ᠬᠡᠰᠢᠭᠲᠡᠨ ᠬᠤᠰᠢᠭᠤᠨ ᠤ ᠮᠥᠩᠭᠦᠨ ᠭᠦᠶᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶᠠᠨ ᠎ ᠤ ᠳᠠᠷᠤᠭ᠎ᠠ ᠵᠠᠩ ᡁᠢ ᠮᠢᠨ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠎ ᠳᠤ ᠰᠠᠭᠠᠲᠠᠪᠠ
ᠨᠡᠶᠢᠲᠡᠯᠡᠭᠰᠡᠨ ᠴᠠᠭ᠄
2019/12/4
     ᠰᠤᠷᠪᠤᠯᠵᠢᠯᠠᠭᠴᠢ᠄ ᠵᠠᠩ ᠲᠣᠪᠴᠢᠶᠠᠨ ᠳᠠᠷᠤᠭ᠎ᠠ ᠰᠠᠶᠢᠨ ᠪᠠᠶᠢᠨ᠎ᠠ ᠦᠦ︖ ᠬᠡᠰᠢᠭᠲᠡᠨ ᠬᠤᠰᠢᠭᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤᠮᠳᠠ ᠬᠡᠰᠢᠭᠲᠡᠨ ᠬᠤᠰᠢᠭᠤᠨ ᠤ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠯᠢ ᠬᠡᠳᠦᠨ ᠨᠢᠭᠡᠴᠡ ᠠᠴᠠ ᠨᠡᠶᠢᠯᠡᠵᠦ ᠢᠷᠡᠭᠰᠡᠨ ᠪᠣᠶ︖      ᠵᠠᠩ ᠲᠣᠪᠴᠢᠶᠠᠨ ᠳᠠᠷᠤᠭ᠎ᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳ᠋ ᠤᠨ ᠵᠠᠰᠠᠭ ᠤᠨ ᠲᠣᠪᠴᠢᠶᠠᠨ ᠤ ᠮᠥᠩᠭᠦᠨ ᠭᠦᠶᠯᠭᠡᠭᠡᠨ ᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠ ᠬᠠᠮᠢᠶ᠎ᠠ ᠪᠦᠬᠦᠢ ᠪᠠᠶᠢᠭᠤᠯᠤᠮᠵᠢ ᠶᠢᠨ ᠪᠠᠯᠠ ᠣᠷᠣᠭᠤᠯᠤᠯᠲᠠ ᠶᠢ ᠠᠬᠢᠭᠤᠯᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠬᠡᠰᠢᠭᠲᠡᠨ ᠬᠤᠰᠢᠭᠤᠨ ᠤ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢ ᠪᠠᠶᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠪᠠ᠃      ᠰᠤᠷᠪᠤᠯᠵᠢᠯᠠᠭᠴᠢ᠄ ᠲᠠ ᠪᠢᠳᠡᠨ ᠳᠤ ᠬᠡᠰᠢᠭᠲᠡᠨ ᠬᠤᠰᠢᠭᠤᠨ ᠤ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠭᠤᠤᠯ ᠪᠣᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠦᠦ︖      ᠵᠠᠩ ᠲᠣᠪᠴᠢᠶᠠᠨ ᠳᠠᠷᠤᠭ᠎ᠠ᠄ ᠣᠳᠣᠬᠠᠨ ᠳᠤ ᠮᠠᠨ ᠤ ᠲᠣᠪᠴᠢᠶᠠᠨ ᠤ ᠠᠵᠢᠯ ᠢ ᠭᠤᠤᠯᠳᠠᠭᠤ ᠬᠤᠶᠠᠷ ᠴᠢᠭᠯᠡᠯ ᠬᠤᠪᠢᠶᠠᠵᠤ᠂ ᠮᠥᠩᠭᠦᠨ ᠭᠦᠶᠯᠭᠡᠭᠡᠨ ᠤ ᠠᠵᠢᠯ ᠪᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠤᠤᠯ ᠡᠭᠦᠷᠭᠡ ᠬᠠᠷᠢᠭᠤᠴᠠᠯᠭ᠎ᠠ ᠪᠣᠯ᠄ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠮᠥᠩᠭᠦᠨ ᠭᠦᠶᠯᠭᠡᠭᠡᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠥᠯᠥᠪᠯᠡᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠦᠢᠯᠡᠰ ᠤᠨ ᠬᠥᠭᠵᠢᠯᠲᠡ ᠳᠤ ᠵᠣᠬᠢᠴᠠᠭᠤᠯᠤᠨ ᠦᠢᠯᠡᠴᠢᠯᠡᠵᠦ᠂ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠴᠢᠳᠠᠮᠵᠢ ᠎ ᠶᠢ ᠴᠢᠩᠭᠠᠷᠠᠭᠤᠯᠤᠨ᠂ ᠮᠥᠩᠭᠦᠨ ᠭᠦᠶᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ︔ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠪᠠᠯᠠ ᠲᠣᠬᠢᠷᠠᠭᠤᠯᠬᠤ ᠲᠥᠰᠦᠯ ᠢ ᠰᠤᠳᠤᠯᠤᠨ ᠲᠣᠭᠲᠠᠭᠠᠬᠤ ᠳᠤ ᠣᠷᠣᠯᠴᠠᠨ᠎ᠠ︔ ᠪᠥᠬᠦ ᠬᠤᠰᠢᠭᠤᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠠ ᠡᠯᠭᠦᠬᠦ ᠪᠠ ᠰᠢᠭᠤᠳ ᠪᠠᠯᠠ ᠲᠣᠬᠢᠷᠠᠭᠤᠯᠬᠤ ᠠᠵᠢᠯ ᠢ ᠵᠣᠬᠢᠴᠠᠭᠤᠯᠤᠨ ᠠᠬᠢᠭᠤᠯᠤᠨ᠎ᠠ︔ ᠣᠷᠣᠨ ᠨᠤᠲᠤᠭ ᠎ ᠤᠨ ᠮᠥᠩᠭᠦᠨ ᠭᠦᠶᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢ ᠵᠢᠯᠣᠭᠤᠳᠤᠨ᠎ᠠ︔ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠲᠣᠭᠲᠠᠭᠤᠨ ᠪᠠᠢᠳᠠᠯ ᠪᠠ ᠠᠮᠤᠷ ᠲᠦᠪᠰᠢᠨ ᠢ ᠬᠠᠮᠠᠭᠠᠯᠠᠨ᠎ᠠ᠃      ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠠᠯ᠎ᠠ ᠪᠠᠷ ᠬᠢ ᠭᠤᠤᠯ ᠡᠭᠦᠷᠭᠡ ᠬᠠᠷᠢᠭᠤᠴᠠᠯᠭ᠎ᠠ ᠪᠣᠯ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠤᠬᠠᠶ ᠴᠢᠭᠯᠡᠯᠲᠡ᠂ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠣᠳᠠᠲᠠᠶ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠤᠨ ᠠᠵᠢᠯ ᠤᠨ ᠲᠥᠯᠥᠪᠯᠡᠭᠡ ᠪᠠ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠪᠥᠬᠦ ᠬᠤᠰᠢᠭᠤᠨ ᠤ ᠠᠷᠠᠯᠵᠢᠶᠠᠴᠢᠨ ᠤᠷᠢᠬᠤ᠂ ᠵᠥᠪᠳᠡᠯᠴᠡᠬᠦ᠂ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠡᠷᠭᠡ ᠴᠢᠬᠤᠯᠠ ᠶᠡᠭᠡ ᠠᠵᠢᠯᠯᠠᠭ᠎ᠠ ᠶᠢᠨ ᠲᠥᠰᠦᠯ ᠢ ᠲᠣᠭᠲᠠᠭᠠᠵᠤ᠂ ᠵᠠᠰᠠᠭ ᠤᠨ ᠣᠷᠳᠣᠨ᠂ ᠪᠦᠯᠬᠦᠮ ᠤᠨ ᠵᠣᠬᠢᠶᠠᠨ ᠪᠠᠶᠢᠭᠤᠯᠤᠭᠰᠠᠨ ᠲᠣᠮᠣ ᠬᠡᠯᠪᠡᠷᠢ ᠶᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠤᠷᠠᠭ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠰᠦᠯᠵᠢᠶᠡᠨ ᠵᠠᠭᠤᠴᠢ ᠶᠢ ᠠᠰᠢᠭᠯᠠ ᠠᠷᠠᠯᠵᠢᠶᠠᠴᠢᠨ ᠤᠷᠢᠬᠤ ᠰᠤᠷᠠᠭ ᠵᠠᠩᠭᠢ ᠶᠢ ᠨᠡᠢᠲᠡᠯᠡᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠠᠳᠠᠭᠠᠳᠤ ᠤᠬᠠᠭᠤᠯᠭ᠎ᠠ ᠶᠢᠨ ᠪᠣᠳᠠᠰ ᠢ ᠪᠠᠶᠢᠩᠭᠤ ᠵᠣᠬᠢᠶᠠᠨ ᠪᠠᠶᠢᠭᠤᠯᠤᠨ ᠦᠢᠯᠡᠳᠴᠦ ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠭᠠᠳᠠᠭᠰᠢ ᠤᠬᠠᠭᠤᠯᠵᠤ᠂ ᠨᠥᠯᠥᠭᠡ ᠪᠠᠨ ᠴᠢᠷᠮᠠᠶᠢᠨ ᠥᠷᠭᠡᠳᠬᠡᠵᠦ᠂ ᠬᠡᠰᠢᠭᠲᠡᠨ ᠬᠤᠰᠢᠭᠤᠨ ᠤ ᠨᠡᠷ᠎ᠡ ᠠᠯᠳᠠᠷᠰᠢᠯ ᠢᠶᠠᠨ ᠳᠡᠭᠡᠭᠰᠢᠯᠡᠭᠦᠯᠦᠨ᠎ᠡ᠃      ᠰᠤᠷᠪᠤᠯᠵᠢᠯᠠᠭᠴᠢ᠄ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠪᠠᠶᠢᠭᠤᠯᠤᠭᠳᠠᠭᠰᠠᠨ ᠤ ᠳᠠᠷᠠᠭ᠎ᠠ᠂ ᠲᠣᠪᠴᠢᠶᠠᠨ ᠠᠴᠠ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠣᠶ︖ ᠦᠷ᠎ᠡ ᠪᠦᠲᠦᠮᠵᠢ ᠨᠢ ᠶᠠᠮᠠᠷ ᠵᠡᠷᠭᠡ ᠪᠣᠶ︖      ᠵᠠᠩ ᠲᠣᠪᠴᠢᠶᠠᠨ ᠳᠠᠷᠤᠭ᠎ᠠ᠄ ᠣᠳᠣᠬᠠᠨ ᠪᠣᠯᠲᠠᠯ᠎ᠠ᠂ ᠮᠥᠩᠭᠦᠨ ᠭᠦᠶᠯᠭᠡᠭᠡᠨ ᠤ ᠠᠵᠢᠯ ᠤᠨ ᠲᠠᠯ᠎ᠠ ᠪᠠᠷ ᠭᠤᠤᠯᠳᠠᠭᠤ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠮᠥᠩᠭᠦᠨ ᠭᠦᠶᠯᠭᠡᠭᠡᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠰᠡᠷᠭᠡᠶᠢᠯᠡᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ᠂ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ᠂ ᠢᠨᠲ᠋ᠧᠷ ᠰᠦᠯᠵᠢᠶᠡᠨ ᠤ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠥᠷᠨᠢᠭᠦᠯᠵᠦ᠂ ᠵᠠᠰᠠᠭ᠂ ᠪᠠᠩᠬᠢ᠂ ᠠᠵᠤ ᠠᠬᠤᠶᠢᠯᠠᠯ ᠤᠨ ᠨᠡᠪᠲᠡᠷᠡᠯᠴᠡᠨ ᠬᠠᠮᠵᠢᠯᠴᠠᠬᠤ ᠠᠵᠢᠯ ᠪᠠ ᠮᠥᠩᠭᠦᠨ ᠭᠦᠶᠯᠭᠡᠭᠡᠨ ᠤ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯ ᠢ ᠴᠢᠩᠭᠠᠳᠬᠠᠪᠠ᠃      ᠠᠷᠠᠯᠵᠢᠶᠠᠴᠢᠨ ᠤᠷᠢᠵᠤ ᠪᠠᠯᠠ ᠲᠠᠲᠠᠬᠤ ᠲᠠᠯ᠎ᠠ ᠪᠠᠷ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠰᠢᠭᠤ ᠨᠡᠶᠢᠲᠡ 6 ᠵᠦᠶᠯ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠢ ᠬᠡᠷᠡᠭᠵᠢᠭᠦᠯᠵᠦ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠳᠤ ᠪᠣᠳᠠᠲᠠᠶ ᠪᠠᠯᠠ ᠮᠥᠩᠭᠦ 5.4144 ᠳ᠋ᠦᠩᠰᠢᠭᠤᠷ ᠲᠥᠭᠦᠷᠢᠭ ᠬᠦᠷᠴᠡᠶ᠃ ᠡᠪᠦᠯ ᠤᠨ ᠤᠯᠠᠷᠢᠯ ᠤᠨ ᠠᠵᠢᠯᠯᠠᠭ᠎ᠠ ᠥᠷᠨᠢᠭᠦᠯᠬᠦ ᠲᠠᠯ᠎ᠠ ᠪᠠᠷ᠂ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠲᠠᠲᠠᠬᠤ ︽ᠡᠪᠦᠯ ᠤᠨ ᠤᠯᠠᠷᠢᠯ ᠤᠨ ᠠᠵᠢᠯᠯᠠᠭ᠎ᠠ︾ ᠨᠢᠭᠡᠨᠲᠡ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠭᠰᠡᠨ ᠲᠥᠷᠥᠯ ᠵᠦᠶᠯ 16 ᠪᠠᠶᠢᠵᠤ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠶᠢᠨ ᠲᠠᠪᠤᠳᠤᠭᠠᠷ ᠲᠤ ᠵᠢᠭᠰᠠᠭᠠᠭᠳᠠᠪᠠ︔ ᠶᠡᠷᠦᠩᠬᠡᠶ ᠪᠡᠯᠡ ᠣᠷᠣᠭᠤᠯᠤᠯᠲᠠ 134.44 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠲᠠ ᠶᠢᠨ ᠨᠡᠷᠡᠰ ᠤᠨ ᠵᠢᠭᠰᠠᠭᠠᠯᠲᠠ ᠳᠤ ᠭᠤᠷᠪᠠᠳᠤᠭᠠᠷ ᠲᠤ ᠣᠷᠣᠪᠠ᠃      ᠰᠤᠷᠪᠤᠯᠵᠢᠯᠠᠭᠴᠢ᠄ ᠮᠥᠩᠭᠦᠨ ᠭᠦᠢᠯᠭᠡᠭᠡ ᠪᠣᠯᠤᠨ ᠪᠡᠯᠡ ᠣᠷᠣᠭᠤᠯᠤᠯᠲᠠ ᠶᠢᠨ ᠲᠣᠪᠴᠢᠶᠠᠨ ᠤ ᠢᠷᠡᠭᠡᠳᠦᠢ ᠎ ᠶᠢᠨ ᠠᠵᠢᠯ ᠤᠨ ᠲᠥᠯᠥᠪᠵᠢᠭᠦᠯᠭᠡ ᠶᠠᠭᠤ ᠶᠠᠭᠤ ᠪᠠᠶᠢᠬᠤ ᠪᠤᠢ︖      ᠵᠠᠩ ᠲᠣᠪᠴᠢᠶᠠᠨ ᠳᠠᠷᠤᠭ᠎ᠠ᠄ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠠᠷᠠᠯᠵᠢᠶᠠᠴᠢᠨ ᠤᠷᠢᠵᠤ ᠪᠠᠯᠠ ᠲᠠᠲᠠᠬᠤ ᠪᠠᠷ ᠭᠤᠤᠯ ᠰᠢᠵᠢᠮ ᠪᠣᠯᠭᠠᠵᠤ᠂ ᠮᠥᠩᠭᠦᠨ ᠭᠦᠶᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠲᠤᠯᠭᠠᠭᠤᠷᠢᠯᠠᠯ ᠪᠣᠯᠭᠠᠵᠤ᠂ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠤᠨ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠤᠨ ᠳᠠᠯᠳᠠ ᠬᠦᠴᠦᠨ ᠢ ᠭᠦᠶᠴᠡᠳ ᠠᠭᠤᠳᠠᠯᠵᠤ᠂ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠤᠨ ᠡᠭᠦᠷᠭᠡ ᠴᠢᠳᠠᠪᠬᠢ ᠶᠢ ᠪᠥᠬᠦ ᠲᠠᠯ᠎ᠠ ᠪᠠᠷ ᠪᠠᠳᠠᠷᠠᠭᠤᠯᠵᠤ᠂ ᠠᠷᠠᠯᠵᠢᠶᠠᠴᠢᠨ ᠤᠷᠢᠵᠤ ᠪᠠᠯᠠ ᠲᠠᠲᠠᠬᠤ ᠪᠠ ᠮᠥᠩᠭᠦᠨ ᠭᠦᠶᠯᠭᠡᠭᠡᠨ ᠤ ᠦᠶᠯᠡᠴᠢᠯᠡᠭᠡ ᠶᠢᠨ ᠬᠠᠷᠢᠴᠠᠭ᠎ᠠ ᠶᠢ ᠲᠡᠩᠴᠡᠭᠦᠷᠢᠰᠢᠭᠦᠯᠵᠦ᠂ ᠮᠥᠩᠭᠦᠨ ᠭᠦᠶᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠶᠯᠡᠴᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠮᠥᠩᠭᠦᠨ ᠭᠦᠶᠯᠭᠡᠭᠡᠨ ᠤ ᠠᠵᠢᠯ ᠪᠣᠯᠤᠨ ᠠᠷᠠᠯᠵᠢᠶᠠᠴᠢᠨ ᠤᠷᠢᠬᠤ ᠠᠵᠢᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号