| | | | —— ᠪᠠᠶᠠᠨᠪᠠᠭᠠᠲᠤᠷ | | ᠭᠤᠷᠪᠠ᠂ ᠥᠪᠥᠷ ᠮᠣᠩᠭᠤᠯ ᠤᠨ ᠬᠤᠣᠰ ᠬᠡᠯᠡᠨ ᠤ ᠰᠤᠷᠭᠠᠨ ᠬᠥᠮᠥᠵᠢᠯ ᠪᠠ ᠲᠡᠭᠦᠨ ᠳᠤ ᠬᠤᠯᠪᠣᠭᠳᠠᠬᠤ | ᠠᠰᠠᠭᠤᠳᠠᠯ ᠤᠨ ᠲᠤᠬᠠᠢ ᠰᠠᠨᠠᠭᠤᠯᠭ᠎ᠠ | ⒈ ᠥᠪᠥᠷ ᠮᠣᠩᠭᠤᠯ ᠤᠨ ᠬᠤᠣᠰ ᠬᠡᠯᠡᠨ ᠤ ᠰᠤᠷᠭᠠᠨ ᠬᠥᠮᠥᠵᠢᠯ ᠪᠠ ᠣᠳᠣ ᠶᠢᠨ ᠥᠪᠥᠷ | ᠮᠣᠩᠭᠤᠯᠴᠤᠳ ᠤᠨ ᠡᠮᠦᠨ᠎ᠡ ᠲᠤᠯᠭᠠᠷᠠᠵᠤ ᠪᠠᠶᠢᠭ᠎ᠠ ᠲᠦᠭᠰᠢᠭᠦᠷᠢᠲᠦ ᠪᠠᠶᠢᠳᠠᠯ ᠢ ᠭᠦᠨᠵᠡᠭᠡᠢ ᠲᠠᠨᠢᠭᠤᠯᠬᠤ ᠬᠡᠷᠡᠭᠲᠡᠢ᠃ | ᠡᠭᠦᠨ ᠳᠤ ᠬᠤᠣᠰ ᠬᠡᠯᠡᠨ ᠤ ᠰᠤᠷᠭᠠᠨ ᠬᠥᠮᠥᠵᠢᠯ ᠤᠨ ᠮᠥᠨ ᠴᠢᠨᠠᠷ᠂ ᠦᠷ᠎ᠡ ᠨᠥᠯᠥᠭᠡ᠂ ᠮᠠᠨ ᠤ ᠤᠯᠤᠰ ᠤᠨ | ᠬᠤᠣᠰ ᠬᠡᠯᠡᠨ ᠤ ᠰᠤᠷᠭᠠᠨ ᠬᠥᠮᠥᠵᠢᠯ ᠤᠨ ᠠᠷᠭ᠎ᠠ ᠪᠣᠳᠣᠯᠭ᠎ᠠ᠂ ᠬᠠᠷᠠᠯᠲᠠ ᠵᠣᠷᠢᠯᠭ᠎ᠠ ᠵᠡᠷᠭᠡ ᠶᠢ ᠨᠠᠷᠢᠨ | ᠣᠶᠢᠯᠠᠭᠠᠭᠤᠯᠵᠤ᠂ ᠥᠪᠥᠷ ᠮᠣᠩᠭᠤᠯ ᠤᠨ ᠮᠣᠩᠭᠤᠯᠴᠤᠳ ᠤᠨ ᠣᠳᠣᠬᠢ ᠪᠣᠳᠠᠲᠤ ᠪᠠᠶᠢᠳᠠᠯ ᠳᠤ ᠦᠨᠡᠨ | ᠲᠣᠬᠢᠷᠠᠭᠰᠠᠨ ᠰᠤᠷᠭᠠᠨ ᠬᠥᠮᠥᠵᠢᠯ ᠤᠨ ᠠᠷᠭ᠎ᠠ ᠬᠡᠯᠪᠡᠷᠢ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ | ᠪᠠᠶᠢᠳᠠᠯ ᠢ ᠮᠡᠳᠡᠭᠦᠯᠬᠦ ᠬᠡᠷᠡᠭᠲᠡᠢ᠃ ᠥᠪᠥᠷ ᠮᠣᠩᠭᠤᠯ ᠤᠨ ᠮᠣᠩᠭᠤᠯᠴᠤᠳ ᠤᠨ ᠰᠤᠷᠭᠠᠨ ᠬᠥᠮᠥᠵᠢᠯ ᠳᠤ ᠣᠷᠣᠰᠢᠵᠤ | ᠪᠠᠶᠢᠭ᠎ᠠ ᠠᠰᠠᠭᠤᠳᠠᠯ ᠢ ᠠᠯᠤᠰ ᠤᠨ ᠬᠠᠷᠠᠯᠲᠠ ᠠᠴᠠ ᠣᠯᠠᠨ ᠲᠠᠯ᠎ᠠ ᠪᠠᠷ ᠭᠦᠨᠵᠡᠭᠡᠢ ᠰᠢᠨᠵᠢᠯᠡᠵᠦ᠂ ᠰᠢᠯᠲᠠᠭᠠᠨ ᠢ ᠨᠢ | ᠢᠯᠡᠷᠡᠭᠦᠯᠦᠨ ᠣᠯᠠᠨ ᠳᠠᠶᠠᠭᠠᠷ ᠲᠤ ᠲᠣᠳᠣᠷᠬᠠᠢ ᠣᠶᠢᠯᠠᠭᠠᠭᠤᠯᠬᠤ ᠬᠡᠷᠡᠭᠲᠡᠢ᠃ ᠡᠭᠦᠨ ᠤ ᠵᠡᠷᠭᠡ ᠳᠤ ᠨᠠᠮ ᠤᠨ | ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ᠂ ᠬᠠᠤᠯᠢ ᠳᠦᠷᠢᠮ ᠢ ᠭᠦᠢᠴᠡᠳ ᠠᠰᠢᠭᠯᠠᠨ ᠪᠦᠯᠬᠦᠮᠳᠡᠨ | ᠲᠡᠮᠡᠴᠡᠬᠦ ᠵᠣᠷᠢᠭ ᠰᠠᠨᠠᠭ᠎ᠠ ᠬᠢᠭᠡᠳ ᠦᠨᠳᠦᠰᠦᠲᠡᠨ ᠢᠶᠠᠨ ᠬᠠᠶᠢᠷᠠᠯᠠᠬᠤ ᠦᠵᠡᠯ ᠰᠡᠳᠬᠢᠯᠭᠡ ᠶᠢ ᠳᠡᠭᠡᠭᠰᠢᠯᠡᠭᠦᠯᠬᠦ | ᠬᠡᠷᠡᠭᠲᠡᠢ᠃ ᠨᠢᠭᠡᠨ ᠦᠨᠳᠦᠰᠦᠲᠡᠨ ᠤ ᠬᠡᠯᠡ ᠰᠣᠶᠣᠯ ᠤᠨ ᠮᠥᠬᠦᠯ ᠪᠣᠯ ᠨᠢᠭᠡᠨ ᠤᠯᠤᠰ᠂ ᠴᠢᠨᠠᠭᠰᠢᠳᠠ ᠳᠡᠯᠡᠬᠡᠢ | ᠨᠡᠶᠢᠲᠡ ᠶᠢᠨ ᠰᠣᠶᠣᠯ ᠤᠨ ᠨᠢᠭᠡᠨ ᠶᠡᠭᠡ ᠭᠤᠬᠢᠷᠠᠯ ᠮᠥᠨ ᠭᠡᠳᠡᠭ ᠤᠨ ᠶᠣᠰᠣ ᠤᠴᠢᠷ ᠢ ᠨᠡᠶᠢᠲᠡ ᠳᠠᠶᠠᠭᠠᠷ ᠲᠤ | ᠰᠠᠶᠢᠲᠤᠷ ᠮᠡᠳᠡᠭᠦᠯᠬᠦ ᠬᠡᠷᠡᠭᠲᠡᠢ᠃ | ⒉ ᠬᠤᠣᠰ ᠬᠡᠯᠡᠨ ᠤ ᠰᠤᠷᠭᠠᠨ ᠬᠥᠮᠥᠵᠢᠯ ᠤᠨ ᠬᠤᠶᠠᠷᠳᠠᠭᠢ ᠬᠡᠯᠡ ᠶᠢ ᠬᠡᠦᠬᠡᠳ ᠤᠨ ᠬᠡᠳᠦᠢ ᠨᠠᠰᠤᠨ | ᠠᠴᠠ ᠡᠬᠢᠯᠡᠭᠦᠯᠪᠡᠯ ᠵᠣᠬᠢᠰᠲᠠᠢ ᠭᠡᠳᠡᠭ ᠢ ᠨᠢᠭᠲᠠᠯᠠᠨ ᠰᠤᠳᠤᠯᠵᠤ᠂ ᠪᠤᠰᠤᠳ ᠤᠨ ᠰᠤᠳᠤᠯᠭᠠᠨ ᠤ ᠳ᠋ᠦᠩ ᠢ | ᠠᠩᠬᠠᠷᠬᠤ ᠴᠢᠬᠤᠯᠠᠲᠠᠢ ᠪᠥᠭᠡᠳ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠰᠢᠨᠵᠢᠯᠡᠬᠦ | ᠤᠬᠠᠭᠠᠨᠴᠢ ᠪᠣᠳᠣᠯᠭ᠎ᠠ ᠶᠢ ᠠᠪᠤᠪᠠᠯ ᠵᠣᠬᠢᠨ᠎ᠠ᠃ ᠡᠨᠡ ᠲᠤᠬᠠᠢ ᠡᠷᠳᠡᠮᠲᠡᠳ ᠤᠨ ᠦᠵᠡᠯᠲᠡ ᠬᠠᠷᠠᠬᠠᠨ ᠨᠢᠭᠡᠳᠦᠯ | ᠦᠭᠡᠢ ᠪᠠᠶᠢᠪᠠᠴᠤ ᠣᠯᠠᠩᠬᠢ ᠨᠢ ᠡᠬᠡ ᠬᠡᠯᠡᠨ ᠤ ᠰᠠᠭᠤᠷᠢ ᠶᠢ ᠰᠠᠶᠢᠲᠤᠷ ᠲᠠᠯᠪᠢᠭᠰᠠᠨ ᠤᠷᠢᠳᠠᠯ ᠳᠣᠣᠷ᠎ᠠ ᠣᠷᠣᠢ | ᠰᠢᠭ᠋ ᠡᠬᠢᠯᠡᠭᠦᠯᠪᠡᠯ ᠰᠠᠶᠢᠨ ᠭᠡᠵᠦ ᠦᠵᠡᠭᠰᠡᠨ ᠪᠠᠶᠢᠳᠠᠭ᠃ ᠢᠯᠠᠩᠭᠤᠶ᠎ᠠ ᠰᠡᠭᠦᠯ ᠤᠨ ᠦᠶ᠎ᠡ ᠳᠤ ᠡᠨᠡ ᠬᠦ ᠦᠵᠡᠯᠲᠡ | ᠶᠢ ᠤᠯᠠᠮ ᠢᠶᠠᠷ ᠴᠢᠬᠤᠯᠠᠴᠢᠯᠠᠬᠤ ᠪᠣᠯᠵᠠᠢ᠃ ᠵᠢᠱᠢᠶᠡᠯᠡᠪᠡᠯ᠂ ᠳᠡᠭᠡᠷ᠎ᠡ ᠵᠠᠭᠤᠨ ᠤ ᠵᠢᠷᠠᠭᠠᠳ ᠣᠨ ᠤ ᠦᠶ᠎ᠡ ᠳᠤ | ᠠᠮᠧᠷᠢᠺᠠ ᠪᠠ ᠡᠸᠦ᠋ᠷᠦᠫᠡ ᠶᠢᠨ ᠡᠷᠳᠡᠮᠲᠡᠳ᠄ 2 —13 ᠨᠠᠰᠤ ᠪᠤᠶᠤ 4 —10 ᠨᠠᠰᠤᠨ ᠳᠤ᠂ ᠡᠰᠡᠬᠦᠯ᠎ᠡ ᠪᠠᠭ᠎ᠠ | ᠰᠤᠷᠭᠠᠭᠤᠯᠢ ᠶᠢᠨ ᠭᠤᠷᠪᠠ᠂ ᠳᠥᠷᠪᠡᠳᠦᠭᠡᠷ ᠣᠨ ᠠᠴᠠ ᠡᠬᠢᠯᠡᠭᠦᠯᠦᠨ ᠬᠤᠶᠠᠷᠳᠠᠭᠢ ᠬᠡᠯᠡ ᠶᠢ ᠰᠤᠷᠭᠠᠵᠤ ᠪᠣᠯᠣᠨ᠎ᠠ | ᠭᠡᠵᠦ ᠦᠵᠡᠵᠡᠢ᠃ ᠭᠡᠪᠡᠴᠦ ᠳᠠᠯᠠᠭᠠᠳ ᠣᠨ ᠠᠴᠠ ᠬᠤᠶᠢᠰᠢ ᠵᠠᠯᠭᠠᠭ᠎ᠠ ᠵᠠᠯᠭᠠᠭ᠎ᠠ ᠪᠠᠷ ᠣᠯᠠᠨ ᠳᠠᠬᠢᠨ ᠲᠤᠷᠰᠢᠯᠲᠠ | ᠬᠢᠭᠰᠡᠨ ᠤ ᠳ᠋ᠦᠩ ᠳᠤ ᠡᠷᠲᠡ ᠰᠤᠷᠭᠠᠬᠤ ᠨᠢ ᠣᠷᠣᠢ ᠰᠤᠷᠭᠠᠬᠤ ᠠᠴᠠ ᠪᠠᠨ ᠳᠡᠮᠡᠢ ᠳᠠᠪᠠᠭᠤᠯᠢᠭ ᠲᠠᠯ᠎ᠠ ᠪᠠᠶᠢᠬᠤ | ᠦᠭᠡᠢ᠂ ᠬᠠᠷᠢᠨ ᠣᠷᠣᠢ ︵11 —15 ᠨᠠᠰᠤ︶ ᠰᠤᠷᠭᠠᠬᠤ ᠨᠢ ᠡᠷᠲᠡ ︵6 —10 ᠨᠠᠰᠤ︶ ᠰᠤᠷᠭᠠᠬᠤ ᠠᠴᠠ | ᠪᠠᠨ ᠰᠠᠶᠢᠨ ᠪᠠᠶᠢᠵᠤ᠂ ᠡᠬᠡ ᠬᠡᠯᠡᠨ ᠤ ᠰᠠᠭᠤᠷᠢ ᠶᠢ ᠨᠢ ᠰᠠᠶᠢᠲᠤᠷ ᠲᠠᠯᠪᠢᠬᠤ᠂ ᠬᠤᠶᠠᠷᠳᠠᠭᠢ ᠬᠡᠯᠡᠨ ᠤ ᠦᠭᠡᠰ ᠤᠨ | ᠰᠠᠩ᠂ ᠬᠡᠯᠡ ᠵᠦᠢ ᠶᠢ ᠡᠵᠡᠮᠰᠢᠬᠦ ᠵᠡᠷᠭᠡ ᠲᠠᠯ᠎ᠠ ᠪᠠᠷ ᠢᠯᠡᠷᠬᠡᠢ ᠳᠠᠪᠠᠭᠤᠯᠢᠭ ᠲᠠᠯ᠎ᠠ ᠲᠠᠢ︔ ᠡᠷᠲᠡ ︵7 ᠨᠠᠰᠤᠨ | ᠠᠴᠠ ᠡᠮᠦᠨ᠎ᠡ︶ ᠰᠢᠭ ᠰᠤᠷᠭᠠᠬᠤ ᠨᠢ ᠵᠥᠪᠬᠡᠨ ᠬᠡᠯᠡᠨ ᠤ ᠠᠪᠢᠶ᠎ᠠ ᠶᠢ ᠠᠪᠢᠶᠠᠯᠠᠵᠤ ᠰᠤᠷᠬᠤ ᠳᠤ ᠵᠣᠬᠢᠬᠤ ᠰᠠᠶᠢᠨ | ᠲᠠᠯ᠎ᠠ ᠲᠠᠢ ᠭᠡᠵᠦ ᠨᠤᠲᠠᠯᠠᠭᠰᠠᠨ ᠪᠠᠶᠢᠨ᠎ᠠ᠃ ᠡᠭᠦᠨ ᠳᠤ ᠠᠮᠧᠷᠢᠺᠠ ᠶᠢᠨ ᠡᠷᠳᠡᠮᠲᠡᠨ ᠺᠠᠮᠢᠨ᠋ᠰ ︵Cummins︶ | ᠪᠠᠰᠠ᠄ ᠬᠤᠶᠠᠷᠳᠠᠭᠢ ᠬᠡᠯᠡᠨ ᠤ ᠬᠥᠭᠵᠢᠯᠲᠡ ᠨᠢ ᠡᠬᠡ ᠬᠡᠯᠡᠨ ᠤ ᠬᠢᠨ ᠴᠢᠳᠠᠪᠤᠷᠢ ᠠᠴᠠ ᠲᠣᠭᠲᠠᠭᠠᠭᠳᠠᠨ᠎ᠠ︔ ᠳᠠᠷᠤᠢ | ᠡᠬᠡ ᠬᠡᠯᠡ ᠨᠢ ᠵᠠᠮ ᠳᠠᠭᠠᠨ ᠣᠷᠣᠭᠰᠠᠨ ᠪᠤᠶᠤ ᠲᠣᠭᠲᠠᠪᠤᠷᠢᠵᠢᠬᠤ ᠬᠡᠮᠵᠢᠶᠡᠨ ᠳᠤ ᠬᠦᠷᠦᠭᠰᠡᠨ ᠰᠠᠭᠤᠷᠢᠨ ᠳᠡᠭᠡᠷᠡᠬᠢ | ᠬᠤᠣᠰ ᠬᠡᠯᠡᠨ ᠤ ᠵᠢᠭᠠᠨ ᠰᠤᠷᠭᠠᠯᠲᠠ ᠨᠢ ᠰᠠᠶ᠋ᠢ ᠬᠡᠦᠬᠡᠳ ᠤᠨ ᠲᠠᠨᠢᠯᠲᠠ ᠶᠢᠨ ᠬᠥᠭᠵᠢᠯᠲᠡ ᠳᠤ ᠢᠳᠡᠪᠬᠢ ᠨᠥᠯᠥᠭᠡ | ᠦᠵᠡᠭᠦᠯᠵᠦ ᠴᠢᠳᠠᠨ᠎ᠠ︔ ᠡᠶᠢᠮᠦ ᠠᠴᠠ ᠬᠡᠦᠬᠡᠳ ᠤᠨ ᠬᠤᠣᠰ ᠬᠡᠯᠡᠨ ᠤ ᠰᠤᠷᠭᠠᠨ ᠬᠥᠮᠥᠵᠢᠯ ᠢ ᠬᠡᠲᠦᠷᠬᠡᠢ ᠡᠷᠲᠡ | ᠡᠬᠢᠯᠡᠭᠦᠯᠬᠦ ᠨᠢ ᠵᠣᠬᠢᠰ ᠦᠭᠡᠢ ᠭᠡᠵᠦ ᠦᠵᠡᠵᠡᠢ᠃ ᠮᠠᠨ ᠤ ᠤᠯᠤᠰ ᠤᠨ ᠡᠷᠳᠡᠮᠲᠡᠳ ᠴᠦ ᠡᠨᠡ ᠬᠦ ᠦᠵᠡᠯᠲᠡ ᠶᠢ | ᠵᠥᠪᠰᠢᠶᠡᠷᠡᠵᠦ᠂ ᠥᠪᠡᠷ ᠤᠨ ᠤᠯᠤᠰ ᠦᠨᠳᠦᠰᠦᠲᠡᠨ ᠪᠠ ᠭᠠᠵᠠᠷ ᠣᠷᠣᠨ ᠤ ᠪᠠᠨ ᠪᠣᠳᠠᠲᠤ ᠪᠠᠶᠢ᠊ ᠡᠬᠡ ᠬᠡᠯᠡᠨ ᠤ | ᠬᠢᠨ ᠰᠠᠭᠤᠷᠢ᠂ ᠬᠤᠶᠠᠷ ᠬᠡᠯᠡᠨ ᠤ ᠬᠢᠨ ᠣᠷᠴᠢᠨ ᠪᠤᠶᠤ ᠰᠤᠷᠤᠯᠴᠠᠬᠤ ᠨᠥᠬᠦᠴᠡᠯ ᠵᠡᠷᠭᠡ ᠪᠣᠳᠠᠲᠤ ᠪᠠᠶᠢᠳᠠᠯ ᠢ | ᠦᠨᠳᠦᠰᠦᠯᠡᠵᠦ ᠬᠤᠶᠠᠷᠳᠠᠭᠢ ᠬᠡᠯᠡ ᠶᠢ ᠰᠤᠷᠭᠠᠬᠤ ᠨᠠᠰᠤ ᠶᠢ ᠲᠣᠭᠲᠠᠭᠠᠬᠤ ᠬᠡᠷᠡᠭᠲᠡᠢ ᠭᠡᠵᠦ ᠦᠵᠡᠭᠰᠡᠨ ᠪᠠᠶᠢᠨ᠎ᠠ᠃ | ᠥᠪᠥᠷ ᠮᠣᠩᠭᠤᠯ ᠤᠨ ᠮᠣᠩᠭᠤᠯ ᠬᠡᠯᠡ ᠲᠠᠢ ᠬᠡᠦᠬᠡᠳ ᠲᠤ ᠠᠪᠤᠭᠠᠳ ᠬᠡᠯᠡᠪᠡᠯ᠂ ᠪᠠᠷᠤᠭ ᠵᠠᠭᠤᠨ ᠤ ᠵᠠᠭᠤ | ᠪᠠᠷ ᠢᠶᠠᠨ ᠬᠡᠯᠡᠨ ᠳᠤ ᠣᠷᠣᠬᠤ ᠦᠶ᠎ᠡ ᠠᠴᠠ ᠪᠠᠨ ᠡᠬᠢᠯᠡᠭᠡᠳ ᠬᠤᠣᠰ ᠬᠡᠯᠡ ᠶᠢ ᠰᠤᠷᠴᠤ ᠬᠡᠷᠡᠭᠯᠡᠵᠦ ᠪᠠᠶᠢᠨ᠎ᠠ ᠭᠡᠵᠦ | ᠬᠡᠯᠡᠵᠦ ᠪᠣᠯᠣᠨ᠎ᠠ᠃ ᠲᠡᠳᠡᠨ ᠳᠤ ᠬᠤᠶᠠᠷᠳᠠᠭᠢ ᠬᠡᠯᠡᠨ ᠤ ᠠᠪᠢᠶ᠎ᠠ ᠶᠢ ᠵᠥᠪ ᠠᠪᠢᠶᠠᠯᠠᠬᠤ ᠳᠤ ᠬᠦᠴᠢᠷᠳᠡᠬᠦ | ᠠᠰᠠᠭᠤᠳᠠᠯ ᠦᠭᠡᠢ᠂ ᠬᠠᠷᠢᠨ ᠬᠡᠲᠦ ᠡᠷᠲᠡ ᠬᠤᠣᠰ ᠬᠡᠯᠡᠨ ᠤ ᠨᠥᠯᠥᠭᠡ ᠶᠢ ᠬᠦᠷᠲᠡᠭᠰᠡᠨ ᠠᠴᠠ ᠡᠬᠡ ᠬᠡᠯᠡᠨ ᠤ | ᠰᠠᠭᠤᠷᠢ ᠶᠢ ᠨᠢ ᠪᠠᠲᠤᠲᠠᠢ ᠲᠠᠯᠪᠢᠵᠤ ᠳᠡᠶᠢᠯᠬᠦ ᠦᠭᠡᠢ ᠪᠣᠯᠵᠤ ᠪᠤᠢ᠃ ᠬᠡᠯᠡᠨ ᠤ ᠰᠤᠷᠭᠠᠨ ᠬᠥᠮᠥᠵᠢᠯ ᠤᠨ ᠵᠢᠮ᠎ᠡ | ᠬᠠᠤᠯᠢ ᠪᠤᠶᠤ ᠡᠷᠳᠡᠮᠲᠡᠳ ᠤᠨ ᠰᠤᠳᠤᠯᠭᠠᠨ ᠤ ᠳ᠋ᠦᠩ ᠢᠶᠠᠷ ᠪᠣᠯ ᠬᠡᠦᠬᠡᠳ ᠡᠷᠬᠡᠪᠰᠢ ᠡᠬᠢᠯᠡᠭᠡᠳ ᠨᠢᠭᠡᠨ ᠬᠡᠯᠡ ᠶᠢ | ᠰᠠᠶᠢᠲᠤᠷ ᠰᠤᠷᠴᠤ᠂ ᠡᠨᠡ ᠬᠡᠯᠡ ᠪᠠᠷ ᠢᠶᠠᠨ ᠰᠡᠳᠬᠢᠬᠦᠢ ᠶᠢᠨ ᠬᠡᠯᠪᠡᠷᠢ ᠪᠣᠯᠭᠠᠵᠤ᠂ ᠡᠨᠡ ᠬᠡᠯᠡᠨ ᠤ ᠪᠠᠨ ᠬᠡᠯᠡ ᠵᠦᠢ | ᠶᠢᠨ ᠰᠢᠰᠲ᠋ᠧᠮ ᠳᠤ ᠲᠦᠰᠢᠭᠯᠡᠨ ᠬᠤᠶᠠᠷᠳᠠᠭᠢ ᠬᠡᠯᠡ ᠪᠠ ᠴᠢᠨᠠᠭᠰᠢᠳᠠ ᠬᠡᠳᠦᠨ ᠬᠡᠯᠡ ᠶᠢ ᠰᠤᠷᠪᠠᠯ ᠰᠠᠶ᠋ᠢ ᠣᠶᠣᠨ | ᠪᠢᠯᠢᠭ ᠨᠢ ᠡᠷᠡᠭᠦᠯ ᠢᠶᠠᠷ ᠨᠡᠭᠡᠭᠡᠭᠳᠡᠵᠦ᠂ ᠬᠤᠣᠰ ᠪᠤᠶᠤ ᠬᠡᠳᠦᠨ ᠬᠡᠯᠡᠨ ᠤ ᠴᠢᠳᠠᠯ ᠦᠢᠯᠡᠳᠦᠯ ᠢ ᠪᠠᠳᠠᠷᠠᠭᠤᠯᠵᠤ | ᠴᠢᠳᠠᠳᠠᠭ᠃ ᠡᠶᠢᠮᠦ ᠠᠴᠠ ᠮᠠᠨ ᠤ ᠤᠯᠤᠰ ᠤᠨ ᠡᠬᠡ ᠬᠡᠯᠡ ᠰᠣᠶᠣᠯ ᠢ ᠨᠢ ᠬᠠᠮᠠᠭᠠᠯᠠᠵᠤ᠂ ᠲᠡᠩᠴᠡᠭᠦᠷᠢᠲᠡᠢ | ᠬᠥᠭᠵᠢᠭᠦᠯᠬᠦ ᠬᠤᠣᠰ ᠬᠡᠯᠡᠨ ᠤ ᠰᠤᠷᠭᠠᠨ ᠬᠥᠮᠥᠵᠢᠯ ᠤᠨ ᠵᠣᠷᠢᠯᠭ᠎ᠠ ᠶᠢ ᠪᠡᠶᠡᠯᠡᠭᠦᠯᠦᠶ᠎ᠡ ᠭᠡᠪᠡᠯ᠂ ᠮᠣᠩᠭᠤᠯ ᠢᠶᠠᠷ | ᠰᠤᠷᠴᠤ ᠪᠠᠶᠢᠭ᠎ᠠ ᠬᠡᠦᠬᠡᠳ ᠤᠨ ᠬᠢᠲᠠᠳ ᠬᠡᠯᠡᠨ ᠤ ᠬᠢᠴᠢᠶᠡᠯ ᠢ ᠡᠷᠲᠡ ᠨᠡᠭᠡᠭᠡᠵᠦ ᠪᠣᠯᠬᠤ ᠦᠭᠡᠢ᠂ ᠬᠠᠮᠤᠭ ᠡᠷᠲᠡ | ᠳᠡᠭᠡᠨ ᠭᠤᠷᠪᠠᠳᠤᠭᠠᠷ ᠣᠨ ᠪᠤᠶᠤ ᠲᠡᠭᠦᠨ ᠠᠴᠠ ᠣᠷᠣᠢ ᠡᠬᠢᠯᠡᠭᠦᠯᠬᠦ ᠪᠥᠭᠡᠳ ᠬᠢᠴᠢᠶᠡᠯ ᠤᠨ ᠲᠤᠭ᠎ᠠ ᠶᠢ ᠴᠦ | ᠴᠥᠭᠡᠰᠬᠡᠬᠦ ᠬᠡᠷᠡᠭᠲᠡᠢ᠃ ᠭᠡᠬᠦ ᠳᠡᠭᠡᠨ ᠬᠡᠯᠡᠨ ᠳᠤ ᠣᠷᠣᠬᠤ ᠠᠴᠠ ᠪᠠᠨ ᠡᠬᠢᠯᠡᠨ ᠬᠡᠦᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ ᠶᠢᠨ ᠳᠣᠣᠷ᠎ᠠ ᠣᠨ ᠳᠤ ᠴᠡᠪᠡᠷ ᠴᠤᠯᠤ ᠮᠣᠩᠭᠤᠯ ᠢᠶᠠᠷ ᠰᠤᠷᠭᠠᠬᠤ ᠬᠡᠷᠡᠭᠲᠡᠢ᠃ ᠮᠣᠩᠭᠤᠯ ᠬᠡᠯᠡᠨ ᠤ | ᠣᠷᠴᠢᠨ ᠢ ᠨᠢ ᠰᠠᠶᠢᠵᠢᠷᠠᠭᠤᠯᠬᠤ ᠶᠢᠨ ᠲᠥᠯᠥᠭᠡ ᠭᠡᠷ ᠤᠨ ᠠᠬᠠᠮᠠᠳ᠂ ᠰᠤᠷᠭᠠᠭᠤᠯᠢ ᠠᠴᠠ ᠮᠣᠩᠭᠤᠯ ᠬᠡᠯᠡᠨ ᠤ | ᠲᠤᠰᠬᠠᠢ ᠣᠷᠴᠢᠨ ᠢ ᠪᠦᠷᠢᠯᠳᠦᠭᠦᠯᠦᠨ ᠬᠢᠲᠠᠳ ᠬᠡᠯᠡᠨ ᠤ ᠣᠷᠴᠢᠨ ᠠᠴᠠ ᠲᠤᠰᠠᠭᠠᠷᠯᠠᠬᠤ ᠵᠡᠷᠭᠡ ᠢᠳᠡᠪᠬᠢᠲᠡᠢ | ᠠᠷᠭ᠎ᠠ ᠪᠣᠳᠣᠯᠭ᠎ᠠ ᠠᠪᠬᠤ ᠬᠡᠷᠡᠭᠲᠡᠢ ᠪᠥᠭᠡᠳ ᠡᠭᠦᠨ ᠤ ᠲᠥᠯᠥᠭᠡ ᠶᠡᠬᠡᠬᠡᠨ ᠵᠣᠷᠢᠭ᠂ ᠬᠦᠴᠦ᠂ ᠪᠡᠯᠡ ᠣᠷᠣᠭᠤᠯᠬᠤ | ᠬᠡᠷᠡᠭᠲᠡᠢ ᠪᠣᠯᠵᠠᠢ᠃ ᠡᠨᠡ ᠪᠣᠯ ᠣᠳᠣᠬᠠᠨ ᠤ ᠥᠪᠥᠷ ᠮᠣᠩᠭᠤᠯ ᠤᠨ ᠬᠤᠣᠰ ᠬᠡᠯᠡᠨ ᠤ ᠰᠤᠷᠭᠠᠨ ᠬᠥᠮᠥᠵᠢᠯ ᠳᠠᠬᠢ | ᠥᠭᠡᠷᠡᠴᠢᠯᠡᠬᠦ ᠬᠡᠷᠡᠭᠲᠡᠢ ᠴᠢᠬᠤᠯᠠ ᠨᠢᠭᠡᠨ ᠠᠰᠠᠭᠤᠳᠠᠯ ᠮᠥᠨ᠃ | ⒊ ᠡᠬᠡ ᠬᠡᠯᠡ ᠰᠣᠶᠣᠯ ᠢ ᠨᠢ ᠬᠠᠮᠠᠭᠠᠯᠠᠵᠤ᠂ ᠲᠡᠩᠴᠡᠭᠦᠷᠢᠲᠡᠢ ᠬᠥᠭᠵᠢᠭᠦᠯᠬᠦ ᠬᠤᠣᠰ ᠬᠡᠯᠡᠨ ᠤ ᠰᠤᠷᠭᠠᠨ | ᠬᠥᠮᠥᠵᠢᠯ ᠤᠨ ᠵᠣᠷᠢᠯᠭ᠎ᠠ ᠶᠢ ᠪᠡᠶᠡᠯᠡᠭᠦᠯᠬᠦ ᠳᠤ ᠥᠪᠥᠷ ᠮᠣᠩᠭᠤᠯ ᠤᠨ ᠮᠣᠩᠭᠤᠯ ᠬᠡᠦᠬᠡᠳ ᠤᠨ ᠡᠬᠡ ᠬᠡᠯᠡᠨ ᠤ | ᠣᠷᠴᠢᠨ ᠢ ᠡᠷᠬᠡᠪᠰᠢ ᠰᠠᠶᠢᠵᠢᠷᠠᠭᠤᠯᠬᠤ ᠬᠡᠷᠡᠭᠲᠡᠢ᠃ ᠡᠭᠦᠨ ᠳᠤ ᠮᠥᠨ ᠢᠳᠡᠪᠬᠢᠲᠡᠢ ᠣᠯᠠᠨ ᠲᠠᠯ᠎ᠠ ᠶᠢᠨ ᠠᠷᠭ᠎ᠠ | ᠪᠣᠳᠣᠯᠭ᠎ᠠ ᠠᠪᠬᠤ ᠴᠢᠬᠤᠯᠠᠲᠠᠢ᠃ ᠡᠨᠡ ᠨᠢ ᠬᠡᠳᠦᠶᠢᠪᠡᠷ ᠬᠤᠣᠰ ᠬᠡᠯᠡᠨ ᠤ ᠰᠤᠷᠭᠠᠨ ᠬᠥᠮᠥᠵᠢᠯ ᠤᠨ ᠲᠤᠰ ᠪᠡᠶ᠎ᠡ | ᠶᠢᠨ ᠠᠰᠠᠭᠤᠳᠠᠯ ᠪᠢᠰᠢ ᠪᠣᠯᠪᠠᠴᠤ ᠶᠠᠮᠠᠷ ᠮᠠᠶ᠋ᠢᠭ ᠤᠨ ᠬᠤᠣᠰ ᠬᠡᠯᠡᠨ ᠤ ᠰᠤᠷᠭᠠᠨ ᠬᠥᠮᠥᠵᠢᠯ ᠢ ᠬᠡᠷᠡᠭᠵᠢᠭᠦᠯᠬᠦ | ᠤᠴᠢᠷ ᠲᠠᠢ ᠰᠢᠭᠤᠳ ᠬᠤᠯᠪᠣᠭᠳᠠᠬᠤ ᠮᠠᠰᠢ ᠴᠢᠬᠤᠯᠠ ᠠᠰᠠᠭᠤᠳᠠᠯ ᠮᠥᠨ᠃ ᠥᠪᠥᠷ ᠮᠣᠩᠭᠤᠯ ᠤᠨ | ᠮᠣᠩᠭᠤᠯᠴᠤᠳ ᠲᠤ ᠬᠡᠷᠡᠭᠵᠢᠭᠦᠯᠵᠦ ᠪᠠᠶᠢᠭ᠎ᠠ ᠬᠤᠣᠰ ᠬᠡᠯᠡᠨ ᠤ ᠰᠤᠷᠭᠠᠨ ᠬᠥᠮᠥᠵᠢᠯ ᠨᠢ ᠳᠠᠯ᠎ᠠ ᠨᠠᠶᠠᠭᠠᠳ ᠣᠨ ᠤ | ᠦᠶ᠎ᠡ ᠳᠤ ᠬᠠᠷᠢᠴᠠᠩᠭᠤᠢ ᠨᠡᠯᠢᠶᠡᠳ ᠲᠡᠩᠴᠡᠭᠦᠷᠢᠲᠡᠢ ᠰᠤᠷᠭᠠᠨ ᠬᠥᠮᠥᠵᠢᠯ ᠪᠠᠶᠢᠭᠰᠠᠨ ᠪᠣᠯᠪᠠᠴᠤ ᠣᠳᠣ ᠲᠡᠶᠢᠮᠦ | ᠪᠢᠰᠢ ᠪᠣᠯᠵᠤ᠂ ᠬᠠᠷᠢᠨ ᠣᠷᠣᠯᠠᠬᠤ ᠰᠤᠷᠭᠠᠨ ᠬᠥᠮᠥᠵᠢᠯ᠂ ᠳᠠᠷᠤᠢ ᠬᠤᠶᠠᠷᠳᠠᠭᠢ ᠬᠡᠯᠡ ᠨᠢ ᠡᠬᠡ ᠬᠡᠯᠡ ᠶᠢ ᠨᠢ | ᠣᠷᠣᠯᠠᠵᠤ ᠴᠥᠭᠡᠨ ᠲᠣᠭᠠᠲᠤ ᠦᠨᠳᠦᠰᠦᠲᠡᠨ ᠤ ᠬᠡᠯᠡ ᠰᠣᠶᠣᠯ ᠢ ᠬᠠᠶᠢᠯᠤᠭᠤᠯᠬᠤ ᠰᠤᠷᠭᠠᠨ ᠬᠥᠮᠥᠵᠢᠯ ᠪᠣᠯᠵᠠᠢ ︵ | ᠰᠤᠷᠭᠠᠨ ᠬᠥᠮᠥᠵᠢᠯ ᠤᠨ ᠤᠭ ᠰᠠᠨᠠᠭ᠎ᠠ ᠨᠢ ᠮᠠᠭᠤ ᠪᠢᠰᠢ᠂ ᠬᠠᠷᠢᠨ ᠨᠡᠶᠢᠭᠡᠮ ᠤᠨ ᠬᠤᠪᠢᠷᠠᠯᠲᠠ ᠪᠠ ᠣᠳᠣᠬᠢ | ᠪᠠᠶᠢᠳᠠᠯ ᠢ ᠨᠠᠷᠢᠨ ᠰᠤᠳᠤᠯᠵᠤ ᠵᠥᠪ ᠢᠶᠠᠷ ᠲᠠᠨᠢᠭᠰᠠᠨ ᠦᠭᠡᠢ ᠠᠴᠠ ᠪᠣᠯᠣᠭᠰᠠᠨ ᠭᠡᠳᠡᠭ ᠢ ᠠᠩᠬᠠᠷᠤᠭᠤᠯᠰᠤᠭᠠᠢ︶᠃ | ᠡᠨᠡ ᠨᠢ ᠭᠤᠣᠯᠳᠠᠭᠤ ᠬᠡᠯᠡᠨ ᠤ ᠣᠷᠴᠢᠨ ᠪᠠ ᠰᠤᠷᠭᠠᠨ ᠬᠥᠮᠥᠵᠢᠯ ᠬᠦᠷᠲᠡᠭᠴᠢᠳ ᠲᠤ ᠬᠤᠪᠢᠷᠠᠯᠲᠠ ᠭᠠᠷᠤᠭᠰᠠᠨ | ᠠᠴᠠ ᠪᠣᠯᠪᠠ᠃ ᠬᠡᠯᠡᠨ ᠤ ᠴᠢᠳᠠᠪᠤᠷᠢ ᠶᠢᠨ ᠬᠥᠭᠵᠢᠯᠲᠡ ᠨᠢ ᠭᠠᠭᠴᠠ ᠰᠤᠷᠭᠠᠭᠤᠯᠢ ᠶᠢᠨ ᠰᠤᠷᠭᠠᠨ ᠬᠥᠮᠥᠵᠢᠯ ᠳᠤ | ᠲᠦᠰᠢᠭᠯᠡᠳᠡᠭ ᠪᠢᠰᠢ᠂ ᠪᠠᠰᠠ ᠭᠡᠷ ᠪᠦᠯᠢ᠂ ᠨᠡᠶᠢᠭᠡᠮ᠂ ᠰᠤᠷᠭᠠᠭᠤᠯᠢ ᠶᠢᠨ ᠣᠷᠴᠢᠨ ᠤ ᠬᠡᠯᠡᠨ ᠤ ᠬᠡᠷᠡᠭᠯᠡᠯᠲᠡ ᠵᠡᠷᠭᠡ | ᠨᠢ ᠴᠢᠬᠤᠯᠠ ᠨᠥᠬᠦᠴᠡᠯ ᠪᠣᠯᠳᠠᠭ᠃ ᠡᠳᠦᠭᠡ ᠥᠪᠥᠷ ᠮᠣᠩᠭᠤᠯ ᠳᠤ ᠮᠣᠩᠭᠤᠯ ᠬᠡᠯᠡ ᠪᠠᠨ ᠮᠡᠳᠡᠳᠡᠭ ᠬᠥᠮᠥᠨ ᠪᠦᠬᠦ | ᠣᠷᠣᠨ ᠤ ᠬᠥᠮᠥᠨ ᠠᠮᠠ ᠶᠢᠨ ᠵᠠᠭᠤᠨ ᠤ ᠠᠷᠪᠠ ︵8.94%︶ ᠴᠦ ᠬᠦᠷᠬᠦ ᠦᠭᠡᠢ ᠪᠣᠯᠣᠭᠰᠠᠨ ᠮᠥᠷᠲᠡᠭᠡᠨ | ᠮᠣᠩᠭᠤᠯ ᠰᠤᠷᠭᠠᠭᠤᠯᠢ ᠶᠢ ᠪᠠᠭᠲᠠᠭᠠᠭᠰᠠᠨ ᠪᠦᠬᠦ ᠨᠡᠶᠢᠭᠡᠮ ᠨᠡᠶᠢᠲᠡ ᠶᠢᠨ ᠬᠡᠯᠡ ᠨᠢ ᠬᠢᠲᠠᠳ ᠬᠡᠯᠡ ︵ᠮᠣᠩᠭᠤᠯ ᠬᠡᠯᠡ | ᠪᠠᠨ ᠮᠡᠳᠡᠳᠡᠭ ᠨᠢ ᠴᠦ ᠬᠢᠲᠠᠳ ᠢᠶᠠᠷ ᠶᠠᠷᠢᠳᠠᠭ︶ ᠪᠣᠯᠵᠠᠢ᠃ ᠷᠠᠳᠢᠣ᠋᠂ ᠲᠧᠯᠸᠢᠰ᠂ ᠰᠦᠯᠵᠢᠶ᠎ᠡ᠂ ᠸᠢᠴᠠᠲ᠂ | ᠬᠡᠦᠬᠡᠳ ᠤᠨ ᠵᠦᠴᠦᠭᠡ᠂ ᠲᠣᠭᠯᠠᠭᠠᠮ᠂ ᠵᠠᠬ᠎ᠠ ᠳᠡᠯᠭᠡᠭᠦᠷ᠂ ᠠᠷᠠᠯᠵᠢᠶ᠎ᠠ ᠬᠤᠳᠠᠯᠳᠤᠭ᠎ᠠ ᠠᠯᠢᠪᠠ ᠪᠦᠬᠦᠨ ᠳᠤ ᠪᠦᠷ | ᠬᠢᠲᠠᠳ ᠬᠡᠯᠡ ᠶᠢ ᠬᠡᠷᠡᠭᠯᠡᠨ᠎ᠡ᠃ ᠡᠶᠢᠮᠦ ᠣᠷᠴᠢᠨ ᠳᠤ ᠬᠢᠲᠠᠳ ᠶᠢ ᠬᠡᠯᠡ ᠵᠢᠭᠠᠬᠤ ᠦᠭᠡᠢ ᠪᠣᠯᠪᠠᠴᠤ ᠰᠠᠶᠢᠨ | ᠰᠤᠷᠴᠢᠬᠠᠨ᠎ᠠ᠃ ᠡᠶᠢᠮᠦ ᠠᠴᠠ ᠮᠣᠩᠭᠤᠯ ᠬᠡᠯᠡ ᠪᠠᠨ ᠰᠠᠶᠢᠨ ᠰᠤᠷᠭᠠᠶ᠎ᠠ ᠭᠡᠪᠡᠯ ᠬᠡᠯᠡᠨ ᠤ ᠣᠷᠴᠢᠨ ᠢ ᠡᠷᠬᠡᠪᠰᠢ | ᠴᠢᠬᠤᠯᠠᠴᠢᠯᠠᠬᠤ ᠬᠡᠷᠡᠭᠲᠡᠢ᠃ | ᠡᠭᠦᠨ ᠳᠤ ᠶᠠᠭᠤᠨ ᠤ ᠤᠷᠢᠳ ᠮᠣᠩᠭᠤᠯ ᠬᠥᠮᠥᠨ ᠨᠢᠭᠡᠪᠦᠷᠢ ᠬᠤᠶᠢᠴᠢᠰ ᠤᠨ ᠢᠶᠠᠨ ᠲᠥᠯᠥᠭᠡ᠂ ᠦᠨᠳᠦᠰᠦᠲᠡᠨ ᠤ | ᠪᠠᠨ ᠲᠥᠯᠥᠭᠡ ᠭᠡᠰᠡᠨ ᠤᠬᠠᠮᠰᠠᠷ ᠲᠠᠢ ᠪᠠᠶᠢᠵᠤ᠂ ᠲᠤᠰᠬᠠᠢ ᠵᠣᠷᠢᠯᠭ᠎ᠠ ᠲᠠᠢ ᠪᠠᠷ ᠭᠠᠵᠠᠷ ᠪᠣᠯᠭᠠᠨ ᠳᠤ ᠮᠣᠩᠭᠤᠯ | ᠢᠶᠠᠷ ᠶᠠᠷᠢᠵᠤ ᠪᠢᠴᠢᠵᠦ ᠪᠠᠶᠢᠬᠤ ᠬᠡᠷᠡᠭᠲᠡᠢ᠃ ᠭᠡᠷ ᠵᠠᠭᠤᠷ᠎ᠠ ᠪᠠ ᠰᠤᠷᠭᠠᠭᠤᠯᠢ ᠳᠠᠬᠢ ᠶᠢ ᠪᠢᠲᠡᠭᠡᠢ ᠬᠡᠯᠡ᠂ ᠠᠯᠪᠠᠨ | ᠪᠠᠶᠢᠭᠤᠯᠭ᠎ᠠ᠂ ᠵᠠᠬ᠎ᠠ ᠳᠡᠯᠭᠡᠭᠦᠷ᠂ ᠪᠠᠩᠬᠢ ᠬᠤᠳᠠᠯᠳᠤᠭ᠎ᠠ ᠵᠡᠷᠭᠡ ᠠᠯᠢᠪᠠ ᠭᠠᠵᠠᠷ ᠲᠤ ᠠᠯᠢ ᠪᠣᠯᠬᠤ ᠪᠠᠷ ᠮᠣᠩᠭᠤᠯ | ᠦᠭᠡ ᠬᠡᠯᠡ ᠦᠰᠦᠭ ᠪᠢᠴᠢᠭ ᠢᠶᠠᠨ ᠬᠡᠷᠡᠭᠯᠡᠬᠦ ᠬᠡᠷᠡᠭᠲᠡᠢ᠃ ᠢᠩᠭᠢᠪᠡᠯ ᠨᠡᠶᠢᠭᠡᠮ ᠤᠨ ᠡᠯ᠎ᠡ ᠡᠲᠡᠭᠡᠳ ᠲᠤ ᠮᠣᠩᠭᠤᠯ | ᠬᠡᠯᠡ ᠮᠡᠳᠡᠳᠡᠭ ᠬᠥᠮᠥᠨ ᠬᠡᠷᠡᠭᠲᠡᠢ ᠪᠣᠯᠵᠤ᠂ ᠪᠤᠰᠤᠳ ᠦᠨᠳᠦᠰᠦᠲᠡᠨ ᠴᠦ ᠮᠣᠩᠭᠤᠯ ᠬᠡᠯᠡ ᠶᠢ ᠰᠤᠷᠬᠤ ᠴᠢᠬᠤᠯᠠᠲᠠᠢ | ᠪᠣᠯᠬᠤ ᠶᠢᠨ ᠤᠯᠠᠮ ᠢᠶᠠᠷ ᠮᠣᠩᠭᠤᠯ ᠬᠡᠯᠡᠨ ᠤ ᠬᠡᠷᠡᠭᠴᠡᠭᠡ ᠥᠷᠭᠡᠵᠢᠵᠦ᠂ ᠮᠣᠩᠭᠤᠯ ᠬᠡᠯᠡᠲᠡᠨ ᠣᠯᠠᠰᠢᠷᠠᠨ᠎ᠠ᠃ | ᠥᠭᠡᠷ᠎ᠡ ᠪᠠᠷ ᠬᠡᠯᠡᠪᠡᠯ ᠪᠦᠭᠦᠳᠡᠭᠡᠷ ᠢᠶᠠᠨ ᠰᠡᠳᠬᠢᠯ ᠨᠢᠭᠡᠳᠦᠨ ᠴᠢᠷᠮᠠᠶᠢᠵᠤ ᠪᠠᠶᠢᠭᠠᠳ ᠮᠣᠩᠭᠤᠯ ᠬᠡᠯᠡ ᠶᠢ ᠥᠪᠥᠷ | ᠮᠣᠩᠭᠤᠯ ᠤᠨ ᠨᠡᠶᠢᠭᠡᠮ ᠤᠨ ᠬᠡᠷᠡᠭᠯᠡᠭᠡᠨ ᠳᠤ ᠨᠡᠶᠢᠳᠡᠮ ᠬᠡᠷᠡᠭᠯᠡᠬᠦ ᠬᠡᠯᠡ ᠪᠣᠯᠭᠠᠬᠤ ᠬᠡᠷᠡᠭᠲᠡᠢ᠃ | ᠪᠠᠰᠠ ᠨᠢᠭᠡᠨ ᠴᠢᠬᠤᠯᠠ ᠶᠠᠪᠤᠳᠠᠯ ᠨᠢ ᠭᠡᠪᠡᠯ᠂ ᠬᠢᠲᠠᠳ ᠮᠣᠩᠭᠤᠯ ᠬᠤᠯᠢᠯᠳᠤᠭᠰᠠᠨ ᠬᠡᠦᠬᠡᠳ ᠤᠨ | ᠴᠡᠴᠡᠷᠯᠢᠭ ᠪᠠ ᠰᠤᠷᠭᠠᠭᠤᠯᠢ ᠶᠢ ᠰᠠᠯᠭᠠᠵᠤ ᠴᠤᠯᠤ ᠮᠣᠩᠭᠤᠯ ᠰᠤᠷᠭᠠᠭᠤᠯᠢ ᠪᠣᠯᠭᠠᠪᠠᠯ ᠵᠣᠬᠢᠨ᠎ᠠ᠃ ᠨᠥᠬᠦᠴᠡᠯ | ᠪᠣᠯᠣᠯᠴᠠᠭ᠎ᠠ ᠶᠢ ᠰᠠᠶᠢᠲᠤᠷ ᠰᠢᠨᠵᠢᠯᠡᠭᠰᠡᠨ ᠰᠠᠭᠤᠷᠢᠨ ᠳᠡᠭᠡᠷ᠎ᠡ ᠬᠥᠳᠡᠭᠡ ᠲᠣᠰᠬᠤᠨ ᠤ ᠵᠠᠷᠢᠮ ᠰᠤᠮᠤ ᠪᠠᠯᠭᠠᠰᠤ ᠪᠤᠶᠤ | ᠭᠠᠴᠠᠭᠠᠨ ᠳᠤ ᠮᠣᠩᠭᠤᠯ ᠰᠤᠷᠭᠠᠭᠤᠯᠢ ᠪᠠᠶᠢᠭᠤᠯᠬᠤ ᠪᠥᠭᠡᠳ ᠡᠭᠦᠨ ᠢᠶᠠᠨ ᠠᠯᠬᠤᠮ ᠠᠯᠬᠤᠮ ᠢᠶᠠᠷ ᠨᠡᠮᠡᠭᠳᠡᠭᠦᠯᠪᠡᠯ | ᠵᠣᠬᠢᠨ᠎ᠠ᠃ ᠡᠭᠦᠨ ᠳᠤ ᠬᠡᠷᠪᠡ ᠠᠵᠤ ᠠᠬᠤᠢ ᠶᠢᠨ ᠨᠥᠬᠦᠴᠡᠯ ᠲᠠᠢ ᠯᠡ ᠪᠣᠯ ᠰᠤᠷᠭᠠᠭᠤᠯᠢ ᠶᠢᠨ ᠰᠤᠷᠤᠭᠴᠢ ᠪᠠ | ᠠᠩᠭᠢ ᠶᠢᠨ ᠬᠡᠦᠬᠡᠳ ᠴᠥᠭᠡᠨ ᠪᠠᠶᠢᠭᠰᠠᠨ ᠴᠦ ᠪᠣᠯᠣᠨ᠎ᠠ᠃ ᠤᠴᠢᠷ ᠨᠢ ᠬᠡᠦᠬᠡᠳ ᠢ ᠪᠣᠬᠢᠷᠳᠤᠯ ᠦᠭᠡᠢ | ᠪᠠᠶᠢᠭᠠᠯᠢᠯᠢᠭ ᠬᠥᠳᠡᠭᠡ ᠳᠤ ᠥᠰᠬᠡᠨ ᠬᠥᠮᠥᠵᠢᠭᠦᠯᠬᠦ ᠪᠠ ᠴᠥᠭᠡᠬᠡᠨ ᠢᠶᠠᠷ ︵ᠠᠩᠭᠢ ᠶᠢᠨ ᠰᠤᠷᠤᠭᠴᠢ ᠶᠢ ᠴᠥᠭᠡᠨ | ᠪᠣᠯᠭᠠᠬᠤ︶ ᠵᠢᠭᠠᠨ ᠰᠤᠷᠭᠠᠬᠤ ᠪᠣᠯ ᠬᠥᠭᠵᠢᠭᠰᠡᠨ ᠤᠯᠤᠰ ᠤᠨ ᠢᠷᠡᠭᠡᠳᠦᠢ ᠶᠢᠨ ᠰᠤᠷᠭᠠᠨ ᠬᠥᠮᠥᠵᠢᠯ ᠤᠨ ᠬᠠᠨᠳᠤᠰᠢ | ᠮᠥᠨ᠃ ᠡᠳᠦᠭᠡ ᠥᠪᠥᠷ ᠮᠣᠩᠭᠤᠯ ᠤᠨ ᠬᠥᠳᠡᠭᠡ ᠲᠣᠰᠬᠤᠨ ᠤ ᠵᠠᠮ ᠨᠡᠪᠲᠡᠷᠡᠭᠦᠯᠭᠡ᠂ ᠴᠠᠬᠢᠯᠭᠠᠨ᠂ ᠲᠣᠣᠷ | ᠰᠦᠯᠵᠢᠶ᠎ᠡ ᠨᠡᠯᠢᠶᠡᠳ ᠲᠦᠭᠡᠮᠡᠯᠵᠢᠭᠰᠡᠨ ᠪᠥᠭᠡᠳ ᠠᠯᠤᠰ ᠡᠵᠡᠮᠳᠡᠯ ᠤᠨ ᠰᠤᠷᠭᠠᠨ ᠬᠥᠮᠥᠵᠢᠯ ᠢ ᠴᠦ ᠬᠢᠵᠦ ᠳᠡᠶᠢᠯᠬᠦ | ᠪᠣᠯᠣᠭᠰᠠᠨ ᠶᠤᠮ᠃ | ᠳᠠᠬᠢᠪᠠᠯ ᠬᠥᠳᠡᠭᠡ ᠶᠢᠨ ᠠᠷᠠᠳ ᠢ ᠬᠤᠲᠠ ᠪᠠᠯᠭᠠᠰᠤᠨ ᠳᠤ ᠰᠢᠯᠵᠢᠭᠦᠯᠬᠦ ᠪᠤᠶᠤ ᠬᠤᠳᠠᠴᠢᠯᠠᠬᠤ ᠳᠠᠭᠠᠨ | ᠲᠤᠰᠬᠠᠶᠢᠯᠠᠨ ᠮᠣᠩᠭᠤᠯᠴᠤᠳ ᠢ ᠨᠢᠭᠡ ᠳᠣᠣᠷ᠎ᠠ ᠲᠥᠪᠯᠡᠷᠡᠭᠦᠯᠦᠨ ᠰᠠᠭᠤᠯᠭᠠᠭᠰᠠᠨ ᠬᠤᠲᠠ ᠪᠠᠯᠭᠠᠰᠤ ᠶᠢ ᠪᠠᠶᠢᠭᠤᠯᠵᠤ | ᠪᠣᠯᠣᠨ᠎ᠠ᠃ ᠶᠡᠭᠡ ᠬᠤᠲᠠ ᠳᠤ ᠴᠦ ᠭᠡᠰᠡᠨ ᠮᠣᠩᠭᠤᠯᠴᠤᠳ ᠤᠨ ᠲᠥᠪᠯᠡᠷᠡᠨ ᠰᠠᠭᠤᠭᠰᠠᠨ ᠲᠣᠭᠤᠷᠢᠭ ᠪᠤᠶᠤ | ᠬᠤᠷᠢᠶᠠᠯᠠᠯ ᠢ ᠪᠠᠶᠢᠭᠤᠯᠵᠤ ᠪᠣᠯᠬᠤ ᠶᠤᠮ᠃ ᠡᠨᠡ ᠨᠢ ᠦᠨᠳᠦᠰᠦᠲᠡᠨ ᠤ ᠪᠦᠯᠦᠭᠯᠡᠯ ᠪᠤᠶᠤ ᠬᠠᠭᠠᠴᠠᠯ ᠭᠠᠷᠭᠠᠵᠤ | ᠪᠠᠶᠢᠭ᠎ᠠ ᠶᠠᠪᠤᠳᠠᠯ ᠤᠭᠲᠤ ᠪᠢᠰᠢ᠂ ᠠᠮᠧᠷᠢᠺᠠ ᠵᠡᠷᠭᠡ ᠬᠥᠭᠵᠢᠭᠰᠡᠨ ᠤᠯᠤᠰ ᠲᠤ ᠢᠩᠭᠢᠵᠦ ᠬᠢᠭᠰᠡᠨ ᠵᠢᠱᠢᠶ᠎ᠡ ᠪᠤᠢ᠃ | ᠡᠨᠡ ᠪᠣᠯ ᠪᠦᠬᠦ ᠬᠥᠮᠥᠨ ᠲᠥᠷᠥᠯᠬᠢᠲᠡᠨ ᠤ ᠨᠡᠶᠢᠲᠡ ᠶᠢᠨ ᠥᠪ ᠰᠣᠶᠣᠯ ᠢ ᠠᠪᠤᠷᠠᠵᠤ ᠴᠢᠨᠠᠭᠰᠢᠳᠠ ᠴᠡᠴᠡᠭᠯᠡᠭᠦᠯᠦᠨ | ᠬᠥᠭᠵᠢᠭᠦᠯᠬᠦ ᠪᠠᠷ ᠠᠪᠤᠭᠰᠠᠨ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠮᠥᠨ᠃ | ⒋ ᠥᠪᠥᠷ ᠮᠣᠩᠭᠤᠯ ᠤᠨ ᠮᠣᠩᠭᠤᠯ ᠰᠤᠷᠤᠭᠴᠢᠳ ᠲᠤ ᠬᠤᠣᠰ ᠬᠡᠯᠡᠨ ᠤ ᠰᠤᠷᠭᠠᠨ ᠬᠥᠮᠥᠵᠢᠯ ᠬᠢᠬᠦ | ᠶᠢᠨ ᠳᠠᠭᠠᠤ ᠬᠢᠲᠠᠳ ᠰᠤᠷᠤᠭᠴᠢᠳ ᠴᠦ ᠬᠢᠲᠠᠳ ᠮᠣᠩᠭᠤᠯ ᠬᠤᠣᠰ ᠬᠡᠯᠡᠨ ᠤ ᠰᠤᠷᠭᠠᠨ ᠬᠥᠮᠥᠵᠢᠯ ᠪᠤᠶᠤ ᠠᠩᠭ᠍ᠯᠢ | ᠬᠡᠯᠡ ᠶᠢ ᠣᠷᠣᠭᠤᠯᠤᠭᠰᠠᠨ ᠭᠤᠷᠪᠠᠨ ᠬᠡᠯᠡᠨ ᠤ ᠰᠤᠷᠭᠠᠨ ᠬᠥᠮᠥᠵᠢᠯ ᠢ ᠬᠢᠬᠦ ᠬᠡᠷᠡᠭᠲᠡᠢ᠃ ᠥᠩᠭᠡᠷᠡᠭᠰᠡᠨ ᠪᠤᠶᠤ | ᠣᠳᠣ ᠴᠦ ᠭᠡᠰᠡᠨ ᠵᠠᠷᠢᠮ ᠭᠠᠵᠠᠷ ᠲᠤ ᠬᠡᠷᠡᠭᠯᠡᠭᠰᠡᠭᠡᠷ ᠪᠠᠶᠢᠭ᠎ᠠ ᠬᠢᠲᠠᠳ ᠢᠶᠠᠷ ᠰᠤᠷᠳᠠᠭ ᠮᠣᠩᠭᠤᠯ ᠦᠨᠳᠦᠰᠦᠲᠡᠨ ᠤ | ᠰᠤᠷᠭᠠᠭᠤᠯᠢ ᠳᠤ ᠮᠣᠩᠭᠤᠯ ᠬᠡᠯᠡ ᠶᠢ ᠨᠡᠮᠡᠵᠦ ᠵᠢᠭᠠᠳᠠᠭ ᠠᠩᠭᠢ ᠪᠠᠶᠢᠳᠠᠭ᠃ ᠡᠨᠡ ᠪᠣᠯ ᠨᠢᠭᠡᠨ ᠦᠨᠳᠦᠰᠦᠲᠡᠨ ᠤ | ᠰᠤᠷᠭᠠᠨ ᠬᠥᠮᠥᠵᠢᠯ ᠤᠨ ᠢᠯᠠᠭᠳᠠᠯ ᠢ ᠬᠠᠷᠠᠭᠤᠯᠤᠭᠰᠠᠨ ᠡᠮᠭᠡᠨᠢᠯᠲᠦ ᠤᠴᠢᠷ ᠶᠤᠮ᠃ ᠤᠴᠢᠷ ᠨᠢ ᠡᠭᠦᠨ ᠢᠶᠠᠷ | ᠦᠨᠳᠦᠰᠦᠲᠡᠨ ᠢᠶᠠᠨ ᠠᠪᠤᠷᠠᠵᠤ ᠴᠢᠳᠠᠬᠤ ᠦᠭᠡᠢ᠃ ᠭᠡᠲᠡᠯ᠎ᠡ ᠪᠠᠭ᠎ᠠ ᠴᠦ ᠭᠡᠰᠡᠨ ᠰᠠᠶᠢᠨ ᠲᠠᠢ ᠵᠦᠢᠯ ᠪᠠᠶᠢᠨ᠎ᠠ ᠭᠡᠪᠡᠯ | ᠂ ᠬᠡᠰᠡᠭ ᠲᠠᠯ᠎ᠠ ᠶᠢᠨ ᠪᠣᠯᠪᠠᠴᠤ ᠪᠤᠰᠤᠳ ᠮᠣᠩᠭᠤᠯ ᠬᠡᠯᠡᠲᠡᠨ ᠲᠠᠢ ᠪᠠᠨ ᠬᠠᠷᠢᠯᠴᠠᠨ ᠣᠯᠣᠯᠴᠠᠵᠤ ᠳᠣᠲᠣᠷ᠎ᠠ ᠵᠠᠭᠤᠷ᠎ᠠ | ᠶᠢᠨ ᠡᠪ ᠪᠦᠯᠬᠦᠮᠳᠡᠯ ᠢᠶᠠᠨ ᠬᠠᠮᠠᠭᠠᠯᠠᠬᠤ ᠳᠤ ᠠᠰᠢᠭᠲᠠᠢ ᠪᠠᠶᠢᠵᠤ ᠮᠠᠭᠠᠳ᠃ ᠪᠢᠳᠠ ᠣᠳᠣ ᠡᠨᠡ ᠬᠦ ᠬᠤᠣᠰ ᠬᠡᠯᠡᠨ | ᠤ ᠰᠤᠷᠭᠠᠨ ᠬᠥᠮᠥᠵᠢᠯ ᠤᠨ ᠬᠡᠯᠪᠡᠷᠢ ᠶᠢ ᠥᠪᠥᠷ ᠮᠣᠩᠭᠤᠯ ᠤᠨ ᠬᠢᠲᠠᠳ ᠰᠤᠷᠤᠭᠴᠢᠳ ᠲᠤ ᠬᠡᠷᠡᠭᠵᠢᠭᠦᠯᠵᠦ | ᠪᠣᠯᠣᠨ᠎ᠠ᠃ ᠢᠩᠭᠢᠪᠡᠯ ᠬᠢᠲᠠᠳᠴᠤᠳ ᠮᠣᠩᠭᠤᠯ ᠭᠠᠵᠠᠷ ᠠᠵᠢᠯᠯᠠᠵᠤ ᠠᠮᠢᠳᠤᠷᠠᠬᠤ ᠳᠤ ᠨᠡᠩ ᠰᠠᠶᠢᠨ ᠨᠥᠬᠦᠴᠡᠯ ᠢ | ᠪᠦᠷᠢᠯᠳᠦᠭᠦᠯᠵᠦ᠂ ᠢᠯᠡᠭᠦᠦ ᠨᠢᠭᠡᠨ ᠵᠡᠪᠰᠡᠭ ᠬᠡᠷᠡᠭᠯᠡᠭᠦᠷ ᠢ ᠣᠯᠭᠤᠨ᠎ᠠ᠃ ᠦᠨᠳᠦᠰᠦᠲᠡᠨ ᠤ ᠡᠷᠬᠡ ᠲᠡᠭᠰᠢ ᠪᠠ | ᠪᠦᠯᠬᠦᠮᠳᠡᠯ ᠳᠤ ᠴᠦ ᠠᠰᠢᠭᠲᠠᠢ᠃ ᠮᠥᠨ ᠴᠦ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠳᠦᠷᠢᠮ | ᠳᠤ ᠴᠣᠬᠤᠮ ᠬᠦ ᠨᠡᠶᠢᠴᠡᠬᠦ ᠵᠦᠢ ᠶᠣᠰᠣᠨ ᠤ ᠤᠴᠢᠷ ᠪᠣᠯᠣᠨ᠎ᠠ᠃ ᠨᠡᠩ ᠴᠢᠬᠤᠯᠠ ᠨᠢ ᠮᠣᠩᠭᠤᠯ ᠬᠡᠯᠡ ᠶᠢ ᠥᠪᠥᠷ | ᠮᠣᠩᠭᠤᠯ ᠳᠤ ᠨᠡᠶᠢᠳᠡᠮ ᠬᠡᠷᠡᠭᠯᠡᠬᠦ ᠨᠡᠶᠢᠭᠡᠮ ᠤᠨ ᠬᠡᠯᠡ ᠪᠣᠯᠭᠠᠵᠤ᠂ ᠮᠣᠩᠭᠤᠯ ᠬᠡᠯᠡ ᠶᠢ ᠰᠤᠷᠴᠤ ᠬᠡᠷᠡᠭᠯᠡᠬᠦ ᠣᠷᠴᠢᠨ | ᠢ ᠰᠠᠶᠢᠵᠢᠷᠠᠭᠤᠯᠬᠤ ᠳᠤ ᠮᠠᠰᠢ ᠶᠡᠭᠡ ᠦᠢᠯᠡᠳᠦᠯ ᠲᠠᠢ᠃ | ᠪᠢᠳᠠ ᠥᠪᠥᠷ ᠮᠣᠩᠭᠤᠯ ᠤᠨ ᠮᠣᠩᠭᠤᠯᠴᠤᠳ ᠲᠤ ᠦᠨᠡᠨ ᠬᠦ ᠮᠣᠩᠭᠤᠯ ᠬᠡᠯᠡ ᠰᠣᠶᠣᠯ ᠢ ᠨᠢ | ᠬᠠᠮᠠᠭᠠᠯᠠᠵᠤ᠂ ᠬᠤᠶᠠᠷ ᠬᠡᠯᠡ ᠶᠢ ᠨᠢ ᠲᠡᠩᠴᠡᠭᠦᠷᠢᠲᠡᠢ ᠪᠠᠷ ᠬᠥᠭᠵᠢᠭᠦᠯᠵᠦ ᠴᠢᠳᠠᠬᠤ ᠬᠤᠣᠰ ᠬᠡᠯᠡᠨ ᠤ ᠰᠤᠷᠭᠠᠨ | ᠬᠥᠮᠥᠵᠢᠯ ᠢ ᠬᠡᠷᠡᠭᠵᠢᠭᠦᠯᠦᠶ᠎ᠡ ᠭᠡᠪᠡᠯ ᠨᠠᠭᠠᠲᠤ ᠵᠠᠬ᠎ᠠ ᠳᠠᠭᠠᠨ ᠳᠡᠭᠡᠷ᠎ᠡ ᠳᠤᠷᠠᠳᠤᠭᠰᠠᠨ ᠬᠡᠳᠦᠨ ᠵᠦᠢᠯ ᠢ ᠠᠩᠬᠠᠷᠤᠨ | ᠪᠡᠶᠡᠯᠡᠭᠦᠯᠬᠦ ᠪᠤᠶᠤ ᠨᠡᠩ ᠰᠠᠶᠢᠨ ᠠᠷᠭ᠎ᠠ ᠪᠣᠳᠣᠯᠭ᠎ᠠ ᠶᠢ ᠰᠦᠪᠡᠭᠴᠢᠯᠡᠬᠦ ᠴᠢᠬᠤᠯᠠᠲᠠᠢ᠃ ᠢᠩᠭᠢᠬᠦ ᠦᠭᠡᠢ ᠪᠠᠷ ᠪᠢᠳᠠ | ᠠᠷᠪᠠᠨ ᠤ ᠨᠢᠭᠡ ᠴᠦ ᠬᠦᠷᠬᠦ ᠦᠭᠡᠢ ᠬᠠᠷᠢᠴᠠᠯ ᠲᠠᠢ ᠠᠷᠠᠢ ᠴᠢᠷᠠᠢ ᠲᠡᠯᠴᠢᠯᠡᠵᠦ ᠪᠠᠶᠢᠭ᠎ᠠ ᠬᠡᠳᠦᠬᠡᠨ ᠮᠣᠩᠭᠤᠯ | ᠬᠡᠯᠡᠲᠡᠨ ᠤ ᠦᠷ᠎ᠡ ᠬᠡᠦᠬᠡᠳ ᠢ ᠲᠥᠷᠥᠮᠡᠭᠴᠡ ᠬᠢᠲᠠᠳ ᠬᠡᠯᠡ ᠪᠠᠷ ᠪᠦᠪᠡᠶᠢᠯᠡᠵᠦ᠂ ᠠᠮᠠ ᠨᠡᠭᠡᠭᠡᠮᠡᠭᠴᠡ ᠬᠢᠲᠠᠳ ᠢᠶᠠᠷ | ᠶᠠᠷᠢᠭᠤᠯᠤᠨ᠂ ᠰᠤᠷᠭᠠᠭᠤᠯᠢ ᠳᠤ ᠣᠷᠣᠮᠠᠭᠴᠠ ᠬᠢᠲᠠᠳ ᠬᠡᠯᠡ ᠶᠢ ᠨᠢ ᠴᠢᠩᠭᠠᠳᠬᠠᠬᠤ ᠶᠢᠨ ᠳᠡᠭᠡᠷ᠎ᠡ ᠨᠢ | ᠴᠢᠩᠭᠠᠳᠬᠠᠴᠢᠬᠠᠭᠠᠳ ᠶᠠᠭᠤ ᠪᠠᠷ ᠢᠶᠠᠨ ᠬᠠᠮᠠᠭᠠᠯᠠᠵᠤ᠂ ᠶᠠᠭᠤ ᠪᠠᠷ ᠢᠶᠠᠨ ᠲᠡᠩᠴᠡᠭᠦᠷᠢᠲᠡᠢ ᠪᠣᠯᠭᠠᠬᠤ ᠪᠢᠯᠡ︕ | | | ᠵᠡᠭᠦᠯᠲᠡ | ① ᠲᠤᠰ ᠥᠭᠦᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠪᠣᠯᠬᠤ ︽ᠥᠪᠥᠷ ᠮᠣᠩᠭᠤᠯ ᠤᠨ ᠦᠨᠳᠦᠰᠦᠲᠡᠨ ᠤ | ᠳᠡᠭᠡᠳᠦ ᠰᠤᠷᠭᠠᠭᠤᠯᠢ ᠶᠢᠨ ᠴᠡᠴᠡᠷᠯᠢᠭ ᠤᠨ ᠪᠠᠭᠰᠢ ᠶᠢᠨ ᠬᠤᠣᠰ ᠬᠡᠯᠡᠨ ᠤ ᠰᠤᠷᠭᠠᠨ ᠬᠥᠮᠥᠵᠢᠯ ᠤᠨ | ᠲᠤᠰᠬᠠᠶᠢᠯᠠᠭᠰᠠᠨ ᠰᠤᠳᠤᠯᠭᠠᠨ︾ ᠤ ᠪᠦᠲᠦᠭᠡᠯ ᠮᠥᠨ ︵本文系内蒙古自治区高等学 | 校科学研究项目 ︽内蒙古民族院校幼师双语教育个案 | 研究︾阶段性成果,项目计划 编号:NJZC385︶᠃ | ② ᠳᠤᠮᠳᠠᠳᠤ ᠤᠯᠤᠰ ᠤᠨ ᠮᠡᠳᠡᠯᠭᠡ ᠶᠢᠨ ᠰᠦᠯᠵᠢᠶ᠎ᠡ ︵中国知网︶ ᠳᠠᠬᠢ ᠵᠸᠦ ᠴᠧᠩ ᠱᠧᠩ ᠤᠨ ︽ | ᠳᠤᠮᠳᠠᠳᠤ ᠤᠯᠤᠰ ᠤᠨ ᠬᠤᠣᠰ ᠬᠡᠯᠡᠨ ᠤ ᠰᠤᠷᠭᠠᠨ ᠬᠥᠮᠥᠵᠢᠯ ᠤᠨ ᠬᠥᠭᠵᠢᠯᠲᠡ ᠪᠠ ᠣᠷᠣᠰᠢᠵᠤ ᠪᠠᠶᠢᠭ᠎ᠠ | ᠠᠰᠠᠭᠤᠳᠠᠯ︾ ︵周庆生的 ︽中国双语教育的发展与问题︾︶᠂ | ᠸᠠᠩ ᠪᠢᠨ ᠬᠤᠸᠠ ᠶᠢᠨ ︽ᠬᠤᠣᠰ ᠬᠡᠯᠡᠨ ᠤ ᠰᠤᠷᠭᠠᠨ ᠬᠥᠮᠥᠵᠢᠯ ᠤᠨ ᠣᠨᠣᠯ ᠢ ᠰᠤᠷᠴᠤ᠂ ᠮᠠᠨ ᠤ ᠤᠯᠤᠰ ᠤᠨ | ᠬᠤᠣᠰ ᠬᠡᠯᠡᠨ ᠤ ᠵᠢᠭᠠᠨ ᠰᠤᠷᠭᠠᠯᠲᠠ ᠶᠢ ᠲᠣᠳᠣᠷᠬᠠᠢ ᠲᠠᠨᠢᠶ᠎ᠠ︾ ︵王斌华的 ︽学习双语教 | 育理论,透视我国双语教学︾︶ ᠭᠡᠬᠦ ᠵᠡᠷᠭᠡ ᠵᠣᠬᠢᠶᠠᠯ ᠤᠨ ᠠᠭᠤᠯᠭ᠎ᠠ ᠶᠢ | ᠯᠠᠪᠯᠠᠪᠠ᠃ | ③ ᠲᠤᠰ ᠲᠤᠭ᠎ᠠ ᠪᠠᠷᠢᠮᠲᠠ ᠶᠢ ᠬᠤᠰᠢᠭᠤᠨ ᠤ ᠰᠤᠷᠭᠠᠨ ᠬᠥᠮᠥᠵᠢᠯ ᠤᠨ ᠲᠣᠪᠴᠢᠶᠠᠨ ᠤ ᠰᠤᠷᠭᠠᠭᠤᠯᠢ ᠶᠢᠨ | ᠲᠤᠭ᠎ᠠ ᠪᠦᠷᠢᠳᠬᠡᠯ ᠤᠨ ᠲᠡᠮᠳᠡᠭᠯᠡᠯ ᠪᠤᠶᠤ ᠵᠠᠷᠢᠮ ᠢ ᠨᠢ ᠬᠠᠮᠢᠶ᠎ᠠ ᠪᠦᠬᠦᠢ ᠬᠥᠮᠥᠰ ᠠᠴᠠ ᠠᠰᠠᠭᠤᠨ ᠰᠤᠷᠪᠤᠯᠵᠢᠯᠠᠵᠤ | ᠣᠯᠪᠠ᠃ | ④ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠣᠹᠧᠰᠰᠣᠷ ᠲᠦᠮᠡᠨᠵᠢᠷᠭᠠᠯ ᠤᠨ ︽ᠮᠣᠩᠭᠤᠯ ᠬᠡᠯᠡ ᠪᠢᠴᠢᠭ︾ | ᠰᠡᠳᠬᠦᠯ ᠤᠨ 2014 ᠣᠨ ᠤ 5 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ︽ᠥᠪᠥᠷ ᠮᠣᠩᠭᠤᠯ ᠣᠷᠣᠨ ᠤ | ᠮᠣᠩᠭᠤᠯ ᠬᠡᠦᠬᠡᠳ ᠤᠨ ᠮᠣᠩᠭᠤᠯ᠂ ᠬᠢᠲᠠᠳ ᠢᠶᠠᠷ ᠬᠢᠴᠢᠶᠡᠯᠯᠡᠭᠰᠡᠨ ᠪᠠᠶᠢᠳᠠᠯ ᠳᠤ ᠬᠢᠭᠰᠡᠨ ᠪᠠᠶᠢᠴᠠᠭᠠᠯᠲᠠ︾ ᠭᠡᠬᠦ | ᠵᠣᠬᠢᠶᠠᠯ ᠳᠠᠬᠢ ᠲᠤᠭ᠎ᠠ ᠪᠠᠷᠢᠮᠲᠠ ᠶᠢ ᠠᠰᠢᠭᠯᠠᠪᠠ᠃ | ⑤ ᠲᠤᠰ ᠲᠤᠭ᠎ᠠ ᠪᠠᠷᠢᠮᠲᠠ ᠶᠢ ᠮ᠊ · ᠬᠠᠰᠪᠠᠭᠠᠲᠤᠷ ᠤᠨ ᠣᠷᠴᠢᠭᠤᠯᠵᠤ ︽ᠬᠤᠯᠪᠣᠭ᠎ᠠ ᠮᠣᠩᠭᠤᠯ ᠰᠦᠯᠵᠢᠶ᠎ᠡ︾ | ᠳᠡᠭᠡᠷ᠎ᠡ ᠨᠡᠶᠢᠲᠡᠯᠡᠭᠰᠡᠨ ︽ᠬᠥᠮᠥᠨ ᠢ ᠰᠣᠴᠢᠭᠠᠮ᠎ᠠ ᠲᠤᠭ᠎ᠠ ᠪᠠᠷᠢᠮᠲᠠ︾ ᠭᠡᠬᠦ ᠵᠣᠬᠢᠶᠠᠯ ᠳᠠᠬᠢ ᠠᠭᠤᠯᠭ᠎ᠠ ᠶᠢ | 2010 ᠣᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠ ᠥᠪᠡᠷ ᠤᠨ ᠠᠰᠠᠭᠤᠨ | ᠰᠤᠷᠪᠤᠯᠵᠢᠯᠠᠵᠤ ᠣᠯᠣᠭᠰᠠᠨ ᠲᠤᠭ᠎ᠠ ᠲᠠᠢ ᠬᠠᠷᠢᠴᠠᠭᠤᠯᠵᠤ ᠪᠦᠷᠢᠳᠬᠡᠪᠡ᠃ | ⑥ ︽ᠴᠥᠭᠡᠨ ᠲᠣᠭᠠᠲᠤ ᠦᠨᠳᠦᠰᠦᠲᠡᠨ ᠤ ᠬᠤᠣᠰ ᠬᠡᠯᠡᠨ ᠤ ᠰᠤᠷᠭᠠᠨ ᠬᠥᠮᠥᠵᠢᠯ ᠤᠨ ᠬᠠᠷᠠᠯᠲᠠ ᠪᠠ ᠠᠭᠤᠯᠭ᠎ᠠ︾ | ︵︽少数民族双语教育目标和内容︾ -中国知网︶ ᠭᠡᠬᠦ ᠵᠡᠷᠭᠡ | ᠨᠡᠯᠢᠶᠡᠳ ᠣᠯᠠᠨ ᠪᠢᠴᠢᠭ ᠵᠣᠬᠢᠶᠠᠯ ᠳᠤ ᠴᠥᠮ ᠢᠩᠭᠢᠵᠦ ᠳᠤᠷᠠᠳᠴᠤ ᠪᠤᠢ᠃ | | | | | | | |