ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠪᠣᠯ ᠴᠢᠬᠤᠯᠠ ᠢᠯᠡᠷᠭᠡᠶᠢᠯᠡᠯᠳᠡ ᠮᠥᠨ ︵ᠲᠥᠷᠥ ᠶᠢᠨ ᠪᠣᠳᠣᠯᠭ᠎ᠠ ᠶᠢᠨ ᠲᠠᠶᠢᠯᠤᠮᠵᠢ︶
ᠨᠡᠶᠢᠲᠡᠯᠡᠭᠰᠡᠨ ᠴᠠᠭ᠄
2019/12/5
                                  —— ᠰᠤᠷᠪᠤᠯᠵᠢᠯᠠᠭᠴᠢ ᠢᠦᠶ ᠵᠢᠩ ᠰᠢᠶᠠᠨ         ᠭᠠᠵᠠᠷ ᠰᠢᠷᠣᠶ ᠶᠢᠨ ᠬᠠᠷᠢᠴᠠᠭ᠎ᠠ ᠪᠣᠯ ᠬᠥᠳᠡᠭᠡ ᠲᠣᠰᠬᠤᠨ ᠤ ᠬᠠᠮᠤᠭ ᠤᠨ ᠦᠨᠳᠦᠰᠦᠨ ᠦᠢᠯᠡᠳᠪᠦᠷᠢᠯᠡᠯ ᠤᠨ ᠬᠠᠷᠢᠴᠠᠭ᠎ᠠ ᠮᠥᠨ᠂ ᠭᠠᠵᠠᠷ ᠰᠢᠷᠣᠶ ᠶᠢᠨ ᠳᠦᠷᠢᠮ ᠢᠶᠠᠷ ᠭᠤᠤᠯ ᠪᠣᠯᠭᠠᠭᠰᠠᠨ ᠦᠨᠳᠦᠰᠦᠨ ᠡᠵᠡᠩᠨᠡᠯᠲᠡ ᠶᠢᠨ ᠳᠦᠷᠢᠮ ᠪᠣᠯ ᠨᠠᠮ ᠤᠨ ᠬᠥᠳᠡᠭᠡ ᠲᠣᠰᠬᠤᠨ ᠳᠠᠬᠢ ᠲᠥᠷᠥ ᠶᠢᠨ ᠪᠣᠳᠣᠯᠭ᠎ᠠ ᠶᠢᠨ ᠰᠠᠭᠤᠷᠢ ᠮᠥᠨ᠃ ᠲᠦᠷᠦᠭᠦᠬᠡᠨ ︽ᠭᠠᠵᠠᠷ ᠰᠢᠷᠣᠶ ᠶᠢᠨ ᠲᠠᠭᠠᠭᠠᠴᠢᠯᠠᠯᠲᠠ ᠶᠢᠨ ᠬᠠᠷᠢᠴᠠᠭ᠎ᠠ ᠶᠢ ᠲᠤᠬᠳᠠᠪᠤᠷᠢᠳᠠᠢ ᠪᠠᠶᠢᠯᠭᠠᠬᠤ ᠶᠢᠨ ᠬᠠᠮᠳᠤ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠵᠢᠩᠬᠢᠨᠢ ᠪᠠᠷ ᠨᠡᠶᠢᠲᠡᠯᠡᠪᠡ᠃ 28᠎ ᠤ ᠡᠳᠦᠷ ᠶᠠᠪᠤᠭᠳᠠᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠲᠥᠪ ᠤᠨ ᠬᠥᠳᠡᠭᠡ ᠲᠣᠰᠬᠤᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠰᠠᠶᠢᠳ ᠬᠠᠨ ᠴᠠᠩ ᠹᠦ᠋ ᠪᠣᠯᠤᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠥᠭᠡᠳ ᠳᠤᠮᠳᠠᠳᠤ ᠤᠯᠤᠰ ᠤᠨ ᠬᠥᠳᠡᠭᠡ ᠲᠣᠰᠬᠤᠨ ᠤ ᠠᠵᠢᠯ ᠤᠨ ᠠᠯᠪᠠᠨ ᠭᠡᠷ ᠤᠨ ᠨᠠᠷᠢᠨ ᠪᠢᠴᠢᠭ ᠤᠨ ᠲᠣᠪᠴᠢᠶᠠᠨ ᠤ ᠳᠠᠷᠤᠭ᠎ᠠ ᠦ᠋ ᠬᠤᠩ ᠶᠣᠣ ᠡᠭᠦᠨ ᠤ ᠲᠤᠬᠠᠢ ᠬᠠᠮᠢᠶ᠎ᠠ ᠪᠦᠬᠦᠢ ᠲᠠᠶᠢᠯᠤᠮᠵᠢ ᠬᠢᠪᠡ᠃ ︽ᠨᠢᠭᠡ ᠶᠢ ᠴᠦ ᠬᠥᠳᠡᠯᠭᠡᠬᠦ ᠦᠭᠡᠢ ᠶᠠᠭᠤ ᠶᠢ ᠨᠢ ᠴᠤ ᠬᠥᠳᠡᠯᠭᠡᠬᠦ ᠦᠭᠡᠢ︾ ᠴᠢᠬᠤᠯᠠ ᠳᠦᠷᠢᠮ ᠤᠨ ᠵᠢᠷᠤᠭ ᠲᠥᠯᠥᠪᠯᠡᠭᠡ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ᠂ ᠲᠣᠰ ᠤᠳᠠᠭᠠᠨ ᠤ ︽ᠰᠠᠨᠠᠯ︾᠎ ᠢ ᠨᠡᠶᠢᠳᠡᠯᠡᠭᠰᠡᠨ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ ᠬᠡᠵᠦ ᠵᠢᠭᠠᠵᠤ ᠭᠠᠷᠭᠠᠪᠠ᠃ ᠬᠠᠨ ᠴᠠᠩ ᠹᠦ᠋ ᠶᠢᠨ ᠲᠠᠨᠢᠯᠴᠠᠭᠤᠯᠤᠭᠰᠠᠨ ᠢᠶᠠᠷ᠂ ︽ᠰᠠᠨᠠᠯ︾᠎ ᠳᠤ ᠲᠤᠷᠠᠳᠤᠬᠰᠠᠨ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠲᠥᠷᠥ ᠶᠢᠨ ᠪᠣᠳᠣᠯᠭ᠎ᠠ ᠶᠢᠨ ᠠᠭᠤᠯᠤᠭᠳᠠᠬᠤᠨ ᠢ ᠬᠤᠷᠢᠶᠠᠩᠭᠤᠶᠢᠯᠠᠪᠠᠯ ︽ᠬᠤᠶᠠᠷ ᠢ ᠬᠤᠪᠢᠷᠠᠭᠤᠯᠬᠤ ᠦᠭᠡᠢ ᠪᠠᠶᠢᠬᠤ᠂ ᠨᠢᠭᠡ ᠶᠢ ᠲᠤᠬᠳᠠᠪᠤᠷᠢᠳᠠᠢ ᠪᠠᠶᠢᠯᠭᠠᠬᠤ︾ ᠶᠠᠪᠤᠳᠠᠯ ᠪᠣᠯᠤᠨ᠎ᠠ᠄ ᠲᠠᠷᠤᠢ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ᠂ ᠡᠷᠦᠭᠡ ᠳᠤ ᠲᠠᠭᠠᠭᠠᠴᠢᠯᠠᠭᠤᠯᠤᠨ ᠡᠵᠡᠩᠨᠡᠬᠦᠯᠬᠦ ᠦᠨᠳᠦᠰᠦᠨ ᠳᠦᠷᠢᠮ ᠢ ᠤᠷᠲᠤ ᠬᠤᠭᠤᠴᠠᠭ᠎ᠠ ᠪᠠᠷ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠬᠤ︔ ᠲᠠᠷᠢᠶᠠᠴᠢᠨ ᠡᠷᠦᠬᠡ ᠶᠢᠨ ᠬᠠᠮᠲᠤ ᠶᠢᠨ ᠭᠠᠵᠠᠷ ᠰᠢᠷᠣᠶ ᠶᠢ ᠬᠠᠤᠯᠢ ᠶᠣᠰᠣᠭᠠᠷ ᠳᠠᠭᠠᠭᠠᠴᠢᠯᠠᠬᠤ ᠦᠨᠳᠦᠰᠦᠨ ᠡᠷᠬᠡ ᠶᠢ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠳᠤᠯᠠᠬᠤ︔ ᠲᠠᠷᠢᠶᠠᠴᠢᠨ ᠡᠷᠦᠬᠡ ᠶᠢᠨ ᠲᠠᠭᠠᠭᠠᠴᠢᠯᠠᠭᠰᠠᠨ ᠭᠠᠵᠠᠷ ᠲᠤᠬᠳᠠᠪᠤᠷᠢᠳᠠᠢ ᠪᠠᠶᠢᠬᠤ ᠶᠢ ᠪᠠᠲᠤᠯᠠᠬᠤ ᠪᠤᠯᠤᠨ᠎ᠠ᠃ ︽︿ᠰᠠᠨᠠᠯ﹀᠎ ᠳᠤ ᠡᠷᠦᠬᠡ ᠳᠤ ᠳᠠᠭᠠᠭᠠᠴᠢᠯᠠᠭᠤᠯᠤᠨ ᠡᠵᠡᠩᠨᠡᠭᠦᠯᠬᠦ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠦᠨᠳᠦᠰᠦᠨ ᠴᠢᠭᠯᠡᠯ ᠢ ᠲᠣᠳᠣᠷᠬᠠᠶᠢᠯᠠᠵᠤ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠤᠷᠳᠤ ᠬᠤᠭᠤᠴᠠᠭ᠎ᠠ ᠪᠠᠷ ᠲᠤᠬᠳᠠᠪᠤᠷᠢᠳᠠᠢ ᠪᠠᠶᠢᠯᠭᠠᠬᠤ ᠶᠢ ᠪᠠᠲᠤᠯᠠᠬᠤ ᠦᠨᠳᠦᠰᠦᠨ ᠵᠠᠷᠴᠢᠮ ᠪᠣᠯ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠥᠷᠦ ᠶᠢᠨ ᠪᠣᠳᠣᠯᠭ᠎ᠠ ᠶᠢᠨ ᠲᠤᠬᠠᠶ ᠨᠢᠭᠡᠨ ᠴᠢᠬᠤᠯᠠ ᠶᠡᠭᠡ ᠢᠯᠡᠷᠭᠡᠶᠢᠯᠡᠯᠳᠡ ᠮᠥᠨ᠂ ᠣᠳᠣᠬᠠᠨ ᠤ ᠬᠢ ᠶᠢ ᠬᠠᠮᠢᠶᠠᠷᠬᠤ ᠮᠥᠷᠲᠡᠭᠡᠨ ᠪᠠᠰᠠ ᠠᠯᠤᠰ ᠬᠡᠲᠦ ᠶᠢ ᠬᠠᠮᠢᠶᠠᠷᠬᠤ ᠶᠠᠪᠤᠳᠠᠯ ᠮᠥᠨ ᠬᠡᠵᠦ ᠲᠤᠳᠤᠷᠬᠠᠶᠢᠯᠠᠵᠠᠢ᠂ ︿ᠨᠢᠭᠡ ᠶᠢ ᠴᠦ ᠬᠥᠳᠡᠯᠭᠡᠬᠦ ᠦᠭᠡᠢ ᠶᠠᠭᠤ ᠶᠢ ᠨᠢ ᠴᠤ ᠬᠥᠳᠡᠯᠭᠡᠬᠦ ᠦᠭᠡᠢ﹀ ᠴᠢᠬᠤᠯᠠ ᠳᠦᠷᠢᠮ ᠤᠨ ᠵᠢᠷᠤᠭ ᠲᠥᠯᠥᠪᠯᠡᠭᠡ ᠮᠥᠨ ᠭᠡᠵᠦ ᠬᠡᠯᠡᠵᠦ ᠪᠣᠯᠤᠨ᠎ᠠ︾ ᠬᠡᠵᠦ ᠬᠠᠨ ᠴᠠᠩ ᠹᠦ᠋ ᠬᠡᠯᠡᠭᠰᠡᠨ ᠪᠦᠭᠡᠳ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠤᠷᠲᠤ ᠬᠤᠭᠤᠴᠠᠭ᠎ᠠ ᠪᠠᠷ ᠲᠤᠬᠳᠠᠪᠤᠷᠢᠳᠠᠢ ᠪᠠᠶᠢᠯᠭᠠᠵᠤ᠂ ᠲᠠᠷᠢᠶᠠᠴᠢᠳ ᠤᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠠᠰᠢᠭ ᠢ ᠰᠠᠶᠢᠳᠤᠷ ᠪᠠᠲᠤᠯᠠᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢ ᠳᠠᠭᠠᠭᠠᠴᠢᠯᠠᠭᠤᠯᠤᠨ ᠡᠵᠡᠩᠨᠡᠭᠦᠯᠬᠦ ᠳᠦᠷᠢᠮ ᠢ ᠲᠡᠭᠦᠯᠳᠡᠷᠵᠢᠭᠦᠯᠬᠦ ᠨᠢ ᠲᠠᠷᠢᠶᠠᠴᠢᠳ ᠤᠨ ᠦᠢᠯᠡᠳᠪᠦᠷᠢᠯᠡᠯ ᠢᠶᠠᠨ ᠬᠥᠭᠵᠢᠭᠦᠯᠬᠦ ᠢᠲᠡᠭᠡᠯ ᠵᠣᠷᠢᠭ ᠢ ᠴᠢᠩᠭᠠᠯᠠᠬᠤ ᠳᠤ ᠠᠰᠢᠭᠲᠠᠢ ᠪᠠᠶᠢᠵᠤ᠂ ᠲᠡᠳᠡᠨ ᠤ ︽ᠰᠡᠳᠬᠢᠯ ᠰᠠᠨᠠᠭ᠎ᠠ ᠶᠢ ᠠᠮᠤᠷᠵᠢᠭᠤᠯᠬᠤ︾᠎ ᠳᠤ ᠠᠰᠢᠭᠲᠠᠢ ᠮᠥᠷᠲᠡᠭᠡᠨ ᠪᠠᠰᠠ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠭᠢᠯᠲᠡ ᠶᠢ ᠠᠬᠢᠭᠤᠯᠵᠤ᠂ ᠵᠣᠬᠢᠬᠤ ᠬᠡᠪᠴᠢᠶ᠎ᠡ ᠪᠠᠷ ᠡᠵᠡᠩᠨᠡᠯᠳᠡ ᠬᠢᠬᠦ ᠶᠢ ᠬᠥᠭᠵᠢᠭᠦᠯᠬᠦ ᠳᠤ ᠠᠰᠢᠭᠲᠠᠢ ᠪᠦᠭᠡᠳ ᠬᠥᠳᠡᠭᠡ ᠲᠣᠰᠬᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠳᠤ ᠴᠤ ᠠᠰᠢᠭᠲᠠᠢ ᠶᠤᠮ ᠭᠡᠵᠡᠶ᠃ ᠲᠠᠨᠢᠯᠴᠠᠭᠤᠯᠤᠭᠰᠠᠨ ᠢ ᠦᠨᠳᠦᠰᠦᠯᠡᠪᠡᠯ᠂ ᠮᠠᠨ ᠤ ᠤᠯᠤᠰ ᠤᠨ ᠤᠳᠤ ᠪᠠᠶᠢᠭ᠎ᠠ ᠬᠥᠳᠡᠭᠡ ᠲᠣᠰᠬᠤᠨ ᠤ 15 ᠳ᠋ᠦᠩᠰᠢᠭᠤᠷ ᠭᠠᠷᠤᠶ ᠮᠦ ᠭᠠᠵᠠᠷ ᠰᠢᠷᠣᠶ ᠨᠢ ᠬᠤᠶᠠᠷ ᠳ᠋ᠦᠩᠰᠢᠭᠤᠷ ᠰᠢᠬᠠᠮ ᠲᠠᠷᠢᠶᠠᠴᠢᠨ ᠡᠷᠦᠬᠡ ᠳᠤ ᠬᠤᠯᠪᠣᠭᠳᠠᠵᠤ ᠪᠤᠢ᠃ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ 1993 ᠣᠨ ᠠᠴᠠ ᠡᠬᠢᠯᠡᠨ 1999 ᠣᠨ ᠪᠣᠯᠬᠤ ᠳᠤ ᠦᠨᠳᠦᠰᠦᠨ ᠳᠡᠭᠡᠨ ᠲᠠᠭᠤᠰᠬᠠᠵᠠᠢ᠃ ᠬᠡᠷᠪᠡ ᠳᠠᠭᠠᠭᠠᠴᠢᠯᠠᠯᠲᠠ ᠶᠢᠨ ᠬᠤᠭᠤᠴᠠᠭ᠎ᠠ ᠶᠢ 30 ᠵᠢᠯ ᠢᠶᠠᠷ ᠪᠤᠳᠤᠪᠠᠯ᠂ 2023 ᠣᠨ ᠪᠣᠯᠬᠤ ᠳᠤ ᠳᠠᠷᠤᠶ ᠤᠯᠠᠩᠭᠢ ᠡᠷᠦᠭᠡ ᠶᠢᠨ ᠬᠤᠭᠤᠴᠠᠭ᠎ᠠ ᠨᠢ ᠲᠠᠭᠤᠰᠴᠤ᠂ ᠣᠷᠭᠢᠯ ᠤᠨ ᠬᠤᠭᠤᠴᠠᠭ᠎ᠠ ᠨᠢ 2026 ᠤᠨ — 2028 ᠣᠨ ᠳᠤ ᠲᠥᠪᠯᠡᠷᠡᠬᠦ ᠪᠣᠯᠤᠨ᠎ᠠ᠃ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠠᠴᠠ ᠳᠠᠷᠠᠭ᠎ᠠ᠂ ᠲᠣᠰ ᠤᠳᠠᠭᠠᠨ ᠤ ︽ᠰᠠᠨᠠᠯ︾᠎ ᠳᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠠᠭᠤᠰᠤᠬᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠲᠤᠳᠬᠠᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠨᠢᠭᠡᠳᠦᠭᠡᠷ ᠡᠭᠡᠯᠵᠢ ᠶᠢᠨ ᠳᠠᠭᠠᠭᠠᠴᠢᠯᠠᠯᠲᠠ ᠠᠴᠠ ᠡᠬᠢᠯᠡᠨ ᠳᠠᠯᠠᠨ ᠲᠠᠪᠤᠨ ᠵᠢᠯ ᠲᠤᠬᠳᠠᠭᠤᠨ ᠢᠶᠠᠷ ᠤᠷᠲᠤᠳᠬᠠᠬᠤ ᠶᠢ ᠤᠯᠠᠮ ᠴᠢᠨᠠᠬᠰᠢᠳᠠ ᠲᠤᠳᠤᠷᠬᠠᠶᠢᠯᠠᠵᠠᠢ᠃ ︽ᠡᠨᠡ ᠪᠣᠯ ︽ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠢ﹀ ᠪᠠᠶᠢᠬᠤ ᠎ ᠶᠢ ᠬᠡᠷᠡᠭᠵᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠪᠠᠰᠠ ᠴᠤ ᠪᠣᠳᠠᠲᠠᠶ ᠢᠯᠡᠷᠡᠯ ᠮᠥᠨ︾ ᠬᠡᠵᠦ ᠬᠠᠨ ᠴᠠᠩ ᠹᠦ᠋ ᠬᠡᠯᠡᠪᠡ᠃ ︽ᠰᠠᠨᠠᠯ︾᠎ ᠳᠤ ᠪᠠᠰᠠ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠠᠭᠤᠰᠤᠬᠰᠠᠨ ᠤ ᠳᠠᠷᠠᠭ᠎ᠠ ᠲᠠᠭᠠᠭᠠᠴᠢᠯᠠᠯᠲᠠ ᠶᠢ ᠤᠷᠲᠤᠳᠬᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠂ ᠳᠠᠭᠠᠭᠠᠴᠢᠯᠠᠯᠲᠠ ᠶᠢᠨ ᠭᠠᠵᠠᠷ ᠢ ᠡᠮᠭᠢ ᠦᠭᠡᠢ ᠪᠤᠯᠭᠠᠭᠠᠳ ᠳᠠᠬᠢᠨ ᠬᠤᠪᠢᠶᠠᠵᠤ ᠪᠣᠯᠬᠤ ᠥᠬᠡᠶ᠂ ᠵᠣᠩᠬᠢᠯᠠᠬᠤ ᠣᠯᠠᠨ ᠲᠣᠭᠠᠨ ᠤ ᠲᠠᠷᠢᠶᠠᠴᠢᠨ ᠡᠷᠦᠬᠡ ᠶᠢᠨ ᠤᠤᠯ ᠤᠨ ᠲᠠᠭᠠᠭᠠᠴᠢᠯᠠᠯᠲᠠ ᠶᠢᠨ ᠭᠠᠵᠠᠷ ᠢᠶᠠᠨ ᠦᠷᠭᠦᠯᠵᠢᠯᠡᠨ ᠲᠤᠬᠳᠠᠭᠤᠨ ᠢᠶᠠᠷ ᠲᠠᠭᠠᠭᠠᠴᠢᠯᠠᠬᠤ ᠶᠢ ᠦᠨᠡᠨᠬᠦ ᠪᠠᠲᠤᠯᠠᠬᠤ ᠮᠥᠷᠲᠡᠭᠡᠨ ᠲᠠᠭᠠᠭᠠᠴᠢᠯᠠᠯᠳᠠ ᠶᠢ ᠤᠷᠳᠤᠳᠬᠠᠬᠤ ᠳᠠᠭᠠᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠠᠭᠤᠰᠬᠤ ᠪᠠᠷ ᠡᠬᠢᠯᠡᠯᠲᠡ ᠪᠣᠯᠭᠠᠨ᠎ᠠ ᠬᠡᠵᠦ ᠲᠤᠬᠳᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号