| | | | ᠨᠤᠮ ᠢ ᠰᠡᠳᠬᠢᠯ ᠤᠨ ᠭᠡᠭᠡᠪᠴᠢ᠂ ᠤᠶᠤᠨ ᠢ ᠭᠡᠭᠡᠷᠡᠭᠦᠯᠦᠭᠴᠢ ᠬᠡᠮᠡᠳᠡᠭ᠃ ᠨᠤᠮ ᠤᠡᠭᠰᠢᠬᠤ ᠨᠢ ᠬᠤᠪᠢ | ᠬᠦᠮᠦᠨ ᠤ ᠬᠦᠭᠵᠢᠯᠲᠡ ᠳᠤ ᠡᠶᠡᠷᠬᠦ ᠨᠦᠯᠦᠭᠡ ᠲᠠᠢ ᠪᠠᠷ ᠦᠯᠦ ᠪᠠᠷᠠᠨ ᠨᠡᠶᠢᠭᠡᠮ ᠨᠡᠶᠢᠲᠡ ᠶᠢᠨ ᠪᠤᠯᠪᠠᠰᠤᠨ | ᠬᠦᠴᠦᠨ ᠤ ᠲᠦᠯᠦᠪᠰᠢᠯ ᠢ ᠴᠤ ᠰᠢᠭᠤᠳ ᠨᠦᠯᠦᠭᠡᠯᠡᠳᠡᠭ᠃ ᠡᠭᠦᠨ ᠢ ᠪᠢᠳᠡ ᠢᠰᠷᠧᠯ ᠤᠯᠤᠰ ᠤᠨ ᠵᠢᠱᠢᠶ᠎ᠡ ᠠᠴᠠ | ᠤᠯᠵᠦ ᠬᠠᠷᠠᠵᠦ ᠪᠤᠯᠤᠨ᠎ᠠ᠃ ᠢᠰᠷᠧᠯ ᠤᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ᠂ | ᠴᠡᠷᠢᠭ ᠤᠨ ᠵᠡᠪᠰᠡᠭ ᠵᠡᠷᠭᠡ ᠶᠢᠨ ᠮᠡᠷᠭᠡᠵᠢᠯ ᠨᠢ ᠲᠡᠯᠡᠭᠡᠢ ᠳᠤ ᠤᠷᠦ᠋ᠢᠯᠠᠵᠦ ᠪᠠᠶᠢᠳᠠᠭ᠃ ᠰᠤᠳᠤᠯᠭᠠᠨ ᠠᠴᠠ ᠤᠯᠵᠦ | ᠮᠡᠳᠡᠭᠰᠡᠨ ᠢᠶᠠᠷ᠂ ᠢᠰᠷᠧᠯ ᠤᠯᠤᠰ ᠤᠨ ᠬᠦᠮᠦᠨ ᠠᠮᠠ ᠨᠢ ᠲᠡᠯᠡᠭᠡᠢ ᠶᠢᠨ ᠬᠦᠮᠦᠨ ᠠᠮᠠ ᠶᠢᠨ 0.2% ᠢ ᠯᠡ | ᠡᠵᠡᠯᠡᠳᠡᠭ ᠴᠤ᠂ ᠲᠡᠯᠡᠭᠡᠢ ᠶᠢᠨ ᠨᠤᠫᠧᠯ ᠤᠨ ᠱᠠᠩᠨᠠᠯ ᠬᠦᠷᠳᠡᠭᠰᠡᠳ ᠤᠨ 29% ᠶᠢ ᠢᠰᠷᠧᠯᠴᠤᠳ ᠡᠵᠡᠯᠡᠳᠡᠭ᠃ | ᠡᠨᠡ ᠨᠢ ᠠᠷᠠᠳ ᠲᠦᠮᠡᠨ ᠤ ᠬᠢᠨᠢ ᠰᠤᠶᠤᠯᠵᠢᠭᠰᠠᠨ ᠦᠷ᠎ᠡ ᠨᠦᠯᠦᠭᠡ ᠠᠴᠠ ᠰᠢᠭᠤᠳ ᠰᠢᠯᠲᠠᠭᠠᠯᠠᠭᠳᠠᠵᠦ ᠪᠠᠶᠢᠳᠠᠭ | ᠶᠤᠮ᠃ ᠢᠡᠭᠭᠢᠬᠦ ᠪᠠᠷ ᠢᠶᠠᠨ ᠢᠰᠷᠧᠯᠴᠤᠳ ᠤᠨ ᠤᠯᠤᠭᠰᠠᠨ ᠠᠭᠤᠤ ᠠᠮᠵᠢᠯᠲᠠ ᠶᠢ ᠲᠡᠳᠡᠨᠠᠷ ᠤᠨ ᠨᠤᠮ | ᠤᠡᠭᠰᠢᠬᠤ ᠲᠠᠢ ᠬᠤᠯᠪᠤᠭ᠎ᠠ ᠲᠠᠢ ᠭᠡᠵᠦ ᠦᠵᠡᠵᠡᠭᠡᠳᠡᠭ᠃ ᠢᠰᠷᠧᠯ ᠤᠯᠤᠰ ᠤᠨ ᠬᠦᠮᠦᠨ ᠪᠦᠬᠦᠨ ᠨᠤᠮ | ᠤᠡᠭᠰᠢᠬᠤ ᠶᠢ ᠲᠡᠭᠡᠳᠦᠯᠡᠵᠦ᠂ ᠬᠦᠮᠦᠨ ᠪᠦᠷᠢ ᠵᠢᠯ ᠳᠤ 64 ᠨᠤᠮ ᠤᠡᠭᠰᠢᠵᠦ᠂ ᠲᠡᠭᠰᠢᠳᠭᠡᠭᠰᠡᠨ ᠲᠤᠭ᠎ᠠ ᠪᠠᠷ ᠢᠶᠠᠨ | ᠳᠡᠯᠡᠭᠡᠢ ᠲᠡᠭᠡᠷᠡᠬᠢ ᠬᠠᠮᠤᠭ ᠤᠨ ᠤᠯᠠᠨ ᠨᠤᠮ ᠤᠡᠭᠰᠢᠳᠠᠭ ᠦᠨᠳᠦᠰᠦᠳᠡᠨ ᠳᠤ ᠲᠤᠭᠠᠴᠠᠭᠳᠠᠳᠠᠭ᠃ | ᠲᠡᠭᠡᠷᠡᠬᠢ ᠵᠢᠱᠢᠶ᠎ᠡ ᠠᠴᠠ ᠪᠢᠳᠡ ᠨᠤᠮ ᠤᠡᠭᠰᠢᠬᠤ ᠶᠢᠨ ᠬᠦᠨ ᠠᠴᠢ ᠬᠤᠯᠪᠤᠭᠳᠠᠯ ᠢ ᠮᠡᠳᠡᠵᠦ ᠪᠤᠯᠤᠨ᠎ᠠ᠃ | ᠪᠤᠳᠠᠳᠠᠶᠢᠴᠢᠯᠠᠨ ᠶᠠᠷᠢᠪᠠᠯ᠂ ᠨᠤᠮ ᠤᠡᠭᠰᠢᠬᠤ ᠨᠢ ᠰᠤᠷᠤᠭᠴᠢᠳ ᠤᠨ ᠬᠦᠭᠵᠢᠯᠲᠡ ᠶᠢ ᠬᠡᠷᠭᠢᠨ ᠨᠦᠯᠦᠭᠡᠯᠡᠳᠡᠭ ᠪᠤᠯ︖ | ᠰᠡᠳᠬᠢᠴᠡ ᠵᠦᠢ ᠶᠢᠨ ᠰᠤᠳᠤᠯᠭᠠᠨ ᠢ ᠦᠨᠳᠦᠰᠦᠯᠡᠪᠡᠯ᠂ ᠨᠤᠮ ᠤᠡᠭᠰᠢᠬᠤ ᠨᠢ ᠰᠤᠷᠤᠭᠴᠢᠳ ᠤᠨ ᠯᠤᠬᠢᠭ | ᠰᠡᠳᠬᠢᠬᠦᠢ᠂ ᠰᠤᠷᠤᠯᠴᠠᠬᠤ ᠴᠢᠳᠠᠪᠤᠷᠢ᠂ ᠴᠡᠭᠡᠵᠢᠯᠡᠬᠦ ᠴᠢᠳᠠᠪᠤᠷᠢ ᠶᠢ ᠬᠦᠮᠦᠵᠢᠭᠦᠯᠬᠦ ᠶᠢ ᠨᠦᠯᠦᠭᠡᠯᠡᠳᠡᠭ᠃ ᠡᠭᠦᠨ ᠳᠤ | 6 - 8 ᠨᠠᠰᠦ ᠪᠤᠯ ᠬᠡᠤᠬᠡᠳ ᠤᠨ ᠤᠡᠭᠰᠢᠵᠦ ᠤᠢᠢᠯᠠᠭᠠᠬᠤ ᠴᠢᠳᠠᠪᠤᠷᠢ ᠶᠢ ᠲᠡᠭᠡᠭᠰᠢᠯᠡᠭᠦᠯᠬᠦ ᠬᠠᠮᠤᠭ ᠤᠨ ᠰᠠᠶᠢᠨ ᠴᠠᠭ | ᠦᠶ᠎ᠡ ᠪᠤᠯᠤᠨ᠎ᠠ᠃ ᠡᠨᠡ ᠦᠶ᠎ᠡ ᠶᠢᠨ ᠬᠡᠤᠬᠡᠳ ᠪᠠᠭᠠᠴᠤᠳ ᠭᠤᠤᠯᠳᠠᠭᠤ ᠬᠠᠷᠠᠭᠠᠨ ᠰᠡᠷᠡᠯ ᠢᠶᠠᠷ ᠲᠠᠮᠵᠢᠨ ᠮᠡᠳᠡᠭᠡ | ᠵᠠᠩᠭᠢ ᠶᠢ ᠤᠯᠳᠠᠭ᠃ ᠦᠭᠡᠷ᠎ᠡ ᠪᠠᠷ ᠬᠡᠯᠡᠪᠡᠯ᠂ ᠨᠤᠮ ᠤᠡᠭᠰᠢᠬᠤ ᠪᠠᠷ ᠲᠠᠮᠵᠢᠨ ᠮᠡᠳᠡᠯᠭᠡ ᠬᠦᠷᠳᠡᠳᠡᠭ᠃ ᠭᠡᠪᠡᠴᠦ | ᠤᠳᠤ ᠶᠢᠨ ᠬᠡᠤᠬᠡᠳ ᠪᠠᠭᠠᠴᠤᠳ ᠬᠢᠴᠢᠶᠡᠯ ᠤᠨ ᠨᠤᠮ ᠠᠴᠠ ᠪᠠᠨ ᠭᠠᠳᠠᠭᠤᠷ ᠦᠭᠡᠷ᠎ᠡ ᠨᠤᠮ ᠤᠡᠭᠰᠢᠬᠤ ᠤᠬᠠᠮᠰᠠᠷ | ᠦᠭᠡᠢ ᠪᠠᠶᠢᠵᠦ᠂ ᠬᠠᠷᠢᠨ ᠵᠦᠪᠬᠡᠨ ᠭᠡᠷ ᠤᠨ ᠠᠬᠠᠮᠠᠳ ᠤᠨ ᠢᠶᠠᠨ ᠪᠤᠶᠤ ᠪᠠᠭᠰᠢ ᠶᠢᠨ ᠠᠯᠪᠠᠳᠠᠯᠭ᠎ᠠ ᠱᠠᠭᠠᠷᠳᠠᠯᠭ᠎ᠠ ᠪᠠᠷ | ᠲᠤᠭ᠎ᠠ ᠲᠠᠢ ᠬᠤᠶᠠᠷ ᠨᠤᠮ ᠯᠡ ᠤᠡᠭᠰᠢᠳᠠᠭ᠂ ᠲᠡᠷᠡᠴᠢᠯᠡᠨ ᠲᠡᠳᠡᠨᠤᠰ ᠦᠪᠡᠷ ᠢᠶᠠᠨ ᠶᠠᠮᠠᠷ ᠨᠤᠮ ᠤᠡᠭᠰᠢᠪᠡᠯ | ᠵᠤᠬᠢᠬᠤ ᠪᠠᠨ ᠮᠡᠳᠡᠬᠦ ᠦᠭᠡᠢ ᠪᠠᠶᠢᠳᠠᠭ᠃ ᠡᠶᠢᠮᠦᠷᠬᠦᠦ ᠪᠤᠳᠠᠳᠦ ᠪᠠᠶᠢᠳᠠᠯ ᠨᠢ ᠰᠤᠷᠤᠭᠴᠢᠳ ᠤᠨ ᠮᠡᠳᠡᠯᠭᠡ ᠡᠵᠡᠮᠰᠢᠬᠦ᠂ | ᠦᠵᠡᠯ ᠰᠠᠨᠠᠭ᠎ᠠ ᠪᠠᠨ ᠲᠦᠯᠦᠪᠰᠢᠭᠦᠯᠬᠦ᠂ ᠰᠢᠨ᠎ᠡ ᠶᠢ ᠡᠭᠦᠳᠬᠦ ᠵᠡᠷᠭᠡ ᠲᠠᠯ᠎ᠠ ᠳᠤ ᠰᠦᠷᠭᠡᠦ ᠨᠦᠯᠦᠭᠡ ᠲᠠᠢ ᠪᠠᠶᠢᠵᠦ᠂ | ᠨᠡᠩ ᠴᠢᠨᠠᠭᠰᠢᠯᠠᠪᠠᠯ ᠤᠯᠤᠰ ᠤᠷᠤᠨ ᠤ ᠬᠦᠭᠵᠢᠯᠲᠡ ᠶᠢ ᠴᠤ ᠨᠦᠯᠦᠭᠡᠯᠡᠨ᠎ᠡ᠃ | ᠡᠶᠢᠮᠦ ᠠᠴᠠ ᠮᠠᠨ ᠤ ᠤᠯᠤᠰ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠨᠤᠮ ᠤᠡᠭᠰᠢᠯᠭ᠎ᠠ ᠶᠢ | ᠴᠢᠩᠭᠠᠳᠬᠠᠬᠤ ᠢᠳᠡᠪᠬᠢᠲᠡᠢ ᠠᠷᠭ᠎ᠠ ᠬᠡᠮᠵᠢᠶ᠎ᠡ ᠠᠪᠴᠦ ᠪᠠᠶᠢᠨ᠎ᠠ᠃ ᠡᠭᠦᠨ ᠳᠤ ᠰᠤᠷᠭᠠᠨ ᠬᠦᠮᠦᠵᠢᠯ ᠤᠨ | ᠶᠠᠮᠤᠨ ᠠᠴᠠ ᠲᠦᠷᠦᠭᠦᠭᠡᠨ ᠬᠡᠯᠡ ᠪᠢᠴᠢᠭ ᠤᠨ ᠬᠦᠴᠢᠷ ᠤᠨ ᠬᠡᠮᠵᠢᠶ᠎ᠡ ᠶᠢ ᠶᠡᠭᠡ ᠪᠠᠷ ᠨᠡᠮᠡᠭᠳᠡᠭᠦᠯᠵᠦ᠂ | ᠰᠤᠷᠭᠠᠭᠤᠯᠢ ᠨᠤᠭᠤᠳ ᠢ ᠰᠤᠷᠤᠭᠴᠢ ᠶᠢᠨ ᠨᠤᠮ ᠤᠡᠭᠰᠢᠯᠭ᠎ᠠ ᠶᠢ ᠴᠢᠩᠭ᠎ᠠ ᠠᠳᠬᠤᠬᠤ ᠶᠢ ᠱᠠᠭᠠᠷᠳᠠᠵᠠᠢ᠃ ᠮᠠᠨ ᠤ | ᠤᠷᠤᠨ ᠴᠤ ᠪᠦᠬᠦ ᠠᠷᠠᠳ ᠢᠶᠠᠷ ᠢᠶᠠᠨ ᠨᠤᠮ ᠤᠡᠭᠰᠢᠬᠤ ᠠᠵᠢᠯᠯᠠᠭ᠎ᠠ ᠦᠷᠨᠢᠭᠦᠯᠵᠦ᠂ ᠡᠭᠦᠨ ᠳᠤ ︽ᠨᠤᠮ ᠤᠨ | ᠦᠨᠦᠷᠲᠦ ᠦᠪᠦᠷ ᠮᠤᠩᠭᠤᠯ · ᠲᠤᠮᠳᠠᠳᠦ ᠶᠢᠨ ᠵᠡᠭᠦᠳᠦ ᠪᠠᠨ ᠬᠠᠮᠲᠦ ᠪᠠᠷ ᠲᠡᠷᠭᠡᠯᠰᠢᠭᠦᠯᠦᠶ᠎ᠡ︾ ᠭᠡᠬᠦ 2018 | ᠤᠨ ᠤ ᠲᠠᠯ᠎ᠠ ᠨᠤᠲᠤᠭ ᠤᠨ ᠨᠤᠮ ᠤᠡᠭᠰᠢᠬᠤ ᠤᠯᠠᠷᠢᠯ ᠤᠨ ᠠᠵᠢᠯᠯᠠᠭ᠎ᠠ ᠨᠢ ᠪᠦᠬᠦ ᠤᠷᠤᠨ ᠢ ᠬᠠᠮᠤᠷᠴᠦ᠂ | ᠬᠡᠤᠬᠡᠳ ᠤᠨ ᠨᠤᠮ ᠤᠡᠭᠰᠢᠯᠭ᠎ᠠ ᠶᠢ ᠭᠤᠤᠯᠳᠠᠯᠭ᠎ᠠ ᠪᠤᠯᠭᠠᠨ ᠠᠳᠬᠤᠵᠠᠢ᠃ | | | | | |