ᠪᠢᠷᠠᠭᠤ ᠪᠠᠯᠭᠠᠰᠣ
ᠨᠡᠶᠢᠲᠡᠯᠡᠭᠰᠡᠨ ᠴᠠᠭ᠄
2019/12/3
     ᠪᠢᠷᠠᠭᠤ ᠪᠠᠯᠭᠠᠰᠣ ᠪᠣᠯ ᠬᠡᠰᠢᠭᠳᠡᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠭᠤᠭ᠎ᠠ ᠭᠠᠵᠠᠷ᠂ ᠪᠦᠬᠦ ᠬᠤᠰᠢᠭᠤᠨ ᠤ ᠣᠯᠣᠰ ᠲᠦᠷᠣ᠂ ᠠᠵᠣ ᠠᠬᠤᠢ᠂ ᠰᠣᠶᠣᠯ᠂ ᠴᠢᠮᠡᠭᠡ ᠨᠡᠪᠳᠡᠷᠡᠭᠦᠯᠬᠡ᠂ ᠴᠢᠮᠡᠭᠡ ᠵᠠᠩᠬᠢ᠂ ᠵᠠᠮ ᠬᠠᠷᠢᠯᠴᠠᠭᠠᠨ ᠤ ᠲᠦᠪ ᠪᠣᠯᠣᠨ᠎ᠠ᠃ ᠬᠤᠳᠠ ᠶᠢᠨ ᠲᠠᠯᠠᠪᠠᠢ 12 ᠲᠡᠭᠰᠢ ᠲᠦᠷᠪᠡᠯᠵᠢᠨ ᠺᠢᠯᠣᠮᠧᠲᠷ᠂ ᠪᠠᠯᠭᠠᠰᠣᠨ ᠤ ᠪᠠᠶᠢᠩᠭᠤ ᠰᠠᠭᠤᠭᠠᠯᠢ ᠬᠦᠮᠦᠨ ᠠᠮᠠ 7 ᠲᠦᠮᠨ᠃ ᠲᠡᠣᠬᠡᠨ ᠲᠡᠭᠡᠷ᠎ᠡ ᠪᠢᠷᠠᠭᠤ ᠪᠠᠯᠭᠠᠰᠣ ᠶᠢ ᠮᠣᠩᠭᠤᠯ ᠎ ᠢᠶᠠᠷ ︽ᠪᠢᠷᠠᠭᠤ ᠬᠤᠳᠠ︾ ᠭᠡᠳᠡᠭ᠂ ᠪᠢᠷᠠᠭᠤ ᠲᠣᠭᠤᠯ ᠤᠨ ᠪᠢᠷᠠᠭᠤ ᠪᠠᠷ ᠨᠠᠷᠡᠯᠡᠭᠳᠡᠵᠣ᠂ ᠶᠣᠸᠠᠨ ᠣᠯᠣᠰ ᠤᠨ ᠦᠶ᠎ᠠ ᠳᠤ ᠬᠤᠩᠬᠢᠷᠠᠳ ᠠᠶᠢᠮᠠᠭ ᠤᠨ ᠮᠠᠯ ᠤᠨ ᠪᠡᠯᠴᠢᠭᠡᠷ ᠪᠠᠶᠢᠵᠠᠢ᠃ ᠴᠢᠩ ᠣᠯᠣᠰ ᠤᠨ ᠡᠩᠬᠡ ᠠᠮᠣᠭᠤᠯᠠᠩ ᠤᠨ ᠭᠤᠷᠪᠠᠳᠣᠭᠠᠷ ᠣᠨ ︵1664 ᠣᠨ︶ ᠪᠠᠶᠠᠰᠬᠤᠯᠠᠩᠳᠣ ᠠᠮᠣᠭᠤᠯᠠᠩ ᠰᠦᠮ᠎ᠡ ᠶᠢ ᠪᠠᠶᠢᠭᠤᠯᠵᠣ᠂ ᠲᠡᠭᠷᠢ ᠲᠡᠳᠬᠦᠭᠴᠢ ᠶᠢᠨ ᠬᠤᠷᠢᠨ ᠲᠠᠪᠣᠳᠣᠭᠠᠷ ᠣᠨ ︵1760 ᠣᠨ︶᠎ ᠳᠤ ᠦᠷᠭᠡᠳᠭᠡᠵᠤ ᠪᠠᠶᠢᠭᠤᠯᠤᠨ᠂ ᠰᠦᠮ᠎ᠡ ᠶᠢᠨ ᠬᠤᠷᠠᠯ ᠪᠣᠷᠬᠠᠨ ᠱᠠᠰᠢᠨ ᠤ ᠠᠵᠢᠯᠯᠠᠭᠠᠨ ᠤ ᠲᠠᠯᠠᠪᠣᠷ ᠪᠣᠯᠵᠣ᠂ ᠣᠳᠠᠭ᠎ᠠ ᠪᠦᠷᠢ ᠶᠢᠨ ᠪᠣᠷᠬᠠᠨ ᠱᠠᠰᠢᠨ ᠤ ᠠᠵᠢᠯᠯᠠᠭᠠᠨ ᠳᠤ ᠰᠦᠵᠦᠭᠳᠡᠳ ᠲᠦᠷᠪᠡᠨ ᠵᠦᠭ ᠠᠴᠠ ᠴᠣᠭᠯᠠᠷᠠᠨ᠂ ᠬᠦᠵᠢ ᠵᠣᠯᠠ ᠠᠰᠠᠭᠠᠵᠣ ᠨᠣᠮ ᠠᠶᠢᠯᠠᠳᠣᠭᠤᠯᠣᠨ᠂ ᠨᠠᠮᠠᠨᠴᠢᠯᠠᠨ ᠮᠦᠷᠬᠦᠳᠡᠭ᠂ ᠬᠤᠯᠠ ᠠᠴᠠ ᠢᠷᠡᠭᠰᠡᠨ ᠮᠦᠷᠬᠦᠯᠴᠢᠳ ᠮᠠᠶᠢᠬᠠᠨ ᠪᠣᠰᠬᠠᠵᠣ ᠨᠣᠮ ᠰᠤᠨᠤᠰᠳᠠᠭ᠂ ᠡᠨᠡ ᠪᠣᠯ ︽ᠨᠣᠮ ᠤᠨ ᠰᠠᠷᠠᠪᠴᠢ︾(经棚)᠎ ᠶᠢᠨ ᠢᠷᠡᠯᠳᠡ ᠪᠣᠯᠬᠤ ᠶᠣᠮ᠃               ᠮᠣᠩᠭᠤᠯ ᠳᠤ ᠢᠷᠡᠭᠰᠡᠨ ᠠᠷᠠᠯᠵᠢᠶᠠᠴᠢᠳ ᠤᠨ ᠬᠤᠳᠠᠯᠳᠣᠭᠠᠨ ᠤ ᠬᠦᠭᠵᠢᠯᠳᠡ ᠪᠠ ᠴᠢᠩ ᠣᠯᠣᠰ ᠤᠨ ᠵᠠᠰᠠᠭ ᠤᠨ ᠭᠠᠵᠠᠷ ᠤᠨ ᠠᠳᠠᠷ ᠬᠠᠭᠠᠯᠪᠣᠷᠢᠯᠠᠬᠤ ᠲᠦᠷᠦ ᠶᠢᠨ ᠪᠣᠳᠣᠯᠭ᠎ᠠ ᠶᠢᠨ ᠬᠡᠷᠡᠭᠵᠢᠬᠦᠯᠦᠭᠳᠡᠬᠦ ᠶᠢ ᠲᠠᠭᠠᠯᠳᠣᠨ᠂  ᠬᠦᠮᠦᠰ ᠶᠡᠭᠡ  ᠎ ᠪᠠᠷ ᠣᠯᠠᠰᠢᠷᠠᠨ᠂ ᠪᠢᠷᠠᠭᠤ  ᠪᠠᠯᠭᠠᠰᠣ ᠨᠢ ᠬᠤᠳᠠᠯᠳᠣᠭᠠᠨ ᠤ ᠴᠢᠬᠤᠯᠠ ᠪᠠᠯᠭᠠᠰᠣ ᠪᠣᠯᠵᠣ᠂ ᠣᠮᠠᠷᠠᠳᠣ ᠶᠢᠨ ᠲᠦᠷᠪᠡᠨ ᠬᠤᠳᠠᠯᠳᠣᠭᠠᠨ ᠤ ᠭᠠᠵᠠᠷ ︵ᠴᠢᠭᠤᠯᠣᠯᠳᠣ ᠬᠠᠭᠠᠯᠭ᠎ᠠ᠂ ᠪᠢᠷᠠᠭᠤ᠂ ᠬᠦᠷᠢᠶ᠎ᠡ᠂ ᠣᠯᠠᠭᠠᠨᠪᠠᠭᠠᠳᠣᠷ︶᠎ ᠤᠨ ᠨᠢᠬᠡ ᠪᠣᠯᠣᠭᠰᠠᠨ ᠪᠠᠶᠢᠨ᠎ᠠ᠃ ᠦᠨᠦᠳᠦᠷ ᠤᠨ ᠪᠢᠷᠠᠭᠤ ᠪᠠᠯᠭᠠᠰᠣ ᠪᠠᠶᠢᠷᠢᠯᠠᠯ ᠨᠢ ᠲᠠᠪᠠᠭᠤᠯᠢᠭ᠂ ᠵᠠᠮ ᠬᠠᠷᠢᠯᠴᠠᠭ᠎ᠠ ᠲᠦᠬᠦᠮ᠂ ᠠᠵᠣ ᠠᠬᠤᠢ ᠬᠦᠭᠵᠢᠵᠣ᠂ ᠵᠢᠭᠤᠯᠴᠢᠯᠠᠯ ᠤᠨ ᠡᠬᠢ ᠪᠠᠶᠠᠯᠢᠭ ᠢ ᠨᠡᠬᠡᠬᠡᠨ ᠠᠰᠢᠭᠯᠠᠬᠤ ᠪᠠ ᠵᠢᠭᠤᠯᠴᠢᠯᠠᠯ ᠤᠨ ᠦᠢᠯᠡᠰ ᠤᠨ ᠲᠠᠰᠣᠷᠠᠯᠳᠠ ᠦᠬᠡᠢ ᠬᠦᠭᠵᠢᠬᠦ ᠶᠢ ᠲᠠᠭᠠᠯᠳᠣᠨ᠂ ᠡᠨᠡᠬᠦ ᠣᠮᠠᠷᠠᠳᠣ ᠶᠢᠨ ᠲᠠᠯ᠎ᠠ ᠨᠣᠳᠤᠭ ᠲᠡᠭᠡᠷᠡᠬᠢ ᠵᠢᠵᠢᠭ ᠬᠤᠳᠠ ᠨᠢ ᠨᠡᠬᠡᠨᠳᠡ ᠵᠢᠭᠤᠯᠴᠢᠯᠠᠯ ᠤᠨ ᠲᠦᠪᠯᠡᠷᠡᠬᠦᠯᠵᠦ ᠲᠠᠷᠬᠠᠭᠠᠬᠤ ᠭᠤᠣᠯ ᠭᠠᠵᠠᠷ ᠪᠣᠯᠣᠭᠰᠠᠨ ᠪᠠᠶᠢᠨ᠎ᠠ᠃  
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号