ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠲᠣᠪᠴᠢᠶᠠᠨ ᠳᠠᠷᠤᠭ᠎ᠠ ᠰᠦᠨ ᠭᠤᠸᠠᠩ ᠮᠢᠩ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠣᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2019/12/3
     ᠰᠤᠷᠪᠤᠯᠵᠢᠯᠠᠭᠴᠢ᠄ ᠲᠠ ᠰᠠᠶᠢᠨ ᠦᠦ︖  ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠣᠯ ᠨᠢᠭᠡᠨ ᠰᠢᠨ᠎ᠡ ᠪᠠᠷ ᠪᠠᠶᠢᠭᠤᠯᠤᠭᠳᠠᠭᠰᠠᠨ ᠰᠠᠯᠠᠭ᠎ᠠ ᠮᠥᠴᠢᠷ ᠮᠥᠨ᠂ ᠲᠠ ᠬᠡᠰᠢᠭᠲᠡᠨ ᠬᠤᠰᠢᠭᠤᠨ ᠤ ᠵᠠᠰᠠᠭ   ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠭᠤᠤᠯ ᠪᠣᠯᠬᠤ ᠠᠵᠢᠯ ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠦᠦ︖      ᠰᠦᠨ ᠲᠣᠪᠴᠢᠶᠠᠨ ᠳᠠᠷᠤᠭ᠎ᠠ᠄ ᠵᠠ᠂ ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ  ᠤ ᠲᠣᠪᠴᠢᠶ᠎ᠠ ᠪᠣᠯ ᠬᠤᠰᠢᠭᠤᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠨᠠᠮ ᠤᠨ ᠲᠥᠪ ᠬᠤᠷᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ  ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠪᠣᠯ᠄ ᠬᠤᠰᠢᠭᠤᠨ ᠤ ᠵᠠᠰᠠᠭ ᠤᠨ ᠣᠷᠳᠣᠨ ᠤ ᠵᠠᠰᠠᠭ   ᠤᠨ ᠶᠠᠪᠤᠳᠠᠯ ᠤᠨ ᠦᠶᠯᠡᠴᠢᠯᠡᠭᠡ ᠶᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠡᠰᠢᠭᠲᠡᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠠᠬᠢᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠶᠠᠪᠤᠳᠠᠯ ᠤᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠵᠢᠴᠢ ᠬᠡᠷᠡᠭᠯᠡᠯᠲᠡ ᠶᠢ ᠬᠠᠷᠢᠭᠤᠴᠠᠵᠤ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠠᠵᠢᠯ ᠢ ᠠᠬᠢᠭᠤᠯᠤᠨ᠎ᠠ︔ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠠᠷᠢᠭᠤᠴᠠᠵᠤ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠠᠵᠢᠯ ᠢ ᠠᠬᠢᠭᠤᠯᠤᠨ᠎ᠠ᠃ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠠᠵᠢᠯ ᠤᠨ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ  ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠤᠰᠢᠭᠤ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠢᠩᠬᠢᠮ ᠤᠨ ᠠᠵᠢᠯᠯᠠᠭᠠᠨ ᠵᠡᠷᠭᠡ ᠠᠵᠢᠯ ᠢ ᠵᠢᠯᠣᠭᠤᠳᠤᠨ᠎ᠠ᠃      ᠰᠤᠷᠪᠤᠯᠵᠢᠯᠠᠭᠴᠢ᠄ ᠡᠨᠡ ᠵᠢᠯ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠨᠢ ᠶᠠᠭᠤ ᠪᠣᠶ︖      ᠰᠦᠨ ᠲᠣᠪᠴᠢᠶᠠᠨ ᠳᠠᠷᠤᠭ᠎ᠠ᠄ ᠡᠨᠡ ᠵᠢᠯ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ  ᠤ ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠪᠣᠯ᠄ ᠨᠢᠭᠡ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠠᠵᠢᠯ ᠢ ᠰᠠᠶᠢᠲᠤᠷ ᠠᠳᠬᠤᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ  ᠢ ᠬᠢᠨᠠᠨ ᠵᠥᠪᠰᠢᠶᠡᠷᠡᠬᠦ ᠶᠢ ᠭᠤᠤᠯᠳᠠᠯᠭ᠎ᠠ ᠲᠠᠢ ᠪᠠᠲᠤᠯᠠᠨ᠂ ᠬᠤᠰᠢᠭᠤ ᠰᠣᠮᠣ ᠭᠠᠴᠠᠭ᠎ᠠ ᠭᠤᠷᠪᠠᠨ ᠱᠠᠲᠤᠨ ᠤ ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠎ᠡ᠃ ᠬᠤᠶᠠᠷ ᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠶᠯᠡᠳᠦᠯ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠦᠶᠯᠡᠴᠢᠯᠡᠭᠡᠨ ᠤ ᠲᠢᠩᠬᠢᠮ ᠤᠨ ᠡᠯ᠎ᠡ ᠵᠦᠶᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠ ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠭᠤᠷᠪᠠ ᠳᠤ᠂ ᠰᠢᠨ᠎ᠡ ᠪᠠᠷ ᠪᠠᠶᠢᠭᠤᠯᠬᠤ ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ ᠰᠢᠶᠳᠪᠦᠷᠢᠯᠡᠬᠦ᠂ ᠲᠥᠪᠯᠡᠷᠡᠭᠦᠯᠦᠨ ᠭᠦᠶᠴᠡᠳᠬᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠡᠯ᠎ᠡ ᠲᠥᠷᠥᠯ ᠤᠨ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠪᠡᠯᠡᠳᠬᠡᠮᠵᠢ ᠲᠥᠬᠦᠭᠡᠷᠦᠮᠵᠢ ᠶᠢ ᠪᠠᠶᠠᠯᠢᠭᠵᠢᠭᠤᠯᠤᠨ ᠲᠡᠭᠦᠯᠳᠡᠷᠵᠢᠭᠦᠯᠦᠨ᠎ᠡ᠃ ᠳᠥᠷᠪᠡ ᠳᠤ᠂ ︽ᠨᠠᠮ ᠤᠨ ᠪᠠᠶᠢᠭᠤᠯᠤᠯᠲᠠ + ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠠᠭᠤᠰᠤᠯᠴᠠᠭᠤᠯᠬᠤ︾ ᠶᠢ ᠪᠦᠬᠦ ᠬᠦᠴᠦᠨ ᠢᠶᠠᠷ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠠᠴᠠ ᠭᠠᠷᠲᠠᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠤᠨ ᠬᠥᠭᠵᠢᠯᠲᠡ ᠶᠢᠨ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ︽ᠬᠠᠷᠢᠯᠴᠠᠨ ᠨᠡᠮᠡᠬᠦ᠂ ᠬᠠᠷᠢᠯᠴᠠᠨ ᠠᠭᠤᠰᠤᠯᠴᠠᠭᠤᠯᠬᠤ᠂ ᠬᠥᠲᠥᠯᠥᠨ ᠳᠠᠭᠠᠭᠤᠯᠬᠤ᠂ ᠬᠠᠮᠲᠤᠪᠠᠷ ᠠᠰᠢᠭ ᠬᠦᠷᠲᠡᠬᠦ︾ ᠶᠡᠷᠦᠩᠬᠡᠶ ᠰᠡᠳᠬᠢᠴᠡ ᠶᠣᠰᠣᠭᠠᠷ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠠᠵᠢᠯ ᠢ ᠥᠷᠨᠢᠭᠦᠯᠦᠨ᠎ᠡ᠃ ᠲᠠᠪᠤ ᠳᠤ᠂ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ  ᠶᠢ ᠰᠠᠶᠢᠲᠤᠷ ᠠᠳᠬᠤᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠭᠦᠨᠵᠡᠭᠡᠢ ᠠᠬᠢᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠵᠥᠭᠡᠯᠡᠨ ᠬᠠᠲᠠᠭᠤ ᠲᠣᠨᠤᠭ ᠤᠨ ᠪᠠᠶᠢᠭᠤᠯᠤᠯᠲᠠ ᠶᠢ ᠴᠢᠩᠭᠠᠳᠬᠠᠨ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ  ᠶᠢᠨ ᠠᠵᠢᠯᠯᠠᠭᠠᠨ ᠪᠠ ᠪᠦᠷᠬᠦᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠭᠡᠨ ᠤ ᠠᠵᠢᠯ ᠢ ᠴᠢᠩᠭᠠᠳᠬᠠᠨ᠎ᠠ᠃ ᠮᠠᠨ ᠤ ᠪᠠᠶᠢᠭᠤᠯᠭ᠎ᠠ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠢᠳᠡᠪᠬᠢᠲᠡᠢ ᠨᠠᠢᠳᠠᠪᠤᠷᠢᠵᠢᠭᠤᠯᠬᠤ᠂ ᠭᠤᠤᠯᠳᠠᠭᠤ ᠳᠣᠤᠷᠠᠬᠢ ᠠᠵᠢᠯ ᠤᠳ ᠢ ᠬᠢᠵᠡᠶ᠄ ᠨᠢᠭᠡ ᠳᠤ᠂ ᠪᠣᠳᠠᠲᠤ ᠴᠣᠭᠴᠠ  ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠦᠶᠯᠡᠴᠢᠯᠡᠭᠡᠨ ᠤ ᠲᠢᠩᠬᠢᠮ ᠢ ᠪᠠᠶᠢᠭᠤᠯᠤᠨ᠎ᠠ᠃ ᠣᠳᠣᠬᠠᠨ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ  ᠤᠨ ᠪᠠᠷᠢᠯᠭ᠎ᠠ ᠶᠢᠨ ᠲᠠᠯᠠᠪᠠᠢ 2500 ᠲᠡᠭᠰᠢ ᠳᠥᠷᠪᠡᠯᠵᠢᠨ ᠮᠧᠲᠷ ᠪᠠᠶᠢᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠪᠠ ᠲᠤᠰᠬᠠᠶ ᠮᠡᠷᠭᠡᠵᠢᠯ ᠤᠨ ᠬᠤᠪᠢᠶᠠᠷᠢ ᠲᠢᠩᠬᠢᠮ ᠳᠤ ᠣᠷᠣᠵᠤ ᠰᠠᠭᠤᠭᠰᠠᠨ ᠰᠠᠯᠠᠭ᠎ᠠ ᠮᠥᠴᠢᠷ 28 ᠪᠠᠶᠢᠵᠤ᠂ ᠣᠷᠣᠵᠤ ᠰᠠᠭᠤᠭᠰᠠᠨ ᠨᠣᠷᠮ᠎ᠠ ᠨᠢ 87.5 % ᠪᠠᠶᠢᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠪᠠ ᠲᠤᠰᠬᠠᠶ ᠮᠡᠷᠭᠡᠵᠢᠯ ᠤᠨ ᠬᠤᠪᠢᠶᠠᠷᠢ ᠲᠢᠩᠬᠢᠮ ᠳᠤ ᠣᠷᠣᠵᠤ ᠰᠠᠭᠤᠭᠰᠠᠨ ᠵᠦᠶᠯᠡᠰ 355 ᠪᠠᠶᠢᠵᠤ᠂ ᠣᠷᠣᠵᠤ ᠰᠠᠭᠤᠭᠰᠠᠨ ᠨᠣᠷᠮ᠎ᠠ ᠨᠢ 86.1 % ᠪᠠᠶᠢᠵᠤ᠂ 97 ᠠᠵᠢᠯᠲᠠᠨ ᠣᠷᠣᠵᠤ ᠰᠠᠭᠤᠭᠰᠠᠨ ᠪᠠᠶᠢᠨ᠎ᠠ᠃ ᠬᠤᠶᠠᠷ ᠲᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ  ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠲᠠᠪᠴᠠᠩ ᠤᠨ ᠠᠵᠢᠯᠯᠠᠭᠠᠨ ᠰᠠᠶᠢᠨ ᠪᠠᠶᠬᠤ ᠰᠠᠭᠤᠷᠢᠨ ᠳᠡᠭᠡᠷ᠎ᠡ᠂ ᠠᠵᠢᠯᠲᠠᠨ ᠢ ᠵᠣᠬᠢᠶᠠᠨ ᠪᠠᠢᠭᠤᠯᠤᠨ ᠤᠯᠤᠰ ᠠᠴᠠ ᠬᠢᠨᠠᠨ ᠬᠠᠮᠢᠶᠠᠷᠬᠤ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠵᠦᠶᠯᠡᠰ ᠢ ᠲᠠᠨᠢᠵᠤ ᠠᠪᠬᠤ ᠵᠢᠴᠢ ᠬᠡᠷᠡᠭᠵᠢᠭᠦᠯᠬᠦ ᠨᠠᠷᠢᠨ ᠬᠠᠭᠤᠳᠠᠰᠤ ᠶᠢ ᠪᠢᠴᠢᠵᠦ ᠣᠷᠣᠭᠤᠯᠬᠤ ᠠᠵᠢᠯ ᠢ ᠲᠦᠷᠭᠡᠳᠬᠡᠨ᠎ᠡ᠃ ᠴᠠᠭ ᠤᠨ ᠵᠠᠩᠭᠢᠯᠠᠭ᠎ᠠ ᠶᠢᠨ ᠴᠠᠭ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠤᠯᠤᠰ ᠠᠴᠠ ᠲᠠᠪᠴᠠᠩ ᠯᠤᠭ᠎ᠠ ᠵᠣᠯᠭᠠᠭᠤᠯᠤᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠨᠢᠭᠡ ᠰᠦᠯᠵᠢᠶ᠎ᠡ︾ ᠶᠢᠨ ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠰᠢᠨ᠎ᠡ ᠮᠡᠷᠭᠡᠵᠢᠯ ᠰᠢᠨ᠎ᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠦᠶᠯᠡᠴᠢᠯᠡᠭᠡᠨ ᠤ ᠣᠶᠣᠨᠴᠢᠯᠠᠯᠲᠠ᠂ ᠰᠦᠯᠵᠢᠶᠡᠵᠢᠯᠲᠡ ᠶᠢ ᠪᠡᠶᠡᠯᠡᠭᠦᠯᠦᠨ᠎ᠡ᠃ ᠭᠤᠷᠪᠠ ᠳᠤ᠂ ᠬᠡᠰᠢᠭᠲᠡᠨ ᠬᠤᠰᠢᠭᠤᠨ ᠤ ︽e ᠵᠠᠰᠠᠭ ᠤᠨ ᠶᠠᠪᠤᠳᠠᠯ︾ ᠤᠨ ᠰᠦᠯᠵᠢᠶᠡᠨ ᠳᠡᠭᠡᠷᠡᠬᠢ ᠬᠡᠷᠡᠭ ᠡᠷᠬᠢᠯᠡᠬᠦ ᠲᠥᠪ ᠢ ᠵᠣᠬᠢᠶᠠᠨ ᠪᠠᠢᠭᠤᠯᠵᠤ᠂ ᠲᠤᠰᠬᠠᠶ ᠲᠤᠰᠢᠶᠠᠯᠲᠤ ᠠᠵᠢᠯᠲᠠᠨ ᠲᠣᠬᠢᠷᠠᠭᠤᠯᠵᠤ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠂ ᠤᠷᠢᠳᠴᠢᠯᠠᠨ ᠬᠢᠨᠠᠬᠤ᠂ ᠮᠠᠲ᠋ᠧᠷᠢᠶᠠᠯ ᠳᠠᠮᠵᠢᠭᠤᠯᠬᠤ᠂ ᠣᠷᠣᠯᠠᠨ ᠭᠦᠶᠴᠡᠳᠬᠡᠬᠦ ᠵᠡᠷᠭᠡ ᠠᠵᠢᠯ ᠢ ᠬᠠᠷᠢᠭᠤᠴᠠᠭᠤᠯᠪᠠ ᠃ ᠣᠳᠣᠬᠠᠨ ᠳᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶᠴᠡᠳᠬᠡᠬᠦ ᠲᠢᠩᠬᠢᠮ ᠨᠢᠭᠡᠨᠲᠡ ᠨᠡᠭᠡᠭᠡᠭᠳᠡᠵᠦ ᠰᠦᠯᠵᠢᠶᠡᠨ ᠳᠤ ᠭᠠᠷᠤᠭᠰᠠᠨ ᠪᠣᠯᠬᠤᠷ ᠠᠰᠠᠭᠤᠨ ᠯᠠᠪᠯᠠᠬᠤ ᠪᠠ ᠬᠡᠰᠡᠭ ᠤᠴᠢᠷ ᠶᠠᠪᠤᠳᠠᠯ ᠢ ᠤᠷᠢᠳᠴᠢᠯᠠᠨ ᠬᠢᠨᠠᠬᠤ ᠠᠵᠢᠯ ᠢ ᠬᠦᠯᠢᠶᠡᠨ ᠠᠪᠴᠤ ᠪᠣᠯᠤᠨ᠎ᠠ᠂ ᠲᠠᠷᠠᠭᠠᠴᠢ ᠶᠢᠨ ᠠᠯᠬᠤᠮ ᠳᠤ᠂ ︽e ᠵᠠᠰᠠᠭ ᠤᠨ ᠶᠠᠪᠤᠳᠠᠯ︾ ᠤᠨ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶᠴᠡᠳᠬᠡᠬᠦ ᠲᠢᠩᠬᠢᠮ ᠲᠠᠢ ᠤᠶᠠᠯᠳᠤᠭᠤᠯᠤᠨ᠂ ᠬᠡᠰᠢᠭᠲᠡᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠣᠷᠣᠯᠠᠨ ᠭᠦᠶᠴᠡᠳᠬᠡᠬᠦ ᠴᠣᠩᠬᠤ ᠭᠠᠷᠭᠠᠵᠤ᠂ ᠲᠤᠰᠬᠠᠶ ᠬᠥᠮᠥᠨ ᠲᠤᠬᠢᠷᠠᠭᠤᠯᠤᠨ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ᠂ ᠠᠵᠤ ᠠᠬᠤᠢᠯᠠᠯ ᠲᠤ ᠰᠦᠢᠳᠬᠡᠯ ᠬᠤᠷᠢᠶᠠᠬᠤ ᠦᠭᠡᠢ ᠪᠠᠷ ᠣᠷᠣᠯᠠᠨ ᠭᠦᠶᠴᠡᠳᠬᠡᠬᠦ ᠦᠶᠯᠡᠴᠢᠯᠡᠭᠡ ᠬᠠᠩᠭᠠᠨ᠎ᠠ᠃ ᠳᠥᠷᠪᠡ ᠳᠤ ᠨᠠᠮ ᠵᠠᠰᠠᠭ ᠤᠨ ᠪᠠᠶᠢᠭᠤᠯᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠵᠢᠴᠢ ᠴᠤᠪᠤᠷᠠᠯ ᠢ ᠡᠮᠬᠢᠯᠡᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠬᠡᠷᠡᠭ ᠡᠷᠬᠢᠯᠡᠬᠦ ᠪᠣᠶ ᠪᠦᠬᠦᠢ ᠣᠯᠠᠨ ᠲᠦᠮᠡᠨ᠂ ᠠᠵᠤ ᠠᠬᠤᠶᠢᠯᠠᠯ ᠠᠳᠠᠯᠢ ᠨᠢᠭᠡᠨ ᠪᠠᠷᠢᠮᠵᠢᠶ᠎ᠠ ᠶᠢ ᠪᠡᠶᠡᠯᠡᠭᠦᠯᠵᠦ᠂ ᠨᠢᠭᠡ ᠬᠥᠮᠦᠨ ᠳᠤ ᠨᠢᠭᠡ ᠪᠠᠷᠢᠮᠵᠢᠶ᠎ᠠ ᠭᠠᠷᠭᠠᠬᠤ  ᠶᠢ ᠴᠠᠭᠠᠵᠠᠯᠠᠨ᠎ᠠ︔ ᠬᠢᠨᠠᠨ ᠵᠥᠪᠰᠢᠶᠡᠷᠡᠬᠦ ᠵᠦᠶᠯᠡᠰ ᠢ ᠭᠦᠶᠴᠡᠳᠬᠡᠬᠦ ᠭᠤᠭᠴᠤᠭ᠎ᠠ ᠶᠢ ᠪᠠᠭᠠᠰᠬᠠᠵᠤ᠂ ᠪᠣᠶ ᠪᠦᠬᠦᠢ ᠬᠢᠨᠠᠨ ᠵᠥᠪᠰᠢᠶᠡᠷᠡᠬᠦ ᠭᠤᠭᠴᠤᠭ᠎ᠠ ᠶᠢ ᠬᠦᠯᠢᠶᠡᠨ ᠠᠪᠴᠤ ᠰᠢᠶᠳᠪᠦᠷᠢᠯᠡᠬᠦ᠂ ᠬᠢᠨᠠᠨ ᠪᠠᠶᠢᠴᠠᠭᠠᠬᠤ᠂ ᠲᠣᠭᠲᠠᠭᠠᠬᠤ ᠭᠤᠷᠪᠠᠨ ᠠᠯᠬᠤᠮ ᠤᠨ ᠳᠣᠲᠣᠷ᠎ᠠ ᠬᠢᠵᠠᠭᠠᠷᠯᠠᠨ᠎ᠠ︔ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠡᠪᠴᠢᠶᠡᠨ ᠳᠣᠲᠣᠷ᠎ᠠ ᠠᠵᠢᠯ ᠶᠠᠪᠤᠳᠠᠯ ᠭᠦᠶᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ ᠣᠳᠣ ᠶᠢᠨ ᠪᠠᠶᠭ᠎ᠠ ᠰᠠᠭᠤᠷᠢᠨ ᠳᠡᠭᠡᠷ᠎ᠡ ᠭᠤᠷᠪᠠᠨ ᠤ ᠨᠢᠭᠡ ᠬᠤᠪᠢ ᠶᠢ ᠪᠠᠭᠠᠰᠬᠠᠨ᠂ ︽ᠦᠨᠳᠦᠰᠦᠨ ᠵᠦᠶᠯ ᠢ ᠪᠠᠲᠤᠯᠠᠬᠤ ᠮᠠᠲ᠋ᠧᠷᠢᠶᠠᠯ︾ ᠢᠯᠡᠷᠡᠬᠦ ᠶᠢ ᠴᠢᠩᠭ᠎ᠠ ᠴᠠᠭᠠᠵᠠᠯᠠᠨ᠎ᠠ︔ ᠬᠢᠨᠠᠨ ᠵᠥᠪᠰᠢᠶᠡᠷᠡᠬᠦ ᠵᠦᠶᠯᠡᠰ ᠢ ᠭᠦᠶᠴᠡᠳᠬᠡᠬᠦ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠶᠢᠨ ᠴᠠᠭ ᠤᠨ ᠬᠢᠵᠠᠭᠠᠷ ᠤᠨ ᠲᠠᠯ᠎ᠠ ᠪᠠᠷ ᠭᠤᠷᠪᠠᠨ ᠤ ᠨᠢᠭᠡ ᠬᠤᠪᠢ ᠶᠢ ᠪᠣᠭᠤᠨᠢᠰᠬᠠᠵᠤ᠂ ᠵᠠᠷᠴᠢᠮ ᠳᠡᠭᠡᠷ᠎ᠡ ᠪᠠᠨ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠭᠠᠷ ᠤᠨ ᠦᠰᠦᠭ ᠵᠢᠷᠤᠵᠤ ᠵᠥᠪᠰᠢᠶᠡᠷᠡᠬᠦ ᠶᠠᠪᠤᠳᠠᠯ ᠢ ᠨᠢᠭᠡ ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠨ᠎ᠠ︔ ᠬᠢᠨᠠᠨ ᠵᠥᠪᠰᠢᠶᠡᠷᠡᠬᠦ ᠴᠤᠪᠤᠷᠠᠯ  ᠢ ᠰᠢᠯᠢᠳᠡᠭᠵᠢᠭᠦᠯᠦᠨ ᠳᠠᠬᠢᠨ ᠪᠠᠶᠢᠭᠤᠯᠵᠤ᠂ ᠬᠢᠨᠠᠨ ᠵᠥᠪᠰᠢᠶᠡᠷᠡᠬᠦ ᠵᠦᠶᠯᠡᠰ ᠲᠤ ︽ᠶᠡᠷᠦᠩᠬᠡᠶᠢᠯᠡᠨ ᠬᠦᠯᠢᠶᠡᠨ ᠠᠪᠴᠤ ᠰᠢᠶᠳᠪᠦᠷᠢᠯᠡᠬᠦ᠂ ᠠᠷᠤ ᠲᠠᠪᠴᠠᠩ ᠢ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠴᠠᠭ ᠲᠣᠭᠲᠠᠭᠠᠨ ᠭᠦᠶᠴᠡᠳᠬᠡᠵᠦ ᠳᠠᠭᠤᠰᠬᠠᠬᠤ᠂ ᠨᠢᠭᠡᠳᠦᠯᠲᠡᠶ ᠴᠣᠩᠬᠤᠪᠴᠢ ᠪᠠᠷ ᠮᠠᠲ᠋ᠧᠷᠢᠶᠠᠯ ᠭᠠᠷᠭᠠᠬᠤ︾ ︽ᠶᠡᠷᠦᠩᠬᠡᠶᠢᠯᠡᠭᠰᠡᠨ ᠴᠣᠩᠬᠤᠪᠴᠢ︾ ᠶᠢᠨ ᠦᠶᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号