| | —— ᠰᠢᠤ ᠬᠤᠸᠠ ᠰᠢᠶᠠᠩ ᠴᠦᠨ | | | | | | | | | | ᠴᠦᠢᠷᠤᠪ ᠤᠨ ᠬᠡᠰᠢᠭᠳᠦᠬᠳᠠᠬᠤ᠄ 1940 ᠤᠨ ᠤ 12 ᠰᠠᠷ᠎ᠠ ᠶᠢᠨ 4 ᠤ ᠡᠳᠦᠷ᠂ ᠬᠡᠰᠢᠭᠳᠡᠨ | ᠬᠤᠰᠢᠭᠤᠨ ᠤ ᠪᠡᠶᠡᠨᠵᠢᠷᠦᠬᠡ ᠤᠪᠤᠭ᠎ᠠ ᠶᠢᠨ ᠪᠠᠷᠠᠭᠤᠨ ᠬᠤᠷᠮᠤᠢ ᠳᠠᠬᠢ ᠲᠠᠯ᠎ᠠ ᠲᠦᠷᠦᠬᠦᠦ ᠠᠶᠢᠯ ᠤᠨ ᠮᠠᠯᠴᠢᠨ | ᠴᠦᠢᠷᠤᠪ ᠤᠨ ᠭᠤᠷᠪᠠᠳᠤᠭᠠᠷ ᠬᠦᠦ ᠪᠤᠯᠵᠤ ᠵᠡᠶᠠᠭᠠᠵᠠᠢ᠃ 1966 ᠤᠨ ᠳᠤ ᠲᠦᠪ ᠤᠨ ᠦᠨᠳᠦᠰᠦᠳᠡᠨ ᠤ ᠲᠡᠬᠡᠳᠤ | ᠰᠤᠷᠭᠠᠭᠤᠯᠢ ᠶᠢᠨ ᠴᠦᠬᠡᠨ ᠲᠤᠭᠠᠳᠤ ᠦᠨᠳᠦᠰᠦᠳᠡᠨ ᠤ ᠬᠡᠯᠡ ᠤᠳᠬ᠎ᠠ ᠵᠤᠬᠢᠶᠠᠯ ᠤᠨ ᠰᠠᠯᠪᠤᠷᠢ ᠶᠢᠨ ᠮᠤᠩᠭᠤᠯ | ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠬᠡᠵᠢᠯ ᠤᠨ ᠠᠩᠬᠢ ᠶᠢ ᠲᠡᠬᠦᠰᠬᠡᠬᠡᠳ ᠰᠤᠷᠭᠠᠭᠤᠯᠢ ᠳᠠᠭᠠᠨ ᠦᠯᠡᠳᠡᠨ | ᠪᠠᠭᠰᠢᠯᠡᠪᠡ᠃ | ᠭᠤᠤᠯᠳᠠᠭᠤ ᠮᠤᠩᠭᠤᠯ ᠤᠨ ᠡᠷᠳᠡᠨ ᠤ ᠤᠳᠬ᠎ᠠ ᠵᠤᠬᠢᠶᠠᠯ᠂ ᠮᠤᠩᠭᠤᠯ ᠰᠤᠷᠪᠤᠯᠵᠢ ᠪᠢᠴᠢᠭ᠂ ᠵᠤᠬᠢᠶᠠᠨ | ᠪᠢᠴᠢᠯᠬᠡ᠂ ᠮᠤᠩᠭᠤᠯ ᠤᠨ ᠲᠡᠦᠬᠡ ᠵᠡᠷᠬᠡ ᠴᠢᠭᠯᠡᠯ ᠢᠶᠠᠷ᠂ 2010 ᠤᠨ ᠳᠤ ᠠᠵᠢᠯ ᠤᠨ ᠠᠮᠠᠷᠠᠯᠳᠠ ᠪᠠᠨ ᠠᠪᠬᠤ | ᠪᠤᠯᠳᠠᠯ᠎ᠠ 44 ᠵᠢᠯ ᠬᠢᠴᠢᠶᠠᠯ ᠬᠦᠮᠦᠵᠢᠯ᠂ ᠡᠷᠳᠡᠮ ᠰᠢᠨᠵᠢᠯᠡᠬᠡᠨ ᠤ ᠦᠢᠯᠡᠰ ᠢᠶᠠᠷ ᠠᠮᠢᠳᠦᠷᠠᠯ ᠤᠨ ᠭᠤᠤᠯ ᠠᠭᠤᠯᠭ᠎ᠠ | ᠂ ᠵᠤᠯ ᠵᠢᠷᠭᠠᠯ ᠢᠶᠠᠨ ᠪᠤᠯᠭᠠᠵᠤ᠂ 22 ᠠᠰᠫᠢᠷᠠᠨᠲ᠂ 16 ᠳ᠋ᠤᠺᠲ᠋ᠤᠷᠠᠨᠲ ᠬᠦᠮᠦᠵᠢᠬᠦᠯᠵᠡᠢ᠃ 1993 — | 1994 ᠤᠨ ᠳᠤ᠂ ᠶᠠᠫᠤᠨ ᠤᠯᠤᠰ ᠤᠨ ᠸᠠᠰᠧᠳᠠ ᠶᠡᠭᠡ ᠰᠤᠷᠭᠠᠭᠤᠯᠢ ᠶᠢᠨ ᠠᠯᠳᠠᠷᠳᠤ ᠮᠤᠩᠭᠤᠯᠴᠢ ᠡᠷᠳᠡᠮᠳᠡᠨ | ᠶᠤᠰᠢᠳᠡ ᠵᠦᠨᠶ᠋ᠢᠴᠢ ᠫᠷᠦᠹᠧᠰᠰᠤᠷ ᠤᠨ ᠤᠷᠢᠯᠭ᠎ᠠ ᠪᠠᠷ ᠲᠤᠤᠺᠢᠣ᠋ ᠳᠤ ᠬᠦᠷᠴᠤ ᠡᠷᠳᠡᠮ ᠰᠢᠨᠵᠢᠯᠡᠬᠡᠨ ᠤ ᠬᠠᠮᠳᠤᠷᠠᠬᠰᠠᠨ | ᠰᠤᠳᠤᠯᠭ᠎ᠠ ᠬᠢᠵᠤ ︽︿ᠴᠡᠭᠷᠠᠸᠠᠷᠳᠢ ᠠᠯᠳᠠᠨ ᠬᠠᠭᠠᠨ ᠤ ᠲᠤᠭᠤᠵᠢ﹀ ᠶᠢᠨ ᠤᠷᠴᠢᠭᠤᠯᠭ᠎ᠠ ᠶᠢᠨ ᠲᠠᠶᠢᠯᠪᠤᠷᠢ︾ | ᠬᠡᠮᠡᠬᠦ ᠬᠠᠮᠳᠤ ᠶᠢᠨ ᠪᠦᠳᠦᠬᠡᠯ ᠢ ᠬᠡᠪᠯᠡᠬᠦᠯᠵᠡᠢ ︵ᠶᠠᠫᠤᠨ ᠬᠡᠯᠡᠨ ᠤ ᠬᠡᠪᠯᠡᠯ᠂ ᠲᠤᠤᠺᠢᠣ᠋ 1998 ᠤᠨ︶᠃ 1999 | ᠤᠨ ᠳᠤ᠂ ᠠᠮᠧᠷᠢᠺᠠ ᠶᠢᠨ ᠮᠤᠩᠭᠤᠯᠴᠤᠳ ᠤᠨ ᠰᠤᠶᠤᠯ ᠤᠨ ᠬᠤᠯᠪᠤᠭ᠎ᠠ ᠪᠤᠯᠤᠨ ᠢᠨᠳᠢᠶᠠᠨ᠎ᠠ ᠶᠡᠭᠡ | ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠦᠪ ᠲᠤ ᠤᠷᠢᠬᠳᠡᠨ ᠬᠦᠷᠴᠤ ᠡᠷᠳᠡᠮ ᠰᠢᠨᠵᠢᠯᠡᠬᠡᠨ ᠤ ᠢᠯᠡᠳᠬᠡᠯ | ᠬᠢᠪᠡ᠃ ᠮᠤᠩᠭᠤᠯ ᠤᠯᠤᠰ ᠤᠨ ᠵᠠᠰᠠᠭ ᠤᠨ ᠭᠠᠵᠠᠷ ᠪᠤᠶᠤ ᠤᠯᠠᠨ ᠤᠯᠤᠰ ᠤᠨ ᠮᠤᠩᠭᠤᠯ ᠰᠤᠳᠤᠯᠤᠯ ᠤᠨ | ᠬᠤᠯᠪᠤᠭᠠᠨ ᠤ ᠤᠷᠢᠯᠭ᠎ᠠ ᠪᠠᠷ ᠤᠯᠠᠨ ᠤᠯᠤᠰ ᠤᠨ ᠮᠤᠩᠭᠤᠯ ᠰᠤᠳᠤᠯᠤᠯ ᠤᠨ 7 — 11 ᠳ᠋ᠤᠭᠡᠷ ᠤᠳᠠᠭ᠎ᠠ ᠶᠢᠨ | ᠶᠡᠭᠡ ᠬᠤᠷᠠᠯ ᠳᠤ ᠤᠷᠤᠯᠴᠠᠵᠤ᠂ ᠡᠷᠳᠡᠮ ᠰᠢᠨᠵᠢᠯᠡᠬᠡᠨ ᠤ ᠢᠯᠡᠳᠬᠡᠯ ᠬᠢᠵᠡᠢ᠃ | ᠮᠤᠩᠭᠤᠯ ᠬᠢᠳᠡᠳ ᠢᠶᠠᠷ ᠡᠷᠳᠡᠮ ᠰᠢᠨᠵᠢᠯᠡᠬᠡᠨ ᠤ ᠦᠬᠦᠯᠡᠯ ᠨᠠᠶᠠᠭᠠᠳ ᠢ ᠪᠢᠴᠢᠵᠤ ᠨᠡᠶᠢᠳᠡᠯᠡᠬᠦᠯᠦᠭᠰᠡᠨ᠂ | ᠲᠡᠳᠡᠭᠡᠷ ᠠᠴᠠ ᠨᠡᠯᠢᠶᠡᠳ ᠤᠯᠠᠨ ᠨᠢ ᠺᠢᠷᠢᠯ ᠦᠰᠦᠭ ᠢᠶᠠᠷ ᠬᠦᠷᠪᠡᠬᠦᠯᠦᠭᠳᠡᠨ ᠮᠤᠩᠭᠤᠯ ᠤᠯᠤᠰ ᠲᠤ ᠨᠡᠶᠢᠳᠡᠯᠡᠭᠳᠡᠵᠤ | ᠂ ᠵᠡᠷᠢᠮ ᠦᠬᠦᠯᠡᠯ ᠤᠳ ᠨᠢ ᠶᠠᠫᠥᠨ᠂ ᠤᠷᠤᠰ᠂ ᠠᠩᠭ᠍ᠯᠢ ᠬᠡᠯᠡᠨ ᠳᠤ ᠤᠷᠴᠢᠭᠤᠯᠤᠬᠳᠠᠨ᠂ ᠶᠠᠫᠤᠨ᠂ ᠤᠷᠤᠰ᠂ | ᠮᠤᠩᠭᠤᠯ ᠤᠯᠤᠰ ᠲᠤ ᠨᠡᠶᠢᠳᠡᠯᠡᠭᠳᠡᠪᠡ᠃ ᠵᠡᠬᠦᠯᠳᠡ ᠲᠡᠶᠢᠯᠪᠦᠷᠢᠳᠤ ︽ᠡᠷᠳᠡᠨ ᠤ ᠮᠤᠩᠭᠤᠯ ᠰᠢᠯᠦᠭ ᠤᠨ ᠲᠡᠬᠦᠪᠦᠷᠢ︾ | ᠂ ︽ᠮᠤᠩᠭᠤᠯ ᠤᠨ ᠡᠷᠳᠡᠨ ᠤ ᠤᠳᠬ᠎ᠠ ᠵᠤᠬᠢᠶᠠᠯ ᠤᠨ ᠰᠤᠳᠤᠯᠤᠯ︾᠂ ︽ᠮᠤᠩᠭᠤᠯ ᠤᠨ ᠡᠷᠳᠡᠨ ᠤ ᠤᠳᠬ᠎ᠠ | ᠵᠤᠬᠢᠶᠠᠯ ᠤᠨ ᠰᠢᠨ᠎ᠠ ᠰᠤᠳᠤᠯᠤᠯ︾᠂ ︽ᠮᠤᠩᠭᠤᠯ ᠰᠤᠷᠪᠤᠯᠵᠢ ᠪᠢᠴᠢᠭ ᠤᠨ ᠰᠤᠳᠤᠯᠤᠯ︾᠂ ︽ᠴ᠊᠂ | ᠬᠡᠰᠢᠭᠳᠦᠭ᠌ᠳᠠᠬᠤ ᠶᠢᠨ ᠦᠬᠦᠯᠡᠯ ᠤᠨ ᠰᠤᠩᠭᠤᠳᠠᠭ︾ ︵3 ᠪᠤᠳᠢ︶᠂ ︽ᠮᠤᠩᠭᠤᠯ ᠦᠰᠦᠭ᠂ ᠮᠤᠩᠭᠤᠯ ᠪᠢᠴᠢᠭ︾ | ᠵᠡᠷᠬᠡ ᠡᠷᠳᠡᠮ ᠰᠢᠨᠵᠢᠯᠡᠬᠡᠨ ᠤ ᠨᠤᠮ ᠤᠳ ᠢ ᠬᠡᠪᠯᠡᠬᠦᠯᠦᠭᠰᠡᠨ ᠪᠠᠶᠢᠨ᠎ᠠ᠃ ᠪᠤᠰᠤᠳ ᠲᠠᠢ ᠬᠠᠮᠳᠤᠷᠠᠨ ︽ᠮᠤᠩᠭᠤᠯ | ᠤᠷᠠᠨ ᠵᠤᠬᠢᠶᠠᠯ ᠤᠨ ᠲᠡᠦᠬᠡ︾᠂ ︽ᠲᠤᠮᠳᠠᠳᠤ ᠤᠯᠤᠰ ᠤᠨ ᠡᠯ᠎ᠡ ᠦᠨᠳᠦᠰᠦᠳᠡᠨ ᠤ ᠱᠠᠰᠢᠨ ᠪᠠ ᠲᠤᠮᠤᠭ ᠤᠨ | ᠲᠤᠯᠢ︾ ︵ᠮᠤᠩᠭᠤᠯ ᠦᠨᠳᠦᠰᠦᠳᠡᠨ ᠤ ᠪᠦᠯᠦᠭ ᠤᠨ ᠡᠷᠬᠢᠯᠡᠭᠰᠡᠨ ᠨᠠᠶᠢᠷᠠᠭᠤᠯᠤᠬᠴᠢ︶᠂ ︽ᠡᠷᠳᠡᠨᠢᠳᠤᠬᠳᠠᠬᠤ︾ ︵ | ᠡᠷᠬᠢᠯᠡᠭᠰᠡᠨ ᠨᠠᠶᠢᠷᠠᠭᠤᠯᠤᠬᠴᠢ︶᠂ ︽ᠮᠤᠩᠭᠤᠯ ᠰᠤᠷᠪᠤᠯᠵᠢ ᠪᠢᠴᠢᠭ ᠤᠨ ᠴᠢᠭᠤᠯᠭᠠᠨ︾ ︵ᠶᠡᠷᠦᠩᠬᠡᠢ ᠡᠷᠬᠢᠯᠡᠭᠰᠡᠨ | ᠨᠠᠶᠢᠷᠠᠭᠤᠯᠤᠬᠴᠢ︶᠂ ︽ᠮᠤᠩᠭᠤᠯ ᠤᠷᠳᠤᠨ ᠤ ᠲᠠᠭᠤᠤ ᠶᠢᠨ ᠰᠤᠳᠤᠯᠤᠯ︾ ᠵᠡᠷᠬᠡ ᠪᠦᠳᠦᠬᠡᠯ ᠤᠳ ᠢ | ᠬᠡᠪᠯᠡᠬᠦᠯᠦᠭᠰᠡᠨ ᠶᠤᠮ᠃ | 2006 ᠤᠨ ᠳᠤ ᠮᠤᠩᠭᠤᠯ ᠤᠯᠤᠰ ᠤᠨ ᠶᠡᠷᠦᠩᠬᠡᠶᠢᠯᠡᠭᠴᠢ ᠶᠢᠨ ︽ᠠᠯᠳᠠᠨ ᠭᠠᠳᠠᠰᠤ︾ ᠭᠠᠪᠢᠶᠠᠨ ᠤ | ᠤᠳᠤᠨ ᠱᠠᠩᠨᠠᠯ ᠢ ᠬᠦᠷᠳᠡᠵᠤ᠂ 2013 ᠤᠨ ᠳᠤ ᠮᠤᠩᠭᠤᠯ ᠤᠯᠤᠰ ᠤᠨ ᠵᠠᠰᠠᠭ ᠤᠨ ᠭᠠᠵᠠᠷ ᠤᠨ ︽ᠠᠷᠠᠳ ᠤᠨ | ᠤᠷᠠᠨ ᠵᠤᠬᠢᠶᠠᠯᠴᠢ᠂ ᠠᠺᠠᠳᠧᠮᠢᠴᠢ ᠴ᠊ ᠊ · ᠲᠡᠮᠳᠢᠨᠰᠦ᠋ᠷᠦᠩ︾ ᠨᠡᠷᠡᠮᠵᠢᠳᠤ ᠱᠠᠩᠨᠠᠯ ᠢ ᠬᠦᠷᠳᠡᠵᠡᠢ᠃ | | | | ᠰᠤᠷᠪᠤᠯᠵᠢᠯᠠᠬᠴᠢ ᠲᠦᠷᠦᠬᠦᠬᠡᠨ ᠪᠡᠬᠡᠵᠢᠩ ᠳᠤ ᠪᠤᠯᠤᠬᠰᠠᠨ ︽ᠨᠢᠬᠡ ᠪᠦᠰᠡ ᠨᠢᠬᠡ ᠵᠠᠮ︾ ᠲᠠᠭᠠᠤ | ᠤᠯᠤᠰ ᠤᠷᠤᠨ ᠤ ᠮᠤᠩᠭᠤᠯ ᠰᠤᠷᠪᠤᠯᠵᠢ ᠪᠢᠴᠢᠭ ᠤᠨ ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠬᠡᠨ ᠤ | ᠬᠤᠷᠠᠯ ᠲᠡᠭᠡᠷ᠎ᠡ᠂ ᠠᠵᠠ ᠪᠠᠷ ᠨᠢᠬᠡᠨ ᠦᠶ᠎ᠠ ᠶᠢᠨ ᠮᠤᠩᠭᠤᠯ ᠰᠤᠶᠤᠯ᠂ ᠰᠤᠷᠭᠠᠨ ᠬᠦᠮᠦᠵᠢᠯ ᠤᠨ ᠵᠢᠳᠬᠦᠯᠳᠡᠨ᠂ | ᠨᠢᠬᠡᠨ ᠦᠶ᠎ᠠ ᠶᠢᠨ ᠮᠤᠩᠭᠤᠯ ᠰᠤᠳᠤᠯᠤᠯ ᠤᠨ ᠠᠪᠤᠷᠭᠤ᠂ ᠲᠦᠪ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ | ᠫᠷᠤᠹᠧᠰᠰᠤᠷ ᠴ᠊᠂ ᠬᠡᠰᠢᠭᠳᠦᠭ᠌ᠳᠠᠬᠤ ᠪᠠᠭᠰᠢ ᠯᠤᠭ᠎ᠠ ᠠᠭᠤᠯᠵᠠᠵᠤ᠂ ᠰᠤᠷᠪᠤᠯᠵᠢᠯᠠᠨ ᠶᠠᠷᠢᠯᠴᠠᠬᠰᠠᠨ ᠢᠶᠠᠨ ᠠᠳᠡ | ᠤᠯᠵᠠᠭᠤᠷᠬᠠᠨ ᠲᠡᠮᠳᠡᠭᠯᠡᠵᠤ ᠤᠩᠰᠢᠬᠴᠢ ᠤᠯᠠᠨ ᠲᠠᠢ ᠪᠠᠨ ᠬᠤᠪᠢᠶᠠᠯᠴᠠᠵᠤ ᠪᠠᠶᠢᠨ᠎ᠠ᠃ | ᠰᠤᠷᠪᠤᠯᠵᠢᠯᠬᠠᠴᠢ᠄ ᠪᠠᠭᠰᠢᠳᠠᠨ ᠲᠠ᠂ 40 ᠭᠠᠷᠤᠢ ᠵᠢᠯ ᠤᠨ ᠲᠤᠵᠢ ᠭᠤᠤᠯᠳᠠᠭᠤ ᠮᠤᠩᠭᠤᠯ ᠤᠨ | ᠡᠷᠳᠡᠨ ᠤ ᠤᠳᠬ᠎ᠠ ᠵᠤᠬᠢᠶᠠᠯ᠂ ᠮᠤᠩᠭᠤᠯ ᠰᠤᠷᠪᠤᠯᠵᠢ ᠪᠢᠴᠢᠭ᠂ ᠮᠤᠩᠭᠤᠯ ᠤᠨ ᠲᠡᠦᠬᠡ ᠵᠡᠷᠬᠡ ᠴᠢᠭᠯᠡᠯ ᠢᠶᠠᠷ | ᠬᠢᠴᠢᠶᠠᠯ ᠬᠦᠮᠦᠵᠢᠯ ᠬᠢᠵᠤ ᠡᠷᠳᠡᠮ ᠰᠢᠨᠵᠢᠯᠡᠬᠡᠨ ᠤ ᠰᠤᠳᠤᠯᠤᠯ ᠳᠤ ᠮᠠᠷᠠᠶᠢᠵᠤ ᠶᠠᠪᠤᠬᠰᠠᠨ᠃ ᠶᠠᠭᠤᠨ ᠤ ᠡᠮᠦᠨ᠎ᠡ | ᠮᠤᠩᠭᠤᠯ ᠤᠨ ᠡᠷᠳᠡᠨ ᠤ ᠤᠳᠬ᠎ᠠ ᠵᠤᠬᠢᠶᠠᠯ ᠵᠢᠴᠢ ᠲᠡᠬᠦᠨ ᠤ ᠵᠢᠭᠠᠨ ᠰᠤᠷᠭᠠᠯᠳᠠ ᠶᠢᠨ ᠲᠤᠬᠠᠢ ᠲᠠᠨ ᠤ | ᠦᠵᠡᠯᠳᠠ ᠪᠠᠨ ᠶᠠᠷᠢᠭᠠᠳ ᠦᠬᠦᠨᠡᠦ︖ | ᠴ᠊᠂ ᠬᠡᠰᠢᠭᠳᠦᠭ᠌ᠳᠠᠬᠤ᠄ ᠮᠢᠨᠦ ᠪᠠᠷ᠂ 1977 ᠤᠨ ᠠᠴᠠ ᠡᠬᠢᠯᠡᠨ ᠲᠦᠪ ᠤᠨ ᠦᠨᠳᠦᠰᠦᠳᠡᠨ ᠤ | ᠲᠡᠬᠡᠳᠤ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠬᠡᠵᠢᠯ ᠤᠨ ᠤᠶᠤᠳᠠᠳ ᠲᠤ | ᠮᠤᠩᠭᠤᠯ ᠤᠨ ᠡᠷᠳᠡᠨ ᠤ ᠤᠳᠬ᠎ᠠ ᠵᠤᠬᠢᠶᠠᠯ ᠤᠨ ᠬᠢᠴᠢᠶᠡᠯ ᠢ ᠵᠢᠭᠠᠵᠤ ᠡᠬᠢᠯᠡᠬᠦ ᠦᠶ᠎ᠠ ᠳᠤ ᠤᠶᠤᠳᠠᠳ ᠤᠨ | ᠠᠩᠬᠠᠷᠤᠯ ᠢ ᠮᠠᠰᠢ ᠶᠡᠭᠡ ᠲᠠᠳᠠᠵᠤ ᠪᠠᠶᠢᠬᠰᠠᠨ ᠪᠦᠬᠡᠳ ᠬᠢᠴᠢᠶᠡᠯ ᠬᠦᠮᠦᠵᠢᠯ ᠤᠨ ᠪᠠ ᠡᠷᠳᠡᠮ ᠰᠢᠨᠵᠢᠯᠡᠬᠡᠨ ᠤ ᠠᠵᠢᠯ | ᠴᠤ ᠬᠠᠷᠢᠴᠠᠩᠭᠤᠢ ᠪᠠᠷ ᠴᠢᠯᠦᠬᠡᠳᠡᠢ ᠪᠠᠶᠢᠯ᠎ᠠ᠃ ᠮᠤᠩᠭᠤᠯ ᠤᠨ ᠡᠷᠳᠡᠨ ᠤ ᠤᠷᠠᠨ ᠵᠤᠬᠢᠶᠠᠯ ᠤᠨ ᠵᠢᠭᠠᠨ ᠰᠤᠷᠭᠠᠯᠳᠠ | ᠬᠡᠵᠤ ᠬᠡᠯᠡᠪᠡᠯ᠂ ᠤᠳᠤ ᠵᠦᠪᠬᠡᠨ ᠶᠡᠭᠡ ᠰᠤᠷᠭᠠᠭᠤᠯᠢ ᠶᠢᠨ ᠤᠶᠤᠳᠠᠳ ᠲᠤ ᠵᠢᠭᠠᠬᠤ ᠬᠡᠯᠪᠡᠷᠢ ᠪᠠᠷ ᠶᠠᠪᠤᠬᠳᠠᠵᠤ | ᠪᠠᠶᠢᠨ᠎ᠠ᠃ ᠲᠡᠬᠦᠨ ᠠᠴᠠ ᠭᠠᠳᠠᠨ᠎ᠠ ᠮᠤᠩᠭᠤᠯ ᠡᠷᠳᠡᠨ ᠤ ᠤᠷᠠᠨ ᠵᠤᠬᠢᠶᠠᠯ ᠢᠶᠠᠨ ᠮᠡᠳᠡᠵᠤ ᠤᠷᠤᠯᠳᠤᠳᠠᠭ ᠬᠦᠮᠦᠨ | ᠲᠤᠩ ᠴᠦᠬᠡᠨ᠃ ᠴᠢᠨᠡᠬᠰᠢᠯᠡᠪᠠᠯ᠂ ᠵᠠᠷᠢᠮ ᠬᠦᠮᠦᠨ ᠮᠤᠩᠭᠤᠯᠴᠤᠳ ᠡᠷᠳᠡᠨ ᠳᠡᠭᠡᠨ ᠤᠷᠠᠨ ᠵᠤᠬᠢᠶᠠᠯ ᠬᠡᠵᠤ | ᠪᠠᠶᠢᠬᠰᠠᠨ ᠦᠬᠡᠢ᠂ ᠪᠠᠶᠢᠬᠰᠠᠨ ᠴᠤ ᠲᠦᠪᠡᠳ ᠠᠴᠠ ᠪᠤᠶᠤ ᠬᠢᠳᠡᠳ ᠠᠴᠠ ᠤᠷᠴᠢᠭᠤᠯᠤᠬᠰᠠᠨ ᠬᠡᠬᠦ ᠪᠤᠷᠤᠭᠤ | ᠤᠢᠢᠯᠠᠭᠠᠯᠳᠠ ᠲᠠᠢ ᠪᠠᠶᠢᠵᠠᠢ᠃ ᠦᠨᠡᠨ ᠳᠡᠭᠡᠨ᠂ ᠮᠤᠩᠭᠤᠯ ᠤᠨ ᠡᠷᠳᠡᠨ ᠤ ᠪᠢᠴᠢᠭ ᠤᠨ ᠰᠢᠯᠦᠭ ᠪᠠ ᠠᠮᠠᠨ ᠢᠷᠠᠭᠤ | ᠨᠠᠶᠢᠷᠠᠭ ᠤᠨ ᠪᠦᠳᠦᠬᠡᠯ ᠤᠳ ᠲᠡᠯ᠎ᠠ ᠶᠢᠨ ᠴᠡᠴᠡᠭ ᠰᠢᠭ ᠤᠯᠠᠨ ᠲᠠᠯᠠᠢ ᠪᠠᠶᠠᠨ ᠪᠠᠶᠢᠳᠠᠭ᠃ ᠲᠡᠶᠢᠮᠦ ᠮᠦᠷᠳᠡᠬᠡᠨ | ᠤᠷᠠᠨ ᠵᠤᠬᠢᠶᠠᠯ ᠤᠨ ᠲᠦᠷᠦᠯ ᠵᠦᠢᠯ ᠤᠳ ᠤᠨ ᠲᠤᠳᠤᠷ᠎ᠠ ᠰᠢᠯᠦᠭ ᠤᠨ ᠦᠨᠳᠤᠰᠦᠳᠡᠨ ᠤ ᠦᠩᠬᠡ ᠤᠨᠴᠠᠯᠢᠭ | ᠬᠠᠮᠤᠭ ᠤᠨ ᠬᠤᠷᠴᠡ ᠬᠡᠬᠡᠨ ᠪᠠᠶᠢᠳᠠᠭ᠃ | ᠦᠨᠳᠦᠰᠦᠳᠡᠨ ᠤ ᠪᠠᠨ ᠰᠤᠶᠤᠯ ᠤᠨ ᠦᠪ ᠤᠨ ᠲᠤᠮᠳᠠᠬᠢ ᠡᠨᠡ ᠬᠦ ᠬᠡᠷᠡᠯᠳᠤ ᠰᠤᠪᠤᠳ ᠢᠶᠠᠨ ᠡᠷᠬᠢᠮᠯᠡᠨ | ᠨᠠᠨᠳᠢᠩᠨᠠᠵᠤ᠂ ᠬᠡᠷᠡᠯ ᠬᠢᠯᠪᠠᠭ᠎ᠠ ᠶᠢ ᠨᠢ ᠡᠬᠦᠷᠢᠳᠡ ᠰᠠᠴᠤᠷᠠᠭᠤᠯᠤᠨ ᠶᠠᠪᠤᠬᠤ ᠨᠢ ᠮᠠᠨ ᠤ ᠰᠢᠯᠦᠭᠴᠢᠳ᠂ ᠮᠠᠨ ᠤ | ᠤᠳᠬ᠎ᠠ ᠵᠤᠬᠢᠶᠠᠯᠴᠢᠳ ᠤᠨ ᠠᠷᠢᠭᠤᠨ ᠲᠠᠷᠬᠠᠨ ᠡᠬᠦᠷᠬᠡ ᠪᠤᠯᠤᠨ᠎ᠠ ᠬᠡᠳᠡᠭ ᠢ ᠬᠦᠨ ᠮᠡᠳᠡᠪᠠᠰᠤ ᠵᠤᠬᠢᠨ᠎ᠠ᠃ ᠲᠡᠶᠢᠮᠦ | ᠮᠦᠷᠳᠡᠬᠡᠨ ᠪᠢᠳᠡ ᠮᠤᠩᠭᠤᠯ ᠤᠨ ᠡᠷᠳᠡᠨ ᠤ ᠰᠢᠯᠦᠭ ᠢᠶᠠᠨ ᠰᠤᠷᠴᠤ ᠰᠤᠳᠤᠯᠬᠤ ᠬᠡᠷᠡᠭᠳᠡᠢ᠃ ᠢᠩᠬᠢᠪᠠᠯ ᠰᠠᠶ᠋ᠢ ᠪᠢᠳᠡ | ᠲᠡᠬᠦᠨ ᠢ ᠤᠯᠠᠮᠵᠢᠯᠠᠨ ᠠᠪᠴᠤ ᠤᠯᠠᠮ ᠴᠢᠨᠠᠬᠰᠢᠳᠠ ᠬᠦᠭᠵᠢᠬᠦᠯᠵᠤ ᠴᠢᠳᠠᠨ᠎ᠠ᠃ ᠵᠠᠷᠢᠮ ᠰᠢᠯᠦᠭᠴᠢᠡ ᠵᠠᠷᠢᠮ | ᠰᠤᠳᠤᠯᠤᠬᠴᠢᠳ᠂ ᠮᠤᠩᠭᠤᠯ ᠰᠢᠯᠦᠭ ᠢ ᠪᠢᠴᠢᠬᠦ ᠳᠡᠭᠡᠨ ᠰᠤᠳᠤᠯᠬᠤ ᠳᠠᠭᠠᠨ᠂ ᠤᠷᠢᠳ ᠢᠶᠠᠷ ᠪᠤᠰᠤᠳ | ᠦᠨᠳᠦᠰᠦᠳᠡᠨ ᠤ ᠪᠤᠶᠤ ᠪᠤᠰᠤᠳ ᠤᠯᠤᠰ ᠤᠷᠤᠨ ᠤ ᠰᠢᠯᠦᠭ ᠠᠴᠠ ᠡᠬᠢᠯᠡᠨ ᠰᠤᠷᠴᠤ ᠰᠤᠳᠤᠯᠳᠠᠭ ᠪᠠᠶᠢᠯ᠎ᠠ᠂ | ᠡᠨᠡ ᠨᠢ ᠶᠠᠷᠢᠶᠠᠨ ᠦᠬᠡᠢ ᠪᠤᠷᠤᠭᠤ ᠪᠢᠰᠢ᠂ ᠡᠯ᠎ᠡ ᠦᠨᠳᠦᠰᠦᠳᠡᠨ ᠤ ᠰᠢᠯᠦᠭ ᠵᠤᠬᠢᠶᠠᠯ ᠢ ᠬᠠᠷᠢᠴᠠᠭᠤᠯᠤᠨ | ᠰᠤᠳᠤᠯᠬᠤ ᠨᠢ ᠮᠠᠢ ᠴᠢᠬᠤᠯᠠ᠂ ᠬᠡᠬᠦ ᠳᠡᠭᠡᠨ ᠦᠪᠡᠷ ᠤᠨ ᠦᠨᠳᠦᠰᠦᠳᠡᠨ ᠤ ᠪᠠᠨ ᠰᠢᠯᠦᠭ ᠵᠤᠬᠢᠶᠠᠯ ᠤᠨ ᠤᠯᠠᠮᠵᠢᠯᠠᠯ | ᠦᠨᠳᠦᠰᠦ ᠶᠢ ᠮᠡᠳᠡᠭᠰᠡᠨ ᠪᠠᠶᠢᠬᠤ ᠬᠡᠷᠡᠭᠳᠡᠢ᠃ | ᠤᠳᠤᠬᠠᠨ ᠤ ᠪᠠᠶᠢᠳᠠᠯ ᠠᠴᠠ ᠦᠵᠡᠪᠡᠯ᠂ ᠮᠤᠩᠭᠤᠯ ᠡᠷᠳᠡᠨ ᠤ ᠰᠢᠯᠦᠭ ᠵᠤᠬᠢᠶᠠᠯ ᠤᠨ ᠵᠢᠭᠠᠨ | ᠰᠤᠷᠭᠠᠯᠳᠠ ᠳᠤ ᠤᠯᠠᠨ ᠠᠰᠠᠭᠤᠳᠠᠯ ᠢ ᠰᠢᠢᠳᠪᠦᠷᠢᠯᠡᠬᠦ ᠴᠢᠬᠤᠯᠠᠳᠠᠢ ᠪᠠᠶᠢᠨ᠎ᠠ᠃ ᠡᠬᠦᠨ ᠳᠤ ᠨᠠᠭᠠᠳᠤ ᠵᠠᠬ᠎ᠠ ᠶᠢᠨ | ᠠᠵᠢᠯ ᠪᠤᠯᠬᠤ ᠡᠷᠳᠡᠨ ᠤ ᠰᠢᠯᠦᠭ ᠵᠤᠬᠢᠶᠠᠯ ᠢ ᠡᠮᠬᠢᠳᠬᠡᠵᠤ ᠲᠡᠬᠦᠪᠦᠷᠢᠯᠡᠵᠤ ᠭᠠᠷᠭᠠᠬᠤ ᠠᠵᠢᠯ ᠴᠤ ᠮᠠᠰᠢ | ᠬᠤᠴᠤᠷᠤᠩᠭᠤᠢ ᠪᠠᠶᠢᠨ᠎ᠠ᠃ ᠮᠤᠩᠭᠤᠯ ᠤᠷᠠᠨ ᠵᠤᠬᠢᠶᠠᠯ ᠤᠨ ᠡᠮᠬᠢᠳᠬᠡᠯ ᠪᠢᠴᠢᠭ ᠤᠳ ᠠᠴᠠ ︽ᠵᠠᠭᠤᠨ ᠪᠢᠯᠢᠭ︾ | ᠬᠡᠬᠦ ᠡᠮᠬᠢᠳᠭᠡᠯ ᠪᠤᠯ ᠬᠠᠮᠤᠭ ᠤᠨ ᠲᠤᠮᠤ ᠲᠤᠷᠪᠢᠳᠠᠢ ᠪᠦᠳᠦᠬᠡᠯ ᠪᠤᠯᠤᠨ᠎ᠠ᠃ ᠬᠡᠬᠦ ᠳᠡᠭᠡᠨ ᠮᠤᠩᠭᠤᠯ ᠤᠨ ᠡᠷᠳᠡᠨ ᠤ | ᠤᠷᠠᠨ ᠵᠤᠬᠢᠶᠠᠯ ᠤᠨ ᠲᠡᠬᠦᠪᠦᠷᠢ ᠡᠮᠬᠢᠳᠬᠡᠯ ᠨᠡᠩ ᠴᠢᠨᠠᠬᠰᠢᠳᠠ ᠬᠦᠨᠵᠡᠬᠡᠶᠢᠷᠡᠭᠡ ᠦᠬᠡᠢ ᠪᠠᠶᠢᠬᠰᠠᠭᠠᠷ᠃ ᠲᠡᠬᠢᠪᠡᠯ᠂ | ᠡᠷᠳᠡᠨ ᠤ ᠤᠳᠬ᠎ᠠ ᠵᠤᠬᠢᠶᠠᠯ᠂ ᠡᠷᠳᠡᠨ ᠤ ᠮᠤᠩᠭᠤᠯ ᠬᠡᠯᠡ ᠵᠡᠷᠬᠡ ᠰᠠᠶᠢᠳᠤᠷ ᠰᠤᠳᠤᠯᠤᠭᠳᠠᠭ᠎ᠠ ᠦᠬᠡᠢ ᠬᠢᠴᠢᠶᠠᠯ | ᠲᠦᠷᠦᠯ ᠳᠤ ᠠᠪᠴᠤ ᠬᠡᠯᠡᠪᠡᠯ᠂ ᠡᠷᠬᠡᠪᠰᠢ ᠵᠢᠭᠠᠬᠤ ᠪᠠ ᠰᠤᠳᠤᠯᠬᠤ ᠶᠢ ᠨᠢᠬᠳᠠ ᠤᠶᠠᠯᠳᠤᠭᠤᠯᠬᠤ ᠬᠡᠷᠡᠭᠳᠡᠢ᠂ ᠰᠠᠶᠢᠨ | ᠰᠤᠳᠤᠯᠬᠤ ᠦᠬᠡᠢ ᠪᠤᠯ ᠰᠠᠶᠢᠨ ᠵᠢᠭᠠᠵᠤ ᠴᠢᠳᠠᠬᠤ ᠦᠬᠡᠢ᠃ ᠡᠷᠳᠡᠨ ᠤ ᠮᠤᠩᠭᠤᠯ ᠤᠷᠠᠨ ᠵᠤᠬᠢᠶᠠᠯ ᠤᠨ | ᠤᠷᠠᠯᠢᠭ ᠤᠨ ᠤᠨᠴᠠᠯᠢᠭ᠂ ᠤᠷᠠᠨ ᠰᠠᠶᠢᠬᠠᠨ ᠤ ᠭᠤᠸ᠎ᠠ ᠲᠠᠭᠠᠰᠢᠶᠠᠯ ᠵᠡᠷᠬᠡ ᠶᠢ ᠨᠠᠷᠢᠨ ᠰᠤᠳᠤᠯᠵᠤ ᠤᠳᠤ ᠶᠢᠨ | ᠵᠤᠬᠢᠶᠠᠨ ᠪᠦᠳᠦᠬᠡᠯᠬᠡ ᠳᠤ ᠶᠠᠭᠠᠬᠢᠵᠤ ᠠᠰᠢᠬᠯᠠᠵᠤ ᠦᠢᠯᠡᠴᠢᠯᠡᠬᠦᠯᠳᠡᠭ ᠪᠤᠢ ᠬᠡᠬᠦ ᠲᠠᠯ᠎ᠠ ᠪᠠᠷ ᠴᠦᠮ ᠬᠤᠭᠤᠰᠤᠨ | ᠪᠠᠶᠢᠨ᠎ᠠ ᠬᠡᠵᠤ ᠬᠡᠯᠡᠵᠤ ᠪᠤᠯᠤᠨ᠎ᠠ᠃ | ᠰᠤᠷᠪᠤᠯᠵᠢᠯᠠᠬᠴᠢ᠄ ᠮᠡᠳᠡᠬᠡᠵᠢ᠂ ᠲᠡᠨ ᠤ 1985 ᠤᠨ ᠳᠤ ᠨᠠᠶᠢᠷᠠᠭᠤᠯᠤᠨ ᠬᠡᠪᠯᠡᠬᠦᠯᠦᠭᠰᠡᠨ ︽ | ᠡᠷᠳᠡᠨ ᠤ ᠮᠤᠩᠭᠤᠯ ᠰᠢᠯᠦᠭ ᠤᠨ ᠲᠡᠬᠦᠪᠦᠷᠢ︾ ᠪᠤᠯ ᠡᠷᠳᠡᠨ ᠤ ᠮᠤᠩᠭᠤᠯ ᠰᠢᠯᠦᠭ ᠤᠨ ᠠᠩᠬᠠᠳᠠᠬᠴᠢ ᠨᠠᠷᠢᠨ | ᠵᠡᠬᠦᠯᠳᠡ ᠲᠠᠶᠢᠯᠪᠤᠷᠢᠳᠤ ᠲᠡᠬᠦᠪᠦᠷᠢ ᠪᠤᠯᠬᠤ ᠪᠦᠬᠡᠳ ᠤᠳᠤ ᠴᠤ ᠬᠡᠰᠡᠨ ᠡᠷᠳᠡᠮ ᠰᠢᠨᠵᠢᠯᠡᠬᠡᠨ ᠤ ᠬᠢᠨ ᠳᠤ ᠦᠨᠳᠦᠷ | ᠦᠨᠡᠯᠡᠭᠳᠡᠭᠰᠡᠬᠡᠷ ᠪᠠᠶᠢᠨ᠎ᠠ᠃ ᠡᠨᠡ ᠲᠤᠬᠠᠢ ᠡᠷᠬᠢᠴᠡᠬᠦᠯᠪᠡᠯ︖ | ᠴ᠊ · ᠬᠡᠰᠢᠭᠳᠦᠬᠳᠠᠬᠤ᠄ ᠡᠷᠳᠡᠨ ᠤ ᠮᠤᠩᠭᠤᠯ ᠰᠢᠯᠦᠭ ᠢ ᠶᠠᠭᠠᠬᠢᠵᠤ ᠰᠤᠷᠴᠤ ᠰᠤᠳᠤᠯᠬᠤ ᠪᠤᠢ︖ | ᠬᠡᠪᠡᠯ᠂ ᠶᠠᠭᠤᠨ ᠤ ᠡᠮᠦᠨ᠎ᠡ ᠡᠷᠳᠡᠨ ᠤ ᠮᠤᠩᠭᠤᠯ ᠰᠢᠯᠦᠭ ᠤᠨ ᠡᠮᠬᠢᠳᠬᠡᠯ ᠲᠡᠬᠦᠪᠦᠷᠢ ᠭᠠᠷᠭᠠᠵᠤ ᠬᠦᠮᠦᠰ ᠲᠤ | ᠤᠩᠰᠢᠬᠤ ᠶᠠᠭᠤᠮ᠎ᠠ ᠲᠠᠢ ᠪᠤᠯᠭᠠᠬᠤ ᠬᠡᠷᠡᠭᠳᠡᠢ᠃ ᠬᠢᠳᠡᠳ ᠤᠨ ᠬᠠᠮᠤᠭ ᠤᠨ ᠡᠷᠳᠡᠨ ᠤ ᠰᠢᠯᠦᠭ ᠤᠨ ᠲᠡᠬᠦᠪᠦᠷᠢ | ᠪᠤᠯᠬᠤ ︽ᠰᠢᠯᠦᠭᠯᠡᠯᠳᠤ ᠨᠤᠮ︾ ᠪᠤᠯ ᠨᠠᠶᠢᠳᠠ ᠶᠢᠨ ᠤᠨ ᠲᠤᠭᠠᠯᠠᠯ ᠠᠴᠠ ᠡᠮᠦᠨ᠎ᠡ 6 ᠳ᠋ᠤᠭᠠᠷ ᠵᠠᠭᠤᠨ ᠤ ᠲᠤᠮᠳᠡᠴᠢ | ᠦᠶ᠎ᠠ ᠪᠠᠷ ᠪᠤᠢ ᠪᠤᠯᠵᠠᠢ᠃ ᠲᠡᠷᠡ ᠲᠡᠬᠦᠪᠦᠷᠢ ᠳᠤ 305 ᠰᠢᠯᠦᠭ ᠤᠷᠤᠬᠰᠨᠨ ᠪᠠᠶᠢᠪᠠ᠃ ᠡᠨᠡᠳᠬᠡᠭ ᠤᠨ | ᠬᠠᠮᠤᠭ ᠤᠨ ᠡᠷᠳᠡᠨ ᠤ ᠰᠢᠯᠦᠭ ᠤᠨ ᠲᠡᠬᠦᠪᠦᠷᠢ ᠪᠤᠯ ᠨᠠᠶᠢᠳᠠ ᠶᠢᠨ ᠤᠨ ᠲᠤᠭᠠᠯᠠᠯ ᠠᠴᠠ ᠡᠮᠦᠨ᠎ᠡ ᠮᠢᠩᠭ᠎ᠠ ᠭᠠᠷᠤᠢ | ᠵᠢᠯ ᠤᠨ ᠦᠶ᠎ᠠ ᠳᠤ ᠨᠤᠮ ᠪᠤᠯᠵᠤ᠂ ᠨᠡᠶᠢᠳᠡ 1017 ᠰᠢᠯᠦᠭ ᠲᠠᠢ᠃ ᠮᠤᠩᠭᠤᠯ ᠦᠨᠳᠦᠰᠦᠳᠡᠨ ᠡᠷᠳᠡᠨ ᠠᠴᠠ | ᠠᠪᠤᠭᠠᠳ ᠨᠡᠬᠦᠳᠡᠯᠴᠢᠨ ᠦᠨᠳᠦᠰᠦᠳᠡᠨ ᠲᠤᠯᠠ ᠲᠠᠶᠢᠮᠦ ᠡᠷᠳᠡᠨ ᠤ ᠰᠢᠯᠦᠭ ᠤᠨ ᠲᠡᠬᠦᠪᠦᠷᠢ ᠨᠦᠭᠦᠳ ᠢ | ᠦᠯᠡᠳᠡᠬᠡᠭᠰᠡᠨ ᠦᠬᠡᠢ᠃ | ᠡᠷᠳᠡᠨ ᠤ ᠰᠢᠯᠦᠭ ᠢ ᠡᠮᠬᠢᠳᠬᠡᠵᠤ ᠲᠡᠬᠦᠪᠦᠷᠢᠯᠡᠵᠤ ᠭᠠᠷᠭᠠᠬᠤ ᠨᠢ ᠰᠤᠷᠴᠤ ᠰᠤᠳᠤᠯᠬᠤ ᠶᠢᠨ ᠪᠡᠯᠡᠳᠬᠡᠯ | ᠠᠵᠢᠯ ᠲᠠᠳᠦᠢ᠃ ᠬᠠᠷᠢᠨ ᠲᠡᠬᠦᠨ ᠢ ᠰᠤᠷᠴᠤ ᠰᠤᠳᠤᠯᠬᠤ ᠶᠢᠨ ᠨᠢᠬᠡᠳᠦᠬᠡᠷ ᠠᠯᠬᠤᠮ ᠪᠤᠯ ᠡᠷᠳᠡᠨ ᠤ ᠰᠢᠯᠦᠭ ᠤᠨ | ᠦᠬᠡ ᠦᠬᠦᠯᠡᠪᠦᠷᠢ ᠶᠢᠨ ᠲᠤᠬᠠᠢ ᠨᠠᠷᠢᠨ ᠵᠡᠬᠦᠯᠳᠡ ᠲᠠᠶᠢᠯᠪᠦᠷᠢ ᠬᠢᠬᠦ ᠶᠠᠪᠤᠳᠠᠯ ᠪᠤᠯᠤᠨ᠎ᠠ᠃ ᠠᠯᠢᠪᠠ ᠤᠷᠠᠨ | ᠵᠤᠬᠢᠶᠠᠯ ᠤᠨ ᠪᠦᠳᠦᠬᠡᠯ ᠤᠳ ᠢ ᠠᠭᠤᠯᠭ᠎ᠠ ᠪᠡ ᠬᠡᠯᠪᠡᠷᠢ ᠬᠤᠶᠠᠷ ᠲᠠᠯ᠎ᠡ ᠠᠴᠠ ᠰᠤᠳᠤᠯᠳᠠᠭ᠃ ᠠᠭᠤᠯᠭ᠎ᠠ ᠶᠢ ᠨᠢ | ᠵᠦᠪ ᠬᠦᠨᠵᠡᠬᠡᠢ ᠤᠢᠢᠯᠠᠭᠠᠵᠤ ᠲᠠᠶᠢᠯᠪᠠᠯ ᠰᠠᠶ᠋ᠢ ᠲᠡᠬᠦᠨ ᠤ ᠬᠡᠯᠪᠡᠷᠢ ᠶᠢ ᠨᠢ ᠬᠦᠨᠵᠡᠬᠡᠢ ᠲᠠᠶᠢᠯᠪᠤᠷᠢᠯᠠᠵᠤ ᠴᠢᠳᠠᠨ᠎ᠠ᠃ | ᠰᠢᠯᠦᠭ ᠤᠨ ᠠᠭᠤᠯᠭ᠎ᠠ ᠶᠢ ᠤᠢᠢᠯᠠᠭᠠᠬᠤ ᠳᠤ ᠡᠷᠬᠡᠪᠰᠢ ᠦᠬᠡ ᠨᠢᠬᠡᠪᠦᠷᠢ ᠶᠢ ᠵᠦᠪ ᠤᠢᠢᠯᠠᠭᠠᠵᠤ ᠮᠡᠳᠡᠭᠰᠠᠨ ᠪᠠᠶᠢᠬᠤ | ᠬᠡᠷᠡᠭᠳᠡᠢ᠃ ᠢᠢᠮᠦ ᠠᠴᠠ ᠨᠠᠷᠢᠨ ᠵᠦᠪ ᠵᠡᠬᠦᠯᠳᠡ ᠲᠠᠶᠢᠯᠪᠤᠷᠢ ᠬᠢᠬᠦ ᠨᠢ ᠲᠤᠩ ᠴᠢᠬᠤᠯᠠ᠃ | ᠦᠨᠡᠨ ᠳᠡᠭᠡᠨ᠂ ᠵᠡᠬᠦᠯᠳᠡ ᠲᠠᠶᠢᠯᠪᠦᠷᠢ ᠶᠢᠨ ᠠᠵᠢᠯ ᠪᠤᠯ ᠨᠢᠬᠡᠨ ᠲᠤᠰᠬᠠᠢ ᠰᠤᠳᠤᠯᠤᠯ ᠮᠦᠨ᠃ | ᠡᠷᠳᠡᠨ ᠤ ᠪᠤᠯᠪᠠᠰᠤᠨ ᠰᠤᠶᠤᠯ ᠲᠠᠢ ᠵᠠᠷᠢᠮ ᠦᠨᠳᠦᠰᠦᠳᠡᠨ ᠨᠦᠭᠦᠳ ᠵᠡᠬᠦᠯᠳᠡ ᠲᠠᠶᠢᠯᠪᠤᠷᠢ ᠶᠢᠨ ᠰᠤᠳᠤᠯᠤᠯ ᠤᠨ | ᠲᠠᠯ᠎ᠠ ᠪᠠᠷ ᠨᠢᠬᠡᠨᠳᠡ ᠬᠡᠳᠦᠨ ᠵᠠᠭᠤᠨ ᠵᠢᠯ ᠤᠨ᠂ ᠴᠢᠨᠠᠬᠰᠢᠯᠠᠪᠠᠯ ᠮᠢᠩᠭᠠᠭᠠᠳ ᠵᠢᠯ ᠤᠨ ᠲᠡᠦᠬᠡ ᠲᠠᠢ ᠪᠤᠯᠵᠠᠢ᠃ ᠡᠨᠡ | ᠲᠠᠯ᠎ᠠ ᠪᠠᠷ ᠪᠢᠳᠡ ᠪᠠᠰᠠ ᠬᠤᠴᠤᠷᠤᠩᠭᠤᠢ ᠪᠠᠶᠢᠬᠰᠠᠭᠠᠷ ᠶᠤᠮ᠃ ᠲᠤᠷᠤᠨᠠᠳᠢᠪ᠂ ᠯᠢᠦ ᠶᠢᠨ ᠰᠦᠸᠧ᠂ ᠴᠦᠢᠵᠢ᠂ | ᠦᠯᠵᠡᠶᠢᠳᠤ᠂ ᠪ ᠊ · ᠪᠠᠭᠠᠨ᠎ᠠ ᠨᠡᠷ ︽ᠮᠤᠩᠭᠤᠯ ᠤᠨ ᠨᠢᠭᠤᠴᠡ ᠲᠤᠪᠴᠢᠶᠠᠨ︾᠂ ︽ᠡᠷᠳᠡᠨᠢ ᠶᠢᠨ ᠲᠤᠪᠴᠢ︾᠂ | ︽ᠴᠠᠭᠠᠨ ᠲᠡᠦᠬᠡ︾᠂ ︽ᠭᠠᠩᠭ᠎ᠠ ᠶᠢᠨ ᠤᠷᠤᠰᠬᠠᠯ︾᠂ ︽ᠰᠢᠷ᠎ᠠ ᠲᠤᠭᠤᠵᠢ︾᠂ ︽ᠠᠰᠠᠷᠠᠬᠴᠢ ᠨᠡᠷᠡᠳᠤ ᠶᠢᠨ | ᠲᠡᠦᠬᠡ︾ ᠵᠡᠷᠬᠡ ᠲᠤᠯᠭᠤᠷ ᠪᠢᠴᠢᠭ ᠤᠳ ᠢ ᠲᠡᠦᠬᠡᠨ ᠰᠤᠳᠤᠯᠤᠯ ᠤᠨ ᠵᠡᠬᠦᠯᠳᠡ ᠬᠢᠵᠤ ᠬᠡᠪᠯᠡᠬᠦᠯᠪᠡ᠃ ᠲᠤᠪᠤ ︽ | ᠤᠢᠢᠭᠤᠷᠵᠢᠨ ᠮᠤᠩᠭᠤᠯ ᠦᠰᠦᠭ ᠤᠨ ᠲᠤᠷᠠᠰᠬᠠᠯᠳᠤ ᠪᠢᠴᠢᠭ ᠤᠳ︾ ᠢ ᠬᠡᠪᠯᠡᠬᠦᠯᠪᠡ᠃ ᠡᠨᠡ ᠪᠤᠯ ᠶᠡᠭᠡ ᠠᠮᠵᠢᠯᠳᠠ | ᠮᠦᠨ᠃ ᠬᠡᠪᠡᠴᠦ ᠬᠡᠯᠡ ᠰᠢᠨᠵᠢᠯᠡᠯ᠂ ᠤᠷᠠᠨ ᠵᠤᠬᠢᠶᠠᠯ᠂ ᠵᠠᠩ ᠦᠢᠯᠡ᠂ ᠱᠠᠰᠢᠨ᠂ ᠬᠦᠨ ᠤᠬᠠᠭᠠᠨ ᠵᠡᠷᠬᠡ ᠤᠯᠠᠨ | ᠰᠤᠳᠤᠯᠤᠯ ᠤᠨ ᠴᠢᠨᠡᠷ ᠪᠦᠬᠦᠢ ᠨᠠᠷᠢᠨ ᠵᠡᠬᠦᠯᠳᠡ ᠲᠠᠶᠢᠯᠪᠦᠷᠢ ᠲᠠᠢ ᠲᠡᠦᠬᠡ ᠤᠷᠠᠨ ᠵᠤᠬᠢᠶᠠᠯ ᠤᠳ ᠤᠨ ᠪᠦᠳᠦᠬᠡᠯ | ᠪᠠᠷᠤᠭ ᠭᠠᠷᠤᠭᠠᠳᠤᠢ᠃ ᠡᠨᠡᠬᠦ ᠬᠦᠨᠳᠤ ᠬᠡᠴᠡᠬᠦᠦ ᠲᠡᠦᠬᠡ ᠶᠢᠨ ᠡᠬᠦᠷᠬᠡ ᠮᠤᠩᠭᠤᠯ ᠰᠤᠳᠤᠯᠤᠯ ᠤᠨ ᠡᠷᠳᠡᠮᠳᠡᠳ ᠢ | ᠬᠦᠯᠢᠶᠡᠬᠡᠳ ᠤᠨ ᠤᠳᠠᠵᠠᠢ᠃ ᠢᠯᠠᠩᠭᠤᠶ᠎ᠠ ᠶᠡᠭᠡ ᠲᠡᠬᠡᠳᠤ ᠰᠤᠷᠭᠠᠭᠤᠯᠢ ᠨᠤᠭᠤᠳ ᠤᠨ ᠮᠤᠩᠭᠤᠯ ᠬᠡᠯᠡ ᠤᠳᠬ᠎ᠠ | ᠵᠤᠬᠢᠶᠠᠯ ᠤᠨ ᠲᠤᠰᠬᠠᠢ ᠮᠡᠷᠬᠡᠵᠢᠯ ᠤᠨ ᠤᠶᠤᠳᠠᠳ ᠲᠤ ᠨᠠᠷᠢᠨ ᠵᠡᠬᠦᠯᠳᠡ ᠲᠡᠶᠢᠯᠪᠦᠷᠢ ᠪᠦᠬᠦᠢ ᠡᠷᠳᠡᠨ ᠤ ᠰᠢᠯᠦᠭ ᠪᠡ | ᠪᠤᠰᠤᠳ ᠲᠦᠷᠦᠯ ᠤᠨ ᠵᠤᠬᠢᠶᠠᠯ ᠤᠨ ᠲᠡᠬᠦᠪᠦᠷᠢ ᠨᠦᠭᠦᠳ ᠨᠠᠩ ᠪᠠᠴᠢᠮ ᠱᠠᠭᠠᠷᠳᠠᠬᠳᠠᠵᠤ ᠪᠠᠶᠢᠨ᠎ᠠ᠃ ᠲᠡᠬᠡᠬᠡᠳ ᠪᠢ | ᠡᠨᠡ ᠬᠦ ᠪᠠᠴᠢᠮ ᠬᠡᠷᠡᠭᠴᠡᠭᠡ ᠳᠤ ᠲᠤᠯᠭᠠᠬᠳᠠᠬᠤ ᠳᠠᠭᠠᠨ 1985 ᠤᠨ ᠳᠤ ᠵᠡᠬᠦᠯᠳᠡ ᠲᠠᠶᠢᠯᠪᠤᠷᠢᠳᠤ ︽ᠡᠷᠳᠡᠨ ᠤ | ᠰᠢᠯᠦᠭ ᠤᠨ ᠲᠡᠬᠦᠪᠦᠷᠢ︾ ᠶᠢ ᠨᠠᠶᠢᠷᠠᠭᠤᠯᠤᠨ ᠬᠡᠪᠯᠡᠬᠦᠯᠦᠭᠰᠡᠨ ᠶᠤᠮ᠃ ᠤᠳᠤ ᠪᠤᠯᠳᠠᠯ᠎ᠠ ᠴᠤ ᠨᠡᠯᠢᠶᠡᠳ ᠲᠤᠮᠤ | ᠬᠡᠪᠴᠢᠶᠡᠨ ᠤ ᠡᠷᠳᠡᠨ ᠤ ᠰᠢᠯᠦᠭ ᠤᠨ ᠲᠡᠬᠦᠪᠦᠷᠢ ᠬᠡᠪᠯᠡᠭᠳᠡᠭᠡ ᠦᠬᠡᠢ ᠪᠠᠶᠢᠭ᠎ᠠ ᠨᠢ ᠲᠤᠩ ᠬᠠᠷᠠᠮᠰᠠᠯᠳᠠᠢ᠃ | ᠰᠤᠷᠪᠤᠯᠵᠢᠯᠠᠬᠴᠢ᠄ ᠲᠡᠨ ᠤ ᠡᠷᠳᠡᠮ ᠨᠤᠮ ᠳᠠᠭᠠᠨ ᠢᠮᠠᠬᠳᠠ ᠯᠠᠪᠳᠠᠭᠤᠨ ᠬᠢᠨᠠᠭᠤᠷ᠂ ᠰᠢᠨᠵᠢᠯᠡᠬᠦ | ᠤᠬᠠᠭᠠᠨᠴᠢ ᠤᠪᠤᠷ ᠢᠶᠠᠷ ᠵᠢᠳᠬᠦᠵᠤ᠂ ᠤᠯᠠᠨ ᠬᠠᠷᠠᠭᠠᠰᠤ ᠠᠴᠠ ᠶᠡᠷᠦᠩᠬᠡᠶᠢᠯᠡᠨ ᠰᠤᠳᠤᠯᠵᠤ ᠲᠠᠩᠳᠠ ᠰᠢᠨ᠎ᠠ | ᠦᠵᠡᠯᠳᠡ ᠲᠤᠷᠠᠳᠳᠠᠭ ᠢᠶᠠᠷ ᠢᠶᠠᠨ ᠲᠡᠬᠡᠷ᠎ᠡ ᠵᠠᠭᠤᠨ ᠤ ᠨᠠᠶᠠᠭᠠᠳ ᠤᠨ ᠠᠴᠠ ᠡᠬᠢᠯᠡᠨ ᠤᠯᠠᠨ ᠤᠯᠤᠰ ᠤᠨ ᠮᠤᠩᠭᠤᠯ | ᠰᠤᠳᠤᠯᠤᠯ ᠤᠨ ᠬᠢᠨ ᠳᠤ ᠮᠡᠳᠡᠷᠡᠭᠳᠡᠭᠰᠡᠬᠡᠷ ᠪᠦᠬᠡᠳ ᠦᠨᠳᠦᠷ ᠦᠨᠡᠯᠡᠭᠳᠡᠭᠰᠡᠭᠡᠷ ᠢᠷᠡᠵᠡᠢ᠃ ᠲᠡᠨ ᠤ ᠡᠷᠳᠡᠮ | ᠰᠢᠨᠵᠢᠯᠡᠬᠡᠨ ᠤ ᠠᠵᠢᠯ ᠳᠤ ᠰᠢᠨᠵᠢᠯᠡᠬᠦ ᠤᠬᠠᠭᠠᠨᠴᠢ ᠤᠪᠤᠷ ᠢᠶᠠᠷ ᠬᠠᠨᠳᠤᠬᠤ ᠶᠢ ᠪᠠᠷᠢᠮᠳᠠᠯᠠᠬᠰᠠᠭᠠᠷ ᠢᠷᠡᠭᠰᠡᠨ ᠤ | ᠬᠦᠴᠦᠨ ᠵᠦᠢᠯ ᠤᠨ ᠤᠨᠳᠤᠷᠤᠯ ᠶᠠᠭᠤ ᠪᠤᠢ︖ | ᠴ᠊᠂ ᠬᠡᠰᠢᠭᠳᠦᠭ᠌ᠳᠠᠬᠤ᠄ ᠡᠷᠳᠡᠮ ᠰᠢᠨᠵᠢᠯᠡᠬᠡᠨ ᠤ ᠠᠵᠢᠯ ᠢ ᠶᠠᠷᠢᠶᠠᠨ ᠦᠬᠡᠢ ᠲᠦᠪ ᠴᠢᠩᠭ᠎ᠠ᠂ ᠨᠠᠷᠢᠨ | ᠬᠢᠨᠠᠮᠠᠭᠠᠢ᠂ ᠦᠨᠡᠨᠴᠢ ᠰᠢᠳᠤᠷᠭᠤ ᠤᠪᠤᠷ ᠢᠶᠠᠷ ᠲᠡᠷᠤᠢ ᠰᠢᠨᠵᠢᠯᠡᠬᠦ ᠤᠬᠠᠭᠠᠨᠴᠢ ᠤᠪᠤᠷ ᠢᠶᠠᠷ ᠬᠢᠬᠦ ᠬᠡᠷᠡᠭᠳᠡᠢ᠃ | ᠤᠯᠠᠩᠬᠢ ᠤᠯᠤᠰ ᠤᠷᠤᠨ ᠤ᠂ ᠢᠯᠠᠩᠭᠤᠶ᠎ᠠ ᠬᠦᠭᠵᠢᠭᠰᠡᠨ ᠤᠯᠤᠰ ᠤᠷᠤᠨ ᠤ ᠡᠷᠳᠡᠮᠳᠡᠳ ᠲᠤ ᠠᠪᠴᠤ ᠬᠡᠯᠡᠪᠡᠯ | ᠡᠨᠡ ᠨᠢ ᠠᠰᠠᠭᠤᠳᠠᠯ ᠪᠢᠰᠢ ᠠᠰᠠᠭᠤᠳᠠᠯ᠂ ᠬᠡᠬᠦ ᠳᠡᠭᠡᠨ ᠲᠤᠮᠳᠠᠳᠤ ᠤᠯᠤᠰ ᠤᠨ ᠰᠤᠳᠤᠯᠤᠬᠴᠢᠳ ᠲᠤ ᠠᠪᠴᠤ | ᠬᠡᠯᠡᠪᠡᠯ ᠴᠤᠬᠤᠮ ᠦᠨᠡᠨ ᠬᠦ ᠰᠢᠨᠵᠢᠯᠡᠬᠦ ᠤᠬᠠᠭᠠᠨᠴᠢ ᠤᠪᠤᠷ ᠢᠶᠠᠷ ᠡᠷᠳᠡᠮ ᠰᠢᠨᠵᠢᠯᠡᠬᠡᠨ ᠤ ᠠᠵᠢᠯ ᠢ ᠬᠢᠵᠤ ᠲᠡᠶᠢᠯᠬᠦ | ᠡᠰᠡᠬᠦ ᠨᠢ ᠬᠦᠮᠦᠨ ᠨᠢᠬᠡᠪᠦᠷᠢ ᠳᠤ ᠲᠤᠯᠭᠠᠷᠠᠳᠠᠭ ᠬᠠᠳᠠᠭᠤ ᠰᠢᠯᠭᠠᠯᠳᠠ ᠪᠤᠯᠬᠤ ᠶᠤᠮ᠃ | ᠤᠯᠠᠨ ᠤ ᠮᠡᠳᠡᠬᠡᠵᠢ᠂ ᠲᠤᠰᠬᠠᠢ ᠰᠡᠳᠦᠪ ᠤᠨ ᠰᠤᠳᠤᠯᠭᠠᠨ ᠤ ᠨᠤᠮ ᠪᠤᠯ ᠠᠭᠤᠯᠭ᠎ᠠ ᠶᠢᠨ ᠪᠦᠷᠢᠨ | ᠪᠦᠳᠦᠨ ᠰᠢᠰᠲ᠋ᠧᠮ ᠪᠦᠷᠢᠯᠳᠦᠬᠦ ᠶᠢ ᠡᠷᠬᠢᠮᠯᠡᠵᠤ᠂ ᠦᠬᠦᠯᠡᠯ ᠪᠤᠯ ᠠᠭᠤᠯᠭ᠎ᠠ ᠪᠤᠶᠤ ᠦᠵᠡᠯᠳᠡ᠂ ᠮᠠᠲ᠋ᠧᠷᠢᠶᠠᠯ ᠪᠤᠶᠤ | ᠠᠷᠭ᠎ᠠ ᠤᠨᠤᠯ ᠤᠨ ᠲᠠᠯ᠎ᠠ ᠪᠠᠷ ᠰᠢᠨ᠎ᠠ ᠡᠬᠦᠳᠦᠯᠳᠡ᠂ ᠰᠢᠨ᠎ᠠ ᠲᠠᠪᠠᠯᠳᠠ ᠲᠠᠢ ᠪᠠᠶᠢᠬᠤ ᠶᠢ ᠡᠷᠬᠢᠮᠯᠡᠳᠡᠭ ᠶᠤᠮ᠃ | ᠮᠢᠨᠦ ᠪᠠᠷ ᠦᠬᠦᠯᠡᠯ ᠨᠢᠬᠡᠪᠦᠷᠢ ᠶᠢ ᠪᠢᠴᠢᠬᠦ ᠳᠡᠭᠡᠨ ᠡᠨᠡ ᠬᠦ ᠵᠠᠷᠴᠢᠮ ᠢ ᠡᠷᠬᠢᠮᠯᠡᠨ ᠪᠠᠷᠢᠮᠳᠠᠯᠠᠬᠰᠠᠭᠠᠷ ᠢᠷᠡᠭᠰᠡᠨ ᠶᠤᠮ᠃ | ᠬᠡᠬᠦ ᠳᠡᠭᠡᠨ ᠬᠡᠷᠬᠢᠨ ᠰᠤᠳᠤᠯᠵᠤ ᠰᠡᠳᠬᠢᠬᠦ᠂ ᠶᠠᠮᠠᠷ ᠠᠷᠭ᠎ᠠ ᠪᠠᠷ ᠰᠤᠳᠤᠯᠵᠤ ᠰᠡᠳᠬᠢᠬᠦ ᠬᠡᠳᠡᠭ ᠲᠤᠩ ᠴᠢᠬᠤᠯᠠ᠃ | ᠤᠷᠢᠳᠤᠬᠢ ᠬᠦᠮᠦᠰ ᠤᠨ ᠡᠬᠦᠳᠴᠤ ᠬᠡᠷᠡᠭᠯᠡᠭᠰᠡᠨ ᠰᠤᠳᠤᠯᠬᠤ ᠠᠷᠭ᠎ᠠ ᠤᠨᠤᠯ ᠲᠤᠩ ᠤᠯᠠᠨ᠂ ᠢᠯᠠᠩᠭᠤᠶ᠎ᠠ | ᠦᠷᠦᠨᠡᠳᠡᠬᠢᠨ ᠤ ᠡᠷᠳᠡᠮᠳᠡᠳ ᠤᠨ ᠡᠬᠦᠳᠦᠭᠰᠡᠨ ᠠᠷᠭ᠎ᠠ ᠤᠨᠤᠯ ᠨᠡᠩ ᠤᠯᠠᠨ ᠪᠠᠶᠢᠳᠠᠭ᠂ ᠬᠡᠬᠦ ᠳᠡᠭᠡᠨ ᠦᠷᠦᠨᠡᠳᠡᠬᠢᠨ | ᠲᠤᠷᠤᠨᠠᠳᠠᠬᠢᠨ ᠤ ᠡᠷᠳᠡᠨ ᠡᠳᠦᠬᠡ ᠶᠢᠨ ᠠᠯᠢ ᠴᠤ ᠠᠷᠭ᠎ᠠ ᠤᠨᠤᠯ ᠬᠡᠳ ᠰᠤᠳᠤᠯᠤᠬᠳᠠᠬᠤᠨ ᠪᠦᠬᠦᠨ ᠳᠤ ᠲᠠᠭᠠᠷᠠᠳᠠᠭ᠂ | ᠲᠦᠷᠪᠡᠨ ᠲᠠᠯᠠᠢ ᠳᠤ ᠲᠡᠭᠰᠢ ᠲᠤᠬᠢᠷᠠᠳᠠᠭ ᠷᠢᠳᠢ ᠰᠢᠳᠢ ᠲᠠᠢ ᠠᠷᠭ᠎ᠠ ᠤᠨᠤᠯ ᠬᠡᠵᠤ ᠪᠠᠶᠢᠳᠠᠭ ᠦᠬᠡᠢ᠃ | ᠬᠠᠮᠤᠭ ᠤᠨ ᠴᠢᠬᠤᠯᠠ ᠨᠢ ᠰᠤᠳᠤᠯᠤᠬᠳᠠᠬᠤᠨ ᠪᠦᠬᠦᠨ ᠵᠤᠬᠢᠶᠠᠯ ᠪᠦᠳᠦᠬᠡᠯ ᠪᠦᠬᠦᠨ ᠴᠦᠮ ᠦᠪᠡᠷ ᠤᠨ ᠲᠤᠰᠬᠠᠢ | ᠤᠨᠢᠰᠤ ᠪᠠᠷ ᠢᠶᠠᠨ ᠤᠨᠢᠰᠤᠯᠠᠬᠳᠠᠵᠤ ᠪᠠᠶᠢᠳᠠᠭ ᠪᠦᠬᠡᠳ ᠲᠤᠰᠬᠠᠢ ᠲᠦᠯᠬᠢᠬᠦᠷ ᠢᠶᠠᠨ ᠪᠠᠶ᠎ᠡ ᠴᠤᠬᠴᠠ ᠳᠠᠭᠠᠨ | ᠠᠭᠤᠯᠭ᠎ᠠ ᠬᠡᠯᠪᠡᠷᠢ ᠳᠡᠭᠡᠨ ᠨᠢᠭᠤᠪᠴᠢᠯᠠᠨ ᠬᠠᠳᠠᠭᠠᠯᠠᠵᠤ ᠪᠠᠶᠢᠳᠠᠭ᠃ ᠰᠤᠳᠤᠯᠤᠭᠠᠴᠢ ᠬᠦᠮᠦᠨ ᠨᠢᠬᠡᠪᠦᠷᠢ ᠡᠷᠬᠡᠪᠰᠢ | ᠲᠡᠳᠡᠬᠡᠷ ᠲᠦᠯᠬᠢᠬᠦᠷ ᠢ ᠨᠢ ᠤᠯᠵᠤ ᠦᠵᠡᠵᠤ ᠲᠡᠶᠢᠯᠬᠦ᠂ ᠤᠯᠵᠤ ᠠᠪᠴᠤ ᠴᠢᠳᠠᠬᠤ ᠬᠢᠷᠠᠬᠠᠢ ᠨᠢᠳᠤ ᠭᠠᠷᠮᠠᠭᠠᠢ | ᠪᠤᠯᠪᠠᠰᠤᠷᠠᠯ ᠲᠠᠢ ᠪᠤᠯᠬᠤ ᠬᠡᠷᠡᠭᠳᠡᠢ᠃ | ᠡᠷᠳᠡᠨ ᠤ ᠤᠳᠬ᠎ᠠ ᠵᠤᠬᠢᠶᠠᠯ ᠤᠷᠠᠯᠢᠭ᠂ ᠰᠤᠷᠪᠤᠯᠵᠢ ᠪᠢᠴᠢᠭ᠂ ᠲᠡᠦᠬᠡ᠂ ᠤᠬᠰᠠᠭᠠᠳᠠᠨ ᠵᠦᠢ᠂ | ᠰᠤᠶᠤᠯ ᠵᠦᠢ ᠶᠢᠨ ᠠᠯᠢ ᠨᠢᠬᠡ ᠶᠢᠨ ᠲᠤᠳᠤᠷᠠᠬᠢ ᠨᠢᠬᠡᠨ ᠠᠰᠠᠭᠤᠳᠠᠯ ᠢ ᠰᠤᠳᠤᠯᠤᠬᠰᠠᠨ ᠴᠤ ᠬᠠᠮᠤᠭ ᠤᠨ | ᠨᠠᠶᠢᠳᠠᠪᠦᠷᠢᠳᠠᠢ ᠨᠢ ᠡᠯ᠎ᠡ ᠰᠢᠨᠵᠢᠯᠡᠬᠡᠨ ᠤ ᠡᠬᠦᠳᠡᠨ ᠠᠴᠠ ᠶᠡᠷᠦᠩᠬᠡᠶᠢᠯᠡᠨ ᠰᠤᠳᠤᠯᠬᠤ ᠪᠠᠷ ᠦᠯᠦ ᠪᠡᠷᠡᠮ ᠡᠯ᠎ᠡ | ᠵᠦᠢᠯ ᠤᠨ ᠠᠷᠭ᠎ᠠ ᠤᠨᠤᠯ ᠢ ᠶᠡᠷᠦᠩᠬᠡᠶᠢᠯᠡᠨ ᠬᠡᠷᠡᠭᠯᠡᠵᠤ ᠰᠤᠳᠤᠯᠬᠤ ᠨᠢ ᠬᠡᠳᠦ᠋ᠢᠪᠡᠷ ᠪᠡᠷᠬᠡᠰᠢᠶᠡᠯ ᠶᠡᠬᠡᠳᠡᠢ ᠬᠡᠳᠡᠭ | ᠪᠤᠯᠪᠠᠴᠤ ᠲᠡᠬᠡᠳᠤ ᠠᠷᠭ᠎ᠠ ᠪᠤᠯᠬᠤ ᠶᠤᠮ᠃ ᠶᠠᠷᠢᠶᠠᠨ ᠦᠬᠡᠢ ᠰᠤᠳᠤᠯᠤᠭᠠᠴᠢᠳ ᠦᠪᠡᠷ ᠦᠪᠡᠷ ᠤᠨ ᠲᠤᠷᠠᠳᠠᠢ | ᠬᠡᠷᠡᠭᠯᠡᠭᠳᠡᠭ᠂ ᠪᠤᠯᠪᠠᠰᠤᠷᠠᠩᠭᠤᠢ ᠬᠡᠷᠡᠭᠯᠡᠳᠡᠭ ᠠᠷᠭ᠎ᠠ ᠤᠨᠤᠯ ᠲᠠᠢ ᠪᠠᠶᠢᠳᠠᠭ᠃ ᠮᠢᠨᠦ ᠰᠤᠷᠪᠤᠯᠵᠢ ᠪᠢᠴᠢᠭ ᠤᠨ | ᠰᠤᠳᠤᠯᠤᠯ᠂ ᠲᠡᠦᠬᠡ ᠶᠢᠨ ᠰᠤᠳᠤᠯᠤᠯ ᠤᠨ ᠤᠯᠠᠨ ᠦᠬᠦᠯᠡᠯ ᠤᠳ ᠴᠦᠮ ᠰᠢᠬᠦᠯᠳᠡ ᠬᠢᠬᠦ ᠠᠷᠭ᠎ᠠ ᠪᠠᠷ ᠪᠢᠴᠢᠭᠳᠡᠪᠡ᠃ | ᠰᠢᠬᠦᠯᠳᠡ ᠬᠢᠬᠦ ᠠᠷᠭ᠎ᠠ ᠪᠤᠯ ᠦᠵᠠᠯᠳᠠ ᠤᠨᠤᠯᠳᠠ ᠪᠠᠨ ᠪᠠᠳᠤᠯᠠᠬᠤ ᠬᠠᠮᠤᠭ ᠤᠨ ᠨᠤᠳᠠᠳᠠᠢ ᠠᠷᠭ᠎ᠠ ᠮᠦᠨ᠂ | ᠤᠴᠢᠷ ᠨᠢ ᠰᠢᠬᠦᠯᠳᠡ ᠬᠢᠵᠤ ᠪᠠᠳᠤᠯᠠᠬᠰᠠᠨ ᠦᠷ᠎ᠠ ᠳ᠋ᠦ᠋ᠩ ᠱᠦᠬᠦᠭᠳᠡᠵᠤ ᠨᠢᠴᠤᠭᠠᠬᠳᠠᠬᠤ ᠠᠶᠤᠯ ᠦᠬᠡᠢ᠂ ᠱᠦᠷᠭᠡᠢ | ᠪᠤᠯᠬᠤ ᠪᠤᠯᠤᠮᠵᠢ ᠦᠬᠡᠢ᠃ | ᠰᠤᠷᠪᠤᠯᠵᠢᠯᠬᠠᠴᠢ᠄ ᠲᠤᠮᠳᠠᠳᠤ ᠤᠯᠤᠰ ᠤᠨ ᠮᠤᠩᠭᠤᠯ ᠰᠤᠳᠤᠯᠤᠯ ᠤᠨ ᠡᠷᠳᠡᠮᠳᠡᠳ ᠤᠨ ᠲᠤᠳᠤᠷ᠎ᠠ ᠲᠠ | ᠪᠤᠯ ᠮᠤᠩᠭᠤᠯ ᠤᠯᠤᠰ ᠤᠨ ᠶᠡᠷᠦᠩᠬᠡᠶᠢᠯᠡᠭᠴᠢ ᠶᠢᠨ ︽ᠠᠯᠳᠠᠨ ᠭᠠᠳᠠᠰᠤ︾ ᠭᠠᠪᠢᠶᠠᠨ ᠤ ᠤᠳᠤᠨ ᠱᠠᠩᠨᠠᠯ᠂ | ᠮᠤᠩᠭᠤᠯ ᠤᠯᠤᠰ ᠤᠨ ᠵᠠᠰᠠᠭ ᠤᠨ ᠭᠠᠵᠠᠷ ᠤᠨ ︽ᠠᠷᠠᠳ ᠤᠨ ᠤᠷᠠᠨ ᠵᠤᠬᠢᠶᠠᠯᠴᠢ᠂ ᠠᠺᠠᠳᠧᠮᠢᠴᠢ ᠴ᠊ ᠊ · | ᠲᠡᠮᠳᠢᠨᠰᠦ᠋ᠷᠦᠩ︾ ᠨᠡᠷᠡᠮᠵᠢᠳᠤ ᠱᠠᠩᠨᠠᠯ ᠢ ᠬᠦᠷᠳᠡᠭᠰᠡᠳ ᠤᠨ ᠭᠠᠭᠴᠠ ᠨᠢᠬᠡ ᠨᠢ᠃ ᠲᠠᠨ ᠤ ᠮᠤᠩᠭᠤᠯ ᠰᠤᠷᠪᠤᠯᠵᠢ | ᠪᠢᠴᠢᠭ ᠤᠨ ᠰᠤᠳᠤᠯᠤᠯ ᠤᠨ ᠲᠠᠯ᠎ᠠ ᠪᠠᠷ ᠬᠢ ᠠᠮᠵᠢᠯᠳᠠ ᠪᠤᠶᠤ ᠤᠳᠤᠬᠠᠨ ᠤ ᠬᠢᠵᠤ ᠪᠠᠶᠢᠭ᠎ᠠ ᠠᠵᠢᠯ ᠤᠨ ᠢᠶᠠᠨ | ᠲᠤᠬᠠᠢ ᠲᠦᠬᠦᠮ ᠲᠠᠨᠢᠯᠴᠠᠭᠤᠯᠪᠠᠯ︖ | ᠴ᠊᠂ ᠬᠡᠰᠢᠭᠳᠦᠭ᠌ᠳᠠᠬᠤ᠄ ᠮᠢᠨᠦ ᠪᠠᠷ᠂ ᠲᠡᠭᠡᠷ᠎ᠡ ᠵᠠᠭᠤᠨ ᠤ ᠨᠠᠶᠠᠭᠠᠳ ᠤᠨ ᠠᠴᠠ ᠡᠬᠢᠯᠡᠭᠡᠳ ᠮᠤᠩᠭᠤᠯ | ᠰᠤᠷᠪᠤᠯᠵᠢ ᠪᠢᠴᠢᠭ ᠤᠨ ᠴᠢᠭᠯᠡᠯ ᠢᠶᠠᠷ ᠠᠰᠫᠢᠷᠡᠨᠲ ᠬᠦᠮᠦᠵᠢᠬᠦᠯᠦᠭᠰᠡᠨ᠂ 2000 ᠤᠨ ᠠᠴᠠ ᠨᠠᠭᠠᠰᠢ᠂ ᠡᠨᠡ | ᠴᠢᠭᠯᠡᠯ ᠢᠶᠠᠷ ᠳ᠋ᠤᠺᠲ᠋ᠤᠷᠠᠨᠲ ᠬᠦᠮᠦᠵᠢᠬᠦᠯᠵᠤ ᠡᠬᠢᠯᠡᠭᠰᠨᠨ ᠶᠤᠮ᠃ ᠲᠡᠬᠡᠬᠡᠳ ᠠᠵᠢᠯ ᠠᠴᠠ ᠪᠠᠨ ᠠᠮᠠᠷᠠᠬᠤ ᠪᠤᠯᠳᠠᠯ᠎ᠠ | ᠨᠡᠶᠢᠳᠡ 22 ᠠᠰᠫᠢᠷᠠᠨᠲ᠂ 16 ᠳ᠋ᠤᠺᠲ᠋ᠤᠷᠠᠨᠲ ᠬᠦᠮᠦᠵᠢᠬᠦᠯᠦᠭᠰᠡᠨ ᠪᠠᠶᠢᠨ᠎ᠠ᠃ ᠤᠳᠤ ᠡᠳᠡᠬᠡᠷ ᠬᠦᠮᠦᠰ᠂ ᠦᠪᠦᠷ | ᠮᠤᠩᠭᠤᠯ᠂ ᠬᠦᠬᠡᠨᠠᠭᠤᠷ᠂ ᠯᠠᠨᠵᠧᠦ᠂ ᠪᠡᠬᠡᠵᠢᠩ ᠵᠡᠷᠬᠡ ᠭᠠᠵᠠᠷ ᠤᠷᠤᠨ ᠤ ᠮᠤᠩᠭᠤᠯ ᠬᠡᠯᠡ ᠤᠳᠬ᠎ᠠ ᠵᠤᠬᠢᠶᠠᠯ ᠤᠨ | ᠲᠤᠰᠬᠠᠢ ᠮᠡᠷᠬᠡᠵᠢᠯ ᠪᠠᠶᠢᠭ᠎ᠠ ᠶᠡᠭᠡ ᠰᠤᠷᠭᠠᠭᠤᠯᠢ ᠵᠢᠴᠢ ᠡᠷᠳᠡᠮ ᠰᠢᠨᠵᠢᠯᠡᠬᠡᠨ ᠤ ᠪᠠᠶᠢᠭᠤᠯᠭ᠎ᠠ ᠨᠤᠭᠤᠳ ᠲᠤ ᠮᠤᠩᠭᠤᠯ | ᠰᠤᠷᠪᠤᠯᠵᠢ ᠪᠢᠴᠢᠭ ᠤᠨ ᠰᠤᠳᠤᠯᠤᠯ ᠤᠨ ᠴᠢᠭᠯᠡᠯ ᠢᠶᠠᠷ ᠭᠤᠤᠯᠯᠠᠬᠴᠢ ᠬᠦᠴᠦᠨ ᠪᠤᠯᠵᠤ ᠪᠠᠶᠢᠨ᠎ᠠ᠃ | ᠮᠤᠩᠭᠤᠯᠴᠤᠳ ᠮᠢᠩᠭ᠎ᠠ ᠰᠢᠬᠠᠮ ᠤᠨ ᠤ ᠲᠤᠷᠰᠢᠳᠠ ᠮᠤᠩᠭᠤᠯ ᠦᠰᠦᠭ᠂ ᠲᠦᠷᠪᠡᠯᠵᠢᠨ ᠦᠰᠦᠭ᠂ | ᠲᠤᠳᠤ ᠦᠰᠦᠭ᠂ ᠰᠤᠶᠤᠮᠪᠤ ᠦᠰᠦᠭ᠂ ᠸᠠᠬᠢᠨᠳᠠᠷᠠ ᠦᠰᠦᠭ ᠤᠨ ᠵᠡᠷᠬᠡ ᠤᠯᠠᠨ ᠵᠦᠢᠯ ᠤᠨ ᠦᠰᠦᠭ ᠪᠢᠴᠢᠭ ᠢ | ᠬᠡᠷᠡᠭᠯᠡᠵᠤ ᠡᠯᠪᠡᠭ ᠪᠠᠶᠠᠯᠢᠭ ᠰᠤᠷᠪᠤᠯᠵᠢ ᠪᠢᠴᠢᠭ ᠤᠳ ᠢ ᠦᠯᠡᠳᠡᠭᠡᠭᠰᠡᠨ ᠶᠤᠮ᠃ ᠡᠳᠡᠬᠡᠷ ᠰᠤᠷᠪᠤᠯᠵᠢ ᠪᠢᠴᠢᠭ ᠤᠳ | ᠪᠤᠯ ᠮᠤᠩᠭᠤᠯ ᠦᠨᠳᠦᠰᠦᠳᠡᠨ ᠤ ᠤᠶᠤᠨ ᠤ ᠪᠠ ᠰᠤᠶᠤᠯ ᠤᠨ ᠦᠨᠡᠳᠤ ᠦᠪ ᠬᠦᠷᠦᠩᠬᠡ ᠮᠦᠨ᠃ ᠮᠦᠨ ᠴᠤ ᠪᠦᠬᠦ | ᠬᠦᠮᠦᠨ ᠲᠦᠷᠦᠯᠬᠢᠳᠡᠡ ᠤ ᠤᠶᠤᠨ ᠤ ᠪᠠ ᠰᠤᠶᠤᠯ ᠤᠨ ᠦᠪ ᠬᠦᠷᠦᠩᠬᠡ ᠶᠢᠨ ᠲᠤᠳᠤᠷᠠᠬᠢ ᠴᠢᠬᠤᠯᠠ ᠪᠦᠷᠢᠯᠳᠦᠬᠦᠨ | ᠬᠡᠰᠡᠭ ᠪᠤᠯᠤᠨ᠎ᠠ᠃ ᠡᠳᠡᠬᠡᠷ ᠮᠤᠩᠭᠤᠯ ᠰᠤᠷᠪᠤᠯᠵᠢ ᠪᠢᠴᠢᠭ ᠤᠳ ᠢ ᠬᠡᠷᠬᠢᠨ ᠦᠨᠢ ᠮᠦᠩᠬᠡᠳᠡ ᠬᠠᠳᠠᠭᠠᠯᠠᠬᠤ ᠪᠦᠬᠡᠳ | ᠮᠤᠩᠭᠤᠯ ᠰᠤᠶᠤᠯ ᠤᠨ ᠪᠠᠶᠢᠭᠤᠯᠤᠯᠳᠠ ᠶᠢᠨ ᠦᠢᠯᠡᠰ ᠤᠨ ᠲᠤᠮᠳᠠ ᠲᠡᠬᠦᠨ ᠤ ᠦᠢᠯᠡᠳᠦᠯ ᠢ ᠪᠦᠷᠢᠨ ᠰᠠᠶᠢᠨ | ᠪᠠᠳᠠᠷᠠᠭᠤᠯᠵᠤ ᠴᠢᠳᠠᠬᠤ ᠪᠤᠢ︖ ᠡᠨᠡ ᠪᠤᠯ ᠮᠤᠩᠭᠤᠯ ᠰᠤᠷᠪᠤᠯᠵᠢ ᠪᠢᠴᠢᠭ ᠤᠨ ᠮᠠᠨᠳᠤᠯᠡᠭᠰᠡᠨ ᠲᠡᠷᠡ ᠡᠳᠦᠷ ᠠᠴᠠ | ᠡᠬᠢᠯᠡᠨ ᠲᠤᠷᠠᠳᠤᠬᠳᠠᠬᠰᠠᠨ ᠪᠦᠬᠡᠳ ᠲᠡᠯᠪᠢᠬᠳᠡᠬᠰᠠᠨ ᠲᠡᠷᠡ ᠮᠦᠷᠳᠡᠬᠡᠨ ᠡᠳᠦᠢ ᠳᠤ ᠬᠦᠷᠳᠡᠯ᠎ᠡ ᠰᠢᠢᠳᠪᠦᠷᠢᠯᠡᠭᠳᠡᠭᠡ | ᠦᠬᠡᠢ ᠪᠠᠶᠢᠭ᠎ᠠ ᠪᠡᠷᠬᠡ ᠠᠰᠠᠭᠤᠳᠠᠯ ᠪᠤᠯᠤᠨ᠎ᠠ᠃ | ᠮᠤᠩᠭᠤᠯᠴᠤᠳ ᠤᠨ ᠨᠡᠬᠦᠳᠡᠯ ᠮᠠᠯᠵᠢᠯ ᠤᠨ ᠠᠵᠤ ᠠᠬᠤᠢ ᠶᠢᠨ ᠬᠦᠳᠡᠯᠦᠩᠬᠦᠢ ᠤᠨᠴᠠᠯᠢᠭ ᠪᠤᠯᠤᠨ | ᠲᠠᠶᠢᠨ ᠲᠠᠵᠢᠨ ᠮᠡᠳᠤ ᠶᠢᠨ ᠨᠡᠶᠢᠬᠡᠮ ᠤᠨ ᠰᠠᠮᠠᠭᠤᠨ ᠲᠦᠷᠪᠡᠭᠡᠨ ᠠᠴᠠ ᠪᠤᠯᠵᠤ ᠮᠢᠩᠭ᠎ᠠ ᠭᠠᠷᠤᠢ ᠤᠨ ᠤ | ᠬᠤᠭᠤᠷᠤᠨᠳᠤ ᠬᠡᠬᠡᠭᠳᠡᠵᠤ ᠦᠷᠡᠭᠳᠡᠭᠰᠡᠨ ᠮᠤᠩᠭᠤᠯ ᠰᠤᠷᠪᠤᠯᠵᠢ ᠪᠢᠴᠢᠭ ᠤᠨ ᠲᠤᠭ᠎ᠠ ᠨᠢ ᠤᠯᠠᠮᠵᠢᠯᠠᠬᠳᠠᠵᠤ ᠢᠷᠡᠭᠰᠡᠨ | ᠮᠤᠩᠭᠤᠯ ᠰᠤᠷᠪᠤᠯᠵᠢ ᠪᠢᠴᠢᠭ ᠤᠨ ᠲᠤᠭ᠎ᠠ ᠠᠴᠠ ᠬᠤᠯᠠ ᠤᠯᠠᠨ ᠬᠡᠵᠤ ᠬᠡᠯᠡᠵᠤ ᠪᠤᠯᠤᠨ᠎ᠠ᠃ ᠲᠡᠶᠢᠮᠦ ᠮᠦᠷᠳᠡᠬᠡᠨ | ᠪᠢᠳᠡ ᠮᠤᠩᠭᠤᠯ ᠦᠨᠳᠦᠰᠦᠳᠡᠨ ᠤ ᠤᠯᠠᠮᠵᠢᠯᠠᠯᠳᠤ ᠰᠤᠶᠤᠯ ᠤᠨ ᠬᠠᠮᠤᠭ ᠤᠨ ᠴᠢᠬᠤᠯᠠ ᠠᠴᠢᠶᠠᠯᠠᠪᠤᠷᠢ ᠪᠠ ᠦᠪ | ᠬᠦᠷᠦᠩᠬᠡ ᠪᠤᠯᠤᠬᠰᠠᠨ ᠮᠤᠩᠭᠤᠯ ᠰᠤᠷᠪᠤᠯᠵᠢ ᠪᠢᠴᠢᠭ ᠢᠶᠠᠨ ᠬᠠᠷᠠᠬᠠᠨ ᠬᠦᠢᠴᠡᠳ ᠠᠰᠢᠬᠯᠠᠵᠤ ᠴᠢᠳᠠᠭ᠎ᠠ ᠦᠬᠡᠢ | ᠪᠠᠶᠢᠬᠰᠠᠭᠠᠷ᠃ ᠤᠳᠤ ᠪᠢᠳᠡᠨ ᠳᠤ ᠮᠤᠩᠭᠤᠯ ᠰᠤᠷᠪᠤᠯᠵᠢ ᠪᠢᠴᠢᠭ ᠤᠳ ᠢᠶᠠᠨ ᠦᠨᠢ ᠮᠦᠩᠬᠡ ᠬᠠᠳᠠᠭᠠᠯᠠᠬᠤ᠂ | ᠪᠦᠷᠢᠨ ᠬᠦᠢᠴᠡᠳ ᠠᠰᠢᠬᠯᠠᠬᠤ ᠨᠦᠬᠦᠴᠡᠯ ᠲᠠᠢ ᠪᠤᠯᠤᠯ᠎ᠠ᠃ ᠡᠨᠡ ᠨᠢ ᠮᠤᠩᠭᠤᠯ ᠰᠤᠷᠪᠤᠯᠵᠢ ᠪᠢᠴᠢᠭ ᠤᠨ ᠤᠭ | ᠡᠬᠡ ᠶᠢ ᠬᠡᠷᠡᠯ ᠵᠢᠷᠤᠬ ᠢᠶᠠᠷ ᠬᠡᠪᠯᠡᠬᠦᠯᠬᠦ᠂ ᠳ᠋ᠠᠶᠢᠲ᠋ᠠ ᠬᠦᠮᠦᠷᠬᠡ ᠳᠤ ᠤᠷᠤᠭᠤᠯᠬᠤ ᠮᠡᠷᠬᠡᠵᠢᠯ ᠪᠤᠯᠤᠨ᠎ᠠ᠃ ᠡᠶᠢᠨ ᠬᠦ᠂ | ᠤᠳᠤ ᠤᠯᠠᠨ ᠤᠯᠤᠰ ᠤᠨ ᠮᠤᠩᠭᠤᠯᠴᠢ ᠡᠷᠳᠡᠮᠳᠡᠨ ᠬᠠᠮᠳᠤᠷᠠᠨ ︽ᠮᠤᠩᠭᠤᠯ ᠰᠤᠷᠪᠤᠯᠵᠢ ᠪᠢᠴᠢᠭ ᠤᠨ ᠴᠢᠭᠤᠯᠭᠠᠨ︾ | ᠬᠡᠬᠦ ᠲᠤᠮᠤ ᠪᠦᠳᠦᠬᠡᠯ ᠢ ᠬᠡᠪᠯᠡᠬᠦᠯᠬᠦ ᠠᠵᠢᠯ ᠢ ᠬᠢᠵᠤ ᠪᠠᠶᠢᠨ᠎ᠠ᠂ ᠡᠬᠦᠨ ᠳᠤ ᠮᠢᠨᠦ ᠪᠠᠷ ᠶᠠᠷᠦᠩᠬᠡᠢ | ᠨᠠᠶᠢᠷᠠᠭᠤᠯᠤᠬᠴᠢ ᠪᠠᠷ ᠠᠵᠢᠯᠯᠠᠵᠤ ᠪᠠᠶᠢᠨ᠎ᠠ᠂ ᠡᠨᠡ ᠪᠤᠯ ᠤᠯᠠᠨ ᠤᠯᠤᠰ ᠤᠨ ᠮᠤᠩᠭᠤᠯᠴᠢ ᠡᠷᠳᠡᠮᠳᠡᠳ ᠤᠨ | ᠬᠠᠮᠳᠤ ᠶᠢᠨ ᠪᠦᠳᠦᠬᠡᠯ ᠪᠤᠯᠬᠤ ᠶᠤᠮ᠃ | ᠲᠤᠰ ᠴᠤᠪᠤᠷᠠᠯ ᠨᠤᠮ ᠤᠳᠤ 30 ᠪᠤᠳᠢ ᠬᠡᠪᠯᠡᠭᠳᠡᠬᠡᠳ ᠪᠤᠢ᠃ ᠡᠬᠦᠨ ᠳᠤ᠂ ᠮᠤᠩᠭᠤᠯ ᠲᠡᠦᠬᠡᠨ | ᠵᠤᠬᠢᠶᠠᠯ᠂ ᠤᠷᠠᠨ ᠵᠤᠬᠢᠶᠠᠯ᠂ ᠡᠮ ᠡᠮᠨᠡᠯᠬᠡ ᠶᠢᠨ ᠵᠤᠬᠢᠶᠠᠯ᠂ ᠲᠤᠯᠢ ᠪᠢᠴᠢᠭ ᠮᠡᠳᠤ ᠶᠢᠨ ᠤᠯᠠᠨ ᠠᠭᠤᠯᠭ᠎ᠠ ᠪᠠᠶᠢᠨ᠎ᠠ᠃ | ᠤᠳᠤᠬᠠᠨ ᠳᠠᠭᠠᠨ ᠲᠦᠷᠦᠯ ᠬᠤᠪᠢᠶᠠᠵᠤ ᠲᠡᠰ ᠲᠡᠷᠡᠭᠠᠯᠠᠭᠤᠯᠤᠨ ᠬᠡᠪᠯᠡᠵᠤ ᠲᠡᠶᠢᠯᠬᠦ ᠦᠬᠡᠢ᠃ ᠭᠤᠤᠯᠳᠠᠭᠤ | ᠤᠯᠳᠠᠭᠠᠳ ᠪᠠᠶᠢᠭ᠎ᠠ ᠵᠦᠢᠯ ᠢᠶᠠᠨ ᠯᠡ ᠬᠡᠪᠯᠡᠵᠤ ᠪᠠᠶᠢᠨ᠎ᠠ᠃ ︽ᠮᠤᠩᠭᠤᠯ ᠰᠤᠷᠪᠤᠯᠵᠢ ᠪᠢᠴᠢᠭ ᠤᠨ ᠴᠢᠭᠤᠯᠭᠠᠨ︾ | ᠳᠤ ᠤᠳᠤ ᠦᠪᠦᠷ ᠮᠤᠩᠭᠤᠯ ᠳᠤ ᠨᠢᠬᠡᠨᠳᠡ ᠬᠡᠪᠯᠡᠬᠦᠯᠦᠭᠰᠡᠨ ᠪᠤᠶᠤ ᠬᠡᠪᠯᠡᠬᠦᠯᠬᠦ ᠬᠡᠵᠤ ᠪᠠᠶᠢᠭ᠎ᠠ ︽ᠲᠠᠶᠢᠴᠢᠩ | ᠤᠯᠤᠰ ᠤᠨ ᠮᠠᠭᠠᠳ ᠬᠠᠦᠯᠢ︾᠂ ︽ᠭᠠᠨᠵᠤᠤᠷ︾᠂ ︽ᠳ᠋ᠠᠨᠵᠤᠤᠷ︾ ᠤᠨ ᠪᠦᠷᠢᠨ ᠬᠡᠪᠯᠡᠯ ᠠᠴᠠ ᠪᠤᠰᠤᠳ᠂ 13 — | 20 ᠳ᠋ᠤᠭᠠᠷ ᠵᠠᠭᠤᠨ ᠤ ᠭᠤᠴᠢ ᠲᠦᠴᠢᠭᠡᠳ ᠤᠨ ᠬᠦᠷᠳᠡᠯᠡᠬᠢ ᠦᠶ᠎ᠠ ᠶᠢᠨ ᠮᠤᠩᠭᠤᠯ ᠦᠰᠦᠭ ᠤᠨ᠂ | ᠲᠦᠷᠪᠡᠯᠵᠢᠨ ᠦᠰᠦᠭ ᠤᠨ᠂ ᠲᠤᠳᠤ ᠦᠰᠦᠭ ᠤᠨ᠂ ᠰᠤᠶᠤᠮᠪᠤ ᠦᠰᠦᠭ ᠤᠨ᠂ ᠸᠠᠬᠢᠨᠳᠠᠷᠠ ᠦᠰᠦᠭ ᠤᠨ ᠮᠤᠩᠭᠤᠯ | ᠰᠤᠷᠪᠤᠯᠵᠢ ᠪᠢᠴᠢᠭ ᠤᠳ ᠢ ᠬᠤᠷᠢᠶᠠᠨ ᠤᠷᠤᠭᠤᠯᠬᠤ ᠶᠢ ᠵᠤᠷᠢᠵᠠᠢ᠃ ᠲᠡᠶᠢᠮᠦ ᠮᠦᠷᠳᠡᠬᠡᠨ ᠲᠤᠰ ᠴᠢᠭᠤᠯᠭᠠᠨ ᠳᠤ | ᠤᠷᠤᠬᠤ ᠪᠦᠬᠦ ᠨᠤᠮ ᠵᠤᠬᠢᠶᠠᠯ ᠤᠳ ᠢ ᠨᠤᠮ ᠪᠤᠯᠭᠠᠨ ᠬᠡᠪᠯᠡᠬᠦᠯᠬᠦ ᠶᠢᠨ ᠬᠠᠮᠳᠤ ᠳ᠋ᠠᠶᠢᠲ᠋ᠠ ᠬᠦᠮᠦᠷᠬᠡ ᠳᠤ ᠬᠠᠳᠠᠭᠠᠯᠠᠨ᠎ᠠ | ᠃ ᠡᠬᠡ ᠪᠢᠴᠢᠭ ᠢ ᠴᠦᠮ ᠮᠤᠩᠭᠤᠯ ᠢᠶᠠᠷ ᠪᠡᠯᠡᠳᠬᠡᠵᠤ᠂ ᠪᠤᠰᠤᠳ ᠤᠯᠤᠰ ᠤᠷᠤᠨ ᠤ ᠡᠷᠳᠡᠮᠳᠡᠳ ᠤᠨ ᠪᠢᠴᠢᠭᠰᠡᠨ | ᠦᠬᠡᠷ᠎ᠡ ᠬᠡᠯᠡᠨ ᠤ ᠡᠬᠡ ᠪᠢᠴᠢᠭ ᠤᠳ ᠢ ᠨᠠᠶᠢᠷᠠᠭᠤᠯᠤᠨ ᠪᠢᠴᠢᠬᠦ ᠺᠤᠮᠢᠰ ᠠᠴᠠ ᠲᠤᠰᠬᠠᠢ ᠬᠦᠮᠦᠨ ᠲᠤᠬᠢᠷᠠᠭᠤᠯᠤᠨ | ᠮᠤᠩᠭᠤᠯ ᠢᠶᠠᠷ ᠪᠠᠭᠤᠯᠭᠠᠬᠤ ᠪᠤᠶᠤ ᠤᠷᠴᠢᠭᠤᠯᠵᠠᠢ᠃ ᠲᠡᠶᠢᠮᠦ ᠮᠦᠷᠳᠡᠬᠡᠨ ᠲᠤᠰ ᠴᠤᠪᠤᠷᠠᠯ ᠨᠤᠮ ᠢ ᠲᠠᠪᠤᠨ | ᠬᠡᠰᠡᠭᠯᠡᠯ ᠢᠶᠠᠷ ᠨᠠᠶᠢᠷᠠᠭᠤᠯᠵᠤ ᠪᠠᠶᠢᠨ᠎ᠠ᠃ ᠲᠠᠷᠤᠢ ᠤᠷᠤᠰᠢᠯ᠂ ᠤᠭ ᠡᠬᠡ᠂ ᠯᠠᠲ᠋ᠢᠨᠴᠢᠯᠠᠭᠠ᠂ ᠦᠬᠡᠰ ᠤᠨ ᠲᠡᠶᠢᠯᠪᠤᠷᠢ | ︵ᠵᠡᠬᠦᠯᠳᠡ︶ ᠪᠠ ᠦᠬᠡᠰ ᠤᠨ ᠬᠡᠯᠬᠢᠶᠡᠰᠦ ᠬᠡᠬᠦ ᠬᠡᠰᠡᠭ ᠢᠶᠠᠷ ᠪᠦᠷᠢᠯᠳᠦᠭᠰᠡᠨ ᠨᠢ ᠦᠩᠬᠡᠷᠡᠭᠰᠡᠨ ᠤ ᠰᠤᠷᠪᠤᠯᠵᠢ | ᠪᠢᠴᠢᠭ ᠤᠳ ᠤᠨ ᠬᠡᠪᠯᠡᠯ ᠠᠴᠠ ᠤᠨᠴᠠᠯᠠᠬᠳᠠᠵᠤ ᠲᠡᠬᠦᠯᠳᠡᠷᠵᠢᠭᠰᠡᠨ ᠪᠠᠶᠢᠨ᠎ᠠ᠃ ᠢᠷᠡᠬᠦ ᠵᠢᠯ ᠪᠠᠰᠠ 30 ᠪᠤᠳᠢ ᠶᠢ | ᠬᠡᠪᠯᠡᠬᠦ ᠪᠠᠷ ᠠᠭᠤᠯᠭ᠎ᠠ ᠨᠢᠬᠡᠨᠳᠡ ᠦᠨᠳᠦᠰᠦᠨ ᠳᠡᠭᠡᠨ ᠪᠦᠷᠢᠳᠦᠬᠡᠳ ᠪᠠᠶᠢᠨ᠎ᠠ᠃ ᠡᠬᠦᠨ ᠤ ᠲᠠᠷᠠᠭ᠎ᠠ ᠪᠠᠰᠠ 48 | ᠪᠤᠳᠢ ᠶᠢ ᠬᠡᠪᠯᠡᠵᠤ ᠨᠠᠶᠢᠳᠠ 108 ᠪᠤᠳᠢ ᠶᠢ ᠬᠡᠪᠯᠡᠬᠦ ᠲᠦᠯᠦᠪᠯᠡᠭᠡ ᠲᠠᠢ᠂ ᠬᠡᠬᠦ ᠳᠡᠭᠡᠨ ᠮᠤᠩᠭᠤᠯ ᠰᠤᠷᠪᠤᠯᠵᠢ | ᠪᠢᠴᠢᠭ ᠡᠬᠦᠪᠡᠷ ᠵᠤᠬᠰᠤᠬᠤ ᠶᠤᠮ ᠪᠢᠰᠢ᠂ ᠤᠳᠤᠬᠠᠨ ᠳᠠᠭᠠᠨ ᠤᠯᠠᠨ ᠤᠯᠤᠰ ᠤᠨ ᠬᠡᠪᠴᠢᠶᠠᠨᠠ ᠬᠠᠳᠠᠭᠠᠯᠠᠭᠳᠠᠵᠤ | ᠪᠠᠶᠢᠭ᠎ᠠ ᠮᠤᠩᠭᠤᠯ ᠰᠤᠷᠪᠤᠯᠵᠢ ᠪᠢᠴᠢᠭ ᠢ ᠨᠠᠷᠢᠨ ᠪᠦᠷᠢᠳᠭᠡᠬᠦᠶᠠ ᠪᠡᠷᠬᠡ᠃ | ︽ᠮᠤᠩᠭᠤᠯ ᠰᠤᠷᠪᠤᠯᠵᠢ ᠪᠢᠴᠢᠭ ᠤᠨ ᠴᠢᠭᠤᠯᠭᠠᠨ︾ ᠢ ᠨᠠᠶᠢᠷᠠᠭᠤᠯᠤᠨ ᠬᠡᠪᠯᠡᠬᠦᠯᠬᠦ ᠪᠤᠯ ᠮᠤᠩᠭᠤᠯ | ᠰᠤᠷᠪᠤᠯᠵᠢ ᠪᠢᠴᠢᠭ ᠤᠨ ᠰᠤᠳᠤᠯᠤᠯ ᠤᠨ ᠲᠡᠦᠬᠡᠨ ᠲᠡᠭᠡᠷ᠎ᠡ᠂ ᠪᠦᠬᠦ᠋ᠢᠯᠡ ᠮᠤᠩᠭᠤᠯ ᠰᠤᠳᠤᠯᠤᠯ ᠤᠨ ᠲᠡᠦᠬᠡᠨ ᠲᠡᠬᠡᠷ᠎ᠡ | ᠤᠷᠢᠳ ᠡᠮᠦᠨ᠎ᠡ ᠪᠠᠶᠢᠭ᠎ᠠ ᠦᠬᠡᠢ ᠰᠤᠶᠤᠯ ᠤᠨ ᠪᠠᠶᠢᠭᠤᠯᠤᠯᠳᠠ ᠶᠢᠨ ᠰᠠᠭᠤᠷᠢ ᠪᠠᠷᠢᠯᠭ᠎ᠠ ᠶᠢᠨ ᠲᠤᠮᠤ ᠠᠵᠢᠯ ᠮᠦᠨ᠂ | ᠦᠨᠢ ᠮᠦᠩᠬᠡ ᠶᠢᠨ ᠬᠡᠷᠡᠭᠯᠡᠬᠡᠨ ᠤ ᠠᠴᠢ ᠬᠤᠯᠪᠤᠬᠳᠠᠯ ᠪᠤᠯᠤᠨ ᠡᠷᠳᠡᠮ ᠰᠢᠨᠵᠢᠯᠡᠬᠡᠨ ᠤ ᠠᠴᠢ ᠬᠤᠯᠪᠤᠬᠳᠠᠯ ᠪᠦᠬᠦᠢ | ᠮᠤᠩᠭᠤᠯ ᠰᠤᠶᠤᠯ ᠤᠨ ᠪᠠᠶᠢᠭᠤᠯᠤᠯᠳᠠ ᠶᠢᠨ ᠲᠤᠮᠤ ᠦᠢᠯᠡᠰ ᠮᠦᠨ᠃ ᠲᠡᠶᠢᠮᠦ ᠮᠦᠷᠳᠡᠬᠡᠨ ᠡᠨᠡ ᠬᠦ ᠲᠤᠮᠤ | ᠪᠠᠷᠢᠯᠭ᠎ᠠ ᠨᠢ ᠪᠦᠬᠦ ᠲᠡᠯᠡᠬᠡᠢ ᠶᠢᠨ ᠪᠦᠬᠦ ᠮᠤᠩᠭᠤᠯᠴᠢ ᠡᠷᠳᠡᠮᠳᠡᠳ ᠤᠨ ᠬᠠᠮᠳᠤ ᠶᠢᠨ ᠪᠦᠳᠦᠬᠡᠯ ᠪᠤᠯᠬᠤ ᠶᠤᠮ᠃ | ᠲᠡᠶᠢᠨ ᠬᠦ ︽ᠮᠤᠩᠭᠤᠯ ᠰᠤᠷᠪᠤᠯᠵᠢ ᠪᠢᠴᠢᠭ ᠤᠨ ᠴᠢᠭᠤᠯᠭᠠᠨ︾ ᠮᠠᠨᠢ ᠦᠪᠦᠷ ᠮᠤᠩᠭᠤᠯ ᠤᠨ ᠦᠨᠳᠦᠰᠦᠳᠡᠨ ᠤ | ᠰᠤᠶᠤᠯ ᠤᠨ ᠬᠦᠴᠦᠷᠬᠡᠭ ᠤᠷᠤᠨ ᠢ ᠪᠠᠶᠢᠭᠤᠯᠬᠤ ᠲᠡᠦᠬᠡᠨ ᠶᠠᠪᠤᠴᠠ ᠳᠤ᠂ ᠲᠤᠮᠳᠠᠳᠤ ᠤᠯᠤᠰ ᠤᠨ ᠮᠤᠩᠭᠤᠯ | ᠰᠤᠳᠤᠯᠤᠯ᠂ ᠴᠢᠨᠠᠬᠰᠢᠯᠠᠭᠠᠳ ᠤᠯᠠᠨ ᠤᠯᠤᠰ ᠤᠨ ᠮᠤᠩᠭᠤᠯ ᠰᠤᠳᠤᠯᠤᠯ ᠤᠨ ᠲᠡᠦᠬᠡᠨ ᠲᠡᠭᠡᠷ᠎ᠡ᠂ ᠴᠠᠭ ᠡᠷᠢᠨ ᠢ | ᠵᠠᠭᠠᠬᠯᠠᠬᠤ ᠬᠦᠰᠢᠶ᠎ᠠ ᠲᠤᠷᠠᠰᠬᠠᠯ ᠤᠨ ᠰᠢᠨᠵᠢᠳᠡᠢ ᠪᠡᠯᠬᠡ ᠲᠡᠮᠳᠡᠭ ᠪᠤᠯᠬᠤᠢᠢᠴᠠ ᠪᠦᠳᠦᠬᠡᠯ ᠪᠤᠯᠤᠨ ᠰᠦᠨᠳᠡᠷᠯᠡᠬᠦ ᠨᠢ | ᠯᠠᠪᠳᠠᠢ ᠶᠤᠮ᠃ | ᠰᠤᠷᠪᠤᠯᠵᠢᠯᠠᠬᠴᠢ᠄ ᠲᠠ᠂ ᠡᠷᠳᠡᠡ ᠤ ᠤᠷᠠᠨ ᠵᠤᠬᠢᠶᠠᠯ᠂ ᠮᠤᠩᠭᠤᠯ ᠰᠤᠷᠪᠤᠯᠵᠢ ᠪᠢᠴᠢᠭ ᠪᠤᠯ | ᠮᠤᠩᠭᠤᠯᠴᠤᠳ ᠤᠨ ᠡᠳ᠋ ᠤᠨ ᠪᠠ ᠤᠶᠤᠨ ᠤ ᠰᠤᠶᠤᠯ ᠲᠡᠦᠬᠡ ᠶᠢᠨ ᠪᠠᠶᠠᠨ ᠲᠠᠩᠰᠤᠭ ᠰᠠᠩ ᠬᠦᠮᠦᠷᠬᠡ᠂ | ᠦᠨᠳᠦᠰᠦᠳᠡᠨ ᠤ ᠰᠤᠶᠤᠯ ᠲᠡᠦᠬᠡ ᠶᠢᠨ ᠬᠠᠮᠤᠭ ᠤᠨ ᠢᠳᠡᠬᠡᠯ ᠨᠠᠶᠢᠳᠠᠪᠦᠷᠢᠳᠠᠢ ᠠᠴᠢᠶᠠᠯᠠᠬᠴᠢ ᠮᠦᠨ ᠬᠡᠵᠤ ᠬᠡᠯᠡᠭᠰᠡᠨ | ᠪᠠᠶᠢᠨ᠎ᠠ᠃ ᠲᠡᠬᠡᠪᠡᠯ᠂ ᠪᠢᠳᠠ ᠡᠨᠡ ᠬᠦ ᠲᠠᠯᠠᠢ ᠪᠠᠶᠠᠨ ᠦᠪ ᠰᠤᠶᠤᠯ ᠢᠶᠠᠨ ᠬᠠᠮᠠᠭᠠᠯᠠᠨ ᠤᠯᠠᠮᠵᠢᠯᠠᠬᠤ ᠶᠢᠨ ᠴᠠᠭᠠᠨᠠᠬᠢ | ᠤᠳᠬ᠎ᠠ ᠤᠴᠢᠷ ᠬᠡᠵᠤ ᠶᠠᠭᠤ ᠪᠢᠯᠠ︖ | ᠴ᠊᠂ ᠬᠡᠰᠢᠭᠳᠦᠭ᠌ᠳᠠᠬᠤ᠄ ᠮᠤᠩᠭᠤᠯ ᠡᠷᠳᠡᠨ ᠤ ᠤᠷᠠᠨ ᠵᠤᠬᠢᠶᠠᠯ᠂ ᠮᠤᠩᠭᠤᠯ ᠰᠤᠷᠪᠤᠯᠵᠢ ᠪᠢᠴᠢᠭ ᠤᠳ ᠨᠢ | ᠮᠢᠩᠭᠠᠨ ᠤᠨ ᠤ ᠲᠤᠷᠰᠢᠬᠢ ᠮᠤᠩᠭᠤᠯᠴᠤᠳ ᠤᠨ ᠨᠤᠳᠤᠭ ᠤᠰᠤ᠂ ᠬᠡᠯᠡ ᠰᠤᠶᠤᠯ᠂ ᠱᠠᠰᠢᠨ ᠰᠤᠷᠳᠠᠬᠤᠨ᠂ | ᠤᠤᠭᠠᠯ ᠲᠦᠷᠬᠦ ᠶᠢ ᠮᠡᠷᠳᠡᠯ ᠦᠬᠡᠢ᠂ ᠬᠡᠬᠡᠭᠳᠡᠬᠦᠯᠦᠯ ᠦᠬᠡᠢ᠂ ᠬᠤᠪᠢᠷᠠᠭᠤᠯᠤᠯ ᠦᠬᠡᠢ ᠪᠠᠷ ᠠᠴᠢᠵᠤ ᠢᠷᠡᠭᠰᠡᠨ | ᠠᠭᠤᠤ ᠶᠡᠭᠡ ᠬᠦᠯᠬᠡ ᠤᠩᠭᠤᠴᠠ ᠮᠦᠨ᠃ ᠡᠳᠡᠬᠡᠷ ᠰᠤᠷᠪᠤᠯᠵᠢ ᠪᠢᠴᠢᠭ ᠤᠳ ᠪᠤᠯ ᠮᠤᠩᠭᠤᠯ ᠦᠨᠳᠦᠰᠦᠳᠡᠨ ᠤ | ᠤᠶᠤᠨ ᠤ ᠪᠠ ᠰᠤᠶᠤᠯ ᠤᠨ ᠦᠨᠡᠳᠤ ᠦᠪ ᠬᠦᠷᠦᠩᠬᠡ ᠮᠦᠨ᠃ ᠮᠦᠨ ᠴᠤ ᠪᠦᠬᠦ ᠬᠦᠮᠦᠨ ᠲᠦᠷᠦᠯᠬᠢᠳᠡᠡ ᠤ | ᠤᠶᠤᠨ ᠤ ᠪᠠ ᠰᠤᠶᠤᠯ ᠤᠨ ᠦᠪ ᠬᠦᠷᠦᠩᠬᠡ ᠶᠢᠨ ᠲᠤᠳᠤᠷᠠᠬᠢ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠡᠨᠡ | ᠪᠤᠯ ᠮᠠᠨ ᠤ ᠤᠮᠤᠬᠰᠢᠯ᠂ ᠮᠦᠨ ᠴᠤ ᠮᠠᠨ ᠤ ᠰᠤᠶᠤᠯ ᠤᠨ ᠢᠳᠡᠬᠡᠯ ᠤᠨ ᠡᠬᠢ ᠪᠤᠯᠠᠭ ᠮᠦᠨ᠃ ᠰᠤᠶᠤᠯ ᠪᠤᠯ ᠨᠢᠬᠡ | ᠤᠯᠤᠰ ᠨᠢᠬᠡ ᠦᠨᠳᠦᠰᠦᠳᠡᠨ ᠤ ᠰᠦᠭ ᠰᠦᠨᠠᠰᠦ ᠮᠦᠨ᠃ ᠦᠪᠡᠷ ᠤᠨ ᠲᠡᠦᠬᠡ ᠰᠤᠶᠤᠯ ᠢᠶᠠᠨ ᠤᠷᠬᠢᠬᠤ ᠪᠤᠶᠤ | ᠲᠡᠬᠦᠨ ᠠᠴᠠ ᠲᠡᠷᠰᠯᠡᠬᠦ ᠦᠨᠳᠦᠰᠦᠳᠡᠨ ᠬᠦᠭᠵᠢᠵᠤ ᠴᠢᠳᠠᠬᠤ ᠦᠬᠡᠢ ᠪᠠᠷ ᠪᠠᠷᠠᠬᠤ ᠦᠬᠡᠢ ᠲᠡᠦᠬᠡ ᠶᠢᠨ ᠭᠤᠨᠢᠬᠳᠤ | ᠵᠦᠴᠦᠬᠡ ᠶᠢ ᠲᠤᠬᠯᠠᠵᠤ ᠮᠡᠳᠡᠨ᠎ᠡ᠃ ᠡᠶᠢᠮᠦ ᠠᠴᠠ ᠪᠢᠳᠡ ᠡᠷᠳᠡᠨ ᠤ ᠤᠷᠨᠨ ᠵᠤᠬᠢᠶᠠᠯ᠂ ᠡᠷᠳᠡᠨ ᠤ ᠦᠬᠡ ᠬᠡᠯᠡ᠂ | ᠡᠷᠳᠡᠨ ᠤ ᠲᠡᠦᠬᠡ ᠰᠤᠶᠤᠯ ᠵᠡᠷᠬᠡ ᠲᠠᠯ᠎ᠠ ᠶᠢᠨ ᠵᠢᠭᠠᠨ ᠰᠤᠷᠭᠠᠯᠳᠠ ᠪᠠᠨ ᠡᠷᠬᠡᠪᠰᠢ ᠴᠢᠩᠭᠠᠳᠬᠠᠬᠤ ᠬᠡᠷᠡᠭᠳᠡᠢ᠃ | ᠡᠳᠡᠭᠡᠷ ᠢᠶᠠᠨ ᠮᠡᠳᠡᠵᠤ ᠠᠪᠤᠮᠠᠨᠵᠢᠨ ᠰᠠᠶ᠋ᠢ ᠦᠪᠡᠷ ᠤᠨ ᠰᠤᠶᠤᠯ ᠤᠨ ᠢᠳᠡᠬᠡᠯ ᠢᠶᠠᠨ ᠴᠢᠨᠠᠬᠰᠢᠳᠠ ᠪᠠᠳᠤᠳᠬᠠᠵᠤ᠂ | ᠨᠠᠩ ᠰᠢᠨᠳᠠᠰᠦ ᠲᠠᠢ᠂ ᠦᠪᠡᠷᠮᠢᠴᠡ ᠤᠨᠴᠠᠯᠢᠭ ᠲᠠᠢ᠂ ᠴᠤᠭ ᠵᠢᠪᠬᠤᠭ᠎ᠠ ᠲᠠᠢ ᠰᠤᠶᠤᠯ ᠤᠳᠬ᠎ᠠ ᠤᠷᠠᠯᠢᠭ ᠤᠨ | ᠪᠦᠳᠦᠬᠡᠯ ᠢ ᠲᠠᠰᠤᠷᠠᠯᠳᠠ ᠦᠬᠡᠢ ᠪᠦᠳᠦᠬᠡᠵᠤ ᠴᠢᠳᠠᠨ᠎ᠠ᠃ | ᠮᠢᠨᠦ ᠪᠡᠶ᠎ᠠ 1966 ᠤᠨ ᠤ 6 ᠰᠠᠷ᠎ᠠ᠂ ᠲᠦᠪ ᠤᠨ ᠦᠨᠳᠦᠰᠦᠳᠡᠨ ᠤ ᠲᠡᠬᠡᠳᠤ ᠰᠤᠷᠭᠠᠭᠤᠯᠢ ᠶᠢᠨ | ᠮᠤᠩᠭᠤᠯ ᠬᠡᠯᠡ ᠤᠳᠬ᠎ᠠ ᠵᠤᠬᠢᠶᠠᠯ ᠤᠨ ᠠᠩᠬᠢ ᠶᠢᠨ ᠲᠠᠪᠤᠨ ᠵᠢᠯ ᠤᠨ ᠰᠤᠷᠤᠯᠭ᠎ᠠ ᠶᠢᠨ ᠬᠤᠭᠤᠴᠠᠭ᠎ᠠ ᠪᠠᠨ | ᠲᠡᠬᠦᠰᠬᠡᠬᠡᠳ ᠰᠤᠷᠭᠠᠭᠤᠯᠢ ᠳᠠᠭᠠᠨ ᠦᠯᠡᠳᠡᠨ ᠪᠠᠭᠰᠢᠯᠠᠪᠠ᠃ 1977 ᠤᠨ ᠳᠤ ᠰᠤᠷᠭᠠᠭᠤᠯᠢ ᠶᠢᠨ ᠬᠢᠴᠢᠶᠠᠯ | ᠬᠦᠮᠦᠵᠢᠯ ᠤᠨ ᠠᠵᠢᠯ ᠬᠡᠪ ᠤᠨ ᠪᠠᠶᠢᠳᠠᠯ ᠳᠤ ᠤᠷᠤᠬᠤ ᠶᠢ ᠲᠠᠭᠠᠯᠳᠤᠨ ᠮᠢᠨᠦ ᠡᠷᠳᠡᠨ ᠤ ᠤᠳᠬ᠎ᠠ ᠵᠤᠬᠢᠶᠠᠯ ᠤᠨ | ᠵᠢᠭᠠᠨ ᠰᠤᠷᠭᠠᠯᠳᠠ ᠵᠢᠴᠢ ᠡᠷᠳᠡᠮ ᠰᠢᠨᠵᠢᠯᠡᠬᠡᠨ ᠤ ᠠᠵᠢᠯ ᠴᠤ ᠲᠡᠷᠡ ᠦᠶ᠎ᠠ ᠠᠴᠠ ᠡᠭᠢᠯᠡᠭᠰᠡᠨ ᠶᠤᠮ᠃ 1980 | ᠤᠨ ᠳᠤ᠂ ︽ᠨᠢᠬᠡᠳᠬᠡᠷᠡᠵᠤ ᠪᠦᠯᠬᠦᠮᠳᠡᠬᠦ ᠶᠢ ᠤᠷᠢᠶᠠᠯᠠᠬᠰᠠᠨ ᠪᠢᠴᠢᠭ — ︿ᠮᠤᠩᠭᠤᠯ ᠤᠨ ᠨᠢᠭᠤᠴᠠ ᠲᠤᠪᠴᠢᠶᠠᠨ | ﹀ ᠤ ᠭᠤᠤᠯ ᠦᠵᠡᠯ ᠰᠠᠨᠠᠭ᠎ᠠ︾ ᠬᠡᠮᠡᠬᠦ ᠠᠩᠬᠠᠳᠠᠬᠴᠢ ᠦᠬᠦᠯᠡᠯ ᠢᠶᠠᠨ ᠨᠡᠶᠢᠳᠡᠯᠡᠬᠦᠯᠦᠭᠰᠡᠨ ᠠᠴᠠ ᠡᠬᠢᠯᠡᠬᠡᠳ | ᠮᠤᠩᠭᠤᠯ ᠤᠨ ᠡᠷᠳᠡᠨ ᠤ ᠤᠳᠬ᠎ᠠ ᠵᠤᠬᠢᠶᠠᠯ᠂ ᠮᠤᠩᠭᠤᠯ ᠰᠤᠷᠪᠤᠯᠵᠢ ᠪᠢᠴᠢᠭ᠂ ᠮᠤᠩᠭᠤᠯ ᠤᠨ ᠲᠡᠦᠬᠡ ᠰᠤᠶᠤᠯ ᠤᠨ | ᠵᠠᠷᠢᠮ ᠠᠰᠠᠭᠤᠳᠠᠯ ᠤᠨ ᠲᠠᠯ᠎ᠠ ᠪᠠᠷ ᠤᠯᠤᠰ ᠤᠨ ᠲᠤᠳᠤᠭᠠᠳᠤ ᠭᠠᠳᠠᠭᠠᠳᠤ ᠳᠤ ᠨᠠᠶᠢᠳᠠ 80 ᠭᠠᠷᠤᠢ ᠦᠬᠦᠯᠡᠯ | ᠨᠡᠶᠢᠳᠡᠯᠡᠬᠦᠯᠵᠤ ᠪᠢᠯᠠ᠃ ᠡᠨᠡ ᠬᠦ ᠲᠤᠭ᠎ᠠ ᠨᠢ ᠲᠡᠳᠡᠬᠡᠷ ᠵᠤᠬᠢᠶᠠᠯ ᠪᠦᠳᠦᠬᠡᠯ ᠢᠶᠠᠨ ᠤᠪᠤᠭᠠᠯᠠᠪᠠᠯ ᠪᠡᠶ᠎ᠠ ᠯᠦᠭᠡ ᠪᠠᠨ | ᠠᠳᠠᠯᠢ ᠦᠨᠳᠦᠷ ᠪᠤᠯᠳᠠᠭ ᠪᠤᠰᠤᠳ ᠡᠷᠳᠡᠮᠳᠡᠳ ᠲᠠᠢ ᠠᠳᠠᠯᠢᠳᠬᠠᠪᠠᠯ ᠲᠤᠩ ᠴᠦᠬᠡᠨ ᠬᠡᠮᠡᠨ ᠭᠤᠯᠤᠬᠳᠠᠬᠤ | ᠪᠤᠯᠪᠠᠴᠤ ᠪᠢᠯᠢᠭ ᠮᠤᠬᠤᠳᠠᠭ ᠮᠡᠬᠦᠰ ᠮᠢᠨᠦ ᠪᠡᠶ᠎ᠠ ᠳᠤ ᠠᠪᠴᠤ ᠬᠡᠯᠡᠪᠡᠯ ᠴᠦᠬᠡᠨ ᠪᠤᠰᠤ ᠬᠡᠵᠤ ᠪᠤᠳᠤᠬᠳᠠᠵᠤ ᠪᠠᠶᠢᠨ᠎ᠠ᠃ | | ᠵᠠᠷᠢᠮ ᠬᠦᠮᠦᠰ ᠯᠦ ᠰᠢᠶᠦ᠋ᠨ ᠢ ᠠᠪᠢᠶᠠᠰ ᠪᠢᠯᠢᠭᠳᠡᠨ ᠬᠡᠵᠤ ᠬᠡᠯᠡᠭᠰᠡᠨ ᠳᠤ ᠲᠡᠷᠡ᠂ ︽ᠬᠠᠮᠢᠭ᠎ᠠ | ᠪᠠᠶᠢᠬᠰᠠᠨ ᠠᠪᠢᠶᠠᠰ ᠪᠢᠯᠢᠭ ᠪᠤᠢ᠂ ᠪᠢ ᠪᠤᠰᠤᠳ ᠬᠦᠮᠦᠰ ᠤᠨ ᠺᠤᠹᠧ ᠤᠤᠭᠤᠬᠤ ᠴᠠᠭ ᠢ ᠬᠦᠷᠳᠡᠯ᠎ᠡ ᠴᠦᠮ | ᠠᠵᠢᠯ ᠳᠠᠭᠠᠨ ᠵᠠᠷᠤᠴᠠᠭᠤᠯᠤᠬᠰᠠᠨ ᠲᠡᠳᠦᠢ︾ ᠬᠡᠵᠤ ᠬᠡᠯᠡᠭᠰᠡᠨ ᠬᠡᠳᠡᠭ᠃ ᠮᠡᠬᠦᠰ ᠮᠢᠨᠦ ᠪᠡᠶ᠎ᠠ ᠴᠤ ᠠᠪᠢᠶᠠᠰ | ᠪᠢᠯᠢᠭ ᠲᠠᠢ ᠦᠴᠦᠬᠡᠨ ᠲᠡᠳᠦᠢ ᠴᠤ ᠬᠤᠪᠢ ᠪᠠᠷᠢᠯᠳᠤᠯᠭ᠎ᠠ ᠦᠬᠡᠢ ᠪᠠᠶᠢᠬᠰᠠᠨ ᠬᠤᠶᠢᠨ᠎ᠠ ᠪᠤᠰᠤᠳ ᠬᠦᠮᠦᠰ ᠤᠨ | ᠠᠷᠢᠬᠢ ᠤᠤᠭᠤᠬᠤ᠂ ᠲᠡᠮᠡᠬᠢ ᠲᠠᠳᠠᠬᠤ᠂ ᠮᠠᠵᠢᠶᠠᠩ ᠫᠠᠢ ᠨᠠᠭᠠᠳᠬᠤ ᠪᠤᠶᠤ ᠬᠦᠵᠦᠷ ᠲᠤᠬᠯᠠᠵᠤ ᠵᠢᠭᠤᠯᠴᠢᠯᠠᠵᠤ | ᠲᠤᠭᠤᠷᠢᠬᠤ ᠴᠠᠭ ᠢ ᠴᠦᠮ ᠰᠤᠷᠴᠤ ᠰᠤᠳᠤᠯᠬᠤ ᠳᠠᠭᠠᠨ ᠵᠤᠷᠢᠭᠤᠯᠵᠤ ᠶᠠᠪᠤᠬᠰᠠᠨ ᠶᠤᠮ᠃ ᠲᠡᠶᠢᠮᠦ ᠪᠤᠯᠪᠠᠴᠤ | ᠵᠢᠯ ᠳᠤ 2 — 3 ᠯᠡ ᠦᠬᠦᠯᠡᠯ ᠪᠢᠴᠢᠵᠤ ᠨᠡᠶᠢᠳᠡᠯᠡᠬᠦᠯᠵᠤ ᠲᠡᠶᠢᠯᠳᠡᠭ ᠪᠠᠶᠢᠪᠠ᠃ ᠵᠠᠷᠢᠮ ᠦᠬᠦᠯᠡᠯ ᠢ ᠪᠢᠴᠢᠬᠦ ᠳᠤ | ᠬᠠᠭᠠᠰ ᠵᠢᠯ᠂ ᠴᠢᠨᠠᠬᠰᠢᠯᠠᠪᠠᠯ ᠨᠢᠬᠡ ᠵᠢᠯ ᠤᠨ ᠴᠠᠭ ᠴᠢᠳᠠᠯ ᠢᠶᠠᠨ ᠪᠦᠷᠢᠮᠦᠰᠦᠨ ᠵᠠᠷᠤᠴᠠᠭᠤᠯᠵᠤ ᠦᠩᠬᠡᠷᠡᠭᠰᠡᠨ | ᠤᠳᠠᠭ᠎ᠠ ᠴᠦᠬᠡᠨ ᠪᠤᠰᠤ᠃ ᠬᠡᠬᠦ ᠳᠡᠭᠡᠨ ᠮᠢᠨᠦ ᠦᠵᠡᠬᠦ ᠪᠠᠷ ᠡᠷᠳᠡᠮ ᠰᠢᠨᠵᠢᠯᠡᠬᠡᠨ ᠤ ᠠᠵᠢᠯ ᠢ ᠬᠢᠬᠦ ᠳᠤ ᠲᠤᠭᠠᠨ ᠳᠤ | ᠪᠠᠶᠢᠬᠤ ᠪᠢᠰᠢ ᠬᠠᠷᠢᠨ ᠴᠢᠨᠡᠷ ᠲᠤ ᠯᠡ ᠪᠠᠶᠢᠬᠤ ᠶᠤᠮ᠃ ᠨᠡᠶᠢᠳᠡᠯᠡᠬᠦᠯᠦᠭᠰᠡᠨ ᠵᠤᠬᠢᠶᠠᠯ ᠦᠬᠦᠯᠡᠯ ᠡᠷᠬᠡᠪᠰᠢ 5000 | ᠦᠰᠦᠭ ᠠᠴᠠ ᠲᠡᠭᠡᠭᠰᠢ ᠪᠠᠶᠢᠬᠤ ᠬᠡᠷᠡᠭᠳᠡᠢ ᠡᠰᠡ ᠪᠦᠬᠡᠰᠦ ᠦᠬᠦᠯᠡᠯ ᠤᠨ ᠲᠤᠭᠠᠨ ᠳᠤ ᠪᠤᠳᠤᠬᠤ ᠦᠬᠡᠢ ᠬᠡᠰᠡᠨ | ᠰᠤᠷᠭᠠᠭᠤᠯᠢ ᠶᠢᠨ ᠲᠤᠬᠳᠠᠭᠠᠯ ᠪᠠᠶᠢᠳᠠᠭ ᠪᠤᠯᠪᠠᠴᠤ ᠪᠢ 2 — 3 ᠲᠦᠮᠡᠨ ᠦᠰᠦᠭ ᠲᠠᠢ ᠵᠠᠷᠢᠮ ᠲᠤᠮᠤ | ᠦᠬᠦᠯᠡᠯ ᠢᠶᠠᠨ ᠰᠡᠳᠬᠦᠯ ᠤᠨ ᠬᠤᠷᠢᠶᠠᠨ ᠤ ᠨᠠᠶᠢᠷᠠᠭᠤᠯᠤᠬᠴᠢ ᠳᠤ ᠭᠤᠶᠤᠵᠤ ᠪᠠᠶᠢᠭᠠᠳ ᠨᠢᠬᠡ ᠯᠡ ᠦᠬᠦᠯᠡᠯ ᠢᠶᠠᠷ | ᠨᠡᠶᠢᠳᠡᠯᠡᠬᠦᠯᠳᠡᠭ᠃ | ᠲᠡᠶᠢᠮᠦ ᠮᠦᠷᠳᠡᠬᠡᠨ ᠦᠪᠡᠷ ᠤᠨ ᠡᠷᠳᠡᠮ ᠰᠢᠨᠵᠢᠯᠡᠬᠡᠨ ᠤ ᠦᠬᠦᠯᠡᠯ ᠢᠶᠠᠨ ᠴᠦᠬᠡᠨ ᠪᠤᠯᠪᠠᠴᠤ ᠴᠢᠨᠡᠷᠯᠢᠭ᠋ | ᠪᠤᠯᠭᠠᠬᠤ ᠶᠢᠨ ᠲᠦᠯᠦᠬᠡ ᠦᠬᠦᠯᠡᠯ ᠨᠢᠬᠡᠪᠦᠷᠢ ᠶᠢ ᠪᠢᠴᠢᠬᠦ ᠳᠡᠭᠡᠨ ᠤᠳᠠᠭᠠᠨ ᠡᠳᠦᠷ ᠤᠨ ᠴᠠᠭ ᠵᠠᠷᠤᠭᠤᠯᠤᠨ ᠨᠠᠷᠢᠨ | ᠬᠢᠨᠡᠮᠡᠭᠠᠢ ᠰᠤᠳᠤᠯᠤᠨ ᠪᠤᠯᠪᠠᠰᠤᠷᠠᠭᠤᠯᠵᠤ᠂ ᠪᠠᠷᠤᠭ ᠯᠡ ᠦᠨᠡᠨ ᠤ ᠦᠵᠦᠬᠦᠷ ᠲᠤ ᠬᠦᠷᠴᠢᠬᠡᠬᠦ ᠶᠢᠨ ᠪᠡᠯ ᠲᠠᠢ ᠲᠠᠮᠠᠢ | ᠯᠡ ᠵᠢᠳᠬᠦᠯᠡᠪᠡ᠂ ᠦᠨᠡᠨ ᠳᠡᠭᠡᠨ ᠦᠨᠡᠨ ᠢ ᠦᠵᠦᠬᠦᠷᠯᠡᠵᠤ ᠬᠡᠷᠬᠢᠨ ᠴᠢᠳᠠᠬᠤ ᠠᠵᠢ᠃ ᠮᠢᠨᠦ ᠪᠠᠶ᠎ᠠ 2013 | ᠤᠨ ᠳᠤ ︽ᠴ᠊᠂ ᠬᠡᠰᠢᠭᠳᠦᠭ᠌ᠳᠠᠬᠤ ᠶᠢᠨ ᠦᠬᠦᠯᠡᠯ ᠤᠨ ᠰᠤᠩᠭᠤᠳᠠᠭ︾ ᠲᠤ ᠰᠤᠩᠭᠤᠨ ᠠᠪᠤᠬᠰᠠᠨ | ᠦᠬᠦᠯᠡᠯ ᠤᠳ ᠢᠶᠠᠨ ᠲᠠᠬᠢᠨ ᠬᠠᠮᠤᠭ ᠰᠡᠬᠦᠯᠴᠢ ᠶᠢᠨ ᠤᠳᠠᠭ᠎ᠠ ᠪᠠᠨ ᠨᠠᠷᠢᠪᠴᠢᠯᠠᠨ ᠤᠩᠰᠢᠵᠤ᠂ ᠰᠢᠨ᠎ᠠ ᠤᠯᠤᠬᠰᠠᠨ | ᠪᠠᠷᠢᠮᠳᠠ ᠮᠠᠲ᠋ᠧᠷᠢᠶᠠᠯ ᠤᠳ ᠢ ᠨᠠᠮᠠᠨ ᠪᠠᠶᠠᠯᠢᠬᠵᠢᠭᠤᠯᠵᠤ᠂ ᠡᠬᠡᠬᠡ ᠯᠡ ᠡᠩᠬᠦᠷᠠᠶᠢᠯᠠᠨ ᠦᠰᠬᠡᠭᠰᠡᠨ ᠦᠬᠢᠨ ᠦᠷ᠎ᠠ ᠪᠠᠨ | ᠬᠠᠷᠢ ᠳᠤ ᠦᠭᠴᠤ ᠪᠠᠶᠢᠭ᠎ᠠ ᠰᠢᠭ᠋ ᠦᠰᠦ ᠬᠡᠵᠢᠬᠡ ᠡᠮᠦᠰᠬᠡᠯ ᠵᠡᠬᠦᠳᠡᠯ ᠢ ᠨᠢ ᠵᠠᠰᠠᠵᠤ ᠭᠤᠶᠤᠯᠠᠵᠤ᠂ ᠢᠨᠵᠢ ᠮᠠᠯ ᠢ ᠨᠢ | ᠡᠯᠪᠡᠭ ᠲᠠᠩᠰᠤᠭ ᠪᠤᠯᠭᠠᠨ ᠮᠤᠷᠳᠠᠭᠤᠯᠤᠬᠰᠠᠨ ᠶᠤᠮ᠃ ᠦᠪᠡᠷ ᠤᠨ ᠲᠦᠴᠢ ᠭᠠᠷᠤᠢ ᠵᠢᠯ ᠤᠨ ᠡᠷᠳᠡᠮ ᠰᠢᠨᠵᠢᠯᠡᠬᠡᠨ ᠤ | ᠠᠵᠢᠯ ᠢᠶᠠᠨ ᠡᠷᠬᠢᠴᠡᠬᠦᠯᠦᠨ ᠬᠢᠨᠡᠵᠤ ᠪᠤᠳᠤᠪᠠᠯ᠂ ᠵᠠᠷᠢᠮ ᠦᠶ᠎ᠠ ᠳᠤ ᠦᠨᠡᠬᠡᠷ ᠡᠷᠳᠡᠮ ᠤᠨ ᠬᠦᠬᠡᠬᠡᠴᠡᠯᠳᠦᠯ | ᠰᠢᠨᠤᠯ ᠳᠤ ᠤᠨᠠᠵᠤ ᠢᠷᠡᠭᠰᠡᠨ ᠠᠵᠢ᠃ ᠰᠢᠨᠵᠢᠯᠡᠬᠦ ᠤᠬᠠᠭᠠᠨ ᠤ ᠬᠤᠪᠢ ᠳᠤ ᠡᠶᠢᠮᠦ ᠤᠪᠤᠷ ᠢ ᠪᠤᠷᠤᠭᠤ ᠬᠡᠬᠦ ᠶᠢᠨ | ᠠᠷᠭ᠎ᠠ ᠦᠬᠡᠢ᠂ ᠬᠡᠬᠦ ᠳᠡᠭᠡᠨ ᠠᠯᠢᠪᠠ ᠬᠦᠬᠡᠬᠡᠴᠡᠯᠳᠦᠯ ᠱᠠᠭᠠᠷᠳᠠᠯᠭ᠎ᠠ ᠵᠤᠬᠢᠬᠤ ᠬᠦᠭ ᠠᠴᠠ ᠬᠡᠳᠦᠷᠡᠪᠡᠯ ᠴᠦᠮ ᠬᠡᠮ | ᠪᠤᠯᠬᠤ ᠶᠤᠮ ᠬᠡᠳᠡᠭ ᠶᠤᠰᠤ ᠶᠢ ᠴᠤ ᠲᠡᠮᠳᠡᠭᠯᠡᠮᠡᠷ ᠪᠠᠶᠢᠨ᠎ᠠ᠃ ︵ᠬᠡᠷᠡᠯ ᠵᠢᠷᠤᠭ ᠢ ᠪᠠᠶᠠᠷ ᠰᠡᠬᠦᠳᠡᠷᠯᠡᠪᠡ︶ | | | | |