ᠰᠤᠷᠪᠤᠯᠵᠢᠯᠠᠭᠴᠢ᠄ ᠢᠦ᠋ᠶ ᠲᠣᠪᠴᠢᠶᠠᠨ ᠳᠠᠷᠤᠭ᠎ᠠ ᠰᠠᠶᠢᠨ ᠪᠠᠶᠢᠨ᠎ᠠ ᠦᠦ︖ ᠣᠳᠣᠬᠠᠨ ᠤ ᠪᠢᠷᠠᠭᠤ ᠪᠠᠯᠭᠠᠰᠤ | ᠶᠢᠨ ᠪᠠᠭ᠎ᠠ ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠤᠨ ᠰᠤᠷᠤᠭᠴᠢ ᠶᠢᠨ ᠣᠷᠣᠨ ᠲᠤᠭ᠎ᠠ ᠪᠠᠴᠢᠮ᠂ | ᠰᠤᠷᠭᠠᠭᠤᠯᠢ ᠴᠡᠴᠡᠷᠯᠢᠭ ᠳᠤ ᠣᠷᠣᠬᠤ ᠳᠤ ᠬᠦᠴᠢᠷ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ | ᠲᠣᠪᠴᠢᠶ᠎ᠠ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠢᠦᠢ ᠲᠣᠪᠴᠢᠶᠠᠨ ᠳᠠᠷᠤᠭ᠎ᠠ᠄ ᠭᠤᠤᠯᠳᠠᠭᠤ ᠬᠤᠶᠠᠷ ᠲᠠᠯ᠎ᠠ ᠪᠠᠷ ᠰᠢᠢᠳᠪᠦᠷᠢᠯᠡᠨ᠎ᠡ᠃ ᠨᠢᠭᠡ ᠳᠤ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠥᠯᠥᠪᠵᠢᠭᠦᠯᠦᠨ ᠬᠥᠭᠵᠢᠭᠦᠯᠦᠨ᠎ᠡ᠃ ᠣᠳᠣᠬᠠᠨ ᠳᠤ ᠬᠡᠰᠢᠭᠲᠡᠨ | ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ ᠢ ᠨᠢᠭᠡᠨᠲᠡ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ | ᠭᠤᠷᠪᠠᠳᠤᠭᠠᠷ ᠬᠡᠦᠬᠡᠳ ᠤᠨ ᠴᠡᠴᠡᠷᠯᠢᠭ ᠶᠠᠭ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠵᠦ᠂ | 2020 ᠣᠨ ᠤ ᠵᠢᠯ ᠤᠨ ᠡᠴᠦᠰ ᠲᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠢᠨ᠎ᠠ︔ | ᠳᠥᠷᠪᠡᠳᠦᠭᠡᠷ ᠬᠡᠦᠬᠡᠳ ᠤᠨ ᠴᠡᠴᠡᠷᠯᠢᠭ ᠨᠢ ᠨᠢᠭᠡᠨᠲᠡ ᠭᠠᠵᠠᠷ ᠰᠣᠩᠭᠤᠵᠤ᠂ ᠲᠥᠷᠥᠯ ᠵᠦᠶᠯ ᠤᠨ ᠪᠦᠲᠦᠭᠡᠨ | ᠪᠠᠢᠭᠤᠯᠤᠯᠲᠠ ᠪᠠᠷ ᠳᠠᠮᠵᠢᠨ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠣᠷᠣᠭᠴᠢ ᠶᠢᠨ ᠣᠷᠣᠨ | ᠲᠤᠭ᠎ᠠ ᠶᠢᠨ ᠳᠤᠲᠠᠭᠤᠳᠠᠯ᠂ ᠪᠠᠯᠭᠠᠰᠤᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠣᠷᠣᠭᠴᠢ | ᠶᠢᠨ ᠣᠷᠣᠨ ᠲᠤᠭ᠎ᠠ ᠶᠢᠨ ᠳᠤᠲᠠᠭᠤᠳᠠᠯ︔ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ | 2020 ᠣᠨ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 2 ᠢ | ᠲᠥᠯᠥᠪᠵᠢᠭᠦᠯᠦᠨ ᠬᠥᠭᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠠᠲᠤᠯᠠᠭ᠎ᠠ | ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠪᠠᠯᠭᠠᠰᠤᠨ ᠤ ᠳᠣᠲᠣᠷᠠᠬᠢ ᠪᠠᠭ᠎ᠠ ᠰᠤᠷᠭᠠᠭᠤᠯᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠂ ᠪᠢᠳᠡ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠳᠡᠮᠵᠢᠯᠭᠡ ᠶᠢ ᠲᠠᠰᠤᠷᠠᠯᠲᠠ ᠦᠭᠡᠢ ᠣᠯᠵᠤ᠂ ᠪᠡᠯᠡ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠪᠢᠷᠠᠭᠤ | ᠪᠠᠯᠭᠠᠰᠤᠨ ᠲᠣᠭᠤᠷᠢᠭ ᠤᠨ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ | ᠪᠠ ᠪᠢᠷᠠᠭᠤ ᠪᠠᠯᠭᠠᠰᠤᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ | ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ 2020 ᠣᠨ ᠤ ᠳᠣᠣᠷ᠎ᠠ ᠬᠠᠭᠠᠰ ᠵᠢᠯ ᠳᠤ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ᠂ ᠪᠠᠯᠭᠠᠰᠤᠨ ᠤ ᠳᠣᠲᠣᠷᠠᠬᠢ ᠪᠠᠭ᠎ᠠ ᠰᠤᠷᠭᠠᠭᠤᠯᠢ ᠶᠢᠨ | ᠰᠤᠷᠤᠭᠴᠢ ᠶᠢᠨ ᠲᠤᠭ᠎ᠠ ᠬᠡᠲᠦᠷᠡᠭᠰᠡᠨ ᠦᠵᠡᠭᠳᠡᠯ ᠢ ᠦᠭᠡᠶᠢᠰᠬᠡᠵᠦ᠂ ᠪᠢᠷᠠᠭᠤ ᠪᠠᠯᠭᠠᠰᠤᠨ ᠤ ᠳᠣᠲᠣᠷᠠᠬᠢ ᠪᠠᠭ᠎ᠠ | ᠰᠤᠷᠭᠠᠭᠤᠯᠢ ᠶᠢᠨ ᠰᠣᠷᠣᠭᠴᠢ ᠶᠢᠨ ᠣᠷᠣᠨ ᠲᠤᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ᠰᠤᠷᠪᠤᠯᠵᠢᠯᠠᠭᠴᠢ᠄ ᠣᠳᠣᠬᠠᠨ ᠳᠤ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠪᠥᠬᠦ | ᠬᠤᠲᠠ ᠳᠤ ᠶᠠᠮᠠᠷ ᠪᠠᠶᠢᠷᠢᠨ ᠳᠤ ᠪᠠᠶᠢᠬᠤ ᠪᠤᠢ︖ | ᠢᠦᠢ ᠲᠣᠪᠴᠢᠶᠠᠨ ᠳᠠᠷᠤᠭ᠎ᠠ᠄ ᠣᠶᠢᠷ᠎ᠠ ᠶᠢᠨ ᠵᠢᠯ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ | ᠬᠦᠴᠦᠲᠡᠶ ᠵᠢᠯᠣᠭᠤᠳᠣᠯᠭ᠎ᠠ ᠳᠣᠤᠷ᠎ᠠ᠂ ᠰᠤᠷᠭᠠᠨ ᠬᠥᠮᠦᠵᠢᠯ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠤᠷᠭᠠᠨ | ᠬᠥᠮᠦᠵᠢᠯ ᠤᠨ ᠠᠵᠢᠯ ᠤᠨ ᠪᠥᠬᠦ ᠲᠠᠯ᠎ᠠ ᠶᠢ ᠶᠡᠷᠦᠩᠬᠡᠶᠢᠯᠡᠨ ᠵᠠᠬᠢᠷᠴᠤ᠂ ᠰᠤᠷᠭᠠᠨ ᠬᠥᠮᠦᠵᠢᠯ ᠢ ᠡᠭᠦᠳᠦᠨ | ᠪᠠᠶᠢᠭᠤᠯᠬᠤ ᠪᠠᠷ ᠬᠠᠷᠠᠯᠲᠠ ᠪᠣᠯᠭᠠᠬᠤ ᠶᠢ ᠢᠮᠠᠭᠲᠠ ᠪᠠᠷᠢᠮᠲᠠᠯᠠᠭᠰᠠᠭᠠᠷ ᠢᠷᠡᠵᠡᠢ᠃ ︽ᠤᠭ ᠰᠠᠨᠠᠭ᠎ᠠ ᠪᠠᠨ ᠥᠯᠥ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠲᠠᠢ | ᠤᠶᠠᠯᠳᠤᠭᠤᠯᠤᠨ᠂ ︽ᠤᠷᠢᠳᠠᠪᠠᠷ ᠬᠥᠭᠵᠢᠭᠦᠯᠬᠦ᠂ ᠬᠠᠤᠯᠢ ᠪᠠᠷ ᠦᠨᠳᠦᠰᠦ ᠪᠣᠯᠭᠠᠬᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ᠂ ᠡᠷᠬᠡ ᠲᠡᠭᠰᠢ ᠪᠠᠶᠢᠬᠤ ᠶᠢ ᠠᠬᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠭᠡᠨ ᠬᠥᠭᠵᠢᠭᠦᠯᠬᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ᠂ ᠴᠢᠨᠠᠷᠯᠢᠭ ᠬᠥᠭᠵᠢᠭᠦᠯᠬᠦ᠂ ᠠᠵᠢᠯ ᠮᠡᠷᠭᠡᠵᠢᠯ | ᠤᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ᠂ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ | ᠳᠤ ᠭᠤᠣᠯᠳᠠᠯᠭ᠎ᠠ ᠲᠠᠢ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠬᠢᠷᠢ ᠲᠦᠪᠰᠢᠨ ᠤᠷᠲᠤ ᠬᠤᠭᠤᠴᠠᠭ᠎ᠠ ᠪᠠᠷ ᠪᠦᠬᠦ ᠬᠤᠲᠠ ᠶᠢᠨ | ᠡᠮᠦᠨ᠎ᠡ ᠡᠩᠨᠡᠭᠡᠨ ᠳᠤ ᠣᠷᠣᠵᠤ᠂ ᠮᠠᠨ ᠤ ᠥᠨᠳᠥᠷ ᠳᠤᠮᠳᠠᠳᠤ ᠶᠢᠨ ᠰᠢᠯᠭᠠᠯᠲᠠ ᠶᠢᠨ ᠬᠢᠷᠢ ᠪᠦᠲᠦᠮᠵᠢ ᠲᠠᠪᠤᠨ ᠵᠢᠯ | ᠳᠠᠷᠠᠭᠠᠯᠠᠨ ᠪᠦᠬᠦ ᠬᠤᠲᠠ ᠳᠤ ᠲᠡᠷᠢᠭᠦᠯᠡᠵᠦ᠂ 2019 ᠣᠨ ᠳᠤ ᠪᠦᠬᠦ ᠬᠤᠰᠢᠭᠤᠨ ᠤ ᠯᠠᠪᠯᠠᠯᠲᠠ ᠪᠣᠯᠭᠠᠭᠰᠠᠨ | ᠪᠦᠬᠦ ᠰᠤᠷᠤᠭᠴᠢ ᠶᠢᠨ ᠲᠡᠭᠰᠢᠳᠬᠡᠭᠰᠡᠨ ᠶᠡᠷᠦᠩᠬᠡᠢ ᠬᠤᠪᠢ 633.2 ᠬᠤᠪᠢ ᠪᠠᠶᠢᠵᠤ᠂ ᠪᠦᠬᠦ ᠬᠤᠲᠠ ᠶᠢᠨ | ᠬᠤᠶᠠᠳᠤᠭᠠᠷ ᠬᠤᠰᠢᠭᠤ ᠰᠢᠶᠠᠨ 42.4 ᠬᠤᠪᠢ ᠪᠠᠶᠢᠵᠤ᠂ ᠪᠦᠬᠦ ᠬᠤᠲᠠ ᠶᠢᠨ ᠬᠠᠮᠤᠭ ᠰᠡᠭᠦᠯᠴᠢ ᠶᠢᠨ ᠨᠢᠭᠡ | ᠬᠤᠰᠢᠭᠤ ᠰᠢᠶᠠᠨ 139.3 ᠬᠤᠪᠢ ᠬᠦᠷᠴᠡᠢ︔ ᠪᠦᠬᠦ ᠬᠤᠲᠠ ᠶᠢᠨ 114 ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ᠂ ᠮᠠᠨ ᠤ ᠬᠤᠰᠢᠭᠤᠨ ᠤ 10 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 5 ᠨᠢ ᠪᠦᠬᠦ | ᠬᠤᠲᠠ ᠶᠢᠨ ᠡᠮᠦᠨ᠎ᠡ ᠠᠷᠪᠠ ᠳᠤ ᠵᠢᠭᠰᠠᠭᠠᠭᠳᠠᠵᠤ᠂ 8 ᠨᠢ ᠪᠦᠬᠦ ᠬᠤᠲᠠ ᠶᠢᠨ ᠡᠮᠦᠨ᠎ᠡ ᠬᠤᠷᠢ ᠳᠤ | ᠵᠢᠭᠰᠠᠭᠠᠭᠳᠠᠵᠤ᠂ ᠬᠠᠮᠤᠭ ᠳᠣᠣᠷ᠎ᠠ ᠨᠢ ᠪᠠᠰᠠ ᠪᠦᠬᠦ ᠬᠤᠲᠠ ᠶᠢᠨ 33 ᠳ᠋ᠤᠭᠠᠷ ᠲᠤ ᠵᠢᠭᠰᠠᠭᠠᠭᠳᠠᠪᠠ︔ ᠠᠩᠬ᠎ᠠ | ᠨᠢᠭᠡ ᠶᠢᠨ ᠰᠠᠭᠤᠷᠢ ᠱᠤᠭᠤᠮ ᠤᠨ ᠬᠢᠷᠢ ᠲᠦᠪᠰᠢᠨ ᠤ ᠰᠢᠯᠭᠠᠯᠲᠠ ᠭᠤᠷᠪᠠᠨ ᠵᠢᠯ ᠳᠠᠷᠠᠭᠠᠯᠠᠨ ᠪᠥᠬᠦ ᠬᠤᠲᠠ ᠳᠤ | ᠨᠢᠭᠡᠳᠦᠭᠡᠷ ᠲᠤ ᠣᠷᠣᠪᠠ︔ 2019 ᠣᠨ ᠳᠤ ᠪᠢᠷᠠᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠡᠭᠡ ᠳᠡᠭᠡᠳᠦ | ᠰᠤᠷᠭᠠᠭᠤᠯᠢ ᠶᠢᠨ ᠰᠢᠯᠭᠠᠯᠲᠠ ᠳᠤ 600 ᠬᠤᠪᠢ ᠠᠴᠠ ᠳᠡᠭᠡᠭᠰᠢᠬᠢ ᠨᠢ 24 ᠬᠥᠮᠦᠨ ᠪᠠᠶᠢᠵᠤ᠂ ᠨᠢᠭᠡᠳᠦᠭᠡᠷ | ᠤᠲᠠᠰᠤᠨ ᠤ ᠦᠨᠳᠦᠰᠦᠨ ᠠᠩᠬᠢ ᠳᠤ ᠡᠯᠰᠡᠭᠳᠡᠭᠰᠡᠨ ᠨᠢ 22.5 % ᠳᠤ ᠬᠦᠷᠴᠦ᠂ ᠴᠥᠮ ᠰᠤᠷᠭᠠᠭᠤᠯᠢ ᠶᠢ | ᠡᠭᠦᠰᠭᠡᠨ ᠪᠠᠶᠢᠭᠤᠯᠤᠭᠰᠠᠨ ᠠᠴᠠ ᠨᠠᠰᠢᠬᠢ ᠬᠠᠮᠤᠭ ᠤᠨ ᠥᠨᠳᠥᠷ ᠲᠡᠮᠳᠡᠭᠯᠡᠯ ᠢ ᠡᠭᠦᠳᠴᠦ᠂ ᠨᠡᠶᠢᠭᠡᠮ ᠤᠨ ᠢᠲᠡᠭᠡᠯ | ᠵᠣᠷᠢᠭ ᠢ ᠲᠦᠢᠯ ᠤᠨ ᠶᠡᠭᠡ ᠪᠠᠷ ᠬᠥᠪᠴᠢᠯᠡᠵᠡᠶ᠃ | ᠰᠤᠷᠪᠤᠯᠵᠢᠯᠠᠭᠴᠢ᠄ 8 ᠰᠠᠷ᠎ᠠ ᠳᠤ ᠪᠢᠳᠡ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠰᠠᠭᠤᠷᠢ | ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠦᠷᠦᠭᠦᠴᠦᠳ | ᠤᠨ ᠶᠠᠷᠢᠶᠠᠨ ᠤ ᠲᠠᠪᠴᠠᠩ ᠢ ᠬᠤᠷᠠᠯᠳᠤᠭᠤᠯᠪᠠ᠂ ᠲᠠ ᠮᠠᠨ ᠤ ᠬᠤᠰᠢᠭᠤᠨ ᠤ ᠬᠢᠴᠢᠶᠡᠯ ᠤᠨ ᠥᠭᠡᠷᠡᠴᠢᠯᠡᠯᠲᠡ ᠶᠢᠨ | ᠣᠳᠣᠬᠢ ᠪᠠᠶᠢᠳᠠᠯ ᠪᠠ ᠢᠷᠡᠭᠡᠳᠦᠶ ᠶᠢᠨ ᠬᠥᠭᠵᠢᠯᠲᠡ ᠶᠢ ᠲᠥᠬᠦᠮ ᠢᠶᠠᠷ ᠶᠠᠷᠢᠵᠤ ᠪᠣᠯᠤᠨ᠎ᠠ ᠦᠦ︖ | ᠢᠦᠢ ᠲᠣᠪᠴᠢᠶᠠᠨ ᠳᠠᠷᠤᠭ᠎ᠠ᠄ ᠲᠣᠰ ᠤᠳᠠᠭᠠᠨ ᠤ ᠰᠠᠭᠤᠷᠢ ᠰᠤᠷᠭᠠᠨ ᠬᠥᠮᠦᠵᠢᠯ ᠤᠨ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠨᠢ ︽ᠨᠢᠭᠡ ᠶᠢ ᠴᠦ | ᠣᠷᠬᠢᠭᠳᠠᠭᠤᠯᠵᠤ ᠪᠣᠯᠬᠤ ᠥᠬᠡᠶ︾ ᠭᠡᠰᠡᠨ ᠵᠢᠩᠬᠢᠨᠢ ᠬᠥᠮᠦᠵᠢᠯ ᠢᠶᠠᠷ ᠭᠤᠤᠯ ᠰᠡᠳᠦᠪ ᠪᠣᠯᠭᠠᠵᠤ᠂ ︽ᠬᠡᠦᠬᠡᠳ ᠤᠨ | ᠳᠠᠭᠤᠨ ᠢ ᠰᠣᠨᠣᠰᠴᠤ ᠰᠤᠷᠭᠠᠨ ᠬᠥᠮᠦᠵᠢᠯ ᠤᠨ ᠵᠢᠩᠬᠢᠨᠢ ᠵᠢᠭᠠᠨ ᠰᠤᠷᠭᠠᠯᠲᠠ ᠶᠢ ᠰᠣᠨᠣᠰᠴᠤ ᠪᠠᠭᠰᠢ ᠰᠤᠷᠤᠭᠴᠢᠳ | ᠤᠨ ᠬᠠᠮᠲᠤ ᠪᠠᠷ ᠡᠭᠦᠳᠦᠨ ᠪᠦᠲᠦᠭᠡᠬᠦ ᠬᠠᠮᠢᠶᠠᠷᠤᠯᠲᠠ ᠶᠢᠨ ᠬᠢᠴᠢᠶᠡᠯ ᠤᠨ ᠲᠠᠩᠬᠢᠮ ᠢ ᠰᠤᠳᠤᠯᠬᠤ ᠰᠤᠷᠭᠠᠭᠤᠯᠢ | ᠪᠣᠯᠭᠠᠨ ᠬᠤᠪᠢᠷᠠᠭᠤᠯᠬᠤ︾ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠᠷ ᠭᠤᠤᠯ ᠱᠤᠭᠤᠮ | ᠪᠣᠯᠭᠠᠵᠤ᠂ ᠬᠢᠴᠢᠶᠡᠯ ᠤᠨ ᠲᠠᠩᠬᠢᠮ ᠤᠨ ᠬᠡᠯᠪᠡᠷᠢ ᠶᠢ ᠬᠤᠪᠢᠷᠠᠭᠤᠯᠬᠤ ᠪᠠᠷ ᠭᠤᠤᠯ ᠪᠣᠯᠭᠠᠵᠤ᠂ ᠰᠠᠭᠤᠷᠢ ᠰᠤᠷᠭᠠᠨ | ᠬᠥᠮᠦᠵᠢᠯ ᠤᠨ ᠬᠡᠯᠪᠡᠷᠢ ᠮᠠᠶ᠋ᠢᠭ᠂ ᠪᠠᠭᠰᠢ ᠶᠢᠨ ᠦᠰᠦᠨ ᠪᠣᠶᠢᠵᠢᠬᠤ ᠬᠡᠯᠪᠡᠷᠢ ᠮᠠᠶ᠋ᠢᠭ ᠪᠠ ᠰᠤᠷᠭᠠᠭᠤᠯᠢ ᠶᠢᠨ | ᠬᠠᠮᠢᠶᠠᠷᠤᠯᠲᠠ ᠶᠢᠨ ᠬᠡᠯᠪᠡᠷᠢ ᠮᠠᠶ᠋ᠢᠭ ᠢ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠮᠠᠨ ᠤ ᠬᠤᠰᠢᠭᠤᠨ ᠤ | ᠰᠤᠷᠭᠠᠨ ᠬᠥᠮᠦᠵᠢᠯ ᠤᠨ ᠠᠮᠢ ᠠᠬᠤᠢ ᠶᠢᠨ ᠰᠠᠶᠢᠵᠢᠷᠠᠯᠲᠠ ᠪᠠ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢᠨ | ᠳᠡᠭᠡᠭᠰᠢᠯᠡᠯᠲᠡ ᠶᠢ ᠲᠠᠰᠤᠷᠠᠯᠲᠠ ᠥᠬᠡᠶ ᠠᠬᠢᠭᠤᠯᠬᠤ ᠪᠣᠯᠤᠨ᠎ᠠ᠃ | ᠬᠤᠷᠠᠯ ᠳᠡᠭᠡᠷ᠎ᠡ᠂ ᠮᠠᠨ ᠤ ᠬᠤᠰᠢᠭᠤ ᠤᠯᠠᠭᠠᠨᠬᠠᠳᠠ ᠬᠤᠲᠠ ᠶᠢᠨ ᠰᠤᠷᠤᠯᠴᠠᠬᠤ ᠬᠠᠮᠲᠤ ᠶᠢᠨ ᠴᠣᠭᠴᠠ ᠶᠢᠨ | ᠲᠤᠷᠰᠢᠯᠲᠠ ᠶᠢᠨ ᠣᠷᠣᠨ ᠪᠣᠯᠵᠤ᠂ ᠪᠢᠷᠠᠭᠤ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠢᠦᠢ ᠵᠸᠤ ᠳ᠋ᠢ ᠪᠠᠯᠭᠠᠰᠤᠨ | ᠤ ᠳᠤᠮᠳᠠᠳᠤ ᠰᠤᠷᠭᠠᠭᠤᠯᠢ᠂ ᠪᠢᠷᠠᠭᠤ ᠶᠢᠨ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠪᠢᠷᠠᠭᠤ ᠶᠢᠨ | ᠪᠠᠯᠭᠠᠰᠤᠨ ᠤ ᠲᠥᠪ ᠤᠨ ᠪᠦᠷᠢᠨ ᠪᠠᠭ᠎ᠠ ᠰᠤᠷᠭᠠᠭᠤᠯᠢ᠂ ᠢᠦᠢ ᠵᠸᠤ ᠳ᠋ᠢ ᠪᠠᠯᠭᠠᠰᠤᠨ ᠤ ᠪᠦᠷᠢᠨ ᠪᠠᠭ᠎ᠠ ᠰᠤᠷᠭᠠᠭᠤᠯᠢ | ᠵᠡᠷᠭᠡ ᠲᠠᠪᠤᠨ ᠰᠤᠷᠭᠠᠭᠤᠯᠢ ᠶᠢ ᠤᠯᠠᠭᠠᠨᠬᠠᠳᠠ ᠬᠤᠲᠠ ᠶᠢᠨ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢ | ᠪᠠᠶᠢᠭᠤᠯᠬᠤ ᠠᠩᠬᠠᠨ ᠤ ᠪᠦᠯᠦᠭ ᠵᠠᠮᠴᠢᠯᠠᠬᠤ ᠰᠤᠷᠭᠠᠭᠤᠯᠢ ᠪᠣᠯᠭᠠᠨ ᠳᠡᠪᠰᠢᠭᠦᠯᠵᠡᠶ᠂ ᠡᠨᠡ ᠨᠢ ᠮᠠᠨ ᠤ ᠬᠤᠰᠢᠭᠤᠨ | ᠤ ᠬᠠᠮᠲᠤ ᠶᠢᠨ ᠴᠣᠭᠴᠠ ᠶᠢ ᠰᠤᠷᠤᠯᠴᠠᠬᠤ ᠪᠠᠷ ᠭᠤᠤᠯ ᠠᠭᠤᠯᠭ᠎ᠠ ᠪᠣᠯᠭᠠᠭᠰᠠᠨ ᠬᠢᠴᠢᠶᠡᠯ ᠤᠨ ᠥᠭᠡᠷᠡᠴᠢᠯᠡᠯᠲᠡ | ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠮᠠᠨ ᠤ ᠬᠤᠰᠢᠭᠤᠨ ᠤ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠢᠭᠠᠨ ᠰᠤᠳᠤᠯᠬᠤ ᠹᠷᠣᠨᠲ ᠤᠨ ᠵᠢᠭᠠᠨ | ᠵᠢᠯᠣᠭᠤᠳᠬᠤ ᠬᠢᠴᠢᠶᠡᠯ ᠤᠨ ᠪᠦᠲᠦᠭᠡᠨ ᠪᠠᠶᠢᠭᠤᠯᠤᠯᠲᠠ᠂ ᠬᠢᠴᠢᠶᠡᠯ ᠤᠨ ᠬᠠᠮᠢᠶᠠᠷᠤᠯᠲᠠ ᠵᠢᠴᠢ ᠬᠢᠴᠢᠶᠡᠯ ᠢ | ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠳᠤ ᠮᠠᠰᠢ ᠴᠢᠬᠤᠯᠠ ᠢᠳᠡᠪᠬᠢᠲᠡᠢ ᠨᠥᠯᠥᠭᠡ ᠲᠠᠢ | ᠶᠤᠮ᠃ ᠲᠠᠷᠠᠭᠠᠴᠢ ᠶᠢᠨ ᠠᠯᠬᠤᠮ ᠳᠤ᠂ ᠪᠢᠳᠡ ᠪᠥᠬᠦ ᠰᠢᠰᠲ᠋ᠧᠮ ᠤᠨ ᠬᠦᠴᠦᠨ ᠢᠶᠠᠨ ᠲᠥᠪᠯᠡᠷᠡᠭᠦᠯᠦᠨ᠂ ᠬᠢᠴᠢᠶᠡᠯ | ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ 3 ᠠᠴᠠ 5 ᠵᠢᠯ ᠤᠨ ᠳᠣᠲᠣᠷ᠎ᠠ ᠪᠥᠬᠦ ᠬᠤᠰᠢᠭᠤᠨ ᠤ ᠬᠢᠴᠢᠶᠡᠯ | ᠬᠥᠮᠦᠵᠢᠯ ᠤᠨ ᠠᠮᠢ ᠠᠬᠤᠶ ᠶᠢ ᠢᠯᠡᠳᠲᠡ ᠰᠠᠶᠢᠵᠢᠷᠠᠭᠤᠯᠬᠤ ᠪᠠᠷ ᠴᠢᠷᠮᠠᠶᠢᠵᠤ᠂ ︽ᠬᠠᠮᠲᠤ ᠶᠢᠨ ᠴᠣᠭᠴᠠ ᠶᠢ | ᠪᠠᠶᠢᠭᠤᠯᠤᠨ ᠰᠤᠷᠤᠯᠴᠠᠵᠤ᠂ ︿ᠨᠢᠭᠡ ᠶᠢ ᠴᠦ ᠣᠷᠬᠢᠭᠳᠠᠭᠤᠯᠵᠤ ᠪᠣᠯᠬᠤ ᠥᠬᠡᠶ﹀ ᠦᠨᠡᠨ ᠰᠤᠷᠭᠠᠨ ᠬᠥᠮᠦᠵᠢᠯ ᠢ | ᠴᠢᠷᠮᠠᠶᠢᠨ ᠪᠡᠶᠡᠯᠡᠭᠦᠯᠵᠦ᠂ ᠬᠡᠰᠢᠭᠲᠡᠨ ᠬᠤᠰᠢᠭᠤᠨ ᠤ ᠰᠤᠷᠭᠠᠨ ᠬᠥᠮᠦᠵᠢᠯ ᠤᠨ ᠬᠥᠮᠦᠨ ᠤ ᠰᠢᠨ᠎ᠡ ᠥᠷᠲᠡᠭ ᠤᠨ | ᠬᠥᠭᠡᠭᠡᠴᠡᠯᠳᠦᠯ ᠢ ᠡᠭᠦᠳᠬᠦ ᠪᠠᠷ ᠴᠢᠷᠮᠠᠶᠢᠨ᠎ᠠ᠃ |