ᠰᠤᠷᠪᠤᠯᠵᠢᠯᠠᠭᠴᠢ᠄ ᠲᠠ ᠰᠠᠶᠢᠨ ᠦᠦ︖ ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠣᠪᠴᠢᠶ᠎ᠠ ᠪᠣᠯ ᠨᠢᠭᠡᠨ ᠰᠢᠨ᠎ᠡ ᠪᠠᠷ ᠪᠠᠶᠢᠭᠤᠯᠤᠭᠳᠠᠭᠰᠠᠨ ᠰᠠᠯᠠᠭ᠎ᠠ ᠮᠥᠴᠢᠷ ᠮᠥᠨ᠂ ᠲᠠ | ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠭᠤᠤᠯ ᠪᠣᠯᠬᠤ ᠠᠵᠢᠯ | ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠦᠦ︖ | ᠰᠦᠨ ᠲᠣᠪᠴᠢᠶᠠᠨ ᠳᠠᠷᠤᠭ᠎ᠠ᠄ ᠵᠠ᠂ ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ | ᠤ ᠲᠣᠪᠴᠢᠶ᠎ᠠ ᠪᠣᠯ ᠬᠤᠰᠢᠭᠤᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠨᠠᠮ ᠤᠨ ᠲᠥᠪ | ᠬᠤᠷᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ | ᠪᠣᠯᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ | ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ | ᠬᠠᠷᠢᠭᠤᠴᠠᠯᠭ᠎ᠠ ᠪᠣᠯ᠄ ᠬᠤᠰᠢᠭᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ | ᠨᠢᠭᠡᠳᠦᠯᠲᠡᠶ ᠲᠥᠯᠥᠪᠯᠡᠨ ᠬᠠᠮᠢᠶᠠᠷᠴᠤ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ | ᠵᠢᠯᠣᠭᠤᠳᠤᠨ ᠬᠢᠨᠠᠯᠲᠠ ᠲᠠᠯᠪᠢᠨ᠎ᠠ᠃ ᠬᠡᠰᠢᠭᠲᠡᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠥᠭᠡᠷᠡᠴᠢᠯᠡᠯᠲᠡ ᠶᠢ ᠠᠬᠢᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ | ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠶᠯᠡᠴᠢᠯᠡᠭᠡᠨ ᠤ | ᠶᠠᠪᠤᠳᠠᠯ ᠤᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠵᠢᠴᠢ ᠬᠡᠷᠡᠭᠯᠡᠯᠲᠡ ᠶᠢ ᠬᠠᠷᠢᠭᠤᠴᠠᠵᠤ᠂ | ᠨᠢᠭᠡᠳᠦᠯᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ | ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ | ᠬᠦᠷᠲᠡᠬᠦ ᠠᠵᠢᠯ ᠢ ᠠᠬᠢᠭᠤᠯᠤᠨ᠎ᠠ︔ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠠᠷᠢᠭᠤᠴᠠᠵᠤ᠂ ᠪᠦᠬᠦ ᠬᠤᠰᠢᠭᠤᠨ ᠤ ᠵᠠᠰᠠᠭ ᠤᠨ ᠣᠷᠳᠣᠨ ᠤ | ᠮᠡᠳᠡᠭᠡ ᠵᠠᠩᠭᠢ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠬᠢᠭᠤᠯᠬᠤ᠂ ᠵᠢᠯᠣᠭᠤᠳᠬᠤ᠂ | ᠵᠣᠬᠢᠴᠠᠭᠤᠯᠬᠤ᠂ ᠬᠢᠨᠠᠯᠲᠠ ᠲᠠᠯᠪᠢᠬᠤ ᠠᠵᠢᠯ ᠢ ᠠᠬᠢᠭᠤᠯᠤᠨ᠎ᠠ᠃ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠠᠵᠢᠯ ᠤᠨ ᠡᠳᠦᠷ ᠲᠤᠲᠤᠮ ᠤᠨ ᠬᠢᠨᠠᠯᠲᠠ ᠲᠠᠯᠪᠢᠬᠤ ᠪᠠ | ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ | ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠤᠰᠢᠭᠤ ᠲᠣᠰ | ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠢᠩᠬᠢᠮ ᠤᠨ ᠠᠵᠢᠯᠯᠠᠭᠠᠨ ᠵᠡᠷᠭᠡ ᠠᠵᠢᠯ ᠢ | ᠵᠢᠯᠣᠭᠤᠳᠤᠨ᠎ᠠ᠃ | ᠰᠤᠷᠪᠤᠯᠵᠢᠯᠠᠭᠴᠢ᠄ ᠡᠨᠡ ᠵᠢᠯ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠨᠢ ᠶᠠᠭᠤ ᠪᠣᠶ︖ | ᠰᠦᠨ ᠲᠣᠪᠴᠢᠶᠠᠨ ᠳᠠᠷᠤᠭ᠎ᠠ᠄ ᠡᠨᠡ ᠵᠢᠯ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ | ᠤ ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠪᠣᠯ᠄ ᠨᠢᠭᠡ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠥᠭᠡᠷᠡᠴᠢᠯᠡᠯᠲᠡ ᠠᠵᠢᠯ ᠢ ᠰᠠᠶᠢᠲᠤᠷ ᠠᠳᠬᠤᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ ᠢ ᠲᠠᠰᠤᠷᠠᠯᠲᠠ ᠥᠬᠡᠶ | ᠰᠢᠯᠢᠳᠡᠭᠵᠢᠭᠦᠯᠦᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ | ᠢ ᠬᠢᠨᠠᠨ ᠵᠥᠪᠰᠢᠶᠡᠷᠡᠬᠦ ᠶᠢ ᠭᠤᠤᠯᠳᠠᠯᠭ᠎ᠠ ᠲᠠᠢ ᠪᠠᠲᠤᠯᠠᠨ᠂ ᠬᠤᠰᠢᠭᠤ ᠰᠣᠮᠣ ᠭᠠᠴᠠᠭ᠎ᠠ ᠭᠤᠷᠪᠠᠨ ᠱᠠᠲᠤᠨ ᠤ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠎ᠡ᠃ | ᠬᠤᠶᠠᠷ ᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠶᠯᠡᠳᠦᠯ | ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠦᠶᠯᠡᠴᠢᠯᠡᠭᠡᠨ ᠤ | ᠲᠢᠩᠬᠢᠮ ᠤᠨ ᠡᠯ᠎ᠡ ᠵᠦᠶᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠳᠤ ᠤᠯᠠᠮ ᠨᠢᠭᠡ ᠠᠯᠬᠤᠮ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠬᠦ ᠪᠠ ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ | ᠴᠢᠨᠠᠷ ᠪᠠ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠭᠤᠷᠪᠠ ᠳᠤ᠂ ᠰᠢᠨ᠎ᠡ ᠪᠠᠷ ᠪᠠᠶᠢᠭᠤᠯᠬᠤ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ︽ᠨᠢᠭᠡ ᠰᠠᠯᠠᠭ᠎ᠠ | ᠮᠥᠴᠢᠷ ᠬᠦᠯᠢᠶᠡᠨ ᠠᠪᠴᠤ ᠰᠢᠶᠳᠪᠦᠷᠢᠯᠡᠬᠦ᠂ ᠲᠥᠪᠯᠡᠷᠡᠭᠦᠯᠦᠨ ᠭᠦᠶᠴᠡᠳᠬᠡᠬᠦ︾ ᠶᠢ ᠪᠡᠶᠡᠯᠡᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠡᠯ᠎ᠡ ᠲᠥᠷᠥᠯ ᠤᠨ ᠠᠷᠠᠳ ᠲᠤ ᠳᠥᠭᠦᠮ ᠦᠵᠡᠭᠦᠯᠬᠦ | ᠦᠶᠯᠡᠴᠢᠯᠡᠭᠡᠨ ᠤ ᠪᠡᠯᠡᠳᠬᠡᠮᠵᠢ ᠲᠥᠬᠦᠭᠡᠷᠦᠮᠵᠢ ᠶᠢ ᠪᠠᠶᠠᠯᠢᠭᠵᠢᠭᠤᠯᠤᠨ ᠲᠡᠭᠦᠯᠳᠡᠷᠵᠢᠭᠦᠯᠦᠨ᠎ᠡ᠃ ᠳᠥᠷᠪᠡ ᠳᠤ᠂ ︽ | ᠨᠠᠮ ᠤᠨ ᠪᠠᠶᠢᠭᠤᠯᠤᠯᠲᠠ + ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠠᠭᠤᠰᠤᠯᠴᠠᠭᠤᠯᠬᠤ︾ ᠶᠢ ᠪᠦᠬᠦ | ᠬᠦᠴᠦᠨ ᠢᠶᠠᠷ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠠᠴᠠ ᠭᠠᠷᠲᠠᠨ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠠᠵᠢᠯ ᠤᠨ ᠬᠥᠭᠵᠢᠯᠲᠡ ᠶᠢᠨ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠶᠢ | ᠠᠭᠤᠰᠤᠯᠴᠠᠭᠤᠯᠬᠤ ︽ᠬᠠᠷᠢᠯᠴᠠᠨ ᠨᠡᠮᠡᠬᠦ᠂ ᠬᠠᠷᠢᠯᠴᠠᠨ ᠠᠭᠤᠰᠤᠯᠴᠠᠭᠤᠯᠬᠤ᠂ ᠬᠥᠲᠥᠯᠥᠨ ᠳᠠᠭᠠᠭᠤᠯᠬᠤ᠂ | ᠬᠠᠮᠲᠤᠪᠠᠷ ᠠᠰᠢᠭ ᠬᠦᠷᠲᠡᠬᠦ︾ ᠶᠡᠷᠦᠩᠬᠡᠶ ᠰᠡᠳᠬᠢᠴᠡ ᠶᠣᠰᠣᠭᠠᠷ᠂ ᠨᠠᠮ ᠤᠨ ᠪᠠᠶᠢᠭᠤᠯᠤᠯᠲᠠ ᠶᠢ | ᠠᠭᠤᠰᠤᠯᠴᠠᠭᠤᠯᠬᠤ ᠠᠵᠢᠯ ᠢ ᠥᠷᠨᠢᠭᠦᠯᠦᠨ᠎ᠡ᠃ ᠲᠠᠪᠤ ᠳᠤ᠂ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ | ᠶᠢ ᠰᠠᠶᠢᠲᠤᠷ ᠠᠳᠬᠤᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ | ᠭᠦᠨᠵᠡᠭᠡᠢ ᠠᠬᠢᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠵᠥᠭᠡᠯᠡᠨ ᠬᠠᠲᠠᠭᠤ | ᠲᠣᠨᠤᠭ ᠤᠨ ᠪᠠᠶᠢᠭᠤᠯᠤᠯᠲᠠ ᠶᠢ ᠴᠢᠩᠭᠠᠳᠬᠠᠨ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ | ᠶᠢᠨ ᠠᠵᠢᠯᠯᠠᠭᠠᠨ ᠪᠠ ᠪᠦᠷᠬᠦᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠡᠯ᠎ᠡ | ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠭᠡᠨ ᠤ ᠠᠵᠢᠯ ᠢ ᠴᠢᠩᠭᠠᠳᠬᠠᠨ᠎ᠠ᠃ | ᠮᠠᠨ ᠤ ᠪᠠᠶᠢᠭᠤᠯᠭ᠎ᠠ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠢ | ᠢᠳᠡᠪᠬᠢᠲᠡᠢ ᠨᠠᠢᠳᠠᠪᠤᠷᠢᠵᠢᠭᠤᠯᠬᠤ᠂ ᠭᠤᠤᠯᠳᠠᠭᠤ ᠳᠣᠤᠷᠠᠬᠢ ᠠᠵᠢᠯ ᠤᠳ ᠢ ᠬᠢᠵᠡᠶ᠄ ᠨᠢᠭᠡ ᠳᠤ᠂ ᠪᠣᠳᠠᠲᠤ ᠴᠣᠭᠴᠠ | ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ | ᠦᠶᠯᠡᠴᠢᠯᠡᠭᠡᠨ ᠤ ᠲᠢᠩᠬᠢᠮ ᠢ ᠪᠠᠶᠢᠭᠤᠯᠤᠨ᠎ᠠ᠃ ᠣᠳᠣᠬᠠᠨ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ | ᠤᠨ ᠪᠠᠷᠢᠯᠭ᠎ᠠ ᠶᠢᠨ ᠲᠠᠯᠠᠪᠠᠢ 2500 ᠲᠡᠭᠰᠢ ᠳᠥᠷᠪᠡᠯᠵᠢᠨ ᠮᠧᠲᠷ ᠪᠠᠶᠢᠵᠤ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠥᠪ ᠪᠠ ᠲᠤᠰᠬᠠᠶ ᠮᠡᠷᠭᠡᠵᠢᠯ ᠤᠨ ᠬᠤᠪᠢᠶᠠᠷᠢ ᠲᠢᠩᠬᠢᠮ ᠳᠤ ᠣᠷᠣᠵᠤ ᠰᠠᠭᠤᠭᠰᠠᠨ ᠰᠠᠯᠠᠭ᠎ᠠ | ᠮᠥᠴᠢᠷ 28 ᠪᠠᠶᠢᠵᠤ᠂ ᠣᠷᠣᠵᠤ ᠰᠠᠭᠤᠭᠰᠠᠨ ᠨᠣᠷᠮ᠎ᠠ ᠨᠢ 87.5 % ᠪᠠᠶᠢᠵᠤ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠥᠪ ᠪᠠ ᠲᠤᠰᠬᠠᠶ ᠮᠡᠷᠭᠡᠵᠢᠯ ᠤᠨ ᠬᠤᠪᠢᠶᠠᠷᠢ ᠲᠢᠩᠬᠢᠮ ᠳᠤ ᠣᠷᠣᠵᠤ ᠰᠠᠭᠤᠭᠰᠠᠨ ᠵᠦᠶᠯᠡᠰ | 355 ᠪᠠᠶᠢᠵᠤ᠂ ᠣᠷᠣᠵᠤ ᠰᠠᠭᠤᠭᠰᠠᠨ ᠨᠣᠷᠮ᠎ᠠ ᠨᠢ 86.1 % ᠪᠠᠶᠢᠵᠤ᠂ 97 ᠠᠵᠢᠯᠲᠠᠨ ᠣᠷᠣᠵᠤ ᠰᠠᠭᠤᠭᠰᠠᠨ | ᠪᠠᠶᠢᠨ᠎ᠠ᠃ ᠬᠤᠶᠠᠷ ᠲᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ | ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ | ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠯᠧᠺᠲᠷᠣᠨ ᠵᠠᠰᠠᠭ ᠤᠨ ᠶᠠᠪᠤᠳᠠᠯ ᠤᠨ | ᠭᠠᠳᠠᠭᠠᠳᠤ ᠰᠦᠯᠵᠢᠶ᠎ᠡ ᠶᠢᠨ ᠲᠠᠪᠴᠠᠩ ᠤᠨ ᠠᠵᠢᠯᠯᠠᠭᠠᠨ ᠰᠠᠶᠢᠨ ᠪᠠᠶᠬᠤ ᠰᠠᠭᠤᠷᠢᠨ ᠳᠡᠭᠡᠷ᠎ᠡ᠂ ᠠᠵᠢᠯᠲᠠᠨ ᠢ | ᠵᠣᠬᠢᠶᠠᠨ ᠪᠠᠢᠭᠤᠯᠤᠨ ᠤᠯᠤᠰ ᠠᠴᠠ ᠬᠢᠨᠠᠨ ᠬᠠᠮᠢᠶᠠᠷᠬᠤ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠵᠦᠶᠯᠡᠰ ᠢ ᠲᠠᠨᠢᠵᠤ ᠠᠪᠬᠤ ᠵᠢᠴᠢ ᠬᠡᠷᠡᠭᠵᠢᠭᠦᠯᠬᠦ ᠨᠠᠷᠢᠨ | ᠬᠠᠭᠤᠳᠠᠰᠤ ᠶᠢ ᠪᠢᠴᠢᠵᠦ ᠣᠷᠣᠭᠤᠯᠬᠤ ᠠᠵᠢᠯ ᠢ ᠲᠦᠷᠭᠡᠳᠬᠡᠨ᠎ᠡ᠃ ᠴᠠᠭ ᠤᠨ ᠵᠠᠩᠭᠢᠯᠠᠭ᠎ᠠ ᠶᠢᠨ ᠴᠠᠭ ᠤᠨ | ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠤᠯᠤᠰ ᠠᠴᠠ | ᠲᠠᠪᠴᠠᠩ ᠯᠤᠭ᠎ᠠ ᠵᠣᠯᠭᠠᠭᠤᠯᠤᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠨᠢᠭᠡ ᠰᠦᠯᠵᠢᠶ᠎ᠡ︾ ᠶᠢᠨ | ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ | ᠰᠢᠨ᠎ᠡ ᠮᠡᠷᠭᠡᠵᠢᠯ ᠰᠢᠨ᠎ᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠲᠦᠷᠭᠡᠳᠬᠡᠵᠦ᠂ ᠦᠶᠯᠡᠴᠢᠯᠡᠭᠡᠨ ᠤ ᠣᠶᠣᠨᠴᠢᠯᠠᠯᠲᠠ᠂ ᠰᠦᠯᠵᠢᠶᠡᠵᠢᠯᠲᠡ ᠶᠢ ᠪᠡᠶᠡᠯᠡᠭᠦᠯᠦᠨ᠎ᠡ᠃ ᠭᠤᠷᠪᠠ ᠳᠤ᠂ | ᠬᠡᠰᠢᠭᠲᠡᠨ ᠬᠤᠰᠢᠭᠤᠨ ᠤ ︽e ᠵᠠᠰᠠᠭ ᠤᠨ ᠶᠠᠪᠤᠳᠠᠯ︾ ᠤᠨ ᠰᠦᠯᠵᠢᠶᠡᠨ ᠳᠡᠭᠡᠷᠡᠬᠢ ᠬᠡᠷᠡᠭ ᠡᠷᠬᠢᠯᠡᠬᠦ ᠲᠥᠪ ᠢ | ᠵᠣᠬᠢᠶᠠᠨ ᠪᠠᠢᠭᠤᠯᠵᠤ᠂ ᠲᠤᠰᠬᠠᠶ ᠲᠤᠰᠢᠶᠠᠯᠲᠤ ᠠᠵᠢᠯᠲᠠᠨ ᠲᠣᠬᠢᠷᠠᠭᠤᠯᠵᠤ ᠰᠦᠯᠵᠢᠶᠡᠨ ᠳᠡᠭᠡᠷ᠎ᠡ ᠠᠰᠠᠭᠤᠨ ᠯᠠᠪᠯᠠᠬᠤ | ᠂ ᠤᠷᠢᠳᠴᠢᠯᠠᠨ ᠬᠢᠨᠠᠬᠤ᠂ ᠮᠠᠲ᠋ᠧᠷᠢᠶᠠᠯ ᠳᠠᠮᠵᠢᠭᠤᠯᠬᠤ᠂ ᠣᠷᠣᠯᠠᠨ ᠭᠦᠶᠴᠡᠳᠬᠡᠬᠦ ᠵᠡᠷᠭᠡ ᠠᠵᠢᠯ ᠢ ᠬᠠᠷᠢᠭᠤᠴᠠᠭᠤᠯᠪᠠ | ᠃ ᠣᠳᠣᠬᠠᠨ ᠳᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶᠴᠡᠳᠬᠡᠬᠦ ᠲᠢᠩᠬᠢᠮ ᠨᠢᠭᠡᠨᠲᠡ ᠨᠡᠭᠡᠭᠡᠭᠳᠡᠵᠦ | ᠰᠦᠯᠵᠢᠶᠡᠨ ᠳᠤ ᠭᠠᠷᠤᠭᠰᠠᠨ ᠪᠣᠯᠬᠤᠷ ᠠᠰᠠᠭᠤᠨ ᠯᠠᠪᠯᠠᠬᠤ ᠪᠠ ᠬᠡᠰᠡᠭ ᠤᠴᠢᠷ ᠶᠠᠪᠤᠳᠠᠯ ᠢ ᠤᠷᠢᠳᠴᠢᠯᠠᠨ ᠬᠢᠨᠠᠬᠤ | ᠠᠵᠢᠯ ᠢ ᠬᠦᠯᠢᠶᠡᠨ ᠠᠪᠴᠤ ᠪᠣᠯᠤᠨ᠎ᠠ᠂ ᠲᠠᠷᠠᠭᠠᠴᠢ ᠶᠢᠨ ᠠᠯᠬᠤᠮ ᠳᠤ᠂ ︽e ᠵᠠᠰᠠᠭ ᠤᠨ ᠶᠠᠪᠤᠳᠠᠯ︾ ᠤᠨ | ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶᠴᠡᠳᠬᠡᠬᠦ ᠲᠢᠩᠬᠢᠮ ᠲᠠᠢ ᠤᠶᠠᠯᠳᠤᠭᠤᠯᠤᠨ᠂ ᠬᠡᠰᠢᠭᠲᠡᠨ ᠬᠤᠰᠢᠭᠤᠨ ᠤ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠣᠷᠣᠯᠠᠨ ᠭᠦᠶᠴᠡᠳᠬᠡᠬᠦ ᠴᠣᠩᠬᠤ ᠭᠠᠷᠭᠠᠵᠤ᠂ ᠲᠤᠰᠬᠠᠶ | ᠬᠥᠮᠥᠨ ᠲᠤᠬᠢᠷᠠᠭᠤᠯᠤᠨ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ᠂ ᠠᠵᠤ ᠠᠬᠤᠢᠯᠠᠯ ᠲᠤ ᠰᠦᠢᠳᠬᠡᠯ | ᠬᠤᠷᠢᠶᠠᠬᠤ ᠦᠭᠡᠢ ᠪᠠᠷ ᠣᠷᠣᠯᠠᠨ ᠭᠦᠶᠴᠡᠳᠬᠡᠬᠦ ᠦᠶᠯᠡᠴᠢᠯᠡᠭᠡ ᠬᠠᠩᠭᠠᠨ᠎ᠠ᠃ ᠳᠥᠷᠪᠡ ᠳᠤ ᠨᠠᠮ ᠵᠠᠰᠠᠭ ᠤᠨ | ᠪᠠᠶᠢᠭᠤᠯᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠠᠢ ᠤᠶᠠᠯᠳᠤᠭᠤᠯᠤᠨ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠵᠢᠴᠢ ᠴᠤᠪᠤᠷᠠᠯ ᠢ ᠡᠮᠬᠢᠯᠡᠨ ᠰᠢᠯᠢᠳᠡᠭᠵᠢᠭᠦᠯᠵᠦ᠂ ᠬᠢᠨᠠᠨ | ᠵᠥᠪᠰᠢᠶᠡᠷᠡᠬᠦ ᠪᠠᠷᠢᠮᠵᠢᠶ᠎ᠠ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠬᠡᠷᠡᠭ ᠡᠷᠬᠢᠯᠡᠬᠦ ᠪᠣᠶ ᠪᠦᠬᠦᠢ ᠣᠯᠠᠨ ᠲᠦᠮᠡᠨ᠂ | ᠠᠵᠤ ᠠᠬᠤᠶᠢᠯᠠᠯ ᠠᠳᠠᠯᠢ ᠨᠢᠭᠡᠨ ᠪᠠᠷᠢᠮᠵᠢᠶ᠎ᠠ ᠶᠢ ᠪᠡᠶᠡᠯᠡᠭᠦᠯᠵᠦ᠂ ᠨᠢᠭᠡ ᠬᠥᠮᠦᠨ ᠳᠤ ᠨᠢᠭᠡ ᠪᠠᠷᠢᠮᠵᠢᠶ᠎ᠠ ᠭᠠᠷᠭᠠᠬᠤ | ᠶᠢ ᠴᠠᠭᠠᠵᠠᠯᠠᠨ᠎ᠠ︔ ᠬᠢᠨᠠᠨ ᠵᠥᠪᠰᠢᠶᠡᠷᠡᠬᠦ ᠵᠦᠶᠯᠡᠰ ᠢ ᠭᠦᠶᠴᠡᠳᠬᠡᠬᠦ ᠭᠤᠭᠴᠤᠭ᠎ᠠ ᠶᠢ ᠪᠠᠭᠠᠰᠬᠠᠵᠤ᠂ ᠪᠣᠶ ᠪᠦᠬᠦᠢ | ᠬᠢᠨᠠᠨ ᠵᠥᠪᠰᠢᠶᠡᠷᠡᠬᠦ ᠭᠤᠭᠴᠤᠭ᠎ᠠ ᠶᠢ ᠬᠦᠯᠢᠶᠡᠨ ᠠᠪᠴᠤ ᠰᠢᠶᠳᠪᠦᠷᠢᠯᠡᠬᠦ᠂ ᠬᠢᠨᠠᠨ ᠪᠠᠶᠢᠴᠠᠭᠠᠬᠤ᠂ ᠲᠣᠭᠲᠠᠭᠠᠬᠤ | ᠭᠤᠷᠪᠠᠨ ᠠᠯᠬᠤᠮ ᠤᠨ ᠳᠣᠲᠣᠷ᠎ᠠ ᠬᠢᠵᠠᠭᠠᠷᠯᠠᠨ᠎ᠠ︔ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠡᠪᠴᠢᠶᠡᠨ | ᠳᠣᠲᠣᠷ᠎ᠠ ᠠᠵᠢᠯ ᠶᠠᠪᠤᠳᠠᠯ ᠭᠦᠶᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ ᠣᠳᠣ ᠶᠢᠨ ᠪᠠᠶᠭ᠎ᠠ ᠰᠠᠭᠤᠷᠢᠨ ᠳᠡᠭᠡᠷ᠎ᠡ | ᠭᠤᠷᠪᠠᠨ ᠤ ᠨᠢᠭᠡ ᠬᠤᠪᠢ ᠶᠢ ᠪᠠᠭᠠᠰᠬᠠᠨ᠂ ︽ᠦᠨᠳᠦᠰᠦᠨ ᠵᠦᠶᠯ ᠢ ᠪᠠᠲᠤᠯᠠᠬᠤ ᠮᠠᠲ᠋ᠧᠷᠢᠶᠠᠯ︾ ᠢᠯᠡᠷᠡᠬᠦ ᠶᠢ | ᠴᠢᠩᠭ᠎ᠠ ᠴᠠᠭᠠᠵᠠᠯᠠᠨ᠎ᠠ︔ ᠬᠢᠨᠠᠨ ᠵᠥᠪᠰᠢᠶᠡᠷᠡᠬᠦ ᠵᠦᠶᠯᠡᠰ ᠢ ᠭᠦᠶᠴᠡᠳᠬᠡᠬᠦ ᠴᠠᠭ ᠤᠨ ᠬᠢᠵᠠᠭᠠᠷ ᠢ ᠬᠠᠤᠯᠢ ᠪᠠᠷ | ᠲᠣᠭᠲᠠᠭᠠᠭᠰᠠᠨ ᠱᠠᠭᠠᠷᠳᠠᠯᠭ᠎ᠠ ᠶᠢᠨ ᠴᠠᠭ ᠤᠨ ᠬᠢᠵᠠᠭᠠᠷ ᠤᠨ ᠲᠠᠯ᠎ᠠ ᠪᠠᠷ ᠭᠤᠷᠪᠠᠨ ᠤ ᠨᠢᠭᠡ ᠬᠤᠪᠢ ᠶᠢ | ᠪᠣᠭᠤᠨᠢᠰᠬᠠᠵᠤ᠂ ᠵᠠᠷᠴᠢᠮ ᠳᠡᠭᠡᠷ᠎ᠡ ᠪᠠᠨ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠭᠠᠷ ᠤᠨ ᠦᠰᠦᠭ ᠵᠢᠷᠤᠵᠤ | ᠵᠥᠪᠰᠢᠶᠡᠷᠡᠬᠦ ᠶᠠᠪᠤᠳᠠᠯ ᠢ ᠨᠢᠭᠡ ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠨ᠎ᠠ︔ ᠬᠢᠨᠠᠨ ᠵᠥᠪᠰᠢᠶᠡᠷᠡᠬᠦ ᠴᠤᠪᠤᠷᠠᠯ | ᠢ ᠰᠢᠯᠢᠳᠡᠭᠵᠢᠭᠦᠯᠦᠨ ᠳᠠᠬᠢᠨ ᠪᠠᠶᠢᠭᠤᠯᠵᠤ᠂ ᠬᠢᠨᠠᠨ ᠵᠥᠪᠰᠢᠶᠡᠷᠡᠬᠦ ᠵᠦᠶᠯᠡᠰ ᠲᠤ ︽ᠶᠡᠷᠦᠩᠬᠡᠶᠢᠯᠡᠨ ᠬᠦᠯᠢᠶᠡᠨ | ᠠᠪᠴᠤ ᠰᠢᠶᠳᠪᠦᠷᠢᠯᠡᠬᠦ᠂ ᠠᠷᠤ ᠲᠠᠪᠴᠠᠩ ᠢ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠴᠠᠭ | ᠲᠣᠭᠲᠠᠭᠠᠨ ᠭᠦᠶᠴᠡᠳᠬᠡᠵᠦ ᠳᠠᠭᠤᠰᠬᠠᠬᠤ᠂ ᠨᠢᠭᠡᠳᠦᠯᠲᠡᠶ ᠴᠣᠩᠬᠤᠪᠴᠢ ᠪᠠᠷ ᠮᠠᠲ᠋ᠧᠷᠢᠶᠠᠯ ᠭᠠᠷᠭᠠᠬᠤ︾ ︽ | ᠶᠡᠷᠦᠩᠬᠡᠶᠢᠯᠡᠭᠰᠡᠨ ᠴᠣᠩᠬᠤᠪᠴᠢ︾ ᠶᠢᠨ ᠦᠶᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ |