| ᠰᠤᠷᠪᠤᠯᠵᠢᠯᠠᠭᠴᠢ᠄ ᠯᠢ ᠡᠷᠬᠢᠯᠡᠭᠴᠢ ᠡ᠂ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠭᠰᠡᠨ ᠬᠠᠮᠢᠶ᠎ᠠ ᠪᠦᠬᠦᠢ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠯᠢ ᠡᠷᠬᠢᠯᠡᠭᠴᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ 2019 ᠤᠨ 8 ᠳ᠋ᠤᠭᠠᠷ ᠰᠠᠷ᠎ᠠ ᠶᠢᠨ 5 ᠤ ᠡᠳᠦᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ 2019 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠪᠡ᠂ ᠡᠨᠡ ᠪᠣᠯ ᠥᠪᠡᠷᠲᠡᠭᠡᠨ ᠵᠠᠰᠠᠬᠤ ᠣᠷᠣᠨ ᠠᠩᠬ᠎ᠠ ᠤᠳᠠᠭ᠎ᠠ ᠵᠠᠰᠠᠭ ᠤᠨ ᠣᠷᠳᠣᠨ ᠤ | ᠳᠦᠷᠢᠮ ᠲᠣᠭᠲᠠᠭᠠᠯ ᠤᠨ ᠬᠡᠯᠪᠡᠷᠢ ᠪᠠᠷ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠳᠤ ᠲᠣᠭᠲᠠᠭᠠᠯ | ᠭᠠᠷᠭᠠᠭᠰᠠᠨ ᠶᠠᠪᠤᠳᠠᠯ ᠪᠣᠯᠤᠨ᠎ᠠ᠃ ︽ᠲᠣᠭᠲᠠᠭᠠᠯ︾ ᠨᠢ ᠨᠡᠶᠢᠲᠡ 32 ᠵᠦᠶᠯ ᠪᠠᠶᠢᠵᠤ᠂ ᠲᠡᠮᠦᠷ ᠵᠠᠮ ᠤᠨ ᠠᠮᠤᠷ | ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠵᠠᠶ᠂ ᠡᠨᠡ ᠨᠢ ᠭᠤᠤᠯᠳᠠᠭᠤ ᠲᠡᠮᠦᠷ ᠵᠠᠮ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠵᠠᠷᠴᠢᠮ ᠢ ᠲᠣᠳᠣᠷᠬᠠᠶᠢᠯᠠᠵᠤ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ | ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠡᠮᠦᠷ ᠵᠠᠮ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠨᠳᠦᠷ ᠬᠤᠷᠳᠤᠴᠠᠲᠤ ᠲᠡᠮᠦᠷ ᠵᠠᠮ ᠤᠨ ︽ᠬᠡᠰᠡᠭ | ᠤᠨ ᠳᠠᠷᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠶᠢ ᠲᠣᠳᠣᠷᠬᠠᠶᠢᠯᠠᠵᠤ᠂ ︽ᠲᠣᠭᠲᠠᠭᠠᠯ︾ ᠢ | ᠵᠥᠷᠢᠴᠡᠪᠡᠯ ᠡᠭᠦᠷᠭᠡᠯᠡᠬᠦ ᠶᠣᠰᠣᠲᠠᠶ ᠬᠠᠤᠯᠢ ᠶᠢᠨ ᠬᠠᠷᠢᠭᠤᠴᠠᠯᠭ᠎ᠠ ᠳᠥᠷᠪᠡᠨ ᠲᠠᠯ᠎ᠠ ᠶᠢ ᠲᠣᠳᠣᠷᠬᠠᠢᠯᠠᠵᠠᠢ᠃ | ᠰᠤᠷᠪᠤᠯᠵᠢᠯᠠᠭᠴᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠭᠰᠡᠨ ᠤ ᠵᠣᠷᠢᠯᠭ᠎ᠠ ᠨᠢ ᠶᠠᠭᠤ ᠪᠣᠶ︖ ᠶᠠᠮᠠᠷ ᠶᠠᠮᠠᠷ | ᠵᠠᠷᠴᠢᠮ ᠢ ᠵᠢᠷᠤᠮᠯᠠᠭᠰᠠᠨ ᠪᠣᠶ︖ | ᠯᠢ ᠡᠷᠬᠢᠯᠡᠭᠴᠢ᠄ ︽ᠲᠣᠭᠲᠠᠭᠠᠯ︾ ᠢ ᠨᠡᠶᠢᠲᠡᠯᠡᠭᠰᠡᠨ ᠵᠣᠷᠢᠯᠭ᠎ᠠ ᠨᠢ ᠬᠥᠮᠦᠨ ᠤ ᠪᠡᠶ᠎ᠡ ᠮᠠᠬᠠᠪᠣᠳ ᠪᠠ ᠡᠳ᠋ | ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠪᠠ | ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ ᠶᠤᠮ︔ ᠲᠡᠮᠦᠷ ᠵᠠᠮ ᠤᠨ ᠠᠮᠤᠷ ᠲᠦᠪᠰᠢᠨ ᠤ | ᠬᠠᠮᠢᠶᠠᠷᠤᠯᠲᠠ ᠨᠢ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠠᠮᠤᠷ ᠲᠦᠪᠰᠢᠨ ᠢ ᠲᠡᠷᠢᠭᠦᠨ | ᠳᠤ ᠲᠠᠯᠪᠢᠬᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠂ ᠶᠡᠷᠦᠩᠬᠡᠶᠢᠯᠡᠨ ᠵᠠᠰᠠᠬᠤ ᠵᠠᠷᠴᠢᠮ ᠢ ᠵᠢᠷᠤᠮᠯᠠᠬᠤ | ᠬᠡᠷᠡᠭᠲᠡᠶ᠃ | ᠰᠤᠷᠪᠤᠯᠵᠢᠯᠠᠭᠴᠢ᠄ ︽ᠲᠣᠭᠲᠠᠭᠠᠯ︾ ᠳᠤ ᠡᠯ᠎ᠡ ᠱᠠᠲᠤᠨ ᠤ ᠵᠠᠰᠠᠭ ᠤᠨ ᠣᠷᠳᠣᠨ ᠶᠠᠮᠠᠷ ᠶᠠᠮᠠᠷ ᠡᠭᠦᠷᠭᠡ | ᠬᠠᠷᠢᠭᠤᠴᠠᠯᠭ᠎ᠠ ᠲᠠᠢ ᠪᠣᠶ︖ | ᠲᠡᠮᠦᠷ ᠵᠠᠮ ᠳᠠᠭᠠᠤ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ᠂ ᠲᠡᠮᠦᠷ ᠵᠠᠮ ᠤᠨ ᠠᠮᠤᠷ ᠲᠦᠪᠰᠢᠨ ᠢ ᠪᠠᠲᠤᠯᠠᠬᠤ ᠬᠥᠮᠦᠵᠢᠯ ᠢ ᠴᠢᠩᠭᠠᠳᠬᠠᠨ᠂ ᠵᠠᠮ ᠬᠠᠮᠠᠭᠠᠯᠠᠬᠤ | ᠬᠠᠮᠲᠤᠷᠠᠨ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠡᠮᠦᠷ ᠵᠠᠮ ᠤᠨ ᠠᠮᠤᠷ ᠲᠦᠪᠰᠢᠨ ᠳᠤ ᠬᠤᠤᠷ ᠬᠥᠨᠥᠭᠡᠯ | ᠤᠴᠠᠷᠠᠭᠤᠯᠬᠤ ᠦᠢᠯᠡ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠵᠤ | ᠠᠬᠤᠶᠢᠯᠠᠯ ᠯᠤᠭ᠎ᠠ ᠬᠠᠮᠲᠤᠪᠠᠷ ᠲᠡᠮᠦᠷ ᠵᠠᠮ ᠤᠨ ᠵᠠᠮ ᠬᠠᠷᠢᠯᠴᠠᠭᠠᠨ ᠤ ᠠᠳᠡᠯ᠂ ᠲᠡᠷᠭᠡᠨ ᠤ ᠭᠡᠨᠡᠳᠲᠡ ᠶᠢᠨ ᠬᠡᠷᠡᠭ ᠢ | ᠰᠢᠶᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ᠲᠡᠮᠦᠷ ᠵᠠᠮ ᠳᠠᠭᠠᠤ ᠶᠢᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠵᠠᠮ ᠬᠠᠮᠠᠭᠠᠯᠠᠬᠤ | ᠬᠠᠮᠲᠤᠷᠠᠨ ᠰᠡᠷᠭᠡᠶᠢᠯᠡᠬᠦ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠬᠤᠯᠪᠣᠭᠳᠠᠯ ᠪᠦᠬᠦᠢ ᠨᠢᠭᠡᠴᠡ ᠲᠠᠢ ᠬᠠᠮᠵᠢᠯᠴᠠᠨ | ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠡᠮᠦᠷ ᠵᠠᠮ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ | ᠬᠡᠷᠡᠭᠲᠡᠶ᠃ | ᠰᠤᠷᠪᠤᠯᠵᠢᠯᠠᠭᠴᠢ᠄ ︽ᠲᠣᠭᠲᠠᠭᠠᠯ︾ ᠳᠤ᠂ ᠲᠡᠮᠦᠷ ᠵᠠᠮ ᠤᠨ ᠬᠡᠷᠡᠭᠯᠡᠬᠦ ᠭᠠᠵᠠᠷ ᠤᠨ ᠲᠠᠯ᠎ᠠ ᠪᠠᠷ ᠶᠠᠮᠠᠷ ᠶᠠᠮᠠᠷ | ᠲᠣᠭᠲᠠᠭᠠᠯ ᠲᠠᠢ ᠪᠣᠶ︖ | ᠯᠢ ᠡᠷᠬᠢᠯᠡᠭᠴᠢ᠄ ᠶᠠᠮᠠᠷᠪᠠ ᠨᠢᠭᠡᠴᠢ᠂ ᠬᠤᠪᠢ ᠬᠥᠮᠦᠨ ᠤ ᠲᠡᠮᠦᠷ ᠵᠠᠮ ᠤᠨ ᠬᠡᠷᠡᠭᠯᠡᠬᠦ ᠭᠠᠵᠠᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠬᠦ ᠶᠢ ᠴᠠᠭᠠᠵᠠᠯᠠᠨ᠎ᠠ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ | ᠳᠤ ᠭᠠᠵᠠᠷ ᠲᠠᠲᠠᠪᠤᠷᠢᠯᠠᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠬᠠᠤᠯᠢ ᠶᠣᠰᠣᠭᠠᠷ ᠭᠦᠶᠴᠡᠳᠬᠡᠭᠰᠡᠨ ᠤ ᠳᠠᠷᠠᠭ᠎ᠠ | ᠵᠢᠴᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ᠂ ᠶᠠᠮᠠᠷᠪᠠ ᠨᠢᠭᠡᠴᠡ ᠪᠤᠶᠤ ᠬᠤᠪᠢ | ᠬᠥᠮᠦᠨ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠵᠥᠪᠰᠢᠶᠡᠷᠡᠯ ᠦᠭᠡᠢ ᠪᠠᠷ ᠲᠡᠮᠦᠷ ᠵᠠᠮ ᠤᠨ | ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠲᠠᠷᠢᠶᠠᠯᠠᠩ ᠣᠢ ᠰᠢᠭᠤᠶ ᠶᠢᠨ ᠲᠠᠷᠢᠮᠠᠯ ᠲᠠᠷᠢᠬᠤ᠂ ᠪᠠᠷᠢᠯᠭ᠎ᠠ | ᠪᠠᠶᠢᠭᠤᠯᠬᠤ ᠪᠤᠶᠤ ᠡᠯᠡᠰᠦ ᠮᠠᠯᠲᠠᠵᠤ ᠰᠢᠷᠣᠶ ᠠᠪᠬᠤ ᠪᠠ ᠴᠢᠯᠠᠭᠤ ᠭᠠᠷᠭᠠᠬᠤ ᠠᠵᠢᠯ ᠢ ᠬᠢᠵᠦ ᠪᠣᠯᠬᠤ ᠦᠭᠡᠢ᠃ | ᠰᠤᠷᠪᠤᠯᠵᠢᠯᠠᠭᠴᠢ᠄ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ | ᠶᠠᠮᠠᠷ ᠶᠠᠮᠠᠷ ᠲᠣᠭᠲᠠᠭᠠᠯ ᠪᠠᠶᠢᠬᠤ ᠪᠣᠶ︖ ᠶᠠᠮᠠᠷ ᠶᠠᠮᠠᠷ ᠴᠠᠭᠠᠵᠠ ᠲᠠᠢ ᠤᠴᠢᠷ ᠶᠠᠪᠤᠳᠠᠯ ᠪᠠᠶᠢᠳᠠᠭ ᠪᠣᠶ︖ | ᠯᠢ ᠡᠷᠬᠢᠯᠡᠭᠴᠢ᠄ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠲᠡᠮᠦᠷ ᠵᠠᠮ ᠤᠨ ᠠᠮᠤᠷ ᠲᠦᠪᠰᠢᠨ ᠤ | ᠬᠠᠮᠠᠭᠠᠯᠠᠯᠲᠠ ᠶᠢᠨ ᠣᠷᠣᠨ ᠨᠢ ᠭᠠᠵᠠᠷ ᠰᠢᠷᠣᠶ ᠪᠠ ᠪᠠᠷᠢᠯᠭ᠎ᠠ᠂ ᠡᠷᠬᠡ ᠬᠠᠷᠢᠶ᠎ᠠ ᠶᠢ ᠬᠤᠪᠢᠷᠠᠭᠤᠯᠬᠤ ᠳᠤ | ᠬᠤᠯᠪᠣᠭᠳᠠᠬᠤ ᠥᠬᠡᠶ᠃ | ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠳᠣᠤᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢ ᠬᠢᠬᠦ ᠶᠢ ᠴᠠᠭᠠᠵᠠᠯᠠᠨ᠎ᠠ᠄ | 1. ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠡᠯ᠎ᠡ | ᠲᠥᠷᠥᠯ ᠤᠨ ᠬᠤᠭᠤᠯᠠᠶ ᠤᠲᠠᠰᠤ᠂ ᠭᠠᠲᠤᠯᠭ᠎ᠠ ᠶᠢᠨ ᠬᠤᠩᠭᠢᠯ ᠵᠡᠷᠭᠡ ᠲᠥᠬᠦᠭᠡᠷᠦᠮᠵᠢ ᠶᠢ ᠳᠡᠪᠢᠰᠴᠦ ᠲᠠᠲᠠᠬᠤ᠂ | ᠲᠡᠮᠦᠷ ᠵᠠᠮ ᠤᠨ ᠨᠦᠬᠡᠨ ᠵᠠᠮ ᠳᠤ ᠣᠷᠣᠬᠤ ᠪᠤᠶᠤ ᠲᠡᠭᠦᠨ ᠢᠶᠠᠷ ᠳᠠᠮᠵᠢᠭᠤᠯᠤᠨ ᠡᠯᠡᠰᠦ ᠮᠠᠯᠲᠠᠬᠤ᠂ ᠰᠢᠷᠣᠶ ᠠᠪᠬᠤ᠂ | ᠰᠤᠪᠠᠭ ᠮᠠᠯᠲᠠᠬᠤ᠂ ᠬᠤᠭᠤᠰᠣᠷᠠᠭᠤᠯᠬᠤ ᠵᠡᠷᠭᠡ ᠠᠵᠢᠯ ᠢ ᠬᠢᠬᠦ︔ | 2. ᠲᠡᠮᠦᠷ ᠵᠠᠮ ᠤᠨ ᠬᠥᠭᠦᠷᠭᠡᠨ ᠳᠣᠤᠷ᠎ᠠ ᠪᠠᠷᠢᠯᠭ᠎ᠠ ᠪᠠᠷᠢᠬᠤ᠂ ᠲᠡᠷᠭᠡᠨ ᠵᠣᠭᠰᠣᠭᠠᠯ ᠭᠠᠷᠭᠠᠬᠤ᠂ | ᠬᠤᠳᠠᠯᠳᠤᠭᠠᠨ ᠤ ᠳᠡᠯᠭᠡᠭᠦᠷ ᠭᠠᠷᠭᠠᠬᠤ︔ | 3. ᠬᠠᠰᠢᠶᠠᠯᠠᠨ ᠲᠡᠵᠢᠭᠡᠬᠦ ᠪᠤᠶᠤ ᠮᠠᠯ ᠬᠠᠷᠢᠭᠤᠯᠤᠨ ᠲᠡᠵᠢᠭᠡᠬᠦ︔ | 4. ᠲᠡᠮᠦᠷ ᠵᠠᠮ ᠳᠡᠭᠡᠷ᠎ᠡ ᠴᠢᠯᠠᠭᠤ᠂ ᠲᠡᠮᠦᠷ ᠬᠠᠳᠠᠭᠠᠰᠤ᠂ ᠡᠷᠭᠢ ᠱᠤᠷᠠᠭ ᠵᠡᠷᠭᠡ ᠶᠢ ᠲᠠᠯᠪᠢᠬᠤ︔ | 5. ᠬᠤᠸᠠᠷ ᠫᠤᠤᠵᠢᠩ᠂ ᠨᠡᠭᠦᠷᠡᠰᠦᠨ ᠬᠡᠢ᠂ ᠰᠢᠲᠠᠮᠠᠬᠠᠶ ᠬᠡᠢ᠂ ᠬᠠᠶᠠᠭᠳᠠᠮᠠᠯ ᠬᠠᠭᠤᠴᠢᠨ ᠬᠠᠶᠢᠷ ᠴᠢᠯᠠᠭᠤ | ᠵᠡᠷᠭᠡ ᠨᠣᠴᠣᠮᠠᠲᠠᠭᠠᠶ᠂ ᠲᠡᠰᠦᠷᠡᠮᠡᠲᠡᠭᠡᠶ᠂ ᠠᠶᠤᠯᠲᠠᠶ᠂ ᠰᠠᠴᠤᠷᠠᠭ ᠢᠳᠡᠪᠬᠢ ᠴᠢᠨᠠᠷᠲᠠᠶ ᠡᠳ᠋ ᠪᠣᠳᠠᠰ ᠢ | ᠦᠶᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ︔ | 6. ᠲᠡᠮᠦᠷ ᠵᠠᠮ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠠᠪᠠᠷᠢᠬᠤ᠂ ᠥᠷᠥᠮᠳᠡᠨ ᠳᠠᠪᠠᠭ᠋ᠤ᠂ ᠡᠪᠳᠡᠨ | ᠰᠦᠶᠳᠬᠡᠬᠦ︔ | 7. ᠪᠣᠬᠢᠷ ᠪᠣᠳᠠᠰ ᠭᠠᠳᠠᠭᠰᠢᠯᠠᠭᠤᠯᠬᠤ᠂ ᠬᠤᠭ ᠨᠣᠪᠰᠢ ᠬᠠᠶᠠᠬᠤ᠂ ᠬᠠᠶᠠᠭᠳᠠᠮᠠᠯ ᠪᠣᠳᠠᠰ ᠪᠤᠶᠤ ᠰᠢᠭᠠᠷᠤ | ᠰᠢᠷᠣᠶ ᠬᠠᠶᠠᠬᠤ︔ | 8. ᠥᠩᠭᠡᠲᠦ ᠪᠣᠯᠣᠳ ᠵᠡᠷᠭᠡ ᠬᠥᠩᠭᠡᠨ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠨ ᠪᠠᠷᠢᠯᠭ᠎ᠠ᠂ | ᠤᠰᠤᠨ ᠴᠥᠭᠦᠷᠥᠮ ᠪᠠᠶᠢᠭᠤᠯᠬᠤ᠃ | ᠰᠤᠷᠪᠤᠯᠵᠢᠯᠠᠭᠴᠢ᠄ ︽ᠲᠣᠭᠲᠠᠭᠠᠯ︾ ᠳᠤ ᠲᠡᠮᠦᠷ ᠵᠠᠮ ᠤᠨ ᠬᠤᠶᠠᠷ ᠬᠠᠵᠠᠭᠤ ᠶᠢᠨ ᠲᠤᠬᠠᠶ ᠶᠠᠮᠠᠷ ᠶᠠᠮᠠᠷ | ᠲᠣᠭᠲᠠᠭᠠᠯ ᠲᠠᠢ ᠪᠣᠶ︖ | ᠯᠢ ᠡᠷᠬᠢᠯᠡᠭᠴᠢ᠄ ᠲᠡᠮᠦᠷ ᠵᠠᠮ ᠤᠨ ᠦᠶᠯᠡᠳᠪᠦᠷᠢᠯᠡᠯ ᠤᠨ ᠪᠡᠯᠡᠳᠬᠡᠮᠵᠢ ᠪᠤᠶᠤ ᠲᠡᠮᠦᠷ ᠵᠠᠮ ᠲᠠᠢ | ᠰᠣᠯᠪᠢᠴᠠᠭᠰᠠᠨ ᠬᠤᠲᠠ ᠶᠢᠨ ᠵᠠᠮ᠂ ᠵᠠᠰᠠᠮᠠᠯ ᠵᠠᠮ᠂ ᠬᠤᠭᠤᠯᠠᠶ ᠤᠲᠠᠰᠤ ᠵᠡᠷᠭᠡ ᠶᠢ ᠭᠠᠷᠭᠠᠪᠠᠯ᠂ ᠲᠡᠮᠦᠷ ᠵᠠᠮ ᠤᠨ | ᠱᠤᠭᠤᠮ ᠵᠠᠮ ᠤᠨ ᠬᠠᠰᠢᠯᠭ᠎ᠠ ᠶᠢᠨ ᠰᠠᠭᠤᠷᠢ᠂ ᠵᠠᠮ ᠤᠨ ᠰᠤᠪᠠᠭ᠂ ᠲᠡᠮᠦᠷ ᠵᠠᠮ ᠤᠨ ᠬᠥᠭᠦᠷᠭᠡ ᠶᠢᠨ ᠭᠠᠳᠠᠷ ᠲᠠᠯ᠎ᠠ | ᠠᠴᠠ ᠡᠬᠢᠯᠡᠨ ᠲᠣᠰ ᠪᠦᠷᠢ 30 ᠮᠧᠲᠷ ᠤᠨ ᠬᠡᠪᠴᠢᠶᠡᠨ ᠳᠣᠲᠣᠷ᠎ᠠ ᠡᠯᠡᠰᠦ ᠮᠠᠯᠲᠠᠵᠤ ᠰᠢᠷᠣᠶ ᠠᠪᠬᠤ ᠪᠤᠶᠤ | ᠪᠠᠷᠢᠯᠭ᠎ᠠ ᠪᠠᠷᠢᠬᠤ ᠵᠡᠷᠭᠡ ᠲᠥᠷᠥᠯ ᠵᠦᠶᠯ ᠢ ᠲᠥᠯᠥᠪᠵᠢᠭᠦᠯᠦᠨ ᠬᠢᠨᠠᠨ ᠵᠥᠪᠰᠢᠶᠡᠷᠡᠵᠦ ᠪᠣᠯᠬᠤ ᠥᠬᠡᠶ᠃ ᠨᠢᠭᠡᠴᠡ | ᠪᠤᠶᠤ ᠬᠤᠪᠢ ᠬᠥᠮᠦᠨ ᠲᠡᠮᠦᠷ ᠵᠠᠮ ᠤᠨ ᠱᠤᠭᠤᠮ ᠵᠠᠮ ᠤᠨ ᠬᠠᠰᠢᠯᠭ᠎ᠠ ᠶᠢᠨ ᠬᠤᠷᠮᠣᠶ᠂ ᠵᠠᠮ ᠤᠨ ᠰᠤᠪᠠᠭ᠂ ᠲᠡᠮᠦᠷ | ᠵᠠᠮ ᠤᠨ ᠬᠥᠭᠦᠷᠭᠡ ᠶᠢᠨ ᠭᠠᠳᠠᠷ ᠲᠠᠯ᠎ᠠ ᠠᠴᠠ ᠲᠣᠰ ᠪᠦᠷᠢ 30 ᠮᠧᠲᠷ ᠤᠨ ᠬᠡᠪᠴᠢᠶᠡᠨ ᠳᠣᠲᠣᠷ᠎ᠠ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠷᠥᠯ ᠵᠦᠶᠯ ᠢ ᠨᠡᠭᠡᠭᠡᠨ ᠬᠥᠭᠵᠢᠭᠦᠯᠬᠦ ᠳᠤ᠂ ᠲᠡᠮᠦᠷ ᠵᠠᠮ | ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ | ᠲᠣᠭᠲᠠᠬᠤ ᠬᠡᠷᠡᠭᠲᠡᠶ᠃ ᠠᠶᠤᠯᠭᠦᠶ ᠠᠵᠢᠯᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠪᠠᠷᠢᠯᠭ᠎ᠠ ᠶᠢᠨ ᠠᠵᠢᠯ | ᠬᠢᠵᠦ ᠪᠣᠯᠬᠤ ᠦᠭᠡᠢ᠃ | ᠲᠡᠮᠦᠷ ᠵᠠᠮ ᠤᠨ ᠵᠠᠮ ᠱᠤᠭᠤᠮ ᠤᠨ ᠬᠠᠰᠢᠯᠭ᠎ᠠ ᠶᠢᠨ ᠬᠤᠷᠮᠣᠶ᠂ ᠲᠡᠮᠦᠷ ᠵᠠᠮ ᠤᠨ ᠬᠥᠭᠦᠷᠭᠡ ᠶᠢᠨ ᠭᠠᠳᠠᠷ | ᠲᠠᠯ᠎ᠠ ᠠᠴᠠ ᠡᠬᠢᠯᠡᠨ ᠲᠣᠰ ᠪᠦᠷᠢ 50 ᠮᠧᠲᠷ ᠤᠨ ᠬᠡᠪᠴᠢᠶᠡᠨ ᠳᠣᠲᠣᠷ᠎ᠠ ᠲᠠᠮᠠᠬᠢ ᠬᠠᠶᠠᠬᠤ᠂ ᠬᠤᠸᠠᠷ ᠫᠤᠤᠵᠢᠩ | ᠲᠠᠯᠪᠢᠬᠤ ᠪᠠ ᠡᠰᠢ ᠰᠦᠷᠡᠯ᠂ ᠠᠲᠠᠷ ᠡᠪᠡᠰᠦ᠂ ᠬᠤᠭ ᠨᠣᠪᠰᠢ ᠵᠡᠷᠭᠡ ᠰᠢᠲᠠᠮᠠᠬᠠᠶ ᠪᠣᠳᠠᠰ ᠰᠢᠲᠠᠭᠠᠬᠤ ᠶᠢ | ᠴᠠᠭᠠᠵᠠᠯᠠᠨ᠎ᠠ᠃ ᠲᠡᠮᠦᠷ ᠵᠠᠮ ᠤᠨ ᠵᠠᠮ ᠱᠤᠭᠤᠮ ᠤᠨ ᠬᠠᠰᠢᠯᠭ᠎ᠠ ᠶᠢᠨ ᠬᠤᠷᠮᠣᠶ᠂ ᠲᠡᠮᠦᠷ ᠵᠠᠮ ᠤᠨ ᠬᠥᠭᠦᠷᠭᠡ ᠶᠢᠨ | ᠭᠠᠳᠠᠷ ᠲᠠᠯ᠎ᠠ ᠠᠴᠠ ᠲᠣᠰ ᠪᠦᠷᠢ 200 ᠮᠧᠲᠷ ᠤᠨ ᠬᠡᠪᠴᠢᠶᠡᠨ ᠳᠣᠲᠣᠷᠠᠬᠢ ᠥᠩᠭᠡᠲᠦ ᠪᠣᠯᠣᠳ ᠤᠨ ᠭᠡᠷ | ᠪᠠᠶᠢᠰᠢᠩ᠂ ᠥᠩᠭᠡᠲᠦ ᠪᠣᠯᠣᠳ ᠤᠨ ᠳᠡᠭᠡᠪᠦᠷ ᠲᠠᠢ ᠪᠤᠶᠤ ᠬᠥᠩᠭᠡᠨ ᠮᠠᠲ᠋ᠧᠷᠢᠶᠠᠯ ᠢᠶᠠᠷ ᠪᠠᠷᠢᠭᠰᠠᠨ ᠪᠠᠷᠢᠯᠭ᠎ᠠ ᠵᠢᠴᠢ | ᠲᠣᠭᠤᠰᠣ ᠰᠡᠷᠭᠡᠶᠢᠯᠡᠬᠦ ᠲᠣᠤᠷ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ᠂ ᠳ᠋ᠧᠩ ᠤᠨ ᠬᠠᠶᠢᠷᠴᠠᠭ᠂ ᠰᠦᠯᠢᠶᠣᠣ | ᠲᠣᠮᠣ ᠫᠧᠩ ᠵᠡᠷᠭᠡ ᠪᠣᠯ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠠᠷᠭ᠎ᠠ ᠬᠡᠮᠵᠢᠶ᠎ᠡ ᠠᠪᠴᠤ ᠪᠠᠶᠢᠭᠠᠳ | ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠶ᠃ ᠲᠡᠮᠦᠷ ᠵᠠᠮ ᠤᠨ | ᠠᠶᠤᠯᠭᠦᠶ ᠶᠢᠨ ᠠᠳᠡᠯ ᠭᠠᠷᠭᠠᠭᠰᠠᠨ ᠪᠠᠶᠪᠠᠯ᠂ ᠲᠡᠭᠦᠨ ᠤ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ | ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠃ | ᠲᠡᠮᠦᠷ ᠵᠠᠮ ᠤᠨ ᠵᠠᠮ ᠱᠤᠭᠤᠮ ᠤᠨ ᠬᠠᠰᠢᠯᠭ᠎ᠠ ᠶᠢᠨ ᠬᠤᠷᠮᠣᠶ᠂ ᠵᠠᠮ ᠰᠤᠪᠠᠭ᠂ ᠲᠡᠮᠦᠷ ᠵᠠᠮ ᠤᠨ ᠬᠥᠭᠦᠷᠭᠡ | ᠶᠢᠨ ᠭᠠᠳᠠᠷ ᠲᠠᠯ᠎ᠠ ᠠᠴᠠ ᠡᠬᠢᠯᠡᠨ ᠲᠣᠰ ᠲᠣᠰ 500 ᠮᠧᠲᠷ ᠤᠨ ᠬᠡᠪᠴᠢᠶᠡᠨ ᠳᠣᠲᠣᠷ᠎ᠠ ᠵᠢᠯᠣᠭᠤᠴᠢ ᠥᠬᠡᠶ | ᠨᠢᠰᠬᠡᠯ᠂ ᠴᠠᠭᠠᠰᠤᠨ ᠰᠢᠪᠠᠭᠤ ᠵᠡᠷᠭᠡ ᠳᠣᠤᠭᠤᠷ ᠨᠢᠰᠬᠦ ᠪᠣᠳᠠᠰ ᠢ ᠳᠤᠷ᠎ᠠ ᠪᠠᠷ ᠢᠶᠠᠨ ᠳᠡᠭᠳᠡᠭᠡᠬᠦ ᠶᠢ ᠴᠠᠭᠠᠵᠠᠯᠠᠨ᠎ᠠ᠃ | ᠰᠤᠷᠪᠤᠯᠵᠢᠯᠠᠭᠴᠢ᠄ ᠯᠢ ᠡᠷᠬᠢᠯᠡᠭᠴᠢ ᠡ᠂ ︽ᠲᠣᠭᠲᠠᠭᠠᠯ︾ ᠳᠤ ᠲᠡᠮᠦᠷ ᠵᠠᠮ ᠤᠨ ᠴᠠᠬᠢᠯᠭᠠᠨ ᠬᠦᠴᠦᠨ ᠤ | ᠱᠤᠭᠤᠮ ᠤᠨ ᠠᠮᠤᠷ ᠲᠦᠪᠰᠢᠨ ᠤ ᠲᠤᠬᠠᠶ ᠶᠠᠮᠠᠷ ᠶᠠᠮᠠᠷ ᠲᠣᠭᠲᠠᠭᠠᠯ ᠪᠠᠶᠬᠤ ᠪᠣᠶ︖ | ᠯᠢ ᠡᠷᠬᠢᠯᠡᠭᠴᠢ᠄ ᠶᠠᠮᠠᠷᠪᠠ ᠨᠢᠭᠡᠴᠡ ᠪᠤᠶᠤ ᠬᠤᠪᠢ ᠬᠥᠮᠦᠨ ᠤ ᠬᠡᠷᠡᠭᠯᠡᠵᠦ ᠪᠠᠶᠭ᠎ᠠ ᠷᠠᠳᠢᠣ᠋ ᠬᠤᠯᠪᠣᠭᠠᠨ ᠤ | ᠲᠥᠬᠦᠭᠡᠷᠦᠮᠵᠢ ᠨᠢ ᠲᠡᠮᠦᠷ ᠵᠠᠮ ᠤᠨ ᠷᠠᠳᠢᠣ᠋ ᠬᠤᠯᠪᠣᠭᠠᠨ ᠤ ᠲᠥᠬᠦᠭᠡᠷᠦᠮᠵᠢ ᠶᠢᠨ ᠬᠡᠪ ᠤᠨ ᠬᠡᠷᠡᠭᠯᠡᠯᠲᠡ ᠶᠢ | ᠬᠠᠷᠰᠢᠯᠠᠵᠤ ᠪᠣᠯᠬᠤ ᠥᠬᠡᠶ᠃ ᠲᠡᠮᠦᠷ ᠵᠠᠮ ᠤᠨ ᠷᠠᠳᠢᠣ᠋ ᠬᠤᠯᠪᠣᠭᠠᠨ ᠤ ᠪᠡᠯᠡᠳᠬᠡᠮᠵᠢ ᠶᠢᠨ ᠬᠡᠪ ᠤᠨ ᠬᠡᠷᠡᠭᠯᠡᠯᠲᠡ ᠶᠢ | ᠨᠥᠯᠥᠭᠡᠯᠡᠭᠰᠡᠨ ᠪᠠᠶᠢᠪᠠᠯ᠂ ᠬᠠᠮᠢᠶ᠎ᠠ ᠪᠦᠬᠦᠢ ᠨᠢᠭᠡᠴᠡ ᠪᠤᠶᠤ ᠬᠤᠪᠢ ᠬᠥᠮᠦᠨ ᠲᠡᠷᠡ ᠳᠠᠷᠤᠶ ᠳᠤᠨᠢ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠃ | ᠰᠤᠷᠪᠤᠯᠵᠢᠯᠠᠭᠴᠢ᠄ ᠯᠢ ᠡᠷᠬᠢᠯᠡᠭᠴᠢ ᠡ᠂ ︽ᠲᠣᠭᠲᠠᠭᠠᠯ︾ ᠳᠤ ᠶᠠᠮᠠᠷ ᠶᠠᠮᠠᠷ ᠬᠠᠷᠢᠭᠤᠴᠠᠯᠭ᠎ᠠ ᠨᠡᠬᠡᠮᠵᠢᠯᠡᠬᠦ | ᠲᠤᠬᠠᠶ ᠲᠣᠭᠲᠠᠭᠠᠯ ᠪᠠᠶᠬᠤ ᠪᠣᠶ︖ | ᠯᠢ ᠡᠷᠬᠢᠯᠡᠭᠴᠢ᠄ ᠲᠤᠰ ᠲᠣᠭᠲᠠᠭᠠᠯ ᠢ ᠵᠥᠷᠢᠴᠡᠵᠦ ᠲᠡᠮᠦᠷ ᠵᠠᠮ ᠤᠨ ᠠᠮᠤᠷ ᠲᠦᠪᠰᠢᠨ ᠳᠤ ᠬᠤᠤᠷ ᠬᠥᠨᠥᠭᠡᠯ | ᠤᠴᠠᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠶᠳᠬᠡᠯ ᠥᠭᠭᠦᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠪᠠᠯ᠂ ᠬᠠᠤᠯᠢ ᠶᠣᠰᠣᠭᠠᠷ ᠡᠷᠡᠭᠦᠦ ᠰᠢᠢᠳᠬᠡᠯ ᠨᠡᠬᠡᠮᠵᠢᠯᠡᠨ᠎ᠡ | ᠃ |