ᠰᠦᠯᠵᠢᠶᠡᠨ ᠤ ᠰᠤᠶᠤᠯ ᠡᠷᠡᠬᠦᠯ ᠰᠠᠷᠠᠭᠤᠯ ᠪᠤᠯ ᠴᠤᠤᠷᠬᠠᠯ ᠤᠷᠤᠰᠢᠬᠤ ᠤᠷᠤᠨ ᠵᠠᠢ ᠦᠭᠡᠢ ᠪᠤᠯᠤᠨ᠎ᠠ
ᠨᠡᠶᠢᠲᠡᠯᠡᠭᠰᠡᠨ ᠴᠠᠭ᠄
2019/12/3
        ᠤᠢᠢᠷ᠎ᠠ ᠶᠢᠨ ᠵᠢᠯ ᠠᠴᠠ᠂ ᠰᠦᠯᠵᠢᠶᠡᠨ ᠤ ᠴᠤᠤᠷᠬᠠᠯ ᠤᠳ ᠰᠦᠯᠵᠢᠶᠡᠨ ᠤ ᠵᠠᠭᠤᠴᠢᠯᠠᠭᠤᠷ ᠤᠨ ᠴᠤᠭᠴᠠ ᠶᠢ ᠪᠤᠯᠠᠩᠬᠢᠷᠳᠤᠭᠤᠯᠵᠥ᠂ ᠰᠦᠯᠵᠢᠶᠡᠨ ᠤ ᠰᠤᠶᠤᠯ ᠤᠨ ᠡᠷᠡᠬᠦᠯ ᠰᠠᠷᠠᠭᠤᠯ ᠳᠤ ᠡᠰᠡᠷᠬᠦ ᠨᠦᠯᠥᠭᠡ ᠶᠢ ᠪᠤᠢ ᠪᠤᠯᠭᠠᠵᠥ ᠪᠠᠶᠢᠨ᠎ᠠ᠃ ᠰᠦᠯᠵᠢᠶᠡᠨ ᠤ ᠴᠤᠤᠷᠬᠠᠯ ᠢ ᠬᠤᠷᠢᠭᠯᠠᠵᠥ᠂ ᠡᠷᠡᠬᠦᠯ ᠰᠠᠷᠠᠭᠤᠯ ᠰᠦᠯᠵᠢᠶᠡᠨ ᠤ ᠰᠤᠶᠤᠯ ᠢ ᠬᠦᠭᠵᠢᠬᠦᠯᠬᠦ ᠨᠢ ᠬᠦᠮᠥᠰ ᠤᠨ ᠬᠦᠨ ᠰᠡᠳᠬᠢᠬᠦᠰᠢᠳᠡᠢ ᠪᠠ ᠰᠡᠷᠡᠮᠵᠢᠯᠡᠬᠦ ᠴᠢᠬᠤᠯᠠᠳᠠᠢ ᠶᠠᠪᠤᠳᠠᠯ ᠪᠤᠯᠤᠭᠠᠳ ᠪᠠᠶᠢᠨ᠎ᠠ᠃         ᠡᠨᠡ ᠵᠢᠯ ᠤᠨ 8 ᠰᠠᠷ᠎ᠠ ᠳᠤ᠂ ᠨᠢᠭᠡ ᠰᠦᠯᠵᠢᠶᠡᠨ ᠤ ᠦᠷᠳᠡᠭᠡ ᠶᠢᠨ ᠨᠡᠶᠢᠭᠡᠮ ᠲᠤᠭᠤᠷᠢᠭ ᠲᠤ ︽ᠴᠦᠩᠴᠢᠩ ᠤᠨ ᠬᠤᠪᠳᠤᠭ ᠨᠤᠶᠠᠨ ᠺᠠᠨᠠᠳᠠ ᠳᠤ ᠲᠤᠳᠠᠭᠠᠪᠠ︾ ᠭᠡᠰᠡᠡ ᠵᠤᠬᠢᠶᠠᠯ ᠢᠯᠡᠷᠡᠵᠥ᠂ ᠴᠦᠩᠴᠢᠩ ᠬᠤᠳᠠ ᠶᠢᠨ ᠨᠢᠭᠡᠨ ᠰᠠᠯᠠᠭ᠎ᠠ ᠮᠥᠴᠢᠷ ᠤᠨ ᠨᠢᠭᠡᠨ ᠺᠠᠳ᠋ᠷ 10 ᠲᠦᠷᠦᠯ ᠰᠠᠳᠤᠨ ᠢᠶᠠᠨ ᠲᠠᠭᠠᠭᠤᠯᠤᠨ᠂ 3 ᠳ᠋ᠦ᠋ᠩᠰᠢᠭᠤᠷ ᠲᠦᠬᠦᠷᠢᠭ ᠤᠨ ᠱᠠᠮᠰᠢᠭᠰᠠᠠ ᠵᠤᠭᠤᠰ ᠢᠶᠠᠨ ᠠᠪᠴᠦ᠂ ᠭᠠᠳᠠᠭᠠᠳᠤ ᠳᠤ ᠵᠤᠭᠠᠴᠠᠬᠤ ᠨᠡᠷ᠎ᠡ ᠪᠠᠷ ᠲᠤᠳᠠᠭᠠᠭᠰᠠᠠ ᠪᠠᠶᠢᠨ᠎ᠠ ᠭᠡᠵᠥ ᠬᠡᠯᠡᠪᠡ᠃ ᠵᠤᠬᠢᠶᠠᠯ ᠢ ᠦᠳᠳᠡᠷ ᠲᠦᠷᠭᠡᠨ ᠲᠠᠮᠵᠢᠭᠤᠯᠤᠨ ᠨᠡᠶᠢᠳᠡᠯᠡᠵᠥ᠂ ᠰᠦᠯᠵᠢᠶᠡᠨ ᠤ ᠢᠷᠭᠡᠳ ᠤᠨ ᠠᠩᠬᠠᠷᠤᠯ ᠢ ᠶᠡᠬᠡᠪᠡᠷ ᠲᠠᠳᠠᠭᠰᠠᠠ ᠪᠠᠶᠢᠨ᠎ᠠ᠃ ᠴᠦᠩᠴᠢᠩ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠡᠨᠡᠬᠦ ᠰᠦᠪᠡᠭᠴᠢ ᠶᠢ ᠲᠡᠷᠡ ᠲᠤᠤᠷ᠎ᠠ ᠨᠢ ᠤᠯᠵᠥ ᠮᠡᠳᠡᠭᠰᠡᠡ ᠤ ᠲᠠᠷᠠᠭ᠎ᠠ ᠲᠠᠷᠦ᠋ᠢᠬᠠᠨ ᠪᠠᠴᠢᠮ ᠠᠷᠭᠠᠴᠠᠬᠤ ᠲᠦᠰᠦᠯ ᠢ ᠬᠦᠳᠡᠯᠭᠡᠵᠥ᠂ ᠤᠯᠠᠨ ᠠᠷᠭ᠎ᠠ ᠵᠠᠮ ᠢᠶᠠᠷ ᠲᠠᠮᠵᠢᠭᠤᠯᠤᠨ ᠲᠤᠰ ᠺᠠᠳ᠋ᠷ ᠲᠠᠢ ᠬᠠᠷᠢᠯᠴᠠᠵᠥ᠂ ᠲᠡᠬᠦᠨ ᠤ ᠭᠠᠳᠠᠭᠠᠳᠤ ᠳᠤ ᠭᠠᠷᠤᠭᠰᠠᠠ ᠦᠨᠡᠨ ᠪᠠᠶᠢᠳᠠᠯ ᠢ ᠤᠢᠢᠯᠠᠭᠠᠭᠰᠠᠠ ᠤ ᠲᠠᠷᠠᠭ᠎ᠠ ᠲᠡᠷᠡ ᠲᠤᠤᠷ᠎ᠠ ᠨᠢ ᠡᠷᠬᠡ ᠰᠦᠷᠳᠤ ᠰᠦᠯᠵᠢᠶ᠎ᠡ ᠪᠠᠷ ᠲᠠᠮᠵᠢᠭᠤᠯᠤᠨ ᠦᠨᠡᠨ ᠪᠠᠶᠢᠳᠠᠯ ᠢ ᠨᠡᠶᠢᠳᠡᠯᠡᠵᠥ᠂ ᠴᠤᠤᠷᠬᠠᠯ ᠤᠨ ᠲᠡᠯᠭᠡᠷᠡᠬᠦ ᠪᠠᠶᠢᠳᠠᠯ ᠢ ᠬᠤᠷᠢᠬᠯᠠᠭᠰᠠᠠ ᠪᠠᠶᠢᠨ᠎ᠠ᠃         ᠡᠶᠢᠮᠤᠷᠬᠦ ᠴᠤᠤᠷᠬᠠᠯ ᠤᠨ ᠤᠯᠠᠩᠬᠢ ᠶᠢ ᠨᠢ ᠨᠡᠯᠢᠶᠡᠳ ᠵᠤᠬᠢᠰᠳᠠᠢ ᠰᠢᠢᠳᠪᠤᠷᠢᠯᠠᠵᠥ ᠴᠢᠳᠠᠪᠠᠴᠦ ᠡᠰᠡᠷᠬᠦ ᠨᠦᠯᠥᠭᠡ ᠶᠢ ᠨᠢ ᠠᠷᠢᠯᠭᠠᠬᠤ ᠳᠤ ᠬᠦᠴᠢᠷ ᠶᠤᠮ᠂ ᠦᠷᠭᠡᠨ ᠤᠯᠠᠨ ᠰᠦᠯᠵᠢᠶᠡᠨ ᠤ ᠠᠨᠳᠠ ᠶᠢᠨ ᠰᠡᠳᠬᠢᠯ ᠳᠤ ᠦᠯᠡᠳᠡᠭᠡᠭᠰᠡᠡ ᠰᠢᠷᠬ᠎ᠠ ᠶᠢ ᠡᠳᠡᠭᠡᠷᠡᠬᠦᠯᠬᠦ ᠳᠤ ᠴᠦ ᠬᠦᠴᠢᠷ ᠶᠤᠮ᠃ ᠰᠦᠯᠵᠢᠶᠡᠨ ᠤ ᠴᠤᠤᠷᠬᠠᠯ ᠳᠤ ᠮᠡᠭᠡᠯᠡᠭᠳᠡᠵᠥ᠂ ᠶᠡᠬᠡᠪᠡᠷ ᠠᠭᠤᠷᠯᠠᠨ ᠬᠢᠯᠢᠩᠨᠡᠭᠰᠡᠡ ᠪᠠ ᠴᠤᠤᠷᠬᠠᠯ ᠢ ᠨᠢᠴᠤᠭᠠᠭᠰᠠᠠ ᠤ ᠲᠠᠷᠠᠭᠠᠬᠢ ᠯᠤᠳᠤ ᠶᠡᠭᠡ ᠰᠡᠳᠬᠢᠴᠡ ᠶᠢᠨ ᠵᠦᠷᠢᠶ᠎ᠠ᠂ ᠮᠡᠳᠡᠭᠡ ᠵᠠᠩᠬᠢ ᠶᠢᠨ ᠦᠨᠠᠨ ᠬᠤᠳᠠᠯ ᠤᠨ ᠲᠤᠬᠠᠢ ᠮᠠᠭᠠᠳᠯᠠᠬᠤ ᠴᠢᠳᠠᠪᠤᠷᠢ ᠶᠢᠨ ᠭᠤᠶᠢᠪᠢᠯᠵᠢᠯ᠂ ᠰᠦᠯᠵᠢᠶ᠎ᠡ ᠵᠢᠴᠢ ᠪᠤᠳᠠᠳᠤ ᠠᠬᠤᠢ ᠶᠢᠨ ᠦᠨᠡᠨᠴᠢ ᠢᠳᠡᠭᠡᠮᠵᠢ ᠶᠢᠨ ᠲᠤᠬᠠᠢ ᠰᠡᠵᠢᠭᠯᠡᠯ ᠵᠡᠷᠭᠡ ᠨᠢ ᠪᠦᠷ ᠤᠮᠳᠤᠭᠠᠢᠢᠯᠠᠵᠥ ᠪᠤᠯᠤᠰᠢ ᠦᠭᠡᠢ ᠯᠤᠳᠤ ᠶᠡᠭᠡ ᠰᠢᠷᠬᠠᠯᠠᠯ ᠪᠤᠯᠳᠠᠭ ᠪᠠᠶᠢᠨ᠎ᠠ᠃ ᠰᠦᠯᠵᠢᠶᠡᠨ ᠤ ᠴᠤᠤᠷᠬᠠᠯ ᠤᠨ ᠪᠤᠢ ᠪᠤᠯᠵᠥ ᠲᠡᠯᠭᠡᠷᠡᠬᠦ ᠶᠢ ᠪᠦᠳᠦᠮᠵᠢᠳᠠᠢ ᠬᠤᠷᠢᠬᠯᠠᠵᠥ᠂ ᠰᠦᠯᠵᠢᠶᠡᠨ ᠤ ᠢᠷᠭᠡᠳ ᠤᠨ ᠵᠦᠢ ᠶᠤᠰᠤᠨ ᠤ ᠰᠤᠶᠤᠯ ᠤᠨ ᠡᠷᠬᠡ ᠠᠰᠢᠬ ᠢ ᠬᠠᠮᠠᠭᠠᠯᠠᠬᠤ ᠪᠤᠯ ᠡᠷᠡᠬᠦᠯ ᠰᠠᠷᠠᠭᠤᠯ ᠦᠭᠡᠳᠡᠯᠡᠨ ᠲᠠᠪᠰᠢᠭᠰᠠᠠ ᠰᠦᠯᠵᠢᠶᠡᠨ ᠤ ᠰᠤᠶᠤᠯ ᠢ ᠬᠦᠭᠵᠢᠬᠦᠯᠬᠦ ᠶᠢᠨ ᠬᠡᠷᠡᠭᠴᠡᠭᠡ ᠮᠥᠨ᠃         ᠶᠡᠭᠡ ᠬᠡᠮᠵᠢᠶᠡᠨ ᠤ ᠴᠤᠤᠷᠬᠠᠯ ᠢ ᠬᠤᠷᠢᠶᠠᠩᠭᠤᠢᠢᠯᠠᠪᠠᠯ᠂ ᠲᠡᠷᠡ ᠨᠢ ᠲᠤᠤᠷᠠᠬᠢ ᠮᠡᠳᠤ ᠬᠡᠯᠪᠡᠷᠢ ᠲᠠᠢ ᠪᠠᠶᠢᠳᠠᠭ᠄ ᠨᠢᠭᠡ ᠳᠤ ᠺᠠᠳ᠋ᠷ ᠤᠨ ᠠᠷᠢᠭᠤᠨ ᠴᠢᠭᠡᠴᠢ᠂ ᠲᠤᠰᠢᠶᠠᠯ ᠲᠡᠪᠰᠢᠭᠰᠡᠡ ᠲᠤᠬᠠᠢ ᠪᠤᠳᠠᠳᠤ ᠶᠠᠪᠤᠳᠠᠯ ᠢ ᠭᠠᠵᠢᠭᠤᠳᠠᠭᠤᠯᠤᠭᠰᠠᠠ ᠪᠠᠶᠢᠳᠠᠭ᠃ ᠵᠢᠱᠢᠶᠡᠯᠡᠪᠡᠯ ᠡᠮᠤᠨ᠎ᠡ ᠶᠠᠷᠢᠭᠰᠠᠠ ᠴᠦᠩᠴᠢᠩ ᠤᠨ ᠠᠯᠪᠠᠨ ᠲᠤᠰᠢᠶᠠᠯᠳᠠᠨ ᠤ ︽ᠭᠠᠳᠠᠭᠠᠳᠤ ᠳᠤ ᠲᠤᠳᠠᠭᠠᠭᠰᠠᠠ︾᠃ ᠬᠤᠶᠠᠷ ᠲᠤ ᠬᠡᠰᠡᠭ ᠭᠠᠵᠠᠷ ᠤᠷᠤᠨ ᠤ ᠺᠠᠳ᠋ᠷ ᠤᠯᠠᠨ ᠲᠦᠮᠡᠨ ᠤ ᠬᠠᠷᠢᠴᠠᠭ᠎ᠠ ᠡᠶ᠎ᠡ ᠵᠤᠬᠢᠴᠠᠩᠭᠤᠢ ᠪᠤᠰᠤ ᠪᠠᠶᠢᠬᠤ ᠪᠠᠶᠢᠳᠠᠯ ᠢ ᠠᠰᠢᠬᠯᠠᠨ᠂ ᠬᠠᠶᠠ ᠭᠠᠷᠳᠠᠭ ᠠᠮᠤᠷ ᠲᠦᠪᠰᠢᠨ ᠤ ᠬᠡᠷᠡᠭ ᠨᠢ ᠠᠯᠪᠠ ᠪᠠᠷ ︽ᠺᠠᠳ᠋ᠷ ᠤᠯᠠᠨ ᠲᠦᠮᠡᠨ ᠤ ᠵᠦᠷᠢᠴᠡᠯ ᠪᠤᠯᠭᠠᠳᠠᠭ︾ ᠪᠠᠶᠢᠨ᠎ᠠ᠂ ᠵᠢᠱᠢᠶᠡᠯᠡᠪᠡᠯ ︽ᠴᠢᠶᠠᠨ ᠶᠦᠨ ᠬᠤᠢ ᠶᠢᠨ ᠬᠡᠷᠡᠭ︾᠃ ᠭᠤᠷᠪᠠ ᠳᠤ ᠡ ᠊ ᠩ᠊ ᠤᠨ ᠤᠯᠠᠨ ᠲᠦᠮᠡᠨ ᠳᠤ ᠴᠢᠭᠯᠡᠬᠦᠯᠥᠨ ᠪᠤᠳᠠᠳᠤ ᠬᠡᠷᠡᠭ ᠢ ᠭᠠᠵᠢᠭᠤᠳᠠᠭᠤᠯᠵᠥ᠂ ᠤᠯᠠᠨ ᠲᠦᠮᠡᠨ ᠤ ᠲᠤᠳᠤᠭᠠᠳᠤ ᠶᠢᠨ ᠪᠦᠯᠬᠦᠮᠳᠡᠯ ᠢ ᠦᠳᠦᠭᠡᠳᠡᠭ ᠪᠠᠶᠢᠨ᠎ᠠ᠂ ᠵᠢᠱᠢᠶᠡᠯᠡᠪᠡᠯ ᠱᠧᠨᠵᠧᠨ ᠤ ᠨᠢᠭᠡᠨ ᠠᠵᠢᠯᠳᠠᠨ ᠬᠤᠳᠠᠯ ᠬᠠᠭᠤᠷᠮᠠᠭ ᠭᠡᠷᠡᠯ ᠵᠢᠷᠤᠭ ᠢᠶᠠᠷ ᠪᠡᠭᠡᠵᠢᠩ ᠤᠨ ᠨᠢᠭᠡ ᠬᠤᠤᠰ ᠠᠮᠢᠳᠤᠷᠠᠯ ᠨᠢ ᠬᠦᠴᠢᠷᠳᠡᠯᠳᠡᠢ᠂ ᠪᠠᠳᠤᠯᠠᠪᠤᠷᠢ ᠶᠢᠨ ᠤᠷᠤᠨ ᠰᠠᠭᠤᠴᠠ ᠬᠤᠳᠠᠯᠳᠤᠨ ᠠᠪᠬᠤ ᠪᠠᠷ ᠭᠤᠶᠤᠴᠢᠯᠠᠭᠰᠠᠠ ᠡᠬᠡ ᠬᠡᠤᠬᠡᠨ ︽ᠪᠦᠬᠦ ᠤᠯᠤᠰ ᠤᠨ ᠡᠯ᠎ᠡ ᠭᠠᠵᠠᠷ ᠢᠶᠠᠷ ᠵᠤᠭᠠᠴᠠᠵᠥ᠂ ᠪᠦᠷᠢᠯᠭᠡᠨ ᠰᠦᠢᠳᠭᠡᠯ᠎ᠡ︾ ᠭᠡᠵᠥ ᠭᠤᠳᠤᠭᠠᠭᠰᠠᠠ ᠪᠠᠶᠢᠨ᠎ᠠ᠃ ᠲᠦᠷᠪᠡ ᠳᠤ ︽ᠰᠢᠨ᠎ᠡ ᠯᠤᠩᠬᠤᠨ ᠳᠤ ᠬᠠᠭᠤᠴᠢᠨ ᠠᠷᠢᠬᠢ ᠰᠠᠪᠠᠯᠠᠵᠥ︾᠂ ᠬᠠᠭᠤᠴᠢᠷᠠᠵᠥ ᠤᠳᠠᠭᠰᠠᠠ ᠬᠡᠷᠡᠭ ᠶᠠᠪᠤᠳᠠᠯ ᠢᠶᠠᠷ ᠬᠦᠮᠥᠰ ᠤᠨ ᠬᠠᠷᠠᠭ᠎ᠠ ᠰᠤᠨᠤᠷ ᠢ ᠬᠠᠯᠬᠠᠯᠠᠳᠠᠭ ᠪᠠᠶᠢᠨ᠎ᠠ᠃ ᠵᠢᠱᠢᠶᠡᠯᠡᠪᠡᠯ ᠡᠨᠡ ᠵᠢᠯ ᠪᠡᠭᠡᠵᠢᠩ ᠳᠤ ᠶᠡᠭᠡ ᠪᠤᠷᠤᠭᠠᠨ ᠤᠷᠤᠭᠰᠠᠠ ᠳᠤ ᠰᠦᠯᠵᠢᠶᠡᠨ ᠲᠡᠭᠡᠷ᠎ᠡ ᠵᠠᠷᠢᠮ ᠬᠦᠮᠥᠨ ᠲᠤᠬᠢᠶᠠᠯ ᠢ ᠠᠰᠢᠬᠯᠠᠨ ᠬᠠᠭᠤᠴᠢᠨ ᠭᠡᠷᠡᠯ ᠵᠢᠷᠤᠭ ᠨᠡᠶᠢᠳᠡᠯᠡᠵᠥ᠂ ᠡᠨᠡ ᠵᠢᠯ ᠵᠠᠷᠢᠮ ᠭᠠᠵᠠᠷ ᠲᠤᠤᠷᠠᠬᠢ ᠲᠡᠮᠤᠷ ᠵᠠᠮ ᠳᠤ ᠲᠠᠬᠢᠨ ᠶᠡᠭᠡ ᠤᠰᠤ ᠤᠷᠤᠨ᠎ᠡ ᠭᠡᠵᠥ ᠬᠡᠯᠡᠭᠡᠳ ᠶᠡᠭᠡ ᠬᠡᠮᠵᠢᠶᠡᠨ ᠤ ᠰᠦᠯᠵᠢᠶᠡᠨ ᠤ ᠢᠷᠭᠡᠨ ᠵᠠᠮ ᠬᠠᠷᠢᠯᠴᠠᠭ᠎ᠠ ᠵᠦᠭᠡᠭᠡᠪᠤᠷᠢ ᠵᠢᠴᠢ ᠬᠠᠮᠢᠶᠠᠷᠤᠯᠳᠠ ᠶᠢᠨ ᠰᠠᠯᠠᠭ᠎ᠠ ᠮᠥᠴᠢᠷ ᠢ ᠵᠢᠮᠡᠯᠡᠭᠰᠡᠡ ᠪᠠᠶᠢᠨ᠎ᠠ᠃         ᠰᠦᠯᠵᠢᠶᠡᠨ ᠤ ᠴᠤᠤᠷᠬᠠᠯ ᠤᠨ ᠤᠯᠠᠮᠵᠢᠯᠠᠭᠳᠠᠬᠤ ᠨᠢ ᠡᠩ ᠤᠨ ᠪᠠᠶᠢᠳᠠᠯ ᠲᠤᠤᠷ᠎ᠠ ᠰᠦᠯᠵᠢᠶᠡᠨ ᠤ ᠢᠷᠭᠡᠳ ᠤᠨ ᠶᠡᠭᠡ ᠬᠡᠮᠵᠢᠶ᠎ᠡ ᠪᠠᠷ ᠴᠤᠭᠯᠠᠷᠠᠳᠠᠭ ᠶᠠᠷᠢᠶᠠᠨ ᠤ ᠲᠠᠪᠴᠠᠩ᠂ ᠪᠢᠴᠢᠯ ᠪᠦᠷᠭᠡ᠂ ᠪᠦᠷᠭᠡ᠂ ᠴᠢᠮᠡᠭᠡ ᠬᠤᠯᠪᠤᠭᠠᠨ ᠤ ᠪᠠᠭᠠᠵᠢ ᠶᠢᠨ ᠴᠤᠭᠯᠠᠷᠠᠯ ᠵᠡᠷᠭᠡ ᠭᠠᠵᠠᠷ ᠪᠠᠶᠢᠵᠥ᠂ ᠦᠨᠡᠨ ᠪᠤᠳᠠᠳᠠᠢ ᠪᠤᠰᠤ ᠵᠢᠷᠤᠭ ᠵᠤᠬᠢᠶᠠᠯ ᠨᠡᠶᠢᠳᠡᠯᠡᠬᠦ ᠪᠠᠷ ᠲᠠᠮᠵᠢᠨ ᠰᠦᠯᠵᠢᠶᠡᠨ ᠤ ᠠᠨᠳᠠ ᠶᠢᠨ ᠢᠳᠡᠭᠡᠯ ᠢ ᠤᠯᠵᠥ᠂ ᠪᠤᠰᠤᠳ ᠰᠦᠯᠵᠢᠶᠡᠨ ᠤ ᠠᠨᠳᠠ ᠶᠢ ᠲᠠᠮᠵᠢᠭᠤᠯᠤᠨ ᠨᠡᠶᠢᠳᠡᠯᠡᠬᠦ ᠪᠠ ᠦᠨᠡᠯᠡᠬᠦ ᠳᠤ ᠤᠷᠤᠯᠴᠠᠭᠤᠯᠵᠥ᠂ ᠴᠤᠤᠷᠬᠠᠯ ᠤᠨ ᠪᠦᠷᠬᠦᠴᠡ ᠶᠢᠨ ᠬᠡᠪᠴᠢᠶ᠎ᠡ ᠶᠢ ᠦᠷᠭᠡᠳᠭᠡᠳᠡᠭ ᠪᠠᠶᠢᠨ᠎ᠠ᠃ ᠰᠦᠯᠵᠢᠶᠡᠨ ᠲᠡᠭᠡᠷᠡᠬᠢ ᠴᠤᠤᠷᠬᠠᠯ ᠤᠨ ᠤᠯᠠᠩᠬᠢ ᠨᠢ ᠨᠡᠶᠢᠭᠡᠮ ᠤᠨ ᠠᠩᠬᠠᠷᠬᠤ ᠬᠡᠮᠵᠢᠶ᠎ᠡ ᠦᠨᠳᠤᠷ᠂ ᠡᠰᠡᠬᠦᠯ᠎ᠡ ᠤᠯᠠᠨ ᠲᠦᠮᠡᠨ ᠨᠢᠭᠳᠡ ᠠᠩᠬᠠᠷᠴᠦ ᠪᠠᠶᠢᠭ᠎ᠠ᠂ ᠠᠮᠠᠷᠬᠠᠨ ᠲᠤᠩᠰᠤᠯᠤᠯᠳᠠ ᠭᠠᠷᠭᠠᠳᠠᠭ ᠰᠡᠳᠤᠪ ᠢ ᠰᠤᠩᠭᠤᠳᠠᠭ ᠪᠠᠶᠢᠨ᠎ᠠ᠃ ᠡᠶᠢᠮᠤᠷᠬᠦ ᠰᠡᠳᠤᠪ ᠤᠨ ᠴᠤᠤᠷᠬᠠᠯ ᠨᠢ ᠰᠦᠯᠵᠢᠶᠡᠨ ᠤ ᠢᠷᠭᠡᠳ ᠤᠨ ᠰᠡᠳᠬᠢᠯᠭᠡ ᠶᠢ ᠠᠮᠠᠷᠬᠠᠨ ᠬᠦᠭᠵᠢᠭᠡᠵᠥ᠂ ᠡᠪᠳᠡᠯᠡᠭᠡ ᠶᠢᠨ ᠬᠦᠴᠦᠨ ᠨᠢ ᠲᠦᠢᠯ ᠤᠨ ᠶᠡᠭᠡ ᠪᠠᠶᠢᠳᠠᠭ᠃ ᠴᠤᠤᠷᠬᠠᠯ ᠲᠠᠯᠪᠢᠭᠰᠠᠳ ︽ᠰᠡᠳᠬᠢᠯ ᠢᠶᠠᠨ ᠴᠢᠯᠡᠭᠡᠵᠥ ᠪᠠᠶᠢᠳᠠᠭ︾᠃ ᠡᠳᠤᠷ ᠢᠷᠡᠬᠦᠶ᠎ᠡ ᠦᠷᠭᠡᠵᠢᠵᠥ ᠪᠠᠶᠢᠭ᠎ᠠ ᠰᠦᠯᠵᠢᠶᠡᠨ ᠤ ᠠᠷᠠᠳ᠂ ᠨᠡᠩ ᠤᠯᠠᠨ ᠶᠠᠩᠵᠥ ᠶᠢᠨ ᠪᠤᠯᠵᠥ ᠪᠠᠶᠢᠭ᠎ᠠ ᠤᠯᠠᠮᠵᠢᠯᠠᠬᠤ ᠠᠷᠭ᠎ᠠ ᠬᠡᠯᠪᠡᠷᠢ᠂ ᠨᠡᠩ ᠶᠡᠭᠡ ᠪᠤᠯᠵᠥ ᠪᠠᠶᠢᠭ᠎ᠠ ᠰᠦᠯᠵᠢᠶᠡᠨ ᠤ ᠮᠡᠳᠡᠭᠡ ᠵᠠᠩᠬᠢ ᠶᠢᠨ ᠡᠮᠤᠨ᠎ᠡ᠂ ᠴᠤᠤᠷᠬᠠᠯ ᠢ ᠰᠡᠷᠭᠡᠶᠢᠯᠡᠬᠦ ᠦᠵᠡᠯ ᠤᠬᠠᠮᠰᠠᠷ ᠢᠶᠠᠨ ᠲᠡᠭᠡᠭᠰᠢᠯᠡᠬᠦᠯᠵᠥ᠂ ᠴᠤᠤᠷᠬᠠᠯ ᠢ ᠢᠯᠭᠠᠨ ᠲᠠᠨᠢᠬᠤ ᠴᠢᠳᠠᠪᠤᠷᠢ ᠪᠠᠨ ᠨᠡᠮᠡᠭᠳᠡᠬᠦᠯᠪᠡᠯ ᠰᠠᠢᠢ ᠴᠤᠤᠷᠬᠠᠯ ᠳᠤ ᠲᠦᠬᠡᠷᠢᠭᠳᠡᠭᠳᠡᠬᠦ ᠦᠭᠡᠢ ᠶᠤᠮ᠃ ᠴᠤᠤᠷᠬᠠᠯ ᠢ ᠢᠯᠭᠠᠨ ᠲᠠᠨᠢᠬᠤ ᠴᠢᠳᠠᠪᠤᠷᠢ ᠪᠠᠨ ᠲᠡᠭᠡᠭᠰᠢᠯᠡᠬᠦᠯᠬᠦ ᠳᠤ ᠵᠠᠷᠢᠮ ᠳᠠᠭᠠᠨ ᠲᠡᠶᠢᠮᠤ ᠴᠦ ᠬᠦᠴᠢᠷ ᠪᠢᠰᠢ ᠪᠠᠶᠢᠳᠠᠭ᠂ ᠨᠠᠷᠢᠨ ᠵᠦᠢᠯᠡᠰ ᠨᠢ ᠠᠰᠠᠭᠤᠳᠠᠯ ᠢ ᠲᠤᠳᠤᠷᠬᠠᠢᠢᠯᠠᠵᠥ ᠪᠠᠶᠢᠳᠠᠭ᠃ ᠵᠢᠱᠢᠶᠡᠯᠡᠪᠡᠯ ︽ᠬᠤᠪᠳᠤᠭ ᠨᠤᠶᠠᠨ ᠭᠠᠳᠠᠭᠠᠳᠤ ᠳᠤ ᠲᠤᠳᠠᠭᠠᠭᠰᠠᠠ︾᠎ ᠨᠢ ᠶᠠᠭᠠᠬᠢᠭᠠᠳ ︽10 ᠲᠦᠷᠦᠯ ᠰᠠᠳᠤᠨ ᠢᠶᠠᠨ ᠲᠠᠭᠠᠭᠤᠯᠵᠥ︾ ᠴᠢᠳᠠᠬᠤ ᠪᠤᠢ︖ ︽3 ᠳ᠋ᠦ᠋ᠩᠰᠢᠭᠤᠷ ᠲᠦᠬᠦᠷᠢᠭ ᠤᠨ ᠶᠡᠭᠡ ᠬᠡᠮᠵᠢᠶᠡᠨ ᠤ ᠵᠤᠭᠤᠰ︾᠎ ᠢ ᠵᠤᠬᠢᠶᠠᠯ ᠨᠡᠶᠢᠳᠡᠯᠡᠭᠴᠢ ᠶᠠᠭᠠᠬᠢᠵᠥ ᠮᠡᠳᠡᠭᠰᠡᠡ ᠪᠤᠢ︖ ᠮᠠᠰᠢ ᠤᠯᠠᠨ ᠨᠠᠷᠢᠨ ᠵᠦᠢᠯᠡᠰ ᠰᠡᠵᠢᠭᠯᠡᠯ ᠲᠠᠢ ᠵᠦᠢᠯᠡᠰ ᠢ ᠪᠤᠳᠤᠵᠥ ᠦᠵᠡᠪᠡᠯ ᠴᠤᠤᠷᠬᠠᠯ ᠭᠡᠳᠡᠭ ᠨᠢ ᠠᠶᠠᠨᠳᠠᠭᠠᠨ ᠮᠡᠳᠡᠭᠳᠡᠬᠦ ᠶᠤᠮ᠃         ᠴᠤᠤᠷᠬᠠᠯ ᠢ ᠢᠯᠭᠠᠨ ᠲᠠᠨᠢᠬᠤ ᠳᠤ ᠡᠷᠬᠡ ᠰᠦᠷᠳᠤ ᠰᠦᠯᠵᠢᠶᠡᠨ ᠤ ᠦᠷᠳᠡᠭᠡ ᠠᠴᠠ ᠬᠡᠷᠡᠴᠢᠯᠡᠵᠥ ᠪᠤᠯᠬᠤ ᠶᠤᠮ᠃ ᠮᠠᠨ ᠤ ᠤᠯᠤᠰ ᠤᠨ ᠢᠨᠲ᠋ᠧᠷ ᠰᠦᠯᠵᠢᠶ᠎ᠡ ᠬᠦᠭᠵᠢᠭᠰᠡᠡ 10 ᠭᠠᠷᠤᠢ ᠵᠢᠯ ᠤᠨ ᠲᠤᠷᠰᠢ᠂ ᠨᠢᠭᠡ ᠪᠦᠯᠥᠭ ᠭᠤᠤᠯ ᠰᠦᠯᠵᠢᠶᠡᠨ ᠤ ᠦᠷᠳᠡᠭᠡ ᠦᠨᠡᠨ ᠪᠤᠳᠠᠳᠠᠢ᠂ ᠤᠨᠤᠪᠴᠢᠳᠠᠢ᠂ ᠡᠷᠬᠡ ᠰᠦᠷᠳᠡᠢ ᠵᠠᠬ᠎ᠠ ᠲᠡᠯᠭᠡᠬᠦᠷ ᠤᠨ ᠲᠦᠷᠢ ᠲᠦᠷᠬᠦ ᠶᠢ ᠪᠦᠷᠢᠯᠳᠦᠬᠦᠯᠵᠥ᠂ ᠰᠠᠶᠢᠨ ᠦᠨᠡᠯᠡᠯᠳᠡ ᠶᠢ ᠤᠯᠤᠭᠰᠠᠠ ᠪᠠᠶᠢᠨ᠎ᠠ᠃ ᠡᠷᠬᠡ ᠰᠦᠷᠳᠤ ᠰᠦᠯᠵᠢᠶᠡᠨ ᠤ ᠦᠷᠳᠡᠭᠡ ᠶᠢ ᠢᠳᠡᠭᠡᠬᠦ ᠨᠢ ᠤᠯᠠᠨ ᠲᠦᠮᠡᠨ ᠢ ᠢᠳᠡᠭᠡᠵᠥ᠂ ᠵᠠᠬ᠎ᠠ ᠲᠡᠯᠭᠡᠬᠦᠷ ᠤᠨ ᠲᠤᠷᠰᠢᠯᠭ᠎ᠠ ᠶᠢ ᠢᠳᠡᠭᠡᠭᠰᠡᠡ ᠶᠠᠪᠤᠳᠠᠯ ᠪᠤᠯᠤᠨ᠎ᠠ᠃ ᠰᠦᠯᠵᠢᠶᠡᠨ ᠲᠡᠭᠡᠷᠡᠬᠢ ᠦᠨᠡᠨ ᠬᠤᠳᠠᠯ ᠴᠤᠤᠷᠬᠠᠯ ᠪᠤᠯᠤᠨ ᠮᠡᠳᠡᠭᠡ ᠵᠠᠩᠬᠢ ᠶᠢᠨ ᠡᠮᠤᠨ᠎ᠡ ᠡᠷᠭᠡ ᠰᠦᠷᠳᠤ ᠰᠤᠨᠢᠨ ᠮᠡᠳᠡᠭᠡᠨ ᠤ ᠰᠦᠯᠵᠢᠶᠡᠨ ᠤ ᠦᠷᠳᠡᠭᠡ ᠮᠡᠳᠡᠭᠡᠯᠡᠭᠰᠡᠡ ᠡᠰᠡᠬᠦ ᠶᠢ ᠦᠵᠡᠵᠥ ᠪᠤᠯᠤᠨ᠎ᠠ᠃         ᠴᠤᠤᠷᠬᠠᠯ ᠢ ᠢᠯᠭᠠᠨ ᠲᠠᠨᠢᠬᠤ ᠳᠤ ᠪᠠᠰᠠ ᠮᠡᠳᠡᠭᠡ ᠵᠠᠩᠬᠢ ᠨᠢ ᠰᠤᠨᠢᠨ ᠮᠡᠳᠡᠭᠡᠨ ᠤ ᠵᠢᠮ᠎ᠡ ᠶᠤᠰᠤ ᠲᠠᠢ ᠨᠡᠶᠢᠴᠡᠬᠦ ᠡᠰᠡᠬᠦ ᠶᠢ ᠦᠵᠡᠵᠥ ᠪᠤᠯᠤᠨ᠎ᠠ᠃ ᠬᠡᠪ ᠤᠨ ᠰᠤᠨᠢᠨ ᠮᠡᠳᠡᠭᠡᠨ ᠤ ᠮᠠᠳᠡᠭᠡᠯᠡᠯ ᠤᠨᠴᠠᠭᠠᠢᠢᠯᠠᠨ ᠡᠷᠬᠡ ᠰᠦᠷᠳᠤ ᠵᠠᠭᠤᠴᠢᠯᠠᠭᠤᠷ ᠤᠨ ᠰᠤᠨᠢᠨ ᠮᠡᠳᠡᠭᠡᠨ ᠤ ᠮᠡᠳᠡᠭᠡᠯᠡᠯ ᠨᠢ ᠪᠤᠰᠤᠳᠴᠢ᠂ ᠤᠶᠤᠨᠴᠢ ᠪᠠᠶᠢᠳᠠᠭ᠃ ᠦᠰᠭᠡᠨ ᠲᠦᠰᠭᠡᠨ ᠲᠠᠢ ᠶᠠᠷᠢᠭᠰᠠᠠ᠂ ᠦᠳᠦᠭᠡᠨ ᠬᠦᠭᠡᠷᠬᠡᠳᠡᠭᠰᠡᠡ᠂ ᠬᠡᠬᠦᠳᠡᠭ ᠲᠦᠬᠦᠷᠡᠩ ᠬᠢᠯᠢᠩ ᠬᠤᠷᠤᠰᠤᠯ ᠲᠠᠢ ᠮᠡᠳᠡᠭᠡ ᠵᠠᠩᠬᠢ ᠳᠤ ᠪᠤᠯᠭᠤᠮᠵᠢᠳᠠᠢ ᠬᠠᠨᠳᠤᠬᠤ ᠴᠢᠬᠤᠯᠠᠳᠠᠢ ᠶᠤᠮ᠃         ︽ᠰᠦᠯᠵᠢᠶᠡᠨ ᠨᠢ ᠬᠡᠢ ᠬᠤᠭᠤᠰᠤᠨ ᠵᠦᠢᠯ ᠪᠢᠰᠢ︾᠃ ᠮᠠᠰᠢ ᠤᠯᠠᠨ ᠬᠡᠷᠡᠭ ᠤᠨ ᠵᠢᠱᠢᠶ᠎ᠡ ᠠᠴᠠ ᠦᠵᠡᠪᠡᠯ᠂ ᠴᠤᠤᠷᠬᠠᠯ ᠲᠠᠯᠪᠢᠵᠥ ᠬᠤᠤᠷᠯᠠᠬᠤ᠂ ᠬᠤᠪᠢ ᠶᠢᠨ ᠠᠭᠤᠷ ᠬᠢᠯᠢᠩ ᠢᠶᠠᠨ ᠭᠠᠷᠭᠠᠬᠤ ᠨᠢ ᠰᠦᠯᠵᠢᠶᠡᠨ ᠲᠡᠭᠡᠷ᠎ᠡ ᠦᠷᠬᠦᠯᠵᠢ ᠬᠠᠷᠠᠭᠳᠠᠳᠠᠭ᠂ ᠴᠤᠤᠷᠬᠠᠯ ᠢ ᠢᠳᠡᠭᠡᠭᠴᠢ ᠴᠤᠤᠷᠬᠠᠯ ᠲᠠᠯᠪᠢᠬᠴᠢ ᠴᠦ ᠤᠯᠠᠨ ᠪᠠᠶᠢᠨ᠎ᠠ᠃ ᠤᠯᠤᠰ ᠤᠨ ᠬᠠᠤᠯᠢ ᠵᠠᠷᠯᠢᠭ ᠤᠨ ᠤᠯᠠᠮ ᠲᠡᠬᠦᠯᠳᠡᠷᠵᠢᠬᠦ ᠶᠢ ᠲᠠᠭᠠᠯᠳᠤᠨ᠂ ᠰᠦᠯᠵᠢᠶᠡᠨ ᠤ ᠬᠠᠮᠢᠶᠠᠷᠤᠯᠳᠠ ᠤᠯᠠᠮ ᠲᠡᠬᠦᠯᠳᠡᠷᠵᠢᠵᠥ᠂ ᠰᠦᠯᠵᠢᠶᠡᠨ ᠤ ᠢᠷᠭᠡᠳ ᠴᠤᠤᠷᠬᠠᠯ ᠢ ᠢᠯᠭᠠᠨ ᠲᠠᠨᠢᠬᠤ ᠴᠢᠳᠠᠪᠤᠷᠢ ᠤᠯᠠᠮ ᠲᠡᠭᠡᠭᠰᠢᠯᠡᠵᠥ᠂ ᠰᠦᠯᠵᠢᠶᠡᠨ ᠲᠡᠭᠡᠷᠡᠬᠢ ᠴᠤᠤᠷᠬᠠᠯ ᠤᠨ ᠤᠷᠤᠨ ᠵᠠᠢ ᠤᠯᠠᠮ ᠪᠠᠭ᠎ᠠ ᠪᠤᠯᠬᠤ ᠶᠤᠮ᠃ ᠬᠠᠤᠯᠢ ᠰᠠᠬᠢᠯᠭ᠎ᠠ ᠶᠢ ᠦᠯᠥ ᠤᠢᠢᠰᠢᠶᠠᠨ ᠲᠤᠷ᠎ᠠ ᠪᠠᠷ ᠢᠶᠠᠨ ᠴᠤᠤᠷᠬᠠᠯ ᠲᠠᠯᠪᠢᠬᠴᠢᠳ ᠴᠦ ᠤᠯᠪᠠᠰᠤ ᠵᠤᠬᠢᠬᠤ ᠰᠢᠳᠭᠡᠯ ᠢᠶᠠᠨ ᠤᠯᠬᠤ ᠶᠤᠮ᠃         ᠨᠡᠩ ᠤᠯᠠᠨ ᠰᠦᠯᠵᠢᠶᠡᠨ ᠤ ᠠᠨᠳᠠ ᠤᠶᠤᠨᠴᠢ ᠪᠠᠷ ᠪᠤᠳᠤᠯᠬᠢᠯᠠᠵᠥ᠂ ᠰᠦᠯᠵᠢᠶᠡᠨ ᠤ ᠮᠡᠳᠡᠭᠡ ᠵᠠᠩᠬᠢ ᠶᠢᠨ ᠦᠨ᠎ᠡ ᠴᠠᠨ᠎ᠠ᠂ ᠠᠴᠢ ᠬᠤᠯᠪᠤᠭᠳᠠᠯ ᠪᠤᠯᠤᠨ ᠦᠢᠯᠡᠳᠦᠯ ᠢ ᠮᠠᠭᠠᠳᠯᠠᠬᠤ ᠴᠢᠳᠠᠪᠤᠷᠢ ᠪᠠᠨ ᠲᠡᠭᠡᠭᠰᠢᠯᠡᠬᠦᠯᠵᠥ᠂ ᠴᠤᠤᠷᠬᠠᠯ ᠢ ᠢᠳᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠰᠠᠨᠠᠭᠰᠠᠠ ᠢᠶᠠᠷ ᠢᠶᠠᠨ ᠰᠠᠪᠠᠭᠤ ᠦᠭᠡᠢ᠂ ᠰᠦᠯᠵᠢᠶᠡᠨ ᠤ ᠴᠤᠤᠷᠬᠠᠯ ᠳᠤ ᠲᠡᠯ ᠰᠡᠬᠦᠯ ᠨᠡᠮᠡᠬᠦ ᠦᠭᠡᠢ ᠪᠠᠶᠢᠵᠥ᠂ ᠡᠷᠡᠬᠦᠯ ᠰᠠᠷᠠᠭᠤᠯ ᠦᠭᠡᠳᠡᠯᠡᠨ ᠲᠠᠪᠰᠢᠭᠰᠠᠠ ᠰᠦᠯᠵᠢᠶᠡᠨ ᠤ ᠰᠤᠶᠤᠯ ᠢ ᠬᠦᠭᠵᠢᠬᠦᠯᠬᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢᠶᠠᠨ ᠪᠠᠶᠢᠭᠤᠯᠬᠤ ᠳᠤ ᠭᠠᠷᠭᠠᠪᠠᠰᠤ ᠵᠤᠬᠢᠬᠤ ᠴᠢᠷᠮᠡᠶᠢᠯᠭ᠎ᠠ ᠪᠠᠨ ᠭᠠᠷᠭᠠᠬᠤ ᠶᠢ ᠬᠦᠰᠡᠨ ᠬᠦᠯᠢᠶᠡᠵᠥ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号