| | —— ᠨᠠᠮᠵᠢᠯᠰᠦ᠋ᠷᠦᠩ | | | ᠥᠪᠦᠷ ᠮᠣᠩᠭᠤᠯ ᠤᠨ ᠮᠠᠯᠵᠢᠬᠤ ᠣᠷᠣᠨ ᠤ ᠪᠡᠯᠴᠢᠭᠡᠷ ᠠᠰᠢᠬᠯᠠᠯᠲᠠ ᠶᠢᠨ ᠣᠳᠣᠬᠢ ᠪᠠᠶᠢᠳᠠᠯ | | | ᠥᠪᠥᠷ ᠮᠣᠩᠭᠤᠯ ᠪᠣᠯ ᠨᠤᠲᠤᠭ ᠳᠡᠪᠢᠰᠬᠡᠷ ᠠᠭᠤᠳᠠᠮ᠂ ᠡᠪᠡᠰᠦ ᠤᠷᠭᠤᠮᠠᠯ ᠤᠨ ᠤᠷᠭᠤᠴᠠ ᠰᠠᠶᠢᠨ᠂ | ᠡᠪᠡᠰᠦᠨ ᠤ ᠲᠦᠷᠦᠯ ᠵᠦᠢᠯ ᠣᠯᠠᠨ᠂ ᠰᠢᠮ᠎ᠡ ᠲᠡᠵᠢᠭᠡᠯ ᠪᠦᠷᠢᠨ᠂ ᠡᠯ᠎ᠡ ᠠᠶᠢᠮᠠᠭ ᠬᠤᠰᠢᠭᠤᠳ ᠨᠢ ᠭᠤᠪᠢ ᠰᠢᠯᠢ | ᠨᠤᠭᠤ ᠶᠢᠨ ᠣᠨᠴᠠᠯᠢᠬᠲᠤ ᠤᠷᠭᠤᠮᠠᠯ ᠤᠨ ᠪᠦᠰᠡ ᠨᠤᠲᠤᠭ ᠲᠤ ᠬᠤᠪᠢᠶᠠᠷᠢᠯᠠᠬᠰᠠᠨ᠂ ᠳᠦᠷᠪᠡᠨ ᠤᠯᠠᠷᠢᠯ ᠤᠨ ᠢᠯᠡ | ᠲᠣᠳᠤ ᠠᠭᠤᠷ ᠠᠮᠢᠰᠬᠤᠯ ᠳᠤ ᠵᠣᠬᠢᠴᠠᠨ᠂ ᠡᠪᠡᠰᠦᠨ ᠤ ᠰᠣᠷᠭᠤᠭ ᠤᠰᠤᠨ ᠤ ᠲᠤᠩᠭᠠᠯᠠᠭ ᠢ ᠳᠠᠭᠠᠵᠦ | ᠨᠡᠭᠦᠳᠡᠯᠯᠡᠭᠰᠡᠨ᠂ ᠮᠣᠩᠭᠤᠯ ᠤᠨ ᠦᠨᠳᠦᠷᠯᠢᠭ ᠤᠨ ᠪᠡᠯᠴᠢᠭᠡᠷ ᠤᠨ ᠮᠠᠯ ᠠᠵᠦ ᠠᠬᠤᠢ ᠶᠢᠨ ᠰᠣᠩᠭᠤᠳᠠᠭ ᠣᠷᠣᠨ | ᠪᠢᠯᠡ᠃ ᠵᠠᠰᠠᠭ ᠵᠠᠬᠢᠷᠭᠠᠨ ᠤ ᠬᠤᠪᠢᠶᠠᠷᠢ ᠠᠴᠠ ᠪᠣᠯᠵᠦ᠂ ᠦᠪᠦᠷ ᠮᠤᠩᠭᠤᠯ ᠤᠨ ᠪᠡᠯᠴᠢᠭᠡᠷ ᠤᠨ ᠮᠠᠯ ᠠᠵᠦ ᠠᠬᠤᠢ | ᠶᠢᠨ ᠨᠡᠭᠦᠳᠡᠯᠯᠡᠨ ᠮᠠᠯᠵᠢᠬᠤ ᠣᠷᠣᠨ ᠵᠠᠢ ᠨᠢᠭᠡᠨᠲᠡ ᠬᠤᠮᠢᠬᠳᠠᠵᠦ᠂ ᠬᠦᠮᠦᠨ ᠠᠮᠠ ᠶᠢᠨ ᠳᠦᠷᠢᠯᠲᠠ ᠪᠠ ᠲᠦᠷᠭᠡᠨ | ᠦᠰᠦᠯᠲᠡ ᠵᠢᠴᠢ ᠬᠦᠮᠦᠰ ᠤᠨ ᠬᠤᠪᠳᠤᠭ ᠰᠠᠨᠠᠭ᠎ᠠ ᠰᠢᠨᠤᠬᠠᠢ ᠪᠣᠳᠤᠯ ᠤᠨ ᠬᠢᠵᠠᠭᠠᠷ ᠦᠭᠡᠢ ᠳᠡᠪᠡᠷᠡᠭᠡᠯᠲᠡ᠂ | ᠦᠪᠡᠷ ᠤᠨ ᠦᠷᠲᠡᠭ ᠳᠣᠣᠷ᠎ᠠ ᠪᠡᠯᠴᠢᠭᠡᠷ ᠤᠨ ᠮᠠᠯ ᠠᠵᠦ ᠠᠬᠤᠢ ᠶᠢᠨ ᠠᠰᠢᠭ ᠰᠢᠮ᠎ᠡ ᠳᠤ ᠥᠷᠢᠰᠦᠯᠳᠦᠭᠰᠡᠨ | ᠲᠡᠮᠡᠴᠡᠯᠳᠦᠭᠡᠨ ᠨᠢ ᠮᠠᠯ ᠤᠨ ᠲᠤᠭ᠎ᠠ ᠲᠤᠯᠤᠭᠠᠢ ᠶᠢᠨ ᠦᠰᠦᠯᠲᠡ ᠶᠢᠨ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠰᠡᠨ ᠦᠢᠯᠡᠳᠪᠦᠷᠢᠯᠡᠯ ᠡᠵᠡᠩᠨᠡᠯᠲᠡ ᠶᠢᠨ ᠨᠠᠷᠢᠨ ᠵᠦᠷᠢᠭ ᠲᠤ ᠰᠢᠬᠠᠨ ᠣᠷᠣᠭᠤᠯᠤᠬᠰᠠᠨ ᠠᠴᠠ | ᠪᠡᠯᠴᠢᠭᠡᠷ ᠤᠨ ᠳᠠᠷᠤᠯᠲᠠ ᠶᠡᠭᠡ ᠪᠣᠯᠵᠦ᠂ ᠬᠦᠮᠦᠨ ᠠᠴᠠ ᠰᠢᠯᠲᠠᠭᠠᠯᠠᠬᠰᠠᠨ ᠭᠠᠵᠠᠷ ᠰᠢᠷᠣᠢ ᠶᠢᠨ ᠡᠪᠳᠡᠭᠳᠡᠯ | ᠰᠦᠢᠳᠦᠯ ᠡᠭᠦᠰᠴᠦ᠂ ᠮᠠᠯ ᠠᠬᠤᠢ ᠳᠤ ᠲᠡᠳᠦᠢ ᠦᠭᠡᠢ᠂ ᠪᠦᠬᠦᠶᠢᠯᠡ ᠬᠦᠮᠦᠨ ᠲᠦᠷᠦᠯᠬᠢᠲᠡᠨ ᠤ ᠣᠷᠣᠰᠢᠨ | ᠠᠮᠢᠳᠤᠷᠠᠬᠤᠢ ᠳᠤ ᠮᠠᠰᠢ ᠶᠡᠭᠡ ᠰᠦᠷᠳᠡᠭᠦᠯᠦᠯ ᠪᠣᠯᠵᠦ ᠪᠠᠶᠢᠨ᠎ᠠ᠃ | | ᠬᠦᠮᠦᠨ ᠲᠦᠷᠦᠯᠬᠢᠲᠡᠨ ᠣᠷᠣᠰᠢᠨ ᠲᠣᠬᠲᠠᠨᠢᠵᠦ ᠠᠮᠢᠳᠤᠷᠠᠬᠤ ᠶᠢᠨ ᠲᠦᠯᠦᠭᠡ ᠪᠠᠶᠢᠭᠠᠯᠢ ᠶᠢᠨ ᠡᠬᠢ | ᠪᠠᠶᠠᠯᠢᠭ ᠢ ᠨᠡᠭᠡᠭᠡᠨ ᠠᠰᠢᠬᠯᠠᠳᠠᠭ᠃ ᠬᠦᠮᠦᠰ ᠤᠨ ᠨᠡᠭᠡᠭᠡᠨ ᠠᠰᠢᠬᠯᠠᠵᠦ ᠪᠠᠶᠢᠭ᠎ᠠ ᠡᠬᠢ ᠪᠠᠶᠠᠯᠢᠭ ᠲᠤ ᠳᠠᠬᠢᠨ ᠪᠣᠢ | ᠪᠣᠯᠬᠤ ᠦᠭᠡᠢ ᠡᠬᠢ ᠪᠠᠶᠠᠯᠢᠭ ︵ᠵᠢᠱᠢᠶᠡᠯᠡᠪᠡᠯ᠂ ᠠᠯᠲᠠ᠂ ᠮᠥᠩᠭᠦ᠂ ᠲᠡᠮᠦᠷ᠂ ᠨᠡᠭᠦᠷᠡᠰᠦ᠂ ᠰᠢᠲᠠᠮᠠᠬᠠᠢ ᠬᠡᠢ ᠁ | ᠵᠡᠷᠭᠡ ᠠᠭᠤᠷᠬᠠᠢ ᠪᠤᠯᠠᠬᠳᠠᠴᠠ︶ ᠪᠠ ᠳᠠᠬᠢᠨ ᠪᠤᠢ ᠪᠣᠯᠵᠦ ᠴᠢᠳᠠᠳᠠᠭ ᠡᠬᠢ ᠪᠠᠶᠠᠯᠢᠭ ︵ᠵᠢᠱᠢᠶᠡᠯᠡᠪᠡᠯ᠂ ᠡᠪᠡᠰᠦ | ᠤᠷᠭᠤᠮᠠᠯ᠂ ᠤᠢ ᠮᠣᠳᠤ᠂ ᠮᠠᠯ ᠰᠥᠷᠦᠭ ᠵᠡᠷᠭᠡ ᠠᠮᠢᠲᠠᠨ ᠭᠤᠣᠯᠲᠠᠨ︶ ᠪᠠᠶᠢᠳᠠᠭ᠃ ᠳᠠᠬᠢᠨ ᠪᠤᠢ ᠪᠣᠯᠵᠦ | ᠴᠢᠳᠠᠬᠤ ᠦᠭᠡᠢ ᠡᠬᠢ ᠪᠠᠶᠠᠯᠢᠭ ᠢ ᠬᠡᠲᠦᠷᠡᠲᠡᠯ᠎ᠡ ᠠᠰᠢᠬᠯᠠᠬᠤ ᠨᠢ ᠶᠠᠳᠠᠭᠤᠷᠠᠯ ᠤᠨ ᠦᠨᠳᠦᠰᠦ ᠲᠠᠷᠢᠬᠤ ᠪᠠᠷ | ᠪᠠᠷᠠᠬᠤ ᠦᠭᠡᠢ᠂ ᠪᠠᠰᠠ ᠪᠣᠳᠠᠰ ᠤᠨ ᠲᠣᠬᠲᠠᠴᠠ ᠬᠠᠷᠢᠯᠴᠠᠨ ᠲᠦᠰᠢᠯᠴᠡᠯ ᠪᠠ ᠬᠠᠷᠢᠯᠴᠠᠨ ᠨᠥᠭᠦᠴᠡᠯᠳᠦᠯ | ᠲᠡᠩᠴᠡᠭᠦᠷᠢᠰᠢᠯ ᠢ ᠠᠯᠳᠠᠬᠳᠠᠭᠤᠯᠵᠦ᠂ ᠬᠦᠮᠦᠨ ᠲᠦᠷᠦᠯᠬᠢᠲᠡᠨ ᠳᠤ ᠮᠦᠬᠦᠯ ᠤᠨ ᠠᠶᠤᠯ ᠠᠪᠴᠢᠷᠠᠳᠠᠭ᠃ ᠳᠠᠬᠢᠨ | ᠪᠣᠢ ᠪᠣᠯᠵᠦ ᠴᠢᠳᠠᠳᠠᠭ ᠪᠤᠳᠠᠰ ᠢ ᠴᠦ ᠠᠷᠪᠢᠯᠠᠨ ᠭᠠᠮᠨᠠᠵᠦ ᠵᠦᠢ ᠵᠣᠬᠢᠰᠲᠠᠢ ᠠᠰᠢᠬᠯᠠᠵᠦ ᠬᠡᠷᠡᠭᠯᠡᠵᠦ᠂ ᠳᠠᠬᠢᠨ ᠪᠣᠢ | ᠪᠣᠯᠬᠤ ᠨᠥᠭᠦᠴᠡᠯ ᠬᠠᠩᠭᠠᠵᠦ ᠥᠭᠬᠦ ᠦᠭᠡᠢ ᠪᠣᠯ ᠬᠦᠮᠦᠨ ᠲᠦᠷᠦᠯᠬᠢᠲᠡᠨ ᠮᠥᠨ ᠠᠳᠠᠯᠢ ᠪᠠᠷ ᠬᠤᠬᠢᠷᠠᠯ ᠠᠮᠰᠠᠬᠤ | ᠪᠣᠯᠤᠨ᠎ᠠ᠃ | ᠥᠪᠦᠷ ᠮᠣᠩᠭᠤᠯ ᠳᠤ ᠮᠠᠯ ᠢ ᠬᠤᠪᠢᠴᠢᠯᠠᠵᠦ ︵ᠨᠤᠲᠤᠭ ᠤᠨ ᠤᠣᠭᠠᠯ ᠮᠠᠯᠴᠢᠨ ᠤ ᠨᠢᠭᠡᠳᠦᠯᠵᠢᠬᠦ ᠦᠶ᠎ᠡ | ᠳᠤ ᠬᠠᠮᠲᠤ ᠳᠤ ᠲᠤᠰᠢᠶᠠᠨ ᠬᠤᠪᠢ ᠣᠷᠤᠬᠰᠠᠨ ᠮᠠᠯ ᠢ ᠥᠷᠲᠡᠭᠴᠢᠯᠡᠨ ᠪᠣᠳᠤᠵᠦ ᠪᠤᠴᠠᠭᠠᠨ ᠲᠥᠯᠦᠬᠦ ᠪᠠᠷ ᠭᠤᠤᠯ | ᠪᠣᠯᠭᠠᠨ ︐ ᠬᠠᠮᠲᠤ ᠶᠢᠨ ᠠᠵᠢᠯ ᠬᠥᠳᠡᠯᠮᠦᠷᠢ ᠳᠤ ᠣᠷᠤᠯᠴᠠᠵᠦ ᠡᠳ᠋ ᠪᠣᠳᠠᠰ ᠤᠨ ᠡᠬᠢ ᠪᠠᠶᠠᠯᠢᠭ ᠡᠭᠦᠳᠬᠦ ᠳᠤ | ᠬᠦᠴᠦᠨ ᠡᠷᠭᠦᠭᠰᠡᠨ ᠬᠠᠮᠲᠤ ᠣᠯᠠᠨ ᠤ ᠪᠦᠷᠢᠯᠳᠦᠬᠦᠨ ᠳᠤ ᠬᠦᠳᠡᠯᠮᠦᠷᠢ ᠶᠢᠨ ᠬᠦᠯᠦᠰᠦ ᠣᠯᠭᠤᠮᠵᠢ ᠶᠢᠨ ᠬᠡᠯᠪᠡᠷᠢ | ᠪᠠᠷ ᠠᠰᠢᠭ ᠬᠤᠪᠢᠶᠠᠷᠢᠯᠡᠨ ᠬᠦᠷᠲᠡᠭᠡᠬᠦ ᠲᠥᠷᠥ ᠶᠢᠨ ᠪᠤᠳᠤᠯᠭ᠎ᠠ ᠶᠢᠨ ᠳᠠᠭᠠᠤ ᠳᠤ ᠡᠯ᠎ᠡ ᠭᠠᠵᠠᠷ ᠮᠠᠯ ᠬᠦᠷᠦᠩᠭᠡ | ᠶᠢ ᠬᠤᠪᠢᠴᠢᠯᠠᠬᠤ ᠳᠠᠭᠠᠨ᠂ ᠪᠤᠴᠠᠭᠠᠨ ᠲᠦᠯᠦᠬᠦ ᠶᠢ ᠤᠮᠳᠤᠭᠠᠶᠢᠯᠠᠵᠦ ︐ ᠨᠠᠮ ᠤᠨ ᠮᠠᠯᠵᠢᠬᠤ ᠣᠷᠣᠨ ᠤ ᠲᠥᠷᠥ | ᠶᠢᠨ ᠪᠣᠳᠤᠯᠭ᠎ᠠ ᠶᠢᠨ ᠦᠷᠭᠦᠯᠵᠢᠲᠦ ᠴᠢᠨᠠᠷ ᠢ ᠠᠯᠳᠠᠬᠳᠠᠭᠤᠯᠤᠬᠰᠠᠨ ᠪᠠᠶᠢᠨ᠎ᠠ︶ ︐ ᠪᠡᠯᠴᠢᠭᠡᠷ ᠢ ᠡᠷᠦᠬᠡ ᠳᠤ | ᠳᠠᠭᠠᠭᠠᠴᠢᠯᠠᠭᠤᠯᠵᠦ ᠡᠵᠡᠩᠨᠡᠭᠦᠯᠦᠭᠰᠡᠨ ᠠᠴᠠ ᠬᠤᠶᠢᠰᠢ᠂ ᠠᠶᠢᠯ ᠡᠷᠦᠬᠡ ᠪᠦᠷᠢ ᠶᠢᠨ ᠬᠤᠪᠢᠶᠠᠷᠢᠯᠠᠨ ᠣᠯᠤᠬᠰᠠᠨ | ᠭᠠᠵᠠᠷ ᠨᠢ ᠬᠡᠳᠦᠨ ᠮᠢᠩᠭᠠᠨ ᠮᠦ ᠲᠡᠳᠦᠢ ᠲᠤᠯᠠ ᠮᠠᠯ ᠰᠦᠷᠦᠭ ᠨᠢ ᠪᠡᠯᠴᠢᠭᠡᠷᠯᠡᠵᠦ ᠴᠢᠳᠠᠬᠤ ᠦᠭᠡᠢ ᠪᠣᠯᠵᠠᠢ᠃ | ᠪᠡᠯᠴᠢᠭᠡᠷ ᠢᠶᠠᠨ ᠲᠣᠣᠷᠯᠠᠵᠦ ᠪᠢᠲᠡᠭᠦᠮᠵᠢᠯᠡᠨ ᠬᠠᠮᠠᠭᠠᠯᠠᠬᠤ ᠦᠭᠡᠢ ᠪᠣᠯ ᠬᠦᠮᠦᠨ ᠤ ᠥᠪᠡᠷ ᠤᠨ ᠮᠠᠯ ᠦᠷᠢᠰᠦᠯᠳᠦᠨ | ᠢᠳᠡᠵᠦ ᠪᠡᠯᠴᠢᠭᠡᠷ ᠭᠢᠰᠭᠢᠵᠦ ᠲᠠᠯᠬᠢᠳᠠᠭᠠᠳ ᠰᠦᠢᠳᠭᠡᠨᠡ᠃ ᠪᠡᠯᠴᠢᠭᠡᠷ ᠪᠠᠭ᠎ᠠ ᠠᠴᠠ ᠬᠠᠰᠢᠶᠠᠯᠠᠨ ᠲᠡᠵᠢᠭᠡᠬᠦ ᠭᠡᠳᠡᠭ | ᠮᠠᠯ ᠠᠵᠦ ᠠᠬᠤᠢ ᠶᠢᠨ ᠪᠠᠯᠠᠷ ᠡᠷᠲᠡᠨ ᠤ ᠨᠢᠭᠡᠨᠲᠡ ᠣᠷᠬᠢᠬᠳᠠᠬᠰᠠᠨ ᠠᠷᠭ᠎ᠠ ᠶᠢ ᠰᠢᠨ᠎ᠡ ᠶᠠᠭᠤᠮ᠎ᠠ ᠰᠠᠶᠢᠨ ᠠᠷᠭ᠎ᠠ | ᠪᠣᠯᠭᠠᠨ ᠲᠡᠭᠦᠨ ᠠᠪᠴᠤ ᠬᠡᠷᠡᠭᠵᠢᠭᠦᠯᠦᠭᠰᠡᠨ ᠳᠤ ᠦᠢᠯᠡᠳᠪᠦᠷᠢᠯᠡᠯ ᠤᠨ ᠥᠷᠲᠡᠭ ᠬᠡᠴᠢᠨᠡᠨ ᠬᠤᠪᠢ ᠳᠠᠬᠢᠨ ᠢᠶᠠᠷ | ᠨᠡᠮᠡᠭᠳᠡᠭᠰᠡᠨ ᠪᠦᠭᠡᠳ ᠣᠷᠴᠢᠨ ᠠᠬᠤᠢ ᠶᠢᠨ ᠪᠤᠵᠠᠷᠳᠠᠯ ᠡᠭᠦᠰᠴᠦ᠂ ᠡᠪᠡᠳᠴᠢᠨ ᠡᠮᠭᠡᠭ ᠣᠯᠠᠰᠢᠷᠠᠵᠦ᠂ ᠰᠡᠷᠭᠡᠶᠢᠯᠡᠬᠦ | ᠲᠠᠷᠢᠯᠭ᠎ᠠ ᠶᠢ ᠵᠢᠯ ᠳᠤ ᠬᠡᠳᠦᠨ ᠤᠳᠠᠭ᠎ᠠ ᠬᠢᠬᠦ ᠪᠣᠯᠤᠬᠰᠠᠨ ᠠᠴᠠ ᠬᠤᠲᠠ ᠬᠦᠳᠡᠭᠡ ᠦᠭᠡᠢ ᠪᠦᠬᠦᠨ ᠢᠶᠠᠷ ᠢᠶᠠᠨ | ᠡᠮ ᠤᠨ ᠬᠤᠣᠷᠳᠠᠬᠳᠠᠯᠲᠤ ᠮᠢᠬᠠᠨ ᠢᠳᠡᠭᠡᠨ ᠤ ᠵᠤᠶᠢᠯ ᠵᠢᠴᠢ ᠰᠦ ᠰᠠᠭᠠᠯᠢ ᠪᠠ ᠠᠷᠠᠰᠤ ᠰᠢᠷᠢ ᠵᠡᠷᠭᠡ ᠪᠣᠬᠢᠷᠳᠠᠯᠲᠤ | ᠢᠳᠡᠭᠡᠨ ᠤᠮᠳᠠᠭᠠᠨ ︐ ᠡᠳ᠋ᠯᠡᠭᠡᠨ ᠬᠡᠷᠡᠭᠯᠡᠭᠡᠨ ᠤ ᠪᠣᠳᠠᠰ ᠤᠨ ᠠᠶᠤᠯ ᠲᠦᠭᠰᠢᠭᠦᠷᠢ ᠳᠤ ᠤᠴᠠᠷᠠᠪᠠ᠃ | ᠤᠯᠤᠰ ᠠᠴᠠ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠢᠳᠡᠪᠬᠢᠲᠡᠢ ᠲᠥᠷᠥ ᠶᠢᠨ | ᠪᠣᠳᠤᠯᠭ᠎ᠠ ᠲᠣᠬᠲᠠᠭᠠᠨ ᠬᠡᠷᠡᠭᠵᠢᠭᠦᠯᠵᠦ᠂ ᠮᠠᠰᠢ ᠶᠡᠭᠡ ᠥᠷᠲᠡᠭ ᠵᠠᠷᠤᠴᠠᠭᠤᠯᠤᠨ ᠮᠠᠯᠵᠢᠬᠤ ᠣᠷᠣᠨ ᠤ ᠡᠷᠡᠭᠦᠯ | ᠴᠢᠬᠢᠷᠠᠭ ᠬᠥᠭᠵᠢᠯ ᠪᠠ ᠮᠠᠯᠴᠢᠳ ᠤᠨ ᠣᠷᠤᠯᠭ᠎ᠠ ᠶᠢᠨ ᠨᠡᠮᠡᠭᠳᠡᠯ ᠢ ᠠᠬᠢᠭᠤᠯᠬᠤ ᠠᠯᠢ ᠣᠯᠠᠨ ᠠᠵᠢᠯ ᠬᠢᠵᠡᠢ᠃ | ᠭᠡᠪᠡᠴᠦ ᠳᠡᠭᠡᠷᠡᠬᠢ ᠱᠠᠲᠤᠨ ᠤ ᠵᠦᠪ ᠲᠦᠷᠥ ᠶᠢᠨ ᠪᠣᠳᠤᠯᠭ᠎ᠠ ᠶᠢ ᠬᠡᠷᠡᠭᠵᠢᠭᠦᠯᠬᠦ ᠶᠠᠪᠤᠴᠠ ᠳᠤ ᠭᠠᠵᠠᠷ ᠣᠷᠣᠨ ᠤ | ᠡᠷᠬᠡ ᠪᠠᠷᠢᠬᠴᠢᠳ ᠤᠨ ᠦᠵᠡᠯ ᠤᠬᠠᠮᠰᠠᠷ ᠪᠠ ᠠᠵᠢᠯ ᠤᠨ ᠴᠢᠳᠠᠪᠤᠷᠢ ᠠᠳᠠᠯᠢ ᠦᠭᠡᠢ ᠠᠴᠠ ᠣᠶᠢᠯᠠᠭᠠᠯᠲᠠ | ᠲᠠᠨᠢᠯᠲᠠ ᠶᠢᠨ ᠬᠢᠷᠢ ᠬᠡᠮ ᠴᠦ ᠶᠡᠭᠡ ᠵᠦᠷᠢᠶ᠎ᠡ ᠲᠠᠢ ᠪᠣᠯᠬᠤᠷ ᠠᠵᠢᠯ ᠤᠨ ᠦᠷ᠎ᠡ ᠪᠦᠲᠦᠮᠵᠢ ᠴᠦ ᠠᠳᠠᠯᠢ ᠦᠭᠡᠢ | ᠪᠠᠶᠢᠨ᠎ᠠ᠃ ᠵᠠᠷᠢᠮ ᠭᠠᠵᠠᠷ ᠤᠨ ᠳᠠᠷᠤᠭ᠎ᠠ ᠨᠠᠷ ᠮᠠᠯᠴᠢᠳ ᠲᠤ ᠠᠰᠢᠭ ᠬᠦᠷᠲᠡᠭᠡᠵᠦ ᠴᠢᠳᠠᠬᠰᠠᠨ ᠪᠠᠶᠢᠬᠤ ᠳᠤ᠂ | ᠵᠠᠷᠢᠮ ᠨᠢ ᠬᠠᠷᠢᠨ ᠬᠤᠪᠢ ᠶᠢᠨ ᠨᠡᠷ᠎ᠡ ᠲᠥᠷᠥ ᠶᠢ ᠬᠦᠭᠡᠭᠡᠴᠡᠯᠳᠦᠨ ︐ ᠦᠡᠭᠭᠡᠪᠴᠢ ᠠᠵᠢᠯ ᠬᠤᠳᠠᠯ ᠬᠠᠭᠤᠷᠮᠠᠭ | ᠵᠤᠶᠢᠯ ᠤᠶᠢᠯᠡᠳᠴᠦ ︐ ᠤᠯᠤᠰ ᠭᠡᠷ ᠤᠨ ᠡᠳ᠋ ᠮᠦᠩᠭᠦ ᠶᠢ ᠪᠦᠷᠢᠯᠭᠡᠨ ᠰᠦᠢᠳᠭᠡᠵᠦ᠂ ᠠᠷᠠᠳ ᠤᠨ ᠳᠠᠷᠤᠭᠠᠰᠤ ᠶᠢ | ᠨᠡᠮᠡᠭᠳᠡᠭᠦᠯᠦᠨ᠂ ᠠᠮᠢ ᠠᠬᠤᠢ ᠶᠢᠨ ᠬᠤᠬᠢᠷᠠᠯ ᠰᠦᠢᠳᠦᠯ ᠢ ᠶᠡᠬᠡᠰᠬᠡᠨ᠂ ᠢᠯᠵᠠᠷᠠᠨ ᠳᠣᠷᠤᠶᠢᠲᠠᠵᠦ ︐ ᠨᠠᠮ | ᠲᠦᠷᠥ ᠶᠢᠨ ᠠᠷᠠᠳ ᠲᠦᠮᠡᠨ ᠤ ᠳᠤᠮᠳᠠᠬᠢ ᠨᠡᠷ᠎ᠡ ᠬᠦᠨᠳᠦ ᠳᠤ ᠮᠠᠭᠤ ᠨᠥᠯᠥᠭᠡ ᠪᠣᠯᠵᠦ ᠪᠠᠶᠢᠨ᠎ᠠ᠃ | ᠮᠠᠯᠵᠢᠬᠤ ᠣᠷᠣᠨ ᠤ ᠨᠤᠲᠤᠭ ᠪᠡᠯᠴᠢᠭᠡᠷ ᠢ ᠡᠷᠦᠬᠡ ᠳᠤ ᠬᠤᠪᠢᠶᠠᠷᠢᠯᠠᠨ ᠳᠠᠭᠠᠭᠠᠴᠢᠯᠠᠭᠤᠯᠤᠨ | ᠡᠵᠡᠩᠨᠡᠭᠦᠯᠬᠦ ᠲᠦᠷᠥ ᠶᠢᠨ ᠪᠣᠳᠤᠯᠭ᠎ᠠ ᠪᠣᠯ ᠮᠠᠯᠵᠢᠬᠤ ᠣᠷᠣᠨ ᠤ ᠥᠭᠡᠷᠡᠴᠢᠯᠡᠯᠲᠡ ᠶᠢᠨ ᠴᠢᠬᠤᠯᠠ ᠲᠥᠷᠥ ᠶᠢᠨ | ᠪᠣᠳᠤᠯᠭ᠎ᠠ ᠮᠥᠨ᠃ ᠲᠡᠷᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠬᠳᠠᠵᠦ ︐ ᠰᠢᠨ᠎ᠡ | ᠳᠤᠮᠳᠠᠳᠤ ᠤᠯᠤᠰ ᠤᠨ ᠮᠠᠯᠵᠢᠬᠤ ᠣᠷᠣᠨ ᠳᠤ ᠶᠠᠪᠤᠬᠳᠠᠭᠤᠯᠤᠬᠰᠠᠨ ᠲᠥᠷᠥ ᠶᠢᠨ ᠲᠥᠷᠥ ᠶᠢᠨ ᠪᠣᠳᠤᠯᠭ᠎ᠠ ᠶᠢᠨ | ᠦᠷᠭᠦᠯᠵᠢᠯᠡᠯ ᠪᠦᠭᠡᠳ ᠮᠠᠯᠵᠢᠬᠤ ᠣᠷᠣᠨ ᠤ ᠦᠭᠡᠷᠡᠴᠢᠯᠡᠯᠲᠡ ᠶᠢᠨ ᠴᠢᠬᠤᠯᠠ ᠪᠡᠯᠭᠡ ᠲᠡᠮᠳᠡᠭ ᠮᠥᠨ᠃ 1950 | ᠭᠠᠳ ᠣᠨ ᠤ ᠰᠡᠭᠦᠯᠴᠢ ᠪᠠᠷ ᠨᠢᠭᠡᠳᠦᠯᠵᠢᠬᠦ ᠦᠶ᠎ᠡ ᠳᠤ ᠬᠠᠮᠲᠤ ᠳᠤ ᠬᠤᠪᠢ ᠣᠷᠤᠭᠰᠠᠨ ᠮᠠᠯᠴᠢᠳ ᠤᠨ | ᠬᠤᠪᠢ ᠶᠢᠨ ᠬᠦᠷᠦᠩᠭᠡ ᠮᠠᠯ ᠰᠦᠷᠦᠭ ᠢ ᠪᠤᠴᠠᠭᠠᠨ ᠲᠦᠯᠦᠬᠦ ᠲᠥᠷᠥ ᠶᠢᠨ ᠪᠣᠳᠤᠯᠭ᠎ᠠ ᠶᠢᠨ ᠢᠵᠢ ᠪᠦᠷᠢᠯᠳᠦᠭᠰᠡᠨ | ᠴᠢᠬᠤᠯᠠ ᠠᠭᠤᠯᠭ᠎ᠠ ᠶᠤᠮ᠃ ᠤᠤᠯ ᠲᠥᠷᠥ ᠶᠢᠨ ᠪᠣᠳᠤᠯᠭ᠎ᠠ ᠶᠢᠨ ᠵᠢᠩᠭᠢᠨᠢ ᠵᠦᠪ ᠤᠳᠬ᠎ᠠ ᠰᠠᠨᠠᠭ᠎ᠠ ᠪᠠᠷ | ᠮᠠᠯᠵᠢᠬᠤ ᠣᠷᠣᠨ ᠳᠤ ᠨᠤᠲᠤᠭ ᠬᠤᠪᠢᠶᠠᠷᠢᠯᠠᠨ ᠳᠠᠭᠠᠭᠠᠴᠢᠯᠠᠬᠤ ᠡᠷᠬᠡ ᠨᠢ ᠪᠣᠯ ᠠᠷᠠᠳ ᠤᠨ ᠨᠢᠭᠡᠳᠦᠯ ᠳᠤ ᠮᠠᠯ | ᠳᠠᠩᠰᠠᠯᠠᠭᠤᠯᠤᠨ ᠲᠤᠰᠢᠶᠠᠬᠰᠠᠨ ᠲᠡᠳᠡᠭᠡᠷ ᠮᠠᠯᠵᠢᠬᠤ ᠡᠷᠦᠬᠡ ᠨᠢ ᠰᠠᠶ᠋ᠢ ᠨᠤᠲᠤᠭ ᠬᠤᠪᠢᠶᠠᠷᠢᠯᠠᠨ ᠣᠯᠬᠤ ᠪᠦᠷᠢᠨ | ᠡᠷᠬᠡ ᠲᠠᠢ ᠪᠠᠶᠢᠵᠦ᠂ ᠪᠤᠰᠤᠳ ᠬᠦᠮᠦᠰ ᠨᠢ ᠭᠠᠴᠠᠭ᠎ᠠ ᠶᠢᠨ ᠮᠠᠯᠴᠢᠳ ᠶᠠᠷᠢᠯᠴᠠᠨ ᠵᠦᠪᠰᠢᠶᠡᠷᠡᠭᠰᠡᠨ ᠤ ᠰᠡᠭᠦᠯᠡᠷ | ᠰᠠᠶ᠋ᠢ ᠲᠤᠰ ᠭᠠᠴᠠᠭ᠎ᠠ ᠶᠢᠨ ᠨᠤᠲᠤᠭ ᠪᠡᠯᠴᠢᠭᠡᠷ ᠤᠨ ᠶᠡᠭᠡ ᠪᠠᠭ᠎ᠠ ᠪᠠ ᠬᠦᠷᠦᠩᠭᠡ ᠣᠷᠤᠭᠤᠯᠤᠬᠰᠠᠨ ᠤᠣᠭᠠᠯ | ᠮᠠᠯᠴᠢᠳ ᠲᠤ ᠬᠤᠪᠢᠶᠠᠵᠦ ᠳᠠᠭᠠᠭᠠᠴᠢᠯᠠᠭᠤᠯᠤᠬᠰᠠᠨ ᠤ ᠳᠠᠷᠠᠭ᠎ᠠ ᠦᠯᠡᠳᠡᠭᠰᠡᠨ ᠬᠡᠰᠡᠭ ᠢ ᠬᠤᠪᠢᠶᠠᠨ ᠠᠪᠬᠤ ᠡᠷᠬᠡ | ᠣᠯᠵᠦ ᠪᠣᠯᠬᠤ ᠶᠤᠮ᠃ ᠦᠪᠥᠷ ᠮᠣᠩᠭᠤᠯ ᠳᠤ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠤᠨ | ᠡᠵᠡᠩᠨᠡᠭᠦᠯᠬᠦ ᠦᠶ᠎ᠡ ᠳᠤ ᠮᠠᠯᠵᠢᠬᠤ ᠣᠷᠣᠨ ᠤ ᠭᠠᠴᠠᠭ᠎ᠠ ᠳᠤ ᠡᠷᠦᠬᠡ ᠠᠮᠠ ᠪᠠᠨ ᠳᠠᠩᠰᠠᠯᠠᠭᠤᠯᠤᠬᠰᠠᠨ ᠡᠷᠦᠬᠡ | ᠪᠦᠬᠦᠨ ᠳᠤ ᠦᠨᠳᠦᠰᠦᠨ ᠰᠠᠭᠤᠷᠢ ᠨᠤᠲᠤᠭ ᠢ ᠡᠷᠬᠡ ᠲᠡᠭᠰᠢ ᠪᠠᠷ ᠣᠯᠭᠤᠬᠰᠠᠨ ᠤᠷᠢᠳᠠᠯ ᠳᠣᠤᠷ᠎ᠠ ᠬᠦᠮᠦᠨ ᠳᠤ | 6 ᠬᠤᠪᠢ ︐ ᠮᠠᠯ ᠳᠤ 4 ᠬᠤᠪᠢ ᠶᠢᠨ ᠬᠠᠷᠢᠴᠠᠯ ᠢᠶᠠᠷ ᠨᠤᠲᠤᠭ ᠪᠡᠯᠴᠢᠭᠡᠷ ᠬᠤᠪᠢᠶᠠᠷᠢᠯᠠᠨ ᠥᠭᠴᠦ | ᠳᠠᠭᠠᠭᠠᠴᠢᠯᠠᠭᠤᠯᠤᠬᠰᠠᠨ ᠨᠢ ᠦᠨᠡᠨ ᠳᠡᠭᠡᠨ ᠨᠠᠮ ᠤᠨ ᠲᠥᠷᠥ ᠶᠢᠨ ᠪᠣᠳᠤᠯᠭ᠎ᠠ ᠶᠢᠨ ᠣᠤᠭᠠᠯ ᠠᠷᠠᠳ ᠤᠨ ᠬᠠᠮᠲᠤ | ᠳᠤ ᠬᠤᠪᠢ ᠣᠷᠣᠬᠰᠠᠨ ᠡᠳ᠋ ᠬᠦᠷᠦᠩᠭᠡ ᠶᠢ ᠪᠤᠴᠠᠭᠠᠨ ᠲᠦᠯᠦᠬᠦ ᠭᠡᠰᠡᠨ ᠤᠭ ᠰᠠᠨᠠᠭ᠎ᠠ ᠶᠢ ᠭᠠᠵᠢᠭᠤᠳᠠᠭᠤᠯᠤᠨ | ᠵᠥᠷᠢᠴᠡᠵᠦ᠂ ᠶᠣᠰᠤ ᠪᠤᠰᠤ ᠪᠠᠷ ᠲᠡᠭᠰᠢᠳᠭᠡᠭᠰᠡᠨ᠂ ᠵᠢᠩᠬᠢᠨᠢ ᠬᠦᠷᠦᠩᠭᠡ ᠣᠷᠣᠭᠤᠯᠤᠬᠰᠠᠨ ᠮᠠᠯᠴᠢᠨ ᠤ ᠠᠰᠢᠭ | ᠲᠤᠰᠠ ᠶᠢ ᠬᠤᠬᠢᠷᠠᠭᠤᠯᠤᠬᠰᠠᠨ᠂ ᠬᠦᠷᠦᠩᠭᠡ ᠶᠢᠨ ᠬᠤᠷᠠᠮᠳᠤᠯ ᠳᠤ ᠬᠤᠪᠢ ᠨᠡᠮᠡᠷᠢ ᠭᠠᠷᠭᠠᠬᠰᠠᠨ ᠦᠭᠡᠢ ᠬᠡᠰᠡᠭ | ᠬᠦᠮᠦᠰ ᠲᠤ ᠪᠤᠰᠤᠳ ᠤᠨ ᠬᠦᠷᠦᠩᠭᠡ ᠠᠴᠠ ᠲᠠᠰᠤᠯᠤᠨ ᠦᠭᠭᠦᠭᠰᠡᠨ ᠶᠣᠰᠤᠨ ᠪᠤᠰᠤ ᠠᠵᠢᠯᠯᠠᠭ᠎ᠠ ᠪᠣᠯᠬᠤ ᠶᠤᠮ᠃ | ᠨᠤᠲᠤᠭ ᠪᠡᠯᠴᠢᠭᠡᠷ ᠢ ᠡᠷᠦᠬᠡ ᠳᠤ ᠬᠤᠪᠢᠶᠠᠷᠢᠯᠠᠨ ᠳᠠᠭᠠᠭᠠᠴᠢᠯᠠᠭᠤᠯᠤᠨ ᠡᠵᠡᠩᠨᠡᠭᠦᠯᠬᠦ ᠲᠣᠬᠠᠢ ᠶᠢᠨ ᠦᠶ᠎ᠡ ᠳᠤ᠂ | ᠥᠪᠦᠷ ᠮᠣᠩᠭᠤᠯ ᠤᠨ ᠮᠠᠯᠵᠢᠬᠤ ᠣᠷᠣᠨ ᠳᠤ ᠲᠠᠷᠢᠶᠠᠯᠠᠬᠤ ᠣᠷᠣᠨ ᠪᠤᠶᠤ ᠬᠤᠲᠠ ᠶᠢᠨ ᠵᠠᠷᠢᠮ ᠬᠦᠮᠦᠰ ᠲᠦᠷᠦᠯ | ᠰᠠᠳᠤᠨ ᠪᠤᠶᠤ ᠪᠤᠰᠤᠳ ᠨᠡᠶᠢᠬᠡᠮ ᠤᠨ ᠬᠠᠷᠢᠴᠠᠭ᠎ᠠ ᠪᠠᠨ ᠠᠰᠢᠬᠯᠠᠵᠦ᠂ ᠮᠠᠯᠵᠢᠬᠤ ᠭᠠᠴᠠᠭ᠎ᠠ ᠳᠤ ᠡᠷᠦᠬᠡ ᠠᠮᠠ ᠪᠠᠨ | ᠵᠠᠪᠰᠢᠨ ᠣᠷᠤᠭᠤᠯᠵᠦ᠂ ᠨᠤᠲᠤᠭ ᠪᠡᠯᠴᠢᠭᠡᠷ ᠬᠤᠪᠢᠶᠠᠨ ᠤᠯᠬᠤ ᠠᠵᠢᠯᠯᠠᠭ᠎ᠠ ᠨᠡᠶᠢᠲᠡᠮ ᠤᠨ ᠴᠢᠨᠠᠷᠲᠠᠢ | ᠶᠠᠪᠤᠬᠳᠠᠬᠰᠠᠨ ᠪᠠᠶᠢᠨ᠎ᠠ᠃ ᠦᠷ᠎ᠡ ᠳ᠋ᠦᠡᠭ ᠳᠤ ᠵᠢᠩᠭᠢᠨᠢ ᠨᠤᠲᠤᠭ ᠢᠶᠠᠨ ᠲᠦᠰᠢᠵᠦ᠂ ᠮᠠᠯ ᠪᠠᠨ ᠮᠠᠯᠵᠢᠵᠦ ᠦᠶ᠎ᠡ | ᠤᠯᠠᠷᠢᠨ ᠠᠮᠢᠳᠤᠷᠠᠵᠦ ᠢᠷᠡᠭᠰᠡᠨ ᠨᠢ ᠨᠤᠲᠤᠭ ᠬᠤᠪᠢᠶᠠᠨ ᠣᠯᠵᠦ ᠴᠢᠳᠠᠬᠰᠠᠨ ᠦᠭᠡᠢ ᠪᠤᠶᠤ ᠪᠠᠭ᠎ᠠ ᠬᠡᠰᠡᠭ ᠭᠠᠵᠠᠷ | ᠣᠯᠵᠦ᠂ ᠪᠤᠰᠤᠳ ᠭᠠᠵᠠᠷ ᠤᠷᠲᠤ ᠬᠤᠭᠤᠴᠠᠭ᠎ᠠ ᠠᠮᠢᠳᠤᠷᠠᠵᠦ ᠪᠠᠶᠢᠭᠰᠠᠨ ᠲᠤᠰ ᠨᠤᠲᠤᠭ ᠲᠠᠢ ᠶᠠᠮᠠᠷᠴᠦ ᠲᠡᠦᠬᠡᠨ | ᠬᠤᠯᠪᠤᠬᠳᠠᠯ ᠦᠭᠡᠢ ᠬᠡᠰᠡᠭ ᠬᠦᠮᠦᠰ ᠨᠤᠲᠤᠭ ᠤᠨ ᠠᠰᠢᠭ ᠢ ᠬᠤᠪᠢᠶᠠᠯᠴᠠᠨ ︵ᠵᠠᠷᠢᠮ ᠨᠢ ᠪᠠᠰᠠ ᠣᠤᠯ ᠭᠠᠵᠠᠷ | ᠲᠠᠭᠠᠨ ᠨᠢᠭᠡᠨᠲᠡ ᠲᠠᠷᠢᠶᠠᠨ ᠭᠠᠵᠠᠷ ᠬᠤᠪᠢᠶᠠᠨ ᠣᠯᠵᠦ ᠳᠠᠪᠬᠤᠷ ᠠᠰᠢᠭ ᠬᠦᠷᠲᠡᠵᠦ ᠪᠠᠶᠢᠭ᠎ᠠ ᠲᠤᠯᠠ | ᠦᠨᠡᠨ ᠳᠡᠭᠡᠨ ᠨᠡᠩ ᠤᠨᠣᠪᠴᠢᠲᠠᠢ ᠬᠡᠯᠡᠪᠡᠯ ᠪᠤᠯᠢᠶᠠᠨ ᠳᠡᠭᠡᠷᠡᠮᠳᠡᠬᠦ ᠠᠷᠭ᠎ᠠ ᠪᠠᠷ︶ ᠠᠰᠢᠭ ᠬᠦᠷᠲᠡᠭᠰᠡᠨ ᠪᠠᠶᠢᠨ᠎ᠠ᠃ | ᠮᠠᠯᠵᠢᠬᠤ ᠣᠷᠣᠨ ᠤ ᠺᠲᠠᠷ ᠤᠷᠲᠤ ᠬᠤᠭᠤᠴᠠᠭ᠎ᠠ ᠮᠠᠯᠵᠢᠬᠤ ᠦᠢᠯᠡᠳᠪᠦᠷᠢᠯᠡᠯ ᠳᠤ ᠣᠷᠣᠯᠴᠠᠵᠦ | ᠪᠠᠶᠢᠬᠰᠠᠨ ᠪᠦᠭᠡᠳ ᠲᠣᠬᠠᠢ ᠶᠢᠨ ᠬᠦᠮᠦᠨ ᠪᠤᠶᠤ ᠡᠪᠦᠭᠡ ᠳᠡᠭᠡᠳᠦᠰ ᠨᠢ ᠨᠢᠭᠡᠳᠦᠯᠵᠢᠬᠦ ᠦᠶ᠎ᠡ ᠳᠤ ᠮᠠᠯ ᠬᠦᠷᠦᠩᠭᠡ | ᠪᠠᠨ ᠤᠯᠤᠰ ᠬᠠᠮᠲᠤ ᠳᠤ ᠲᠤᠰᠢᠶᠠᠨ ᠦᠭᠭᠦᠭᠰᠡᠨ ︐ ᠠᠷᠤ ᠭᠡᠷ ᠠᠪᠠᠭᠠᠢ ᠬᠡᠦᠬᠡᠳ ᠡᠴᠢᠭᠡ ᠡᠬᠡ ᠨᠢ ᠨᠠᠰᠤᠨ | ᠲᠤᠷᠰᠢ ᠤᠤᠯ ᠭᠠᠴᠠᠭ᠎ᠠ ᠳᠠᠭᠠᠨ ᠮᠠᠯ ᠠᠬᠤᠢ ᠪᠠᠨ ᠲᠦᠰᠢᠨ ᠠᠮᠢᠳᠤᠷᠠᠬᠰᠠᠭᠠᠷ ᠢᠷᠡᠭᠰᠡᠨ ᠪᠢᠯᠡ᠃ ᠨᠤᠲᠤᠭ | ᠬᠤᠪᠢᠶᠠᠨ ᠡᠷᠦᠬᠡ ᠳᠤ ᠳᠠᠭᠠᠭᠠᠴᠢᠯᠠᠭᠤᠯᠬᠤ ᠦᠶ᠎ᠡ ᠳᠤ᠂ ᠺᠲᠠᠷ ᠲᠤ ᠨᠤᠲᠤᠭ ᠬᠤᠪᠢᠶᠠᠷᠢᠯᠠᠵᠦ ᠪᠣᠯᠬᠤ ᠦᠭᠡᠢ | ᠭᠡᠰᠡᠨ ᠵᠢᠭᠠᠪᠤᠷᠢ ᠪᠠᠷ ᠺᠲᠠᠷ ᠤᠨ ᠲᠤᠰ ᠪᠡᠶ᠎ᠡ ᠳᠤᠨᠢ ᠨᠤᠲᠤᠭ ᠬᠤᠪᠢᠶᠠᠨ ᠣᠯᠭᠤᠭᠰᠠᠨ ᠦᠭᠡᠢ᠂ ᠭᠠᠴᠠᠭ᠎ᠠ ᠳᠤ | ᠡᠷᠦᠬᠡ ᠠᠮᠠ ᠲᠠᠢ ᠪᠦᠭᠡᠳ ᠦᠢᠯᠡᠳᠪᠦᠷᠢᠯᠡᠯ ᠠᠴᠠ ᠰᠠᠯᠤᠭ᠎ᠠ ᠦᠭᠡᠢ ᠭᠡᠷ ᠪᠦᠯᠢ ᠶᠢᠨ ᠬᠢᠨ ᠳᠤᠨᠢ ᠨᠤᠲᠤᠭ | ᠬᠤᠪᠢᠶᠠᠷᠢᠯᠠᠨ ᠥᠭᠭᠦᠭᠰᠡᠨ ᠶᠠᠪᠤᠳᠠᠯ ᠪᠣᠯ ᠨᠠᠮ ᠤᠨ ᠦᠨᠳᠦᠰᠦᠲᠡᠨ ᠤ ᠣᠷᠤᠨ ᠤ ᠲᠥᠷᠥ ᠶᠢᠨ ᠪᠣᠳᠤᠯᠭ᠎ᠠ ᠳᠤ | ᠨᠡᠶᠢᠴᠡᠬᠦ ᠶᠤᠮ᠃ ᠨᠤᠲᠤᠭ ᠪᠡᠯᠴᠢᠭᠡᠷ ᠢ ᠬᠤᠶᠠᠳᠠᠬᠢ ᠤᠳᠠᠭ᠎ᠠ ᠴᠡᠭᠴᠡᠯᠡᠵᠦ ᠳᠠᠩᠰᠠᠯᠤᠨ ᠲᠡᠪᠲᠡᠷᠯᠡᠵᠦ᠂ | ᠲᠣᠭᠠᠴᠢᠭᠠᠯᠠᠨ ᠬᠥᠮᠦᠷᠭᠡᠯᠡᠬᠦ ᠠᠵᠢᠯ ᠡᠬᠢᠯᠡᠭᠰᠡᠨ ᠠᠴᠠ ᠰᠡᠭᠦᠯᠡᠷ ᠵᠠᠷᠢᠮ ᠭᠠᠵᠠᠷ ᠤᠨ ᠬᠢᠨ《 ᠺᠲᠠᠷ ᠲᠤ ᠨᠤᠲᠤᠭ | ᠥᠭᠴᠦ ᠪᠤᠯᠬᠤ ᠦᠭᠡᠢ》 ᠭᠡᠰᠡᠨ ᠢᠶᠠᠷ ᠰᠢᠯᠲᠠᠭ ᠪᠣᠯᠭᠠᠨ ᠤᠤᠯ ᠺᠲᠠᠷ ᠤᠨ ᠭᠡᠷ ᠪᠦᠯᠢ ᠶᠢᠨ ᠬᠤᠪᠢᠶᠠᠨ | ᠣᠯᠤᠭᠰᠠᠨ ᠨᠤᠲᠤᠭ ᠢ ᠬᠤᠷᠢᠶᠠᠨ ᠠᠪᠤᠬᠰᠠᠨ ᠪᠤᠶᠤ ᠬᠤᠷᠢᠶᠠᠨ ᠠᠪᠬᠤ ᠪᠠᠷ ᠣᠷᠤᠯᠳᠤᠵᠦ ᠪᠠᠶᠢᠭ᠎ᠠ ᠪᠣᠯ ᠨᠠᠮ ᠤᠨ | ᠲᠥᠷᠦ ᠶᠢᠨ ᠪᠣᠳᠤᠯᠭ᠎ᠠ ᠳᠤ ᠨᠡᠶᠢᠴᠡᠬᠦ ᠦᠭᠡᠢ ᠶᠤᠮ᠃ ᠡᠨᠡ ᠪᠣᠯ ᠵᠠᠷᠢᠮ ᠤᠳᠤᠷᠢᠳᠤᠯᠭ᠎ᠠ ᠶᠢᠨ ᠡᠷᠬᠡ ᠪᠠᠨ | ᠠᠰᠢᠬᠯᠠᠨ ᠨᠤᠲᠤᠭ ᠢᠶᠠᠨ ᠬᠤᠳᠠᠯᠳᠤᠵᠦ ︵ᠵᠢᠱᠢᠶᠡᠯᠡᠪᠡᠯ᠂ ᠬᠠᠭᠤᠴᠢᠨ ᠪᠠᠷᠭᠤ ᠬᠤᠰᠢᠭᠤᠨ ᠤ ᠡᠸᠡᠩᠭᠢ ᠰᠤᠮᠤ ᠶᠢᠨ | ᠭᠠᠳᠠᠬᠰᠢ ᠬᠤᠳᠠᠯᠳᠤᠭᠰᠠᠨ ᠲᠠᠷᠢᠶᠠᠨ ᠭᠠᠵᠠᠷ᠂ ᠮᠡᠷᠭᠡᠯ ᠤᠨ ᠵᠤᠰᠠᠯᠠᠩ ᠤᠨ ᠪᠡᠯᠴᠢᠭᠡᠷ᠂ ᠰᠢᠨ᠎ᠡ ᠪᠠᠷᠭᠤ ᠵᠡᠭᠦᠨ | ᠬᠤᠰᠢᠭᠤᠨ ᠤ ᠪᠠᠷᠰᠲᠤ ᠬᠠᠨᠳᠠᠭᠠᠢ ᠶᠢᠨ ᠵᠤᠰᠠᠯᠠᠩ ᠵᠡᠷᠭᠡ︶᠂ ᠮᠠᠯᠴᠢᠳ ᠢᠶᠠᠨ ᠬᠤᠬᠢᠷᠠᠭᠤᠯᠤᠨ᠂ ᠠᠰᠢᠭ | ᠬᠤᠨᠵᠢᠬᠰᠠᠨ ᠢᠯᠵᠠᠷᠠᠮᠠᠯ ᠠᠵᠢᠯᠯᠠᠭ᠎ᠠ ᠲᠠᠢ ᠠᠳᠠᠯᠢ ᠦᠭᠡᠢ ᠦᠰᠦᠳ ᠥᠭᠡᠷ᠎ᠡ ᠤᠴᠢᠷ ᠪᠣᠯᠣᠨ᠎ᠠ᠃ ᠨᠤᠲᠤᠭ | ᠪᠡᠯᠴᠢᠭᠡᠷ ᠢ ᠨᠢᠭᠡᠨᠲᠡ ᠬᠤᠪᠢᠶᠠᠷᠢᠯᠠᠨ ᠣᠯᠣᠬᠰᠠᠨ ᠮᠠᠯᠵᠢᠬᠤ ᠣᠷᠣᠨ ᠤ ᠣᠤᠭᠠᠯ ᠢᠷᠭᠡᠨ ᠪᠣᠯᠬᠤ ᠺᠲᠠᠷ ᠤᠨ ᠭᠡᠷ | ᠪᠦᠯᠢ ᠨᠢ ᠭᠠᠴᠠᠭᠠᠨ ᠤ ᠮᠠᠯᠴᠢᠳ ᠲᠠᠢ ᠠᠳᠠᠯᠢ ᠪᠠᠷ ᠦᠷᠭᠦᠯᠵᠢᠯᠡᠨ ᠤᠷᠲᠤ ᠬᠤᠭᠤᠴᠠᠭ᠎ᠠ ᠳᠠᠭᠠᠭᠠᠴᠢᠯᠠᠨ | ᠡᠵᠡᠩᠨᠡᠵᠦ ᠪᠤᠯᠬᠤ ᠪᠦᠭᠡᠳ ᠲᠡᠳᠡᠨ ᠤ ᠴᠢᠰᠤᠨ ᠤᠳᠤᠮ ᠤᠨ ᠦᠷ᠎ᠡ ᠬᠡᠦᠬᠡᠳ ᠨᠢ ᠵᠠᠯᠭᠠᠮᠵᠢᠯᠠᠨ ᠥᠪᠯᠡᠵᠦ | ᠳᠠᠭᠠᠭᠠᠴᠢᠯᠠᠨ ᠡᠵᠡᠩᠨᠡᠬᠦ ᠨᠢ ᠨᠠᠮ ᠤᠨ ᠲᠥᠷᠥ ᠶᠢᠨ ᠪᠣᠳᠤᠯᠭ᠎ᠠ ᠳᠤ ᠨᠡᠶᠢᠴᠡᠬᠦ ᠶᠤᠮ᠃ | ᠨᠤᠲᠤᠭ ᠪᠡᠯᠴᠢᠭᠡᠷ ᠢ ᠲᠣᠤᠷᠯᠠᠵᠦ ᠪᠢᠲᠡᠭᠦᠮᠵᠢᠯᠡᠬᠦ ᠪᠠ ᠬᠤᠳᠳᠤᠭ ᠤᠰᠤ᠂ ᠬᠡᠷᠡᠮ ᠬᠠᠰᠢᠶ᠎ᠠ᠂ ᠫᠸᠡᠭ | ᠰᠠᠷᠠᠪᠴᠢ ᠶᠢᠨ ᠪᠦᠲᠦᠭᠡᠨ ᠪᠠᠶᠢᠭᠤᠯᠤᠯᠲᠠ ᠬᠢᠬᠦ᠂ ᠮᠠᠯᠴᠢᠳ ᠤᠨ ᠣᠷᠣᠨ ᠰᠠᠭᠤᠴᠠ ᠶᠢᠨ ᠠᠰᠠᠭᠤᠳᠠᠯ ᠢ | ᠰᠡᠢᠳᠪᠦᠷᠢᠯᠡᠨ ᠰᠠᠭᠤᠷᠢᠰᠢᠭᠤᠯᠬᠤ᠂ ᠮᠠᠯᠴᠢᠳ ᠲᠤ ᠡᠯ᠎ᠡ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠤᠶᠢᠯ ᠣᠯᠭᠤᠬᠤ᠂ ᠤᠰᠤ᠂ ᠴᠠᠬᠢᠯᠭᠠᠨ᠂ ᠵᠠᠮ᠂ ᠷᠠᠳᠢᠤ᠋ ᠲᠧᠯᠸᠢᠰ ︐ ᠡᠷᠡᠭᠦᠯ ᠤᠨ ᠲᠠᠰᠤᠭ ᠁ ᠭᠡᠬᠦ | ᠮᠡᠲᠦᠴᠢᠯᠡᠨ《 ᠠᠷᠪᠠ ᠶᠢ ᠲᠦᠬᠦᠷᠵᠢᠭᠦᠯᠬᠦ ᠢᠨ᠋ᠵᠧᠨᠧᠷᠢᠩ》 ᠨᠢ ᠪᠦᠷ ᠪᠣᠳᠠᠲᠤ ᠠᠭᠤᠯᠭ᠎ᠠ ᠪᠠ ᠬᠡᠯᠪᠡᠷᠢ ᠪᠠᠷ | ᠮᠠᠯᠴᠢᠳ ᠲᠤ ᠠᠰᠢᠭ ᠬᠦᠷᠲᠡᠭᠡᠬᠦ ᠮᠠᠰᠢ ᠰᠠᠶᠢᠨ ᠲᠥᠷᠦ ᠶᠢᠨ ᠪᠣᠳᠤᠯᠭ᠎ᠠ ᠮᠥᠨ᠃ ᠦᠪᠡᠷᠲᠡᠭᠡᠨ ᠵᠠᠰᠠᠬᠤ ᠣᠷᠣᠨ | ᠤ ᠰᠢᠭᠤᠳ ᠵᠢᠯᠣᠭᠤᠳᠤᠯᠭ᠎ᠠ ᠪᠠ ᠱᠠᠭᠠᠷᠳᠠᠯᠭ᠎ᠠ ᠪᠠᠷ ᠡᠯ᠎ᠡ ᠭᠠᠵᠠᠷ ᠤᠨ ᠬᠢᠨ ᠴᠢᠷᠮᠠᠶᠢᠨ ᠠᠵᠢᠯᠯᠠᠵᠦ | ᠪᠣᠳᠠᠲᠠᠶᠢᠴᠢᠯᠠᠨ ᠨᠠᠶᠢᠳᠠᠪᠤᠷᠢᠵᠢᠭᠤᠯᠤᠭᠠᠳ᠂ ᠮᠠᠯᠵᠢᠬᠤ ᠣᠷᠣᠨ ᠤ ᠦᠭᠡᠷᠡᠴᠢᠯᠡᠯᠲᠡ ᠶᠢ ᠲᠦᠯᠬᠢᠨ ᠠᠬᠢᠭᠤᠯᠵᠦ᠂ | ᠨᠡᠯᠢᠶᠡᠳ ᠰᠠᠶᠢᠨ ᠦᠷ᠎ᠡ ᠪᠦᠲᠦᠮᠵᠢ ᠣᠯᠵᠠᠢ᠃ ᠣᠨᠴᠠᠭᠠᠶᠢᠯᠠᠨ ᠮᠠᠯᠴᠢᠳ ᠲᠤ ᠨᠤᠲᠤᠭ ᠪᠡᠯᠴᠢᠭᠡᠷ ᠤᠨ ᠨᠦᠬᠦᠪᠦᠷᠢ | ᠣᠯᠭᠤᠬᠤ ᠲᠦᠷᠦ ᠶᠢᠨ ᠪᠣᠳᠤᠯᠭ᠎ᠠ ᠬᠡᠷᠡᠭᠵᠢᠭᠦᠯᠦᠭᠰᠡᠨ ᠠᠴᠠ ᠮᠠᠯᠴᠢᠳ ᠤᠨ ᠣᠷᠣᠯᠭ᠎ᠠ ᠲᠣᠬᠲᠠᠭᠤᠨ ᠢᠶᠠᠷ | ᠨᠡᠮᠡᠭᠳᠡᠵᠦ᠂ ᠰᠢᠨ᠎ᠡ ᠶᠠᠳᠠᠭᠤᠷᠠᠯ ᠭᠠᠷᠬᠤ ᠶᠢ ᠨᠡᠯᠢᠶᠡᠳ ᠠᠮᠵᠢᠯᠲᠠᠲᠠᠢ ᠬᠤᠷᠢᠬᠯᠠᠵᠦ ᠴᠢᠳᠠᠬᠰᠠᠨ ᠪᠠᠶᠢᠨ᠎ᠠ᠃ | ᠭᠡᠪᠡᠴᠦ ᠵᠠᠷᠢᠮ ᠭᠠᠵᠠᠷ ᠲᠤ ᠮᠥᠨ ᠨᠡᠷ᠎ᠡ ᠲᠥᠷᠥ ᠶᠢ ᠬᠦᠭᠡᠭᠡᠴᠡᠯᠳᠦᠭᠰᠡᠨ ᠬᠤᠳᠠᠯ ᠬᠠᠭᠤᠷᠮᠠᠭ ᠦᠡᠭᠭᠡᠪᠴᠢ | ᠰᠤᠷᠲᠠᠯ ᠬᠡᠪ ᠢᠶᠠᠷ ᠪᠠᠶᠢᠵᠦ᠂ ᠵᠠᠷᠢᠮ ᠬᠦᠮᠦᠰ ᠨᠠᠮ ᠤᠨ ᠲᠦᠷᠦ ᠶᠢᠨ ᠪᠣᠳᠤᠯᠭ᠎ᠠ ᠶᠢ ᠭᠠᠵᠠᠷ ᠣᠷᠣᠨ ᠤ ᠪᠠᠨ | ᠪᠤᠳᠠᠲᠤ ᠪᠠᠶᠢᠳᠠᠯ ᠳᠤ ᠤᠶᠠᠯᠳᠤᠭᠤᠯᠤᠨ᠂ ᠡᠬᠢ ᠪᠠᠶᠠᠯᠢᠭ ᠢ ᠠᠷᠪᠢᠯᠠᠨ᠂ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ | ᠪᠣᠳᠤᠬᠤ ᠦᠭᠡᠢ᠂ ᠵᠦᠪᠬᠡᠨ ᠡᠭᠦᠷᠭᠡ ᠭᠦᠶᠢᠴᠡᠳᠭᠡᠵᠦ᠂ ᠤᠳᠤᠷᠢᠳᠤᠯᠭ᠎ᠠ ᠳᠤ ᠬᠠᠷᠢᠭᠤᠴᠠᠬᠤ ᠶᠢ | ᠴᠢᠬᠤᠯᠠᠴᠢᠯᠠᠬᠰᠠᠨ ᠠᠴᠠ ᠡᠬᠢ ᠪᠠᠶᠠᠯᠢᠭ ᠤᠨ ᠪᠦᠷᠢᠯᠭᠡᠯᠲᠡ ᠶᠡᠭᠡ ︐ ᠮᠠᠯᠴᠢᠳ ᠤᠨ ᠳᠠᠷᠣᠭᠠᠰᠤ ᠬᠦᠨᠳᠦ ᠪᠣᠯᠵᠦ᠂ | ᠦᠷ᠎ᠡ ᠪᠦᠲᠦᠮᠵᠢ ᠠᠨᠠᠢ ᠶᠠᠪᠤᠳᠠᠯ ᠭᠠᠷᠴᠤ ᠪᠠᠶᠢᠨ᠎ᠠ᠃ ᠵᠢᠱᠢᠶᠡᠯᠡᠪᠡᠯ ᠵᠠᠷᠢᠮ ᠮᠠᠯᠵᠢᠬᠤ ᠡᠷᠦᠬᠡ ᠶᠢᠨ ᠬᠡᠷᠡᠮ ᠬᠠᠰᠢᠶ᠎ᠠ | ᠨᠢ ᠬᠤᠶᠠᠷ ᠵᠢᠯ ᠤᠨ ᠡᠮᠦᠨᠡᠬᠡᠨ ᠮᠥᠨ ᠶᠡᠭᠡ ᠦᠷᠲᠡᠭ ᠭᠠᠷᠭᠠᠵᠦ ᠰᠢᠨ᠎ᠡ ᠪᠠᠷ ᠪᠠᠷᠢᠵᠦ ᠪᠠᠶᠢᠭᠤᠯᠤᠬᠰᠠᠨ ᠪᠠᠶᠢᠲᠠᠯ᠎ᠠ᠂ | ᠶᠡᠭᠡ ᠪᠠᠭ᠎ᠠ ᠶᠢᠨ ᠬᠡᠮᠵᠢᠶ᠎ᠡ ᠨᠢ ᠪᠠᠷᠢᠮᠵᠢᠶ᠎ᠠ ᠳᠤ ᠬᠦᠷᠬᠦ ᠦᠭᠡᠢ᠂ ᠵᠠᠮ ᠠᠴᠠ ᠬᠤᠯᠠ ᠨᠢᠭᠡᠳᠦᠯᠲᠡᠢ | ᠲᠦᠯᠦᠪᠵᠢᠭᠦᠯᠭᠡ ᠳᠤ ᠨᠡᠶᠢᠴᠡᠬᠦ ᠦᠭᠡᠢ ᠭᠡᠬᠦ ᠮᠡᠲᠦ ᠪᠠᠷ ᠰᠢᠯᠲᠠᠭᠠᠨ ᠪᠣᠯᠭᠠᠵᠦ᠂ ᠨᠤᠷᠠᠭᠠᠵᠦ ᠡᠪᠳᠡᠯᠦᠨ ᠰᠢᠨ᠎ᠡ | ᠪᠠᠷ ᠪᠠᠷᠢᠬᠤ ᠶᠢ ᠠᠯᠪᠠᠳᠠᠨ ᠱᠠᠭᠠᠷᠳᠠᠵᠦ ᠪᠠᠶᠢᠨ᠎ᠠ᠃ ᠮᠥᠨ ᠪᠡᠯᠴᠢᠭᠡᠷ ᠨᠤᠲᠤᠭ ᠤᠨ ᠡᠪᠡᠰᠦ ᠤᠷᠭᠤᠮᠠᠯ ᠪᠠ | ᠤᠷᠭᠤᠴᠠ ᠶᠢᠨ ᠪᠠᠶᠢᠳᠠᠯ᠂ ᠪᠡᠯᠴᠢᠭᠡᠷ ᠠᠰᠢᠬᠯᠠᠯᠲᠠ ᠶᠢᠨ ᠪᠤᠳᠠᠲᠠᠢ ᠠᠭᠤᠯᠭ᠎ᠠ ᠬᠡᠯᠪᠡᠷᠢ ᠶᠢ ᠪᠣᠳᠤᠯᠬᠢᠯᠠᠬᠤ ᠦᠭᠡᠢ᠂ | ᠲᠤᠣᠷᠯᠠᠵᠦ ᠪᠢᠲᠡᠭᠦᠮᠵᠢᠯᠡᠬᠦ ᠶᠢ ᠨᠢᠭᠡᠨ ᠪᠠᠷᠢᠮᠵᠢᠶ᠎ᠠ ᠬᠡᠯᠪᠡᠷᠢ ᠵᠠᠬᠪᠤᠷ ᠢᠶᠠᠷ ᠱᠠᠭᠠᠷᠳᠠᠵᠦ ᠬᠢᠭᠰᠡᠨ ᠠᠴᠠ ᠬᠡᠷᠡᠭᠯᠡᠭᠡᠨ | ᠡᠳ᠋ᠯᠡᠭᠡᠨ ᠤ ᠦᠷ᠎ᠡ ᠠᠰᠢᠭ ᠦᠨᠳᠦᠷ ᠪᠢᠰᠢ ︐ ᠡᠪᠳᠡᠷᠡᠵᠦ ᠰᠤᠶᠢᠳᠬᠦ ᠨᠢ ᠠᠷᠪᠢᠨ᠂ ᠰᠡᠯᠪᠢᠨ ᠵᠠᠰᠠᠬᠤ ᠬᠠᠷᠠᠵᠦ | ᠬᠠᠮᠠᠭᠠᠯᠠᠬᠤ ᠦᠪᠡᠷ ᠤᠨ ᠥᠷᠲᠡᠭ ᠦᠨᠳᠦᠷ᠂ ᠤᠯᠤᠰ ᠭᠡᠷ ᠪᠠ ᠬᠤᠪᠢ ᠬᠦᠮᠦᠨ ᠳᠤ ᠪᠦᠷ ᠶᠡᠭᠡ ᠳᠠᠷᠤᠭᠠᠰᠤ | ᠪᠣᠯᠵᠦ ︐ ᠪᠡᠯᠴᠢᠭᠡᠷ ᠨᠤᠲᠤᠭ ᠤᠨ ᠬᠤᠭ ᠨᠣᠪᠰᠢ ᠪᠤᠵᠠᠷᠳᠠᠯ ᠡᠭᠦᠰᠭᠡᠵᠦ᠂ ᠬᠦᠮᠦᠨ ᠮᠠᠯ ᠤᠨ ᠬᠡᠪ ᠶᠢᠨ | ᠤᠶᠢᠯᠡᠳᠪᠦᠷᠢᠯᠡᠯ ᠠᠮᠢᠳᠤᠷᠠᠯ ᠳᠤ ᠬᠠᠷᠰᠢ ᠰᠠᠭᠠᠳ ᠪᠣᠯᠵᠦ᠂ ᠬᠦᠴᠢᠷᠳᠡᠯ ᠤᠴᠠᠷᠠᠭᠤᠯᠵᠦ ᠪᠠᠶᠢᠨ᠎ᠠ᠃ | ᠪᠡᠯᠴᠢᠭᠡᠷ ᠨᠤᠲᠤᠭ ᠢ ᠬᠤᠪᠢᠶᠠᠷᠢᠯᠠᠨ ᠡᠷᠦᠬᠡ ᠳᠤ ᠳᠠᠭᠠᠭᠠᠴᠢᠯᠠᠭᠤᠯᠤᠨ ᠡᠵᠡᠩᠨᠡᠭᠦᠯᠦᠭᠰᠡᠨ ᠠᠴᠠ | ᠪᠡᠯᠴᠢᠭᠡᠷ ᠨᠤᠲᠤᠭ ᠵᠢᠵᠢᠭᠯᠡᠭᠳᠡᠨ ᠬᠡᠰᠡᠭᠯᠡᠭᠳᠡᠵᠦ᠂ ᠮᠠᠯ ᠪᠡᠯᠴᠢᠵᠦ ᠴᠢᠳᠠᠬᠤ ᠦᠭᠡᠢ ᠪᠣᠯᠣᠬᠰᠠᠨ ᠲᠡᠳᠦᠢ ᠦᠭᠡᠢ | ᠮᠠᠯᠴᠢᠳ ᠤᠨ ᠬᠦᠳᠡᠯᠮᠦᠷᠢ ᠶᠢᠨ ᠬᠦᠨᠳᠦᠴᠡ ᠨᠡᠮᠡᠭᠳᠡᠵᠦ᠂ ᠮᠠᠯᠵᠢᠬᠤ ᠤᠶᠢᠯᠡᠳᠪᠦᠷᠢᠯᠡᠯ ᠤᠨ ᠦᠪᠡᠷ ᠤᠨ ᠦᠷᠲᠡᠭ | ᠬᠡᠳᠦᠨ ᠳᠠᠬᠢᠨ ᠢᠶᠠᠷ ᠳᠡᠭᠡᠭᠰᠢᠯᠡᠵᠦ᠂ ᠪᠠᠶᠢᠭᠠᠯᠢᠯᠢᠭ ᠪᠡᠯᠴᠢᠭᠡᠷ ᠤᠨ 《 ᠨᠢᠭᠡᠳᠦᠭᠡᠷ ᠤᠶᠢᠯᠡᠳᠪᠦᠷᠢᠯᠡᠯ》 ᠪᠠ | ᠪᠠᠶᠢᠭᠠᠯᠢᠯᠢᠭ ᠪᠡᠯᠴᠢᠭᠡᠷ ᠲᠤ ᠲᠦᠰᠢᠭᠯᠡᠭᠰᠡᠨ ᠮᠠᠯ ᠰᠦᠷᠦᠭ ᠤᠨ《 ᠬᠤᠶᠠᠳᠤᠭᠠᠷ ᠤᠶᠢᠯᠡᠳᠪᠦᠷᠢᠯᠡᠯ》 ᠤᠨ | ᠤᠶᠠᠯᠳᠤᠯ ᠨᠢᠭᠡᠳᠦᠯ ᠨᠢ ᠬᠡᠪ ᠤᠨ ᠵᠢᠮ᠎ᠡ ᠶᠣᠰᠤ ᠪᠠᠨ ᠠᠯᠳᠠᠵᠦ᠂ ᠪᠠᠶᠢᠭᠠᠯᠢᠯᠢᠭ ᠪᠡᠯᠴᠢᠭᠡᠷ ᠢ ᠬᠤᠪᠢᠷᠠᠭᠤᠯᠬᠤ ᠪᠠᠷ | ᠬᠦᠴᠦᠯᠡᠭᠰᠡᠨ ᠬᠦᠮᠦᠨ ᠤ ᠣᠷᠣᠯᠴᠠᠯᠭ᠎ᠠ ᠠᠴᠠ ᠪᠣᠯᠵᠦ᠂ ᠡᠪᠡᠰᠦ ᠤᠰᠤ ᠨᠢ ᠬᠦᠳᠡᠯᠬᠦ ᠦᠭᠡᠢ᠂ ᠮᠠᠯ ᠰᠦᠷᠦᠭ ᠨᠢ | ᠤᠰᠤ ᠡᠪᠡᠰᠦ ᠪᠠᠨ ᠳᠠᠭᠠᠵᠦ᠂ ᠮᠠᠯᠴᠢᠨ ᠠᠷᠠᠳ ᠨᠢ ᠮᠠᠯ ᠰᠦᠷᠦᠭ ᠢᠶᠠᠨ ᠬᠠᠮᠢᠶᠠᠳᠠᠨ ᠨᠡᠭᠦᠳᠡᠯᠯᠡᠳᠡᠭ | ᠤᠯᠠᠮᠵᠢᠯᠠᠯᠲᠤ ᠮᠠᠯ ᠮᠠᠯᠵᠢᠯ ᠤᠨ ᠠᠷᠭ᠎ᠠ ᠨᠢ ᠦᠭᠡᠷᠡᠴᠢᠯᠡᠭᠳᠡᠨ᠂ ᠮᠠᠯ ᠨᠢ ᠬᠦᠳᠡᠯᠬᠦ ᠦᠭᠡᠢ ︵ᠰᠠᠭᠤᠷᠢᠰᠢᠬᠰᠠᠨ︶᠂ | ᠡᠪᠡᠰᠦ ᠨᠢ ᠨᠡᠭᠦᠬᠦ ︵ᠡᠪᠡᠰᠦ ᠪᠤᠳᠤᠭ᠎ᠠ ᠬᠠᠳᠤᠵᠦ ᠨᠦᠭᠡᠴᠡᠯᠡᠨ ᠵᠦᠭᠡᠭᠡᠪᠦᠷᠢᠯᠡᠬᠦ︶᠂ ᠤᠰᠤ ᠨᠢ ᠨᠡᠭᠦᠬᠦ ︵ᠤᠰᠤ | ᠲᠡᠭᠡᠵᠦ ᠮᠠᠯ ᠢᠶᠠᠨ ᠤᠰᠤᠯᠠᠬᠤ ᠪᠣᠯᠤᠬᠰᠠᠨ︶᠂ ᠬᠦᠨᠳᠦ ᠨᠦᠰᠡᠷ ᠠᠵᠢᠯ ᠭᠠᠷᠴᠤ᠂ ᠨᠢᠭᠡᠨ ᠪᠠᠶᠢᠷᠢ ᠳᠤ ︵ | ᠬᠠᠰᠢᠶᠠᠯᠠᠵᠦ ᠲᠡᠵᠢᠭᠡᠭᠰᠡᠨ︶ ᠠᠮᠢᠳᠤ ᠮᠠᠯ ᠤᠷᠲᠤ ᠬᠤᠭᠤᠴᠠᠭ᠎ᠠ ᠰᠠᠭᠤᠷᠢᠰᠢᠬᠤ ᠠᠴᠠ ᠡᠭᠦᠰᠦᠭᠰᠡᠨ ᠡᠯᠳᠡᠪ | ᠪᠤᠵᠠᠷᠳᠠᠯ ᠪᠠ ᠲᠡᠵᠢᠭᠡᠯ ᠪᠤᠷᠳᠤᠭ᠎ᠠ ᠶᠢᠨ ᠬᠤᠣᠷᠳᠠᠬᠳᠠᠯ ᠨᠢ ᠪᠡᠯᠴᠢᠭᠡᠷ ᠤᠨ ᠮᠠᠯ ᠠᠵᠦ ᠠᠬᠤᠢ ᠶᠢᠨ ᠠᠮᠤᠷ | ᠲᠦᠪᠰᠢᠨ ᠤᠶᠢᠯᠡᠳᠪᠦᠷᠢᠯᠡᠯ ᠳᠤ ᠰᠦᠷᠳᠡᠭᠦᠯᠦᠯ ᠪᠣᠯᠤᠬᠰᠠᠨ ᠪᠠᠶᠢᠨ᠎ᠠ᠃ | ᠦᠪᠦᠷ ᠮᠣᠩᠭᠤᠯ ᠤᠨ ᠮᠠᠯᠵᠢᠬᠤ ᠣᠷᠣᠨ ᠳᠤ ᠪᠡᠯᠴᠢᠭᠡᠷ ᠬᠦᠷᠦᠯᠴᠡᠬᠦ ᠦᠭᠡᠢ᠂ ᠪᠡᠯᠴᠢᠭᠡᠷ ᠮᠠᠭᠤᠳᠠᠬᠰᠠᠨ | ᠪᠠ ᠪᠡᠯᠴᠢᠭᠡᠷ ᠨᠤᠲᠤᠭ ᠳᠠᠭᠠᠭᠠᠴᠢᠯᠠᠨ ᠡᠵᠡᠩᠨᠡᠭᠴᠢᠳ ᠤᠨ ᠳᠠᠭᠠᠭᠠᠴᠢᠯᠠᠬᠤ ᠡᠷᠬᠡ ᠶᠢᠨ ᠠᠰᠠᠭᠤᠳᠠᠯ᠂ | ᠳᠠᠭᠠᠭᠠᠴᠢᠯᠠᠬᠰᠠᠨ ᠨᠤᠲᠤᠭ ᠪᠡᠯᠴᠢᠭᠡᠷ ᠤᠨ ᠠᠰᠢᠬᠯᠠᠬᠤ ᠲᠠᠯᠠᠪᠠᠢ ᠪᠠ ᠨᠤᠲᠤᠭ ᠤᠨ ᠬᠡᠴᠡ ᠵᠠᠭᠠᠭ ᠤᠨ ᠮᠠᠷᠭᠤᠭᠠᠨ᠂ | ᠨᠤᠲᠤᠭ ᠪᠡᠯᠴᠢᠭᠡᠷ ᠤᠨ ᠳᠠᠭᠠᠭᠠᠴᠠ᠂ ᠬᠠᠮᠠᠭᠠᠯᠠᠯᠲᠠ᠂ ᠠᠰᠢᠬᠯᠠᠯᠲᠠ ᠶᠢᠨ ᠡᠷᠬᠡ ᠡᠭᠦᠷᠭᠡ ᠠᠰᠢᠭ ᠤᠨ ᠲᠤᠳᠤᠴᠠ | ᠶᠢᠨ ᠲᠤᠬᠠᠢ ᠦᠵᠡᠯ ᠲᠠᠨᠢᠯᠲᠠ ᠪᠠᠯᠠᠷᠬᠠᠢ᠂ ᠣᠨᠣᠯ ᠤᠶᠢᠯᠡᠳᠦᠯᠭᠡ ᠬᠦᠵᠦᠭᠦᠥ ᠰᠡᠭᠡᠷ ᠵᠠᠯᠭᠠᠯᠳᠤᠬᠤ ᠦᠭᠡᠢ᠂ | ᠵᠠᠰᠠᠭ ᠤᠨ ᠵᠦᠪ ᠤᠷᠢᠶᠠᠯᠭ᠎ᠠ ᠳᠤᠷᠠᠳᠤᠯᠭ᠎ᠠ ᠪᠠ ᠲᠦᠷᠦ ᠶᠢᠨ ᠪᠣᠳᠤᠯᠭ᠎ᠠ ᠲᠡᠷᠡ ᠬᠡᠪ ᠢᠶᠠᠷ ᠬᠡᠷᠡᠭᠵᠢᠭᠦᠯᠦᠭᠳᠡᠵᠦ | ᠴᠢᠳᠠᠬᠤ ᠦᠭᠡᠢ ᠵᠡᠷᠭᠡ ᠠᠰᠠᠭᠤᠳᠠᠯ ᠮᠥᠨ ᠣᠷᠤᠰᠢᠬᠰᠠᠭᠠᠷ ᠪᠦᠭᠡᠳ ᠡᠨᠡ ᠨᠢ ᠮᠠᠯᠵᠢᠬᠤ ᠣᠷᠣᠨ ᠤ ᠨᠡᠶᠢᠬᠡᠮ | ᠠᠵᠦ ᠠᠬᠤᠢ ᠶᠢᠨ ᠬᠦᠭᠵᠢᠯ ᠳᠤ ᠶᠡᠬᠡᠬᠡᠨ ᠨᠥᠯᠥᠭᠡ ᠪᠤᠯᠵᠦ ᠪᠠᠶᠢᠨ᠎ᠠ᠃ | | | | | | | | |