ᠮᠠᠨ ᠤ ᠤᠯᠤᠰ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢ ᠪᠦᠬᠦ ᠲᠠᠯ᠎ᠡ ᠪᠠᠷ ᠴᠢᠩᠭᠠᠳᠬᠠᠬᠤ ᠪᠠᠷ ᠪᠤᠢ
ᠨᠡᠶᠢᠲᠡᠯᠡᠭᠰᠡᠨ ᠴᠠᠭ᠄
2019/12/5
        ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠡ ᠶᠢᠨ 24᠎ ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠵᠠᠩ ᠴᠢᠤᠸᠠᠨ︶ ᠤᠢᠢᠷ᠎ᠡ ᠶᠢᠨ ᠡᠳᠦᠷ᠂ ᠨᠠᠮ ᠤᠨ ᠲᠦᠪ ᠬᠤᠷᠢᠶᠠᠨ ᠤ ᠠᠯᠪᠡᠨ ᠲᠢᠩᠭᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠡᠨ ᠲᠢᠩᠭᠢᠮ ︽ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠬᠤ ᠲᠤᠬᠠᠢ ᠰᠠᠨᠠᠯ︾᠎ ᠢ ᠲᠠᠷᠤᠮᠠᠯᠯᠠᠨ ᠲᠠᠷᠬᠠᠭᠠᠵᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢᠨ ᠰᠢᠰᠲᠧᠮ ᠢ ᠲᠠᠰᠤᠷᠠᠯᠳᠠ ᠦᠭᠡᠢ ᠦᠭᠡᠷᠡᠴᠢᠯᠡᠨ ᠲᠡᠬᠦᠯᠳᠡᠷᠵᠢᠬᠦᠯᠵᠤ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠤ ᠠᠬᠤᠢ᠂ ᠮᠡᠷᠭᠡᠵᠢᠯ᠂ ᠨᠡᠶᠢᠭᠡᠮ ᠤᠨ ᠵᠠᠰᠠᠯᠳᠠ ᠶᠢᠨ ᠠᠷᠭ᠎ᠠ ᠪᠠᠷᠢᠯ ᠢ ᠶᠡᠷᠤᠩᠭᠡᠶᠢᠯᠡᠨ ᠭᠡᠷᠡᠭᠯᠡᠵᠤ ᠬᠠᠮᠠᠭᠠᠯᠠᠯᠳᠠ ᠪᠠᠨ ᠴᠢᠩᠭᠠᠳᠬᠠᠵᠤ᠂ ᠬᠠᠮᠠᠭᠠᠯᠠᠯᠳᠠ ᠶᠢᠨ ᠴᠢᠳᠠᠪᠤᠷᠢ ᠪᠤᠯᠤᠨ ᠲᠦᠪᠰᠢᠨ ᠤ ᠪᠦᠬᠦᠯᠢ ᠴᠤᠬᠴᠠ ᠶᠢᠨ ᠲᠡᠭᠡᠭᠰᠢᠯᠡᠯᠳᠠ ᠶᠢ ᠠᠬᠢᠭᠤᠯᠬᠤ ᠭᠡᠷᠡᠭᠳᠠᠢ ᠭᠡᠵᠤ ᠲᠤᠳᠤᠷᠬᠠᠢ ᠱᠠᠭᠠᠷᠳᠠᠪᠠ᠃ ᠰᠠᠨᠠᠯ ᠳᠤ᠂ 2022 ᠤᠨ ᠪᠤᠯᠬᠤ ᠳᠤ᠂ ᠡᠷᠭᠡ ᠳᠤ ᠬᠠᠯᠳᠠᠬᠰᠡᠨ ᠠᠮᠠᠷᠬᠠᠨ ᠡᠬᠦᠰᠬᠦ ᠤᠯᠠᠨ ᠡᠬᠦᠰᠬᠦ ᠦᠵᠡᠭᠳᠡᠯ ᠢ ᠪᠦᠳᠦᠮᠵᠢᠳᠠᠢ ᠬᠤᠷᠢᠬᠯᠠᠵᠤ᠂ ᠡᠷᠭᠡᠳᠤ ᠬᠦᠮᠦᠨ ᠤ ᠡᠷᠭᠡ ᠪᠠᠨ ᠬᠠᠮᠠᠭᠠᠯᠠᠬᠤ ᠳᠤ ︽ᠭᠡᠷᠡᠴᠢ ᠭᠠᠷᠭᠠᠬᠤ ᠳᠤ ᠬᠦᠴᠢᠷ᠂ ᠦᠶᠡᠯᠡᠯ ᠤᠨ ᠬᠤᠭᠤᠴᠠᠭ᠎ᠠ ᠤᠷᠳᠤ᠂ ᠦᠪᠡᠷ ᠤᠨ ᠦᠷᠳᠡᠭ ᠦᠨᠳᠦᠷ᠂ ᠲᠦᠯᠦᠪᠤᠷᠢ ᠪᠠᠭ᠎ᠠ︾ ᠪᠠᠶᠢᠬᠤ ᠪᠠᠶᠢᠳᠠᠯ ᠢ ᠢᠯᠡᠳᠳᠠ ᠰᠠᠶᠢᠵᠢᠷᠠᠭᠤᠯᠬᠤ ᠪᠠᠷ ᠴᠢᠷᠮᠠᠶᠢᠨ᠎ᠠ︔2025 ᠤᠨ ᠪᠤᠯᠬᠤ ᠳᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢᠨ ᠨᠡᠶᠢᠭᠡᠮ ᠤᠨ ᠲᠠᠭᠠᠰᠢᠶᠠᠯ ᠤᠨ ᠬᠡᠮᠵᠢᠶ᠎ᠡ ᠶᠢ ᠨᠡᠯᠢᠶᠡᠳ ᠦᠨᠳᠦᠷ ᠲᠦᠪᠰᠢᠨ ᠳᠤ ᠬᠦᠷᠭᠡᠬᠦ ᠪᠦᠭᠡᠳ ᠪᠠᠳᠤᠯᠠᠵᠤ᠂ ᠬᠠᠮᠠᠭᠠᠯᠠᠯᠳᠠ ᠶᠢᠨ ᠴᠢᠳᠠᠪᠤᠷᠢ ᠶᠢ ᠪᠦᠳᠦᠮᠵᠢᠳᠠᠢ ᠲᠡᠭᠡᠭᠰᠢᠯᠡᠭᠦᠯᠵᠤ᠂ ᠬᠠᠮᠠᠭᠠᠯᠠᠯᠳᠠ ᠶᠢᠨ ᠰᠢᠰᠲᠧᠮ ᠢ ᠤᠯᠠᠮ ᠲᠡᠬᠦᠯᠳᠡᠷᠵᠢᠭᠦᠯᠵᠤ᠂ ᠮᠡᠳᠡᠯᠭᠡ ᠶᠢᠨ ᠦᠨ᠎ᠡ ᠦᠷᠳᠡᠭ ᠢ ᠬᠦᠨᠳᠦᠳᠭᠡᠬᠦ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠤᠯᠠᠮ ᠰᠢᠯᠢᠳᠡᠭᠵᠢᠭᠦᠯᠵᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠰᠢᠨ᠎ᠡ ᠶᠢ ᠡᠬᠦᠳᠬᠦ ᠦᠨᠳᠦᠰᠤᠨ ᠪᠠᠳᠤᠯᠠᠭ᠎ᠠ ᠶᠢᠨ ᠦᠢᠯᠡᠳᠦᠯ ᠢ ᠨᠡᠩ ᠪᠦᠳᠦᠮᠵᠢᠳᠠᠢ ᠪᠠᠳᠠᠷᠠᠭᠤᠯᠬᠤ ᠪᠤᠯᠤᠨ᠎ᠡ ᠭᠡᠵᠤ ᠲᠤᠷᠠᠳᠪᠠ ᠃ ᠰᠠᠨᠠᠯ ᠳᠤ᠂ ᠡᠷᠭᠡ ᠳᠤ ᠬᠠᠯᠳᠠᠵᠤ ᠬᠠᠭᠤᠷᠮᠠᠬᠯᠡᠨ ᠦᠢᠯᠡᠳᠦᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠭᠡᠷᠡᠴᠢ ᠶᠢᠨ ᠪᠠᠷᠢᠮᠵᠢᠶ᠎ᠡ ᠶᠢ ᠴᠢᠩᠭ᠎ᠠ ᠵᠢᠷᠤᠮᠵᠢᠭᠤᠯᠵᠤ᠂ ᠭᠡᠷᠡᠭ ᠢ ᠬᠦᠢᠴᠡᠳᠭᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠰᠢᠨ᠎ᠡ ᠡᠵᠡᠩᠨᠡᠯᠳᠠ ᠶᠢᠨ ᠬᠡᠯᠪᠡᠷᠢ ᠰᠢᠨ᠎ᠡ ᠬᠦᠷᠢᠶᠠᠨ ᠳᠠᠬᠢ ᠬᠠᠮᠠᠭᠠᠯᠠᠯᠳᠠ ᠶᠢᠨ ᠲᠦᠷᠢᠮ ᠢ ᠲᠡᠬᠦᠯᠳᠡᠷᠵᠢᠬᠦᠯᠬᠦ ᠭᠡᠷᠡᠭᠳᠠᠢ ᠭᠡᠵᠤ ᠱᠠᠭᠠᠷᠳᠠᠪᠠ᠃ ᠲᠤᠰᠬᠠᠢ ᠠᠰᠢᠭ᠂ ᠵᠤᠬᠢᠶᠠᠯ ᠪᠦᠳᠦᠭᠡᠯ ᠤᠨ ᠡᠷᠭᠡ ᠵᠡᠷᠭᠡ ᠬᠦᠷᠢᠶᠠᠨ ᠳᠤ ᠡᠷᠭᠡ ᠳᠤ ᠬᠠᠯᠳᠠᠬᠰᠡᠨ ᠠᠵᠢᠯᠯᠠᠭ᠎ᠠ ᠶᠢ ᠵᠠᠯᠬᠠᠭᠠᠨ ᠰᠢᠢᠳᠭᠡᠬᠦ ᠴᠢᠨᠠᠷᠳᠠᠢ ᠲᠦᠯᠦᠪᠤᠷᠢ ᠶᠢᠨ ᠲᠦᠷᠢᠮ ᠢ ᠤᠷᠤᠭᠤᠯᠬᠤ ᠶᠢ ᠲᠦᠷᠭᠡᠳᠭᠡᠨ᠎ᠡ︔ ᠬᠤᠳᠠᠯᠳᠤᠭᠠᠨ ᠤ ᠨᠢᠭᠤᠴᠠ᠂ ᠨᠢᠭᠤᠴᠠ ᠬᠤᠳᠠᠯᠳᠤᠭᠠᠨ ᠤ ᠶᠠᠪᠤᠳᠠᠯ ᠤᠨ ᠮᠡᠳᠡᠭᠡ ᠵᠠᠩᠭᠢ ᠵᠢᠴᠢ ᠲᠡᠬᠦᠨ ᠤ ᠡᠬᠢ ᠺᠤᠳ᠋ ᠵᠡᠷᠭᠡ ᠶᠢᠨ ᠪᠦᠳᠦᠮᠵᠢᠳᠠᠢ ᠬᠠᠮᠠᠭᠠᠯᠠᠯᠳᠠ ᠶᠢ ᠴᠢᠩᠭᠠᠳᠬᠠᠬᠤ ᠶᠢ ᠬᠠᠶᠢᠨ ᠰᠦᠪᠡᠭᠴᠢᠯᠡᠨ᠎ᠡ︔ ᠡᠷᠡᠬᠦᠤ ᠶᠢᠨ ᠭᠡᠷᠡᠭ ᠲᠤ ᠴᠤᠬᠢᠯᠳᠠ ᠦᠭᠬᠦ ᠡᠷᠴᠢᠮ ᠢᠶᠠᠨ ᠴᠢᠩᠭᠠᠷᠠᠭᠤᠯᠵᠤ᠂ ᠡᠷᠡᠬᠦᠤ ᠰᠢᠢᠳᠭᠡᠯ ᠤᠨᠤᠬᠳᠠᠭᠤᠯᠵᠤ ᠰᠢᠢᠳᠭᠡᠬᠦ ᠡᠷᠴᠢᠮ ᠢᠶᠠᠨ ᠴᠢᠩᠭᠠᠷᠠᠭᠤᠯᠤᠨ᠎ᠡ︔ ᠡᠮ ᠤᠨ ᠵᠦᠢᠯᠡᠰ ᠤᠨ ᠲᠤᠰᠬᠠᠢ ᠠᠰᠢᠭ ᠤᠨ ᠬᠤᠯᠪᠤᠭᠠᠰᠤ ᠶᠢᠨ ᠲᠦᠷᠢᠮ᠂ ᠡᠮ ᠤᠨ ᠵᠦᠢᠯᠡᠰ ᠤᠨ ᠲᠤᠰᠬᠠᠢ ᠠᠰᠢᠭ ᠤᠨ ᠲᠤᠬᠳᠠᠭᠰᠡᠨ ᠬᠤᠭᠤᠴᠠᠭᠠᠨ ᠳᠤ ᠨᠦᠬᠦᠪᠤᠷᠢᠯᠡᠬᠦ ᠲᠦᠷᠢᠮ ᠢ ᠪᠠᠶᠢᠭᠤᠯᠬᠤ ᠶᠢ ᠬᠠᠶᠢᠨ ᠰᠦᠪᠡᠭᠴᠢᠯᠡᠨ᠎ᠡ︔ ᠡᠯᠧᠺᠲᠷᠤᠨ ᠬᠤᠳᠠᠯᠳᠤᠭ᠎ᠠ ᠶᠢᠨ ᠲᠠᠪᠴᠠᠩ ᠤᠨ ᠬᠠᠮᠠᠭᠠᠯᠠᠨ ᠬᠠᠮᠢᠶᠡᠷᠬᠤ ᠪᠠᠷᠢᠮᠵᠢᠶ᠎ᠡ ᠶᠢ ᠲᠤᠭᠳᠠᠭᠠᠨ᠎ᠠ ᠬᠡᠵᠤ ᠲᠤᠷᠠᠤᠨᠪᠠ᠃ ᠰᠠᠨᠠᠯ ᠳᠤ᠂ ᠬᠠᠤᠯᠢ ᠭᠡᠷᠡᠭᠵᠢᠬᠦᠯᠤᠯᠳᠡ ᠳᠤ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠬᠠᠮᠳᠤ ᠪᠠᠷ ᠵᠠᠰᠠᠬᠤ ᠬᠡᠪ ᠵᠠᠬᠪᠤᠷ ᠢ ᠪᠠᠶᠢᠭᠤᠯᠤᠨ ᠪᠦᠷᠢᠨᠰᠢᠬᠦᠯᠵᠤ᠂ ᠲᠤᠰᠬᠠᠢ ᠮᠡᠷᠭᠡᠵᠢᠯ ᠤᠨ ᠲᠤᠯᠭᠠᠭᠤᠷᠢᠯᠡᠯ ᠢ ᠴᠢᠩᠭᠠᠳᠬᠠᠬᠤ ᠭᠡᠷᠡᠭᠳᠠᠢ᠃ ᠡᠷᠭᠡ ᠤᠯᠭᠤᠬᠤ ᠡᠷᠭᠡ ᠶᠢ ᠨᠤᠳᠠᠯᠠᠨ ᠲᠤᠬᠳᠠᠭᠠᠬᠤ ᠡᠷᠭᠡ ᠶᠢ ᠬᠠᠮᠠᠭᠠᠯᠠᠬᠤ ᠶᠢ ᠵᠤᠯᠭᠠᠭᠤᠯᠬᠤ ᠶᠠᠪᠤᠴᠠ ᠶᠢ ᠰᠢᠯᠢᠳᠡᠭᠵᠢᠬᠦᠯᠵᠤ᠂ ᠰᠠᠯᠠᠭ᠎ᠠ ᠮᠦᠴᠢᠷ ᠠᠯᠤᠰᠯᠠᠨ ᠤᠷᠤᠨ ᠪᠦᠰᠡ ᠠᠯᠤᠰᠯᠠᠨ ᠭᠡᠷᠡᠭ ᠰᠢᠢᠳᠪᠤᠷᠢᠯᠡᠬᠦ ᠬᠠᠮᠵᠢᠯᠴᠠᠭ᠎ᠠ ᠪᠠᠨ ᠴᠢᠩᠭᠠᠳᠬᠠᠵᠤ᠂ ᠲᠦᠬᠦᠮ ᠬᠢᠯᠪᠡᠷ ᠭᠡᠷᠡᠭ ᠪᠤᠯᠤᠨ ᠵᠢᠭᠤᠷᠠᠯᠳᠤᠭᠠᠨ ᠢ ᠲᠦᠷᠭᠡᠨ ᠰᠢᠢᠳᠪᠤᠷᠢᠯᠡᠬᠦ ᠶᠢ ᠠᠬᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠭᠡ ᠶᠢ ᠲᠦᠷᠭᠡᠨ ᠬᠠᠮᠠᠭᠠᠯᠠᠬᠤ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ᠃ ᠨᠡᠩ ᠶᠡᠭᠡ ᠬᠦᠴᠦᠨ ᠢᠶᠠᠷ ᠤᠯᠠᠨ ᠤᠯᠤᠰ ᠤᠨ ᠬᠠᠮᠳᠤᠷᠠᠯᠴᠠᠭ᠎ᠠ ᠶᠢ ᠴᠢᠩᠭᠠᠳᠬᠠᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠡᠷᠭᠡᠳᠤ ᠬᠦᠮᠦᠨ ᠯᠦᠭᠡ ᠤᠯᠤᠯᠴᠠᠬᠤ ᠠᠷᠭ᠎ᠠ ᠵᠠᠮ ᠢ ᠪᠦᠷᠢᠨᠰᠢᠬᠦᠯᠵᠤ᠂ ᠭᠠᠳᠠᠭᠠᠳᠤ ᠳᠤ ᠡᠷᠭᠡ ᠪᠠᠨ ᠬᠠᠮᠠᠭᠠᠯᠠᠬᠤ ᠲᠤᠰᠠᠯᠠᠮᠵᠢ ᠶᠢᠨ ᠦᠢᠯᠡᠴᠢᠯᠡᠭᠡ ᠶᠢ ᠴᠢᠩᠭᠠᠳᠬᠠᠵᠤ᠂ ᠵᠤᠬᠢᠴᠠᠭᠤᠯᠬᠤ ᠪᠠ ᠮᠡᠳᠡᠭᠡ ᠵᠠᠩᠭᠢ ᠤᠯᠬᠤ ᠲᠤᠬᠳᠠᠴᠠ ᠶᠢ ᠪᠦᠷᠢᠨᠰᠢᠬᠦᠯᠬᠦ ᠭᠡᠷᠡᠭᠳᠠᠢ ᠭᠡᠵᠤ ᠱᠠᠭᠠᠷᠳᠠᠪᠠ᠃ ᠰᠠᠨᠠᠯ ᠳᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠡ ᠪᠠᠷ ᠴᠢᠩᠭᠠᠳᠬᠠᠬᠤ ᠭᠡᠷᠡᠭᠳᠠᠢ᠃ ᠤᠷᠤᠨ ᠨᠤᠳᠤᠭ ᠤᠨ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠡ ᠪᠠᠷ ᠲᠤᠭᠤᠰᠢᠯᠠᠭᠤᠯᠵᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢᠨ ᠬᠠᠷᠢᠶ᠎ᠡ ᠤᠷᠤᠨ ᠤ ᠬᠠᠷᠢᠭᠤᠴᠠᠯᠭ᠎ᠠ ᠶᠢ ᠨᠡᠶᠢᠳᠠᠪᠤᠷᠢᠵᠢᠭᠤᠯᠬᠤ ᠭᠡᠷᠡᠭᠳᠠᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢᠨ ᠪᠡᠯᠡ ᠮᠦᠡᠭᠭᠦᠨ ᠤ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ᠃ ᠨᠦᠬᠦᠴᠡᠯ ᠲᠠᠢ ᠭᠠᠵᠠᠷ ᠤᠷᠤᠨ ᠤ ᠤᠷᠢᠳ ᠢᠶᠠᠷ ᠭᠡᠷᠡᠭᠵᠢᠬᠦᠯᠵᠤ ᠤᠷᠢᠳ ᠢᠶᠠᠷ ᠲᠤᠷᠰᠢᠬᠤ ᠶᠢ ᠵᠤᠷᠢᠬᠵᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢᠨ ᠲᠤᠷᠰᠢᠯᠳᠠ ᠶᠢᠨ ᠴᠡᠭ ᠤᠨ ᠵᠢᠱᠢᠶ᠎ᠡ ᠦᠵᠡᠬᠦᠯᠬᠦ ᠤᠷᠤᠨ ᠢ ᠤᠷᠢᠳ ᠢᠶᠠᠷ ᠪᠠᠶᠢᠭᠤᠯᠬᠤ ᠭᠡᠷᠡᠭᠳᠠᠢ᠃ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢᠨ ᠠᠵᠢᠯ ᠤᠨ ᠠᠮᠵᠢᠯᠳᠠ ᠶᠢ ᠤᠷᠤᠨ ᠨᠤᠳᠤᠭ ᠤᠨ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠤ ᠠᠵᠢᠯ ᠤᠨ ᠠᠮᠵᠢᠯᠳᠠ ᠶᠢᠨ ᠰᠢᠯᠭᠠᠨ ᠪᠠᠶᠢᠴᠠᠭᠠᠯᠳᠠ ᠪᠤᠯᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠦᠨᠡᠯᠡᠯᠳᠠ ᠶᠢᠨ ᠰᠢᠰᠲᠧᠮ ᠳᠤ ᠤᠷᠤᠭᠤᠯᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠦᠳᠦᠮᠵᠢᠳᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠲᠤᠳᠤᠷᠬᠠᠢᠢᠯᠠᠪᠠ᠃ ᠪᠥᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠵᠢᠨᠠᠨ ᠳᠤ ᠠᠩᠬ᠎ᠠ ᠲᠠᠷᠬᠠᠭᠠᠪᠠ ᠰᠢᠨᠬᠤᠸᠠ ᠬᠤᠷᠢᠶᠠᠨ ᠤ ᠵᠢᠨᠠᠨ ᠤ 11 ᠰᠠᠷ᠎ᠠ ᠶᠢᠨ 24᠎ ᠤ ᠴᠠᠬᠢᠯᠭᠠᠨ ᠮᠡᠳᠡᠭᠡ ᠠᠴᠠ ︵ᠰᠤᠷᠪᠤᠯᠵᠢᠯᠠᠭᠴᠢ ᠸᠧᠶ ᠱᠧᠩ ᠶᠣᠣ︶ ᠪᠦᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠩᠬ᠎ᠠ ᠲᠠᠷᠬᠠᠭᠠᠬᠤ ᠶᠣᠰᠣᠯᠠᠯ 24᠎ ᠤ ᠡᠳᠦᠷ ᠱᠠᠨᠳᠦ᠋ᠩ ᠤᠨ ᠵᠢᠨᠠᠨ ᠳᠤ ᠶᠠᠪᠤᠭᠳᠠᠪᠠ᠃ ︽ᠡᠮ ᠡᠮᠨᠡᠯᠭᠡ ᠶᠢᠨ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ︾᠎ ᠨᠢ ᠪᠥᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠴᠣᠷ ᠤᠨ ᠭᠠᠭᠴᠠ ᠪᠡᠶ᠎ᠡ ᠭᠡᠮ ᠤᠨ ᠭᠡᠷᠡᠴᠢ ᠪᠠᠷᠢᠮᠲᠠ ᠪᠣᠯᠤᠨ᠎ᠠ᠂ ᠡᠨᠡ ᠳᠦᠷ ᠠᠴᠠ ᠡᠬᠢᠯᠡᠨ ᠾᠧᠪᠧᠢ᠂ ᠭᠢᠷᠢᠨ᠂ ᠬᠠᠷᠠᠮᠥ᠋ᠷᠡᠨ᠂ ᠱᠠᠩᠬᠠᠶ᠂ ᠹᠦᠵᠢᠶᠠᠨ᠂ ᠱᠠᠨᠳᠦ᠋ᠩ᠂ ᠭᠤᠸᠠᠩᠳᠦ᠋ᠩ ᠵᠡᠷᠭᠡ ᠳᠣᠯᠣᠭᠠᠨ ᠮᠣᠵᠢ ︵ᠬᠤᠲᠠ︶᠎ ᠶᠢᠨ ᠬᠡᠰᠡᠭ ᠬᠤᠲᠠ ᠳᠤ ᠵᠠᠯᠭᠠᠭ᠎ᠠ ᠪᠠᠷ ᠠᠰᠢᠬᠯᠠᠯᠲᠠ ᠳᠤ ᠣᠷᠣᠬᠤ ᠪᠤᠯᠤᠨ᠎ᠠ᠃ ᠤᠯᠤᠰ ᠤᠨ ᠡᠮ ᠡᠮᠨᠡᠯᠬᠡ ᠶᠢᠨ ᠪᠠᠳᠤᠯᠠᠪᠤᠷᠢ ᠶᠢᠨ ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠡᠮ ᠡᠮᠨᠡᠯᠬᠡ ᠶᠢᠨ ᠲᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠨᠢ ᠪᠡᠶ᠎ᠡ ᠭᠡᠮ ᠤᠨ ᠭᠡᠷᠡᠴᠢ ᠪᠠᠷᠢᠮᠲᠠ᠂ ᠮᠡᠳᠡᠭᠡ ᠵᠠᠩᠭᠢ ᠶᠢᠨ ᠲᠡᠮᠳᠡᠭᠯᠡᠯ᠂ ᠠᠦ᠋ᠲ᠋ᠣᠪᠠᠶᠢᠴᠠᠭᠠᠨ ᠯᠠᠪᠯᠠᠬᠤ᠂ ᠡᠮ ᠡᠮᠨᠡᠯᠬᠡ ᠶᠢᠨ ᠳᠠᠭᠠᠳᠬᠠᠯ ᠢ ᠲᠠᠰᠤᠯᠤᠨ ᠪᠣᠳᠣᠬᠤ᠂ ᠰᠦᠢᠳᠬᠡᠯ ᠲᠤᠰᠢᠶᠠᠬᠤ ᠵᠢᠴᠢ ᠤᠯᠭᠤᠮᠵᠢ ᠬᠦᠷᠳᠡᠭᠡᠮᠵᠢ ᠠᠪᠬᠤ᠂ ᠡᠮ ᠡᠮᠨᠡᠯᠬᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠶ᠋ᠴᠡᠳᠬᠡᠬᠦ ᠵᠡᠷᠭᠡ ᠴᠢᠳᠠᠮᠵᠢ ᠲᠠᠢ ᠶᠤᠮ᠂ ᠣᠯᠠᠨ ᠲᠦᠮᠡᠨ ᠤ ᠢᠨᠲ᠋ᠧᠷ ᠰᠦᠯᠵᠢᠶ᠎ᠡ ᠳᠡᠭᠡᠷ᠎ᠡ ᠡᠮ ᠡᠮᠨᠡᠯᠬᠡ ᠶᠢᠨ ᠪᠠᠳᠤᠯᠠᠪᠤᠷᠢ ᠶᠢᠨ ᠰᠠᠯᠠᠭ᠎ᠠ ᠮᠥᠴᠢᠷ ᠤᠨ ᠡᠯ᠎ᠡ ᠵᠦᠶ᠋ᠯ ᠤᠨ ᠣᠯᠠᠨ ᠨᠡᠶᠢᠲᠡ ᠶᠢᠨ ᠦᠶ᠋ᠯᠡᠴᠢᠯᠡᠭᠡ ᠶᠢ ᠥᠨᠳᠥᠷ ᠪᠦᠲᠦᠮᠵᠢᠲᠡᠶ᠂ ᠠᠮᠤᠷ ᠲᠦᠪᠰᠢᠨ ᠢᠶᠠᠷ ᠡᠳ᠋ᠯᠡᠵᠦ ᠴᠢᠳᠠᠬᠤ ᠶᠢ ᠦᠨᠡᠨ ᠬᠦ᠋ᠪᠠᠲᠤᠯᠠᠨ᠎ᠠ᠃ ᠳᠠᠭᠠᠳᠬᠠᠯ ᠳᠤ ᠣᠷᠣᠯᠴᠠᠭᠴᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ App᠎ ᠪᠠᠷ ᠳᠠᠮᠵᠢᠭᠤᠯᠤᠨ᠂ ᠡᠰᠡᠬᠦᠯ᠎ᠡ ᠵᠢᠷᠬᠢᠶ᠎ᠠ᠂ ᠰᠦᠯᠵᠢᠶᠡᠨ ᠲᠤᠭᠠᠴᠠᠭᠤᠯᠤᠷ ᠵᠡᠷᠭᠡ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠡᠷᠬᠡ ᠣᠯᠭᠤᠭᠰᠠᠨ ᠭᠤᠷᠪᠠᠳᠠᠬᠢ ᠡᠲᠡᠭᠡᠳ ᠤᠨ ᠠᠷᠭ᠎ᠠ ᠵᠠᠮ ᠢᠶᠠᠷ ᠳᠠᠮᠵᠢᠭᠤᠯᠵᠥ ᠠᠮᠢᠯᠠᠭᠤᠯᠤᠨ ᠠᠰᠢᠬᠯᠠᠵᠥ ᠪᠣᠯᠤᠨ᠎ᠠ᠃ ᠠᠮᠤᠷ ᠳᠦᠪᠰᠢᠨ ᠴᠢᠨᠠᠷ ᠤᠨ ᠳᠠᠯ᠎ᠠ ᠪᠠᠷ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠨᠢ ᠦᠨᠡᠨ ᠨᠡᠷ᠎ᠡ᠂ ᠦᠨᠡᠨ ᠬᠥᠮᠦᠨ ᠤ ᠭᠡᠷᠡᠴᠢᠯᠡᠯᠲᠡ ᠪᠠᠷ ᠳᠠᠮᠵᠢᠭᠤᠯᠵᠤ᠂ ᠤᠯᠤᠰ ᠲᠠᠭᠠᠨ ᠦᠢᠯᠡᠳᠦᠭᠰᠡᠨ ᠨᠢᠭᠤᠴᠠᠯᠠᠨ ᠪᠣᠳᠣᠬᠤ᠂ ᠲᠤᠭ᠎ᠠ ᠪᠠᠷᠢᠮᠲᠠ ᠶᠢ ᠨᠢᠭᠤᠴᠠᠯᠠᠨ ᠳᠠᠮᠵᠢᠭᠤᠯᠬᠤ᠂ ᠬᠥᠳᠡᠯᠦᠩᠭᠦᠶ ᠮᠡᠷᠬᠡᠨ ᠴᠤᠬᠤᠷ ᠤᠨ ᠦᠵᠡᠭᠦᠯᠭᠡ ᠶᠢ ᠬᠡᠷᠡᠭᠯᠡᠵᠦ᠂ ᠬᠤᠪᠢ ᠬᠥᠮᠦᠨ ᠤ ᠮᠡᠳᠡᠭᠡ ᠵᠠᠩᠭᠢ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠡᠭᠦᠨ ᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠠᠴᠠ ᠨᠢᠭᠡᠳᠦᠯᠲᠡᠶ ᠦᠢᠯᠡᠳᠴᠤ᠂ ᠪᠠᠷᠢᠮᠵᠢᠶ᠎ᠠ ᠨᠢ ᠪᠥᠬᠦ ᠤᠯᠤᠰ ᠲᠤ ᠨᠢᠭᠡᠳᠦᠯᠲᠡᠶ ᠪᠠᠶᠢᠵᠥ᠂ ᠣᠷᠣᠨ ᠪᠦᠰᠡ ᠠᠯᠤᠰᠯᠠᠨ ᠬᠠᠷᠢᠯᠴᠠᠨ ᠮᠡᠳᠡᠷᠡᠬᠦ ᠲᠤᠯᠠ᠂ ᠳᠠᠭᠠᠳᠬᠠᠯ ᠳᠤ ᠣᠷᠣᠯᠴᠠᠭᠴᠢ ᠡᠭᠦᠪᠡᠷ ᠪᠥᠬᠦ ᠤᠯᠤᠰ ᠲᠤ ᠬᠤᠯᠪᠣᠭᠳᠠᠯ ᠪᠦᠬᠦᠢ ᠡᠮ ᠡᠮᠨᠡᠯᠭᠡ ᠶᠢᠨ ᠲᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠶ᠋ᠴᠡᠳᠬᠡᠵᠦ ᠪᠣᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号