ᠮᠠᠯᠵᠢᠬᠤ ᠤᠷᠤᠨ ᠤ ᠪᠡᠯᠴᠢᠭᠡᠷ ᠠᠰᠢᠬᠯᠠᠯᠲᠠ  ︵ᠳᠥᠷᠪᠡ︶
ᠨᠡᠶᠢᠲᠡᠯᠡᠭᠰᠡᠨ ᠴᠠᠭ᠄
2019/12/31
                                  ——ᠨᠠᠮᠵᠢᠯᠰᠦ᠋ᠷᠦᠩ        ᠮᠠᠯᠵᠢᠬᠤ ᠣᠷᠣᠨ ‍ᠣ‌‍ᠡᠯᠴᠢᠭᠡᠷ ᠠᠰᠢᠬᠯᠠᠯᠲᠠ ᠳᠤ ᠠᠪᠤᠪᠠᠰᠤ ᠵᠣᠬᠢᠬᠤ ᠪᠣᠳᠠᠲᠠᠢ ᠠᠷᠭ᠎ᠠ ᠪᠠᠷᠢᠯ        ᠮᠠᠯᠵᠢᠬᠤ ᠣᠷᠣᠨ ᠤ ᠪᠡᠯᠴᠢᠭᠡᠷ ᠠᠰᠢᠬᠯᠠᠯᠲᠠ ᠶᠢᠨ ᠪᠣᠳᠠᠲᠠᠢ ᠠᠷᠭ᠎ᠠ ᠨᠢ ᠨᠢᠭᠡ  ᠯᠡ ᠬᠡᠪ ᠵᠠᠬᠪᠤᠷ ᠤᠨ ᠪᠠᠶᠢᠵᠦ ᠪᠣᠯᠬᠤ ᠦᠭᠡᠢ ᠪᠦᠭᠡᠳ ᠨᠢᠭᠡ ᠯᠡ ᠪᠠᠷᠢᠮᠵᠢᠶ᠎ᠠ ᠲᠣᠬᠲᠠᠭᠠᠨ  ᠱᠠᠭᠠᠷᠳᠠᠵᠦ ᠪᠣᠯᠬᠤ ᠦᠭᠡᠢ᠂ ᠡᠷᠬᠡᠪᠡᠰᠢ ᠲᠤᠰ ᠭᠠᠵᠠᠷ ᠣᠷᠣᠨ ᠤ ᠪᠠᠨ ᠪᠠᠶᠢᠭᠠᠯᠢ ᠣᠷᠴᠢᠨ ᠤ  ᠴᠠᠭ ᠠᠭᠠᠷ ᠠᠭᠤᠷ ᠠᠮᠢᠰᠬᠤᠯ ᠪᠣᠯᠣᠨ ᠡᠪᠡᠰᠦ ᠤᠷᠭᠤᠮᠠᠯ ᠤᠰᠤ ᠤᠮᠳᠠ ᠶᠢᠨ ᠬᠠᠨᠭ᠍ᠭᠠᠮᠵᠢ  ᠨᠦᠭᠡᠴᠡ ᠶᠢ ᠪᠣᠳᠤᠯᠬᠢᠯᠠᠨ᠂ ᠬᠤᠷᠰᠢᠵᠦ ᠬᠠᠮᠵᠢᠯᠴᠠᠬᠤ ᠠᠶᠢᠯ ᠡᠷᠦᠬᠡ ᠶᠢᠨ ᠬᠦᠴᠦ ᠬᠦᠳᠡᠯᠮᠦᠷᠢ᠂  ᠤᠶᠢᠯᠡᠳᠪᠦᠷᠢᠯᠡᠯ ᠤᠨ ᠪᠠᠭᠠᠵᠢ ᠬᠡᠷᠡᠭᠰᠡᠯ ︵ᠭᠤᠣᠯᠳᠠᠭᠤ ᠮᠣᠷᠢ ᠤᠨᠤᠭ᠎ᠠ︶ ᠲᠣᠨᠤᠭ ᠲᠦᠭᠦᠭᠡᠷᠦᠮᠵᠢ  ︵ᠡᠪᠡᠰᠦ ᠬᠠᠳᠤᠵᠦ ᠬᠤᠷᠢᠶᠠᠬᠤ ᠮᠠᠰᠢᠨ᠂ ᠲᠷᠠᠺᠲ᠋ᠣᠷ᠂ ᠫᠸᠡᠭ ᠰᠠᠷᠠᠪᠴᠢ᠂ ᠳᠤᠯᠠᠭᠠᠨ ᠬᠤᠷᠤᠭ᠎ᠠ ᠂  ᠬᠤᠳᠳᠤᠭ ᠤᠰᠤ︶᠂ ᠮᠠᠯ ᠰᠦᠷᠦᠭ ︵ᠮᠠᠯ ᠤᠨ ᠲᠦᠷᠦᠯ ᠢᠯᠭᠠᠯ᠂ ᠲᠤᠭ᠎ᠠ ᠲᠣᠯᠤᠭᠠᠢ᠂ ᠡᠭᠦᠯᠲᠡᠷ  ᠎ ᠤᠨ ᠤᠳᠤᠮᠯᠠᠯ᠂ ᠡᠷᠡᠭᠦᠯ ᠪᠡᠶ᠎ᠡ ᠭᠠᠯᠪᠢᠷ︶᠎ ᠤᠨ ᠪᠤᠳᠠᠲᠤ ᠪᠠᠶᠢᠳᠠᠯ ᠠᠴᠠ ᠡᠭᠦᠰᠴᠦ᠂ ᠮᠠᠯᠴᠢᠳ ᠤᠨ  ᠰᠠᠶᠢᠨ ᠳᠤᠷ᠎ᠠ ᠎ ᠶᠢᠨ ᠰᠠᠭᠤᠷᠢᠨ ᠳᠡᠭᠡᠷ᠎ᠡ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ᠂  ᠬᠦᠭᠵᠢᠭᠦᠯᠬᠦ ᠪᠠ ᠬᠠᠮᠲᠤ ᠶᠢᠨ ᠬᠦᠳᠡᠯᠮᠦᠷᠢ ᠶᠢᠨ ᠦᠷ᠎ᠡ ᠪᠦᠲᠦᠭᠡᠯ ᠢ ᠬᠠᠮᠲᠤ ᠪᠠᠷ ᠠᠰᠢᠬᠯᠠᠵᠦ  ᠡᠳ᠋ᠯᠡᠬᠦ ᠡᠷᠬᠡ ᠲᠡᠭᠰᠢ ᠵᠠᠷᠴᠢᠮ ᠢᠶᠠᠷ ᠬᠤᠷᠰᠢᠶ᠎ᠠ ︵ᠬᠠᠪᠰᠤᠷᠤᠯᠴᠠᠬᠤ ᠳᠤᠭᠤᠶᠢᠯᠠᠩ ᠪᠠᠶᠢᠵᠦ ᠪᠣᠯᠬᠤ  ᠪᠦᠭᠡᠳ ᠤᠷᠲᠤ ᠬᠤᠭᠤᠴᠠᠭᠠᠨ ᠤ ᠪᠠᠶᠢᠡᠭᠭᠤ ᠶᠢᠨ ᠪᠤᠶᠤ ᠲᠦᠷ ᠴᠠᠭ ᠤᠨ ᠪᠠᠶᠢᠵᠦ ᠴᠦ ᠪᠣᠯᠣᠨ᠎ᠠ᠂   ᠬᠠᠮᠵᠢᠯᠴᠠᠵᠦ ᠬᠤᠷᠰᠢᠬᠤ ᠡᠷᠦᠬᠡ ᠨᠢ 3~5 ᠪᠤᠶᠤ ᠲᠡᠭᠦᠨ ᠠᠴᠠ ᠣᠯᠠᠨ ᠪᠠᠶᠢᠵᠦ ᠴᠦ ᠪᠣᠯᠣᠨ᠎ᠠ︶  ᠎ ᠪᠠᠨ ᠵᠣᠬᠢᠶᠠᠨ ᠪᠠᠶᠢᠭᠤᠯᠵᠦ᠂ ᠭᠡᠰᠢᠭᠦᠨ ᠪᠦᠷᠢᠯᠳᠦᠬᠦᠨ ᠪᠦᠬᠦᠨ ᠬᠦᠳᠡᠯᠮᠦᠷᠢ ᠳᠤ ᠣᠷᠣᠯᠴᠠᠵᠦ᠂  ᠴᠢᠳᠠᠯ ᠤᠨ ᠢᠶᠠᠨ ᠬᠢᠷᠢ ᠪᠠᠷ ᠠᠵᠢᠯᠯᠠᠵᠦ᠂ ᠠᠵᠢᠯᠯᠠᠬᠰᠠᠨ ᠤ ᠪᠠᠨ ᠬᠡᠮᠵᠢᠶ᠎ᠡ ᠪᠠᠷ ᠠᠰᠢᠭ  ᠬᠤᠪᠢᠶᠠᠷᠢᠯᠠᠬᠤ ᠵᠠᠷᠴᠢᠮ ᠢ ᠬᠡᠷᠡᠭᠵᠢᠭᠦᠯᠦᠨ᠂ ᠬᠦᠳᠡᠯᠮᠦᠷᠢ ᠶᠢᠨ ᠬᠠᠲᠠᠭᠤ ᠴᠢᠩᠭ᠎ᠠ ᠰᠠᠬᠢᠯᠭ᠎ᠠ  ᠪᠠᠲᠤ ᠶᠢ ᠵᠢᠷᠤᠮᠯᠠᠨ ᠳᠠᠭᠠᠬᠤ ᠬᠡᠷᠡᠭᠲᠡᠢ᠃ ᠬᠦᠳᠡᠯᠮᠦᠷᠢᠯᠡᠬᠦ ᠴᠢᠳᠠᠪᠤᠷᠢ ᠪᠠᠨ ᠠᠯᠳᠠᠬᠰᠠᠨ ᠪᠤᠶᠤ  ᠬᠦᠳᠡᠯᠮᠦᠷᠢ ᠳᠤ ᠣᠷᠣᠯᠴᠠᠬᠤ ᠨᠦᠭᠦᠴᠡᠯ ᠪᠣᠯᠤᠮᠵᠢ ᠦᠭᠡᠢ ᠬᠦᠮᠦᠰ᠂ ᠨᠤᠲᠤᠭ ᠢᠶᠠᠷ ᠢᠶᠠᠨ ᠪᠡᠯᠡ  ᠣᠷᠣᠵᠦ ᠬᠤᠷᠰᠢᠵᠦ ᠪᠣᠯᠣᠨ᠎ᠠ᠃ ᠨᠤᠲᠤᠭ ᠪᠡᠯᠴᠢᠭᠡᠷ ᠤᠨ ᠮᠠᠯᠵᠢᠬᠤ ᠤᠶᠢᠯᠡᠳᠪᠦᠷᠢᠯᠡᠯ ᠳᠤ  ᠦᠵᠡᠭᠦᠯᠬᠦ ᠦᠷ᠎ᠡ ᠠᠰᠢᠭ ᠢ ᠪᠠᠲᠤᠯᠠᠬᠤ ᠶᠢᠨ ᠲᠦᠯᠦᠭᠡ ᠨᠤᠲᠤᠭ ᠪᠡᠯᠴᠢᠭᠡᠷ ᠤᠨ ᠪᠡᠯᠡ  ᠤᠷᠤᠭᠤᠯᠤᠯᠲᠠ ᠶᠢᠨ ᠠᠰᠢᠬᠯᠠᠵᠦ ᠬᠡᠷᠡᠭᠡᠯᠡᠬᠦ ᠬᠤᠭᠤᠴᠠᠭ᠎ᠠ ᠶᠢ 3 ᠵᠢᠯ ᠠᠴᠠ ᠳᠡᠭᠡᠭᠡᠭᠰᠢ ᠪᠠᠷ  ᠲᠤᠬᠲᠠᠭᠠᠨ᠎ᠠ᠃ ᠨᠤᠲᠤᠭ ᠤᠨ ᠪᠡᠯᠡ ᠤᠷᠤᠭᠤᠯᠤᠯᠲᠠ ᠶᠢᠨ ᠠᠰᠢᠭ ᠬᠤᠪᠢᠶᠠᠷᠢᠯᠠᠯᠲᠠ ᠶᠢ ᠨᠤᠲᠤᠭ  ᠎ ᠤᠨ ᠠᠰᠢᠬᠯᠠᠮᠵᠢ ᠶᠢᠨ ᠪᠤᠳᠠᠲᠤ ᠣᠷᠣᠯᠭ᠎ᠠ ᠪᠠᠷ ᠲᠤᠭᠠᠴᠠᠭᠠᠯᠠᠨ ᠪᠣᠳᠤᠵᠦ ᠬᠤᠪᠢᠶᠠᠷᠢᠯᠠᠨ᠎ᠠ᠃  ᠮᠠᠯᠴᠢᠨ ᠡᠷᠦᠬᠡ ᠶᠢᠨ ᠤᠣᠯ ᠨᠤᠲᠤᠭ ᠪᠡᠯᠴᠢᠭᠡᠷ ᠢ ᠪᠡᠯᠡ ᠤᠷᠤᠭᠤᠯᠤᠯᠲᠠ ᠶᠢᠨ ᠬᠡᠯᠪᠡᠷᠢ ᠪᠠᠷ  ᠬᠤᠷᠰᠢᠶ᠎ᠠ ᠳᠤ ᠡᠯᠰᠡᠨ ᠬᠡᠪᠴᠢᠶᠡᠵᠢᠭᠦᠯᠦᠨ ᠠᠰᠢᠬᠯᠠᠵᠦ ᠬᠡᠷᠡᠭᠯᠡᠬᠦ ᠳᠡᠭᠡᠨ ᠤᠣᠯ ᠡᠷᠦᠬᠡ ᠶᠢᠨ  ᠳᠠᠭᠠᠭᠠᠴᠢᠯᠠᠨ ᠡᠵᠡᠩᠨᠡᠬᠦ ᠡᠷᠭᠡ ᠡᠭᠦᠷᠭᠡ ᠠᠰᠢᠭ ᠢ ᠬᠤᠪᠢᠷᠠᠭᠤᠯᠬᠤ ᠦᠭᠡᠢ᠂ ᠳᠠᠭᠠᠭᠠᠴᠢᠯᠠᠨ  ᠡᠵᠡᠩᠨᠡᠭᠰᠡᠨ ᠨᠤᠲᠤᠭ ᠪᠡᠯᠴᠢᠭᠡᠷ ᠲᠤ ᠬᠠᠮᠢᠶᠠᠳᠠᠬᠰᠠᠨ ᠤᠯᠤᠰ ᠤᠨ ᠨᠦᠬᠦᠪᠦᠷᠢ ᠣᠯᠭᠤᠮᠵᠢ᠂   ᠲᠡᠳᠭᠦᠮᠵᠢ ᠮᠦᠡᠭᠭᠦ ᠶᠢ ᠨᠤᠲᠤᠭ ᠳᠠᠭᠠᠭᠠᠴᠢᠯᠠᠬᠰᠠᠨ ᠬᠤᠪᠢ ᠡᠷᠦᠬᠡ ᠳᠤ ᠲᠤᠭ᠎ᠠ ᠶᠤᠰᠤᠭᠠᠷ  ᠣᠯᠭᠤᠵᠦ᠂ ᠬᠤᠷᠰᠢᠶ᠎ᠠ ᠬᠠᠮᠲᠤᠷᠠᠯ ᠭᠠᠷ ᠳᠦᠷᠢᠬᠦ ᠦᠭᠡᠢ᠂ ᠬᠤᠪᠢᠶᠠᠯᠴᠠᠨ ᠠᠪᠬᠤ ᠦᠭᠡᠢ᠃  ᠬᠤᠷᠰᠢᠶ᠎ᠠ ᠬᠠᠮᠲᠤᠷᠠᠯ ᠨᠢ ᠵᠦᠪᠬᠡᠨ ᠨᠤᠲᠤᠭ ᠪᠡᠯᠴᠢᠭᠡᠷ ᠤᠨ ᠪᠡᠯᠡ ᠤᠷᠤᠬᠰᠠᠨ ᠤᠶᠢᠯᠡᠳᠪᠦᠷᠢᠯᠡᠯ  ᠎ ᠤᠨ ᠣᠷᠣᠯᠭ᠎ᠠ ᠎ ᠶᠢᠨ ᠬᠤᠪᠢᠶᠠᠷᠢᠯᠠᠯᠲᠠ ᠬᠢᠨ᠎ᠡ᠃        ᠨᠤᠲᠤᠭ ᠪᠡᠯᠴᠢᠭᠡᠷ ᠢ ᠬᠡᠪᠴᠢᠶᠡᠵᠢᠭᠦᠯᠦᠨ᠂ ᠪᠡᠯᠴᠢᠭᠡᠷ ᠠᠰᠢᠬᠯᠠᠯᠲᠠ ᠶᠢᠨ ᠨᠣᠷᠮ᠎ᠠ ᠶᠢ  ᠳᠡᠭᠡᠭᠰᠢᠯᠡᠭᠦᠯᠬᠦ ᠎ ᠳᠤ ᠰᠦᠷᠦᠭ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠵᠣᠬᠢᠬᠤ ᠲᠤᠭ᠎ᠠ  ᠬᠡᠮᠵᠢᠶᠡᠨ ᠳᠤ ᠬᠡᠪᠴᠢᠶᠡᠵᠢᠭᠦᠯᠬᠦ ᠬᠡᠷᠡᠭᠲᠡᠢ᠃ ᠮᠠᠯ ᠤᠨ ᠲᠤᠭ᠎ᠠ ᠬᠡᠲᠦᠷᠬᠡᠢ ᠴᠦᠭᠡᠨ ᠪᠠᠶᠢᠬᠤ ᠨᠢ  ᠬᠡᠪᠴᠢᠶᠡᠵᠢᠭᠰᠡᠨ ᠪᠡᠯᠴᠢᠭᠡᠷ ᠠᠰᠢᠬᠯᠠᠯᠲᠠ ᠶᠢᠨ ᠨᠤᠷᠮ᠎ᠠ ᠶᠢ ᠳᠣᠷᠤᠬᠰᠢᠯᠠᠭᠤᠯᠳᠠᠭ ᠶᠤᠮ᠃ ᠡ᠋ᠭ  ᠎ ᠤᠨ ᠪᠠᠶᠢᠳᠠᠯ ᠳᠤ ᠪᠤᠭ ᠮᠠᠯ ︵ᠬᠤᠨᠢ ᠢᠮᠠᠭ᠎ᠠ︶᠎ ᠢ 500 ~700 ᠣᠷᠴᠢᠮ ᠢᠶᠠᠷ  1.5 ~ 2 ᠲᠦᠮᠡ ᠣᠷᠴᠢᠮ ᠮᠤ᠋ ᠬᠡᠪᠴᠢᠶᠡᠵᠢᠭᠰᠡᠨ ᠨᠤᠲᠤᠭ ᠲᠤ ᠪᠡᠯᠴᠢᠭᠡᠷᠯᠡᠭᠦᠯᠦᠨ ᠮᠠᠯᠵᠢᠪᠠᠯ   ᠨᠡᠯᠢᠶᠡᠳ ᠬᠠᠨᠭ᠍ᠭᠠᠮᠵᠢᠲᠠᠢ ᠡᠪᠡᠰᠦ ᠤᠷᠭᠤᠮᠠᠯ ᠣᠯᠵᠦ ᠢᠳᠡᠰᠢᠯᠡᠬᠦ ᠪᠦᠭᠡᠳ ᠨᠠᠷᠠ ᠰᠠᠯᠬᠢ ᠭᠡᠷᠡᠯ  ᠢᠯᠴᠢ ᠤᠰᠤ ᠴᠢᠭᠢᠭ ᠬᠤᠵᠢᠷ ᠱᠠᠤ ᠳᠠᠪᠤᠰᠤ ᠡᠷᠦᠳᠡᠰᠦ ᠶᠢᠨ ᠪᠠᠶᠢᠭᠠᠯᠢᠯᠢᠭ ᠰᠢᠮ᠎ᠡ ᠬᠦᠷᠲᠡᠵᠦ᠂  ᠮᠠᠯ ᠤᠨ ᠪᠡᠶ᠎ᠡ ᠴᠣᠬᠴᠠᠰ ᠠᠷᠢᠭᠤᠰᠤᠨ᠂ ᠲᠠᠷᠭᠤ ᠬᠦᠴᠦ ᠳᠡᠪᠡᠭᠡᠷᠡᠵᠦ᠂ ᠡᠪᠡᠳᠴᠢᠨ ᠭᠡᠮ ᠢ  ᠰᠡᠷᠭᠡᠶᠢᠯᠡᠨ᠂ ᠦᠰᠦᠯᠲᠡ ᠪᠤᠶᠢᠵᠢᠯᠲᠠ ᠴᠢᠮᠪᠠᠶᠢᠷᠠᠨ᠎ᠠ᠃ ᠬᠡᠪᠴᠢᠶᠡᠵᠢᠭᠰᠡᠨ ᠪᠡᠯᠴᠢᠭᠡᠷ ᠢ  ᠬᠠᠷᠢᠭᠤᠯᠭ᠎ᠠ ᠮᠠᠯᠯᠠᠭ᠎ᠠ ᠶᠢᠨ ᠬᠡᠯᠪᠡᠷᠢ ᠪᠠᠷ ᠠᠰᠢᠬᠯᠠᠬᠤ ᠨᠢ ᠪᠡᠯᠴᠢᠭᠡᠷ ᠤᠨ ᠳᠠᠷᠤᠭᠠᠰᠤ ᠶᠢ  ᠬᠦᠨᠳᠦᠷᠡᠭᠦᠯᠬᠦ ᠦᠭᠡᠢ ᠮᠦᠷᠲᠡᠭᠡᠨ ᠪᠡᠯᠴᠢᠭᠡᠷ ᠰᠡᠷᠭᠦᠯᠲᠡ ᠳᠤ ᠲᠤᠩ ᠠᠰᠢᠬᠲᠠᠢ ᠪᠠᠶᠢᠳᠠᠭ᠃             ᠵᠡᠭᠦᠯᠲᠡ①ᠲ᠊᠂ ᠡᠷᠳᠡᠨᠢᠲᠣᠭᠲᠠᠬᠤ《 ᠮᠣᠩᠭᠤᠯ ᠰᠣᠶᠣᠯ ᠤᠨ ᠳᠡᠯᠭᠡᠷ ᠬᠠᠷᠠᠭ᠎ᠠ》  6 ᠳ᠋ᠤᠭᠠᠷ ᠨᠢᠭᠤᠷ᠂ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ᠂   1999 ᠣᠨ᠃②ᠡ᠊᠂ ᠡᠷᠳᠡᠨᠢᠵᠠᠪ《 ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ  ᠤᠬᠠᠭᠠᠨ》 ﹇ᠮᠤᠩᠭᠤᠯ ᠰᠡᠳᠭᠦᠯ﹈᠎ ᠤᠨ 1993 ᠣᠨ ᠤ 3 ᠳ᠋ᠤᠭᠠᠷ ᠬᠤᠭᠤᠴᠠᠭ᠎ᠠ᠂  14 ᠳ᠋ᠤᠭᠡᠷ ᠨᠢᠭᠤᠷ᠃  
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号