ᠰᠤᠷᠪᠤᠯᠵᠢᠯᠠᠭᠴᠢ᠄ ᠯᠢᠦ ᠲᠣᠪᠴᠢᠶᠠᠨ ᠳᠠᠷᠤᠭ᠎ᠠ ᠰᠠᠶᠢᠨ ᠪᠠᠶᠢᠨ᠎ᠠ ᠦᠦ︖ ᠮᠠᠨ ᠤ ᠬᠤᠰᠢᠭᠤ ᠬᠤᠲᠠ ᠶᠢᠨ | ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠳᠤᠮᠳᠠ ᠬᠤᠲᠠ ᠶᠢᠨ ᠬᠠᠮᠢᠶᠠᠷᠤᠯᠲᠠ ᠶᠢᠨ ᠠᠵᠢᠯ ᠳᠤ | ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠯᠢᠦ ᠲᠣᠪᠴᠢᠶᠠᠨ ᠳᠠᠷᠤᠭ᠎ᠠ᠄ ᠬᠡᠰᠢᠭᠲᠡᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠤᠤᠯ ᠤᠨ ᠬᠡᠰᠢᠭᠲᠡᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ | ᠬᠢᠨᠠᠨ ᠪᠠᠶᠢᠴᠠᠭᠠᠬᠤ ᠶᠡᠭᠡ ᠠᠩᠭᠢ ᠶᠢᠨ ᠰᠠᠭᠤᠷᠢᠨ ᠳᠡᠭᠡᠷ᠎ᠡ ᠪᠠᠶᠢᠭᠤᠯᠤᠭᠳᠠᠵᠤ᠂ ᠪᠠᠶᠢᠭᠤᠯᠭ᠎ᠠ ᠶᠢᠨ ᠡᠭᠦᠷᠭᠡ | ᠬᠠᠷᠢᠭᠤᠴᠠᠯᠭ᠎ᠠ ᠨᠢ ᠤᠤᠯ ᠤᠨ ᠬᠤᠲᠠ ᠶᠢᠨ ᠦᠵᠡᠮᠵᠢ ᠶᠢᠨ ᠡᠮᠬᠢ ᠳᠢᠭᠯᠢᠮ ᠤᠨ ᠬᠠᠮᠢᠶᠠᠷᠤᠯᠲᠠ᠂ ᠪᠠᠯᠭᠠᠰᠤ | ᠲᠣᠭᠤᠷᠢᠭ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠫᠠᠶᠢᠰᠠ ᠢᠯᠡᠷᠬᠡᠢᠯᠡᠯ ᠤᠨ ᠲᠡᠮᠳᠡᠭ ᠢ ᠬᠢᠨᠠᠨ | ᠵᠥᠪᠰᠢᠶᠡᠷᠡᠭᠰᠡᠨ ᠰᠠᠭᠤᠷᠢᠨ ᠳᠡᠭᠡᠷ᠎ᠡ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ | ᠠᠵᠢᠯᠯᠠᠭᠠᠨ ᠤ ᠬᠠᠮᠢᠶᠠᠷᠤᠯᠲᠠ᠂ ᠭᠤᠤᠯ ᠳᠠᠭᠠᠤ ᠵᠠᠮ ᠬᠢᠭᠡᠳ ᠤᠳᠤᠭ᠎ᠠ ᠲᠣᠭᠤᠰᠣᠨ ᠤ ᠣᠷᠴᠢᠨ ᠲᠣᠭᠤᠷᠢᠨ ᠢ | ᠵᠠᠰᠠᠬᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢ ᠰᠢᠨ᠎ᠡ ᠪᠠᠷ ᠬᠤᠪᠢᠶᠠᠷᠢᠯᠠᠨ ᠰᠢᠯᠵᠢᠭᠦᠯᠬᠦ | ᠪᠠᠰᠠ ᠬᠤᠲᠠ ᠶᠢᠨ ᠬᠠᠮᠢᠶᠠᠷᠤᠯᠲᠠ ᠲᠠᠢ ᠨᠢᠭᠲᠠ ᠬᠤᠯᠪᠣᠭ᠎ᠠ ᠲᠠᠢ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠬᠤ | ᠴᠢᠬᠤᠯᠠᠲᠠᠶ ᠣᠯᠠᠨ ᠨᠡᠶᠢᠲᠡ ᠶᠢᠨ ᠣᠷᠣᠨ ᠵᠠᠶ ᠶᠢᠨ ᠡᠮᠬᠢ ᠳᠢᠭᠯᠢᠮ ᠤᠨ ᠬᠠᠮᠢᠶᠠᠷᠤᠯᠲᠠ᠂ ᠬᠠᠤᠯᠢ ᠠᠴᠠ ᠵᠥᠷᠢᠴᠡᠨ | ᠪᠦᠲᠦᠭᠡᠨ ᠪᠠᠶᠢᠭᠤᠯᠵᠤ ᠵᠠᠰᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠵᠡᠷᠭᠡ ᠲᠠᠯ᠎ᠠ ᠶᠢᠨ ᠬᠡᠰᠡᠭ ᠠᠵᠢᠯ ᠬᠠᠷᠢᠭᠤᠴᠠᠳᠠᠭ᠃ ᠨᠢᠭᠡ ᠵᠢᠯ ᠤᠨ ᠲᠤᠷᠰᠢ ᠪᠠᠶᠢᠭᠤᠯᠭ᠎ᠠ ᠶᠢᠨ | ᠡᠭᠦᠷᠭᠡ ᠴᠢᠳᠠᠪᠤᠷᠢ ᠶᠢ ᠲᠣᠬᠢᠷᠠᠭᠤᠯᠬᠤ᠂ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ᠂ ᠠᠵᠢᠯᠲᠠᠨ ᠢ ᠬᠤᠪᠢᠶᠠᠷᠢᠯᠠᠨ | ᠰᠢᠯᠵᠢᠭᠦᠯᠬᠦ ᠵᠡᠷᠭᠡ ᠠᠵᠢᠯ ᠢ ᠨᠢᠭᠡᠨᠲᠡ ᠪᠡᠶᠡᠯᠡᠭᠦᠯᠪᠡ᠃ | ᠰᠤᠷᠪᠤᠯᠵᠢᠯᠠᠭᠴᠢ᠄ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠰᠢᠨ᠎ᠡ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠳᠤ ᠶᠠᠮᠠᠷ ᠶᠠᠮᠠᠷ | ᠰᠦᠪᠡᠭᠴᠢᠯᠡᠯᠲᠡ ᠪᠠ ᠠᠷᠭ᠎ᠠ ᠬᠡᠮᠵᠢᠶ᠎ᠡ ᠠᠪᠤᠭᠰᠠᠨ ᠪᠣᠢ︖ | ᠯᠢᠦ ᠲᠣᠪᠴᠢᠶᠠᠨ ᠳᠠᠷᠤᠭ᠎ᠠ᠄ ᠮᠠᠨ ᠤ ᠲᠣᠪᠴᠢᠶ᠎ᠠ ᠶᠢᠨ ᠬᠠᠤᠯᠢ ᠶᠣᠰᠣᠭᠠᠷ ᠲᠣᠭᠤᠷᠪᠢᠭᠰᠠᠨ ︽ᠬᠡᠰᠢᠭᠲᠡᠨ | ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠷᠭ᠎ᠠ︾᠂ ︽ | ᠬᠡᠰᠢᠭᠲᠡᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ | ᠲᠤᠬᠠᠶ ᠰᠠᠨᠠᠯ︾᠂ ︽ᠬᠡᠰᠢᠭᠲᠡᠨ ᠬᠤᠰᠢᠭᠤᠨ ᠤ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ | ᠵᠢᠯᠣᠭᠤᠳᠬᠤ ᠰᠠᠨᠠᠯ︾ ᠵᠡᠷᠭᠡ ᠳᠦᠷᠢᠮ ᠲᠣᠭᠲᠠᠭᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠬᠢᠨᠠᠨ ᠵᠥᠪᠯᠡᠵᠦ ᠪᠠᠲᠤᠯᠠᠪᠠ᠃ ︽ᠬᠤᠲᠠ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ︾᠂ ︽ | ᠪᠠᠶᠢᠭᠤᠯᠭ᠎ᠠ ᠶᠢᠨ ᠳᠦᠷᠢᠮ ᠲᠣᠭᠲᠠᠭᠠᠯ ᠢ ᠬᠤᠷᠢᠶᠠᠩᠭᠤᠶᠢᠯᠠᠬᠤ︾᠂ ︽ᠬᠡᠰᠢᠭᠲᠡᠨ ᠬᠤᠰᠢᠭᠤᠨ ᠤ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠪᠢᠴᠢᠭ ᠬᠠᠷ᠎ᠠ | ᠶᠢ ᠲᠠᠭᠯᠠᠨ ᠪᠢᠴᠢᠬᠦ ᠲᠣᠳᠣᠷᠬᠠᠶᠢᠯᠠᠯᠲᠠ︾ ᠶᠢ ᠨᠠᠶᠢᠷᠠᠭᠤᠯᠤᠨ ᠵᠣᠬᠢᠶᠠᠵᠤ᠂ ︽ᠤᠯᠠᠭᠠᠨᠬᠠᠳᠠ ᠬᠤᠲᠠ ᠶᠢᠨ ᠬᠤᠲᠠ | ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠢ ᠬᠤᠷᠢᠶᠠᠩᠭᠤᠶᠢᠯᠠᠬᠤ︾᠂ ︽ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ︾ | ᠳᠤ ᠰᠢᠰᠲ᠋ᠧᠮ ᠲᠠᠢ ᠪᠣᠯᠪᠠᠰᠤᠷᠠᠯ ᠬᠦᠷᠲᠡᠭᠡᠪᠡ᠃ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠬᠠᠤᠯᠢ ᠬᠡᠷᠡᠭᠵᠢᠭᠦᠯᠬᠦ | ᠪᠦᠬᠦ ᠶᠠᠪᠤᠴᠠ ᠶᠢᠨ ᠲᠡᠮᠳᠡᠭᠯᠡᠯ ᠢ ᠬᠡᠷᠡᠭᠵᠢᠭᠦᠯᠵᠦ᠂ ᠳᠠᠭᠤ ᠳᠦᠷᠢ ᠰᠢᠩᠭᠡᠭᠡᠯᠲᠡ ᠶᠢᠨ ᠮᠠᠲ᠋ᠧᠷᠢᠶᠠᠯ ᠳᠤ ᠲᠤᠰᠬᠠᠶ | ᠵᠦᠶᠯ ᠤᠨ ᠳᠠᠩᠰᠠ ᠡᠪᠬᠡᠮᠡᠯ ᠤᠨ ᠦᠨᠳᠦᠰᠦᠨ ᠳᠤᠨᠢ ᠦᠯᠡᠳᠡᠭᠡᠬᠦ ᠬᠠᠮᠢᠶᠠᠷᠤᠯᠲᠠ ᠶᠢ ᠪᠠᠶᠢᠭᠤᠯᠵᠤ᠂ ᠬᠠᠤᠯᠢ | ᠬᠡᠷᠡᠭᠵᠢᠭᠦᠯᠬᠦ ᠪᠦᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ | ᠰᠤᠷᠪᠤᠯᠵᠢᠯᠠᠭᠴᠢ᠄ ᠬᠤᠲᠠ ᠶᠢᠨ ᠬᠠᠮᠢᠶᠠᠷᠤᠯᠲᠠ ᠶᠢᠨ ᠠᠵᠢᠯ ᠪᠣᠯ ᠡᠭᠡᠯ ᠠᠷᠠᠳ ᠤᠨ ᠠᠵᠢᠯ᠂ ᠣᠯᠠᠨ | ᠲᠦᠮᠡᠨ ᠤ ᠠᠩᠬᠠᠷᠤᠯ ᠲᠠᠯᠪᠢᠵᠤ ᠪᠠᠶᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠳᠤ ᠴᠢᠭᠯᠡᠭᠦᠯᠦᠨ ᠮᠠᠨ ᠤ | ᠲᠣᠪᠴᠢᠶ᠎ᠠ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠯᠢᠦ ᠲᠣᠪᠴᠢᠶᠠᠨ ᠳᠠᠷᠤᠭ᠎ᠠ᠄ ᠠᠷᠠᠳ ᠢᠷᠭᠡᠳ ᠤᠨ ᠠᠩᠬᠠᠷᠴᠤ ᠪᠠᠶᠢᠭ᠎ᠠ ᠲᠣᠰᠣᠨ ᠤᠲᠤᠭᠠᠨ ᠤ ᠪᠣᠬᠢᠷᠲᠤᠯ | ᠤᠨ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠦᠵᠡᠮᠵᠢ ᠶᠢᠨ ᠬᠠᠤᠯᠢ ᠬᠡᠷᠡᠭᠵᠢᠭᠦᠯᠬᠦ ᠲᠠᠰᠤᠭ ᠤᠨ ᠵᠣᠬᠢᠶᠠᠨ | ᠪᠠᠶᠢᠭᠤᠯᠤᠯᠲᠠ ᠠᠴᠠ ᠣᠯᠠᠨ ᠤᠳᠠᠭ᠎ᠠ ᠰᠥᠨᠢ ᠶᠢᠨ ᠪᠠᠶᠢᠴᠠᠭᠠᠯᠲᠠ ᠬᠢᠵᠦ᠂ ᠲᠣᠭᠲᠠᠭᠠᠯ ᠠᠴᠠ ᠵᠥᠷᠢᠴᠡᠭᠰᠡᠨ | ᠳᠡᠯᠭᠡᠭᠦᠷ ᠮᠣᠬᠤᠯᠠᠭ ᠲᠤ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠣᠳᠣ | ᠡᠯ᠎ᠡ ᠳᠡᠯᠭᠡᠭᠦᠷ ᠤᠨ ᠬᠢᠨ ᠪᠦᠷ ᠲᠣᠰᠣᠨ ᠤᠲᠤᠭ᠎ᠠ ᠶᠢ ᠴᠡᠪᠡᠷᠰᠢᠭᠦᠯᠬᠦ᠂ ᠳᠠᠭᠤ ᠬᠥᠨᠳᠡᠶᠢᠷᠡᠭᠦᠯᠬᠦ ᠲᠥᠬᠦᠭᠡᠷᠦᠮᠵᠢ ᠶᠢ | ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠵᠡᠶ᠃ ᠣᠯᠠᠨ ᠲᠦᠮᠡᠨ ᠤ ᠲᠤᠰᠬᠠᠭᠰᠠᠨ ᠭᠡᠷ ᠤᠨ ᠭᠠᠳᠠᠨᠠᠬᠢ ᠵᠠᠷ | ᠮᠡᠳᠡᠭᠡ ᠶᠢᠨ ᠠᠷᠠᠳ ᠢ ᠦᠶᠮᠡᠭᠦᠯᠬᠦ ᠠᠰᠠᠭᠤᠳᠠᠯ ᠳᠤ ᠴᠢᠭᠯᠡᠭᠦᠯᠦᠨ᠂ ᠡᠳᠦᠭᠡ ᠭᠡᠷ ᠤᠨ ᠭᠠᠳᠠᠨᠠᠬᠢ ᠵᠠᠷ ᠮᠡᠳᠡᠭᠡ ᠶᠢᠨ | ᠤᠬᠠᠭᠤᠯᠬᠤ ᠴᠠᠭ ᠢ ᠬᠢᠵᠠᠭᠠᠷᠯᠠᠵᠤ᠂ ᠵᠥᠪᠬᠡᠨ ᠠᠵᠢᠯᠯᠠᠬᠤ ᠴᠠᠭ ᠠᠴᠠ ᠪᠤᠰᠤᠳ ᠴᠠᠭ ᠲᠤ ᠭᠡᠷ ᠤᠨ ᠭᠠᠳᠠᠨᠠᠬᠢ | ᠤᠬᠠᠭᠤᠯᠭ᠎ᠠ ᠬᠢᠬᠦ ᠶᠢ ᠵᠥᠪᠰᠢᠶᠡᠷᠡᠨ᠎ᠡ᠃ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ | ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ | ᠬᠠᠷᠢᠯᠴᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠲᠠᠢ ᠬᠤᠯᠪᠣᠭᠠᠯᠠᠨ ᠣᠯᠠᠨ ᠤᠳᠠᠭ᠎ᠠ ᠪᠠᠯᠭᠠᠰᠤ ᠲᠣᠭᠤᠷᠢᠭ ᠤᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠪᠠᠯᠭᠠᠰᠤᠨ ᠤ ᠳᠣᠲᠣᠷᠠᠬᠢ ᠲᠣᠭᠲᠠᠭᠠᠯ ᠠᠴᠠ ᠵᠥᠷᠢᠴᠡᠨ | ᠫᠠᠶᠢᠰᠠ ᠢᠯᠡᠷᠬᠡᠶᠢᠯᠡᠯ᠂ ᠲᠣᠰᠣᠨ ᠤᠲᠤᠭᠠᠨ ᠤ ᠪᠣᠬᠢᠷᠲᠤᠯ᠂ ᠲᠣᠭᠲᠠᠭᠠᠯ ᠠᠴᠠ ᠵᠥᠷᠢᠴᠡᠨ ᠲᠡᠷᠭᠡ ᠪᠠᠨ | ᠵᠣᠭᠰᠣᠭᠠᠬᠤ᠂ ᠵᠡᠭᠡᠯᠢ ᠳᠠᠭᠠᠤ ᠮᠠᠯ ᠤᠨᠤᠭ᠎ᠠ ᠠᠯᠠᠵᠤ ᠨᠢᠲᠤᠯᠬᠤ ᠵᠡᠷᠭᠡ ᠦᠢᠯᠡ ᠠᠵᠢᠯᠯᠠᠭ᠎ᠠ ᠶᠢ ᠴᠡᠭᠴᠡᠯᠡᠨ ᠵᠠᠰᠠᠪᠠ | ᠃ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠮᠲᠤᠷᠠᠨ᠂ ᠪᠢᠷᠠᠭᠤ ᠪᠠᠯᠭᠠᠰᠤ ᠶᠢᠨ | ᠳᠣᠲᠣᠷᠠᠬᠢ ᠡᠷᠭᠢᠨ ᠲᠣᠭᠤᠷᠢᠨ ᠤ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠵᠣᠭᠰᠣᠭᠠᠵᠤ ᠳᠤᠷ᠎ᠠ ᠪᠠᠷ ᠲᠠᠯᠪᠢᠬᠤ | ᠦᠵᠡᠭᠳᠡᠯ ᠳᠤ ᠴᠢᠭᠯᠡᠭᠦᠯᠦᠨ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ | ᠠᠷᠠᠳ ᠣᠯᠠᠨ ᠤ ᠲᠤᠰᠬᠠᠭᠰᠠᠨ ᠲᠣᠮᠣ ᠬᠡᠯᠪᠡᠷᠢ ᠶᠢᠨ ᠮᠠᠰᠢᠨ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ | ᠪᠠᠷ ᠢᠶᠠᠨ ᠲᠠᠯᠪᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠢᠳᠡ 303 ᠵᠠᠰᠠᠮᠠᠯ ᠵᠠᠮ ᠤᠨ ᠬᠠᠵᠠᠭᠤ ᠳᠤ | ᠨᠤᠷᠠᠭᠠᠵᠤ ᠨᠡᠭᠦᠯᠭᠡᠬᠦ ᠣᠷᠣᠨ ᠪᠦᠰᠡ ᠶᠢ ᠠᠰᠢᠭᠯᠠ ᠲᠣᠮᠣ ᠬᠡᠯᠪᠡᠷᠢ ᠶᠢᠨ ᠮᠠᠰᠢᠨ ᠲᠡᠷᠭᠡᠨ ᠤ ᠵᠣᠭᠰᠣᠭᠠᠯ 1 ᠶᠢ | ᠪᠠᠶᠢᠭᠤᠯᠵᠤ᠂ ︽ᠲᠡᠷᠭᠡ ᠵᠣᠭᠰᠣᠭᠠᠬᠤ ᠳᠤ ᠬᠦᠴᠢᠷᠲᠡᠶ ︾ ᠠᠰᠠᠭᠤᠳᠠᠯ ᠢ ᠨᠠᠮᠳᠠᠭᠤᠯᠪᠠ︔ ᠮᠠᠨ ᠤ ᠪᠠᠯᠭᠠᠰᠤᠨ ᠤ | ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠲᠠᠯ᠎ᠠ ᠪᠠᠷ᠂ ᠮᠠᠨ ᠤ | ᠲᠣᠪᠴᠢᠶ᠎ᠠ ᠪᠦᠬᠦ ᠬᠤᠰᠢᠭᠤᠨ ᠤ 18 ᠠᠳᠠᠯ ᠠᠬᠤᠢ ᠶᠢᠨ ᠠᠵᠤ ᠠᠬᠤᠶᠢᠯᠠᠯ ᠤᠨ 128 ᠰᠠᠭᠤᠭᠠᠯᠢ ᠲᠣᠭᠤᠷᠢᠭ | ᠲᠤ ᠶᠡᠷᠦᠩᠬᠡᠶᠢᠯᠡᠭᠰᠡᠨ ᠪᠠᠶᠢᠴᠠᠭᠠᠯᠲᠠ ᠬᠢᠵᠦ᠂ ᠠᠰᠠᠷ ᠤᠨ ᠬᠤᠩᠭᠢᠯ᠂ ᠠᠰᠠᠷ ᠤᠨ ᠱᠠᠲᠤ ᠶᠢᠨ ᠲᠠᠰᠤᠯᠭ᠎ᠠ᠂ ᠣᠯᠠᠨ | ᠨᠡᠶᠢᠲᠡ ᠶᠢᠨ ᠨᠡᠪᠲᠡᠷᠡᠬᠦ ᠵᠠᠮ᠂ ᠭᠠᠵᠠᠷ ᠳᠣᠤᠷᠠᠬᠢ ᠥᠷᠥᠭᠡ ᠶᠢᠨ ᠨᠣᠴᠣᠮᠠᠲᠠᠭᠠᠶ ᠡᠳ᠋ ᠪᠣᠳᠠᠰ᠂ ᠬᠠᠰᠢᠯᠭ᠎ᠠ ᠶᠢ | ᠪᠦᠲᠦᠮᠵᠢᠲᠡᠶ ᠴᠡᠪᠡᠷᠯᠡᠪᠡ︔ ᠰᠠᠭᠤᠭᠠᠯᠢ ᠠᠷᠠᠳ ᠤᠨ ᠳᠤᠷ᠎ᠠ ᠪᠠᠷ ᠢᠶᠠᠨ ᠲᠠᠲᠠᠬᠤ᠂ ᠲᠣᠭᠲᠠᠭᠠᠯ ᠠᠴᠠ ᠵᠥᠷᠢᠴᠡᠨ | ᠴᠠᠬᠢᠯᠭᠠᠨ ᠬᠡᠷᠡᠭᠯᠡᠬᠦ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠵᠢᠭᠰᠠᠭᠠᠨ ᠪᠠᠶᠢᠴᠠᠭᠠᠵᠤ ᠢᠯᠭᠠᠷᠠᠭᠤᠯᠤᠭᠠᠳ᠂ | ᠰᠠᠭᠤᠭᠠᠯᠢ ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠪᠠᠲᠤᠯᠠᠭ᠎ᠠ ᠲᠠᠢ ᠪᠣᠯᠭᠠᠪᠠ᠃ |