪᠤᠯᠬᠤ ᠶᠢ ᠢᠮᠡᠭ᠌ᠳᠠ ᠴᠡᠭᠡᠵᠢᠯᠡᠨ᠂ ᠴᠠᠭ ᠡᠭᠦᠷᠢᠳᠡ ᠰᠦᠪᠡᠭᠴᠢᠯᠡᠨ ᠰᠤᠳᠤᠯᠤᠭᠤᠰᠢᠳᠠᠢ ᠪᠠᠶᠢᠭ᠎ᠠ ᠶᠤᠮ᠃ ᠰᠤᠷᠤᠭᠴᠢ ᠶᠢᠨ ᠦᠰᠦᠨ ᠪᠤᠶᠢᠵᠢᠯᠳᠠ ᠨᠢ ᠤᠷᠭᠤᠭ᠎ᠠ ᠨᠤᠭᠤᠭ᠎ᠠ ᠰᠢᠭ᠋ ᠮᠡᠳᠡᠭᠳᠡᠮ᠎ᠡ ᠪᠠᠶᠢᠳᠠᠭ᠂ ᠲᠡᠳᠡᠨ ᠤ ᠪᠡᠶ᠎ᠡ ᠭᠠᠯᠪᠢᠷ᠂ ᠦᠡᠭᠭᠡ ᠲᠦᠷᠬᠦ ᠠᠴᠠ ᠡᠭᠢᠯᠡᠨ ᠪᠤᠳᠤᠯ ᠤᠬᠠᠭᠠᠨ ᠨᠢ ᠴᠦ ᠡᠳᠦᠷ ᠠᠴᠠ ᠡᠳᠦᠷ ᠦᠭᠡᠷᠡᠳᠦᠨ ᠰᠢᠨᠡᠵᠢᠵᠤ᠂ ᠤᠬᠠᠭᠠᠷᠠᠨ ᠲᠤᠮᠤᠭᠠᠵᠢᠵᠤ ᠪᠠᠶᠢᠳᠠᠭ ᠲᠠᠢ ᠠᠳᠠᠯᠢ ᠪᠠᠷ ᠪᠠᠭᠰᠢ ᠶᠢᠨ ᠬᠦᠭᠵᠢᠯᠳᠠ ᠴᠦ ᠲᠡᠭᠦᠯᠳᠡᠷᠵᠢᠨ ᠲᠤᠮᠤᠷᠠᠬᠤ ᠤᠴᠢᠷᠳᠠᠢ᠃ ᠴᠢᠳᠠᠬᠤ ᠦᠭᠡᠢ ᠠᠴᠠ ᠪᠠᠨ ᠴᠢᠳᠠᠬᠤ᠂ ᠡᠮᠵᠡᠭ ᠪᠠᠭᠤᠷᠠᠢ ᠠᠴᠠ ᠪᠠᠨ ᠬᠦᠴᠦᠷᠭᠡᠭ ᠵᠦᠪ ᠪᠤᠯᠬᠤ᠂ ᠡᠩ ᠤᠨ ᠪᠠᠭᠰᠢ ᠠᠴᠠ ᠪᠠᠨ ᠭᠤᠤᠯᠯᠠᠭᠴᠢ ᠲᠠᠭᠠᠭᠤᠯᠤᠭᠴᠢ ᠴᠢᠳᠠᠪᠤᠷᠢᠳᠠᠨ ᠪᠤᠯᠬᠤ ᠯᠡ ᠵᠢᠷᠤᠮ ᠲᠠᠢ ᠪᠤᠯᠬᠤᠷ ᠬᠤᠪᠢᠳᠠᠭᠰᠠᠨ ᠠᠵᠢᠯ ᠢᠶᠠᠨ ᠢᠯᠡᠭᠦᠬᠡᠨ ᠰᠤᠳᠤᠯᠵᠤ᠂ ᠴᠢᠨᠠᠷᠯᠢᠭ ᠪᠡᠶᠡᠯᠡᠭᠦᠯᠪᠡᠯ ᠰᠠᠶ᠋ᠢ ᠠᠮᠵᠢᠯᠳᠠ ᠪᠦᠳᠦᠮᠵᠢᠳᠠᠢ ᠪᠤᠯᠬᠤ ᠪᠠᠷ ᠦᠯᠦ ᠪᠡᠷᠡᠮ ᠨᠢᠭᠡ ᠠᠩᠭᠢ ᠶᠢᠨ᠂ ᠨᠢᠭᠡ ᠨᠢᠭᠡᠴᠢ ᠶᠢᠨ᠂ ᠴᠠᠭᠠᠰᠢᠯᠠᠪᠠᠯ ᠨᠢᠭᠡ ᠦᠨᠳᠦᠰᠦᠳᠡᠨ ᠤ ᠰᠤᠶᠤᠯ ᠰᠤᠷᠭᠠᠨ ᠬᠦᠮᠦᠵᠢᠯ ᠤᠨ ᠠᠵᠢᠯ ᠴᠦ ᠰᠢᠨ᠎ᠡ ᠱᠠᠳᠤᠨ ᠳᠤ ᠬᠦᠷᠴᠦ ᠪᠤᠯᠬᠤ ᠨᠢ ᠲᠠᠮᠵᠢᠭ ᠦᠭᠡᠢ ᠶᠤᠮ᠃ ᠰᠤᠷᠭᠠᠭᠤᠯᠢ ᠨᠢᠭᠡᠴᠢ ᠨᠢ ᠤᠶᠢᠷ᠎ᠡ ᠵᠡᠷᠭᠡᠯᠡᠳᠡᠭᠡ ᠪᠠᠶᠢᠭ᠎ᠠ ᠰᠤᠷᠭᠠᠭᠤᠯᠢ ᠲᠠᠢ  ᠪᠠᠨ᠂ ᠡᠰᠡᠭᠦᠯ᠎ᠡ ᠮᠤᠩᠭᠤᠯ ᠰᠤᠷᠭᠠᠭᠤᠯᠢ ᠨᠤᠭᠤᠳ ᠲᠠᠢ ᠪᠠᠨ᠂ ᠨᠡᠩ ᠴᠦ ᠬᠤᠳᠠ ᠪᠤᠶᠤ ᠦᠪᠡᠷᠳᠡᠭᠡᠨ ᠵᠠᠰᠠᠬᠤ ᠤᠷᠤᠨ ᠤ ᠡᠯ᠎ᠡ ᠲᠡᠰ ᠤᠨ ᠰᠤᠷᠭᠠᠭᠤᠯᠢ ᠲᠠᠢ ᠴᠦ ᠦᠷᠢᠰᠦᠯᠳᠦᠭᠡᠨ ᠬᠢᠬᠦ ᠤᠮᠤᠭ ᠵᠤᠷᠢᠭ᠂ ᠡᠷᠴᠢ ᠬᠦᠴᠦᠨ ᠪᠠᠶᠢᠬᠤ ᠳᠤ ᠪᠠᠨ ᠵᠦᠢ᠃ ᠭᠡᠬᠦ ᠳᠤ ᠪᠠᠨ ᠵᠠᠪᠠᠯ ᠢᠯᠠᠨ ᠲᠠᠪᠠᠭ᠋ᠤ ᠢᠳᠡᠭᠡᠯ᠂ ᠦᠷᠢᠰᠦᠯᠳᠤᠨ ᠤᠷᠤᠯᠳᠤᠬᠤ ᠴᠢᠷᠮᠠᠶᠢᠯᠭ᠎ᠠ ᠴᠢᠬᠤᠯᠠᠳᠠᠢ ᠪᠠᠨ ᠲᠠᠨᠢᠨ ᠮᠡᠳᠡᠬᠦ ᠮᠦᠷᠳᠡᠭᠡᠨ ᠪᠡᠶᠡᠳᠡᠨ ᠬᠢᠬᠦ ᠬᠡᠷᠡᠭᠳᠡᠢ᠂ ᠰᠤᠯᠠᠷᠠᠰᠢ ᠦᠭᠡᠢ ᠤᠷᠤᠭᠰᠢᠯᠡᠨ ᠲᠡᠮᠡᠴᠡᠬᠦ ᠬᠡᠷᠡᠭᠳᠡᠢ ᠪᠠᠶᠢᠳᠠᠭ᠃ ᠪᠢᠳᠡ ᠵᠦᠪᠬᠡᠨ ᠰᠤᠨᠢᠨ ᠰᠡᠪᠡᠭᠦᠨ ᠢ ᠡᠷᠢᠯᠬᠢᠨᠯᠬᠦ ᠪᠢᠰᠢ᠂ ᠦᠡᠭᠬᠡᠨ ᠲᠡᠳᠦᠢ ᠬᠡᠯᠪᠡᠷᠢ ᠶᠢ ᠭᠦᠭᠡᠭᠡᠴᠡᠯᠳᠦᠬᠦ ᠪᠢᠰᠢ᠂ ᠰᠠᠯᠬᠢᠨ ᠤ ᠠᠶ᠎ᠠ ᠪᠠᠷ ᠤᠡᠭᠭᠤᠴᠠ ᠰᠡᠯᠢᠬᠦ ᠪᠢᠰᠢ᠂ ᠬᠠᠷᠢᠨ ᠦᠨᠡᠨ ᠪᠤᠳᠠᠳᠠᠢ᠂ ᠦᠪᠡᠷᠮᠢᠴᠡ ᠴᠢᠨᠠᠷ ᠲᠠᠢ᠂ ᠦᠪᠡᠷ ᠤᠨ ᠤᠨᠴᠠᠯᠢᠭ ᠲᠠᠢ᠂ ᠪᠦᠳᠦᠭᠡᠯᠯᠴᠢ ᠡᠭᠦᠳᠦᠯᠳᠡ ᠲᠠᠢ ᠪᠠᠷ ᠮᠤᠩᠭᠤᠯ ᠦᠨᠳᠦᠰᠦᠳᠡᠨ ᠤ ᠰᠤᠷᠭᠠᠭᠤᠯᠢ ᠶᠢ ᠴᠤᠭᠴᠠᠯᠠᠨ ᠪᠠᠶᠢᠭᠤᠯᠬᠤ ᠪᠠᠷ ᠬᠠᠷᠠᠯᠳᠠ ᠪᠠᠨ ᠪᠤᠯᠭᠠᠵᠤ ᠴᠢᠷᠮᠠᠶᠢᠨ ᠠᠵᠢᠯᠯᠠᠪᠠᠯ ᠰᠠᠶ᠋ᠢ ᠬᠡᠨ ᠳᠤ ᠴᠦ ᠤᠰᠤᠯᠳᠤᠬᠤ ᠦᠭᠡᠢ᠂ ᠬᠡᠨ ᠲᠠᠢ ᠴᠦ ᠳᠠᠪᠬᠤᠴᠠᠬᠤ ᠦᠭᠡᠢ ᠤᠨᠴᠠᠯᠢᠭᠳᠤ ᠰᠤᠷᠭᠠᠭᠤᠯᠢ ᠶᠢ ᠪᠦᠳᠦᠭᠡᠨ ᠪᠠᠶᠢᠭᠤᠯᠵᠤ ᠮᠤᠩᠭᠤᠯ ᠰᠤᠷᠭᠠᠨ ᠬᠦᠮᠦᠵᠢᠯ ᠢᠶᠠᠨ ᠦᠭᠡᠳᠡ ᠲᠠᠳᠠᠵᠤ ᠪᠤᠯᠬᠤ ᠶᠤᠮ᠃        ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠪᠠ ᠬᠠᠮᠢᠶᠠᠷᠤᠯᠳᠠ ᠶᠢᠨ ᠬᠢᠷᠢ ᠲᠦᠪᠰᠢᠨ ᠢᠶᠠᠷ ᠰᠤᠷᠭᠠᠭᠤᠯᠢ ᠨᠢᠭᠡᠴᠢ ᠨᠢ ᠠᠯᠳᠠᠷ ᠮᠠᠨᠳᠤᠨ ᠤᠨᠴᠠᠯᠢᠭ ᠢᠶᠠᠨ ᠲᠤᠪᠤᠶᠢᠯᠭᠠᠬᠤ ᠶᠢᠨ ᠬᠤᠪᠢ ᠳᠤ᠂ ᠦᠵᠡᠯ ᠰᠠᠨᠠᠭᠠᠨ ᠤ ᠰᠦᠷᠯᠢᠭ ᠲᠤᠮᠤᠬᠠᠨ ᠪᠡᠯᠡᠳᠬᠡᠯ᠂ ᠦᠭᠬᠢᠶᠡᠮᠤᠷᠴᠢ ᠲᠤᠰᠠᠴᠢ ᠠᠷᠢᠭᠤᠨ ᠪᠢᠰᠢᠷᠠᠯᠳᠤ ᠵᠤᠷᠢᠭ ᠰᠠᠨᠠᠭ᠎ᠠ ᠪᠠᠷ ᠴᠢᠷᠮᠠᠶᠢᠨ ᠠᠵᠢᠯᠯᠠᠪᠠᠯ ᠵᠤᠬᠢᠬᠤ ᠪᠠᠨ ᠤᠶᠢᠯᠠᠭᠠᠨ᠂ ᠪᠦᠭᠦᠳᠡ ᠪᠦᠬᠦᠳᠡᠭᠡᠷ ᠢᠶᠠᠨ ᠪᠠᠳᠤ ᠢᠳᠡᠭᠡᠯ ᠲᠠᠢ ᠪᠦᠯᠬᠦᠮᠳᠡᠨ ᠴᠢᠷᠮᠠᠶᠢᠪᠠᠯ ᠮᠤᠩᠭᠤᠯ ᠰᠠᠭᠤᠷᠢ ᠰᠤᠷᠭᠠᠨ ᠬᠦᠮᠤᠵᠢᠯ ᠬᠦᠭᠵᠢᠬᠦ ᠦᠭᠡᠢ ᠶᠤᠰᠤᠨ ᠬᠠᠮᠢᠭ᠎ᠠ ᠪᠠᠶᠢᠬᠤ ᠪᠤᠢ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号