ᠬᠡᠰᠢᠭᠲᠡᠨ ᠬᠤᠰᠢᠭᠤᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢ ᠴᠧᠩ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ  ᠰᠣᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2019/12/9
     ᠰᠤᠷᠪᠤᠯᠵᠢᠯᠠᠭᠴᠢ᠄ ᠯᠢ ᠡᠷᠬᠢᠯᠡᠭᠴᠢ ᠡ᠂ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠭᠰᠡᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠯᠢ ᠡᠷᠬᠢᠯᠡᠭᠴᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ 2019 ᠤᠨ 8 ᠳ᠋ᠤᠭᠠᠷ ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ 2019 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠂ ᠡᠨᠡ ᠪᠣᠯ ᠥᠪᠡᠷᠲᠡᠭᠡᠨ ᠵᠠᠰᠠᠬᠤ ᠣᠷᠣᠨ ᠠᠩᠬ᠎ᠠ ᠤᠳᠠᠭ᠎ᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠡᠯᠪᠡᠷᠢ ᠪᠠᠷ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠳᠤ ᠲᠣᠭᠲᠠᠭᠠᠯ ᠭᠠᠷᠭᠠᠭᠰᠠᠨ ᠶᠠᠪᠤᠳᠠᠯ ᠪᠣᠯᠤᠨ᠎ᠠ᠃ ︽ᠲᠣᠭᠲᠠᠭᠠᠯ︾ ᠨᠢ ᠨᠡᠶᠢᠲᠡ 32 ᠵᠦᠶᠯ ᠪᠠᠶᠢᠵᠤ᠂ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠵᠠᠶ᠂ ᠡᠨᠡ ᠨᠢ ᠭᠤᠤᠯᠳᠠᠭᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠠᠷᠴᠢᠮ ᠢ ᠲᠣᠳᠣᠷᠬᠠᠶᠢᠯᠠᠵᠤ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ  ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠨᠳᠦᠷ ᠬᠤᠷᠳᠤᠴᠠᠲᠤ ᠲᠡᠮᠦᠷ ᠵᠠᠮ ᠤᠨ ︽ᠬᠡᠰᠡᠭ  ᠤᠨ ᠳᠠᠷᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠶᠢ ᠲᠣᠳᠣᠷᠬᠠᠶᠢᠯᠠᠵᠤ᠂ ︽ᠲᠣᠭᠲᠠᠭᠠᠯ︾ ᠢ ᠵᠥᠷᠢᠴᠡᠪᠡᠯ ᠡᠭᠦᠷᠭᠡᠯᠡᠬᠦ ᠶᠣᠰᠣᠲᠠᠶ ᠬᠠᠤᠯᠢ ᠶᠢᠨ ᠬᠠᠷᠢᠭᠤᠴᠠᠯᠭ᠎ᠠ ᠳᠥᠷᠪᠡᠨ ᠲᠠᠯ᠎ᠠ ᠶᠢ ᠲᠣᠳᠣᠷᠬᠠᠢᠯᠠᠵᠠᠢ᠃      ᠰᠤᠷᠪᠤᠯᠵᠢᠯᠠᠭᠴᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠭᠰᠡᠨ ᠤ ᠵᠣᠷᠢᠯᠭ᠎ᠠ ᠨᠢ ᠶᠠᠭᠤ ᠪᠣᠶ︖ ᠶᠠᠮᠠᠷ ᠶᠠᠮᠠᠷ ᠵᠠᠷᠴᠢᠮ ᠢ ᠵᠢᠷᠤᠮᠯᠠᠭᠰᠠᠨ ᠪᠣᠶ︖      ᠯᠢ ᠡᠷᠬᠢᠯᠡᠭᠴᠢ᠄ ︽ᠲᠣᠭᠲᠠᠭᠠᠯ︾ ᠢ ᠨᠡᠶᠢᠲᠡᠯᠡᠭᠰᠡᠨ ᠵᠣᠷᠢᠯᠭ᠎ᠠ ᠨᠢ ᠬᠥᠮᠦᠨ ᠤ ᠪᠡᠶ᠎ᠡ ᠮᠠᠬᠠᠪᠣᠳ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠪᠠ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ ᠶᠤᠮ︔ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠨᠢ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠠᠮᠤᠷ ᠲᠦᠪᠰᠢᠨ ᠢ ᠲᠡᠷᠢᠭᠦᠨ  ᠳᠤ ᠲᠠᠯᠪᠢᠬᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠂ ᠶᠡᠷᠦᠩᠬᠡᠶᠢᠯᠡᠨ ᠵᠠᠰᠠᠬᠤ ᠵᠠᠷᠴᠢᠮ ᠢ ᠵᠢᠷᠤᠮᠯᠠᠬᠤ ᠬᠡᠷᠡᠭᠲᠡᠶ᠃      ᠰᠤᠷᠪᠤᠯᠵᠢᠯᠠᠭᠴᠢ᠄ ︽ᠲᠣᠭᠲᠠᠭᠠᠯ︾ ᠳᠤ ᠡᠯ᠎ᠡ ᠱᠠᠲᠤᠨ ᠤ ᠵᠠᠰᠠᠭ ᠤᠨ ᠣᠷᠳᠣᠨ ᠶᠠᠮᠠᠷ ᠶᠠᠮᠠᠷ ᠡᠭᠦᠷᠭᠡ ᠬᠠᠷᠢᠭᠤᠴᠠᠯᠭ᠎ᠠ ᠲᠠᠢ ᠪᠣᠶ︖      ᠲᠡᠮᠦᠷ ᠵᠠᠮ ᠳᠠᠭᠠᠤ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠡᠮᠦᠷ ᠵᠠᠮ ᠤᠨ ᠠᠮᠤᠷ ᠲᠦᠪᠰᠢᠨ ᠢ ᠪᠠᠲᠤᠯᠠᠬᠤ ᠬᠥᠮᠦᠵᠢᠯ ᠢ ᠴᠢᠩᠭᠠᠳᠬᠠᠨ᠂ ᠵᠠᠮ ᠬᠠᠮᠠᠭᠠᠯᠠᠬᠤ ᠬᠠᠮᠲᠤᠷᠠᠨ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠡᠮᠦᠷ ᠵᠠᠮ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠬᠠᠮᠲᠤᠪᠠᠷ ᠲᠡᠮᠦᠷ ᠵᠠᠮ ᠤᠨ ᠵᠠᠮ ᠬᠠᠷᠢᠯᠴᠠᠭᠠᠨ ᠤ ᠠᠳᠡᠯ᠂ ᠲᠡᠷᠭᠡᠨ ᠤ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃      ᠲᠡᠮᠦᠷ ᠵᠠᠮ ᠳᠠᠭᠠᠤ ᠶᠢᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠵᠠᠮ ᠬᠠᠮᠠᠭᠠᠯᠠᠬᠤ ᠬᠠᠮᠲᠤᠷᠠᠨ ᠰᠡᠷᠭᠡᠶᠢᠯᠡᠬᠦ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠬᠤᠯᠪᠣᠭᠳᠠᠯ ᠪᠦᠬᠦᠢ ᠨᠢᠭᠡᠴᠡ ᠲᠠᠢ ᠬᠠᠮᠵᠢᠯᠴᠠᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠡᠮᠦᠷ ᠵᠠᠮ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠶ᠃      ᠰᠤᠷᠪᠤᠯᠵᠢᠯᠠᠭᠴᠢ᠄ ︽ᠲᠣᠭᠲᠠᠭᠠᠯ︾ ᠳᠤ᠂ ᠲᠡᠮᠦᠷ ᠵᠠᠮ ᠤᠨ ᠬᠡᠷᠡᠭᠯᠡᠬᠦ ᠭᠠᠵᠠᠷ ᠤᠨ ᠲᠠᠯ᠎ᠠ ᠪᠠᠷ ᠶᠠᠮᠠᠷ ᠶᠠᠮᠠᠷ ᠲᠣᠭᠲᠠᠭᠠᠯ ᠲᠠᠢ ᠪᠣᠶ︖       ᠯᠢ ᠡᠷᠬᠢᠯᠡᠭᠴᠢ᠄ ᠶᠠᠮᠠᠷᠪᠠ ᠨᠢᠭᠡᠴᠢ᠂ ᠬᠤᠪᠢ ᠬᠥᠮᠦᠨ ᠤ ᠲᠡᠮᠦᠷ ᠵᠠᠮ ᠤᠨ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢ ᠴᠠᠭᠠᠵᠠᠯᠠᠨ᠎ᠠ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ  ᠳᠤ ᠭᠠᠵᠠᠷ ᠲᠠᠲᠠᠪᠤᠷᠢᠯᠠᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠬᠠᠤᠯᠢ ᠶᠣᠰᠣᠭᠠᠷ ᠭᠦᠶᠴᠡᠳᠬᠡᠭᠰᠡᠨ ᠤ ᠳᠠᠷᠠᠭ᠎ᠠ ᠵᠢᠴᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠵᠥᠪᠰᠢᠶᠡᠷᠡᠯ ᠦᠭᠡᠢ ᠪᠠᠷ ᠲᠡᠮᠦᠷ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠲᠠᠷᠢᠶᠠᠯᠠᠩ ᠣᠢ ᠰᠢᠭᠤᠶ ᠶᠢᠨ ᠲᠠᠷᠢᠮᠠᠯ ᠲᠠᠷᠢᠬᠤ᠂ ᠪᠠᠷᠢᠯᠭ᠎ᠠ ᠪᠠᠶᠢᠭᠤᠯᠬᠤ ᠪᠤᠶᠤ ᠡᠯᠡᠰᠦ ᠮᠠᠯᠲᠠᠵᠤ ᠰᠢᠷᠣᠶ ᠠᠪᠬᠤ ᠪᠠ ᠴᠢᠯᠠᠭᠤ ᠭᠠᠷᠭᠠᠬᠤ ᠠᠵᠢᠯ ᠢ ᠬᠢᠵᠦ ᠪᠣᠯᠬᠤ ᠦᠭᠡᠢ᠃      ᠰᠤᠷᠪᠤᠯᠵᠢᠯᠠᠭᠴᠢ᠄ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠶᠠᠮᠠᠷ ᠶᠠᠮᠠᠷ ᠲᠣᠭᠲᠠᠭᠠᠯ ᠪᠠᠶᠢᠬᠤ ᠪᠣᠶ︖ ᠶᠠᠮᠠᠷ ᠶᠠᠮᠠᠷ ᠴᠠᠭᠠᠵᠠ ᠲᠠᠢ ᠤᠴᠢᠷ ᠶᠠᠪᠤᠳᠠᠯ ᠪᠠᠶᠢᠳᠠᠭ ᠪᠣᠶ︖      ᠯᠢ ᠡᠷᠬᠢᠯᠡᠭᠴᠢ᠄ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠨᠢ ᠭᠠᠵᠠᠷ ᠰᠢᠷᠣᠶ ᠪᠠ ᠪᠠᠷᠢᠯᠭ᠎ᠠ᠂ ᠡᠷᠬᠡ ᠬᠠᠷᠢᠶ᠎ᠠ ᠶᠢ ᠬᠤᠪᠢᠷᠠᠭᠤᠯᠬᠤ ᠳᠤ ᠬᠤᠯᠪᠣᠭᠳᠠᠬᠤ ᠥᠬᠡᠶ᠃      ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠬᠦ ᠶᠢ ᠴᠠᠭᠠᠵᠠᠯᠠᠨ᠎ᠠ᠄      1. ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠡᠯ᠎ᠡ ᠲᠥᠷᠥᠯ ᠤᠨ ᠬᠤᠭᠤᠯᠠᠶ ᠤᠲᠠᠰᠤ᠂ ᠭᠠᠲᠤᠯᠭ᠎ᠠ ᠶᠢᠨ ᠬᠤᠩᠭᠢᠯ ᠵᠡᠷᠭᠡ ᠲᠥᠬᠦᠭᠡᠷᠦᠮᠵᠢ ᠶᠢ ᠳᠡᠪᠢᠰᠴᠦ ᠲᠠᠲᠠᠬᠤ᠂ ᠲᠡᠮᠦᠷ ᠵᠠᠮ ᠤᠨ ᠨᠦᠬᠡᠨ ᠵᠠᠮ ᠳᠤ ᠣᠷᠣᠬᠤ ᠪᠤᠶᠤ ᠲᠡᠭᠦᠨ ᠢᠶᠠᠷ ᠳᠠᠮᠵᠢᠭᠤᠯᠤᠨ ᠡᠯᠡᠰᠦ ᠮᠠᠯᠲᠠᠬᠤ᠂ ᠰᠢᠷᠣᠶ ᠠᠪᠬᠤ᠂ ᠰᠤᠪᠠᠭ ᠮᠠᠯᠲᠠᠬᠤ᠂ ᠬᠤᠭᠤᠰᠣᠷᠠᠭᠤᠯᠬᠤ ᠵᠡᠷᠭᠡ ᠠᠵᠢᠯ ᠢ ᠬᠢᠬᠦ︔      2. ᠲᠡᠮᠦᠷ ᠵᠠᠮ ᠤᠨ ᠬᠥᠭᠦᠷᠭᠡᠨ ᠳᠣᠤᠷ᠎ᠠ ᠪᠠᠷᠢᠯᠭ᠎ᠠ ᠪᠠᠷᠢᠬᠤ᠂ ᠲᠡᠷᠭᠡᠨ ᠵᠣᠭᠰᠣᠭᠠᠯ ᠭᠠᠷᠭᠠᠬᠤ᠂ ᠬᠤᠳᠠᠯᠳᠤᠭᠠᠨ ᠤ ᠳᠡᠯᠭᠡᠭᠦᠷ ᠭᠠᠷᠭᠠᠬᠤ︔      3. ᠬᠠᠰᠢᠶᠠᠯᠠᠨ ᠲᠡᠵᠢᠭᠡᠬᠦ ᠪᠤᠶᠤ ᠮᠠᠯ ᠬᠠᠷᠢᠭᠤᠯᠤᠨ ᠲᠡᠵᠢᠭᠡᠬᠦ︔      4. ᠲᠡᠮᠦᠷ ᠵᠠᠮ ᠳᠡᠭᠡᠷ᠎ᠡ ᠴᠢᠯᠠᠭᠤ᠂ ᠲᠡᠮᠦᠷ ᠬᠠᠳᠠᠭᠠᠰᠤ᠂ ᠡᠷᠭᠢ ᠱᠤᠷᠠᠭ ᠵᠡᠷᠭᠡ ᠶᠢ ᠲᠠᠯᠪᠢᠬᠤ︔      5. ᠬᠤᠸᠠᠷ ᠫᠤᠤᠵᠢᠩ᠂ ᠨᠡᠭᠦᠷᠡᠰᠦᠨ ᠬᠡᠢ᠂ ᠰᠢᠲᠠᠮᠠᠬᠠᠶ ᠬᠡᠢ᠂ ᠬᠠᠶᠠᠭᠳᠠᠮᠠᠯ ᠬᠠᠭᠤᠴᠢᠨ ᠬᠠᠶᠢᠷ ᠴᠢᠯᠠᠭᠤ ᠵᠡᠷᠭᠡ ᠨᠣᠴᠣᠮᠠᠲᠠᠭᠠᠶ᠂ ᠲᠡᠰᠦᠷᠡᠮᠡᠲᠡᠭᠡᠶ᠂ ᠠᠶᠤᠯᠲᠠᠶ᠂ ᠰᠠᠴᠤᠷᠠᠭ ᠢᠳᠡᠪᠬᠢ ᠴᠢᠨᠠᠷᠲᠠᠶ ᠡᠳ᠋ ᠪᠣᠳᠠᠰ ᠢ ᠦᠶᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ︔    6. ᠲᠡᠮᠦᠷ ᠵᠠᠮ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠠᠪᠠᠷᠢᠬᠤ᠂ ᠥᠷᠥᠮᠳᠡᠨ ᠳᠠᠪᠠᠭ᠋ᠤ᠂ ᠡᠪᠳᠡᠨ ᠰᠦᠶᠳᠬᠡᠬᠦ︔      7. ᠪᠣᠬᠢᠷ ᠪᠣᠳᠠᠰ ᠭᠠᠳᠠᠭᠰᠢᠯᠠᠭᠤᠯᠬᠤ᠂ ᠬᠤᠭ ᠨᠣᠪᠰᠢ ᠬᠠᠶᠠᠬᠤ᠂ ᠬᠠᠶᠠᠭᠳᠠᠮᠠᠯ ᠪᠣᠳᠠᠰ ᠪᠤᠶᠤ ᠰᠢᠭᠠᠷᠤ ᠰᠢᠷᠣᠶ ᠬᠠᠶᠠᠬᠤ︔      8. ᠥᠩᠭᠡᠲᠦ ᠪᠣᠯᠣᠳ ᠵᠡᠷᠭᠡ ᠬᠥᠩᠭᠡᠨ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠨ ᠪᠠᠷᠢᠯᠭ᠎ᠠ᠂ ᠤᠰᠤᠨ ᠴᠥᠭᠦᠷᠥᠮ ᠪᠠᠶᠢᠭᠤᠯᠬᠤ᠃      ᠰᠤᠷᠪᠤᠯᠵᠢᠯᠠᠭᠴᠢ᠄ ︽ᠲᠣᠭᠲᠠᠭᠠᠯ︾ ᠳᠤ ᠲᠡᠮᠦᠷ ᠵᠠᠮ ᠤᠨ ᠬᠤᠶᠠᠷ ᠬᠠᠵᠠᠭᠤ ᠶᠢᠨ ᠲᠤᠬᠠᠶ ᠶᠠᠮᠠᠷ ᠶᠠᠮᠠᠷ ᠲᠣᠭᠲᠠᠭᠠᠯ ᠲᠠᠢ ᠪᠣᠶ︖      ᠯᠢ ᠡᠷᠬᠢᠯᠡᠭᠴᠢ᠄ ᠲᠡᠮᠦᠷ ᠵᠠᠮ ᠤᠨ ᠦᠶᠯᠡᠳᠪᠦᠷᠢᠯᠡᠯ ᠤᠨ ᠪᠡᠯᠡᠳᠬᠡᠮᠵᠢ ᠪᠤᠶᠤ ᠲᠡᠮᠦᠷ ᠵᠠᠮ ᠲᠠᠢ ᠰᠣᠯᠪᠢᠴᠠᠭᠰᠠᠨ ᠬᠤᠲᠠ ᠶᠢᠨ ᠵᠠᠮ᠂ ᠵᠠᠰᠠᠮᠠᠯ ᠵᠠᠮ᠂ ᠬᠤᠭᠤᠯᠠᠶ ᠤᠲᠠᠰᠤ ᠵᠡᠷᠭᠡ ᠶᠢ ᠭᠠᠷᠭᠠᠪᠠᠯ᠂ ᠲᠡᠮᠦᠷ ᠵᠠᠮ ᠤᠨ ᠱᠤᠭᠤᠮ ᠵᠠᠮ ᠤᠨ ᠬᠠᠰᠢᠯᠭ᠎ᠠ ᠶᠢᠨ ᠰᠠᠭᠤᠷᠢ᠂ ᠵᠠᠮ ᠤᠨ ᠰᠤᠪᠠᠭ᠂ ᠲᠡᠮᠦᠷ ᠵᠠᠮ ᠤᠨ ᠬᠥᠭᠦᠷᠭᠡ ᠶᠢᠨ ᠭᠠᠳᠠᠷ ᠲᠠᠯ᠎ᠠ  ᠠᠴᠠ ᠡᠬᠢᠯᠡᠨ ᠲᠣᠰ ᠪᠦᠷᠢ 30 ᠮᠧᠲᠷ ᠤᠨ ᠬᠡᠪᠴᠢᠶᠡᠨ ᠳᠣᠲᠣᠷ᠎ᠠ ᠡᠯᠡᠰᠦ ᠮᠠᠯᠲᠠᠵᠤ ᠰᠢᠷᠣᠶ ᠠᠪᠬᠤ ᠪᠤᠶᠤ ᠪᠠᠷᠢᠯᠭ᠎ᠠ ᠪᠠᠷᠢᠬᠤ ᠵᠡᠷᠭᠡ ᠲᠥᠷᠥᠯ ᠵᠦᠶᠯ ᠢ ᠲᠥᠯᠥᠪᠵᠢᠭᠦᠯᠦᠨ ᠬᠢᠨᠠᠨ ᠵᠥᠪᠰᠢᠶᠡᠷᠡᠵᠦ ᠪᠣᠯᠬᠤ ᠥᠬᠡᠶ᠃ ᠨᠢᠭᠡᠴᠡ ᠪᠤᠶᠤ ᠬᠤᠪᠢ ᠬᠥᠮᠦᠨ ᠲᠡᠮᠦᠷ ᠵᠠᠮ ᠤᠨ ᠱᠤᠭᠤᠮ ᠵᠠᠮ ᠤᠨ ᠬᠠᠰᠢᠯᠭ᠎ᠠ ᠶᠢᠨ ᠬᠤᠷᠮᠣᠶ᠂ ᠵᠠᠮ ᠤᠨ ᠰᠤᠪᠠᠭ᠂ ᠲᠡᠮᠦᠷ ᠵᠠᠮ ᠤᠨ ᠬᠥᠭᠦᠷᠭᠡ ᠶᠢᠨ ᠭᠠᠳᠠᠷ ᠲᠠᠯ᠎ᠠ ᠠᠴᠠ ᠲᠣᠰ ᠪᠦᠷᠢ 30 ᠮᠧᠲᠷ ᠤᠨ ᠬᠡᠪᠴᠢᠶᠡᠨ ᠳᠣᠲᠣᠷ᠎ᠠ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠷᠥᠯ ᠵᠦᠶᠯ ᠢ ᠨᠡᠭᠡᠭᠡᠨ ᠬᠥᠭᠵᠢᠭᠦᠯᠬᠦ ᠳᠤ᠂ ᠲᠡᠮᠦᠷ ᠵᠠᠮ  ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ ᠲᠣᠭᠲᠠᠬᠤ ᠬᠡᠷᠡᠭᠲᠡᠶ᠃ ᠠᠶᠤᠯᠭᠦᠶ ᠠᠵᠢᠯᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠪᠠᠷᠢᠯᠭ᠎ᠠ ᠶᠢᠨ ᠠᠵᠢᠯ ᠬᠢᠵᠦ ᠪᠣᠯᠬᠤ ᠦᠭᠡᠢ᠃      ᠲᠡᠮᠦᠷ ᠵᠠᠮ ᠤᠨ ᠵᠠᠮ ᠱᠤᠭᠤᠮ ᠤᠨ ᠬᠠᠰᠢᠯᠭ᠎ᠠ ᠶᠢᠨ ᠬᠤᠷᠮᠣᠶ᠂ ᠲᠡᠮᠦᠷ ᠵᠠᠮ ᠤᠨ ᠬᠥᠭᠦᠷᠭᠡ ᠶᠢᠨ ᠭᠠᠳᠠᠷ ᠲᠠᠯ᠎ᠠ ᠠᠴᠠ ᠡᠬᠢᠯᠡᠨ ᠲᠣᠰ ᠪᠦᠷᠢ 50 ᠮᠧᠲᠷ ᠤᠨ ᠬᠡᠪᠴᠢᠶᠡᠨ ᠳᠣᠲᠣᠷ᠎ᠠ ᠲᠠᠮᠠᠬᠢ ᠬᠠᠶᠠᠬᠤ᠂ ᠬᠤᠸᠠᠷ ᠫᠤᠤᠵᠢᠩ ᠲᠠᠯᠪᠢᠬᠤ ᠪᠠ ᠡᠰᠢ ᠰᠦᠷᠡᠯ᠂ ᠠᠲᠠᠷ ᠡᠪᠡᠰᠦ᠂ ᠬᠤᠭ ᠨᠣᠪᠰᠢ ᠵᠡᠷᠭᠡ ᠰᠢᠲᠠᠮᠠᠬᠠᠶ ᠪᠣᠳᠠᠰ ᠰᠢᠲᠠᠭᠠᠬᠤ ᠶᠢ ᠴᠠᠭᠠᠵᠠᠯᠠᠨ᠎ᠠ᠃ ᠲᠡᠮᠦᠷ ᠵᠠᠮ ᠤᠨ ᠵᠠᠮ ᠱᠤᠭᠤᠮ ᠤᠨ ᠬᠠᠰᠢᠯᠭ᠎ᠠ ᠶᠢᠨ ᠬᠤᠷᠮᠣᠶ᠂ ᠲᠡᠮᠦᠷ ᠵᠠᠮ ᠤᠨ ᠬᠥᠭᠦᠷᠭᠡ ᠶᠢᠨ ᠭᠠᠳᠠᠷ ᠲᠠᠯ᠎ᠠ ᠠᠴᠠ ᠲᠣᠰ ᠪᠦᠷᠢ 200 ᠮᠧᠲᠷ ᠤᠨ ᠬᠡᠪᠴᠢᠶᠡᠨ ᠳᠣᠲᠣᠷᠠᠬᠢ ᠥᠩᠭᠡᠲᠦ ᠪᠣᠯᠣᠳ ᠤᠨ ᠭᠡᠷ ᠪᠠᠶᠢᠰᠢᠩ᠂ ᠥᠩᠭᠡᠲᠦ ᠪᠣᠯᠣᠳ ᠤᠨ ᠳᠡᠭᠡᠪᠦᠷ ᠲᠠᠢ ᠪᠤᠶᠤ ᠬᠥᠩᠭᠡᠨ ᠮᠠᠲ᠋ᠧᠷᠢᠶᠠᠯ ᠢᠶᠠᠷ ᠪᠠᠷᠢᠭᠰᠠᠨ ᠪᠠᠷᠢᠯᠭ᠎ᠠ ᠵᠢᠴᠢ ᠲᠣᠭᠤᠰᠣ ᠰᠡᠷᠭᠡᠶᠢᠯᠡᠬᠦ ᠲᠣᠤᠷ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ᠂ ᠳ᠋ᠧᠩ ᠤᠨ ᠬᠠᠶᠢᠷᠴᠠᠭ᠂ ᠰᠦᠯᠢᠶᠣᠣ ᠲᠣᠮᠣ ᠫᠧᠩ ᠵᠡᠷᠭᠡ ᠪᠣᠯ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠠᠷᠭ᠎ᠠ ᠬᠡᠮᠵᠢᠶ᠎ᠡ ᠠᠪᠴᠤ ᠪᠠᠶᠢᠭᠠᠳ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠶ᠃ ᠲᠡᠮᠦᠷ ᠵᠠᠮ ᠤᠨ ᠠᠶᠤᠯᠭᠦᠶ ᠶᠢᠨ ᠠᠳᠡᠯ ᠭᠠᠷᠭᠠᠭᠰᠠᠨ ᠪᠠᠶᠪᠠᠯ᠂ ᠲᠡᠭᠦᠨ ᠤ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠃      ᠲᠡᠮᠦᠷ ᠵᠠᠮ ᠤᠨ ᠵᠠᠮ ᠱᠤᠭᠤᠮ ᠤᠨ ᠬᠠᠰᠢᠯᠭ᠎ᠠ ᠶᠢᠨ ᠬᠤᠷᠮᠣᠶ᠂ ᠵᠠᠮ ᠰᠤᠪᠠᠭ᠂ ᠲᠡᠮᠦᠷ ᠵᠠᠮ ᠤᠨ ᠬᠥᠭᠦᠷᠭᠡ  ᠶᠢᠨ ᠭᠠᠳᠠᠷ ᠲᠠᠯ᠎ᠠ ᠠᠴᠠ ᠡᠬᠢᠯᠡᠨ ᠲᠣᠰ ᠲᠣᠰ 500 ᠮᠧᠲᠷ ᠤᠨ ᠬᠡᠪᠴᠢᠶᠡᠨ ᠳᠣᠲᠣᠷ᠎ᠠ ᠵᠢᠯᠣᠭᠤᠴᠢ ᠥᠬᠡᠶ ᠨᠢᠰᠬᠡᠯ᠂ ᠴᠠᠭᠠᠰᠤᠨ ᠰᠢᠪᠠᠭᠤ ᠵᠡᠷᠭᠡ ᠳᠣᠤᠭᠤᠷ ᠨᠢᠰᠬᠦ ᠪᠣᠳᠠᠰ ᠢ ᠳᠤᠷ᠎ᠠ ᠪᠠᠷ ᠢᠶᠠᠨ ᠳᠡᠭᠳᠡᠭᠡᠬᠦ ᠶᠢ ᠴᠠᠭᠠᠵᠠᠯᠠᠨ᠎ᠠ᠃      ᠰᠤᠷᠪᠤᠯᠵᠢᠯᠠᠭᠴᠢ᠄ ᠯᠢ ᠡᠷᠬᠢᠯᠡᠭᠴᠢ ᠡ᠂ ︽ᠲᠣᠭᠲᠠᠭᠠᠯ︾ ᠳᠤ ᠲᠡᠮᠦᠷ ᠵᠠᠮ ᠤᠨ ᠴᠠᠬᠢᠯᠭᠠᠨ ᠬᠦᠴᠦᠨ ᠤ ᠱᠤᠭᠤᠮ ᠤᠨ ᠠᠮᠤᠷ ᠲᠦᠪᠰᠢᠨ ᠤ ᠲᠤᠬᠠᠶ ᠶᠠᠮᠠᠷ ᠶᠠᠮᠠᠷ ᠲᠣᠭᠲᠠᠭᠠᠯ ᠪᠠᠶᠬᠤ ᠪᠣᠶ︖      ᠯᠢ ᠡᠷᠬᠢᠯᠡᠭᠴᠢ᠄ ᠶᠠᠮᠠᠷᠪᠠ ᠨᠢᠭᠡᠴᠡ ᠪᠤᠶᠤ ᠬᠤᠪᠢ ᠬᠥᠮᠦᠨ ᠤ ᠬᠡᠷᠡᠭᠯᠡᠵᠦ ᠪᠠᠶᠭ᠎ᠠ ᠷᠠᠳᠢᠣ᠋ ᠬᠤᠯᠪᠣᠭᠠᠨ ᠤ ᠲᠥᠬᠦᠭᠡᠷᠦᠮᠵᠢ ᠨᠢ ᠲᠡᠮᠦᠷ ᠵᠠᠮ ᠤᠨ ᠷᠠᠳᠢᠣ᠋ ᠬᠤᠯᠪᠣᠭᠠᠨ ᠤ ᠲᠥᠬᠦᠭᠡᠷᠦᠮᠵᠢ ᠶᠢᠨ ᠬᠡᠪ ᠤᠨ ᠬᠡᠷᠡᠭᠯᠡᠯᠲᠡ ᠶᠢ ᠬᠠᠷᠰᠢᠯᠠᠵᠤ ᠪᠣᠯᠬᠤ ᠥᠬᠡᠶ᠃ ᠲᠡᠮᠦᠷ ᠵᠠᠮ ᠤᠨ ᠷᠠᠳᠢᠣ᠋ ᠬᠤᠯᠪᠣᠭᠠᠨ ᠤ ᠪᠡᠯᠡᠳᠬᠡᠮᠵᠢ ᠶᠢᠨ ᠬᠡᠪ ᠤᠨ ᠬᠡᠷᠡᠭᠯᠡᠯᠲᠡ ᠶᠢ ᠨᠥᠯᠥᠭᠡᠯᠡᠭᠰᠡᠨ ᠪᠠᠶᠢᠪᠠᠯ᠂ ᠬᠠᠮᠢᠶ᠎ᠠ ᠪᠦᠬᠦᠢ ᠨᠢᠭᠡᠴᠡ ᠪᠤᠶᠤ ᠬᠤᠪᠢ ᠬᠥᠮᠦᠨ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃    ᠰᠤᠷᠪᠤᠯᠵᠢᠯᠠᠭᠴᠢ᠄ ᠯᠢ ᠡᠷᠬᠢᠯᠡᠭᠴᠢ ᠡ᠂ ︽ᠲᠣᠭᠲᠠᠭᠠᠯ︾ ᠳᠤ ᠶᠠᠮᠠᠷ ᠶᠠᠮᠠᠷ ᠬᠠᠷᠢᠭᠤᠴᠠᠯᠭ᠎ᠠ ᠨᠡᠬᠡᠮᠵᠢᠯᠡᠬᠦ ᠲᠤᠬᠠᠶ ᠲᠣᠭᠲᠠᠭᠠᠯ ᠪᠠᠶᠬᠤ ᠪᠣᠶ︖    ᠯᠢ ᠡᠷᠬᠢᠯᠡᠭᠴᠢ᠄ ᠲᠤᠰ ᠲᠣᠭᠲᠠᠭᠠᠯ ᠢ ᠵᠥᠷᠢᠴᠡᠵᠦ ᠲᠡᠮᠦᠷ ᠵᠠᠮ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠶᠳᠬᠡᠯ ᠥᠭᠭᠦᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠪᠠᠯ᠂ ᠬᠠᠤᠯᠢ ᠶᠣᠰᠣᠭᠠᠷ ᠡᠷᠡᠭᠦᠦ ᠰᠢᠢᠳᠬᠡᠯ ᠨᠡᠬᠡᠮᠵᠢᠯᠡᠨ᠎ᠡ ᠃  
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号