ᠰᠤᠷᠪᠤᠯᠵᠢᠯᠠᠭᠴᠢ᠄ ᠬᠠᠨ ᠲᠣᠪᠴᠢᠶᠠᠨ ᠳᠠᠷᠤᠭ᠎ᠠ ᠲᠠ ᠰᠠᠶᠢᠨ ᠦᠦ︖ ᠣᠶᠢᠯᠠᠭᠠᠭᠰᠠᠨ ᠢᠶᠠᠷ᠂ ᠮᠠᠨ ᠤ | ᠬᠤᠰᠢᠭᠤ ︽ᠬᠡᠰᠢᠭᠲᠡᠨ ᠬᠤᠰᠢᠭᠤᠨ ᠤ ᠪᠠᠴᠢᠮ ᠠᠪᠤᠷᠠᠨ ᠲᠤᠰᠠᠯᠠᠬᠤ ᠮᠥᠩᠭᠦ ᠶᠢ ᠬᠡᠷᠡᠭᠯᠡᠬᠦ ᠲᠦᠷ ᠬᠡᠷᠡᠭᠵᠢᠭᠦᠯᠬᠦ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠭᠰᠡᠨ ᠪᠠᠢᠨ᠎ᠠ᠂ ᠲᠠ ︽ᠠᠷᠭ᠎ᠠ︾ ᠶᠢ ᠨᠡᠶᠢᠲᠡᠯᠡᠭᠰᠡᠨ ᠠᠴᠢ | ᠬᠤᠯᠪᠣᠭᠳᠠᠯ ᠤᠨ ᠲᠤᠬᠠᠢ ᠶᠠᠷᠢᠭᠠᠳ ᠥᠭᠭᠦᠨ᠎ᠡ ᠦᠦ︖ | ᠬᠠᠨ ᠰᠢᠶᠣᠤ ᠹᠧᠩ᠄ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠤᠷᠢᠭ᠎ᠠ ᠱᠤᠭᠤᠮ ᠢ ᠪᠠᠲᠤᠯᠠᠬᠤ᠂ ᠪᠠᠴᠢᠮ | ᠬᠦᠴᠢᠷᠳᠡᠯ ᠢ ᠠᠪᠤᠷᠠᠬᠤ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠤᠲᠠ ᠬᠥᠳᠡᠭᠡ ᠶᠢᠨ | ᠬᠦᠴᠢᠷᠳᠡᠯᠲᠡᠶ ᠣᠯᠠᠨ ᠲᠦᠮᠡᠨ ᠤ ᠭᠡᠨᠡᠳᠲᠡ ᠶᠢᠨ ᠴᠢᠨᠠᠷ᠂ ᠲᠤᠯᠭᠠᠮ᠎ᠠ ᠴᠢᠨᠠᠷ ᠲᠠᠢ᠂ ᠦᠨᠳᠦᠰᠦᠨ ᠠᠮᠢᠳᠤᠷᠠᠯ ᠤᠨ | ᠬᠦᠴᠢᠷᠳᠡᠯ ᠢ ᠰᠢᠶᠳᠪᠦᠷᠢᠯᠡᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠨᠡᠶᠢᠭᠡᠮ ᠤᠨ ᠠᠪᠤᠷᠠᠨ | ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 649 | ᠳ᠋ᠦ᠋ᠭᠡᠷ ᠲᠣᠭᠠᠲᠤ︶᠂ ︽ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2014﹈ 47 ᠳ᠋ᠤᠭᠠᠷ | ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ | ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ ᠲᠣᠰ ᠠᠷᠭ᠎ᠠ ᠶᠢᠨ ᠪᠠᠴᠢᠮ ᠬᠦᠴᠢᠷ ᠠᠪᠤᠷᠠᠨ | ᠲᠤᠰᠠᠯᠠᠬᠤ ᠮᠥᠩᠭᠦ ᠭᠡᠳᠡᠭ ᠨᠢ ᠭᠡᠨᠡᠳᠲᠡ ᠶᠢᠨ ᠬᠡᠷᠡᠭ᠂ ᠰᠠᠨᠠᠭᠠᠨ ᠳᠤ ᠥᠬᠡᠶ ᠭᠡᠮᠲᠦᠯ᠂ ᠬᠦᠨᠳᠦ ᠶᠡᠭᠡ ᠡᠪᠡᠳᠴᠢᠨ | ᠡᠮᠭᠡᠭ ᠪᠤᠶᠤ ᠪᠤᠰᠤᠳ ᠣᠨᠴᠠᠭᠠᠢ ᠰᠢᠯᠲᠠᠭᠠᠨ ᠠᠴᠠ ᠪᠣᠯᠵᠤ ᠠᠮᠢᠳᠤᠷᠠᠯ ᠨᠢ ᠬᠦᠴᠢᠷᠳᠡᠯ ᠲᠠᠢ ᠪᠣᠯᠵᠤ᠂ ᠪᠤᠰᠤᠳ | ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠲᠦᠷ ᠴᠠᠭ ᠬᠠᠮᠤᠷᠬᠤ ᠶᠢᠨ ᠠᠷᠭ᠎ᠠ ᠥᠬᠡᠶ ᠪᠤᠶᠤ ᠠᠪᠤᠷᠠᠨ | ᠲᠤᠰᠠᠯᠠᠭᠰᠠᠨ ᠤ ᠳᠠᠷᠠᠭ᠎ᠠ ᠮᠥᠨ ᠬᠦ ᠬᠦᠴᠢᠷᠳᠡᠯᠲᠡᠢ ᠭᠡᠷ ᠪᠦᠯᠢ ᠳᠤ ᠪᠠᠴᠢᠮ ᠲᠦᠷᠭᠡᠨ ᠴᠢᠨᠠᠷᠲᠠᠢ᠂ ᠰᠢᠯᠵᠢᠯᠲᠡ ᠶᠢᠨ | ᠴᠢᠨᠠᠷᠲᠠᠢ ᠠᠪᠤᠷᠠᠨ ᠲᠤᠰᠠᠯᠠᠬᠤ ᠪᠡᠯᠡ ᠮᠥᠩᠭᠦ ᠣᠯᠭᠤᠬᠤ ᠶᠢ ᠵᠢᠭᠠᠵᠤ ᠪᠤᠢ᠃ | ᠰᠤᠷᠪᠤᠯᠵᠢᠯᠠᠭᠴᠢ᠄ ︽ᠠᠷᠭ᠎ᠠ︾ ᠳᠤ ᠶᠠᠮᠠᠷ ᠶᠠᠮᠠᠷ ᠬᠥᠮᠦᠰ ᠢ ᠪᠠᠭᠲᠠᠭᠠᠬᠤ ᠪᠣᠶ︖ | ᠬᠠᠨ ᠰᠢᠶᠣᠤ ᠹᠧᠩ᠄ ᠪᠠᠴᠢᠮ ᠬᠦᠴᠢᠷ ᠲᠠᠢ ᠠᠪᠤᠷᠠᠨ ᠲᠤᠰᠠᠯᠠᠬᠤ ᠡᠲᠡᠭᠡᠳ ᠭᠡᠳᠡᠭ ᠨᠢ ᠬᠡᠰᠢᠭᠲᠡᠨ | ᠬᠤᠰᠢᠭᠤᠨ ᠤ ᠡᠷᠦᠬᠡ ᠠᠮᠠ ᠲᠠᠢ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ᠂ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ | ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠡᠲᠡᠭᠡᠳ᠂ ᠥᠨᠥᠴᠢᠨ ᠬᠡᠦᠬᠡᠳ᠂ ᠭᠤᠤᠯᠳᠠᠯᠭ᠎ᠠ ᠲᠠᠢ ᠠᠰᠠᠷᠠᠨ | ᠬᠠᠷᠠᠭᠠᠯᠵᠠᠬᠤ ᠡᠲᠡᠭᠡᠳ᠂ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠥᠮᠦᠰ ᠨᠢ ᠳᠣᠤᠷᠠᠬᠢ ᠨᠥᠬᠦᠴᠡᠯ ᠳᠤ | ᠨᠡᠶᠢᠴᠡᠬᠦ ᠶᠢ ᠵᠢᠭᠠᠵᠤ ᠪᠤᠢ᠄ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠡᠳ᠂ ᠡᠯ᠎ᠡ ᠲᠥᠷᠥᠯ ᠤᠨ | ᠳᠠᠭᠠᠳᠬᠠᠯ ᠪᠠ ᠨᠡᠶᠢᠭᠡᠮ ᠤᠨ ᠠᠪᠤᠷᠠᠨ ᠲᠤᠰᠠᠯᠠᠯᠲᠠ ᠬᠢᠭᠰᠡᠨ ᠤ ᠳᠠᠷᠠᠭ᠎ᠠ᠂ ᠥᠪᠡᠷ ᠤᠨ ᠵᠠᠷᠤᠳᠠᠯ ᠤᠨ ᠲᠤᠭ᠎ᠠ | ᠬᠡᠮᠵᠢᠶ᠎ᠡ ᠨᠢ ᠯᠤᠲᠤ ᠶᠡᠭᠡ᠂ ᠦᠷᠭᠦᠯᠵᠢᠯᠡᠨ ᠡᠮᠨᠡᠭᠦᠯᠬᠦ ᠴᠢᠳᠠᠯ ᠥᠬᠡᠶ᠂ ᠦᠨᠳᠦᠰᠦᠨ ᠠᠮᠢᠳᠤᠷᠠᠯ ᠢᠶᠠᠨ ᠠᠷᠭᠠᠴᠠᠬᠤ | ᠶᠢᠨ ᠠᠷᠭ᠎ᠠ ᠥᠬᠡᠶ ᠪᠣᠯᠤᠭᠰᠠᠨ︔ ᠤᠰᠤᠨ ᠭᠠᠮᠰᠢᠭ᠂ ᠭᠠᠯ ᠤᠨ ᠠᠶᠤᠯ ᠵᠡᠷᠭᠡ ᠡᠰᠡᠷᠭᠦᠴᠡᠰᠢ ᠦᠭᠡᠢ ᠬᠦᠴᠦᠨ | ᠠᠴᠠ ᠪᠣᠯᠵᠤ ᠭᠡᠷ ᠪᠦᠯᠢ ᠶᠢᠨ ᠡᠳ᠋ ᠬᠥᠷᠥᠩᠭᠡ ᠶᠢ ᠡᠪᠳᠡᠨ ᠰᠦᠶᠳᠬᠡᠵᠦ᠂ ᠭᠡᠷ ᠪᠦᠯᠢ ᠶᠢᠨ ᠪᠣᠳᠠᠲᠤ ᠠᠮᠢᠳᠤᠷᠠᠯ ᠢ | ᠬᠦᠴᠢᠷᠳᠡᠯ ᠲᠠᠢ ᠪᠣᠯᠭᠠᠭᠰᠠᠨ︔ ᠭᠡᠨᠡᠳᠲᠡ ᠶᠢᠨ ᠬᠡᠷᠡᠭ ᠪᠤᠶᠤ ᠭᠡᠨᠡᠳᠲᠡ ᠶᠢᠨ ᠬᠡᠷᠡᠭ ᠲᠤ ᠤᠴᠠᠷᠠᠭᠠᠳ ᠬᠥᠮᠦᠨ ᠢ | ᠰᠢᠷᠬᠠᠲᠤᠭᠤᠯᠵᠤ ᠦᠭᠦᠭᠦᠯᠦᠭᠰᠡᠨ᠂ ᠬᠤᠪᠢ ᠶᠢᠨ ᠵᠠᠷᠤᠳᠠᠯ ᠤᠨ ᠲᠤᠭ᠎ᠠ ᠬᠡᠮᠵᠢᠶ᠎ᠡ ᠨᠢ ᠯᠤᠲᠤ ᠶᠡᠭᠡ ᠪᠠᠶᠢᠵᠤ ᠵᠠᠷᠭᠤ | ᠶᠢᠨ ᠠᠷᠭ᠎ᠠ ᠬᠡᠮᠵᠢᠶ᠎ᠡ ᠠᠪᠤᠭᠠᠳ ᠠᠵᠤ ᠠᠬᠤᠢ ᠶᠢᠨ ᠲᠥᠯᠥᠪᠦᠷᠢ ᠣᠯᠵᠤ ᠴᠢᠳᠠᠭᠰᠠᠨ ᠦᠭᠡᠢ᠂ ᠭᠡᠷ ᠪᠦᠯᠢ ᠪᠠ | ᠬᠤᠪᠢ ᠬᠥᠮᠦᠨ ᠣᠷᠣᠰᠢᠨ ᠲᠣᠭᠲᠠᠨᠢᠬᠤ ᠠᠶᠤᠯ ᠲᠦᠭᠰᠢᠭᠦᠷᠢ ᠳᠤ ᠲᠤᠯᠭᠠᠷᠠᠭᠰᠠᠨ︔ ᠪᠤᠰᠤᠳ ᠣᠨᠴᠠᠭᠠᠢ ᠪᠠᠶᠢᠳᠠᠯ | ᠳᠤ ᠠᠪᠤᠷᠠᠨ ᠲᠤᠰᠠᠯᠠᠬᠤ ᠳᠤ ᠪᠠᠴᠢᠮ ᠬᠦᠴᠢᠷᠲᠡᠶ ᠪᠠᠶᠢᠬᠤ ᠵᠡᠷᠭᠡ ᠶᠢ ᠵᠢᠭᠠᠨ᠎ᠠ᠃ | ᠠᠪᠤᠷᠠᠨ ᠲᠤᠰᠠᠯᠠᠬᠤ ᠵᠣᠭᠤᠰ ᠤᠨ ᠲᠤᠭ᠎ᠠ ᠬᠡᠮᠵᠢᠶ᠎ᠡ ᠶᠢ ᠬᠤᠰᠢᠭᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠠᠴᠠ ᠭᠡᠷ ᠪᠦᠯᠢ ᠶᠢᠨ ᠬᠦᠴᠢᠷᠳᠡᠯ ᠤᠨ ᠪᠠᠶᠢᠳᠠᠯ᠂ ᠬᠥᠮᠦᠨ ᠤ ᠪᠡᠶ᠎ᠡ ᠶᠢᠨ ᠭᠡᠮᠲᠦᠯ ᠤᠨ ᠬᠡᠮᠵᠢᠶ᠎ᠡ᠂ ᠬᠤᠪᠢ | ᠶᠢᠨ ᠰᠦᠶᠳᠬᠡᠯ ᠤᠨ ᠡᠮ ᠡᠮᠨᠡᠯᠭᠡ ᠶᠢᠨ ᠰᠦᠶᠳᠬᠡᠯ ᠤᠨ ᠬᠦᠴᠦᠨ ᠪᠦᠬᠦᠢ ᠵᠣᠭᠤᠰ ᠤᠨ ᠲᠤᠭ᠎ᠠ᠂ ᠭᠠᠶ ᠭᠠᠮᠰᠢᠭ | ᠤᠨ ᠬᠤᠬᠢᠷᠠᠯ ᠤᠨ ᠶᠡᠭᠡ ᠪᠠᠭ᠎ᠠ᠂ ᠭᠡᠷ ᠪᠦᠯᠢ ᠶᠢᠨ ᠳᠠᠭᠠᠭᠠᠬᠤ ᠴᠢᠳᠠᠪᠤᠷᠢ ᠵᠡᠷᠭᠡ ᠶᠡᠷᠦᠩᠬᠡᠶᠢᠯᠡᠭᠰᠡᠨ ᠬᠦᠴᠦᠨ ᠵᠦᠶᠯ | ᠢ ᠦᠨᠳᠦᠰᠦᠯᠡᠨ ᠲᠣᠭᠲᠠᠭᠠᠵᠤ᠂ᠵᠢᠯ ᠪᠦᠷᠢ 10 ᠲᠦᠮᠡᠨ ᠲᠥᠭᠦᠷᠢᠭ ᠪᠠᠶᠢᠵᠤ᠂ ᠡᠷᠦᠬᠡ ᠪᠦᠷᠢ ᠵᠢᠯ ᠪᠦᠷᠢ ᠵᠠᠷᠴᠢᠮ | ᠳᠡᠭᠡᠷ᠎ᠡ ᠪᠠᠨ ᠨᠢᠭᠡ ᠤᠳᠠᠭ᠎ᠠ ᠠᠪᠤᠷᠠᠨ ᠲᠤᠰᠠᠯᠠᠬᠤ ᠶᠢ ᠬᠦᠷᠳᠡᠨ᠎ᠡ᠃ ᠬᠦᠨᠳᠦ ᠣᠨᠴᠠ ᠶᠡᠭᠡ ᠡᠪᠡᠳᠴᠢᠨ ᠳᠤ | ᠨᠡᠷᠪᠡᠭᠳᠡᠭᠰᠡᠨ ᠵᠡᠷᠭᠡ ᠰᠢᠯᠲᠠᠭᠠᠨ ᠠᠴᠠ ᠪᠣᠯᠵᠤ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠪᠠᠶᠪᠠᠯ | ᠂ ᠡᠮ ᠡᠮᠨᠡᠯᠭᠡ ᠶᠢᠨ ᠵᠠᠷᠤᠳᠠᠯ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ᠂ ᠡᠯ᠎ᠡ ᠲᠥᠷᠥᠯ ᠤᠨ ᠬᠤᠳᠠᠯᠳᠤᠭᠠᠨ ᠤ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ | ᠳᠠᠷᠠᠭ᠎ᠠ᠂ ᠵᠢᠯ ᠳᠤ ᠨᠡᠶᠢᠲᠡ 2 — 5 ᠲᠦᠮᠡᠨ ᠲᠥᠭᠦᠷᠢᠭ ︵5 ᠲᠦᠮᠡᠨ ᠲᠥᠭᠦᠷᠢᠭ ᠪᠠᠭᠲᠠᠨ᠎ᠠ︶ ᠢ 70 % | ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠬᠠᠮᠤᠭ ᠳᠡᠭᠡᠳᠦ ᠬᠢᠵᠠᠭᠠᠷ ᠨᠢ 3 ᠲᠦᠮᠡᠨ ᠲᠥᠭᠦᠷᠢᠭ ᠪᠣᠯᠤᠨ᠎ᠠ︔ | ᠥᠪᠡᠷᠲᠡᠭᠡᠨ ᠥᠭᠬᠦ 5 — 10 ᠲᠦᠮᠡᠨ ᠲᠥᠭᠦᠷᠢᠭ ︵10 ᠲᠦᠮᠡᠨ ᠲᠥᠭᠦᠷᠢᠭ ᠪᠠᠭᠲᠠᠨ᠎ᠠ︶ ᠢ 80% ᠶᠢᠨ | ᠬᠠᠷᠢᠴᠠᠯ ᠢᠶᠠᠷ ᠠᠪᠤᠷᠠᠨ ᠲᠤᠰᠠᠯᠠᠵᠤ᠂ ᠳᠡᠭᠡᠳᠦ ᠬᠢᠵᠠᠭᠠᠷ ᠢ 5 ᠲᠦᠮᠡᠨ ᠲᠥᠭᠦᠷᠢᠭ ᠢᠶᠠᠷ ᠬᠢᠵᠠᠭᠠᠷᠯᠠᠨ᠎ᠠ︔ | ᠥᠪᠡᠰᠦᠪᠡᠨ 10 — 15 ᠲᠦᠮᠡᠨ ᠲᠥᠭᠦᠷᠢᠭ ︵15 ᠲᠦᠮᠡᠨ ᠲᠥᠭᠦᠷᠢᠭ ᠪᠠᠭᠲᠠᠨ᠎ᠠ︶ ᠲᠤᠰᠢᠶᠠᠪᠠᠯ 8 ᠲᠦᠮᠡᠨ | ᠲᠥᠭᠦᠷᠢᠭ ᠢᠶᠠᠷ ᠲᠤᠰᠠᠯᠠᠨ᠎ᠠ︔ 15 ᠲᠦᠮᠡᠨ ᠲᠥᠭᠦᠷᠢᠭ ᠠᠴᠠ ᠳᠡᠭᠡᠭᠰᠢ ᠥᠪᠡᠷᠲᠡᠭᠡᠨ ᠲᠤᠰᠢᠶᠠᠪᠠᠯ 10 ᠲᠦᠮᠡᠨ | ᠲᠥᠭᠦᠷᠢᠭ ᠢᠶᠠᠷ ᠲᠤᠰᠠᠯᠠᠨ᠎ᠠ᠃ ᠣᠨᠴᠠᠭᠠᠢ ᠰᠢᠯᠲᠠᠭᠠᠨ ᠠᠴᠠ ᠪᠣᠯᠵᠤ ᠬᠤᠲᠠ ᠬᠥᠳᠡᠭᠡ ᠶᠢᠨ ᠰᠠᠭᠤᠭᠠᠯᠢ ᠠᠷᠠᠳ | ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠪᠠᠶᠪᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ | ᠤᠨ ᠡᠮᠴᠢᠯᠡᠭᠡ ᠶᠢᠨ ᠳᠠᠭᠠᠳᠬᠠᠯ ᠤᠨ ᠬᠠᠷᠢᠴᠠᠯ ᠵᠡᠷᠭᠡ ᠪᠠᠷ ᠮᠡᠳᠡᠭᠦᠯᠪᠡᠰᠦ ᠵᠣᠬᠢᠬᠤ ᠵᠣᠭᠤᠰ ᠤᠨ ᠲᠤᠭ᠎ᠠ ᠶᠢ | ᠬᠠᠰᠤᠵᠤ ᠭᠠᠷᠭᠠᠭᠰᠠᠨ ᠤ ᠳᠠᠷᠠᠭ᠎ᠠ ᠲᠤᠰᠠᠯᠠᠬᠤ ᠬᠡᠷᠡᠭᠲᠡᠶ᠃ ᠭᠤᠷᠪᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠪᠠᠷ ᠡᠮᠨᠡᠭᠦᠯᠬᠦ ᠳᠤ ᠡᠭᠦᠰᠦᠭᠰᠡᠨ ᠡᠮ ᠡᠮᠨᠡᠯᠭᠡ ᠶᠢᠨ | ᠵᠠᠷᠤᠳᠠᠯ ᠢ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠤᠨ ᠶᠡᠷᠦᠩᠬᠡᠶ ᠲᠤᠭ᠎ᠠ ᠶᠢᠨ 50 % ᠪᠠᠷ ᠬᠤᠪᠢ | ᠬᠥᠮᠦᠨ ᠤ ᠥᠪᠡᠷ ᠢᠶᠠᠷ ᠲᠥᠯᠥᠬᠦ ᠬᠡᠰᠡᠭ ᠢ ᠨᠤᠭᠤᠯᠤᠨ ᠪᠤᠳᠤᠭᠰᠠᠨ ᠤ ᠳᠠᠷᠠᠭ᠎ᠠ᠂ ᠳᠡᠭᠡᠷ᠎ᠡ ᠳᠤᠷᠠᠳᠤᠭᠰᠠᠨ | ᠵᠣᠬᠢᠴᠠᠩᠭᠤᠶ ᠠᠪᠤᠷᠠᠨ ᠲᠤᠰᠠᠯᠠᠬᠤ ᠬᠠᠷᠢᠴᠠᠯ ᠢᠶᠠᠷ ᠠᠪᠤᠷᠠᠨ ᠲᠤᠰᠠᠯᠠᠬᠤ ᠬᠡᠷᠡᠭᠲᠡᠶ᠃ |