2019 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019/2/26
     — 2019 ᠣᠨ ᠤ 2 ᠰᠠᠷ᠎ᠠ ᠶᠢᠨ 26᠎ ᠤ ᠡᠳᠦᠷ ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ      ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠳᠠᠷᠤᠭ᠎ᠠ ᠫᠠᠨ ᠼᠦᠨ ᠭᠦᠸᠧᠲᠥᠯᠥᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠡᠭᠦᠨ ᠤ ᠬᠠᠮᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠤᠷᠤᠯᠴᠠᠭᠰᠠᠨ ᠨᠦᠬᠦᠳ ᠠᠴᠠ ᠰᠠᠨᠠᠯ ᠢᠶᠠᠨ ᠳᠤᠷᠠᠳᠬᠤ ᠶᠢ ᠬᠦᠰᠡᠶ᠎ᠡ᠃      2018 ᠤᠨ ᠤ ᠠᠵᠢᠯ ᠤᠨ ᠡᠷᠭᠢᠴᠡᠭᠦᠯᠦᠯ      ᠦᠩᠭᠡᠷᠡᠭᠰᠡᠨ ᠨᠢᠭᠡ ᠵᠢᠯ ᠳᠤ᠂ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠤᠨ ᠨᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠦᠰᠦᠯᠲᠡ ᠶᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠳᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠥᠭᠰᠢᠭᠦᠷᠢ ᠠᠴᠠ ᠰᠡᠷᠭᠡᠶᠢᠯᠡᠬᠦ ᠡᠯ᠎ᠡ ᠲᠥᠷᠥᠯ ᠤᠨ ᠠᠵᠢᠯ ᠢ ᠨᠢᠭᠡᠲᠦᠯᠲᠡᠢ ᠲᠦᠯᠦᠪᠯᠡᠨ ᠠᠬᠢᠭᠤᠯᠵᠤ᠂ ᠬᠦᠴᠢᠷ ᠲᠦᠪᠡᠭ ᠢ ᠢᠯᠠᠨ᠂ ᠬᠠᠲᠠᠭᠤ ᠪᠡᠷᠬᠡᠰᠢᠶᠡᠯᠲᠡᠢ ᠪᠠᠷ ᠤᠷᠤᠭᠰᠢᠯᠠᠵᠤ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠲᠥᠷᠥᠯ ᠤᠨ ᠬᠠᠷᠠᠯᠲᠠ ᠪᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠦᠭᠰᠡᠨ ᠪᠠᠶᠢᠨ᠎ᠠ᠃ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 97 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.3%᠎ ᠪᠠᠷ ᠨᠡᠮᠡᠭᠳᠡᠪᠡ ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 5.72 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.7%᠎ ᠪᠠᠷ ᠨᠡᠮᠡᠭᠳᠡᠪᠡ ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 31 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠡᠯᠡ ᠣᠷᠣᠭᠤᠯᠤᠯᠲᠠ ᠶᠢ ᠪᠦᠷᠢᠳᠬᠡᠬᠦ ᠳᠦᠷᠢᠮ ᠤᠨ ᠠᠷᠭ᠎ᠠ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠪᠡ ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 38.5 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 7.4%᠎ ᠪᠠᠷ ᠨᠡᠮᠡᠭᠳᠡᠪᠡ ︔ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠬᠦᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 28697 ᠲᠥᠭᠦᠷᠢᠭ ᠪᠠ 11270 ᠲᠥᠭᠦᠷᠢᠭ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 7.5% ᠪᠠ 10%᠎ ᠪᠠᠷ ᠨᠡᠮᠡᠭᠳᠡᠪᠡ᠃ᠨᠢᠭᠡ ᠵᠢᠯ ᠤᠨ ᠲᠤᠷᠰᠢ᠂ ᠪᠢᠳᠡ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠦᠭᠰᠡᠨ ᠪᠠᠶᠢᠨ᠎ᠠ᠄      ︵ᠨᠢᠭᠡ︶ ᠭᠤᠣᠯᠳᠠᠯᠭ᠎ᠠ ᠶᠢ ᠠᠳᠬᠤᠵᠤ᠂ ᠰᠢᠪᠲᠤᠯᠤᠯᠲᠠ ᠶᠢ ᠲᠡᠮᠡᠴᠡᠨ᠂ ᠭᠤᠷᠪᠠᠨ ᠶᠡᠭᠡ ᠪᠣᠭᠤᠮᠲᠠ ᠰᠢᠪᠲᠤᠯᠬᠤ ᠠᠩᠬᠠᠨ ᠤ ᠳᠠᠶᠢᠯᠠᠯᠳᠤᠭᠠᠨ ᠤ ᠠᠮᠵᠢᠯᠲᠠ ᠶᠢ ᠣᠯᠪᠠ᠃      — — ᠠᠷᠭ᠎ᠠ ᠠᠪᠴᠠᠯ ᠢᠶᠠᠨ ᠴᠢᠩᠭᠠᠳᠬᠠᠨ ᠥᠷᠢ ᠥᠭᠴᠡᠭᠡ ᠶᠢ ᠠᠷᠢᠯᠭᠠᠵᠤ᠂ ᠬᠦᠨᠳᠦ ᠶᠡᠭᠡ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠪᠡ᠃ ᠡᠯ᠎ᠡ ᠲᠥᠷᠥᠯ ᠤᠨ ᠥᠷᠢ ᠥᠭᠴᠡᠭᠡ ᠶᠢᠨ ᠲᠣᠳᠣᠷᠬᠠᠢ ᠲᠤᠭ᠎ᠠ ᠶᠢ ᠪᠦᠬᠦ ᠲᠠᠯ᠎ᠠ ᠶᠢᠨ ᠠᠷᠭ᠎ᠠ ᠠᠪᠴᠠᠯ ᠢᠶᠠᠷ ᠣᠶᠢᠯᠠᠭᠠᠵᠤ᠂ ᠣᠯᠠᠨ ᠠᠷᠭ᠎ᠠ ᠠᠪᠴᠠᠯ ᠢ ᠵᠡᠷᠭᠡ ᠪᠠᠷ ᠬᠡᠷᠡᠭᠯᠡᠵᠦ᠂ ︽ᠠᠷᠪᠠ ᠶᠢ ᠪᠦᠷᠬᠦᠭᠦᠯᠬᠦ︾᠎ ᠶᠢ ᠪᠠᠭᠲᠠᠭᠠᠭᠰᠠᠨ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠨ᠎ᠠ᠃ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠲᠣᠳᠣᠷᠬᠠᠶᠢᠯᠠᠨ ᠪᠠᠶᠢᠴᠠᠭᠠᠵᠤ ᠬᠠᠷᠭᠤᠭᠤᠯᠤᠨ ᠨᠤᠲᠠᠯᠠᠬᠤ ᠠᠵᠢᠯ ᠢ ᠪᠦᠬᠦ ᠲᠠᠯ᠎ᠠ ᠪᠠᠷ ᠡᠭᠢᠯᠡᠭᠦᠯᠵᠦ᠂ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠲᠠᠭᠯᠠᠨ ᠮᠡᠳᠡᠭᠦᠯᠬᠦ ᠠᠵᠢᠯ ᠢ ᠪᠡᠶᠡᠯᠡᠭᠦᠯᠪᠡ᠃ ᠮᠥᠩᠭᠦᠨ ᠬᠦᠢᠯᠭᠡᠭᠡᠨ ᠤ ᠲᠥᠭᠰᠢᠭᠦᠷᠢ ᠶᠢᠨ ᠳᠠᠯᠳᠠ ᠭᠡᠮ ᠢ ᠶᠡᠬᠡᠪᠡᠷ ᠪᠠᠶᠢᠴᠠᠭᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠥᠨᠳᠥᠷ ᠬᠦᠦ ᠲᠠᠢ ᠵᠢᠭᠡᠯᠡᠯᠭᠡ ᠲᠠᠯᠪᠢᠬᠤ ᠵᠡᠷᠭᠡ ᠬᠠᠤᠯᠢ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭᠠᠨ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠪᠡ᠃      — — ᠨᠠᠷᠢᠯᠢᠭ ᠣᠨᠣᠪᠴᠢᠲᠠᠢ ᠠᠳᠬᠤᠨ ᠬᠠᠮᠲᠤᠷᠠᠯ ᠤᠨ ᠬᠦᠴᠦᠨ ᠢ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠲᠤᠭᠠᠨ ᠳᠤ ᠰᠢᠢᠳᠪᠦᠷᠢᠲᠦ ᠢᠯᠠᠯᠲᠠ ᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠶᠡᠬᠡᠪᠡᠷ ᠪᠠᠶᠢᠴᠠᠭᠠᠨ ᠴᠡᠭᠴᠡᠯᠡᠬᠦ ᠪᠠ ︽ᠨᠡᠶᠢᠲᠡᠯᠢᠭ ᠠᠰᠠᠭᠤᠳᠠᠯ︾᠎ ᠢ ᠵᠠᠳᠠᠯᠬᠤ ᠲᠤᠰᠬᠠᠢ ᠲᠥᠷᠥᠯ ᠤᠨ ᠠᠵᠢᠯᠯᠠᠭᠠᠨ ᠢ ᠪᠦᠬᠦ ᠲᠠᠯ᠎ᠠ ᠪᠠᠷ ᠥᠷᠨᠢᠭᠦᠯᠦᠨ᠂ ᠨᠠᠷᠢᠯᠢᠭ ᠣᠨᠣᠪᠴᠢᠲᠠᠢ ᠢᠯᠭᠠᠨ ᠲᠣᠳᠣᠯᠠᠬᠤ᠂ ᠨᠠᠷᠢᠯᠢᠭ ᠣᠨᠣᠪᠴᠢᠲᠠᠢ ᠶᠠᠳᠠᠭᠤ ᠠᠴᠠ ᠠᠩᠭᠢᠵᠢᠷᠠᠭᠰᠠᠨ ᠢᠶᠠᠷ ᠲᠣᠭᠲᠠᠭᠠᠬᠤ᠂ ᠲᠠᠩᠰᠠ ᠡᠪᠬᠡᠮᠡᠯ ᠢ ᠬᠠᠮᠢᠶᠠᠷᠬᠤ᠂ ᠭᠠᠴᠠᠭ᠎ᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ᠂ ᠣᠷᠣᠨ ᠰᠠᠭᠤᠴᠠ ᠤᠰᠤ ᠤᠮᠳᠠ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠶᠢᠨ ᠲᠠᠯ᠎ᠠ ᠪᠠᠷ ᠪᠠᠲᠤᠯᠠᠭ᠎ᠠ ᠬᠠᠩᠭᠠᠵᠤ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ᠂ ᠣᠨᠳᠣᠣ ᠭᠠᠵᠠᠷ ᠨᠡᠭᠦᠯᠭᠡᠨ ᠲᠥᠪᠬᠢᠨᠡᠭᠦᠯᠬᠦ᠂ ᠤᠰᠦ ᠤᠮᠳᠠ ᠶᠢᠨ ᠠᠶᠦᠯᠭᠦᠢ ᠶᠢ ᠪᠠᠲᠤᠯᠠᠬᠤ᠂ ᠣᠷᠣᠨ ᠰᠠᠭᠤᠴᠠ ᠶᠢᠨ ᠪᠠᠲᠤᠯᠠᠭ᠎ᠠ ᠬᠠᠩᠭᠠᠬᠤ᠂ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠢ ᠪᠦᠬᠦᠨ ᠢ ᠬᠥᠷᠲᠡᠭᠡᠬᠦ ᠵᠡᠷᠭᠡ ᠶᠠᠳᠠᠭᠤ ᠶᠢ ᠲᠡᠳᠬᠦᠬᠦ ᠢᠨᠵᠧᠨᠧᠷᠢᠩ ᠢ ᠦᠷᠭᠦᠯᠵᠢᠯᠡᠨ ᠴᠢᠩᠭᠠᠳᠬᠠᠵᠤ᠂ 1523 ᠡᠷᠦᠬᠡ ᠶᠢᠨ 3175 ᠨᠡᠷ᠎ᠡ ᠶᠠᠳᠠᠭᠤ ᠬᠦᠴᠢᠷᠲᠡᠢ ᠬᠥᠮᠥᠨ ᠠᠮᠠ ᠪᠠ 18 ᠶᠠᠳᠠᠭᠤ ᠬᠦᠴᠢᠷᠲᠡᠢ ᠭᠠᠴᠠᠭ᠎ᠠ ᠲᠣᠰᠬᠤᠨ ᠢ ᠶᠠᠳᠠᠭᠤ ᠠᠴᠠ ᠠᠩᠭᠢᠵᠢᠷᠠᠭᠤᠯᠤᠨ ᠂ ᠶᠠᠳᠠᠭᠤ ᠬᠦᠴᠢᠷᠲᠡᠢ ᠪᠠᠶᠢᠳᠠᠯ ᠡᠭᠦᠰᠬᠦ ᠨᠤᠷᠮ᠎ᠠ ᠶᠢ 1.51% ᠪᠣᠯᠲᠠᠯ᠎ᠠ ᠳᠣᠷᠣᠭᠰᠢᠯᠠᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠲᠡᠢ ᠬᠤᠰᠢᠭᠤ ᠶᠢ ᠶᠠᠳᠠᠭᠤ ᠠᠴᠠ ᠠᠩᠭᠢᠵᠢᠷᠠᠭᠤᠯᠵᠤ ᠨᠡᠷᠡᠰ ᠠᠴᠠ ᠭᠠᠷᠭᠠᠬᠤ ᠭᠤᠷᠪᠠᠳᠤᠭᠠᠷ ᠡᠲᠡᠭᠡᠳ ᠤᠨ ᠦᠨᠡᠯᠡᠨ ᠰᠢᠯᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃      — — ᠬᠢᠨᠠᠨ ᠬᠠᠮᠢᠶᠠᠷᠤᠯᠲᠠ ᠪᠠᠨ ᠴᠢᠩᠭᠠᠳᠬᠠᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠢᠯᠡᠷᠬᠡᠢ ᠪᠣᠯᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ︽ᠠᠵᠢᠯ ᠢᠶᠠᠨ ᠡᠷᠭᠢᠴᠡᠭᠦᠯᠬᠦ︾ ᠭᠤᠭᠴᠣᠭᠠᠨ ᠳᠤ ᠬᠠᠷᠢᠭᠤ ᠲᠤᠰᠬᠠᠭᠰᠠᠨ ᠠᠰᠠᠭᠤᠳᠠᠯ ᠢ ᠡᠷᠡᠰ ᠲᠠᠰᠤᠷᠬᠠᠢ ᠴᠡᠭᠴᠡᠯᠡᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠢᠯᠡᠴᠢᠯᠡᠨ ᠮᠡᠳᠡᠭᠦᠯᠦᠭᠰᠡᠨ 23 ᠪᠦᠯᠦᠭ ᠤᠳᠠᠭ᠎ᠠ ᠶᠢᠨ 36 ᠬᠤᠪᠢ ᠬᠡᠷᠡᠭ ᠠᠴᠠ 67%᠎ ᠶᠢ ᠴᠡᠭᠴᠡᠯᠡᠨ ᠵᠠᠰᠠᠬᠤ ᠶᠢ ᠪᠡᠶᠡᠯᠡᠭᠦᠯᠪᠡ᠃ ᠠᠭᠠᠷ ᠮᠠᠨᠳᠠᠯ᠂ ᠤᠰᠤ᠂ ᠬᠥᠷᠥᠰᠥᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠳᠤᠲᠠᠢ ᠲᠦᠯᠬᠢᠨ ᠠᠬᠢᠭᠤᠯᠵᠤ᠂ ᠪᠢᠷᠠᠭᠤ ᠪᠠᠯᠭᠠᠰᠤ ᠲᠣᠭᠤᠷᠢᠭ ᠤᠨ ᠠᠭᠠᠷ ᠤᠨ ᠴᠡᠪᠡᠷᠴᠡ ᠶᠢᠨ ᠬᠡᠮᠵᠢᠶ᠎ᠡ ᠪᠠᠷ ᠰᠠᠶᠢᠨ ᠡᠳᠦᠷ ᠤᠨ ᠬᠠᠷᠢᠴᠠᠯ ᠢ 1.7 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠪᠡ ︔ ᠭᠤᠣᠯ ᠤᠨ ᠳᠠᠷᠤᠭ᠎ᠠ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠢᠷᠠᠭᠤ ᠭᠤᠣᠯ᠂ ᠳᠣᠯᠣᠨ ᠨᠠᠭᠤᠷ ᠭᠤᠤᠯ᠂ ᠳ᠋ᠠ ᠴᠧᠩ ᠭᠤᠣᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠦᠷ᠎ᠡ ᠪᠦᠲᠦᠮᠵᠢ ᠢᠯᠡᠷᠬᠡᠢ ᠪᠤᠯᠵᠦ᠂ ᠳᠠᠯᠠᠢ ᠨᠠᠭᠤᠷ ᠤᠨ ᠰᠠᠪᠠ ᠭᠠᠵᠠᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ ᠎ ᠪᠠᠷ ᠡᠭᠢᠯᠡᠭᠦᠯᠪᠡ᠃ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠠᠩᠬ᠎ᠠ ᠠᠯᠬᠤᠮ ᠬᠤᠪᠢᠶᠠᠷᠢᠯᠠᠨ ᠲᠤᠭᠲᠠᠭᠠᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠲᠦ ᠤᠷᠤᠨ ᠤ ᠠᠵᠦ ᠤᠶᠢᠯᠡᠰ ᠤᠨ ᠤᠷᠤᠬᠤ ᠵᠦᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠦ ᠶᠢ ᠲᠤᠭᠲᠠᠭᠠ ᠬᠡᠷᠡᠭᠵᠢᠭᠦᠯᠪᠡ᠃ ᠵᠠᠭᠤᠨ ᠲᠦᠮᠡᠨ ᠮᠤ ᠶᠢᠨ ᠬᠡᠪᠴᠢᠶᠡᠵᠢᠯ ᠠᠴᠠ ᠳᠡᠭᠡᠭᠰᠢᠬᠢ ᠤᠢ ᠰᠢᠭᠤᠢ ᠶᠢᠨ ᠳᠠᠯᠠᠪᠠᠢ ᠶᠢᠨ ᠲᠦᠷᠦᠯ ᠵᠦᠢᠯ ᠢ ᠯᠠᠪᠳᠠᠭᠤᠨ ᠠᠭᠢᠭᠤᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠭᠢ᠂ ᠤᠰᠦ ᠬᠦᠷᠦᠰᠦ ᠶᠢ ᠬᠠᠮᠠᠭᠠᠯᠠᠬᠤ᠂ ᠲᠠᠷᠢᠶᠠᠯᠠᠬᠤ ᠶᠢ ᠵᠤᠭᠰᠤᠭᠠᠨ ᠤᠶᠢᠵᠢᠭᠤᠯᠵᠦ ᠪᠡᠯᠴᠢᠭᠡᠷ ᠢ ᠰᠡᠷᠭᠦᠭᠡᠬᠦ᠂ ᠪᠠᠭ᠎ᠠ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠳᠠ ᠵᠡᠷᠭᠡ ᠠᠮᠢ ᠠᠬᠤᠢ ᠶᠢᠨ ᠢᠨᠵᠧᠨᠧᠷᠢᠩ ᠢ ᠬᠦᠨᠵᠡᠭᠡᠢ ᠭᠡᠷᠡᠭᠵᠢᠭᠦᠯᠵᠦ᠂ ᠤᠶᠢᠵᠢᠭᠤᠯᠤᠯᠳᠠ ᠶᠢ 14.8 ᠲᠦᠮᠡᠨ ᠮᠤ ᠪᠡᠶᠡᠯᠡᠭᠦᠯᠪᠡ᠃ ᠭᠠᠳᠠᠨᠠᠬᠢ ᠶᠢᠨ ᠮᠠᠯ ᠢ ᠴᠡᠪᠡᠷᠯᠡᠵᠦ ᠴᠡᠭᠴᠡᠯᠡᠬᠦ ᠠᠵᠢᠯ ᠢ ᠦᠷᠭᠦᠯᠵᠢᠯᠡᠨ ᠦᠷᠨᠢᠭᠦᠯᠵᠦ᠂ ᠬᠠᠰᠢᠵᠦ ᠬᠤᠷᠢᠭᠯᠠᠬᠤ᠂ ᠢᠳᠬᠠᠨ ᠪᠤᠴᠠᠭᠠᠯᠭᠠᠭᠰᠠᠨ ᠭᠠᠳᠠᠨᠠᠬᠢ ᠶᠢᠨ ᠮᠠᠯ ᠤᠨ ᠲᠤᠭ᠎ᠠ ᠨᠡᠶᠢᠳᠡ 73 ᠲᠦᠮᠡᠨ ᠲᠤᠯᠤᠭᠠᠢ ᠳᠤ ᠬᠦᠷᠪᠡ᠃      ︵ᠬᠤᠶᠠᠷ︶ ᠠᠷᠭ᠎ᠠ ᠬᠡᠯᠪᠡᠷᠢ ᠪᠠᠨ ᠦᠭᠡᠷᠡᠴᠢᠯᠡᠵᠦ᠂ ᠪᠦᠲᠦᠴᠡ ᠶᠢ ᠲᠤᠭᠢᠷᠠᠭᠤᠯᠤᠨ᠂ ᠭᠤᠷᠪᠠᠲᠤᠭᠠᠷ ᠠᠵᠦ ᠤᠶᠢᠯᠡᠰ ᠢ ᠳᠠᠰᠦᠷᠠᠯᠳᠠ ᠦᠬᠡᠢ ᠰᠢᠯᠢᠳᠡᠭᠵᠢᠭᠦᠯᠪᠡ᠃      — — ᠤᠲᠦ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠲᠤᠭᠲᠠᠭᠤᠨ ᠢᠶᠠᠷ ᠬᠦᠭᠵᠢᠪᠡ᠃ ᠭᠠᠵᠠᠷ ᠰᠢᠷᠤᠢ ᠨᠤᠲᠤᠭ ᠪᠡᠯᠴᠢᠭᠡᠷ ᠤᠨ ᠡᠷᠭᠢᠯᠳᠡ ᠪᠠ ᠠᠮᠦ ᠪᠤᠳᠠᠭ᠎ᠠ ᠠᠵᠦ ᠠᠬᠤᠢ ᠶᠢᠨ ᠲᠠᠷᠢᠮᠠᠯ ᠪᠤᠷᠲᠤᠭ᠎ᠠ ᠶᠢᠨ ᠬᠠᠷᠢᠴᠠᠯ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠦ᠂ ᠭᠠᠵᠠᠷ ᠰᠢᠷᠤᠢ᠂ ᠨᠤᠲᠤᠭ ᠪᠡᠯᠴᠢᠭᠡᠷ ᠤᠨ ᠡᠷᠭᠢᠯᠳᠡ ᠶᠢᠨ ᠨᠤᠷᠮ᠎ᠠ ᠶᠢ ᠳᠤᠰᠪᠤᠷᠢ 55% ᠪᠠ 56.1% ᠪᠤᠯᠭᠠᠵᠦ᠂ ᠠᠮᠦ ᠪᠤᠳᠠᠭ᠎ᠠ ᠠᠵᠦ ᠠᠬᠤᠢ ᠶᠢᠨ ᠲᠠᠷᠢᠮᠠᠯ ᠪᠤᠷᠲᠤᠭ᠎ᠠ ᠶᠢᠨ ᠬᠠᠷᠢᠴᠠᠯ ᠢ 2017 ᠤᠨ ᠳᠤ 68᠄ 17᠄ 15 ᠪᠠᠶᠢᠭᠰᠠᠨ ᠢ 65᠄ 19᠄ 16 ᠪᠤᠯᠭᠠᠨ ᠲᠤᠭᠢᠷᠠᠭᠤᠯᠪᠠ᠃ ᠪᠦᠬᠦ ᠬᠤᠰᠢᠭᠤᠨ ᠤ ᠲᠠᠷᠢᠮᠠᠯ ᠲᠠᠷᠢᠭᠰᠠᠨ ᠨᠡᠶᠢᠳᠡ ᠳᠠᠯᠠᠪᠠᠢ 125 ᠲᠦᠮᠡᠨ ᠮᠤ ᠳᠤ ᠬᠦᠷᠴᠦ᠂ ᠠᠮᠤ ᠪᠤᠷᠴᠠᠭ ᠤᠨ ᠶᠡᠷᠦᠩᠬᠡᠢ ᠤᠨᠠᠯᠳᠠ 6 ᠳ᠋ᠦᠩᠰᠢᠭᠤᠷ ᠵᠢᠩ ᠳᠤ ᠲᠤᠭᠲᠠᠪᠤᠷᠢᠵᠢᠪᠠ᠃ ᠰᠢᠨ᠎ᠡ ᠪᠠᠷ ᠨᠡᠮᠡᠭᠳᠡᠭᠰᠡᠨ ᠲᠦᠭᠦᠭᠡᠷᠦᠮᠵᠢᠲᠦ ᠲᠠᠷᠢᠶᠠᠯᠠᠩ 6000 ᠮᠤ ᠪᠠᠶᠢᠵᠦ᠂ ᠢᠳᠡᠰᠢᠨ ᠮᠦᠬᠦ᠂ ᠬᠢᠳᠠᠳ ᠡᠪᠡᠰᠦᠨ ᠡᠮ ᠲᠠᠷᠢᠭᠰᠠᠨ ᠬᠡᠪᠴᠢᠶ᠎ᠡ ᠨᠢ ᠳᠤᠰᠪᠤᠷᠢ 856 ᠲᠦᠮᠡᠨ ᠮᠦᠭᠦᠨ ᠬᠠᠪᠳᠠᠰᠦ ᠪᠠ 3 ᠲᠦᠮᠡᠨ ᠮᠤ ᠪᠤᠯᠤᠨ᠎ᠠ᠃ ᠲᠠᠷᠢᠮᠠᠯ ᠡᠪᠡᠰᠦ ᠶᠢᠨ ᠳᠠᠯᠠᠪᠠᠢ 39 ᠲᠦᠮᠡᠨ ᠳᠤ ᠬᠦᠷᠪᠡ᠃ ᠲᠦᠮᠦᠰᠦ ᠶᠢᠨ ᠤᠨᠠᠯᠳᠠ 60 ᠲᠦᠮᠡᠨ ᠲᠤᠨ ᠢ ᠳᠠᠪᠠᠪᠠ᠃ ᠵᠢᠯ ᠳᠤ 14 ᠲᠦᠮᠡᠨ ᠲᠤᠯᠤᠭᠠᠢ ᠠᠯᠠᠰᠢᠨ ᠦᠬᠡᠷ᠂ 100 ᠲᠦᠮᠡᠨ ᠲᠤᠯᠤᠭᠠᠢ ᠠᠯᠠᠰᠢᠨ ᠬᠤᠨᠢ᠂ 4.7 ᠲᠦᠮᠡᠨ ᠲᠤᠯᠤᠭᠠᠢ ᠭᠠᠭ᠋ᠠᠢ ᠬᠤᠳᠠᠯᠲᠤᠪᠠ᠃ ᠵᠤᠤ ᠤᠳᠠ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠵᠦ ᠲᠦᠭᠡᠮᠡᠯᠵᠢᠭᠦᠯᠬᠦ ᠲᠦᠷᠦᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ 10.1 ᠲᠦᠮᠡᠨ ᠲᠤᠯᠤᠭᠠᠢ ᠶᠢ ᠡᠭᠦᠯᠳᠡᠷ ᠰᠠᠶᠢᠵᠢᠷᠠᠭᠤᠯᠤᠨ ᠦᠷᠡᠵᠢᠭᠦᠯᠵᠦ᠂ 2.4 ᠲᠦᠮᠡᠨ ᠲᠤᠯᠤᠭᠠᠢ ᠡᠭᠦᠯᠳᠡᠷ ᠤᠨ ᠮᠠᠯ ᠢ ᠲᠠᠶᠠᠭᠳᠠᠭᠰᠠᠨ ᠪᠠᠶᠢᠨ᠎ᠠ᠃ ᠬᠦᠨᠲᠦ ᠶᠡᠭᠡ ᠠᠮᠢᠲᠠᠨ ᠤ ᠬᠢᠵᠢᠭ ᠤᠨ ᠡᠭᠡᠯᠢᠯᠡᠬᠦ ᠬᠡᠮᠵᠢᠶ᠎ᠡ 100%᠎ ᠳᠤ ᠬᠦᠷᠴᠦ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠱᠠᠲᠦᠴᠢ ᠴᠢᠨᠠᠷ ᠲᠠᠢ ᠦᠷ᠎ᠡ ᠪᠦᠲᠦᠮᠵᠢ ᠤᠯᠪᠠ᠃ ᠡᠯ᠎ᠡ ᠲᠦᠷᠦᠯ ᠤᠨ ᠮᠠᠯ ᠠᠵᠦ ᠠᠬᠤᠢ ᠲᠠᠷᠢᠶᠠᠯᠠᠩ ᠤᠨ ᠡᠵᠡᠩᠨᠡᠯᠳᠡ ᠶᠢᠨ ᠵᠤᠭᠢᠶᠠᠨ ᠪᠠᠶᠢᠭᠤᠯᠤᠯᠳᠠ ᠶᠢᠨ ᠭᠦᠭᠵᠢᠯᠳᠡ ᠲᠤᠭᠲᠠᠭᠤᠨ ᠪᠠᠶᠢᠵᠦ᠂ ᠰᠢᠨ᠎ᠡ ᠪᠠᠷ ᠪᠠᠶᠢᠭᠤᠯᠤᠭᠰᠠᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ᠂ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ 7 ᠪᠠᠶᠢᠵᠦ᠂ ᠰᠢᠨ᠎ᠡ ᠪᠠᠷ ᠨᠡᠮᠡᠭᠳᠡᠭᠰᠡᠨ ᠬᠤᠳᠠ ᠶᠢᠨ ᠳᠡᠰ ᠤᠨ ᠠᠯᠠᠰᠢᠨ ᠬᠤᠨᠢᠨ ᠤ ᠠᠵᠦ ᠤᠶᠢᠯᠡᠰᠵᠢᠭᠰᠡᠨ ᠬᠤᠯᠪᠤᠭᠠᠲᠦ ᠴᠤᠭᠴᠠ ᠶᠢᠨ ᠠᠵᠦ ᠠᠬᠤᠶᠢᠯᠠᠯ 3 ᠪᠤᠢ᠃      — — ᠠᠵᠦ ᠤᠶᠢᠯᠡᠳᠪᠦᠷᠢ ᠶᠢᠨ ᠪᠤᠳᠠᠲᠦ ᠬᠦᠴᠦᠨ ᠲᠤᠭᠲᠠᠭᠤᠨ ᠢᠶᠠᠷ ᠪᠤᠵᠠᠭᠠᠶᠢᠷᠠᠪᠠ᠃ ᠳᠡᠮᠦᠷᠯᠢᠭ ᠪᠤᠯᠪᠠᠰᠦᠷᠠᠭᠤᠯᠬᠤ᠂ ᠬᠢᠮᠢ ᠶᠢᠨ ᠠᠵᠦ ᠤᠶᠢᠯᠡᠳᠪᠦᠷᠢ᠂ ᠡᠨᠧᠷᠬᠢ᠂ ᠢᠳᠡᠭᠡᠨ ᠪᠤᠯᠪᠠᠰᠦᠷᠠᠭᠤᠯᠬᠤ ᠲᠦᠷᠪᠡᠨ ᠶᠡᠭᠡ ᠲᠦᠷᠦᠯ ᠤᠨ 25 ᠵᠦᠢᠯ ᠤᠨ ᠶᠡᠷᠦᠩᠭᠡᠢ ᠪᠡᠯᠡ ᠤᠷᠤᠭᠤᠯᠤᠯᠳᠠ ᠨᠢ 203 ᠳ᠋ᠦᠩᠰᠢᠭᠤᠷ ᠲᠦᠭᠦᠷᠢᠭ ᠤᠨ ᠠᠵᠦ ᠤᠶᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠠᠬᠢᠴᠠ ᠰᠠᠶᠢᠨ ᠪᠠᠶᠢᠨ᠎ᠠ᠃ ᠶᠢᠨ ᠳ᠋ᠦ᠋ ᠶᠢᠨ ᠱᠢ ᠳ᠋ᠢ᠂ ᠿᠦᠩ ᠪᠠᠩ ᠤᠨ ᠲᠤᠰᠦᠨ ᠭᠡᠷ ᠤᠨ ᠪᠠᠷᠠᠭᠤᠨᠳᠡᠬᠢ ᠦᠩᠭᠡᠲᠦ ᠲᠡᠮᠦᠷᠯᠢᠭ ᠤᠨ ᠬᠦᠳᠡᠷ ᠰᠤᠩᠭᠤᠬᠤ ᠲᠦᠷᠦᠯ ᠵᠦᠢᠯ ᠢ ᠲᠤᠷᠰᠢᠨ ᠪᠡᠶᠡᠯᠡᠭᠦᠯᠵᠦ᠂ ᠤᠯᠢᠶᠠᠰᠦᠲᠠᠢ ᠶᠢᠨ ᠯᠢᠲ᠋ᠢ ᠴᠠᠭᠠᠨ ᠲᠤᠭᠤᠯᠭ᠎ᠠ ᠵᠡᠷᠭᠡ ᠠᠭᠤᠷᠬᠠᠢ ᠶᠢᠨ ᠲᠤᠭᠤᠷᠢᠭ ᠤᠨ ᠬᠠᠶᠢᠬᠤ ᠰᠢᠯᠵᠢᠭᠦᠯᠬᠦ ᠮᠠᠯᠲᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠦ᠂ ᠺᠠᠢ ᠶᠤᠸᠠᠨ ᠵᠡᠷᠭᠡ ᠠᠭᠤᠷᠬᠠᠢ ᠶᠢᠨ ᠠᠵᠦ ᠠᠬᠤᠶᠢᠯᠠᠯ ᠤᠨ ᠮᠡᠷᠭᠡᠵᠢᠯ ᠢᠶᠠᠨ ᠦᠭᠡᠷᠡᠴᠢᠯᠡᠨ ᠴᠢᠳᠠᠮᠵᠢ ᠪᠠᠨ ᠦᠷᠭᠡᠳᠬᠡᠬᠦ ᠲᠦᠷᠦᠯ ᠵᠦᠢᠯ ᠢ ᠲᠦᠷᠭᠡᠨ ᠬᠡᠷᠡᠭᠵᠢᠭᠦᠯᠵᠦ᠂ ᠬᠢᠩᠭᠠᠨ ᠤ ᠮᠦᠩᠭᠦ ᠬᠠᠷ᠎ᠠ ᠲᠤᠭᠤᠯᠭ᠎ᠠ ᠪᠤᠯᠪᠠᠰᠦᠷᠠᠭᠤᠯᠬᠤ ᠠᠭᠤᠷᠬᠠᠢ ᠶᠢᠨ ᠴᠠᠭᠢᠯᠭᠠᠨ ᠵᠠᠳᠠᠯᠤᠯ ᠤᠨ ᠳᠠᠰᠤᠭ ᠤᠨ ᠮᠡᠷᠭᠡᠵᠢᠯ ᠢᠶᠠᠨ ᠦᠭᠡᠷᠡᠴᠢᠯᠡᠨ ᠦᠷᠭᠡᠳᠬᠡᠨ ᠪᠠᠶᠢᠭᠤᠯᠬᠤ᠂ ᠬᠠᠷ᠎ᠠ ᠲᠤᠭᠤᠯᠭ᠎ᠠ ᠶᠢᠨ ᠡᠬᠢ ᠪᠠᠶᠠᠯᠢᠭ ᠢ ᠳᠠᠭᠢᠨ ᠠᠰᠢᠭᠯᠠᠬᠤ ᠶᠡᠷᠦᠩᠭᠡᠶᠢᠯᠡᠭᠰᠡᠨ ᠠᠰᠢᠭᠯᠠᠯᠳᠠ ᠶᠢᠨ ᠮᠡᠷᠭᠡᠵᠢᠯ ᠢᠶᠠᠨ ᠦᠭᠡᠷᠡᠴᠢᠯᠡᠬᠦ ᠲᠦᠷᠦᠯ ᠵᠦᠢᠯ ᠢ ᠤᠷᠤᠭᠰᠢᠲᠠᠢ ᠠᠭᠢᠭᠤᠯᠵᠦ ᠪᠤᠢ᠃ ᠳ᠋ᠠ ᠲᠠᠩ ᠤᠨ ᠨᠡᠭᠦᠷᠡᠰᠦ ᠶᠢ ᠬᠡᠶᠢᠵᠢᠭᠦᠯᠬᠦ I ᠰᠢᠷᠢᠰ ᠨᠢ ᠲᠤᠭᠲᠠᠭᠤᠨ ᠢᠶᠠᠷ ᠤᠶᠢᠯᠡᠳᠪᠦᠷᠢᠯᠡᠯ ᠢᠶᠠᠨ ᠬᠢᠵᠦ᠂ ᠶᠡᠷᠦᠩᠬᠡᠶᠢᠯᠡᠭᠰᠡᠨ ᠮᠡᠷᠭᠡᠵᠢᠯ ᠤᠨ ᠦᠭᠡᠷᠡᠴᠢᠯᠡᠯᠳᠡ ᠶᠢᠨ ᠲᠦᠷᠦᠯ ᠵᠦᠢᠯ ᠢ ᠪᠠᠶᠢᠭᠤᠯᠤᠨ ᠠᠰᠢᠭᠯᠠᠯᠳᠠ ᠳᠤ ᠤᠷᠤᠪᠠ᠃ ᠬᠤᠸᠠ ᠨᠧᠩ ᠤᠨ ᠱᠦ ᠱᠧᠩ ᠎ ᠳᠠᠬᠢ II ᠬᠤᠭᠤᠴᠠᠭ᠎ᠠ ᠵᠡᠷᠭᠡ 4 ᠰᠠᠯᠭᠢᠨ ᠴᠠᠭᠢᠯᠭᠠᠨ ᠤ ᠨᠡᠭᠡᠭᠡᠯᠳᠡ ᠶᠢᠨ ᠲᠦᠷᠦᠯ ᠵᠦᠢᠯ ᠢ ᠪᠠᠶᠢᠭᠤᠯᠤᠨ ᠲᠤᠤᠷ ᠲᠤ ᠨᠡᠶᠢᠯᠡᠭᠦᠯᠬᠦ ᠠᠵᠢᠯ ᠢ ᠬᠠᠭᠠᠰ ᠢᠯᠡᠭᠦᠦ ᠶᠢ ᠪᠡᠶᠡᠯᠡᠭᠦᠯᠵᠦ᠂ ᡁᠢ ᠿᠦᠢ ᠶᠢᠨ 4 × 30 ᠲᠦᠮᠡᠨ ᠺᠢᠯᠤᠸᠠᠲ ᠤᠨ ᠤᠰᠦ ᠳᠠᠳᠠᠵᠦ ᠡᠨᠧᠷᠬᠢ ᠬᠠᠳᠠᠭᠠᠯᠠᠬᠤ ᠴᠠᠭᠢᠯᠭᠠᠨ ᠦᠷᠳᠡᠭᠡ ᠶᠢᠨ ᠲᠦᠷᠦᠯ ᠵᠦᠢᠯ ᠤᠨ ᠭᠠᠵᠠᠷ ᠳᠠᠳᠠᠪᠤᠷᠢᠯᠠᠵᠦ ᠠᠷᠠᠳ ᠢ ᠨᠡᠭᠦᠯᠬᠡᠬᠦ ᠠᠵᠢᠯ ᠤᠨ ᠠᠬᠢᠴᠠ ᠤᠷᠤᠭᠰᠢᠲᠠᠢ ᠪᠠᠶᠢᠨ᠎ᠠ᠃ ᠰᠢᠤᠸᠠᠢ ᠴᠢᠤᠸᠠᠨ ᠤ ᠲᠦᠮᠦᠰᠦ ᠲᠠᠷᠢᠬᠤ ᠵᠢᠴᠢ 20 ᠲᠦᠮᠡᠨ ᠲᠤᠨ ᠲᠦᠮᠦᠰᠦ ᠶᠢᠨ ᠵᠤᠷᠪᠤᠰ ᠪᠤᠯᠪᠠᠰᠦᠷᠠᠭᠤᠯᠬᠤ ᠠᠵᠦ ᠤᠶᠢᠯᠡᠰᠵᠢᠭᠰᠡᠨ ᠲᠦᠷᠦᠯ ᠵᠦᠢᠯ ᠤᠨ ᠰᠠᠭᠤᠷᠢ ᠪᠠᠷᠢᠯᠭ᠎ᠠ ᠶᠢ ᠪᠠᠷᠢᠵᠦ ᠳᠠᠭᠤᠰᠬᠠᠪᠠ᠃ ᠠᠵᠦ ᠤᠶᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠶᠡᠷᠦᠩᠬᠡᠶᠢᠯᠡᠭᠰᠡᠨ ᠪᠤᠷᠤᠯᠠᠭᠤᠯᠭ᠎ᠠ ᠶᠢᠨ ᠤᠷᠤᠯᠭ᠎ᠠ 60 ᠳ᠋ᠥᠩᠰᠢᠭᠤᠷ ᠲᠦᠭᠦᠷᠢᠭ ᠢ ᠳᠠᠪᠠᠭᠰᠠᠨ ᠪᠠᠶᠢᠨ᠎ᠠ᠃      — — ᠤᠲᠦ ᠦᠶ᠎ᠡ ᠶᠢᠨ ᠤᠶᠢᠯᠡᠴᠢᠯᠡᠭᠡᠨ ᠤ ᠤᠶᠢᠯᠡᠰ ᠲᠤᠭᠲᠠᠭᠤᠨ ᠢᠶᠠᠷ ᠳᠡᠭᠡᠭᠰᠢᠯᠡᠪᠡ᠃ ᠪᠠᠶ᠋ᠬᠠᠤᠪᠤᠭ᠎ᠠ᠂ ᠳᠠᠯᠠᠢ ᠨᠠᠭᠤᠷ ᠤᠨ ᠦᠵᠡᠮᠵᠢ ᠶᠢᠨ ᠤᠷᠤᠨ ᠤ ᠶᠠᠰᠦ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠦᠲᠠᠢ ᠠᠬᠢᠭᠤᠯᠵᠦ᠂ ᠪᠦᠲᠦᠭᠦᠨ ᠠᠭᠤᠯᠠ ᠶᠢᠨ ᠰᠠᠯᠭᠢᠨ ᠴᠠᠭᠢᠯᠭᠠᠨ ᠤ ᠵᠢᠭᠤᠯᠴᠢᠯᠠᠯ ᠤᠨ ᠨᠡᠭᠡᠭᠡᠯᠳᠡ ᠵᠡᠷᠭᠡ ᠨᠢᠭᠡ ᠪᠦᠯᠦᠭ ᠰᠢᠨ᠎ᠡ ᠲᠦᠷᠦᠯ ᠵᠦᠢᠯ ᠪᠠ 5 ᠰᠢᠶᠠᠩ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠰᠬᠤᠨ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠬᠡᠷᠡᠭᠵᠢᠭᠦᠯᠵᠦ᠂ ᠤᠯᠤᠰ ᠤᠨ ᠪᠦᠬᠦ ᠤᠷᠤᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ ᠢ ᠴᠤᠭᠴᠠᠯᠠᠬᠤ ᠠᠵᠢᠯ ᠨᠢ ᠦᠪᠡᠷᠲᠡᠭᠡᠨ ᠦᠨᠡᠯᠡᠵᠦ ᠬᠦᠷᠭᠡᠵᠦ ᠬᠢᠨᠠᠭᠤᠯᠬᠤ ᠱᠠᠲᠦᠨ ᠳᠤ ᠤᠷᠤᠭᠠᠳ ᠪᠤᠢ᠃ ᠤᠯᠠᠭᠠᠨᠪᠤᠲᠤᠩ ᠤᠨ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠰᠡᠯᠡᠭᠦᠴᠡᠯ ᠤᠨ ᠲᠤᠭᠤᠷᠢᠭ ᠤᠨ ᠰᠠᠭᠤᠷᠢ ᠲᠦᠭᠦᠭᠡᠷᠦᠮᠵᠢ ᠳᠠᠰᠦᠷᠠᠯᠲᠠ ᠦᠬᠡᠢ ᠳᠡᠭᠦᠯᠳᠡᠷᠵᠢᠪᠡ᠃ ᠠᠰᠠᠭᠲᠤ ᠶᠢᠨ ᠴᠢᠯᠠᠭᠤᠨ ᠰᠢᠭᠤᠢ ᠶᠢᠨ ᠦᠵᠡᠮᠵᠢ ᠶᠢᠨ ᠤᠷᠤᠨ ᠨᠢ ᠤᠯᠤᠰ ᠤᠨ ᠬᠢᠨᠠᠨ ᠰᠢᠯᠭᠠᠯᠳᠠ ᠶᠢ ᠤᠷᠤᠭᠰᠢᠲᠠᠢ ᠦᠩᠭᠡᠷᠡᠭᠡᠵᠦ᠂ ᠠᠮᠵᠢᠯᠲᠠ ᠲᠠᠢ ᠪᠠᠷ ᠤᠯᠤᠰ ᠤᠨ 5A ᠳᠡᠰ ᠤᠨ ᠦᠵᠡᠮᠵᠢ ᠶᠢᠨ ᠤᠷᠤᠨ ᠢᠶᠠᠷ ᠳᠡᠰ ᠳᠡᠪᠰᠢᠵᠦ᠂ ᠪᠦᠬᠦ ᠬᠤᠳᠠ ᠳᠤ ︽5A︾ ᠳᠡᠰ ᠤᠨ ᠦᠵᠡᠮᠵᠢ ᠶᠢᠨ ᠤᠷᠤᠨ ᠪᠠᠶᠢᠬᠤ ᠦᠬᠡᠢ ᠪᠠᠶᠢᠭᠰᠠᠨ ᠳᠡᠤᠭᠡ ᠶᠢ ᠡᠪᠳᠡᠪᠡ᠃ ᠵᠢᠭᠤᠯᠴᠢᠯᠠᠯ ᠤᠨ ᠶᠡᠷᠦᠩᠭᠡᠶᠢᠯᠡᠭᠰᠡᠨ ᠬᠠᠤᠯᠢ ᠭᠡᠷᠡᠭᠵᠢᠭᠦᠯᠦᠯᠳᠡ ᠶᠢ ᠦᠷᠭᠦᠯᠵᠢᠯᠡᠨ ᠴᠢᠩᠭᠠᠳᠬᠠᠵᠦ᠂ ᠨᠤᠲᠤᠭ ᠪᠡᠯᠴᠢᠭᠡᠷ ᠤᠨ ᠬᠠᠤᠯᠢ ᠲᠤᠭᠲᠠᠭᠠᠯ ᠵᠦᠷᠢᠴᠡᠭᠰᠡᠨ ᠪᠦᠲᠦᠭᠡᠨ ᠪᠠᠶᠢᠭᠤᠯᠤᠯᠳᠠ ᠪᠠ ᠵᠢᠭᠤᠯᠴᠢᠯᠠᠯ ᠤᠨ ᠡᠵᠡᠩᠨᠡᠯᠳᠡ ᠶᠢᠨ ᠠᠵᠢᠯᠯᠠᠭ᠎ᠠ ᠶᠢ ᠪᠦᠲᠦᠮᠵᠢᠲᠠᠢ ᠲᠦᠷᠢᠮᠵᠢᠭᠦᠯᠦᠭᠰᠡᠨ ᠪᠠᠶᠢᠨ᠎ᠠ᠃ ᠰᠤᠶᠤᠯ ᠵᠢᠭᠤᠯᠴᠢᠯᠠᠯ ᠢ ᠪᠦᠲᠦᠮᠵᠢᠲᠠᠢ ᠠᠭᠤᠰᠤᠯᠴᠠᠭᠤᠯᠵᠦ᠂ ᠡᠯ᠎ᠡ ᠲᠦᠷᠦᠯ ᠤᠨ ᠭᠤᠤᠯ ᠰᠡᠲᠦᠪᠲᠦ ᠠᠵᠢᠯᠯᠠᠭᠠᠨ ᠤ ᠦᠷ᠎ᠡ ᠠᠰᠢᠭ ᠰᠠᠶᠢᠨ᠃ ᠪᠦᠬᠦ ᠵᠢᠯ ᠳᠤ ᠤᠯᠤᠰ ᠤᠨ ᠲᠤᠲᠤᠭᠠᠲᠦ ᠭᠠᠳᠠᠭᠠᠲᠦ ᠶᠢᠨ ᠵᠢᠭᠤᠯᠴᠢᠯᠠᠭᠰᠠᠳ ᠢ 600 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ ᠵᠢᠭᠤᠯᠴᠢᠯᠠᠯ ᠤᠨ ᠶᠡᠷᠦᠩᠬᠡᠢ ᠤᠷᠤᠯᠭ᠎ᠠ 63 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠳᠤᠰᠪᠤᠷᠢ 15.4% ᠪᠠ 15.6%᠎ ᠪᠠᠷ ᠨᠡᠮᠡᠭᠳᠡᠪᠡ᠃ ᠴᠠᠬᠢᠮ ᠬᠤᠳᠠᠯᠲᠤᠭ᠎ᠠ᠂ ᠬᠦᠮᠦᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠲᠤᠭᠠᠨ ᠤ ᠭᠦᠢᠯᠭᠡᠭᠡ ᠵᠡᠷᠭᠡ ᠠᠵᠦ ᠤᠶᠢᠯᠡᠰ ᠤᠨ ᠭᠦᠭᠵᠢᠯᠳᠡ ᠶᠢᠨ ᠪᠠᠶᠢᠳᠠᠯ ᠰᠠᠶᠢᠨ᠂ ᠭᠠᠴᠠᠭ᠎ᠠ ᠲᠤᠰᠬᠤᠨ ᠤ ᠱᠠᠲᠦᠨ ᠤ ᠴᠠᠬᠢᠮ ᠬᠤᠳᠠᠯᠲᠤᠭ᠎ᠠ ᠶᠢᠨ ᠤᠶᠢᠯᠡᠴᠢᠯᠡᠭᠡ ᠶᠢᠨ ᠦᠷᠳᠡᠭᠡ ᠶᠢ 62᠂ ᠰᠢᠶᠠᠩ ᠪᠠᠯᠭᠠᠰᠦᠨ ᠤ ᠡᠳ᠋ ᠪᠠᠷᠠᠭᠠᠨ ᠤ ᠭᠦᠢᠯᠭᠡᠭᠡ ᠶᠢᠨ ᠳᠠᠮᠵᠢᠭᠤᠯᠬᠤ ᠦᠷᠳᠡᠭᠡ 3᠎ ᠶᠢ ᠪᠠᠶᠢᠭᠤᠯᠵᠦ᠂ ᠲᠤᠭᠢᠷᠠᠭᠤᠯᠤᠨ ᠬᠦᠷᠭᠡᠬᠦ ᠬᠦᠴᠦᠨ ᠲᠠᠢ ᠬᠤᠭᠤᠴᠠᠭ᠎ᠠ ᠶᠢ 48 ᠴᠠᠭ ᠤᠨ ᠲᠤᠲᠤᠷ᠎ᠠ ᠪᠤᠯᠭᠠᠵᠦ᠂ ᠵᠠᠷᠤᠳᠠᠯ ᠢ 5%᠎ ᠪᠠᠷ ᠪᠠᠭᠤᠷᠠᠭᠤᠯᠪᠠ᠃ ᠳᠤᠮᠳᠠᠲᠦ ᠮᠤᠩᠭᠤᠯ ᠤᠨ ᠰᠤᠶᠤᠯ ᠤᠨ ᠰᠤᠯᠢᠯᠴᠠᠭ᠎ᠠ᠂ ᠬᠢᠯᠢ ᠠᠯᠤᠰᠯᠠᠭᠰᠠᠨ ᠴᠠᠬᠢᠮ ᠬᠤᠳᠠᠯᠲᠤᠭ᠎ᠠ ᠵᠢᠴᠢ ᠳᠤᠮᠳᠠᠲᠦ ᠮᠤᠩᠭᠤᠯ ᠤᠨ ᠲᠠᠸᠠᠷ ᠤᠨ ᠳᠡᠯᠭᠡᠨ ᠪᠤᠷᠤᠯᠠᠭᠤᠯᠬᠤ ᠴᠤᠭᠯᠠᠭᠠᠨ ᠢ ᠠᠮᠵᠢᠯᠲᠠ ᠲᠠᠢ ᠡᠷᠭᠢᠯᠡᠪᠡ᠃      ︵ᠭᠤᠷᠪᠠ︶ ᠨᠢᠭᠡᠲᠦᠯᠲᠠᠢ ᠲᠦᠯᠦᠪᠵᠢᠭᠦᠯᠬᠦ ᠶᠢ ᠴᠢᠬᠤᠯᠠᠴᠢᠯᠠᠵᠦ᠂ ᠰᠠᠭᠤᠷᠢ ᠶᠢ ᠴᠢᠩᠭᠠᠳᠬᠠᠨ᠂ ᠬᠤᠳᠠ ᠬᠦᠳᠡᠭᠡ ᠶᠢᠨ ᠲᠦᠷᠢ ᠲᠦᠷᠬᠦ ᠶᠡᠬᠡᠳᠡ ᠰᠠᠶᠢᠵᠢᠷᠠᠪᠠ᠃      ︽ᠳᠠᠪᠤᠨ ᠤᠪᠤᠭ᠎ᠠ ᠶᠢ ᠴᠡᠪᠡᠷᠯᠡᠬᠦ︾᠂ ︽ᠳᠠᠪᠤᠨ ᠡᠮᠬᠢ ᠲᠢᠭᠯᠢᠮ ᠦᠬᠡᠢ ᠶᠢ ᠵᠠᠰᠠᠬᠤ︾᠂ ︽ᠵᠢᠵᠢᠭ ᠬᠠᠷ᠎ᠠ ᠭᠡᠷ︾᠎ ᠢ ᠴᠡᠭᠴᠡᠯᠡᠨ ᠵᠠᠰᠠᠬᠤ ᠪᠠ ᠤᠰᠦ ᠤᠮᠳᠠ ᠶᠢᠨ ᠠᠮᠦᠷ ᠲᠦᠪᠰᠢᠨ ᠤ ᠪᠠᠲᠤᠯᠠᠭ᠎ᠠ ᠶᠢᠨ ᠢᠨᠵᠧᠨᠧᠷᠢᠩ ᠢ ᠳᠤᠰᠬᠠᠢ ᠠᠭᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠲᠠᠢ ᠭᠡᠷ ᠢ 3774 ᠡᠷᠦᠬᠡ ᠶᠢ ᠦᠭᠡᠷᠡᠴᠢᠯᠡᠨ ᠵᠠᠰᠠᠵᠦ᠂ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠢᠯᠡᠷᠬᠡᠢ ᠰᠠᠶᠢᠵᠢᠷᠠᠪᠠ᠃ ᠬᠤᠳᠠ ᠶᠢᠨ ᠵᠠᠰᠠᠭ ᠤᠨ ᠶᠠᠪᠤᠳᠠᠯ ᠤᠨ ᠰᠠᠭᠤᠷᠢ ᠲᠦᠭᠦᠭᠡᠷᠦᠮᠵᠢ᠂ ᠰᠢᠷᠠᠮᠦ᠋ᠷᠡᠨ ᠵᠠᠮ᠂ ᠪᠢᠷᠠᠭᠤ ᠲᠤᠯᠤᠲᠤᠭᠠᠷ ᠵᠡᠭᠡᠯᠢ ᠪᠠ ᠴᠡᠴᠡᠷᠯᠢᠭ ᠤᠨ ᠨᠤᠭᠤᠭᠠᠷᠠᠭᠤᠯᠤᠯᠳᠠ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠪᠠᠲᠤᠲᠠᠢ ᠠᠭᠢᠭᠤᠯᠪᠠ᠃ ᠪᠠᠶᠢᠰᠢᠩ ᠭᠡᠷ ᠤᠨ ᠲᠤᠭᠤᠷᠢᠭ ᠢ 768 ᠢᠵᠢ ᠦᠭᠡᠷᠡᠴᠢᠯᠡᠨ ᠵᠠᠰᠠᠪᠠ᠃ ᠬᠤᠳᠠ ᠶᠢᠨ ᠬᠠᠮᠢᠶᠠᠷᠦᠯᠳᠠ ᠶᠢᠨ ᠪᠠᠶᠢᠭᠤᠯᠤᠮᠵᠢ ᠶᠢᠨ ᠵᠤᠬᠢᠮᠵᠢ ᠶᠢ ᠳᠠᠰᠤᠷᠠᠯᠳᠠ ᠦᠬᠡᠢ ᠳᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠳᠡ ᠶᠢ ᠦᠷᠭᠦᠯᠵᠢᠯᠡᠨ ᠴᠢᠩᠭᠠᠳᠬᠠᠵᠦ᠂ ᠬᠤᠪᠢ ᠪᠠᠷ ᠪᠤᠰᠬᠠᠨ ᠲᠤᠷ᠎ᠠ ᠪᠠᠷ ᠪᠠᠶᠢᠭᠤᠯᠬᠤ᠂ ᠠᠳᠠᠯ ᠠᠬᠤᠢ ᠶᠢᠨ ᠬᠠᠮᠢᠶᠠᠷᠦᠯᠳᠠ ᠶᠢ ᠪᠦᠲᠦᠮᠵᠢᠲᠠᠢ ᠲᠦᠷᠢᠮᠵᠢᠭᠦᠯᠵᠦ᠂ ᠬᠤᠳᠠ ᠶᠢᠨ ᠳᠠᠭᠠᠭᠠᠴᠠ ᠪᠠ ᠰᠠᠭᠤᠬᠤ ᠨᠦᠭᠦᠴᠡᠯ ᠢᠯᠡᠳᠳᠠ ᠳᠡᠭᠡᠭᠰᠢᠯᠡᠪᠡ᠃ ᠰᠠᠭᠤᠷᠢ ᠲᠦᠭᠦᠭᠡᠷᠦᠮᠵᠢ ᠶᠢ ᠲᠦᠬᠦᠷᠵᠢᠭᠦᠯᠵᠦ᠂ ᠳᠠᠪᠤᠨ ᠦᠩᠭᠡᠲᠦ ᠠᠭᠤᠯᠠ ᠠᠴᠠ ᠮᠤᠵᠢ ᠶᠢᠨ ᠵᠠᠮ ᠭᠦᠷᠬᠦ 304 ᠱᠤᠭᠤᠮ᠂ ᠠᠰᠠᠭᠲᠦ ᠶᠢᠨ ᠦᠵᠡᠮᠵᠢ ᠶᠢᠨ ᠤᠷᠤᠨ ᠤ ᠡᠮᠦᠨ᠎ᠡ ᠡᠭᠦᠳᠡ ᠠᠴᠠ ᠪᠠᠷᠠᠭᠤᠨ ᠡᠭᠦᠳᠡ ᠬᠦᠷᠬᠦ᠂ ᠶᠥᠩ ᠹᠧᠩ ᠠᠴᠠ ᠠᠰᠠᠭᠲᠤ ᠶᠢᠨ ᠦᠵᠡᠮᠵᠢ ᠶᠢᠨ ᠤᠷᠤᠨ ᠬᠦᠷᠬᠦ ᠵᠠᠰᠠᠮᠠᠯ ᠵᠠᠮ ᠢ ᠵᠠᠰᠠᠵᠦ ᠳᠠᠭᠤᠰᠬᠠᠨ ᠳᠡᠷᠭᠡ ᠨᠡᠪᠲᠡᠷᠡᠭᠦᠯᠵᠦ᠂ ᠪᠢᠷᠠᠭᠤ ᠠᠴᠠ ᠳ᠋ᠠᠪᠠᠨ ᠬᠦᠷᠬᠦ ᠬᠡᠰᠡᠭ ᠤᠨ ᠬᠤᠷᠲᠤᠨ ᠤ ᠵᠠᠮ ᠢ ᠦᠨᠲᠦᠰᠦᠨ ᠳᠤ ᠪᠠᠨ ᠵᠠᠰᠠᠵᠦ ᠳᠠᠭᠤᠰᠬᠠᠨ᠂ ᠮᠤᠵᠢ ᠶᠢᠨ ᠵᠠᠮ ᠤᠨ 304 ᠱᠤᠭᠤᠮ ᠤᠨ ᠤᠯᠠᠭᠠᠨᠪᠤᠲᠤᠩ ᠠᠴᠠ ᠰᠧ ᠳ᠋ᠤᠤ ᠡᠾᠧᠽᠢ ᠬᠦᠷᠬᠦ ᠵᠠᠰᠠᠮᠠᠯ ᠵᠠᠮ ᠢ ᠪᠠᠷᠢᠯᠭ᠎ᠠ ᠡᠭᠢᠯᠡᠭᠦᠯᠦᠨ᠂ ᠪᠢᠷᠠᠭᠤ ᠠᠴᠠ ᠤᠯᠠᠭᠠᠨᠪᠤᠲᠤᠩ ᠬᠦᠷᠬᠦ᠂ ᠪᠢᠷᠠᠭᠤ ᠠᠴᠠ ᠭᠦᠨᠴᠦᠭᠡᠨ ᠬᠦᠷᠬᠦ ᠬᠤᠷᠲᠤᠨ ᠤ ᠵᠠᠮ ᠪᠠ ᠮᠤᠵᠢ ᠶᠢᠨ ᠵᠠᠮ ᠤᠨ 220 ᠱᠤᠭᠤᠮ ᠤᠨ ᠬᠠᠨᠲᠤᠬᠤ ᠠᠴᠠ ᠤᠯᠠᠭᠠᠨᠪᠤᠲᠤᠩ᠂ ᠳᠠᠷᠢ ᠶᠢᠨ ᠳᠠᠪᠠᠭ᠎ᠠ ᠶᠢᠨ ᠠᠭᠤᠷᠬᠠᠢ ᠶᠢᠨ ᠲᠤᠭᠤᠷᠢᠭ ᠬᠦᠷᠬᠦ ᠵᠠᠰᠠᠮᠠᠯ ᠵᠠᠮ ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠤᠷᠤᠭᠰᠢᠲᠠᠢ ᠪᠠᠶᠢᠨ᠎ᠠ ︔ ᠵᠢᠨᠢᠩ ᠠᠴᠠ ᠲᠥᠩᠯᠢᠶᠤᠤ ᠬᠦᠷᠬᠦ ᠳᠠᠪᠬᠤᠷ ᠱᠤᠭᠤᠮ ᠤᠨ ᠴᠢᠳᠠᠮᠵᠢ ᠪᠠᠨ ᠦᠷᠭᠡᠳᠬᠡᠬᠦ ᠦᠭᠡᠷᠡᠴᠢᠯᠡᠯᠳᠡ ᠶᠢᠨ ᠲᠦᠷᠦᠯ ᠵᠦᠢᠯ ᠢ ᠯᠠᠪᠳᠠᠭᠤᠨ ᠢᠶᠠᠷ ᠬᠡᠷᠡᠭᠵᠢᠭᠦᠯᠵᠦ ᠪᠤᠢ ︔ ᠤᠯᠠᠭᠠᠨᠪᠤᠲᠤᠩ ᠵᠡᠷᠭᠡ 3 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠵᠦ ᠪᠤᠢ᠃ ᠬᠦᠴᠦᠳᠡᠯ ᠬᠤᠪᠢᠰᠬᠠᠬᠤ ᠦᠷᠳᠡᠭᠡ 3᠂ ᠲᠠᠷᠢᠶᠠᠯᠠᠩ ᠤᠨ ᠴᠠᠭᠢᠯᠭᠠᠨ ᠲᠤᠤᠷᠵᠢᠯ ᠤᠨ ᠴᠠᠭᠢᠯᠭᠠᠨ ᠤᠳᠠᠰᠦ ᠶᠢ 274.8 ᠺᠢᠯᠤᠮᠧᠳ᠋ᠷ ᠰᠢᠨ᠎ᠡ ᠪᠠᠷ ᠦᠭᠡᠷᠡᠴᠢᠯᠡᠨ ᠦᠷᠭᠡᠳᠭᠡᠨ ᠪᠠᠶᠢᠭᠤᠯᠵᠦ᠂ ᠠᠷᠠᠳ ᠢ ᠨᠡᠭᠦᠯᠭᠡᠨ ᠲᠦᠪᠭᠢᠨᠡᠭᠦᠯᠦᠭᠰᠡᠨ 4 ᠰᠢᠨ᠎ᠡ ᠲᠤᠰᠬᠤᠨ ᠳᠤ ᠴᠠᠭᠢᠯᠭᠠᠨ ᠨᠡᠪᠳᠡᠷᠡᠭᠦᠯᠬᠦ ᠢᠨᠵᠧᠨᠧᠷᠢᠩ ᠢ ᠪᠡᠶᠡᠯᠡᠭᠦᠯᠪᠡ᠃ ᠴᠢᠮᠡᠭᠡ ᠬᠤᠯᠪᠤᠭ᠎ᠠ ᠶᠢᠨ ᠰᠠᠭᠤᠷᠢ ᠦᠷᠳᠡᠭᠡ 30᠎ ᠶᠢ ᠰᠢᠨ᠎ᠡ ᠪᠠᠷ ᠪᠠᠶᠢᠭᠤᠯᠪᠠ᠃      ︵ᠲᠦᠷᠪᠡ︶ ᠠᠷᠠᠳ ᠤᠨ ᠵᠤᠪᠠᠭᠤᠷᠢ ᠶᠢ ᠠᠷᠢᠯᠭᠠᠨ᠂ ᠠᠷᠠᠳ ᠤᠨ ᠠᠮᠢᠲᠦᠷᠠᠯ ᠢ ᠬᠠᠷᠠᠭᠠᠯᠵᠠᠵᠦ᠂ ᠠᠷᠠᠳ ᠤᠨ ᠠᠮᠢᠲᠦᠷᠠᠯ ᠤᠨ ᠬᠠᠷᠠᠭᠠᠯᠵᠠᠯ ᠦᠷᠭᠦᠯᠵᠢᠯᠡᠨ ᠳᠡᠭᠡᠭᠰᠢᠯᠡᠪᠡ᠃ ᠬᠤᠳᠠ ᠪᠠᠯᠭᠠᠰᠦᠨ ᠤ ᠠᠵᠢᠯ ᠤᠯᠤᠭᠰᠠᠳ ᠲᠤ 1471 ᠬᠦᠮᠦᠨ ᠰᠢᠨ᠎ᠡ ᠪᠠᠷ ᠨᠡᠮᠡᠭᠳᠡᠵᠦ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠶᠢᠳᠡ 550 ᠨᠡᠭᠡᠭᠡᠪᠡ᠃ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠤᠯᠭᠤᠭᠰᠠᠨ ᠨᠢ 40178 ᠬᠦᠮᠦᠨ᠂ ᠶᠠᠳᠠᠭᠤ ᠬᠦᠴᠢᠷᠲᠠᠢ ᠬᠦᠳᠡᠯᠮᠦᠷᠢ ᠭᠦᠴᠦᠨ ᠢ ᠬᠠᠪᠰᠤᠷᠤᠨ ᠠᠵᠢᠯ ᠤᠯᠭᠤᠭᠰᠠᠨ ᠨᠢ 2562 ᠬᠦᠮᠦᠨ ᠪᠠᠶᠢᠵᠦ᠂ ᠠᠵᠢᠯ ᠠᠯᠳᠠᠭᠰᠠᠳ ᠳᠠᠬᠢᠨ ᠠᠵᠢᠯ ᠤᠯᠤᠭᠰᠠᠨ ᠨᠢ 281 ᠬᠦᠮᠦᠨ ᠪᠤᠢ᠃ ᠬᠤᠳᠠ ᠪᠠᠯᠭᠠᠰᠦᠨ ᠤ ᠳᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.5%᠎ ᠶᠢᠨ ᠲᠤᠲᠤᠷ᠎ᠠ ᠬᠢᠵᠠᠭᠠᠷᠯᠠᠵᠦ᠂ ︽ᠠᠵᠢᠯ ᠦᠬᠡᠢ ᠭᠡᠷ ᠪᠦᠯᠢ︾᠎ ᠶᠢ ᠬᠦᠳᠡᠯᠦᠩᠭᠦᠢ ᠪᠠᠷ ᠴᠡᠪᠡᠷᠯᠡᠬᠦ ᠶᠢ ᠪᠡᠶᠡᠯᠡᠭᠦᠯᠪᠡ᠃ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 165187 ᠬᠦᠮᠦᠨ ᠤᠳᠠᠭ᠎ᠠ ᠳᠤ ᠬᠦᠷᠪᠡ᠃ ᠠᠵᠦ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠦᠲᠠᠨ ᠤ ᠠᠰᠠᠷᠠᠮᠵᠢ ᠶᠢᠨ ᠮᠦᠩᠭᠦ ᠶᠢ ᠬᠦᠮᠦᠨ ᠪᠦᠷᠢ ᠳᠡᠭᠰᠢᠳᠬᠡᠭᠡᠳ 132.45 ᠲᠦᠭᠦᠷᠢᠭ ᠨᠡᠮᠡᠭᠳᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠦᠲᠠᠨ ᠤ ᠠᠰᠠᠷᠠᠮᠵᠢ ᠶᠢᠨ ᠮᠦᠩᠭᠦ ᠶᠢ ᠬᠦᠮᠦᠨ ᠪᠦᠷᠢ ᠰᠠᠷ᠎ᠠ ᠳᠤ 18 ᠲᠦᠭᠦᠷᠢᠭ ᠳᠡᠭᠡᠭᠰᠢᠯᠡᠭᠦᠯᠪᠡ᠃ ᠬᠤᠳᠠ ᠪᠠᠯᠭᠠᠰᠦ ᠪᠠ ᠮᠠᠯᠵᠢᠬᠤ ᠲᠠᠷᠢᠶᠠᠯᠠᠬᠤ ᠤᠷᠤᠨ ᠤ ᠬᠠᠮᠤᠭ ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠤᠰᠪᠦᠷᠢ 62 ᠲᠦᠭᠦᠷᠢᠭ ᠪᠠ 646 ᠲᠦᠭᠦᠷᠢᠭ ᠳᠡᠭᠡᠭᠰᠢᠯᠡᠭᠦᠯᠪᠡ᠃︵ᠳᠠᠪᠤ︶ ᠲᠤᠲᠠᠭᠳᠠᠯ ᠢᠶᠠᠨ ᠨᠦᠬᠦᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠨ᠂ ᠨᠡᠶᠢᠭᠡᠮ ᠤᠨ ᠠᠵᠢᠯ ᠤᠶᠢᠯᠡᠰ ᠪᠦᠬᠦ ᠲᠠᠯ᠎ᠠ ᠪᠠᠷ ᠳᠠᠪᠰᠢᠪᠠ᠃ ᠪᠥᠸᠧ ᠶᠠ ᠬᠡᠤᠭᠡᠳ ᠤᠨ ᠴᠡᠴᠡᠷᠯᠢᠭ᠂ ᠰᠢᠨ᠎ᠡ ᠰᠦᠮ᠎ᠡ ᠳᠤᠮᠳᠠᠲᠦ ᠰᠤᠷᠭᠠᠭᠤᠯᠢ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠠᠰᠠᠷ ᠤᠨ ᠲᠦᠷᠦᠯ ᠵᠦᠢᠯ ᠤᠨ ᠭᠤᠤᠯ ᠴᠤᠭᠴᠠ ᠶᠢ ᠪᠠᠷᠢᠵᠦ ᠳᠠᠭᠤᠰᠬᠠᠨ᠂ ᠪᠢᠷᠠᠭᠤ ᠦᠨᠲᠦᠰᠦᠲᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ᠂ ᠪᠢᠷᠠᠭᠤ ᠭᠤᠷᠪᠠᠲᠤᠭᠠᠷ ᠪᠠᠭ᠎ᠠ ᠰᠤᠷᠭᠠᠭᠤᠯᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠡᠭᠢᠯᠡᠨ ᠬᠡᠷᠡᠭᠵᠢᠭᠦᠯᠵᠦ᠂ ᠲᠤ ᠴᠧᠩᠽᠢ ᠵᠡᠷᠭᠡ 4 ᠰᠤᠷᠭᠠᠭᠤᠯᠢ ᠶᠢᠨ ᠬᠦᠯ ᠪᠦᠮᠪᠦᠭᠡ ᠶᠢᠨ ᠤᠷᠲᠦᠨ ᠤ ᠲᠦᠷᠦᠯ ᠵᠦᠢᠯ ᠤᠨ ᠰᠠᠭᠤᠷᠢ ᠶᠢ ᠪᠠᠷᠢᠵᠦ ᠳᠠᠭᠤᠰᠬᠠᠨ᠂ ᡁᠢ ᠿᠦᠢ ᠵᠡᠷᠭᠡ 9 ᠰᠤᠷᠭᠠᠭᠤᠯᠢ ᠶᠢᠨ ᠪᠠᠷᠢᠮᠵᠢᠶᠠᠵᠢᠭᠰᠠᠨ ᠪᠡᠶ᠎ᠡ ᠶᠢᠨ ᠳᠠᠮᠢᠷ ᠤᠨ ᠳᠠᠯᠠᠪᠤᠷ ᠢ ᠪᠠᠶᠢᠭᠤᠯᠤᠨ ᠠᠰᠢᠭᠯᠠᠯᠳᠠ ᠳᠤ ᠤᠷᠤᠵᠦ᠂ ᠠᠩᠬ᠎ᠠ ᠳᠤᠮᠳᠠᠲᠦ ᠳᠡᠭᠦᠰᠬᠦ ᠰᠢᠯᠭᠠᠯᠳᠠ ᠶᠢᠨ ᠶᠡᠷᠦᠩᠬᠡᠢ ᠬᠢᠷᠢ ᠪᠦᠲᠦᠮᠵᠢ ᠵᠠᠯᠭᠠᠪᠡᠷ ᠲᠦᠷᠪᠡᠨ ᠵᠢᠯ ᠪᠦᠬᠦ ᠬᠤᠳᠠ ᠶᠢᠨ ᠳᠡᠷᠢᠭᠦᠨ ᠳᠤ ᠤᠷᠤᠪᠠ᠃ ᠡᠷᠡᠭᠦᠯ ᠮᠡᠨᠲᠦ ᠶᠢ ᠠᠭᠢᠭᠤᠯᠬᠤ ᠬᠤᠰᠢᠭᠤ ᠶᠢᠨ ᠪᠦᠲᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠡᠭᠢᠯᠡᠭᠦᠯᠵᠦ᠂ ᠭᠤᠷᠪᠠᠨ ᠱᠠᠲᠦᠨ ᠤ ᠤᠶᠢᠯᠡᠴᠢᠯᠡᠭᠡ ᠶᠢᠨ ᠲᠤᠭᠲᠠᠯᠴᠠᠭ᠎ᠠ ᠶᠢ ᠦᠨᠲᠦᠰᠦᠨ ᠳᠤ ᠪᠠᠨ ᠪᠦᠷᠢᠯᠲᠦᠭᠦᠯᠵᠦ᠂ ᠱᠠᠲᠦ ᠬᠤᠪᠢᠶᠠᠨ ᠡᠮᠴᠢᠯᠡᠭᠡ ᠬᠢᠬᠦ ᠲᠦᠷᠢᠮ ᠪᠠ ᠡᠮ ᠡᠮᠨᠡᠯᠭᠡ ᠶᠢᠨ ᠤᠶᠢᠯᠡᠴᠢᠯᠡᠭᠡ ᠶᠢᠨ ᠠᠵᠢᠯᠯᠠᠭᠠᠨ ᠤ ᠲᠦᠯᠦᠪᠯᠡᠭᠡ ᠶᠢ ᠯᠠᠪᠳᠠᠭᠤᠨ ᠪᠠᠲᠤᠲᠠᠢ ᠠᠬᠢᠭᠤᠯᠵᠦ᠂ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠰᠠᠭᠤᠬᠤ ᠠᠰᠠᠷ ᠢ ᠦᠷᠭᠡᠳᠭᠡᠨ ᠪᠠᠶᠢᠭᠤᠯᠬᠤ ᠲᠦᠷᠦᠯ ᠵᠦᠢᠯ ᠢ ᠪᠠᠷᠢᠯᠭ᠎ᠠ ᠡᠭᠢᠯᠡᠭᠦᠯᠦᠨ ᠪᠦᠲᠦᠭᠡᠨ ᠪᠠᠶᠢᠭᠤᠯᠵᠦ᠂ ᠭᠡᠰᠢᠭᠲᠡᠨ ᠬᠤᠰᠢᠭᠤᠨ ᠤ ᠨᠦᠭᠦᠷᠯᠡᠯ ᠤᠨ ᠡᠮᠨᠡᠯᠭᠡ ᠶᠢᠨ ᠬᠤᠷᠢᠶ᠎ᠠ᠂ ᠹᠦ᠋ ᠺᠠᠩ ᠡᠮᠨᠡᠯᠭᠡ ᠶᠢᠨ ᠬᠤᠷᠢᠶ᠎ᠠ ᠠᠰᠢᠭᠯᠠᠯᠳᠠ ᠳᠤ ᠤᠷᠤᠪᠠ᠃ ᠪᠠᠷᠰ ᠬᠤᠳᠠ ᠶᠢᠨ ᠦᠯᠡᠳᠡᠭᠳᠡᠯ ᠪᠠ ᠠᠯᠳᠠᠨ ᠤᠯᠤᠰ ᠤᠨ ᠤᠳᠠᠰᠦᠨ ᠬᠡᠷᠡᠮ ᠤᠨ ᠦᠯᠡᠳᠡᠭᠳᠡᠯ ᠢ ᠬᠠᠮᠠᠭᠠᠯᠠᠬᠤ ᠢᠨᠵᠧᠨᠧᠷᠢᠩ ᠢ ᠡᠭᠢᠯᠡᠨ ᠬᠡᠷᠡᠭᠵᠢᠭᠦᠯᠵᠦ᠂ ︽ᠴᠠᠭᠠᠰᠦᠨ ᠰᠡᠶᠢᠯᠦᠮᠡᠯ ᠤᠨ ᠤᠷ᠎ᠠ ᠮᠡᠷᠭᠡᠵᠢᠯ︾᠂ ︽ᠡᠮᠡᠭᠡᠯ ᠬᠢᠬᠦ ᠤᠷ᠎ᠠ ᠮᠡᠷᠭᠡᠵᠢᠯ︾᠎ ᠨᠢ ᠬᠤᠳᠠ ᠶᠢᠨ ᠳᠡᠰ ᠤᠨ ᠤᠯᠠᠮᠵᠢᠯᠠᠭᠴᠢ ᠶᠢᠨ ᠴᠤᠯᠠ ᠬᠦᠷᠳᠡᠵᠦ᠂ ︽ᠬᠡᠰᠢᠭᠲᠡᠨ ᠬᠤᠰᠢᠭᠤᠨ ᠤ ᠤᠯᠤᠰᠦᠨ ᠲᠤᠰᠦ ᠪᠤᠯᠪᠠᠰᠦᠷᠠᠭᠤᠯᠬᠤ ᠤᠷ᠎ᠠ ᠮᠡᠷᠭᠡᠵᠢᠯ︾᠎ ᠨᠢ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠦ ᠰᠤᠶᠤᠯ ᠤᠨ ᠦᠪ ᠤᠨ ᠨᠡᠷᠡᠰ ᠲᠤ ᠵᠢᠭᠰᠠᠭᠠᠭᠳᠠᠵᠤ᠂ ᠤᠯᠠᠭᠠᠨᠮᠦ᠋ᠴᠢᠷ ᠨᠢ ᠨᠢᠭᠡᠲᠦᠭᠡᠷ ᠲᠦᠷᠦᠯ ᠤᠨ ᠬᠢᠨᠠᠨ ᠦᠨᠡᠯᠡᠯᠳᠡ ᠶᠢ ᠠᠮᠵᠢᠯᠲᠠ ᠲᠠᠢ ᠦᠩᠭᠡᠷᠡᠭᠡᠪᠡ᠃ ᠬᠤᠰᠢᠭᠤᠨ ᠤ ᠷᠠᠳᠢᠤ᠋ ᠲᠧᠯᠧᠢᠰ ᠤᠨ ᠤᠶᠢᠯᠡᠴᠢᠯᠡᠭᠡ ᠶᠢᠨ ᠲᠦᠪ ᠨᠢ ᠲᠤᠯᠤᠲᠤᠭᠠᠷ ᠬᠤᠭᠤᠴᠠᠭᠠᠨ ᠤ ᠪᠦᠬᠦ ᠤᠯᠤᠰ ᠤᠨ ᠮᠠᠯᠴᠢᠨ ᠲᠠᠷᠢᠶᠠᠴᠢᠨ ᠳᠤ ᠤᠶᠢᠯᠡᠴᠢᠯᠡᠬᠦ᠂ ᠦᠨᠲᠦᠰᠦᠨ ᠱᠠᠲᠦᠨ ᠤ ᠰᠤᠶᠤᠯ ᠤᠨ ᠪᠠᠶᠢᠭᠤᠯᠤᠯᠳᠠ ᠳᠤ ᠤᠶᠢᠯᠡᠴᠢᠯᠡᠭᠰᠡᠨ ᠳᠡᠷᠢᠭᠦᠨ ᠤ ᠬᠠᠮᠲᠦ ᠎ ᠪᠠᠷ ᠦᠨᠡᠯᠡᠭᠳᠡᠪᠡ᠃ ᠪᠦᠬᠦ ᠬᠤᠰᠢᠭᠤᠨ ᠤ ᠲᠦᠷᠪᠡᠲᠦᠭᠡᠷ ᠤᠳᠠᠭᠠᠨ ᠤ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢ ᠪᠦᠬᠦ ᠲᠠᠯ᠎ᠠ ᠪᠠᠷ ᠡᠭᠢᠯᠡᠭᠦᠯᠪᠡ᠃ ᠪᠦᠬᠦ ᠤᠷᠤᠨ ᠤ ᠦᠨᠲᠦᠰᠦᠲᠡᠨ ᠤ ᠪᠦᠯᠭᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠲᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠭᠢᠯᠡᠭᠦᠯᠵᠦ᠂ ᠪᠦᠬᠦ ᠤᠯᠤᠰ ᠤᠨ ᠮᠤᠩᠭᠤᠯ ᠬᠡᠯᠡᠨ ᠤ ᠨᠠᠶᠢᠷᠠᠭᠤᠯᠤᠯ᠂ ᠮᠡᠳᠡᠭᠡᠯᠡᠯ ᠤᠨ ᠤᠷᠠᠨ ᠵᠤᠭᠢᠶᠠᠯ ᠤᠨ ᠤᠷᠤᠯᠲᠤᠭᠠᠨ ᠤ ᠱᠠᠩᠨᠠᠯ ᠤᠯᠭᠤᠬᠤ ᠶᠤᠰᠤᠯᠠᠯ ᠢ ᠮᠠᠨ ᠤ ᠬᠤᠰᠢᠭᠤᠨ ᠳᠤ ᠠᠮᠵᠢᠯᠲᠠ ᠲᠠᠢ ᠡᠷᠭᠢᠯᠡᠵᠦ᠂ ᠦᠨᠲᠦᠰᠦᠲᠡᠨ ᠤ ᠪᠦᠯᠬᠦᠮᠳᠡᠯ ᠤᠨ ᠭᠦᠭᠵᠢᠯᠳᠡ ᠶᠢᠨ ᠠᠯᠬᠤᠴᠠ ᠶᠢ ᠨᠡᠩ ᠪᠠᠲᠦ ᠴᠢᠩᠭ᠎ᠠ ᠪᠤᠯᠭᠠᠪᠠ᠃︵ᠵᠢᠷᠭᠤᠭ᠎ᠠ︶ ᠠᠮᠦᠷ ᠲᠦᠪᠰᠢᠨ ᠢ ᠪᠠᠲᠤᠯᠠᠵᠦ᠂ ᠬᠤᠷᠢᠭ᠎ᠠ ᠱᠤᠭᠤᠮ ᠢ ᠰᠠᠭᠢᠵᠦ᠂ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠤᠭᠢᠴᠠᠯ ᠲᠤᠭᠳᠠᠭᠤᠨ ᠢ ᠪᠠᠲᠤᠯᠠᠪᠠ᠃ ︽ᠠᠶᠤᠯᠭᠦᠢ ᠤᠶᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠢᠯ︾᠎ ᠤᠨ ᠠᠵᠢᠯᠯᠠᠭᠠᠨ ᠢ ᠪᠦᠬᠦ ᠲᠠᠯ᠎ᠠ ᠪᠠᠷ ᠦᠷᠨᠢᠭᠦᠯᠵᠦ᠂ ᠠᠶᠤᠯᠭᠦᠢ ᠤᠶᠢᠯᠡᠳᠪᠦᠷᠢᠯᠡᠯ ︽1+8︾᠎ ᠶᠢᠨ ᠲᠦᠷᠢᠮ ᠢ ᠬᠦᠨᠵᠡᠭᠡᠢ ᠨᠠᠶᠢᠳᠠᠪᠤᠷᠢᠵᠢᠭᠤᠯᠵᠦ᠂ ᠳᠠᠪᠬᠤᠷ ᠤᠷᠢᠳᠴᠢᠯᠠᠨ ᠰᠡᠷᠭᠡᠶᠢᠯᠡᠬᠦ ᠴᠢᠨᠠᠷ ᠤᠨ ᠠᠵᠢᠯ ᠤᠨ ᠵᠤᠭᠢᠮᠵᠢ ᠶᠢ ᠠᠩᠬ᠎ᠠ ᠠᠯᠬᠤᠮ ᠪᠠᠶᠢᠭᠤᠯᠵᠦ᠂ ᠬᠢᠨᠠᠨ ᠬᠠᠮᠢᠶᠠᠷᠦᠯᠳᠠ ᠶᠢᠨ ᠬᠠᠤᠯᠢ ᠬᠡᠷᠡᠭᠵᠢᠬᠦᠯᠬᠦ ᠲᠤᠷᠭᠠᠭᠤᠯᠢ ᠶᠢᠨ ᠬᠦᠴᠦᠯᠡᠴᠡ ᠪᠠ ᠦᠨᠲᠦᠰᠦᠨ ᠱᠠᠲᠦᠨ ᠤ ᠰᠠᠭᠤᠷᠢ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠵᠦ᠂ ᠬᠤᠰᠢᠭᠤᠨ ᠤ ᠠᠭᠤᠷᠬᠠᠢ ᠶᠢᠨ ᠠᠪᠤᠷᠠᠯᠳᠠ ᠶᠢᠨ ᠠᠩᠭᠢ ᠦᠪᠡᠷᠲᠡᠭᠡᠨ ᠵᠠᠰᠠᠬᠤ ᠤᠷᠤᠨ ᠤ ᠬᠢᠨᠠᠨ ᠰᠢᠯᠭᠠᠯᠳᠠ ᠶᠢ ᠦᠩᠭᠡᠷᠡᠭᠡᠵᠦ᠂ ︽ᠬᠠᠤᠯᠢ ᠪᠤᠰᠦ ᠠᠵᠢᠯᠯᠠᠭ᠎ᠠ ᠳᠤ ᠴᠤᠭᠢᠯᠳᠠ ᠦᠭᠬᠦ︾ ᠵᠡᠷᠭᠡ ᠳᠤᠰᠬᠠᠢ ᠠᠵᠢᠯᠯᠠᠭᠠᠨ ᠤ ᠦᠷ᠎ᠡ ᠠᠰᠢᠭ ᠢᠯᠡᠷᠭᠡᠢ ᠪᠠᠶᠢᠵᠦ᠂ ᠪᠦᠬᠦ ᠵᠢᠯ ᠳᠤ ᠠᠶᠤᠯᠭᠦᠢ ᠤᠶᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠤ ᠪᠠᠨ ᠲᠤᠭᠲᠠᠭᠤᠨ ᠮᠦᠷᠳᠡᠭᠡᠨ ᠡᠵᠡᠮᠳᠡᠵᠦ ᠳᠡᠶᠢᠯᠵᠦ ᠪᠤᠢ᠃ ᠤᠯᠤᠰ ᠤᠨ ᠢᠳᠡᠭᠡᠨ ᠤ ᠵᠦᠢᠯ ᠤᠨ ᠠᠮᠦᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠲᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠭᠢᠯᠡᠭᠦᠯᠵᠦ᠂ ᠭᠤᠤᠯᠳᠠᠯᠭ᠎ᠠ ᠲᠠᠢ ᠠᠵᠢᠯ ᠲᠦᠷᠦᠯ ᠤᠨ ᠢᠳᠡᠭᠡᠨ ᠤ ᠵᠦᠢᠯ ᠤᠨ ᠠᠮᠦᠷ ᠲᠦᠪᠰᠢᠨ ᠢ ᠴᠡᠪᠡᠷᠯᠡᠨ ᠪᠠᠶᠢᠴᠠᠭᠠᠨ ᠴᠡᠭᠴᠡᠯᠡᠬᠦ ᠠᠵᠢᠯᠯᠠᠭᠠᠨ ᠢ ᠬᠦᠨᠵᠡᠭᠡᠢ ᠦᠷᠨᠢᠭᠦᠯᠪᠡ᠃ ︽ᠲᠤᠯᠤᠭ᠎ᠠ ᠳᠠᠪᠤ︾᠎ ᠶᠢᠨ ᠬᠠᠤᠯᠢ ᠬᠡᠷᠡᠭᠵᠢᠭᠦᠯᠬᠦ ᠳᠤᠮᠳᠠ ᠬᠤᠭᠤᠴᠠᠭᠠᠨ ᠤ ᠪᠠᠶᠢᠴᠠᠭᠠᠯᠳᠠ ᠶᠢᠨ ᠬᠢᠨᠠᠨ ᠰᠢᠯᠭᠠᠯᠳᠠ ᠶᠢ ᠠᠮᠵᠢᠯᠲᠠ ᠲᠠᠢ ᠦᠩᠭᠡᠷᠡᠭᠡᠪᠡ᠃ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠳᠤᠰᠬᠠᠢ ᠲᠡᠮᠡᠴᠡᠯ ᠤᠨ ᠦᠷ᠎ᠡ ᠪᠦᠲᠦᠭᠡᠯ ᠢᠡᠯᠷᠬᠡᠢ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ ᠲᠦᠪᠯᠡᠷᠡᠭᠦᠯᠦᠨ ᠠᠰᠠᠭᠤᠳᠠᠯ ᠢ ᠰᠢᠢᠳᠪᠦᠷᠢᠯᠡᠬᠦ ᠠᠵᠢᠯᠯᠠᠭᠠᠨ ᠨᠢ ᠱᠠᠲᠦᠴᠢ ᠴᠢᠨᠠᠷᠲᠠᠢ ᠠᠮᠵᠢᠯᠳᠠ ᠤᠯᠵᠦ᠂ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠤᠬᠢᠴᠠᠯ ᠲᠤᠭᠲᠠᠭᠤᠨ ᠢ ᠪᠠᠲᠤᠯᠠᠪᠠ᠃      ︵ᠲᠤᠯᠤᠭ᠎ᠠ︶ ᠪᠤᠭᠤᠮᠢ ᠬᠢᠵᠠᠭᠠᠷᠯᠠᠯ ᠢ ᠡᠪᠳᠡᠵᠦ᠂ ᠦᠭᠡᠷᠡᠴᠢᠯᠡᠯᠳᠡ ᠶᠢ ᠠᠬᠢᠭᠤᠯᠤᠨ᠂ ᠪᠠᠶᠢᠭᠤᠯᠤᠮᠵᠢ ᠶᠢᠨ ᠵᠤᠬᠢᠮᠵᠢ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ ᠬᠤᠳᠠᠯᠲᠤᠭ᠎ᠠ ᠡᠵᠡᠩᠨᠡᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ ᠠᠵᠢᠯ ᠢ ᠯᠠᠪᠳᠠᠭᠤᠨ ᠪᠠᠲᠤᠲᠠᠢ ᠠᠭᠢᠭᠤᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢᠨ ᠶᠡᠭᠡ ᠲᠢᠩᠬᠢᠮ ᠤᠨ ᠴᠤᠩᠬᠤ ᠶᠢ ᠨᠡᠮᠡᠭᠳᠡᠭᠦᠯᠦᠨ 117 ᠪᠤᠯᠭᠠᠵᠦ᠂ 161 ᠵᠦᠢᠯ ᠤᠨ ᠬᠦᠢᠴᠡᠳᠭᠡᠬᠦ ᠶᠠᠪᠤᠳᠠᠯ ᠢ ︽ᠨᠢᠭᠡᠯᠡ ᠤᠳᠠᠭ᠎ᠠ ᠳᠤ ᠭᠦᠢᠴᠡᠳᠬᠡᠬᠦ︾ ᠱᠠᠭᠠᠷᠳᠠᠯᠭ᠎ᠠ ᠶᠢ ᠪᠡᠶᠡᠯᠡᠭᠦᠯᠵᠦ᠂ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠳᠠ ᠶᠢᠨ ᠴᠤᠩᠬᠤ ᠨᠢ ︽ᠪᠦᠬᠦ ᠤᠯᠤᠰ ᠤᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠳᠠ ᠶᠢᠨ ᠠᠷᠠᠳ ᠲᠤ ᠲᠦᠭᠦᠮ ᠦᠵᠡᠭᠦᠯᠦᠨ ᠠᠷᠠᠳ ᠲᠤ ᠠᠰᠢᠭ ᠬᠦᠷᠳᠡᠭᠡᠬᠦ ᠵᠠᠭᠤᠨ ᠰᠤᠲᠤᠨ ᠵᠢᠱᠢᠶ᠎ᠡ ᠦᠵᠡᠭᠦᠯᠬᠦ ᠴᠤᠩᠬᠤ ︾᠎ ᠶᠢ ᠡᠭᠦᠲᠦᠨ ᠪᠠᠶᠢᠭᠤᠯᠤᠭᠰᠠᠨ ᠨᠢᠭᠡᠴᠡ ᠪᠤᠯᠵᠦ᠂ ᠪᠦᠬᠦ ᠤᠯᠤᠰ ᠤᠨ ᠦᠨᠲᠦᠰᠦᠨ ᠱᠠᠲᠦᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠪᠠᠷᠢᠮᠵᠢᠶᠠᠵᠢᠭᠰᠠᠨ ᠲᠦᠷᠢᠮᠵᠢᠭᠰᠡᠨ ᠲᠤᠷᠰᠢᠯᠳᠠ ᠶᠢᠨ ᠴᠢᠭ᠋ ᠤᠨ ᠠᠵᠢᠯ ᠨᠢ ᠤᠯᠤᠰ ᠤᠨ ᠬᠢᠨᠠᠨ ᠰᠢᠯᠭᠠᠯᠳᠠ ᠶᠢ ᠠᠮᠵᠢᠯᠲᠠ ᠲᠠᠢ ᠦᠩᠭᠡᠷᠡᠭᠡᠪᠡ᠃ ᠠᠵᠦ ᠠᠬᠤᠶᠢᠯᠠᠯ ᠤᠨ ᠳᠠᠩᠰᠠᠯᠠᠯᠳᠠ ᠶᠢᠨ ︽ᠤᠯᠠᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠨᠢᠭᠡ ᠨᠤᠮᠧᠷ ᠲᠠᠢ ᠪᠠᠶᠢᠬᠤ︾ ᠪᠠ ︽ᠤᠷᠢᠳᠠᠪᠡᠷ ᠡᠵᠡᠩᠨᠡᠯᠳᠡ ᠶᠢᠨ ᠦᠨᠡᠮᠯᠡᠯ ᠠᠪᠴᠦ ᠳᠠᠷᠠᠭ᠎ᠠ ᠨᠢ ᠵᠦᠪᠰᠢᠶᠡᠷᠡᠯ ᠤᠨ ᠦᠨᠡᠮᠯᠡᠯ ᠠᠪᠬᠤ︾ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠦ᠂ ᠵᠠᠬ᠎ᠠ ᠳᠡᠯᠭᠡᠭᠦᠷ ᠤᠨ ᠭᠤᠤᠯ ᠴᠤᠭᠴᠠ ᠳᠤ ᠨᠡᠶᠢᠳᠡ 2358 ᠡᠷᠦᠬᠡ ᠰᠢᠨ᠎ᠡ ᠪᠠᠷ ᠨᠡᠮᠡᠭᠳᠡᠪᠡ᠃ ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠯᠠᠪᠳᠠᠭᠤᠨ ᠪᠠᠲᠤᠲᠠᠢ ᠠᠭᠢᠭᠤᠯᠵᠦ᠂ ᠤᠯᠤᠰ ᠤᠨ ᠦᠮᠴᠢᠯᠡᠯᠲᠦ ᠤᠢ ᠰᠢᠭᠤᠢ ᠶᠢᠨ ᠳᠠᠯᠠᠪᠠᠢ ᠪᠠ ᠤᠯᠤᠰ ᠤᠨ ᠭᠠᠶᠢᠯᠢ ᠤᠷᠤᠨ ᠨᠤᠲᠤᠭ ᠤᠨ ᠭᠠᠶᠢᠯᠢ ᠶᠢ ᠳᠠᠳᠠᠪᠤᠷᠢᠯᠠᠨ ᠬᠠᠮᠢᠶᠠᠷᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠮᠵᠢᠯᠲᠠ ᠲᠠᠢ ᠪᠡᠶᠡᠯᠡᠭᠦᠯᠪᠡ᠃ ᠰᠢᠨ᠎ᠡ ᠨᠢᠭᠡ ᠡᠭᠡᠯᠵᠢ ᠶᠢᠨ ᠵᠠᠰᠠᠭ ᠤᠨ ᠤᠷᠲᠦᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠡᠭᠢᠯᠡᠭᠦᠯᠪᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠬᠦᠴᠦᠲᠠᠢ ᠠᠭᠢᠭᠤᠯᠵᠦ᠂ ︽ᠡᠪᠦᠯ ᠤᠨ ᠤᠯᠠᠷᠢᠯ ᠤᠨ ᠠᠵᠢᠯᠯᠠᠭᠠᠨ︾᠎ ᠢ ᠭᠦᠨᠵᠡᠭᠡᠢ ᠦᠷᠨᠢᠭᠦᠯᠵᠦ᠂ ᠡᠯ᠎ᠡ ᠲᠦᠷᠦᠯ ᠤᠨ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯᠯᠠᠭᠠᠨ ᠳᠤ ᠢᠳᠡᠪᠭᠢᠲᠠᠢ ᠤᠷᠤᠯᠴᠠᠵᠦ᠂ ᠠᠷᠠᠯᠵᠢᠶᠠᠴᠢᠨ ᠤᠷᠢᠬᠤ ᠳᠠᠨᠢᠯᠴᠠᠭᠤᠯᠭ᠎ᠠ ᠵᠢᠴᠢ ᠪᠡᠭᠡᠵᠢᠩ · ᠬᠡᠰᠢᠭᠲᠡᠨ ᠤ ᠬᠤᠳᠠᠯᠲᠤᠭᠠᠴᠢᠳ ᠤᠨ ᠡᠪᠯᠡᠯ ᠪᠠᠶᠢᠭᠤᠯᠤᠭᠳᠠᠬᠤ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ᠪᠦᠬᠦ ᠵᠢᠯ ᠳᠤ ᠭᠡᠷ᠎ᠡ ᠲᠤᠭᠲᠠᠬᠤ ᠪᠠᠷ ᠳᠠᠮᠵᠢᠨ 35 ᠳ᠋ᠥᠩᠰᠢᠭᠤᠷ ᠲᠦᠭᠦᠷᠢᠭ ᠤᠨ ᠪᠡᠯᠡ ᠮᠦᠩᠭᠦ ᠶᠢ ᠤᠷᠤᠭᠤᠯᠵᠦ ᠠᠪᠴᠢᠷᠠᠪᠠ᠃      ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ ᠪᠢᠳᠡ ᠬᠠᠷᠠᠯᠳᠠ ᠡᠭᠦᠷᠭᠡ ᠶᠢᠨ ᠲᠤᠭᠤᠷᠢᠨ ᠳᠤ ᠴᠠᠭ ᠦᠶ᠎ᠡ ᠲᠠᠢ ᠵᠡᠷᠭᠡᠴᠡᠨ ᠤᠷᠤᠭᠰᠢᠯᠠᠬᠤ᠂ ᠬᠠᠤᠯᠢ ᠶᠤᠰᠤᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠠᠷᠠᠳ ᠤᠨ ᠲᠦᠯᠦᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ᠂ ᠨᠡᠶᠢᠳᠡ ᠶᠢᠨ ᠲᠦᠯᠦᠭᠡ ᠬᠠᠤᠯᠢ ᠰᠠᠬᠢᠬᠤ ᠶᠢ ᠪᠠᠷᠢᠮᠲᠠᠯᠠᠵᠦ ᠂ ᠰᠤᠷᠤᠯᠴᠠᠯᠭ᠎ᠠ ᠶᠢᠨ ᠵᠠᠰᠠᠭ ᠤᠨ ᠤᠷᠲᠦᠨ᠂ ᠬᠠᠤᠯᠢ ᠪᠠᠷ ᠵᠠᠰᠠᠬᠤ ᠵᠠᠰᠠᠭ ᠤᠨ ᠤᠷᠲᠦᠨ᠂ ᠤᠶᠢᠯᠡᠴᠢᠯᠡᠭᠡ ᠶᠢᠨ ᠵᠠᠰᠠᠭ ᠤᠨ ᠤᠷᠲᠦᠨ᠂ ᠠᠷᠢᠭᠤᠨ ᠴᠢᠭᠡᠴᠢ ᠵᠠᠰᠠᠭ ᠤᠨ ᠤᠷᠲᠦᠨ ᠢ ᠴᠢᠷᠮᠡᠶᠢᠨ ᠪᠠᠶᠢᠭᠤᠯᠵᠦ᠂ ᠡᠯ᠎ᠡ ᠲᠦᠷᠦᠯ ᠤᠨ ᠦᠭᠡᠷᠡᠴᠢᠯᠡᠯᠳᠡ ᠭᠦᠭᠵᠢᠯᠳᠡ ᠶᠢᠨ ᠠᠵᠢᠯ ᠢ ᠪᠦᠲᠦᠮᠵᠢᠲᠠᠢ ᠨᠠᠶᠢᠳᠠᠪᠤᠷᠢᠵᠢᠭᠤᠯᠬᠤ ᠶᠢ ᠪᠠᠲᠤᠯᠠᠪᠠ᠃ ᠦᠨᠲᠦᠷ ᠶᠠᠰᠦ ᠴᠢᠨᠠᠷ ᠪᠦᠬᠦᠢ ᠭᠦᠭᠵᠢᠯᠳᠡ ᠶᠢᠨ ᠲᠤᠭᠤᠷᠢᠨ ᠳᠤ ᠪᠢᠳᠡ ᠰᠢᠨᠵᠢᠯᠡᠬᠦ ᠤᠬᠠᠭᠠᠨᠴᠢ ᠬᠠᠤᠯᠢ ᠶᠤᠰᠤᠨ ᠤ ᠠᠷᠠᠳᠴᠢᠯᠠᠭᠰᠠᠨ ᠰᠢᠢᠳᠪᠦᠷᠢᠲᠦ ᠪᠤᠲᠤᠯᠭ᠎ᠠ ᠶᠢ ᠪᠠᠷᠢᠮᠲᠠᠯᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠪᠠ ᠠᠵᠢᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠪᠠ ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ ᠪᠦᠬᠦ ᠲᠠᠯ᠎ᠠ ᠪᠠᠷ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠰᠢᠭᠦᠮᠵᠢᠯᠡᠯ᠂ ᠰᠠᠨᠠᠯ ᠢ ᠨᠡᠶᠢᠳᠡ 84 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠵᠦᠪᠯᠡᠯᠭᠡ ᠶᠢ ᠨᠡᠶᠢᠳᠡ 31 ᠬᠤᠪᠢ ᠭᠦᠢᠴᠡᠳᠬᠡᠵᠦ᠂ ᠭᠦᠢᠴᠡᠳᠬᠡᠨ ᠬᠠᠷᠢᠭᠤᠯᠳᠠ ᠦᠭᠭᠦᠭᠰᠡᠨ ᠨᠤᠷᠮ᠎ᠠ 100%᠎ ᠳᠤ ᠬᠦᠷᠪᠡ᠃ ᠳᠡᠭᠡᠲᠦ ᠱᠠᠲᠦᠨ ᠤ ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠵᠠᠰᠠᠬᠤ ᠱᠠᠭᠠᠷᠳᠠᠯᠭ᠎ᠠ ᠶᠢᠨ ᠲᠤᠭᠤᠷᠢᠨ ᠳᠤ᠂ ᠪᠢᠳᠡ ᠲᠦᠪ ᠤᠨ ᠨᠠᠢᠮᠠᠨ ᠲᠤᠭᠲᠠᠭᠠᠯ ᠤᠨ ᠵᠤᠷᠢᠭ ᠰᠠᠨᠠᠭ᠎ᠠ ᠪᠠ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ ᠶᠢᠨ ᠲᠦᠭᠦᠷ ᠲᠤᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠤᠷᠲᠦᠨ ᠤ ᠰᠢᠰᠲ᠋ᠧᠮ ᠤᠨ ᠬᠡᠪ ᠰᠤᠷᠳᠠᠯ ᠦᠷᠭᠦᠯᠵᠢᠯᠡᠨ ᠰᠠᠶᠢᠨ ᠡᠷᠭᠢᠯᠳᠡ ᠲᠠᠢ ᠪᠠᠶᠢᠵᠦ᠂ ᠴᠢᠨᠡᠭᠡᠯᠢᠭ ᠭᠡᠰᠢᠭᠲᠡᠨ ᠬᠤᠰᠢᠭᠤ ᠶᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠳᠠ ᠶᠢ ᠤᠯᠬᠤ ᠢᠳᠡᠭᠡᠯ ᠨᠡᠩ ᠳᠡᠭᠦᠯᠳᠡᠷ᠂ ᠵᠤᠷᠢᠭ ᠨᠡᠩ ᠴᠢᠩᠭ᠎ᠠ᠂ ᠰᠠᠭᠤᠷᠢ ᠨᠡᠩ ᠪᠠᠲᠦ ᠪᠤᠯᠪᠠ᠃      ᠲᠦᠯᠦᠭᠡᠯᠡᠭᠴᠢᠳ ᠡ᠂ ᠬᠦᠴᠦᠨ ᠪᠠᠨ ᠲᠦᠪᠯᠡᠷᠡᠭᠦᠯᠦᠨ ᠪᠤᠭᠤᠮᠳᠠ ᠰᠢᠪᠲᠤᠯᠵᠦ᠂ ᠦᠭᠡᠷᠡᠴᠢᠯᠡᠯᠳᠡ ᠭᠦᠭᠵᠢᠯᠳᠡ ᠶᠢᠨ ᠢᠷᠠᠭᠤ ᠬᠠᠭᠤᠳᠠᠰᠦ ᠶᠢ ᠦᠷᠭᠦᠯᠵᠢᠯᠡᠨ ᠪᠢᠴᠢᠭᠯᠡᠨᠡᠮ᠃ ᠦᠩᠭᠡᠷᠡᠭᠰᠡᠨ ᠨᠢᠭᠡ ᠵᠢᠯ ᠤᠨ ᠤᠯᠤᠭᠰᠠᠨ ᠠᠮᠵᠢᠯᠳᠠ ᠪᠤᠯ ᠳᠡᠭᠡᠲᠦ ᠱᠠᠲᠦᠨ ᠤ ᠨᠠᠮ ᠤᠨ ᠬᠤᠷᠢᠶ᠎ᠠ ᠵᠠᠰᠠᠭ ᠤᠨ ᠤᠷᠲᠦᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠦ ᠴᠢᠩᠭ᠎ᠠ ᠤᠲᠤᠷᠢᠲᠤᠯᠭ᠎ᠠ ᠲᠤᠤᠷ᠎ᠠ᠂ ᠪᠦᠬᠦ ᠲᠠᠯ᠎ᠠ ᠶᠢ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠲᠤᠯᠭ᠎ᠠ ᠭᠠᠷᠭᠠᠭᠰᠠᠨ ᠤ ᠦᠷ᠎ᠡ ᠳ᠋ᠥᠩ ᠪᠤᠯᠤᠨ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ ᠴᠢᠩᠭᠠᠳᠬᠠᠨ᠂ ᠰᠠᠨᠠᠯ ᠲᠤᠷᠠᠲᠤᠯᠭ᠎ᠠ ᠠᠷᠭ᠎ᠠ ᠪᠤᠲᠤᠯᠭ᠎ᠠ ᠭᠠᠷᠭᠠᠵᠦ᠂ ᠬᠦᠴᠦᠲᠠᠢ ᠳᠡᠮᠵᠢᠭᠰᠡᠨ ᠤ ᠦᠷ᠎ᠡ ᠳ᠋ᠥᠩ ᠪᠤᠯᠤᠨ᠎ᠠ᠂ ᠪᠦᠬᠦ ᠬᠤᠰᠢᠭᠤᠨ ᠤ ᠡᠯ᠎ᠡ ᠦᠨᠲᠦᠰᠦᠲᠡᠨ ᠤ ᠺᠠᠳ᠋ᠷ ᠤᠯᠠᠨ ᠲᠦᠮᠡᠨ ᠤ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠪᠡᠷᠭᠡ ᠶᠢ ᠢᠯᠠᠨ ᠳᠠᠪᠠᠵᠦ᠂ ᠪᠦᠯᠭᠦᠮᠳᠡᠨ ᠲᠡᠮᠡᠴᠡᠭᠰᠡᠨ ᠤ ᠦᠷ᠎ᠡ ᠳ᠋ᠥᠩ ᠪᠤᠯᠤᠨ᠎ᠠ᠃ ᠡᠭᠦᠨ ᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠲᠦᠨ ᠢ ᠲᠦᠯᠦᠭᠡᠯᠡᠨ ᠪᠦᠬᠦ ᠬᠤᠰᠢᠭᠤᠨ ᠤ ᠡᠯ᠎ᠡ ᠦᠨᠲᠦᠰᠦᠲᠡᠨ ᠤ ᠺᠠᠳ᠋ᠷ ᠤᠯᠠᠨ ᠲᠦᠮᠡᠨ᠂ ᠬᠡᠰᠢᠭᠲᠡᠨ ᠬᠤᠰᠢᠭᠤᠨ ᠤ ᠦᠭᠡᠷᠡᠴᠢᠯᠡᠯᠳᠡ᠂ ᠭᠦᠭᠵᠢᠯᠳᠡ᠂ ᠪᠦᠲᠦᠭᠡᠨ ᠪᠠᠶᠢᠭᠤᠯᠤᠯᠳᠠ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠡᠳᠡᠭᠡᠳ ᠤᠨ ᠬᠦᠮᠦᠰ ᠲᠤ ᠡᠷᠬᠢᠮ ᠳᠡᠭᠡᠲᠦ ᠬᠦᠨᠲᠦᠳᠬᠡᠯ ᠪᠤᠯᠤᠨ ᠴᠢᠩ ᠰᠡᠳᠭᠢᠯ ᠤᠨ ᠳᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠳᠠᠯᠠᠬᠤ ᠶᠢᠨ ᠬᠠᠮᠲᠦ ᠪᠢᠳᠡ ᠭᠦᠭᠵᠢᠯᠳᠡ ᠶᠢᠨ ᠳᠤᠮᠳᠠ ᠮᠦᠨᠬᠦ ᠤᠷᠤᠰᠢᠵᠦ ᠪᠠᠶᠢᠭ᠎ᠠ ᠵᠠᠷᠢᠮ ᠲᠤᠲᠠᠭᠳᠠᠯ ᠪᠠ ᠵᠦᠷᠢᠶ᠎ᠡ ᠶᠢ ᠰᠡᠷᠭᠡᠭ ᠢᠶᠠᠷ ᠲᠠᠨᠢᠵᠦ ᠤᠯᠬᠤ ᠬᠡᠷᠡᠭᠲᠡᠢ᠄ ᠠᠵᠦ ᠠᠬᠤᠢ ᠶᠢᠨ ᠶᠡᠷᠦᠩᠬᠡᠢ ᠬᠡᠮᠵᠢᠶ᠎ᠡ ᠳᠡᠮᠡᠢ ᠶᠡᠭᠡ ᠪᠢᠰᠢ᠂ ᠠᠵᠦ ᠤᠶᠢᠯᠡᠰ ᠤᠨ ᠪᠦᠲᠦᠴᠡ ᠰᠢᠯᠢᠳᠡᠭᠵᠢᠭᠡᠲᠦᠢ᠂ ᠭᠦᠭᠵᠢᠯᠳᠡ ᠶᠢᠨ ᠵᠠᠯᠭᠠᠮᠵᠢ ᠬᠦᠴᠦ ᠬᠦᠷᠦᠯᠴᠡᠬᠦ ᠦᠬᠡᠢ ᠵᠡᠷᠭᠡ ᠬᠤᠰᠢᠭᠤᠨ ᠤ ᠪᠠᠶᠢᠳᠠᠯ ᠢ ᠦᠨᠲᠦᠰᠦᠨ ᠠᠴᠠ ᠨᠢ ᠬᠤᠪᠢᠷᠠᠭᠤᠯᠵᠦ ᠳᠡᠶᠢᠯᠦᠭᠡᠲᠦᠢ ᠂ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠡᠭᠦᠷᠭᠡ ᠬᠦᠨᠲᠦ ᠵᠠᠮ ᠬᠤᠯᠠ ᠪᠠᠶᠢᠭᠰᠠᠭᠠᠷ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠡᠲᠦᠷ ᠢᠷᠡᠬᠦ ᠲᠤᠲᠤᠮ ᠰᠢᠷᠦᠭᠦᠰᠪᠡ᠃ ᠤᠯᠠᠮᠵᠢᠯᠠᠯᠲᠦ ᠭᠠᠶᠢᠯᠢ ᠶᠢᠨ ᠢᠷᠡᠯᠳᠡ ᠬᠦᠷᠦᠯᠴᠡᠬᠦ ᠦᠬᠡᠢ᠂ ᠰᠢᠨ᠎ᠡ ᠭᠠᠶᠢᠯᠢ ᠶᠢᠨ ᠢᠷᠡᠯᠳᠡ ᠠᠴᠠ ᠬᠠᠷᠠᠬᠠᠨ ᠦᠷ᠎ᠡ ᠠᠰᠢᠭ ᠭᠠᠷᠤᠭᠠᠲᠤᠢ ᠮᠦᠷᠳᠡᠭᠡᠨ ᠠᠷᠠᠳ ᠤᠨ ᠠᠮᠢᠲᠦᠷᠠᠯ ᠤᠨ ᠪᠠᠲᠤᠯᠠᠭ᠎ᠠ ᠶᠢᠨ ᠴᠢᠨᠠᠷᠲᠠᠢ ᠵᠠᠶᠢᠯᠠᠰᠢ ᠦᠬᠡᠢ ᠵᠠᠷᠤᠯᠭ᠎ᠠ ᠢᠯᠡᠷᠬᠡᠢ ᠨᠡᠮᠡᠭᠳᠡᠭᠰᠡᠨ ᠠᠴᠠ ᠵᠠᠰᠠᠭ ᠤᠨ ᠤᠷᠲᠦᠨ ᠤ ᠦᠷᠢ ᠦᠭᠴᠡᠭᠡ ᠶᠢ ᠨᠠᠮᠳᠠᠭᠠᠬᠤ ᠡᠭᠦᠷᠭᠡ ᠲᠦᠢᠯ ᠤᠨ ᠬᠠᠳᠠᠭᠤ ᠪᠡᠷᠬᠡ᠂ ᠳᠠᠷᠤᠭᠠᠰᠦ ᠮᠠᠰᠢ ᠶᠡᠭᠡ ᠪᠠᠶᠢᠭᠰᠠᠭᠠᠷ᠃ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠲᠠᠯ᠎ᠠ ᠪᠠᠷ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠳᠡᠤᠬᠡ ᠶᠢᠨ ᠦᠯᠡᠳᠡᠭᠳᠡᠯ ᠠᠰᠠᠭᠤᠳᠠᠯ ᠨᠡᠯᠢᠶᠡᠳ ᠤᠯᠠᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠤᠯᠤᠰ ᠤᠨ ᠨᠡᠶᠢᠳᠡ ᠶᠢᠨ ᠠᠰᠠᠷᠠᠮᠵᠢ ᠶᠢᠨ ᠤᠢ᠂ ᠠᠮᠢ ᠠᠬᠤᠢ ᠶᠢᠨ ᠤᠯᠠᠭᠠᠨ ᠱᠤᠭᠤᠮ᠂ ᠠᠵᠦ ᠤᠶᠢᠯᠡᠰ ᠢ ᠵᠦᠪᠰᠢᠶᠡᠷᠡᠨ ᠤᠷᠤᠭᠤᠯᠬᠤ ᠨᠠᠵᠠᠭᠠᠢ ᠲᠠᠯ᠎ᠠ ᠶᠢᠨ ᠨᠠᠷᠢᠨ ᠬᠠᠭᠤᠳᠠᠰᠦ ᠵᠡᠷᠭᠡ ᠲᠦᠷᠦ ᠶᠢᠨ ᠪᠤᠲᠤᠯᠭ᠎ᠠ ᠶᠢᠨ ᠬᠢᠵᠠᠭᠠᠷᠯᠠᠯ ᠴᠢᠩᠭᠠᠷᠠᠵᠦ᠂ ᠨᠡᠭᠡᠭᠡᠨ ᠬᠦᠭᠵᠢᠭᠦᠯᠬᠦ ᠪᠤᠯᠤᠨ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠡᠶᠡᠯᠡᠭᠦᠯᠬᠦ ᠳᠤ ᠰᠢᠪᠲᠤᠯᠤᠯᠳᠠ ᠭᠠᠷᠭᠠᠬᠤ ᠴᠢᠬᠤᠯᠠᠲᠠᠢ᠃ ᠰᠤᠷᠭᠠᠨ ᠬᠦᠮᠦᠵᠢᠯ᠂ ᠡᠮ ᠡᠮᠨᠡᠯᠭᠡ ᠂ ᠨᠠᠰᠦᠵᠢᠯ᠂ ᠰᠤᠶᠤᠯ ᠵᠡᠷᠭᠡ ᠤᠯᠠᠨ ᠨᠡᠶᠢᠳᠡ ᠶᠢᠨ ᠤᠶᠢᠯᠡᠴᠢᠯᠡᠭᠡ ᠶᠢᠨ ᠬᠠᠩᠭᠠᠯᠭ᠎ᠠ ᠬᠦᠷᠦᠯᠴᠡᠬᠦ ᠦᠬᠡᠢ᠂ ᠮᠠᠯᠵᠢᠬᠤ ᠲᠠᠷᠢᠶᠠᠯᠠᠬᠤ ᠤᠷᠤᠨ ᠤ ᠵᠠᠮ ᠬᠠᠷᠢᠯᠴᠠᠭ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠢᠳᠪᠦᠷᠢᠯᠡᠬᠦ ᠵᠡᠷᠭᠡ ᠰᠠᠭᠤᠷᠢ ᠲᠦᠭᠦᠭᠡᠷᠦᠮᠵᠢ ᠶᠢᠨ ᠲᠤᠳᠠᠭᠳᠠᠯ ᠢ ᠬᠠᠷᠠᠬᠠᠨ ᠨᠦᠬᠦᠪᠦᠷᠢᠯᠡᠵᠦ ᠳᠡᠶᠢᠯᠦᠭᠡᠲᠦᠢ᠂ ᠠᠷᠠᠳ ᠤᠨ ᠠᠮᠢᠲᠦᠷᠠᠯ ᠤᠨ ᠪᠠᠲᠤᠯᠠᠭ᠎ᠠ ᠶᠢ ᠴᠢᠩᠭᠠᠳᠬᠠᠬᠤ ᠴᠢᠬᠤᠯᠠᠲᠠᠢ ᠪᠠᠶᠢᠵᠦ᠂ ᠠᠷᠠᠳ ᠤᠨ ᠬᠠᠷᠠᠭᠠᠯᠵᠠᠯ ᠢ ᠮᠦᠨᠬᠦ ᠨᠡᠮᠡᠭᠳᠡᠭᠦᠯᠬᠦ ᠴᠢᠬᠤᠯᠠᠲᠠᠢ᠃ ᠵᠠᠰᠠᠭ ᠤᠨ ᠤᠷᠲᠦᠨ ᠤ ᠴᠢᠳᠠᠪᠬᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠪᠠ ᠺᠠᠳ᠋ᠷᠴᠤᠳ ᠤᠨ ᠬᠠᠷᠢᠭᠤᠴᠠᠯᠭ᠎ᠠ ᠡᠭᠦᠷᠬᠡᠯᠡᠬᠦ ᠵᠤᠷᠢᠭ ᠰᠠᠨᠠᠭ᠎ᠠ᠂ ᠠᠵᠢᠯ ᠤᠨ ᠬᠡᠪ ᠰᠤᠷᠳᠠᠯ ᠢ ᠮᠦᠨᠬᠦ ᠨᠡᠯᠢᠶᠡᠳ ᠶᠡᠭᠡ ᠳᠡᠭᠡᠭᠰᠢᠯᠡᠭᠦᠯᠬᠦ ᠴᠢᠬᠤᠯᠠᠲᠠᠢ ᠪᠠᠶᠢᠵᠦ᠂ ᠺᠠᠳ᠋ᠷ ᠤᠨ ᠡᠩᠨᠡᠭᠡ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ᠂ ᠭᠦᠭᠵᠢᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ ᠡᠭᠦᠷᠭᠡ ᠪᠠᠴᠢᠮ ᠲᠤᠯᠭᠠᠮ᠎ᠠ ᠪᠠᠶᠢᠵᠦ᠂ ᠡᠯ᠎ᠡ ᠲᠦᠷᠦᠯ ᠤᠨ ᠤᠯᠠᠨ ᠲᠦᠮᠡᠨᠴᠢ ᠤᠯᠠᠨ ᠡᠰᠢᠲᠦ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ᠂ ᠨᠡᠶᠢᠭᠡᠮ ᠤᠨ ᠭᠦᠭᠵᠢᠯᠳᠡ ᠶᠢᠨ ᠶᠡᠭᠡ ᠪᠠᠶᠢᠳᠠᠯ ᠤᠨ ᠲᠤᠭᠲᠠᠭᠤᠨ ᠢ ᠬᠠᠮᠠᠭᠠᠯᠠᠬᠤ ᠳᠠᠷᠤᠭᠠᠰᠦ ᠮᠠᠰᠢ ᠳᠤᠪᠤᠶᠢᠮ᠎ᠠ ᠪᠠᠶᠢᠨ᠎ᠠ᠃ ᠡᠭᠦᠨ ᠳᠤ ᠪᠢᠳᠡ ᠡᠷᠭᠡᠪᠰᠢ ᠬᠠᠷᠠᠯᠳᠠ ᠪᠠᠷ ᠤᠲᠤᠷᠢᠲᠤᠮᠵᠢ ᠪᠤᠯᠭᠠᠬᠤ ᠪᠠ ᠠᠰᠠᠭᠤᠳᠠᠯ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠵᠦ᠂ ᠬᠠᠷᠢᠴᠠᠭᠤᠯᠤᠨ ᠬᠠᠷᠭᠤᠭᠤᠯᠵᠦ ᠬᠠᠨᠲᠤᠯᠭ᠎ᠠ ᠲᠠᠢ ᠎ ᠪᠠᠷ ᠬᠦᠴᠦᠯᠡᠨ ᠴᠢᠷᠮᠡᠶᠢᠵᠦ᠂ ᠲᠦᠪᠯᠡᠷᠡᠭᠦᠯᠦᠨ ᠪᠤᠭᠤᠮᠳᠠ ᠰᠢᠪᠲᠤᠯᠵᠦ ᠠᠰᠠᠭᠤᠳᠠᠯ ᠤᠳ ᠢ ᠰᠢᠢᠳᠪᠦᠷᠢᠯᠡᠬᠦ ᠪᠤᠯᠤᠨ᠎ᠠ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号