ᠬᠤᠪᠢ ᠬᠦᠮᠦᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢᠨ ᠬᠠᠤᠯᠢ ᠶᠢᠨ ᠲᠤᠬᠠᠢ
ᠨᠡᠶᠢᠲᠡᠯᠡᠭᠰᠡᠨ ᠴᠠᠭ᠄
2019/12/3
             —  ᠰᠦᠯᠵᠢᠶᠡᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢ ᠴᠢᠩᠭᠠᠳᠬᠠᠬᠤ ᠳᠤᠬᠠᠢ              ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ              ᠪᠠᠶᠢᠩᠭᠤ ᠶᠢᠨ ᠬᠤᠷᠢᠶᠠᠨ ᠤ ᠳᠤᠭᠳᠠᠭᠠᠯ ᠤᠨ ᠳᠦᠰᠦᠯ ᠢ ᠳᠠᠶᠢᠯᠪᠦᠷᠢᠯᠠᠬ᠊‍ᠤᠢ         ︽ᠰᠠᠶᠢᠨ ᠪᠠᠶᠢᠨ᠎ᠠ ᠤᠤ᠂ ᠳᠠ ᠬᠡᠷ ᠢᠶᠠᠨ ᠬᠤᠳᠠᠯᠳᠤᠴᠢᠬᠠᠪᠠ ᠤᠤ︖︾᠂ ︽ᠪᠢ ᠬᠡᠷ ᠬᠤᠳᠠᠯᠳᠤᠬᠤ ᠦᠬᠡᠢ᠂ ᠳᠠ ᠮᠢᠨᠦ ᠭᠠᠷ ᠤᠳᠠᠰᠤ ᠶᠢᠨ ᠨᠤᠮᠧᠷ ᠢ ᠶᠠᠭᠠᠬᠢᠵᠤ ᠮᠡᠳᠡᠭᠰᠡᠨ ᠪᠤᠢ︖︾ — ᠡᠨᠡ ᠪᠤᠯ ᠯᠢᠶᠠᠩ ᠠᠪᠤᠭᠠᠢ ᠶᠢᠨ ᠡᠨᠡ ᠰᠠᠷ᠎ᠠ ᠳᠤ ᠳᠤᠰᠤᠬᠰᠠᠨ ᠠᠷᠪᠠᠨ ᠬᠤᠶᠠᠳᠡᠬᠢ ᠵᠠᠭᠤᠴᠢ ᠤᠳᠠᠰᠤ ᠪᠤᠯᠤᠨ᠎ᠠ᠂ ᠶᠠᠭᠠᠬᠢᠵᠤ ᠮᠢᠨᠦ ᠤᠳᠠᠰᠤᠨ ᠨᠤᠮᠧᠷ ᠢ ᠮᠡᠳᠡᠭᠰᠡᠨ ᠪᠤᠢ ᠬᠡᠵᠤ ᠠᠰᠠᠭᠤᠮᠠᠭᠴᠠ ᠴᠠᠭᠠᠨ᠎ᠠ ᠠᠴᠠ ᠨᠢ ᠤᠳᠠᠰᠤ ᠪᠠᠨ ᠳᠠᠷᠤᠴᠢᠬᠠᠳᠠᠭ᠃          ᠢᠨᠲ᠋ᠧᠷ ᠰᠦᠯᠵᠢᠶᠠᠨ ᠤ ᠮᠡᠷᠭᠡᠵᠢᠯ ᠦᠷᠬᠡᠨ ᠢᠶᠠᠷ ᠬᠡᠷᠡᠭᠯᠡᠭᠳᠡᠬᠦ ᠪᠠ ᠳᠦᠷᠬᠡᠨ ᠬᠦᠭᠵᠢᠬᠦ ᠶᠢ ᠳᠠᠭᠠᠯᠳᠤᠨ ᠂ ᠢᠨᠲ᠋ᠧᠷ ᠰᠦᠯᠵᠢᠶᠡᠨ ᠤ ᠬᠦᠷᠢᠶᠡᠨ ᠤ ᠮᠡᠳᠡᠭᠡ ᠵᠠᠩᠬᠢ ᠶᠢᠨ ᠠᠮᠤᠷ ᠳᠦᠪᠰᠢᠨ ᠢ ᠬᠠᠮᠠᠭᠠᠯᠠᠬᠤ ᠠᠰᠠᠭᠤᠳᠠᠯ ᠡᠳᠤᠷ ᠢᠷᠡᠬᠦᠶ᠎ᠠ ᠳᠤᠪᠤᠶᠢᠮ᠎ᠠ ᠪᠤᠯᠵᠤ᠂ ᠯᠢᠶᠠᠩ ᠠᠪᠤᠭᠠᠢ ᠲᠠᠢ ᠠᠳᠠᠯᠢ ᠤᠴᠠᠷᠠᠯ ᠲᠠᠢ ᠬᠦᠮᠦᠨ ᠴᠤ ᠤᠯᠠᠮ ᠠᠷᠪᠢᠨ ᠪᠤᠯᠪᠠ᠃ ᠨᠢᠳᠤᠨᠤᠨ ᠤ 12 ᠰᠠᠷ᠎ᠠ ᠶᠢᠨ 24᠎ ᠤ ᠦᠳᠡ ᠶᠢᠨ ᠡᠮᠦᠨ᠎ᠠ᠂ ᠰᠦᠯᠵᠢᠶᠠᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢ ᠴᠢᠩᠭᠠᠳᠬᠠᠬᠤ ᠳᠤᠬᠠᠢ ᠳᠤᠬᠳᠠᠭᠠᠯ ᠤᠨ ᠳᠦᠰᠦᠯ ᠢ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠬᠦᠯᠵᠤ ᠬᠢᠨᠡᠨ ᠵᠦᠪᠯᠡᠬᠦᠯᠪᠡ᠂ ᠡᠨᠡ ᠨᠢ ᠬᠠᠤᠯᠢ ᠳᠤᠬᠳᠠᠭᠠᠬᠤ ᠪᠠᠶᠢᠭᠤᠯᠤᠯᠭ᠎ᠠ ᠠᠴᠠ ᠰᠦᠯᠵᠢᠶᠡᠨ ᠤ ᠮᠡᠳᠡᠭᠡ ᠵᠠᠩᠬᠢ ᠶᠢᠨ ᠠᠮᠤᠷ ᠳᠦᠪᠰᠢᠨ ᠢ ᠡᠪᠳᠡᠬᠦ ᠠᠵᠢᠯᠯᠠᠭ᠎ᠠ ᠳᠤ ᠴᠢᠩᠭ᠎ᠠ ᠠᠷᠭ᠎ᠠ ᠬᠡᠮᠵᠢᠶ᠎ᠠ ᠠᠪᠬᠤ ᠬᠡᠵᠤ ᠪᠠᠶᠢᠬᠤ ᠶᠢ ᠬᠠᠷᠠᠭᠤᠯᠤᠬᠰᠠᠨ ᠪᠠᠶᠢᠨ᠎ᠠ᠃          ︽ᠬᠤᠪᠢ ᠬᠦᠮᠦᠨ ᠤ ᠡᠯᠧᠺᠳ᠋ᠷᠤᠨ ᠮᠡᠳᠡᠭᠡ ᠵᠠᠩᠬᠢ ᠶᠢᠨ ᠡᠷᠭᠡ ᠪᠤᠯ ᠠᠷᠠᠳ ᠢᠷᠭᠡᠳ ᠤᠨ ᠦᠨᠳᠦᠰᠦᠨ ᠡᠷᠭᠡ ᠮᠦᠨ᠂ ᠡᠨᠡ ᠨᠢ ᠠᠷᠠᠳ ᠢᠷᠭᠡᠳ ᠤᠨ ᠬᠦᠮᠦᠨ ᠴᠢᠨᠠᠷ ᠨᠡᠷ᠎ᠠ ᠬᠦᠨᠳᠦ ᠪᠠ ᠬᠦᠮᠦᠨ ᠤ ᠪᠡᠶ᠎ᠠ ᠶᠢᠨ ᠡᠷᠭᠡ ᠴᠢᠯᠦᠬᠡ ᠳᠤ ᠬᠤᠯᠪᠤᠬᠳᠠᠵᠤ ᠪᠠᠶᠢᠳᠠᠭ᠃ ᠡᠶᠢᠮᠦ ᠠᠴᠠ ᠬᠠᠤᠯᠢ ᠳᠤᠬᠳᠠᠭᠠᠵᠤ ᠠᠷᠠᠳ ᠢᠷᠭᠡᠳ ᠤᠨ ᠬᠤᠪᠢ ᠬᠦᠮᠦᠨ ᠤ ᠮᠡᠳᠡᠭᠡ ᠵᠠᠩᠬᠢ ᠶᠢ ᠬᠠᠮᠠᠭᠠᠯᠠᠬᠤ ᠨᠢ ᠮᠠᠰᠢ ᠴᠢᠬᠤᠯᠠ ᠠᠴᠢ ᠬᠤᠯᠪᠤᠬᠳᠠᠯ ᠲᠠᠢ ᠶᠤᠮ︾ ᠬᠡᠵᠤ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠢᠷᠭᠡᠨ ᠤ ᠬᠠᠤᠯᠢ ᠶᠢᠨ ᠳᠤᠰᠬᠠᠢ ᠮᠡᠷᠭᠡᠵᠢᠯᠳᠠᠨ ᠸᠠᠩ ᠯᠢ ᠮᠢᠩ ᠬᠡᠯᠡᠯ᠎ᠠ᠃                   ᠬᠠᠤᠯᠢ ᠳᠤᠬᠳᠠᠭᠠᠵᠤ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ          ︽ᠤᠳᠤᠬᠠᠨ ᠳᠤ᠂ ᠠᠷᠠᠳ ᠢᠷᠭᠡᠳ ᠤᠨ ᠬᠤᠪᠢ ᠬᠦᠮᠦᠨ ᠤ ᠡᠯᠧᠺᠳ᠋ᠷᠤᠨ ᠮᠡᠳᠡᠭᠡ ᠵᠠᠩᠬᠢ ᠶᠢ ᠳᠤᠷ᠎ᠠ ᠪᠠᠷ ᠬᠡᠷᠡᠭᠯᠡᠬᠦ᠂ ᠬᠠᠤᠯᠢ ᠪᠤᠰᠤ ᠪᠠᠷ ᠵᠠᠳᠠᠷᠠᠭᠤᠯᠬᠤ᠂ ᠴᠢᠨᠠᠬᠰᠢᠯᠠᠭᠠᠳ ᠠᠷᠠᠳ ᠢᠷᠭᠡᠳ ᠤᠨ ᠬᠤᠪᠢ ᠬᠦᠮᠦᠨ ᠤ ᠮᠡᠳᠡᠭᠡ ᠵᠠᠩᠬᠢ ᠶᠢ ᠳᠤᠷ᠎ᠠ ᠪᠠᠷ ᠢᠶᠠᠨ ᠴᠤᠬᠯᠠᠭᠤᠯᠵᠤ ᠬᠡᠷᠡᠭᠯᠡᠨ᠂ ᠬᠠᠤᠯᠢ ᠪᠤᠰᠤ ᠪᠠᠷ ᠵᠠᠳᠠᠷᠠᠭᠤᠯᠵᠤ ᠠᠷᠠᠯᠵᠢᠶᠠᠯᠠᠬᠤ᠂ ᠰᠦᠯᠵᠢᠶ᠎ᠠ ᠪᠠᠷ ᠮᠡᠭᠡᠯᠡᠨ ᠬᠠᠭᠤᠷᠬᠤ᠂ ᠬᠦᠳᠬᠡᠬᠦ ᠵᠡᠷᠭᠡ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠶᠡᠭᠡ ᠬᠡᠮᠵᠢᠶ᠎ᠠ ᠪᠠᠷ ᠤᠷᠤᠰᠢᠵᠤ᠂ ᠠᠷᠠᠳ ᠢᠷᠭᠡᠳ᠂ ᠬᠠᠤᠯᠢ ᠶᠢᠨ ᠡᠷᠭᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠨ ᠤ ᠡᠷᠭᠡ ᠠᠰᠢᠭ ᠢ ᠬᠦᠨᠳᠦ ᠨᠤᠴᠢᠳᠠᠢ ᠬᠤᠬᠢᠷᠠᠭᠤᠯᠤᠬᠰᠠᠨ ᠪᠠᠶᠢᠨ᠎ᠠ︾᠃ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠯᠢ ᠹᠸᠢ ᠳᠤᠬᠳᠠᠭᠠᠯ ᠤᠨ ᠳᠦᠰᠦᠯ ᠤᠨ ᠳᠤᠬᠠᠢ ᠳᠤᠳᠤᠷᠬᠠᠢᠢᠯᠠᠯᠳᠠ ᠬᠢᠬᠦ ᠳᠡᠭᠡᠨ ᠵᠢᠭᠠᠵᠤ ᠭᠠᠷᠭᠠᠬᠰᠠᠨ ᠨᠢ᠂ ︽ᠮᠠᠨ ᠤ ᠤᠯᠤᠰ ᠤᠨ ᠬᠠᠮᠢᠶ᠎ᠠ ᠪᠦᠬᠦᠢ ᠬᠠᠤᠯᠢ ᠳᠦᠷᠢᠮ ᠤᠨ ᠳᠤᠬᠳᠠᠭᠠᠯᠳᠠ ᠪᠠᠰᠠ ᠳᠡᠶᠢᠮᠦ ᠴᠢᠩᠭ᠎ᠠ ᠪᠢᠰᠢ᠃ ᠴᠢᠬᠤᠯᠠ ᠪᠦᠬᠦᠢ ᠬᠠᠮᠢᠶᠠᠷᠤᠯᠳᠠ ᠶᠢᠨ ᠠᠷᠭ᠎ᠠ ᠬᠡᠮᠵᠢᠶ᠎ᠠ ᠨᠢ ᠳᠡᠭᠡᠳᠦ ᠪᠠᠶᠢᠷᠢ ᠶᠢᠨ ᠬᠠᠤᠯᠢ ᠳᠤᠬᠳᠠᠭᠠᠯᠳᠠ ᠶᠢᠨ ᠦᠨᠳᠦᠰᠦ ᠪᠠᠷᠢᠮᠳᠠ ᠬᠡᠵᠤ ᠦᠬᠡᠢ᠂ ᠡᠶᠢᠮᠦ ᠠᠴᠠ ᠡᠨᠡ ᠨᠢ ᠮᠡᠳᠡᠭᠡ ᠵᠠᠩᠬᠢᠵᠢᠯᠳᠠ ᠶᠢᠨ ᠬᠦᠭᠵᠢᠯᠳᠡ ᠪᠠ ᠠᠷᠠᠳ ᠳᠦᠮᠡᠨ ᠤ ᠰᠦᠯᠵᠢᠶᠡᠨ ᠤ ᠠᠵᠢᠯᠯᠠᠭ᠎ᠠ ᠳᠠᠬᠢ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠲᠠᠢ ᠵᠤᠬᠢᠴᠠᠬᠤ ᠦᠬᠡᠢ ᠪᠠᠶᠢᠨ᠎ᠠ︾ ᠬᠡᠵᠠᠢ᠃          ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠠᠽᠢᠶ᠎ᠠ ᠳᠢᠪ ᠨᠤᠮᠤᠬᠠᠨ ᠳᠠᠯᠠᠢ ᠶᠢᠨ ᠰᠦᠯᠵᠢᠶᠡᠨ ᠤ ᠬᠠᠤᠯᠢ ᠴᠠᠭᠠᠵᠠ ᠶᠢᠨ ᠳᠦᠪ ᠤᠨ ᠡᠷᠭᠢᠯᠡᠭᠴᠢ ᠯᠢᠤ ᠳ᠋ᠧ ᠯᠢᠶᠠᠩ ᠵᠢᠭᠠᠵᠤ ᠭᠠᠷᠭᠠᠬᠰᠠᠨ ᠨᠢ᠄ ︽ᠰᠦᠯᠵᠢᠶᠡᠨ ᠳᠡᠭᠡᠷ᠎ᠠ ᠬᠤᠪᠢ ᠬᠦᠮᠦᠨ ᠤ ᠮᠡᠳᠡᠭᠡ ᠵᠠᠩᠬᠢ ᠶᠢ ᠬᠠᠤᠯᠢ ᠪᠤᠰᠤ ᠪᠠᠷ ᠠᠷᠠᠯᠵᠢᠶᠠᠯᠠᠬᠤ ᠠᠵᠢᠯᠯᠠᠭ᠎ᠠ ᠰᠠᠮᠠᠭᠤᠷᠠᠵᠤ ᠪᠠᠶᠢᠬᠤ ᠨᠢ ᠬᠠᠤᠯᠢ ᠶᠤᠰᠤ ᠪᠠᠷ ᠰᠦᠯᠵᠢᠶᠡᠨ ᠤ ᠬᠠᠮᠢᠶᠠᠷᠤᠯᠳᠠ ᠶᠢ ᠴᠢᠩᠭᠠᠳᠬᠠᠵᠤ᠂ ᠡᠷᠡᠬᠦᠯ ᠰᠠᠷᠠᠭᠤᠯ ᠡᠮᠬᠢ ᠳᠢᠭᠯᠢᠮ ᠲᠠᠢ ᠰᠦᠯᠵᠢᠶᠠᠨ ᠤ ᠤᠷᠴᠢᠨ ᠳᠤᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠢᠯᠡᠷᠡᠬᠦᠯᠦᠭᠰᠡᠨ ᠪᠠᠶᠢᠨ᠎ᠠ︾ ᠬᠡᠵᠠᠢ᠃          ᠦᠨᠡᠨ ᠳᠡᠭᠡᠨ᠂ ᠬᠠᠤᠯᠢ ᠳᠤᠬᠳᠠᠭᠠᠯᠳᠠ ᠪᠠᠷ ᠰᠦᠯᠵᠢᠶᠡᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢ ᠴᠢᠩᠭᠠᠳᠬᠠᠬᠤ ᠪᠤᠯ ᠨᠡᠶᠢᠭᠡᠮ ᠤᠨ ᠡᠯ᠎ᠠ ᠡᠳᠡᠭᠡᠳ ᠤᠨ ᠬᠠᠮᠳᠤ ᠶᠢᠨ ᠬᠦᠰᠡᠯ ᠱᠠᠭᠠᠷᠳᠠᠯᠭ᠎ᠠ ᠪᠤᠯᠤᠨ᠎ᠠ᠃ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢ ᠡᠨᠡ ᠳᠤᠬᠠᠢ ᠤᠯᠠᠨ ᠤᠳᠠᠭ᠎ᠠ ᠰᠠᠨᠠᠯ ᠵᠦᠪᠯᠡᠯᠭᠡ ᠪᠠ ᠰᠠᠨᠠᠭᠤᠯᠭ᠎ᠠ ᠳᠤᠷᠠᠳᠤᠵᠤ ᠦᠩᠬᠡᠷᠡᠭᠰᠡᠨ ᠶᠤᠮ᠂ ᠵᠦᠪᠬᠡᠨ 2012 ᠤᠨ ᠤ 3 ᠰᠠᠷ᠎ᠠ ᠳᠤ ᠬᠢᠭᠰᠡᠨ ᠠᠷᠪᠠᠨ ᠨᠢᠬᠡᠳᠦᠬᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠬᠤᠷᠠᠯ ᠤᠨ ᠬᠤᠭᠤᠴᠠᠭᠠᠨ ᠳᠤ ᠳᠠᠷᠤᠢ 442 ᠳᠦᠯᠦᠬᠡᠯᠡᠭᠴᠢ ᠡᠨᠡ ᠳᠤᠬᠠᠢ 14 ᠰᠠᠨᠠᠯ ᠵᠦᠪᠯᠡᠯᠭᠡ ᠳᠤᠷᠠᠳᠴᠠᠢ᠃          ᠨᠡᠶᠢᠬᠡᠮ ᠤᠨ ᠬᠦᠰᠡᠯ ᠱᠠᠭᠠᠷᠳᠠᠯᠭ᠎ᠠ ᠶᠢ ᠬᠠᠩᠭᠠᠬᠤ ᠶᠢᠨ ᠳᠦᠯᠦᠬᠡ᠂ 2011 ᠤᠨ ᠠᠴᠠ ᠡᠬᠢᠯᠡᠨ᠂ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠨᠢ ᠳᠤᠰᠬᠠᠢ ᠠᠵᠢᠯ ᠤᠨ ᠳᠤᠭᠤᠢᠢᠯᠠᠩ ᠪᠠᠶᠢᠭᠤᠯᠵᠤ᠂ ᠰᠦᠯᠵᠢᠶᠡᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢᠨ ᠬᠠᠤᠯᠢ ᠳᠤᠬᠳᠠᠭᠠᠯᠳᠠ ᠶᠢ ᠠᠬᠢᠭᠤᠯᠬᠤ ᠳᠤᠬᠠᠢ ᠳᠤᠰᠬᠠᠢ ᠰᠡᠳᠦᠪᠳᠤ ᠰᠤᠳᠤᠯᠤᠯᠳᠠ ᠬᠢᠪᠡ᠃ ᠡᠯ᠎ᠠ ᠳᠠᠯ᠎ᠠ ᠶᠢᠨ ᠰᠠᠨᠠᠯ ᠢ ᠰᠤᠨᠤᠰᠴᠤ᠂ ᠳᠠᠬᠢᠨ ᠳᠠᠪᠳᠠᠨ ᠰᠤᠳᠤᠯᠵᠤ ᠵᠠᠰᠠᠪᠦᠷᠢ ᠤᠷᠤᠭᠤᠯᠤᠭᠠᠳ ᠡᠴᠤᠰ ᠲᠡᠭᠡᠨ ᠡᠨᠡᠬᠦ ᠳᠤᠬᠳᠠᠭᠠᠯ ᠤᠨ ᠳᠦᠰᠦᠯ ᠢ ᠭᠠᠷᠭᠠᠬᠰᠠᠨ ᠪᠠᠶᠢᠨ᠎ᠠ᠃          ︽ᠳᠤᠬᠳᠠᠭᠠᠯ ᠤᠨ ᠳᠦᠰᠦᠯ ᠨᠢ ᠭᠤᠤᠯᠳᠠᠭᠤ ᠮᠠᠨ ᠤ ᠤᠯᠤᠰ ᠤᠨ ᠤᠳᠤᠬᠠᠨ ᠤ ᠰᠦᠯᠵᠢᠶᠡᠨ ᠤ ᠠᠵᠢᠯᠯᠠᠭ᠎ᠠ ᠳᠤ ᠤᠷᠤᠰᠢᠵᠤ ᠪᠠᠶᠢᠬᠤ ᠳᠤᠪᠤᠶᠢᠮ᠎ᠠ ᠠᠰᠠᠭᠤᠳᠠᠯ ᠳᠤ ᠴᠢᠭᠯᠡᠬᠦᠯᠦᠨ᠂ ᠬᠠᠮᠢᠶ᠎ᠠ ᠪᠦᠬᠦᠢ ᠳᠦᠷᠢᠮ ᠳᠤᠭᠳᠠᠭᠠᠯ ᠢ ᠪᠦᠷᠢᠨᠰᠢᠬᠦᠯᠦᠨ ᠳᠤᠬᠳᠠᠭᠠᠵᠤ᠂ ᠠᠷᠠᠳ ᠢᠷᠭᠡᠳ ᠤᠨ ᠬᠤᠪᠢ ᠬᠦᠮᠦᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢ ᠴᠢᠩᠭᠠᠳᠬᠠᠬᠤ᠂ ᠰᠦᠯᠵᠢᠶᠡᠨ ᠤ ᠮᠡᠳᠡᠭᠡ ᠵᠠᠩᠬᠢ ᠶᠢᠨ ᠠᠮᠤᠷ ᠳᠦᠪᠰᠢᠨ ᠢ ᠬᠠᠮᠠᠭᠠᠯᠠᠬᠤ ᠳᠤ ᠬᠠᠤᠯᠢ ᠴᠠᠭᠠᠵᠠ ᠶᠢᠨ ᠦᠨᠳᠦᠰᠤ ᠪᠠᠷᠢᠮᠳᠠ ᠤᠯᠭᠤᠵᠤ᠂ ᠤᠳᠤᠬᠠᠨ ᠤ ᠢᠨᠲ᠋ᠧᠷ ᠰᠦᠯᠵᠢᠶᠡᠨ ᠤ ᠡᠷᠡᠬᠦᠯ ᠰᠠᠷᠠᠭᠤᠯ ᠡᠮᠬᠢ ᠳᠢᠭᠯᠢᠮ ᠲᠠᠢ ᠪᠠᠷ ᠬᠦᠭᠵᠢᠬᠦ ᠬᠡᠷᠡᠭᠴᠡᠭᠡ ᠳᠤ ᠵᠤᠬᠢᠴᠠᠭᠤᠯᠤᠬᠰᠠᠨ ᠶᠤᠮ︾ ᠬᠡᠵᠤ ᠯᠢ ᠹᠸᠢ ᠬᠡᠯᠡᠪᠡ                  ᠬᠤᠪᠢ ᠬᠦᠮᠦᠨ ᠤ ᠡᠯᠧᠺᠳ᠋ᠷᠤᠨ ᠮᠡᠳᠡᠭᠡ ᠵᠠᠩᠬᠢ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠪᠡ          ᠳᠤᠬᠳᠠᠭᠠᠯ ᠤᠨ ᠳᠦᠰᠦᠯ ᠳᠤ ᠬᠤᠪᠢ ᠬᠦᠮᠦᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢᠨ ᠳᠤᠬᠠᠢ ᠨᠢᠬᠡᠨ ᠴᠢᠬᠤᠯᠠ ᠵᠠᠷᠴᠢᠮ ᠢ ᠳᠤᠳᠤᠷᠬᠠᠢᠢᠯᠠᠪᠠ᠃ ᠡᠨᠡ ᠨᠢ ᠳᠠᠷᠤᠢ ᠤᠯᠤᠰ ᠠᠴᠠ ᠠᠷᠠᠳ ᠢᠷᠭᠡᠳ ᠤᠨ ᠬᠤᠪᠢ ᠬᠦᠮᠦᠨ ᠤ ᠪᠡᠶ᠎ᠠ ᠶᠢᠨ ᠭᠠᠷᠤᠯ ᠢ ᠢᠯᠭᠠᠵᠤ ᠴᠢᠳᠠᠬᠤ ᠪᠠ ᠠᠷᠠᠳ ᠢᠷᠭᠡᠳ ᠤᠨ ᠬᠤᠪᠢ ᠬᠦᠮᠦᠨ ᠤ ᠨᠢᠭᠤᠴᠠ ᠳᠤ ᠬᠤᠯᠪᠤᠬᠳᠠᠬᠰᠠᠨ ᠡᠯᠧᠺᠳ᠋ᠷᠤᠨ ᠮᠡᠳᠡᠭᠡ ᠵᠠᠩᠬᠢ ᠶᠢ ᠬᠠᠮᠠᠭᠠᠯᠠᠨ᠎ᠠ᠃ ᠡᠬᠦᠨ ᠤ ᠬᠠᠮᠳᠤ ᠳᠦᠰᠦᠯ ᠳᠤ ᠪᠠᠰᠠ ᠬᠤᠪᠢ ᠬᠦᠮᠦᠨ ᠤ ᠮᠡᠳᠡᠭᠡ ᠵᠠᠩᠬᠢ ᠶᠢ ᠴᠤᠬᠯᠠᠭᠤᠯᠤᠬᠴᠢ ᠶᠢᠨ ᠡᠬᠦᠷᠬᠡ ᠶᠢᠨ ᠳᠤᠬᠠᠢ ᠤᠯᠠᠨ ᠠᠷᠪᠢᠨ ᠳᠤᠬᠳᠠᠭᠠᠯ ᠭᠠᠷᠭᠠᠵᠠᠢ          ᠸᠠᠩ ᠯᠢ ᠮᠢᠩ ᠤᠨ ᠦᠵᠡᠬᠦ ᠪᠠᠷ᠂ ᠡᠨᠡ ᠨᠢ ᠶᠠᠳᠠᠬᠤ ᠳᠤ ᠭᠤᠷᠪᠠᠨ ᠵᠦᠢᠯ ᠤᠨ ᠠᠴᠢ ᠬᠤᠯᠪᠤᠬᠳᠠᠯ ᠲᠠᠢ᠄ ᠨᠢᠬᠡ ᠳᠤ ᠬᠤᠪᠢ ᠬᠦᠮᠦᠨ ᠤ ᠨᠢᠭᠤᠴᠠ ᠶᠢ ᠬᠠᠮᠠᠭᠠᠯᠠᠵᠤ᠂ ᠠᠮᠢᠳᠤᠷᠠᠯ ᠢ ᠠᠮᠤᠷ ᠳᠤᠬᠳᠠᠭᠤᠨ ᠪᠠᠶᠢᠯᠭᠠᠵᠤ᠂ ᠠᠷᠠᠳ ᠢᠷᠭᠡᠳ ᠪᠤᠯᠤᠨ ᠬᠠᠤᠯᠢ ᠶᠢᠨ ᠡᠷᠭᠡᠳᠡᠨ ᠤ ᠬᠠᠤᠯᠢ ᠶᠤᠰᠤᠨ ᠤ ᠡᠷᠭᠡ ᠠᠰᠢᠭ ᠢ ᠪᠠᠳᠤᠯᠠᠵᠤ ᠴᠢᠳᠠᠨ᠎ᠠ᠃ ᠬᠤᠶᠠᠷ ᠲᠤ ᠰᠦᠯᠵᠢᠶᠡᠨ ᠤ ᠮᠡᠳᠡᠭᠡ ᠵᠠᠩᠬᠢ ᠶᠢᠨ ᠠᠮᠤᠷ ᠳᠦᠪᠰᠢᠨ ᠢ ᠪᠠᠳᠤᠯᠠᠵᠤ᠂ ᠤᠯᠤᠰ ᠤᠨ ᠠᠮᠤᠷ ᠳᠦᠪᠰᠢᠨ ᠪᠤᠯᠤᠨ ᠨᠡᠶᠢᠳᠡ ᠶᠢᠨ ᠠᠰᠢᠭ ᠳᠤᠰᠠ ᠶᠢ ᠬᠠᠮᠠᠭᠠᠯᠠᠵᠤ ᠴᠢᠳᠠᠨ᠎ᠠ᠃ ᠭᠤᠷᠪᠠ ᠳᠤ ᠰᠦᠯᠵᠢᠶᠡᠨ ᠤ ᠠᠵᠢᠯᠯᠠᠭ᠎ᠠ ᠶᠢ ᠳᠦᠷᠢᠮᠵᠢᠬᠦᠯᠵᠤ᠂ ᠢᠨᠲ᠋ᠧᠷ ᠰᠦᠯᠵᠢᠶᠡᠨ ᠤ ᠡᠷᠡᠬᠦᠯ ᠰᠠᠷᠠᠭᠤᠯ ᠢᠶᠠᠷ ᠬᠦᠭᠵᠢᠬᠦ ᠶᠢ ᠪᠠᠳᠤᠯᠠᠵᠤ ᠴᠢᠳᠠᠨ᠎ᠠ᠃          ᠳᠡᠭᠡᠪᠡᠯ᠂ ᠠᠷᠠᠳ ᠢᠷᠭᠡᠳ ᠦᠪᠡᠷ ᠤᠨ ᠮᠡᠳᠡᠭᠡ ᠵᠠᠩᠬᠢ ᠠᠶᠤᠯ ᠳᠤ ᠤᠴᠠᠷᠠᠭᠰᠠᠨ ᠢ ᠤᠯᠵᠤ ᠮᠡᠳᠡᠪᠡᠯ ᠶᠠᠭᠠᠬᠢᠪᠠᠯ ᠵᠤᠬᠢᠯᠳᠠᠢ ᠪᠤᠢ︖ ᠳᠦᠰᠦᠯ ᠳᠤ ᠬᠠᠷᠢᠴᠠᠩᠭᠤᠢ ᠬᠢᠨᠠᠯᠳᠠ ᠳᠠᠯᠪᠢᠬᠤ ᠳᠤᠬᠳᠠᠭᠠᠯ ᠭᠠᠷᠭᠠᠵᠠᠢ᠃ ︽ᠠᠷᠠᠳ ᠢᠷᠭᠡᠳ ᠲᠤ ᠴᠢᠬᠤᠯᠠ ᠪᠦᠬᠦᠢ ᠬᠢᠨᠠᠯᠳᠠ ᠳᠠᠯᠪᠢᠬᠤ ᠪᠠ ᠢᠯᠡᠴᠢᠯᠡᠨ ᠮᠡᠳᠡᠬᠦᠯᠬᠦ᠂ ᠵᠠᠭᠠᠯᠳᠤᠬᠤ ᠡᠷᠭᠡ ᠤᠯᠭᠤᠵᠤ᠂ ᠨᠡᠶᠢᠭᠡᠮ ᠨᠡᠶᠢᠳᠡ ᠶᠢᠨ ᠬᠢᠨᠠᠯᠳᠠ ᠳᠠᠯᠪᠢᠬᠤ ᠦᠢᠯᠡᠳᠦᠯ ᠢ ᠬᠦᠢᠴᠡᠳ ᠪᠠᠳᠠᠷᠠᠭᠤᠯᠬᠤ ᠪᠤᠯ ᠬᠤᠪᠢ ᠬᠦᠮᠦᠨ ᠤ ᠮᠡᠳᠡᠭᠡ ᠵᠠᠩᠬᠢ ᠠᠶᠤᠯ ᠳᠤ ᠤᠴᠠᠷᠠᠬᠰᠠᠨ ᠵᠡᠷᠭᠡ ᠰᠦᠯᠵᠢᠶᠠᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠪᠦᠳᠦᠮᠵᠢᠳᠠᠢ ᠪᠠᠷ ᠵᠠᠰᠠᠬᠤ᠂ ᠠᠷᠠᠳ ᠢᠷᠭᠡᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠴᠢᠬᠤᠯᠠ ᠪᠦᠬᠦᠢ ᠠᠷᠭ᠎ᠠ ᠪᠠᠷᠢᠯ ᠪᠤᠯᠤᠨ᠎ᠠ︾ ᠬᠡᠵᠤ ᠯᠢ ᠹᠸᠢ ᠬᠡᠯᠡᠪᠡ᠃                  ᠪᠤᠬᠢᠷ ᠴᠠᠬᠢᠮ ᠮᠡᠳᠡᠭᠡ ᠶᠠᠪᠤᠭᠤᠯᠬᠤ ᠠᠵᠢᠯᠯᠠᠭ᠎ᠠ ᠶᠢ ᠴᠢᠩᠭ᠎ᠠ ᠵᠠᠰᠠᠬᠤ ᠬᠡᠷᠡᠭᠳᠠᠢ          ᠭᠠᠳᠠᠭᠠᠳᠤ ᠪᠡᠯᠡᠳᠦ ᠠᠵᠤ ᠠᠬᠤᠢᠢᠯᠠᠯ ᠳᠤ ᠠᠵᠢᠯᠯᠠᠵᠤ ᠪᠠᠶᠢᠬᠤ ᠵᠠᠩ ᠠᠪᠠᠭᠠᠢ ᠶᠢᠨ ᠭᠠᠷ ᠤᠳᠠᠰᠤᠨ ᠳᠤ ᠡᠳᠤᠷ ᠪᠤᠯᠭᠠᠨ ᠪᠤᠬᠢᠷ ᠴᠠᠬᠢᠮ ᠮᠡᠳᠡᠭᠡ ᠢᠷᠡᠭᠡᠳ ᠪᠠᠶᠢᠳᠠᠭ᠂ ᠬᠡᠪᠡᠴᠤ ᠤᠯᠠᠩᠬᠢ ᠨᠢ ᠪᠦᠷ ᠳᠠᠸᠠᠷ ᠪᠤᠷᠤᠯᠠᠭᠤᠯᠬᠤ ᠬᠠᠮᠢᠶᠠᠳᠠᠢ ᠪᠤᠬᠢᠷ ᠴᠠᠬᠢᠮ ᠮᠡᠳᠡᠭᠡ ᠨᠦᠭᠦᠳ ᠪᠤᠯᠤᠨ᠎ᠠ᠃ ︽ᠡᠳᠡᠭᠡᠷ ᠪᠤᠬᠢᠷ ᠴᠠᠬᠢᠮ ᠮᠡᠳᠡᠭᠡ ᠶᠢ ᠬᠠᠮᠢᠶᠠᠷᠬᠤ ᠭᠠᠵᠠᠷ ᠦᠬᠡᠢ ᠬᠡᠵᠢ ᠤᠤ︖︾          ᠨᠡᠶᠢᠭᠡᠮ ᠤᠨ ᠡᠯ᠎ᠠ ᠳᠠᠯ᠎ᠠ ᠶᠢᠨ ᠬᠢᠨ ᠪᠠ ᠤᠯᠠᠨ ᠳᠦᠮᠡᠨ ᠤ ᠳᠤᠰᠬᠠᠯ ᠶᠡᠬᠡᠳᠠᠢ ᠪᠤᠬᠢᠷ ᠴᠠᠬᠢᠮ ᠮᠡᠳᠡᠭᠡ᠂ ᠮᠡᠭᠡᠯᠡᠯ ᠤᠨ ᠴᠢᠨᠠᠷᠳᠠᠢ ᠴᠠᠬᠢᠮ ᠮᠡᠳᠡᠭᠡ ᠵᠡᠷᠭᠡ ᠠᠰᠠᠭᠤᠳᠠᠯ ᠳᠤ ᠴᠢᠭᠯᠡᠬᠦᠯᠦᠨ᠂ ᠳᠦᠰᠦᠯ ᠳᠤ ᠳᠤᠰᠬᠠᠢ ᠪᠤᠬᠢᠷ ᠡᠯᠧᠺᠳ᠋ᠷᠤᠨ ᠮᠡᠳᠡᠭᠡ ᠵᠠᠩᠬᠢ ᠶᠢ ᠴᠡᠭᠴᠡᠯᠡᠨ ᠵᠠᠰᠠᠬᠤ ᠬᠠᠷᠢᠴᠠᠩᠭᠤᠢ ᠳᠤᠬᠳᠠᠭᠠᠯ ᠭᠠᠷᠭᠠᠪᠠ᠃          ︽ᠭᠠᠳᠠᠭᠠᠳᠤ ᠤᠯᠤᠰ ᠤᠨ ᠪᠠᠶᠢᠳᠠᠯ ᠠᠴᠠ ᠦᠵᠡᠪᠡᠯ᠂ ᠵᠠᠷᠢᠮ ᠤᠯᠤᠰ ᠨᠢ ᠨᠢᠬᠡᠨᠳᠡ ᠬᠠᠮᠢᠶ᠎ᠠ ᠪᠦᠬᠦᠢ ᠬᠠᠤᠯᠢ ᠴᠠᠭᠠᠵᠠ ᠳᠤᠬᠳᠠᠭᠠᠵᠤ ᠬᠤᠳᠠᠯᠳᠤᠭᠠᠨ ᠤ ᠴᠢᠨᠠᠷᠳᠠᠢ ᠡᠯᠧᠺᠳ᠋ᠷᠤᠨ ᠮᠡᠳᠡᠭᠡ ᠵᠠᠩᠬᠢ ᠶᠠᠪᠤᠭᠤᠯᠬᠤ ᠠᠵᠢᠯᠯᠠᠭ᠎ᠠ ᠶᠢ ᠳᠦᠷᠢᠮᠵᠢᠬᠦᠯᠦᠭᠰᠡᠨ ᠪᠠᠶᠢᠨ᠎ᠠ᠃ ᠮᠠᠨ ᠤ ᠤᠯᠤᠰ ᠤᠨ ᠴᠠᠬᠢᠯᠭᠠᠨ ᠴᠢᠮᠡᠭᠡ ᠬᠤᠯᠪᠤᠭᠠᠨ ᠤ ᠠᠷᠠᠯᠵᠢᠶᠠᠴᠢᠳ ᠪᠠᠰᠠ ᠠᠷᠭ᠎ᠠ ᠬᠡᠮᠵᠢᠶ᠎ᠠ ᠠᠪᠴᠤ ᠬᠤᠳᠠᠯᠳᠤᠭᠠᠨ ᠤ ᠴᠢᠨᠠᠷᠳᠠᠢ ᠡᠯᠧᠺᠳ᠋ᠷᠤᠨ ᠮᠡᠳᠡᠭᠡ ᠵᠠᠩᠬᠢ ᠶᠠᠪᠤᠭᠤᠯᠬᠤ ᠠᠵᠢᠯᠯᠠᠭ᠎ᠠ ᠶᠢ ᠳᠦᠷᠢᠮᠵᠢᠬᠦᠯᠵᠤ ᠡᠵᠡᠮᠰᠢᠨ ᠵᠠᠬᠢᠷᠪᠠ︾ ᠬᠡᠵᠤ ᠯᠢ ᠹᠸᠢ ᠬᠡᠯᠡᠪᠡ᠃ ︽ᠪᠤᠬᠢᠷ ᠴᠠᠬᠢᠮ ᠮᠡᠳᠡᠭᠡ ᠪᠤᠯᠤᠨ ᠪᠤᠬᠢᠷ ᠢᠮᠧᠯ ᠨᠢ ᠬᠤᠪᠢ ᠬᠦᠮᠦᠨ ᠤ ᠠᠮᠢᠳᠤᠷᠠᠯ ᠢ ᠰᠦᠷᠡᠬᠡᠢ ᠨᠦᠯᠦᠬᠡᠯᠡᠵᠤ᠂ ᠬᠤᠪᠢ ᠬᠦᠮᠦᠨ ᠤ ᠨᠢᠭᠤᠴᠠ ᠶᠢ ᠵᠠᠳᠠᠷᠠᠭᠤᠯᠳᠠᠭ᠂ ᠨᠡᠩ ᠴᠢᠨᠠᠬᠰᠢᠯᠠᠪᠠᠯ ᠵᠠᠷᠢᠮ ᠬᠠᠤᠯᠢ ᠪᠤᠰᠤ ᠡᠳᠡᠭᠡᠳ ᠴᠠᠬᠢᠮ ᠮᠡᠳᠡᠭᠡ ᠶᠠᠪᠤᠭᠤᠯᠵᠤ᠂ ᠬᠦᠮᠦᠨ ᠢ ᠮᠡᠬᠡᠯᠡᠬᠦ ᠠᠵᠢᠯᠯᠠᠭ᠎ᠠ ᠬᠢᠵᠤ᠂ ᠠᠷᠠᠳ ᠢᠷᠭᠡᠳ ᠤᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠳᠠᠭ᠃ ᠭᠠᠳᠠᠭᠠᠳᠤ ᠶᠢᠨ ᠪᠠᠶᠢᠳᠠᠯ ᠢ ᠦᠵᠡᠪᠡᠯ᠂ ᠵᠠᠷᠢᠮ ᠤᠯᠤᠰ ᠨᠢ ᠬᠠᠤᠯᠢ ᠳᠤᠬᠳᠠᠭᠠᠯᠳᠠ ᠪᠠᠷ ᠳᠠᠮᠵᠢᠭᠤᠯᠤᠨ ᠪᠤᠬᠢᠷ ᠴᠠᠬᠢᠮ ᠮᠡᠳᠡᠭᠡ ᠶᠠᠪᠤᠭᠤᠯᠬᠤ ᠶᠢ ᠴᠠᠭᠠᠵᠠᠯᠠᠵᠤ ᠪᠠᠶᠢᠨ᠎ᠠ︾ ᠬᠡᠵᠤ ᠯᠢᠤ ᠳ᠋ᠧ ᠯᠢᠶᠠᠩ ᠬᠡᠯᠡᠪᠡ᠃ ᠸᠠᠩ ᠯᠢ ᠮᠢᠩ ᠴᠢᠬᠤᠯᠠᠴᠢᠯᠠᠬᠰᠠᠨ ᠨᠢ᠂ ᠴᠠᠬᠢᠯᠭᠠᠨ ᠴᠢᠮᠡᠭᠡ ᠬᠤᠯᠪᠤᠭᠠᠨ ᠤ ᠡᠵᠡᠩᠨᠡᠭᠴᠢ᠂ ᠰᠦᠯᠵᠢᠶᠡᠨ ᠤ ᠦᠢᠯᠡᠴᠢᠯᠡᠭᠡ ᠬᠠᠩᠭᠠᠬᠴᠢ ᠶᠢ ᠳᠦᠷᠢᠮ ᠳᠤᠬᠳᠠᠭᠠᠯ ᠢᠶᠠᠷ ᠱᠠᠭᠠᠷᠳᠠᠬᠤ ᠪᠠᠷ ᠪᠠᠷᠠᠬᠤ ᠦᠬᠡᠢ ᠪᠠᠰᠠ ᠪᠤᠬᠢᠷ ᠴᠠᠬᠢᠮ ᠮᠡᠳᠡᠭᠡ ᠪᠠ ᠢᠮᠧᠯ ᠶᠠᠪᠤᠭᠤᠯᠤᠬᠴᠢ ᠶᠢᠨ ᠦᠢᠯᠠ ᠪᠠᠶᠢᠳᠠᠯ ᠤᠨ ᠬᠦᠨᠳᠦ ᠬᠦᠩᠬᠡᠨ ᠢ ᠨᠢ ᠦᠵᠡᠵᠤ ᠡᠷᠭᠡ ᠳᠤ ᠬᠠᠯᠳᠠᠬᠰᠠᠨ ᠬᠠᠷᠢᠭᠤᠴᠠᠯᠭ᠎ᠠ ᠶᠢ ᠨᠢ ᠨᠡᠭᠡᠮᠵᠢᠯᠡᠬᠦ ᠬᠡᠷᠡᠭᠳᠠᠢ᠃ ︽ᠠᠷᠠᠳ ᠢᠷᠭᠡᠳ ᠴᠤ ᠡᠶᠢᠮᠦᠷᠬᠦ ᠠᠵᠢᠯᠯᠠᠭ᠎ᠠ ᠶᠢ ᠵᠤᠬᠰᠤᠭᠠᠯᠭᠠᠬᠤ ᠪᠠᠷ ᠱᠠᠭᠠᠷᠳᠠᠬᠤ ᠡᠷᠭᠡ ᠲᠠᠢ᠃ ᠠᠷᠠᠳ ᠢᠷᠭᠡᠳ ᠤᠨ ᠡᠷᠭᠡ ᠳᠤ ᠬᠠᠯᠳᠠᠭᠠᠳ ᠬᠤᠬᠢᠷᠠᠯ ᠤᠴᠠᠷᠠᠭᠤᠯᠤᠬᠰᠠᠨ ᠪᠠᠶᠢᠪᠠᠯ ᠠᠷᠠᠳ ᠢᠷᠭᠡᠳ ᠡᠷᠭᠡ ᠳᠤ ᠬᠠᠯᠳᠠᠬᠰᠠᠨ ᠬᠠᠮᠢᠶ᠎ᠠ ᠪᠦᠬᠦᠢ ᠬᠦᠮᠦᠨ ᠢᠶᠠᠷ ᠡᠷᠭᠡ ᠳᠤ ᠬᠠᠯᠳᠠᠬᠰᠠᠨ ᠬᠠᠷᠢᠭᠤᠴᠠᠯᠭ᠎ᠠ ᠡᠬᠦᠷᠬᠡᠯᠡᠬᠦᠯᠬᠦ ᠪᠠᠷ ᠱᠠᠭᠠᠷᠳᠠᠵᠤ ᠪᠤᠯᠤᠨ᠎ᠠ︾ ᠬᠡᠵᠡᠢ᠃                  ᠰᠦᠯᠵᠢᠶᠠᠨ ᠤ ᠪᠡᠶ᠎ᠠ ᠶᠢᠨ ᠭᠠᠷᠤᠯ ᠤᠨ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠠᠢ          ᠠᠷᠠᠳ ᠢᠷᠭᠡᠳ ᠤᠨ ᠬᠤᠪᠢ ᠬᠦᠮᠦᠨ ᠤ ᠮᠡᠳᠡᠭᠡ ᠵᠠᠩᠬᠢ ᠬᠤᠬᠢᠷᠠᠯ ᠳᠤ ᠤᠴᠠᠷᠠᠪᠠ᠂ ᠬᠡᠪᠡᠴᠤ ᠬᠤᠬᠢᠷᠠᠯ ᠤᠴᠠᠷᠠᠭᠤᠯᠤᠬᠰᠠᠨ ᠦᠢᠯᠠ ᠪᠠᠶᠢᠳᠠᠯ ᠲᠠᠢ ᠬᠦᠮᠦᠨ ᠪᠡᠶ᠎ᠠ ᠶᠢᠨ ᠭᠠᠷᠤᠯ ᠤᠨ ᠮᠡᠳᠡᠭᠡ ᠵᠠᠩᠬᠢ ᠪᠠᠨ ᠳᠠᠩᠰᠠᠯᠠᠭᠤᠯᠤᠬᠰᠠᠨ ᠦᠬᠡᠢ ᠪᠤᠶᠤ ᠳᠠᠩᠰᠠᠯᠠᠭᠤᠯᠤᠬᠰᠠᠨ ᠮᠡᠳᠡᠭᠡ ᠵᠠᠩᠬᠢ ᠨᠢ ᠬᠤᠳᠠᠯ ᠬᠠᠭᠤᠷᠮᠠᠬ ᠪᠤᠯᠬᠤᠷ ᠬᠡᠷᠡᠴᠢ ᠠᠪᠬᠤ ᠪᠠ ᠪᠠᠶᠢᠴᠠᠭᠠᠨ ᠳᠤᠳᠤᠯᠠᠬᠤ ᠳᠤ ᠶᠠᠷᠰᠢᠭ ᠲᠠᠢ ᠪᠠᠶᠢᠬᠤ ᠪᠤᠯ ᠤᠳᠤᠬᠠᠨ ᠤ ᠬᠤᠪᠢ ᠬᠦᠮᠦᠨ ᠤ ᠮᠡᠳᠡᠭᠡ ᠵᠠᠩᠬᠢ ᠬᠤᠶᠢᠨ᠎ᠠ ᠬᠤᠶᠢᠨ᠎ᠠ ᠠᠴᠠ ᠪᠠᠨ ᠬᠤᠬᠢᠷᠠᠯ ᠳᠤ ᠤᠴᠠᠷᠠᠵᠤ ᠪᠠᠶᠢᠬᠤ ᠶᠢᠨ ᠨᠢᠬᠡ ᠰᠢᠯᠳᠠᠭᠠᠨ ᠨᠢ ᠪᠤᠯᠤᠨ᠎ᠠ᠃ ᠡᠬᠦᠨ ᠳᠤ ᠯᠢ ᠹᠸᠢ ᠵᠢᠭᠠᠵᠤ ᠭᠠᠷᠭᠠᠬᠰᠠᠨ ᠨᠢ᠂ ᠰᠦᠯᠵᠢᠶ᠎ᠠ ᠶᠢᠨ ᠬᠡᠷᠡᠭᠯᠡᠭᠴᠢᠳ ᠤᠨ ᠪᠡᠶ᠎ᠠ ᠶᠢᠨ ᠭᠠᠷᠤᠯ ᠤᠨ ᠬᠠᠮᠢᠶᠠᠷᠤᠯᠳᠠ ᠶᠢ ᠴᠢᠩᠭᠠᠳᠬᠠᠬᠤ ᠴᠢᠬᠤᠯᠠ ᠲᠠᠢ ᠪᠠᠶᠢᠨ᠎ᠠ ᠬᠡᠪᠡ᠃          ︽ᠰᠦᠯᠵᠢᠶᠠᠨ ᠤ ᠪᠡᠶ᠎ᠠ ᠶᠢᠨ ᠭᠠᠷᠤᠯ ᠤᠨ ᠬᠠᠮᠢᠶᠠᠷᠤᠯᠳᠠ ᠶᠢ ᠬᠡᠷᠡᠭᠵᠢᠬᠦᠯᠬᠦ ᠪᠤᠯ ᠤᠯᠠᠩᠬᠢ ᠤᠯᠤᠰ ᠤᠨ ᠨᠡᠶᠢᠳᠡᠮ ᠬᠡᠷᠡᠭᠯᠡᠵᠤ ᠪᠠᠶᠢᠬᠤ ᠠᠷᠭ᠎ᠠ ᠪᠤᠯᠤᠨ᠎ᠠ᠃ ᠳᠡᠯᠡᠬᠡᠢ ᠳᠡᠭᠡᠷᠡᠬᠢ ᠤᠯᠠᠩᠬᠢ ᠤᠯᠤᠰ ᠪᠦᠷ ᠬᠠᠤᠯᠢ ᠳᠤᠬᠳᠠᠭᠠᠯᠳᠠ ᠪᠠᠷ ᠳᠠᠮᠵᠢᠭᠤᠯᠤᠨ ᠳᠤᠬᠳᠠᠮᠠᠯ ᠤᠳᠠᠰᠤ᠂ ᠭᠠᠷ ᠤᠳᠠᠰᠤ ᠵᠡᠷᠭᠡ ᠴᠠᠬᠢᠯᠭᠠᠨ ᠴᠢᠮᠡᠭᠡ ᠬᠤᠯᠪᠤᠭᠠᠨ ᠤ ᠬᠡᠷᠡᠭᠯᠡᠭᠴᠢᠳ ᠢ ᠭᠠᠷᠳᠠᠮ ᠬᠢᠯᠬᠡᠬᠦ ᠦᠶᠡᠰ ᠪᠠᠶ᠎ᠠ ᠶᠢᠨ ᠦᠨᠡᠮᠯᠡᠯ ᠢᠶᠠᠨ ᠦᠵᠡᠬᠦᠯᠬᠦ ᠬᠡᠷᠡᠭᠳᠠᠢ ᠬᠡᠵᠤ ᠱᠠᠭᠠᠷᠳᠠᠬᠰᠠᠨ ᠪᠠᠶᠢᠳᠠᠭ᠃ ᠬᠠᠮᠢᠶ᠎ᠠ ᠪᠦᠬᠦᠢ ᠰᠠᠯᠠᠭ᠎ᠠ ᠮᠦᠴᠢᠷ᠂ ᠭᠠᠵᠠᠷ ᠤᠷᠤᠨ ᠪᠤᠯᠤᠨ ᠨᠡᠶᠢᠭᠡᠮ ᠨᠡᠶᠢᠳᠡ ᠶᠢᠨ ᠬᠢᠨ ᠪᠦᠷ ᠬᠠᠤᠯᠢ ᠳᠤᠬᠳᠠᠭᠠᠯᠳᠠ ᠪᠠᠷ ᠡᠨᠡᠬᠦ ᠳᠦᠷᠢᠮ ᠢ ᠳᠡᠬᠦᠯᠳᠡᠷᠵᠢᠬᠦᠯᠬᠦ ᠬᠡᠷᠡᠭᠳᠠᠢ ᠬᠡᠵᠤ ᠱᠠᠭᠠᠷᠳᠠᠵᠤ ᠪᠠᠶᠢᠨ᠎ᠠ︾ ᠬᠡᠵᠤ ᠯᠢ ᠹᠸᠢ ᠳᠠᠶᠢᠯᠪᠦᠷᠢᠯᠡᠨ ᠬᠡᠯᠡᠪᠡ᠃          ︽ᠡᠨᠡᠬᠦ ᠠᠷᠭ᠎ᠠ ᠬᠢᠳᠡᠯ ᠪᠤᠯ ᠬᠢᠵᠠᠭᠠᠷ ᠲᠠᠢ ᠠᠷᠤ ᠳᠠᠯ᠎ᠠ ᠶᠢᠨ ᠲᠠᠪᠴᠠᠩ ᠳᠤ ᠦᠨᠡᠨ ᠨᠡᠷ᠎ᠠ ᠪᠠᠨ ᠳᠡᠮᠳᠡᠭᠯᠡᠬᠦ ᠳᠦᠷᠢᠮ ᠢ ᠬᠡᠷᠡᠭᠵᠢᠬᠦᠯᠬᠦ ᠶᠠᠪᠤᠳᠠᠯ ᠪᠤᠯᠤᠨ᠎ᠠ︾᠃ ᠸᠠᠩ ᠯᠢ ᠮᠢᠩ ᠬᠡᠯᠡᠬᠦ ᠳᠡᠭᠡᠨ᠂ ᠡᠨᠡᠬᠦ ᠠᠷᠭ᠎ᠠ ᠶᠢ ᠬᠡᠷᠡᠭᠯᠡᠭᠰᠡᠨ ᠭᠤᠤᠯ ᠰᠢᠯᠳᠠᠭᠠᠨ ᠬᠡᠪᠡᠯ᠂ ᠤᠳᠤᠬᠠᠨ ᠳᠤ ᠭᠠᠷ ᠤᠳᠠᠰᠤ ᠪᠠ ᠰᠦᠯᠵᠢᠶᠡᠨ ᠳᠡᠭᠡᠷ᠎ᠠ ᠮᠡᠳᠡᠭᠡ ᠵᠠᠩᠬᠢ ᠨᠡᠶᠢᠳᠡᠯᠡᠬᠦ ᠳᠤᠬᠢᠶᠠᠯ ᠢᠶᠠᠷ ᠮᠡᠬᠡᠯᠡᠬᠦ ᠠᠵᠢᠯᠯᠠᠭ᠎ᠠ ᠬᠢᠬᠦ᠂ ᠡᠯᠳᠡᠪ ᠵᠦᠢᠯ ᠤᠨ ᠬᠠᠤᠯᠢ ᠶᠢ ᠵᠦᠷᠢᠴᠡᠭᠰᠡᠨ ᠮᠡᠳᠡᠭᠡ ᠵᠠᠩᠬᠢ ᠶᠢ ᠨᠡᠶᠢᠳᠡᠯᠡᠬᠦ ᠦᠵᠡᠭᠳᠡᠯ ᠨᠡᠶᠢᠳᠡᠮ ᠤᠷᠤᠰᠢᠵᠤ ᠪᠠᠶᠢᠨ᠎ᠠ ᠬᠡᠪᠡ᠃          ︽ᠵᠢᠭᠠᠵᠤ ᠭᠠᠷᠭᠠᠭᠤᠰᠢᠳᠠᠢ ᠨᠢ ᠬᠡᠪᠡᠯ᠂ ᠰᠦᠯᠵᠢᠶᠡᠨ ᠳᠡᠭᠡᠷ᠎ᠠ ᠦᠨᠡᠨ ᠨᠡᠷ᠎ᠠ ᠪᠠᠨ ᠪᠢᠴᠢᠬᠦ ᠳᠦᠷᠢᠮ ᠢ ᠬᠡᠷᠡᠭᠵᠢᠬᠦᠯᠬᠦ ᠳᠤ ᠳᠤᠬᠢᠷᠠᠬᠤ ᠬᠡᠪᠴᠢᠶ᠎ᠠ ᠮᠦᠨ ᠯᠠ ᠬᠢᠵᠠᠭᠠᠷ ᠲᠠᠢ ᠶᠤᠮ᠂ ᠤᠳᠤ ᠬᠡᠷᠡᠭᠯᠡᠭᠴᠢᠳ ᠲᠤ ᠮᠡᠳᠡᠭᠡ ᠵᠠᠩᠬᠢ ᠨᠡᠶᠢᠳᠡᠯᠡᠬᠦ ᠦᠢᠯᠡᠴᠢᠯᠡᠭᠡ ᠬᠠᠩᠭᠠᠬᠤ ᠦᠶ᠎ᠠ ᠳᠤ ᠯᠠ ᠬᠡᠷᠡᠭᠯᠡᠵᠤ ᠪᠠᠶᠢᠨ᠎ᠠ᠂ ᠳᠤᠬᠠᠢᠢᠯᠠᠪᠠᠯ ᠮᠡᠳᠡᠭᠡ ᠵᠠᠩᠬᠢ ᠨᠡᠶᠢᠳᠡᠯᠡᠬᠦ ᠳᠠᠪᠴᠠᠩ ᠢᠶᠠᠷ ᠮᠡᠳᠡᠭᠡ ᠵᠠᠩᠬᠢ ᠨᠡᠶᠢᠳᠡᠯᠡᠬᠦ ᠦᠢᠯᠡᠴᠢᠯᠡᠭᠡ ᠬᠠᠩᠭᠠᠬᠤ ᠳᠤ ᠠᠷᠤ ᠳᠠᠯ᠎ᠠ ᠳᠤ ᠦᠨᠡᠨ ᠨᠡᠷ᠎ᠠ ᠬᠡᠷᠡᠭᠯᠡᠵᠤ ᠪᠤᠢ᠃ ᠵᠢᠱᠢᠶᠡᠯᠡᠪᠡᠯ᠂ ᠪᠦᠷᠬᠡ᠂ BBS ᠵᠡᠷᠭᠡ ᠮᠡᠳᠡᠭᠡ ᠵᠠᠩᠬᠢ ᠶᠢᠨ ᠳᠠᠪᠴᠠᠩ ᠢᠶᠠᠷ ᠮᠡᠳᠡᠭᠡ ᠵᠠᠩᠬᠢ ᠨᠡᠶᠢᠳᠡᠯᠡᠬᠦ ᠳᠤ ᠡᠷᠭᠡᠪᠰᠢ ᠦᠨᠡᠨ ᠨᠡᠷ᠎ᠠ ᠪᠠᠨ ᠪᠢᠴᠢᠬᠦ ᠬᠡᠷᠡᠭᠳᠠᠢ᠂ ᠬᠡᠷᠪᠡ ᠪᠤᠰᠤᠳ ᠰᠦᠯᠵᠢᠶᠡᠨ ᠤ ᠠᠵᠢᠯᠯᠠᠭ᠎ᠠ ᠬᠢᠬᠦ ᠳᠤ ᠦᠨᠡᠨ ᠨᠡᠷ᠎ᠠ ᠪᠠᠨ ᠪᠢᠴᠢᠬᠦ ᠴᠢᠬᠤᠯᠠ ᠦᠬᠡᠢ ᠪᠠᠶᠢᠳᠠᠭ︾ ᠬᠡᠵᠤ ᠸᠠᠩ ᠯᠢ ᠮᠢᠩ ᠳᠠᠶᠢᠯᠪᠦᠷᠢᠯᠡᠨ ᠬᠡᠯᠡᠪᠡ᠃ ︵ᠬᠠᠰᠴᠡᠴᠡᠭ ᠤᠷᠴᠢᠭᠤᠯᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号