ᠰᠤᠷᠪᠤᠯᠵᠢᠯᠠᠭᠴᠢ᠄ ᠹᠦ᠋ ᠲᠣᠪᠴᠢᠶᠠᠨ ᠳᠠᠷᠤᠭ᠎ᠠ ᠰᠠᠶᠢᠨ ᠪᠠᠶᠢᠨ᠎ᠠ ᠦᠦ︖ ᠮᠠᠨ ᠤ ᠬᠤᠰᠢᠭᠤᠨ ᠤ ᠠᠵᠤ | ᠦᠶᠯᠡᠳᠪᠦᠷᠢ ᠶᠢᠨ ᠴᠢᠨᠠᠷᠯᠢᠭ ᠬᠥᠭᠵᠢᠯᠲᠡ ᠶᠢᠨ ᠲᠠᠯ᠎ᠠ ᠪᠠᠷ ᠠᠵᠤ ᠦᠶᠯᠡᠳᠪᠦᠷᠢ ᠮᠡᠳᠡᠭᠡ ᠵᠠᠩᠭᠢ ᠪᠣᠯᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠶᠠᠮᠠᠷ ᠲᠥᠯᠥᠪᠯᠡᠭᠡ ᠲᠠᠢ ᠪᠤᠢ︖ | ᠹᠦ᠋ ᠲᠣᠪᠴᠢᠶᠠᠨ ᠳᠠᠷᠤᠭ᠎ᠠ᠄ ᠮᠠᠨ ᠤ ᠲᠣᠪᠴᠢᠶ᠎ᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠬᠤᠲᠠ | ᠶᠢᠨ ᠵᠠᠰᠠᠭ ᠤᠨ ᠣᠷᠳᠣᠨ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ︽ᠠᠮᠢ ᠠᠬᠤᠢ | ᠶᠢᠨ ᠠᠭᠤᠷᠬᠠᠢ ᠶᠢᠨ ᠦᠢᠯᠡᠰ ᠢ ᠬᠥᠭᠵᠢᠭᠦᠯᠵᠦ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠵᠤ᠂ | ᠥᠩᠭᠡᠲᠦ ᠲᠡᠮᠦᠷᠯᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠤᠬᠠᠢ ᠵᠢᠭᠠᠪᠤᠷᠢ ᠶᠢᠨ ᠵᠣᠷᠢᠭ | ᠰᠠᠨᠠᠭ᠎ᠠ ᠶᠢ ᠴᠢᠩᠭ᠎ᠠ ᠵᠢᠷᠤᠮᠯᠠᠵᠤ᠂ ᠠᠭᠤᠷᠬᠠᠢ ᠶᠢᠨ ᠦᠢᠯᠡᠰ ᠤᠨ ᠡᠮᠬᠢ ᠳᠢᠭᠯᠢᠮ ᠢ ᠴᠡᠭᠴᠡᠯᠡᠬᠦ᠂ ᠠᠭᠤᠷᠬᠠᠢ ᠶᠢᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ︽ᠭᠤᠷᠪᠠ ᠶᠢ ᠴᠡᠭᠴᠡᠯᠡᠬᠦ︾ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ᠢ ᠠᠰᠢᠭᠯᠠᠯᠲᠠ ᠳᠤ | ᠣᠷᠣᠭᠤᠯᠬᠤ᠂ ᠨᠢᠭᠡ ᠪᠦᠯᠦᠭ ᠢ ᠥᠭᠡᠷᠡᠴᠢᠯᠡᠨ ᠪᠠᠶᠢᠭᠤᠯᠬᠤ᠂ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠬᠤ᠂ ︽ᠳᠥᠷᠪᠡᠨ ᠨᠢᠭᠡ ᠪᠦᠯᠦᠭ︾ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ | ᠪᠦᠬᠦ ᠬᠤᠰᠢᠭᠤᠨ ᠤ ᠠᠭᠤᠷᠬᠠᠢ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠯᠡᠨ | ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ | ᠣᠳᠣᠬᠠᠨ ᠳᠤ᠂ ᠪᠥᠬᠦ ᠬᠤᠰᠢᠭᠤᠨ ᠳᠤ ᠥᠩᠭᠡᠲᠦ ᠲᠡᠮᠦᠷᠯᠢᠭ ᠤᠨ ᠠᠭᠤᠷᠬᠠᠢ ᠶᠢᠨ ᠡᠳᠦᠷ ᠤᠨ ᠰᠢᠶᠳᠪᠦᠷᠢᠯᠡᠬᠦ | ᠴᠢᠳᠠᠮᠵᠢ ᠶᠢ 2.33 ᠲᠦᠮᠡᠨ ᠲᠣᠨ ᠬᠢᠨᠠᠨ ᠵᠥᠪᠰᠢᠶᠡᠷᠡᠵᠦ᠂ ᠠᠭᠤᠷᠬᠠᠢ ᠶᠢᠨ ᠠᠵᠤ ᠠᠬᠤᠶᠢᠯᠠᠯ ᠤᠨ ᠡᠳᠦᠷ ᠤᠨ | ᠰᠢᠶᠳᠪᠦᠷᠢᠯᠡᠬᠦ ᠴᠢᠳᠠᠪᠤᠷᠢ ᠶᠢ 1.6 ᠲᠦᠮᠡᠨ ᠲᠣᠨ ᠦᠶᠯᠡᠳᠪᠦᠷᠢᠯᠡᠵᠦ ᠪᠠᠶᠢᠨ᠎ᠠ᠃ ᠮᠠᠨ ᠤ ᠲᠣᠪᠴᠢᠶ᠎ᠠ ᠠᠭᠤᠷᠬᠠᠢ | ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ | ᠲᠥᠯᠥᠪᠵᠢᠭᠦᠯᠭᠡ᠂ ᠨᠠᠵᠠᠭᠠᠶ ᠲᠠᠯ᠎ᠠ ᠶᠢᠨ ᠨᠠᠷᠢᠨ ᠳᠠᠩᠰᠠ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠠᠭᠤᠷᠬᠠᠢ ᠶᠢᠨ ᠨᠡᠭᠡᠭᠡᠯᠲᠡ ᠬᠢᠬᠦ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠭᠠᠳᠬᠠᠨ᠂ ᠡᠬᠢ | ᠪᠠᠶᠠᠯᠢᠭ ᠢ ᠣᠷᠣᠯᠠᠬᠤ᠂ ᠪᠠᠶᠢᠯᠳᠤᠬᠤ ᠪᠣᠳᠣᠯᠭ᠎ᠠ ᠶᠢ ᠳᠠᠬᠢᠨ ᠵᠣᠬᠢᠶᠠᠨ ᠪᠠᠶᠢᠭᠤᠯᠬᠤ᠂ ᠡᠷᠴᠢᠮᠵᠢᠭᠦᠯᠦᠨ ᠬᠥᠭᠵᠢᠭᠦᠯᠬᠦ | ᠲᠣᠭᠤᠷᠢᠨ ᠳᠤ᠂ ︽ᠲᠣᠮᠣ ᠶᠢ ᠲᠡᠳᠬᠦᠨ ᠪᠠᠭ᠎ᠠ ᠶᠢ ᠳᠠᠷᠤᠵᠤ᠂ ᠬᠡᠪᠴᠢᠶᠡᠵᠢᠭᠦᠯᠦᠨ ᠬᠥᠭᠵᠢᠭᠦᠯᠬᠦ︾ ᠵᠠᠷᠴᠢᠮ ᠢ | ᠪᠠᠷᠢᠮᠲᠠᠯᠠᠵᠤ᠂ ᠳᠠᠷᠢ ᠶᠢᠨ ᠳᠠᠪᠠᠭ᠎ᠠ ᠠᠭᠤᠷᠬᠠᠢ ᠶᠢᠨ ᠦᠢᠯᠡᠰ ᠪᠣᠯᠤᠨ ᠶᠢᠨ ᠫᠧᠩ ᠠᠭᠤᠷᠬᠠᠢ ᠶᠢᠨ ᠦᠢᠯᠡᠰ ᠤᠨ | ᠡᠬᠢ ᠪᠠᠶᠠᠯᠢᠭ ᠤᠨ ᠣᠷᠣᠯᠠᠭᠤᠯᠤᠯᠲᠠ ︵ᠠᠭᠤᠷᠬᠠᠢ ᠮᠠᠯᠲᠠᠬᠤ ᠡᠷᠬᠡ ᠶᠢ ᠨᠡᠶᠢᠯᠡᠭᠦᠯᠬᠦ ᠭᠠᠷ ᠭᠦᠢᠴᠡᠳᠬᠡᠯ ᠬᠢᠵᠦ ᠪᠤᠢ | ︶᠂ ᠶᠢᠨ ᠳ᠋ᠦ᠋ ᠠᠭᠤᠷᠬᠠᠢ ᠶᠢᠨ ᠦᠢᠯᠡᠰ ᠪᠣᠯᠤᠨ ᠳ᠋ᠦᠩ ᠱᠧᠩ ᠠᠭᠤᠷᠬᠠᠢ ᠶᠢᠨ ᠦᠢᠯᠡᠰ ᠤᠨ ᠪᠠᠶ᠋ᠬᠠᠠᠭᠤᠯᠠ ᠶᠢᠨ | ᠣᠯᠠᠨ ᠲᠡᠮᠦᠷᠯᠢᠭ ᠤᠨ ᠠᠭᠤᠷᠬᠠᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ︵ᠨᠢᠭᠡᠨᠲᠡ ᠤᠯᠤᠰ ᠤᠨ | ᠥᠮᠴᠢᠯᠡᠯ ᠤᠨ ᠥᠮᠴᠢᠯᠡᠬᠦ ᠡᠷᠬᠡ ᠶᠢᠨ ᠠᠷᠠᠯᠵᠢᠶᠠᠨ ᠤ ᠲᠠᠪᠴᠠᠩ ᠢᠶᠠᠷ ᠳᠠᠮᠵᠢᠨ ᠳ᠋ᠦᠩ ᠱᠧᠩ ᠠᠭᠤᠷᠬᠠᠢ ᠶᠢᠨ | ᠦᠢᠯᠡᠰ ᠤᠨ 70 % ᠶᠢᠨ ᠰᠲ᠋ᠣᠺ ᠤᠨ ᠡᠷᠬᠡ ᠶᠢ ᠣᠯᠵᠤ᠂ ᠣᠳᠣ ᠶᠠᠭ ᠭᠠᠵᠠᠷ ᠰᠢᠷᠣᠢ ᠶᠢ ᠤᠷᠢᠳᠴᠢᠯᠠᠨ | ᠬᠢᠨᠠᠬᠤ ᠵᠡᠷᠭᠡ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠵᠦ ᠪᠤᠢ︶ ᠢ ᠬᠦᠴᠦᠯᠡᠨ ᠠᠬᠢᠭᠤᠯᠵᠤ᠂ ᠳ᠋ᠧ ᠹᠡ | ᠠᠭᠤᠷᠬᠠᠢ ᠶᠢᠨ ᠦᠢᠯᠡᠰ ᠤᠨ ᠲᠥᠯᠥᠪᠯᠡᠭᠡ ᠶᠢ ᠠᠮᠢᠳᠤᠯᠢᠭ ᠪᠣᠯᠭᠠᠵᠤ᠂ ᠡᠷᠭᠢᠨ ᠲᠣᠭᠤᠷᠢᠨ ᠤ ᠠᠭᠤᠷᠬᠠᠢ ᠶᠢᠨ ᠡᠬᠢ | ᠪᠠᠶᠠᠯᠢᠭ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠦᠨ᠎ᠡ᠃ | ᠰᠤᠷᠪᠤᠯᠵᠢᠯᠠᠭᠴᠢ᠄ ᠲᠠ ᠰᠠᠶ᠋ᠢ ᠣᠯᠠᠨ ᠤᠳᠠᠭ᠎ᠠ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠢᠭᠤᠯᠤᠯᠲᠠ ᠶᠢ ᠳᠤᠷᠠᠳᠴᠤ ᠥᠩᠭᠡᠷᠡᠭᠰᠡᠨ᠂ ᠣᠳᠣ ᠮᠠᠨ ᠤ ᠬᠤᠰᠢᠭᠤᠨ ᠤ ᠪᠣᠬᠢᠷᠲᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠠᠮᠠᠷ ᠱᠠᠲᠤᠨ ᠳᠤ ᠪᠠᠶᠢᠬᠤ ᠪᠤᠢ︖ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ | ᠰᠡᠳᠬᠢᠴᠡ ᠨᠢ ᠶᠠᠭᠤ ᠪᠤᠢ︖ | ᠹᠦ᠋ ᠲᠣᠪᠴᠢᠶᠠᠨ ᠳᠠᠷᠤᠭ᠎ᠠ᠄ ᠣᠳᠣ ᠪᠣᠯᠲᠠᠯ᠎ᠠ᠂ ᠮᠠᠨ ᠤ ᠬᠤᠰᠢᠭᠤᠨ ᠤ ᠬᠤᠶᠠᠷ ᠠᠭᠤᠷᠬᠠᠢ ᠶᠢᠨ ᠠᠵᠤ | ᠠᠬᠤᠶᠢᠯᠠᠯ ᠤᠯᠤᠰ ᠤᠨ ᠲᠡᠰ ᠤᠨ ᠪᠣᠬᠢᠷᠲᠤᠯ ᠥᠬᠡᠶ ᠠᠭᠤᠷᠬᠠᠢ ᠶᠢᠨ ᠴᠣᠯᠠ ᠬᠦᠷᠲᠡᠵᠦ᠂ ᠤᠯᠤᠰ ᠤᠨ ᠲᠡᠰ ᠤᠨ | ᠪᠣᠬᠢᠷᠲᠤᠯ ᠥᠬᠡᠶ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠪᠣᠯᠵᠠᠶ᠃ ᠡᠯ᠎ᠡ | ᠠᠭᠤᠷᠬᠠᠢ ᠶᠢᠨ ᠳᠠᠭᠠᠭᠠᠴᠢᠯᠠᠨ ᠪᠠᠶᠢᠭᠤᠯᠬᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ᠂ | ᠮᠡᠷᠭᠡᠵᠢᠯ ᠤᠨ ᠥᠭᠡᠷᠡᠴᠢᠯᠡᠯᠲᠡ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠦᠲᠦᠭᠡᠨ ᠪᠠᠶᠢᠭᠤᠯᠤᠯᠲᠠ ᠨᠡᠶᠢᠲᠡ | 7000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 15 ᠲᠦᠮᠡ ᠭᠠᠷᠤᠶ | ᠰᠠᠭᠤᠷᠢ ᠮᠣᠳᠣ ᠲᠠᠷᠢᠵᠤ᠂ ᠬᠠᠲᠠᠭᠤᠷᠠᠭᠤᠯᠤᠭᠰᠠᠨ ᠲᠠᠯᠠᠪᠠᠢ ᠨᠢ 13 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠴᠦ᠂ ᠨᠣᠭᠤᠭᠠᠷᠠᠭᠤᠯᠤᠯᠲᠠ ᠶᠢᠨ ᠲᠠᠯᠠᠪᠠᠢ ᠨᠢ 700 ᠭᠠᠷᠤᠶ ᠮᠦ ᠪᠠᠶᠢᠵᠤ᠂ ᠨᠣᠭᠤᠭᠠᠷᠠᠭᠤᠯᠤᠯᠲᠠ ᠶᠢᠨ | ᠪᠦᠷᠬᠦᠴᠡ ᠶᠢᠨ ᠨᠣᠷᠮ᠎ᠠ ᠨᠢ ᠨᠣᠭᠤᠭᠠᠷᠠᠭᠤᠯᠤᠯᠲᠠ ᠶᠢᠨ ᠲᠠᠯᠠᠪᠠᠢ ᠶᠢᠨ 70% ᠠᠴᠠ ᠳᠡᠭᠡᠭᠰᠢ ᠳᠤ ᠬᠦᠷᠪᠡ᠃ | ᠳᠠᠷᠠᠭᠠᠴᠢ ᠶᠢᠨ ᠠᠯᠬᠤᠮ ᠳᠤ ᠬᠤᠶᠠᠷ ᠵᠢᠯ ᠣᠷᠴᠢᠮ ᠤᠨ ᠴᠠᠭ ᠢ ᠬᠡᠷᠡᠭᠯᠡᠵᠦ ᠪᠠᠶᠢᠭᠠᠳ ᠬᠡᠪᠴᠢᠶᠡᠵᠢᠯ ᠠᠴᠠ | ᠳᠡᠭᠡᠭᠰᠢᠬᠢ ᠠᠭᠤᠷᠬᠠᠢ ᠶᠢᠨ ᠠᠵᠤ ᠠᠬᠤᠶᠢᠯᠠᠯ ᠪᠦᠬᠦᠨ ᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠭᠡᠨ᠎ᠡ᠃ ᠰᠢᠨ᠎ᠡ ᠪᠠᠷ ᠡᠬᠢᠯᠡᠭᠦᠯᠦᠭᠰᠡᠨ ᠠᠭᠤᠷᠬᠠᠢ ᠶᠢᠨ ᠠᠵᠤ | ᠠᠬᠤᠶᠢᠯᠠᠯ ᠳᠤ ᠴᠥᠮ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠦᠲᠦᠭᠡᠨ | ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠱᠠᠭᠠᠷᠳᠠᠯᠭ᠎ᠠ | ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ |