ᠬᠤᠶᠠᠷ᠂ 2019 ᠤᠨ ᠤ ᠭᠤᠤᠯ ᠪᠤᠯᠬᠤ ᠠᠵᠢᠯ | ᠡᠨᠡ ᠵᠢᠯ ᠪᠤᠯ ᠪᠦᠭᠦᠳᠡ ᠨᠠᠶᠢᠷᠠᠮᠳᠠᠬᠤ ᠳᠤᠮᠳᠠᠲᠦ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ | ᠪᠠᠶᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠳᠠ ᠶᠢ ᠤᠯᠬᠤ | ᠵᠠᠩᠭᠢᠯᠠᠭ᠎ᠠ ᠶᠢᠨ ᠵᠢᠯ ᠪᠤᠯᠤᠨ᠎ᠠ᠃ ᠵᠠᠰᠠᠭ ᠤᠨ ᠤᠷᠲᠦᠨ ᠤ ᠠᠵᠢᠯ ᠢ ᠰᠠᠶᠢᠨ ᠬᠢᠬᠦ ᠳᠤ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠲᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠲᠤᠯᠭ᠎ᠠ ᠪᠤᠯᠭᠠᠵᠦ᠂ ᠤᠯᠠᠭᠠᠨᠬᠠᠳᠠ ᠬᠤᠳᠠ ᠶᠢᠨ ︽ᠠᠵᠦ ᠠᠬᠤᠢ ᠶᠢᠨ᠂ ᠬᠦᠮᠦᠨ ᠰᠤᠶᠤᠯ ᠤᠨ᠂ | ᠪᠤᠬᠢᠷᠲᠦᠯ ᠦᠬᠡᠢ᠂ ᠨᠡᠭᠡᠭᠡᠯᠳᠡ ᠲᠠᠢ᠂ ᠡᠶ᠎ᠡ ᠵᠤᠬᠢᠴᠠᠯᠲᠠᠢ︾ ᠳᠠᠪᠤ ᠳᠠᠯ᠎ᠠ ᠶᠢᠨ ᠳᠤᠮᠤ ᠬᠤᠳᠠ ᠶᠢᠨ ᠪᠦᠲᠦᠭᠡᠨ | ᠪᠠᠶᠢᠭᠤᠯᠤᠯᠳᠠ ᠶᠢᠨ ᠬᠠᠷᠠᠯᠳᠠ ᠶᠢᠨ ᠲᠤᠭᠤᠷᠢᠨ ᠳᠤ ᠴᠢᠩᠭ᠎ᠠ ᠨᠢᠭᠲᠠᠷᠠᠵᠤ᠂ ᠬᠠᠩᠭᠠᠯᠭ᠎ᠠ ᠶᠢᠨ ᠳᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠤᠯ ᠱᠤᠭᠤᠮ ᠪᠤᠯᠭᠠᠵᠦ᠂ ᠦᠨᠲᠦᠷ ᠶᠠᠰᠦ ᠴᠢᠨᠠᠷ ᠪᠦᠬᠦᠢ | ᠭᠦᠭᠵᠢᠯᠳᠡ ᠪᠠᠷ ᠦᠨᠲᠦᠰᠦ ᠪᠤᠯᠭᠠᠨ᠂ ᠤᠲᠤᠭᠢᠴᠢᠯᠠᠭᠰᠠᠨ ᠠᠵᠦ ᠠᠬᠤᠢ ᠶᠢᠨ ᠲᠤᠭᠲᠠᠯᠴᠠᠭ᠎ᠠ ᠶᠢ ᠪᠦᠲᠦᠭᠡᠨ | ᠪᠠᠶᠢᠭᠤᠯᠬᠤ ᠪᠠᠷ ᠠᠳᠬᠤᠬᠤ ᠵᠦᠢᠯ ᠪᠤᠯᠭᠠᠵᠦ᠂ ᠲᠤᠭᠲᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠳᠡ ᠶᠢ ᠠᠬᠢᠭᠤᠯᠬᠤ | ᠂ ᠪᠦᠲᠦᠴᠡ ᠶᠢ ᠲᠤᠭᠢᠷᠠᠭᠤᠯᠬᠤ᠂ ᠠᠷᠠᠳ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠲᠦᠯᠲᠠᠢ | ᠠᠬᠢᠭᠤᠯᠵᠦ᠂ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠨ ᠢ ᠦᠷᠭᠦᠯᠵᠢᠯᠡᠨ ᠰᠠᠶᠢᠲᠦᠷ ᠬᠢᠵᠦ᠂ ᠠᠷᠠᠳ | ᠤᠯᠠᠨ ᠤ ᠬᠦᠷᠲᠡᠭᠡᠮᠵᠢᠲᠦ ᠰᠡᠳᠭᠢᠯᠭᠡ᠂ ᠵᠤᠯ ᠵᠢᠷᠭᠠᠯᠲᠦ ᠰᠡᠳᠬᠢᠯᠭᠡ᠂ ᠠᠮᠦᠷ ᠲᠦᠪᠰᠢᠨ ᠰᠡᠳᠭᠢᠯᠭᠡ ᠶᠢ ᠦᠨᠡᠩᠬᠦ | ᠨᠡᠮᠡᠭᠳᠡᠭᠦᠯᠵᠦ᠂ ᠠᠵᠦ ᠠᠬᠤᠢ ᠦᠷᠭᠦᠯᠵᠢᠡᠯᠨ ᠡᠷᠡᠭᠦᠯ ᠢᠶᠠᠷ ᠭᠦᠭᠵᠢᠬᠦ ᠪᠠ ᠨᠡᠶᠢᠭᠡᠮ ᠤᠨ ᠶᠡᠭᠡ ᠪᠠᠶᠢᠳᠠᠯ ᠤᠨ ᠡᠶ᠎ᠡ | ᠵᠤᠭᠢᠴᠠᠯ ᠲᠤᠭᠲᠠᠭᠤᠨ ᠢ ᠪᠠᠲᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠭᠦᠯᠬᠦ ᠳᠤ | ᠰᠢᠢᠳᠪᠦᠷᠢᠯᠡᠬᠦ ᠴᠢᠨᠠᠷᠲᠠᠢ ᠰᠠᠭᠤᠷᠢ ᠳᠠᠯᠪᠢᠨ ᠦᠭᠴᠦ᠂ ᠰᠢᠯᠢᠳᠡᠭ ᠬᠢᠷᠢ ᠪᠦᠲᠦᠮᠵᠢ ᠪᠠᠷ ᠪᠦᠭᠦᠳᠡ ᠨᠠᠶᠢᠷᠠᠮᠳᠠᠬᠤ | ᠳᠤᠮᠳᠠᠲᠦ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠰᠦᠭᠡᠢ᠃ | ᠭᠤᠤᠯ ᠪᠤᠯᠬᠤ ᠵᠢᠱᠢᠭᠰᠡᠨ ᠬᠠᠷᠠᠯᠳᠠ ᠪᠤᠯ᠄ ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 6% ᠪᠠᠷ ᠨᠡᠮᠡᠭᠳᠡᠭᠦᠯᠦᠨ᠎ᠡ ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ | ᠤᠷᠤᠯᠭ᠎ᠠ ᠶᠢ 6% ᠪᠠᠷ ᠨᠡᠮᠡᠭᠳᠡᠭᠦᠯᠦᠨ᠎ᠡ ︔ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢ 20% ᠪᠠᠷ ᠨᠡᠮᠡᠭᠳᠡᠭᠦᠯᠦᠨ᠎ᠡ ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ | ᠪᠤᠷᠤᠯᠠᠭᠤᠯᠬᠤ ᠶᠡᠷᠦᠩᠬᠡᠢ ᠲᠤᠭ᠎ᠠ ᠶᠢ 9% ᠪᠠᠷ ᠨᠡᠮᠡᠭᠳᠡᠭᠦᠯᠦᠨ᠎ᠡ ︔ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ | ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠬᠦᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ | 9% ᠪᠠᠷ ᠨᠡᠮᠡᠭᠳᠡᠭᠦᠯᠦᠨ᠎ᠡ᠃ | ᠡᠨᠡ ᠵᠢᠯ ᠤᠨ ᠠᠵᠢᠯ ᠢᠶᠠᠨ ᠰᠠᠶᠢᠨ ᠬᠢᠬᠦ ᠳᠤ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ | ᠮᠤᠩᠭᠤᠯ ᠳᠤ ᠲᠤᠷᠠᠲᠤᠭᠰᠠᠨ ︽ᠲᠦᠷᠪᠡᠨ ᠲᠠᠯ᠎ᠠ ᠪᠠᠷ ᠬᠦᠴᠦᠯᠡᠬᠦ︾ ︽ᠭᠤᠷᠪᠠᠨ ᠯᠠᠪᠳᠠᠭᠤᠨ ᠪᠠᠲᠤᠲᠠᠢ︾ | ᠠᠬᠢᠭᠤᠯᠬᠤ ᠴᠢᠬᠤᠯᠠ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠵᠦ᠂ ᠲᠦᠪ ᠤᠨ ᠠᠵᠦ ᠠᠬᠤᠢ ᠶᠢᠨ ᠠᠵᠢᠯ ᠤᠨ | ᠬᠤᠷᠠᠯ ᠪᠠ ᠤᠷᠤᠨ ᠬᠤᠳᠠ ᠬᠤᠶᠠᠷ ᠱᠠᠲᠦᠨ ᠤ ᠪᠦᠬᠦ ᠬᠡᠰᠢᠭᠦᠳ ᠤᠨ ᠬᠤᠷᠠᠯ᠂ ︽ᠬᠤᠶᠠᠷ ᠬᠤᠷᠠᠯ︾ ᠤᠨ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠤᠯᠤᠰ᠂ ᠦᠪᠡᠷᠲᠡᠭᠡᠨ ᠵᠠᠰᠠᠬᠤ ᠤᠷᠤᠨ ᠤ ᠬᠤᠷᠸ᠎ᠠ ᠠᠵᠦ | ᠠᠬᠤᠢ ᠶᠢᠨ ᠲᠦᠷᠦ ᠶᠢᠨ ᠪᠤᠲᠤᠯᠭ᠎ᠠ᠂ ᠤᠨᠴᠠᠭᠠᠶᠢᠯᠠᠨ ᠡᠳ᠋ ᠤᠨ ᠵᠠᠰᠠᠭ ᠤᠨ ᠲᠦᠷᠦ ᠶᠢᠨ ᠪᠤᠲᠤᠯᠭ᠎ᠠ᠂ ᠵᠤᠭᠤᠰᠦᠨ ᠤ | ᠲᠦᠷᠦ ᠶᠢᠨ ᠪᠤᠲᠤᠯᠭ᠎ᠠ᠂ ᠠᠵᠦ ᠤᠶᠢᠯᠡᠰ ᠤᠨ ᠲᠦᠷᠦ ᠪᠤᠲᠤᠯᠭ᠎ᠠ ᠶᠢᠨ ᠲᠤᠭᠢᠷᠠᠭᠤᠯᠤᠯᠳᠠ ᠶᠢᠨ ᠠᠯᠬᠤᠴᠠ ᠪᠠ | ᠠᠶᠢᠵᠠᠮ ᠢ ᠰᠠᠯᠤᠯ ᠦᠬᠡᠢ ᠳᠠᠭᠠᠵᠦ᠂ ᠮᠠᠨ ᠤ ᠬᠤᠰᠢᠭᠤᠨ ᠤ ᠪᠤᠲᠠᠲᠦ ᠪᠠᠶᠢᠳᠠᠯ ᠲᠠᠢ ᠤᠶᠠᠯᠲᠤᠭᠤᠯᠤᠨ᠂ | ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠦᠷᠨᠢᠭᠦᠯᠵᠦ᠂ ᠭᠡᠰᠢᠭᠲᠡᠨ ᠬᠤᠰᠢᠭᠤᠨ ᠤ ᠪᠤᠬᠢᠷᠲᠦᠯ ᠦᠬᠡᠢ ᠳᠠᠪᠠᠯᠳᠠ | ᠭᠦᠭᠵᠢᠯᠳᠡ ᠶᠢ ᠪᠦᠲᠦᠮᠵᠢᠲᠠᠢ ᠠᠬᠢᠭᠤᠯᠤᠨ᠎ᠠ᠃ | ︵ᠨᠢᠭᠡ︶ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠲᠤᠭᠠᠨ ᠢ ᠦᠷᠭᠦᠯᠵᠢᠡᠯᠨ ᠰᠠᠶᠢᠲᠦᠷ ᠬᠢᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠨᠠᠭᠠᠲᠦ ᠵᠠᠬ᠎ᠠ ᠶᠢᠨ ᠪᠠᠷᠢᠮᠵᠢᠶ᠎ᠠ ᠶᠢ ᠡᠷᠡᠰ ᠴᠢᠩᠭ᠎ᠠ ᠰᠠᠬᠢᠨ᠎ᠠ᠃ | ᠠᠰᠠᠭᠤᠳᠠᠯ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠵᠦ᠂ ᠬᠠᠷᠠᠯᠳᠠ ᠡᠭᠦᠷᠭᠡ ᠶᠢ ᠴᠢᠩᠭ᠎ᠠ ᠠᠩᠬᠠᠷᠴᠦ᠂ | ᠪᠠᠭᠢᠯᠡᠯᠳᠡ ᠪᠠᠨ ᠪᠠᠲᠦ ᠰᠠᠬᠢᠵᠦ᠂ ᠦᠷ᠎ᠡ ᠪᠦᠲᠦᠭᠡᠯ ᠢᠶᠠᠨ ᠪᠠᠲᠤᠳᠬᠠᠵᠦ᠂ ᠦᠷᠭᠦᠯᠵᠢᠯᠡᠨ ᠪᠤᠭᠤᠮᠳᠠ ᠰᠢᠪᠲᠤᠯᠤᠨ᠎ᠠ | ᠃ | ᠬᠦᠨᠲᠦ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠪᠤᠭᠤᠮᠳᠠ ᠰᠢᠪᠲᠤᠯᠬᠤ ᠲᠠᠶᠢᠯᠠᠯᠲᠤᠭᠠᠨ ᠢ | ᠦᠷᠭᠦᠯᠵᠢᠯᠡᠨ ᠰᠠᠶᠢᠲᠦᠷ ᠬᠢᠨ᠎ᠡ᠃ ︽ᠪᠠᠲᠦ ᠴᠢᠩᠭ᠎ᠠ᠂ ᠡᠵᠡᠮᠳᠡᠵᠦ ᠪᠤᠯᠬᠤᠶᠢᠴᠠ᠂ ᠡᠮᠬᠢ ᠲᠢᠭᠯᠢᠮ ᠲᠠᠢ᠂ | ᠲᠤᠬᠢᠷᠠᠮᠵᠢᠲᠠᠢ︾ ᠪᠠᠶᠢᠬᠤ ᠵᠠᠷᠴᠢᠮ ᠢ ᠪᠠᠷᠢᠮᠲᠠᠯᠠᠵᠦ᠂ ᠵᠠᠰᠠᠭ ᠤᠨ ᠤᠷᠲᠦᠨ ᠤ ᠦᠷᠢ ᠦᠭᠴᠡᠭᠡ ᠶᠢᠨ | ᠲᠦᠭᠰᠢᠭᠦᠷᠢ ᠶᠢᠨ ᠦᠨᠡᠯᠡᠯᠳᠡ᠂ ᠤᠷᠢᠳᠴᠢᠯᠠᠨ ᠰᠡᠷᠡᠮᠵᠢᠯᠡᠬᠦᠯᠬᠦ ᠪᠠ ᠬᠢᠨᠠᠨ ᠬᠠᠮᠢᠶᠠᠷᠦᠯᠳᠠ ᠶᠢ ᠦᠷᠭᠦᠯᠵᠢᠯᠡᠨ | ᠴᠢᠩᠭᠠᠳᠬᠠᠵᠦ᠂ ᠤᠯᠤᠰ ᠤᠨ ᠪᠡᠯᠡ ᠤᠷᠤᠭᠤᠯᠬᠤ ᠪᠠ ᠪᠡᠯᠡ ᠲᠤᠭᠢᠷᠠᠭᠤᠯᠬᠤ ᠳᠠᠪᠴᠠᠩ ᠢ ᠲᠦᠷᠢᠮᠵᠢᠭᠦᠯᠦᠨ | ᠠᠵᠢᠯᠯᠠᠭᠤᠯᠵᠦ᠂ ᠵᠠᠰᠠᠭ ᠤᠨ ᠤᠷᠲᠦᠨ ᠤ ᠦᠯᠡᠳᠡᠵᠦ ᠪᠠᠶᠢᠭ᠎ᠠ ᠦᠷᠢ ᠦᠭᠴᠡᠭᠡ ᠶᠢ ᠰᠤᠯᠢᠬᠤ ᠪᠠ ᠨᠠᠮᠳᠠᠭᠠᠬᠤ | ᠠᠬᠢᠴᠠ ᠶᠢ ᠲᠦᠷᠭᠡᠳᠬᠡᠵᠦ᠂ ᠵᠠᠰᠠᠭ ᠤᠨ ᠤᠷᠲᠦᠨ ᠤ ᠰᠢᠨ᠎ᠡ ᠦᠷᠢ ᠨᠡᠮᠡᠭᠳᠡᠬᠦ ᠶᠢ ᠴᠢᠩᠭ᠎ᠠ ᠬᠤᠷᠢᠭᠯᠠᠨ᠎ᠠ᠃ | ᠤᠷᠤᠯᠭ᠎ᠠ ᠶᠢ ᠨᠡᠮᠡᠭᠳᠡᠭᠦᠯᠦᠨ ᠵᠠᠷᠤᠯᠭ᠎ᠠ ᠶᠢ ᠠᠷᠪᠢᠯᠠᠬᠤ᠂ ᠠᠪᠤᠴᠠᠭᠠᠨ ᠡᠷᠭᠡ ᠶᠢ ᠰᠤᠯᠢᠬᠤ᠂ ᠪᠡᠯᠡ ᠮᠦᠩᠭᠦ ᠲᠡᠮᠡᠴᠡᠨ | ᠤᠯᠬᠤ᠂ ᠡᠳ᠋ ᠬᠦᠷᠦᠩᠭᠡ ᠶᠢ ᠠᠮᠢᠲᠦᠯᠢᠭ᠋ ᠪᠤᠯᠭᠠᠬᠤ᠂ ᠭᠠᠵᠠᠷ ᠰᠢᠷᠤᠢ ᠶᠢ ᠰᠢᠯᠵᠢᠭᠦᠯᠦᠨ ᠦᠭᠬᠦ ᠵᠡᠷᠭᠡ ᠶᠢ ᠦᠨᠡᠩᠬᠦ | ᠰᠠᠶᠢᠲᠦᠷ ᠬᠢᠵᠦ᠂ ᠪᠦᠬᠦ ᠵᠢᠯ ᠳᠤ ᠵᠠᠰᠠᠭ ᠤᠨ ᠤᠷᠲᠦᠨ ᠤ ᠦᠷᠢ ᠶᠢ 6.02 ᠳ᠋ᠦᠩᠰᠢᠭᠤᠷ ᠲᠦᠭᠦᠷᠢᠭ | ᠰᠢᠢᠳᠪᠦᠷᠢᠯᠡᠬᠦ ᠪᠠᠷ ᠲᠡᠮᠡᠴᠡᠨ᠎ᠡ᠃ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠨ ᠬᠠᠮᠢᠶᠠᠷᠦᠯᠳᠠ ᠶᠢᠨ | ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠠᠤᠯᠢ ᠲᠤᠭᠲᠠᠭᠠᠯ ᠵᠦᠷᠢᠴᠡᠭᠰᠡᠨ ᠮᠦᠩᠭᠦᠨ ᠭᠦᠢᠯᠭᠡᠭᠡᠨ ᠤ | ᠠᠵᠢᠯᠯᠠᠭ᠎ᠠ ᠪᠠ ᠵᠤᠷᠢᠭᠤᠳᠠ ᠦᠷᠢ ᠠᠴᠠ ᠵᠠᠶᠢᠯᠠᠵᠦ ᠦᠷᠢ ᠶᠢ ᠦᠭᠡᠶᠢᠰᠬᠡᠬᠦ ᠠᠵᠢᠯᠯᠠᠭ᠎ᠠ ᠳᠤ ᠴᠢᠩᠭ᠎ᠠ ᠴᠤᠭᠢᠯᠳᠠ | ᠦᠭᠴᠦ᠂ ᠪᠠᠩᠬᠢ ᠶᠢᠨ ᠢᠳᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠪᠦᠲᠦᠮᠵᠢᠲᠠᠢ ᠰᠡᠷᠭᠡᠶᠢᠯᠡᠨ ᠨᠠᠮᠳᠠᠭᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠦᠨᠲᠦᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠶᠢ ᠳᠤᠪᠤᠶᠢᠮ᠎ᠠ | ᠰᠠᠶᠢᠲᠦᠷ ᠠᠳᠬᠤᠵᠦ᠂ ᠰᠢᠰᠲ᠋ᠧᠮ ᠤᠨ ᠴᠢᠨᠠᠷᠲᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠦᠬᠡᠢ ᠪᠠᠶᠢᠬᠤ | ᠰᠠᠭᠤᠷᠢ ᠱᠤᠭᠤᠮ ᠢ ᠦᠨᠡᠩᠬᠦ ᠰᠠᠬᠢᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠲᠤᠭᠠᠨ ᠢ ᠦᠷᠭᠦᠯᠵᠢᠯᠡᠨ ᠰᠠᠶᠢᠲᠦᠷ ᠬᠢᠨ᠎ᠡ | ᠃ ᠲᠦᠪ ᠤᠨ ᠳᠤᠰᠬᠠᠢ ᠲᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ | ᠪᠠ ᠦᠪᠡᠷᠲᠡᠭᠡᠨ ᠵᠠᠰᠠᠬᠤ ᠤᠷᠤᠨ ᠤ ︽ᠵᠢᠷᠭᠤᠭ᠎ᠠ ᠶᠢ ᠴᠡᠪᠡᠷᠯᠡᠵᠦ ᠲᠦᠷᠪᠡ ᠶᠢ ᠪᠠᠷᠢᠮᠵᠢᠶᠠᠨ ᠳᠤ ᠭᠦᠷᠬᠡᠬᠦ︾ | ᠳᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ | ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠲᠤᠯᠠᠬᠤ︾ ᠳᠤ ᠲᠤᠯᠭᠠᠷᠠᠵᠦ ᠪᠠᠶᠢᠭ᠎ᠠ ᠳᠤᠪᠤᠶᠢᠮ᠎ᠠ ᠠᠰᠠᠭᠤᠳᠠᠯ ᠢ | ᠭᠤᠤᠯᠳᠠᠯᠭ᠎ᠠ ᠲᠠᠢ ᠰᠠᠶᠢᠲᠦᠷ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ | ᠲᠠᠶᠢᠯᠠᠯᠲᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠨ᠎ᠠ᠃ ᠠᠵᠦ ᠤᠶᠢᠯᠡᠰ ᠢᠶᠠᠷ ᠶᠠᠳᠠᠭᠤ ᠶᠢ ᠳᠡᠳᠬᠦᠬᠦ | ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠬᠦ᠂ ᠤᠨᠲᠤᠤ ᠭᠠᠵᠠᠷ ᠨᠡᠭᠦᠯᠭᠡᠨ ᠲᠦᠪᠭᠢᠨᠡᠭᠦᠯᠬᠦ᠂ ᠡᠷᠡᠭᠦᠯ ᠮᠡᠨᠲᠦ | ᠪᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠨᠡᠶᠢᠭᠡᠮ ᠤᠨ ᠪᠠᠲᠤᠯᠠᠭ᠎ᠠ ᠶᠢᠨ | ᠬᠠᠷᠠᠭᠠᠯᠵᠠᠯ ᠢ ᠪᠦᠬᠦᠨ ᠢ ᠬᠦᠷᠲᠡᠭᠡᠬᠦ ᠵᠡᠷᠭᠡ ᠶᠠᠳᠠᠭᠤ ᠶᠢ ᠳᠡᠳᠬᠦᠬᠦ ᠢᠨᠵᠧᠨᠧᠷᠢᠩ ᠢ ᠬᠦᠨᠵᠡᠭᠡᠢ ᠭᠡᠷᠡᠭᠵᠢᠭᠦᠯᠵᠦ᠂ | ᠶᠠᠳᠠᠭᠤ ᠠᠴᠠ ᠠᠩᠬᠢᠵᠢᠷᠠᠭᠤᠯᠬᠤ ᠶᠠᠰᠦ ᠴᠢᠨᠠᠷ ᠪᠠ ᠦᠷ᠎ᠡ ᠠᠰᠢᠭ ᠢ ᠪᠦᠲᠦᠮᠵᠢᠲᠠᠢ ᠳᠡᠭᠡᠭᠰᠢᠯᠡᠭᠦᠯᠵᠦ᠂ 1454 | ᠡᠷᠦᠭᠡ ᠶᠢᠨ 2998 ᠨᠡᠷ᠎ᠡ ᠶᠠᠳᠠᠭᠤ ᠬᠦᠴᠢᠷᠲᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ᠂ 12 | ᠶᠠᠳᠠᠭᠤ ᠬᠦᠴᠢᠷᠲᠠᠢ ᠭᠠᠴᠠᠭ᠎ᠠ ᠲᠤᠰᠬᠤᠨ ᠢ ᠶᠠᠳᠠᠭᠤ ᠶᠢᠨ ᠨᠡᠷᠡᠰ ᠠᠴᠠ ᠭᠠᠷᠭᠠᠬᠤ ᠶᠢ ᠪᠡᠶᠡᠯᠡᠭᠦᠯᠬᠦ ᠶᠢ ᠪᠠᠲᠤᠯᠠᠨ᠎ᠠ᠃ | ᠶᠠᠳᠠᠭᠤ ᠶᠢ ᠳᠡᠳᠬᠦᠬᠦ ᠲᠦᠷᠦᠯ ᠵᠦᠢᠯ ᠤᠨ ᠬᠦᠮᠦᠷᠭᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠨᠡᠩ ᠤᠯᠠᠨ | ᠶᠠᠳᠠᠭᠤ ᠶᠢ ᠳᠡᠳᠬᠦᠬᠦ ᠲᠦᠷᠦᠯ ᠵᠦᠢᠯ ᠢ ᠳᠡᠭᠡᠲᠦ ᠱᠠᠲᠦᠨ ᠤ ᠲᠦᠯᠦᠪᠵᠢᠭᠦᠯᠭᠡ ᠶᠢᠨ ᠬᠡᠪᠴᠢᠶᠡᠨ ᠳᠤ ᠤᠷᠤᠭᠤᠯᠬᠤ | ᠪᠠᠷ ᠲᠡᠮᠡᠴᠡᠨ᠎ᠡ᠃ ᠶᠠᠳᠠᠭᠤ ᠶᠢ ᠳᠡᠳᠬᠦᠬᠦ ᠪᠡᠯᠡ ᠮᠦᠩᠭᠦ ᠶᠢᠨ ᠬᠠᠮᠢᠶᠠᠷᠦᠯᠳᠠ᠂ ᠰᠠᠯᠭᠠᠨ ᠦᠭᠬᠦ ᠪᠠ ᠲᠤᠭᠢᠷᠠᠭᠤᠯᠬᠤ | ᠬᠦᠴᠦᠯᠡᠴᠡ ᠶᠢ ᠦᠨᠡᠩᠬᠦ ᠴᠢᠩᠭᠠᠳᠬᠠᠵᠦ᠂ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠪᠡᠯᠡ ᠮᠦᠩᠭᠦ ᠶᠢᠨ | ᠭᠡᠷᠡᠭᠯᠡᠯᠳᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠬᠢᠨᠠᠨ ᠬᠡᠮᠵᠢᠯᠳᠡ ᠶᠢᠨ ᠤᠷᠢᠳᠴᠢᠯᠠᠨ ᠰᠡᠷᠡᠮᠵᠢᠯᠡᠭᠦᠯᠬᠦ | ᠬᠦᠳᠡᠯᠦᠩᠭᠦᠢ ᠵᠤᠬᠢᠮᠵᠢ ᠶᠢ ᠪᠠᠶᠢᠭᠤᠯᠵᠦ᠂ ᠰᠢᠨ᠎ᠡ ᠪᠠᠷ ᠨᠡᠮᠡᠭᠳᠡᠭᠰᠡᠨ ᠶᠠᠳᠠᠭᠤ ᠬᠦᠴᠢᠷᠲᠠᠢ ᠬᠦᠮᠦᠨ ᠠᠮᠠ ᠶᠢ | ᠬᠠᠪᠰᠤᠷᠤᠨ ᠳᠡᠳᠬᠦᠬᠦ ᠬᠦᠷᠢᠶ᠎ᠡ ᠬᠡᠪᠴᠢᠶᠡᠨ ᠳᠤ ᠴᠠᠭ ᠲᠤᠬᠠᠢ ᠳᠤ ᠨᠢ ᠤᠷᠤᠭᠤᠯᠵᠦ᠂ ᠶᠠᠳᠠᠭᠤ ᠬᠦᠴᠢᠷᠲᠠᠢ | ᠬᠦᠮᠦᠨ ᠠᠮᠠ ᠶᠢᠨ ᠳᠠᠬᠢᠨ ᠶᠠᠳᠠᠭᠤᠷᠠᠬᠤ ᠶᠢ ᠴᠢᠷᠮᠡᠶᠢᠨ ᠪᠠᠭᠠᠰᠬᠠᠬᠤ ᠪᠠ ᠬᠤᠷᠢᠭᠯᠠᠵᠤ᠂ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠭᠡᠯ ᠢ ᠪᠠᠲᠤᠳᠬᠠᠨ᠎ᠠ᠃ | ᠪᠤᠬᠢᠷᠲᠦᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠲᠠᠶᠢᠯᠠᠯᠲᠤᠭᠠᠨ ᠢ ᠦᠷᠭᠦᠯᠵᠢᠯᠡᠨ ᠰᠠᠶᠢᠲᠦᠷ | ᠬᠢᠨ᠎ᠡ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠪᠠ ᠡᠯ᠎ᠡ ᠲᠦᠷᠦᠯ ᠤᠨ | ᠱᠠᠭᠠᠷᠳᠠᠨ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠦ᠂ ᠡᠯ᠎ᠡ ᠲᠦᠷᠦᠯ ᠤᠨ ᠴᠡᠭᠴᠡᠯᠡᠨ ᠵᠠᠰᠠᠬᠤ ᠡᠭᠦᠷᠭᠡ ᠶᠢ ᠱᠠᠭᠠᠷᠳᠠᠯᠭ᠎ᠠ ᠶᠤᠰᠤᠭᠠᠷ ᠲᠤᠭᠲᠠᠭᠰᠠᠨ | ᠬᠤᠭᠤᠴᠠᠭᠠᠨ ᠳᠤ ᠪᠠᠨ ᠪᠡᠶᠡᠯᠡᠭᠦᠯᠬᠦ ᠶᠢ ᠪᠠᠲᠤᠯᠠᠵᠦ᠂ ᠤᠨᠴᠠᠭᠠᠶᠢᠯᠠᠨ ᠵᠢᠭᠤᠯᠴᠢᠯᠠᠯ ᠤᠨ ᠲᠦᠷᠦᠯ ᠵᠦᠢᠯ ᠤᠨ ᠬᠠᠤᠯᠢ | ᠲᠤᠭᠲᠠᠭᠠᠯ ᠢ ᠵᠦᠷᠢᠴᠡᠵᠦ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠠᠰᠠᠭᠤᠳᠠᠯ ᠳᠤ ᠬᠠᠨᠲᠤᠭᠤᠯᠵᠦ᠂ ᠡᠷᠭᠡᠪᠰᠢ | ᠤᠯᠤᠰ ᠲᠦᠷᠦ ᠶᠢ ᠡᠷᠭᠢᠮᠯᠡᠬᠦ ᠪᠠ ᠬᠤᠶᠠᠷ ︽ᠬᠠᠮᠠᠭᠠᠯᠠᠯᠳᠠ︾ ᠶᠢ ᠦᠨᠡᠩᠬᠦ ᠬᠢᠬᠦ ᠦᠨᠲᠦᠷᠴᠡ ᠠᠴᠠ ᠵᠤᠷᠢᠭ | ᠰᠢᠭᠤᠳᠴᠦ ᠪᠠᠶᠢᠭᠠᠳ᠂ ᠳᠡᠮᠦᠷ ᠮᠡᠲᠦ ᠬᠠᠳᠠᠭᠤ ᠵᠤᠷᠢᠭ᠂ ᠬᠠᠳᠠᠭᠤ ᠴᠢᠩᠭ᠎ᠠ ᠠᠷᠭ᠎ᠠ ᠬᠡᠮᠵᠢᠶ᠎ᠡ ᠪᠠᠷ᠂ ᠬᠠᠤᠯᠢ | ᠴᠠᠭᠠᠵᠠ᠂ ᠠᠵᠦ ᠠᠬᠤᠢ᠂ ᠵᠠᠰᠠᠭ ᠵᠠᠭᠢᠷᠭᠠᠨ ᠤ ᠠᠷᠭ᠎ᠠ ᠠᠪᠴᠠᠯ ᠵᠡᠷᠭᠡ ᠤᠯᠠᠨ ᠠᠷᠭ᠎ᠠ ᠶᠢ ᠵᠡᠷᠭᠡᠪᠡᠷ ᠬᠡᠷᠡᠭᠯᠡᠨ᠂ | ᠭᠠᠵᠠᠷ ᠤᠷᠤᠨ ᠰᠠᠯᠠᠭ᠎ᠠ ᠮᠦᠴᠢᠷ ᠬᠤᠯᠪᠤᠭᠠᠯᠠᠨ ᠬᠦᠳᠡᠯᠦᠯᠴᠡᠵᠦ᠂ ᠴᠡᠭᠴᠡᠯᠡᠨ ᠵᠠᠰᠠᠬᠤ ᠶᠢ ᠡᠷᠡᠰ ᠴᠢᠩᠭ᠎ᠠ | ᠠᠳᠬᠤᠵᠦ᠂ ᠲᠦᠢᠯᠪᠤᠷᠢᠲᠠᠢ ᠬᠢᠵᠦ᠂ ᠦᠷ᠎ᠡ ᠪᠦᠲᠦᠮᠵᠢ ᠭᠠᠷᠭᠠᠨ᠎ᠠ᠃ ᠬᠦᠬᠡ ᠤᠭᠳᠠᠷᠭᠤᠢ ᠶᠢᠨ ᠬᠠᠮᠠᠭᠠᠯᠠᠯᠳᠠ ᠶᠢᠨ | ᠲᠠᠶᠢᠯᠠᠯᠲᠤᠭᠠᠨ ᠢ ᠡᠷᠡᠰ ᠰᠠᠶᠢᠲᠦᠷ ᠬᠢᠵᠦ᠂ ᠨᠡᠭᠦᠷᠡᠰᠦᠨ ᠤᠲᠤᠭ᠎ᠠ ᠶᠢᠨ ᠠᠭᠠᠷ ᠤᠨ ᠪᠤᠬᠢᠷᠲᠦᠯ ᠢ ᠵᠠᠰᠠᠬᠤ᠂ ᠠᠵᠦ | ᠤᠶᠢᠯᠡᠳᠪᠦᠷᠢ ᠶᠢᠨ ᠬᠠᠶᠠᠭᠳᠠᠮᠠᠯ ᠬᠡᠢ ᠶᠢ ᠪᠠᠷᠢᠮᠵᠢᠶ᠎ᠠ ᠶᠤᠰᠤᠭᠠᠷ ᠭᠠᠳᠠᠭᠰᠢᠯᠠᠭᠤᠯᠬᠤ᠂ ᠬᠤᠭ ᠲᠤᠭᠤᠰᠦ ᠶᠢᠨ | ᠪᠤᠭᠢᠷᠲᠦᠯ ᠢ ᠬᠢᠵᠠᠭᠠᠷᠯᠠᠬᠤ ᠵᠡᠷᠭᠡ ᠢᠨᠵᠧᠨᠧᠷᠢᠩ ᠢ ᠲᠦᠷᠭᠡᠨ ᠠᠭᠢᠭᠤᠯᠵᠦ᠂ ᠪᠢᠷᠠᠭᠤ ᠪᠠᠯᠭᠠᠰᠦ ᠲᠤᠭᠤᠷᠢᠭ ᠤᠨ | ᠠᠭᠠᠷ ᠤᠨ ᠴᠡᠪᠡᠷᠴᠡ ᠶᠢᠨ ᠬᠡᠮᠵᠢᠶ᠎ᠡ ᠪᠠᠷ ᠰᠠᠶᠢᠨ ᠡᠲᠦᠷ ᠢ ᠨᠡᠮᠡᠭᠳᠡᠭᠦᠯᠬᠦ ᠶᠢ ᠪᠠᠲᠤᠯᠠᠨ᠎ᠠ᠃ ᠴᠡᠩᠬᠡᠷ ᠤᠰᠦ ᠶᠢᠨ | ᠬᠠᠮᠠᠭᠠᠯᠠᠯᠳᠠ ᠶᠢᠨ ᠲᠠᠶᠢᠯᠠᠯᠲᠤᠭᠠᠨ ᠢ ᠡᠷᠡᠰ ᠰᠠᠶᠢᠲᠦᠷ ᠬᠢᠵᠦ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ | ᠭᠦᠨᠵᠡᠭᠡᠢ ᠭᠡᠷᠡᠭᠵᠢᠭᠦᠯᠵᠦ᠂ ᠪᠢᠷᠠᠭᠤ ᠪᠠᠯᠭᠠᠰᠦ ᠶᠢᠨ ᠪᠤᠵᠠᠷ ᠤᠰᠦ ᠰᠢᠢᠳᠪᠦᠷᠢᠯᠡᠬᠦ ᠤᠶᠢᠯᠡᠳᠪᠦᠷᠢ ᠶᠢᠨ ᠮᠡᠷᠭᠡᠵᠢᠯ ᠤᠨ | ᠦᠭᠡᠷᠡᠴᠢᠯᠡᠯᠳᠡ᠂ ᠳᠤᠮᠳᠠᠬᠢ ᠤᠰᠦ ᠶᠢ ᠡᠭᠡᠭᠦᠯᠦᠨ ᠬᠡᠷᠡᠭᠯᠡᠬᠦ ᠪᠠ ᠯᠤᠸᠠᠨ ᠾᠧ ᠭᠤᠤᠯ ᠤᠨ ᠰᠠᠪᠠ ᠭᠠᠵᠠᠷ ᠤᠨ | ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠵᠦ᠂ ᠤᠰᠦ ᠳᠠᠳᠠᠵᠦ ᠬᠡᠷᠡᠭᠯᠡᠬᠦ | ᠵᠦᠪᠰᠢᠶᠡᠷᠡᠯ᠂ ᠤᠰᠦ ᠬᠦᠷᠦᠰᠦ ᠶᠢ ᠪᠠᠲᠤᠯᠠᠬᠤ᠂ ᠭᠤᠤᠯ ᠠᠴᠠ ᠡᠯᠡᠰᠦ ᠮᠠᠯᠳᠠᠬᠤ ᠪᠠ ᠮᠠᠯ ᠵᠢᠭᠦᠷᠳᠡᠨ ᠲᠡᠵᠢᠭᠡᠬᠦ ᠶᠢ | ᠴᠢᠩᠭ᠎ᠠ ᠬᠢᠨᠠᠨ ᠬᠠᠮᠢᠶᠠᠷᠴᠦ᠂ ᠤᠰᠦᠨ ᠤ ᠤᠷᠴᠢᠨ ᠲᠤᠭᠤᠷᠢᠨ ᠤ ᠦᠷᠭᠦᠯᠵᠢᠯᠡᠭᠰᠡᠨ ᠰᠠᠶᠢᠨ ᠡᠷᠭᠢᠯᠳᠡ ᠶᠢ | ᠪᠠᠲᠤᠯᠠᠨ᠎ᠠ᠃ ᠴᠡᠪᠡᠷ ᠬᠦᠷᠦᠰᠦ ᠶᠢᠨ ᠬᠠᠮᠠᠭᠠᠯᠠᠯᠳᠠ ᠶᠢᠨ ᠲᠠᠶᠢᠯᠠᠯᠲᠤᠭᠠᠨ ᠢ ᠡᠷᠡᠰ ᠰᠠᠶᠢᠲᠦᠷ ᠬᠢᠵᠦ᠂ ᠬᠦᠷᠦᠰᠦ | ᠰᠢᠷᠤᠢ ᠶᠢᠨ ᠪᠤᠬᠢᠷᠲᠦᠯ ᠲᠠᠢ ᠭᠠᠵᠠᠷ ᠤᠷᠤᠨ ᠤ ᠨᠠᠷᠢᠨ ᠬᠠᠭᠤᠳᠠᠰᠦ ᠪᠠ ᠨᠡᠭᠡᠭᠡᠨ ᠠᠰᠢᠭᠯᠠᠯᠳᠠ ᠶᠢᠨ ᠨᠠᠵᠠᠭᠠᠢ ᠳᠠᠯ᠎ᠠ | ᠨᠠᠷᠢᠨ ᠬᠠᠭᠤᠳᠠᠰᠦ ᠶᠢ ᠠᠯᠬᠤᠮ ᠠᠯᠬᠤᠮ ᠢᠶᠠᠷ ᠪᠠᠶᠢᠭᠤᠯᠵᠦ᠂ ᠬᠦᠷᠦᠰᠦ ᠰᠢᠷᠤᠢ ᠶᠢᠨ ᠪᠤᠬᠢᠷᠲᠦᠯ ᠢ ᠵᠠᠰᠠᠬᠤ ᠪᠠ | ᠰᠡᠷᠭᠦᠭᠡᠬᠦ ᠢᠨᠵᠧᠨᠧᠷᠢᠩ ᠢ ᠡᠭᠢᠯᠡᠨ ᠬᠡᠷᠡᠭᠵᠢᠬᠦᠯᠵᠦ᠂ ᠬᠠᠳᠠᠭᠤ ᠬᠠᠶᠠᠭᠳᠠᠮᠠᠯ ᠪᠤᠳᠠᠰ ᠪᠠ ᠲᠠᠷᠢᠶᠠᠯᠠᠩ ᠤᠨ ᠤᠯᠠᠨ | ᠡᠬᠢᠲᠦ ᠪᠤᠬᠢᠷᠲᠦᠯ ᠢ ᠪᠦᠲᠦᠮᠵᠢᠲᠠᠢ ᠪᠠᠭᠠᠰᠬᠠᠵᠦ᠂ ᠬᠦᠷᠦᠰᠦ ᠰᠢᠷᠤᠢ ᠶᠢᠨ ᠠᠷᠢᠭᠤᠨ ᠴᠡᠪᠡᠷ ᠢ ᠦᠨᠡᠩᠬᠦ ᠰᠠᠶᠢᠲᠦᠷ | ᠬᠠᠮᠠᠭᠠᠯᠠᠨ᠎ᠠ᠃ | ︵ᠬᠤᠶᠠᠷ︶ ᠠᠵᠦ ᠤᠶᠢᠯᠡᠰ ᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠶᠢ ᠦᠷᠭᠦᠯᠵᠢᠯᠡᠨ ᠠᠬᠢᠭᠤᠯᠵᠦ᠂ | ᠤᠲᠦ ᠦᠶ᠎ᠡ ᠶᠢᠨ ᠠᠵᠦ ᠠᠬᠤᠢ ᠶᠢᠨ ᠲᠤᠭᠲᠠᠯᠴᠠᠭ᠎ᠠ ᠶᠢ ᠴᠢᠷᠮᠡᠶᠢᠨ ᠪᠠᠶᠢᠭᠤᠯᠤᠨ᠎ᠠ᠃ ᠦᠯᠡᠳᠡᠭᠳᠡᠯ ᠢ | ᠰᠢᠯᠢᠳᠡᠭᠵᠢᠬᠦᠯᠦᠨ ᠳᠡᠰ ᠳᠡᠪᠰᠢᠬᠦᠯᠬᠦ ᠪᠠ ᠨᠡᠮᠡᠭᠳᠡᠯ ᠢ ᠪᠤᠵᠠᠭᠠᠶᠢᠷᠠᠭᠤᠯᠤᠨ ᠬᠦᠴᠦᠷᠭᠡᠭᠵᠢᠬᠦᠯᠬᠦ ︽ᠬᠤᠤᠰ | ᠬᠦᠷᠲᠦ ᠶᠢᠨ ᠬᠦᠳᠡᠯᠭᠡᠭᠦᠷ︾᠂ ᠤᠯᠤᠰ ᠤᠨ ᠠᠵᠦ ᠠᠬᠤᠢ ᠪᠠ ᠠᠷᠠᠳ ᠠᠴᠠ ᠡᠵᠡᠩᠨᠡᠭᠰᠡᠨ ᠠᠵᠦ ᠠᠬᠤᠢ ︽ | ᠬᠤᠶᠠᠷ ᠲᠡᠰᠢ ᠬᠦᠴᠦᠯᠡᠬᠦ︾ ᠶᠢ ᠪᠠᠷᠢᠮᠲᠠᠯᠠᠵᠦ᠂ ᠠᠵᠦ ᠤᠶᠢᠯᠡᠰ ᠤᠨ ᠪᠦᠲᠦᠴᠡ ᠶᠢ ᠳᠤᠮᠳᠠ ᠳᠡᠭᠡᠲᠦ ᠳᠡᠰ ᠲᠤ | ᠬᠦᠷᠭᠡᠬᠦ᠂ ᠠᠵᠦ ᠠᠬᠤᠢ ᠶᠢᠨ ᠭᠦᠭᠵᠢᠯᠳᠡ ᠶᠢ ᠦᠨᠲᠦᠷ ᠶᠠᠰᠦ ᠴᠢᠨᠠᠷ ᠲᠠᠢ ᠪᠤᠯᠭᠠᠬᠤ ᠶᠢ ᠠᠬᠢᠭᠤᠯᠤᠨ᠎ᠠ᠃ | ᠤᠲᠦ ᠦᠶ᠎ᠡ ᠶᠢᠨ ᠠᠵᠦ ᠠᠬᠤᠢ ᠲᠠᠷᠢᠶᠠᠯᠠᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ | ᠦᠷᠭᠡᠳᠬᠡᠬᠦ ᠶᠢ ᠲᠦᠷᠭᠡᠨ ᠠᠭᠢᠭᠤᠯᠤᠨ᠎ᠠ᠃ ᠮᠠᠯ ᠠᠵᠦ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠤᠯ ᠱᠤᠭᠤᠮ ᠪᠤᠯᠭᠠᠵᠦ᠂ ︽ᠠᠮᠤ ᠪᠤᠳᠠᠭᠠᠨ ᠤ ᠬᠠᠩᠭᠠᠯᠭ᠎ᠠ ᠶᠢ | ᠪᠠᠲᠤᠯᠠᠬᠤ ᠳᠤ ᠭᠠᠵᠠᠷ ᠰᠢᠷᠤᠢ ᠶᠢ ᠪᠠᠲᠤᠯᠠᠨ ᠤᠨᠠᠯᠳᠠ ᠶᠢ ᠳᠡᠭᠡᠭᠰᠢᠯᠡᠭᠦᠯᠬᠦ︾ ᠶᠢ ᠪᠠᠷᠢᠮᠲᠠᠯᠠᠵᠦ᠂ ᠠᠮᠤ ᠪᠤᠳᠠᠭ᠎ᠠ | ᠠᠵᠦ ᠠᠬᠤᠢ ᠶᠢᠨ ᠲᠠᠷᠢᠮᠠᠯ ᠪᠤᠷᠲᠤᠭ᠎ᠠ ᠶᠢᠨ ᠪᠦᠲᠦᠴᠡ ᠶᠢ ᠵᠦᠢ ᠵᠤᠭᠢᠰᠲᠠᠢ ᠲᠤᠭᠢᠷᠠᠭᠤᠯᠵᠦ᠂ ᠲᠦᠭᠦᠭᠡᠷᠦᠮᠵᠢᠲᠦ | ᠲᠠᠷᠢᠶᠠᠯᠠᠩ ᠢ 6000 ᠮᠤ᠂ ᠦᠨᠲᠦᠷ ᠪᠠᠷᠢᠮᠵᠢᠶᠠᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠳᠠ ᠶᠢ 5000 ᠮᠤ | ᠰᠢᠨ᠎ᠡ ᠪᠠᠷ ᠨᠡᠮᠡᠭᠳᠡᠭᠦᠯᠵᠦ᠂ ᠬᠤᠤᠷ ᠦᠭᠡᠶᠢᠲᠡᠭᠦᠯᠦᠭᠰᠡᠨ ᠦᠷ᠎ᠡ ᠶᠢᠨ ᠲᠦᠮᠦᠰᠦ ᠶᠢ 30 ᠲᠦᠮᠡᠨ ᠮᠤ | ᠲᠦᠭᠡᠮᠡᠯᠵᠢᠭᠦᠯᠵᠦ᠂ ᠢᠳᠡᠰᠢᠨ ᠮᠦᠭᠦ᠂ ᠬᠢᠲᠠᠳ ᠡᠪᠡᠰᠦᠨ ᠡᠮ ᠲᠠᠷᠢᠬᠤ ᠳᠠᠯᠠᠪᠠᠢ ᠶᠢ ᠳᠤᠰᠪᠤᠷᠢ ᠦᠷᠭᠡᠳᠬᠡᠭᠡᠳ | 1200 ᠲᠦᠮᠡᠨ ᠮᠦᠭᠦᠨ ᠬᠠᠪᠳᠠᠰᠦ ᠪᠠ 5 ᠲᠦᠮᠡᠨ ᠮᠤ ᠳᠤ ᠬᠦᠷᠭᠡᠨ᠎ᠡ᠃ ︽ᠦᠬᠡᠷ ᠢ ᠨᠡᠮᠡᠭᠳᠡᠭᠦᠯᠦᠨ ᠬᠤᠨᠢ ᠶᠢ | ᠲᠤᠭᠲᠠᠪᠤᠷᠢᠵᠢᠭᠤᠯᠵᠤ᠂ ᠭᠠᠭ᠋ᠠᠢ ᠵᠢᠭᠦᠷᠳᠡᠨ ᠢ ᠲᠤᠭᠲᠠᠪᠤᠷᠢᠵᠢᠭᠤᠯᠬᠤ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠦ᠂ | ᠠᠯᠠᠰᠢᠨ ᠦᠭᠡᠷ ᠠᠯᠠᠰᠢᠨ ᠬᠤᠨᠢ ᠶᠢ ᠡᠭᠦᠯᠳᠡᠷ ᠰᠠᠶᠢᠵᠢᠷᠠᠭᠤᠯᠬᠤ ᠶᠢ ᠳᠤᠪᠤᠶᠢᠮ᠎ᠠ ᠰᠠᠶᠢᠲᠦᠷ ᠠᠳᠬᠤᠵᠦ᠂ ᠡᠭᠦᠯᠳᠡᠷ | ᠰᠠᠶᠢᠵᠢᠷᠠᠭᠤᠯᠬᠤ ᠦᠷᠳᠡᠭᠡ ᠴᠢᠭ᠋ 50 ᠶᠢ ᠰᠡᠯᠪᠢᠨ ᠵᠠᠰᠠᠬᠤ ᠪᠠ ᠰᠢᠨ᠎ᠡ ᠪᠠᠷ ᠪᠠᠶᠢᠭᠤᠯᠵᠦ᠂ ᠬᠠᠰᠢᠶ᠎ᠠ ᠰᠠᠷᠠᠪᠴᠢ ᠶᠢ | 4 ᠲᠦᠮᠡᠨ ᠳᠡᠭᠰᠢ ᠲᠦᠷᠪᠡᠯᠵᠢᠨ ᠮᠧᠳ᠋ᠷ᠂ ᠡᠯ᠎ᠡ ᠲᠦᠷᠦᠯ ᠤᠨ ᠡᠪᠡᠰᠦ ᠨᠦᠭᠡᠴᠡᠯᠡᠬᠦ ᠳᠠᠯᠠᠪᠤᠷ ᠢ 1.4 ᠲᠦᠮᠡᠨ | ᠳᠡᠭᠰᠢ ᠲᠦᠷᠪᠡᠯᠵᠢᠨ ᠮᠧᠳ᠋ᠷ ᠰᠢᠨ᠎ᠡ ᠪᠠᠷ ᠪᠠᠷᠢᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠪᠠᠶᠢᠴᠠᠭᠠᠯᠳᠠ ᠪᠠ ᠠᠹᠷᠢᠺᠠ | ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠦ᠂ ᠮᠠᠯ ᠤᠨ ᠪᠠᠶᠢᠭ᠎ᠠ | ᠲᠤᠭ᠎ᠠ᠂ ᠬᠤᠳᠠᠯᠲᠤᠬᠤ ᠲᠤᠭ᠎ᠠ ᠶᠢᠨ ᠲᠤᠭᠲᠠᠭᠤᠨ ᠪᠠᠶᠢᠬᠤ ᠶᠢ ᠪᠠᠲᠤᠯᠠᠨ᠎ᠠ᠃ ᠮᠠᠯ ᠠᠵᠦ ᠠᠬᠤᠢ ᠲᠠᠷᠢᠶᠠᠯᠠᠩ ᠤᠨ | ᠭᠠᠷᠤᠯᠳᠠ ᠶᠢᠨ ᠤᠷᠤᠨ ᠤ ᠤᠷᠴᠢᠨ ᠲᠤᠭᠤᠷᠢᠨ ᠢ ᠴᠡᠪᠡᠷᠰᠢᠭᠦᠯᠬᠦ ᠠᠵᠢᠯᠯᠠᠭ᠎ᠠ ᠪᠠ ᠮᠠᠯ ᠲᠠᠷᠢᠶᠠᠯᠠᠩ ᠤᠨ | ᠪᠦᠲᠦᠭᠡᠭᠳᠡᠭᠦᠨ ᠤ ᠪᠠᠷᠢᠮᠵᠢᠶ᠎ᠠ ᠶᠢᠨ ᠲᠤᠭᠲᠠᠯᠴᠠᠭ᠎ᠠ᠂ ᠶᠠᠰᠦ ᠴᠢᠨᠠᠷ ᠤᠨ ᠠᠮᠦᠷ ᠲᠦᠪᠰᠢᠨ ᠢ ᠨᠡᠭᠡᠮᠵᠢᠯᠡᠨ | ᠪᠠᠶᠢᠴᠠᠭᠠᠬᠤ ᠲᠤᠭᠲᠠᠯᠴᠠᠭ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠦᠷᠨᠢᠭᠦᠯᠵᠦ᠂ ᠮᠠᠯ ᠲᠠᠷᠢᠶᠠᠯᠠᠩ ᠤᠨ ᠴᠢᠨᠠᠷ | ᠰᠠᠶᠢᠲᠠᠢ ᠪᠤᠬᠢᠷᠲᠦᠯ ᠦᠬᠡᠢ ᠪᠦᠲᠦᠭᠡᠭᠳᠡᠭᠦᠨ ᠤ ᠬᠠᠩᠭᠠᠯᠭ᠎ᠠ ᠶᠢ ᠪᠦᠲᠦᠮᠵᠢᠲᠠᠢ ᠨᠡᠮᠡᠭᠳᠡᠭᠦᠯᠦᠨ᠎ᠡ᠃ ᠮᠠᠯᠴᠢᠨ | ᠲᠠᠷᠢᠶᠠᠴᠢᠨ ᠤ ᠳᠤᠰᠬᠠᠢ ᠬᠤᠷᠰᠢᠶ᠎ᠠ ᠶᠢ ᠮᠠᠭᠠᠳᠯᠠᠨ ᠲᠤᠭᠲᠠᠭᠠᠬᠤ ᠠᠵᠢᠯ ᠢ ᠴᠢᠩᠭ᠎ᠠ ᠰᠠᠶᠢᠲᠦᠷ ᠬᠢᠵᠦ᠂ | ᠲᠦᠬᠦᠭᠡᠷᠦᠮᠵᠢᠲᠦ ᠲᠠᠷᠢᠶᠠᠯᠠᠩ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ᠂ ᠪᠠᠷᠢᠮᠵᠢᠶᠠᠵᠢᠭᠰᠠᠨ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠳᠠᠯᠠᠪᠠᠢ᠂ ᠰᠢᠨ᠎ᠡ ᠡᠭᠦᠯᠳᠡᠷ ᠢ ᠲᠦᠭᠡᠮᠡᠯᠵᠢᠭᠦᠯᠬᠦ ᠵᠡᠷᠭᠡ ᠮᠠᠯ ᠠᠵᠦ ᠠᠬᠤᠢ | ᠲᠠᠷᠢᠶᠠᠯᠠᠩ ᠳᠤ ᠬᠤᠯᠪᠤᠭᠳᠠᠭᠰᠠᠨ ᠲᠦᠷᠦᠯ ᠵᠦᠢᠯ ᠪᠠ ᠪᠡᠯᠡ ᠮᠦᠩᠭᠦ ᠶᠢ ᠢᠳᠡᠪᠭᠢᠲᠠᠢ ᠲᠡᠮᠡᠴᠡᠨ ᠤᠯᠬᠤ ᠪᠠ ᠳᠠᠳᠠᠨ | ᠤᠷᠤᠭᠤᠯᠵᠦ᠂ ᠮᠠᠯ ᠠᠵᠦ ᠠᠬᠤᠢ ᠲᠠᠷᠢᠶᠠᠯᠠᠩ ᠤᠨ ᠲᠤᠯᠤᠭᠠᠶᠢᠯᠠᠭᠴᠢ ᠠᠵᠦ ᠠᠬᠤᠶᠢᠯᠠᠯ᠂ ᠭᠡᠷ ᠪᠦᠯᠢ ᠶᠢᠨ ᠮᠠᠯᠵᠢᠯ | ᠲᠠᠷᠢᠶᠠᠯᠠᠩ ᠤᠨ ᠳᠠᠯᠠᠪᠠᠢ᠂ ᠲᠠᠷᠢᠵᠦ ᠲᠡᠵᠢᠭᠡᠬᠦ ᠳᠤᠮᠤ ᠡᠷᠦᠬᠡ ᠵᠡᠷᠭᠡ ᠤᠶᠢᠯᠡᠳᠪᠦᠷᠢᠯᠡᠯ ᠡᠵᠡᠩᠨᠡᠯᠳᠡ ᠶᠢᠨ ᠭᠤᠤᠯ | ᠴᠤᠭᠴᠠ ᠶᠢᠨ ᠪᠤᠵᠠᠭᠠᠶᠢᠷᠠᠨ ᠬᠦᠴᠦᠷᠭᠡᠭᠵᠢᠬᠦ ᠶᠢ ᠴᠢᠷᠮᠡᠶᠢᠨ ᠳᠡᠮᠵᠢᠵᠦ᠂ ᠮᠠᠯᠴᠢᠨ ᠲᠠᠷᠢᠶᠠᠴᠢᠨ ᠤ ᠠᠵᠦ | ᠤᠶᠢᠯᠡᠰ ᠤᠨ ᠬᠡᠯᠬᠢᠶᠡᠰᠦ ᠠᠴᠠ ᠦᠨᠡᠩᠬᠦ ᠠᠰᠢᠭ ᠤᠯᠵᠦ᠂ ᠪᠤᠳᠠᠲᠠᠢ ᠬᠠᠷᠠᠭᠠᠯᠵᠠᠯ ᠬᠦᠷᠳᠡᠬᠦ ᠶᠢ ᠪᠠᠲᠤᠯᠠᠨ᠎ᠠ᠃ | ᠠᠵᠦ ᠤᠶᠢᠯᠡᠳᠪᠦᠷᠢ ᠶᠢᠨ ᠠᠵᠦ ᠠᠬᠤᠢ ᠶᠢᠨ ᠶᠠᠰᠦ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ | ᠨᠡᠮᠡᠭᠳᠡᠭᠦᠯᠬᠦ ᠶᠢ ᠲᠦᠷᠭᠡᠨ ᠠᠬᠢᠭᠤᠯᠤᠨ᠎ᠠ᠃ ᠪᠦᠬᠦ ᠬᠤᠳᠠ ᠶᠢᠨ ︽ᠠᠵᠦ ᠤᠶᠢᠯᠡᠳᠪᠦᠷᠢ ᠶᠢᠨ ᠠᠵᠦ ᠠᠬᠤᠢ ᠶᠢ | ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠨᠡᠭᠦᠷᠡᠰᠦ ᠬᠢᠮᠢ ᠶᠢᠨ ᠠᠵᠦ | ᠤᠶᠢᠯᠡᠳᠪᠦᠷᠢ ᠶᠢᠨ ᠠᠵᠦ ᠤᠶᠢᠯᠡᠰ ᠤᠨ ᠬᠡᠯᠭᠢᠶᠡᠰᠦ ᠶᠢ ᠤᠷᠲᠤᠳᠬᠠᠨ ᠬᠡᠯᠬᠢᠶᠡᠰᠦ ᠶᠢ ᠨᠦᠬᠦᠪᠦᠷᠢᠯᠡᠬᠦ᠂ | ᠲᠦᠪᠯᠡᠷᠡᠩᠭᠦᠢ ᠡᠷᠭᠢᠯᠳᠡᠲᠦ ᠭᠦᠭᠵᠢᠯᠳᠡ ᠶᠢᠨ ᠲᠤᠭᠤᠷᠢᠨ ᠳᠤ᠂ ᠳ᠋ᠠ ᠲᠠᠩ ᠨᠡᠭᠦᠷᠡᠰᠦ ᠶᠢ ᠬᠡᠶᠢᠵᠢᠭᠦᠯᠬᠦ II | ᠰᠢᠷᠢᠰ ᠤᠨ ᠠᠵᠢᠯ ᠢᠶᠠᠨ ᠰᠡᠷᠭᠦᠬᠡᠨ ᠦᠷᠭᠦᠯᠵᠢᠯᠡᠨ ᠪᠠᠶᠢᠭᠤᠯᠬᠤ᠂ ᠵᠢᠯ ᠤᠨ ᠭᠠᠷᠭᠠᠯᠳᠠ ᠨᠢ 80 ᠲᠦᠮᠡᠨ ᠲᠤᠨ ᠤ | ᠮᠧᠲ᠋ᠢᠯ ᠠᠯᠺᠤᠤᠯ ᠪᠠ 40 ᠲᠦᠮᠡᠨ ᠲᠤᠨ ᠤ ᠡᠲ᠋ᠠᠨᠲᠢᠦᠯ ᠤᠨ ᠲᠦᠷᠦᠯ ᠵᠦᠢᠯ ᠢ ᠪᠠᠷᠢᠯᠭ᠎ᠠ ᠡᠭᠢᠯᠡᠭᠦᠯᠦᠨ ᠪᠦᠲᠦᠭᠡᠨ | ᠪᠠᠶᠢᠭᠤᠯᠬᠤ ᠶᠢ ᠬᠦᠴᠦᠲᠠᠢ ᠠᠬᠢᠭᠤᠯᠵᠦ᠂ ᠳᠤᠮᠳᠠᠲᠦ ᠤᠯᠤᠰ ᠤᠨ ᠳᠠᠯᠠᠢ ᠶᠢᠨ ᠴᠢᠯᠠᠭᠤᠨ ᠳᠤᠰᠦ ᠶᠢᠨ ᠵᠢᠯ ᠤᠨ | ᠭᠠᠷᠤᠯᠳᠠ ᠨᠢ 10 ᠲᠦᠮᠡᠨ ᠲᠤᠨ ᠤ LNG᠂ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ 15 | ᠲᠦᠮᠡᠨ ᠲᠤᠨ ᠤ ᠬᠡᠤᠳᠡᠰᠦᠨ ᠳᠤ ᠤᠰᠤᠲᠦ᠋ᠷᠦᠭᠴᠢ ᠨᠡᠮᠡᠬᠦ ᠬᠤᠶᠠᠲᠤᠭᠠᠷ ᠬᠤᠭᠤᠴᠠᠭᠠᠨ ᠤ ᠴᠢᠳᠠᠮᠵᠢ ᠪᠠᠨ | ᠦᠷᠭᠡᠳᠬᠡᠬᠦ᠂ 2 ᠲᠦᠮᠡᠨ ᠲᠤᠨ ᠤ ᠢᠳᠡᠪᠬᠢ ᠬᠡᠤᠳᠡᠰᠦ ᠶᠢᠨ ᠲᠦᠷᠦᠯ ᠵᠦᠢᠯ ᠢ ᠡᠭᠢᠯᠡᠨ ᠬᠡᠷᠡᠭᠵᠢᠬᠦᠯᠦᠨ᠎ᠡ᠃ | ᠦᠩᠭᠡᠲᠦ ᠳᠡᠮᠦᠷᠯᠢᠭ ᠤᠨ ᠬᠠᠳᠠᠭᠠᠯᠠᠭᠳᠠᠴᠠ ᠶᠢ ᠨᠡᠮᠡᠭᠳᠡᠭᠦᠯᠦᠨ ᠴᠢᠳᠠᠮᠵᠢ ᠶᠢ ᠦᠷᠭᠡᠳᠬᠡᠬᠦ᠂ ᠪᠤᠬᠢᠷᠲᠦᠯ ᠦᠬᠡᠢ | ᠦᠨᠲᠦᠷ ᠦᠷ᠎ᠡ ᠠᠰᠢᠭᠲᠤ ᠬᠦᠭᠵᠢᠯᠳᠡ ᠶᠢᠨ ᠲᠤᠭᠤᠷᠢᠨ ᠳᠤ᠂ ᠪᠠᠶᠢᠭᠤᠯᠵᠦ ᠳᠠᠭᠤᠰᠬᠠᠨ ᠤᠶᠢᠯᠡᠳᠪᠦᠷᠢᠯᠡᠯ ᠢ | ᠡᠭᠢᠯᠡᠭᠦᠯᠬᠦ᠂ ᠮᠡᠷᠭᠡᠵᠢᠯ ᠢ ᠦᠭᠡᠷᠡᠴᠢᠯᠡᠨ ᠴᠢᠳᠠᠮᠵᠢ ᠶᠢ ᠦᠷᠭᠡᠳᠬᠡᠬᠦ᠂ ᠨᠡᠶᠢᠯᠡᠭᠦᠯᠦᠨ ᠳᠠᠭᠢᠨ ᠵᠤᠭᠢᠶᠠᠨ ᠪᠠᠶᠢᠭᠤᠯᠬᠤ | ᠵᠡᠷᠭᠡ ᠭᠤᠷᠪᠠᠨ ᠨᠢᠭᠡ ᠪᠦᠯᠦᠭ ᠤᠨ ᠠᠵᠢᠯᠯᠠᠭᠠᠨ ᠤ ᠲᠦᠯᠦᠪᠯᠡᠭᠡ ᠶᠢ ᠨᠠᠶᠢᠳᠠᠪᠤᠷᠢᠵᠢᠭᠤᠯᠵᠦ᠂ ᠤᠯᠢᠶᠠᠰᠦᠲᠠᠢ ᠶᠢᠨ | ᠯᠢᠲ᠋ᠢ ᠴᠠᠭᠠᠨ ᠲᠤᠭᠤᠯᠭ᠎ᠠ ᠵᠡᠷᠭᠡ 8 ᠬᠦᠳᠡᠷ ᠰᠤᠩᠭᠤᠬᠤ ᠲᠦᠷᠦᠯ ᠵᠦᠢᠯ ᠤᠨ ᠪᠠᠷᠢᠯᠭ᠎ᠠ ᠡᠭᠢᠯᠡᠨ ᠪᠦᠲᠦᠭᠡᠨ | ᠪᠠᠶᠢᠭᠤᠯᠬᠤ ᠶᠢ ᠬᠦᠴᠦᠲᠠᠢ ᠠᠭᠢᠭᠤᠯᠵᠦ᠂ ᠺᠠᠢ ᠶᠤᠸᠠᠨ᠂ ᠶᠢᠨ ᠰᠢᠩ᠂ ᠰᠢᠨ ᠢᠦᠢ ᠠᠭᠤᠷᠬᠠᠢ ᠶᠢᠨ ᠤᠶᠢᠯᠡᠰ ᠪᠠ | ᠬᠢᠩᠭᠠᠨ ᠤ ᠮᠦᠩᠬᠦ ᠬᠠᠷ᠎ᠠ ᠲᠤᠭᠤᠯᠭ᠎ᠠ ᠪᠤᠯᠪᠠᠰᠦᠷᠠᠭᠤᠯᠬᠤ ᠵᠡᠷᠭᠡ 6 ᠲᠦᠷᠦᠯ ᠵᠦᠢᠯ ᠢ ᠪᠠᠶᠢᠭᠤᠯᠵᠦ ᠳᠠᠭᠤᠰᠬᠠᠨ | ᠤᠶᠢᠯᠡᠳᠪᠦᠷᠢᠯᠡᠯ ᠢ ᠡᠭᠢᠯᠡᠭᠦᠯᠵᠦ᠂ ᠳᠠᠷᠢ ᠶᠢᠨ ᠳᠠᠪᠠᠭ᠎ᠠ᠂ ᠢᠩᠲᠦ᠂ ᠶᠢᠨ ᠳ᠋ᠦ᠋᠂ ᠳ᠋ᠡ ᠹᠠ ᠠᠭᠤᠷᠬᠠᠢ ᠶᠢᠨ | ᠤᠶᠢᠯᠡᠰ ᠤᠨ 4 ᠲᠦᠷᠦᠯ ᠵᠦᠢᠯ ᠢ ᠨᠡᠶᠢᠯᠡᠭᠦᠯᠦᠨ ᠳᠠᠬᠢᠨ ᠵᠤᠬᠢᠶᠠᠨ ᠪᠠᠶᠢᠭᠤᠯᠬᠤ ᠶᠢ ᠪᠠᠲᠤᠯᠠᠨ᠎ᠠ᠃ ᠴᠡᠪᠡᠷ | ᠡᠨᠧᠷᠬᠢ ᠶᠢᠨ ᠬᠡᠪᠴᠢᠶ᠎ᠡ ᠶᠢ ᠦᠷᠭᠡᠳᠬᠡᠬᠦ᠂ ᠬᠠᠷᠢᠯᠴᠠᠨ ᠨᠦᠬᠦᠪᠦᠷᠢᠯᠡᠬᠦ ᠬᠦᠭᠵᠢᠯᠳᠡ ᠶᠢᠨ ᠲᠤᠭᠤᠷᠢᠨ ᠳᠤ ᡁᠢ | ᠿᠦᠢ ᠶᠢᠨ 4 × 30 ᠲᠦᠮᠡᠨ ᠺᠢᠯᠤᠸᠠᠲ ᠤᠨ ᠤᠰᠦ ᠳᠠᠳᠠᠵᠦ ᠡᠨᠧᠷᠬᠢ ᠬᠠᠳᠠᠭᠠᠯᠠᠬᠤ ᠴᠠᠭᠢᠯᠭᠠᠨ ᠦᠷᠳᠡᠭᠡ ᠶᠢᠨ | ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠨ ᠠᠭᠢᠭᠤᠯᠵᠦ᠂ ᠮᠢᠩ ᠶᠠᠩ ᠤᠨ 20 ᠲᠦᠮᠡᠨ | ᠺᠢᠯᠤᠸᠠᠲ᠂ ᠵᠢᠩ ᠴᠧᠩ ᠰᠢᠨ᠎ᠡ ᠡᠨᠧᠷᠬᠢ ᠶᠢᠨ 5 ᠲᠦᠮᠡᠨ ᠺᠢᠯᠤᠸᠠᠲ ᠪᠠ ᠨᠧᠩ ᠿᠦᠢ ᠰᠢᠨ᠎ᠡ ᠡᠨᠧᠷᠬᠢ ᠶᠢᠨ 3. | 7 ᠰᠠᠶ᠎ᠠ ᠸᠠᠲ ᠤᠨ ᠲᠠᠷᠠᠬᠠᠢ ᠬᠡᠯᠪᠡᠷᠢ ᠶᠢᠨ ᠰᠠᠯᠭᠢᠨ ᠴᠠᠭᠢᠯᠭᠠᠨ ᠤ ᠨᠡᠭᠡᠭᠡᠯᠳᠡ ᠶᠢᠨ ᠲᠦᠷᠦᠯ ᠵᠦᠢᠯ ᠢ ᠡᠭᠢᠯᠡᠨ | ᠭᠡᠷᠡᠭᠵᠢᠬᠦᠯᠵᠦ᠂ ᠯᠥᠩ ᠺᠧᠦ᠂ ᠰᠢᠶᠠᠩ ᠱᠦᠢ ᠴᠠᠭᠢᠯᠭᠠᠨ ᠦᠷᠳᠡᠭᠡ ᠶᠢᠨ ᠦᠷ᠎ᠡ ᠠᠰᠢᠭ ᠢ ᠨᠡᠮᠡᠭᠳᠡᠭᠦᠯᠦᠨ | ᠪᠠᠭᠳᠠᠭᠠᠮᠵᠢ ᠶᠢ ᠦᠷᠭᠡᠳᠬᠡᠬᠦ ᠦᠭᠡᠷᠡᠴᠢᠯᠡᠯᠳᠡ ᠶᠢᠨ ᠢᠨᠵᠧᠨᠧᠷᠢᠩ ᠢ ᠪᠡᠶᠡᠯᠡᠭᠦᠯᠬᠦ ᠶᠢ ᠪᠠᠲᠤᠯᠠᠨ᠎ᠠ᠃ ᠢᠳᠡᠭᠡᠨ ᠤ | ᠵᠦᠢᠯ ᠪᠤᠯᠪᠠᠰᠦᠷᠠᠭᠤᠯᠬᠤ ᠤᠶᠢᠯᠡᠰ ᠤᠨ ᠲᠤᠳᠠᠭᠳᠠᠯ ᠢ ᠨᠦᠬᠦᠪᠦᠷᠢᠯᠡᠨ᠂ ᠳᠡᠭᠡᠲᠦ ᠳᠡᠰ ᠢᠶᠠᠷ ᠭᠦᠭᠵᠢᠬᠦᠯᠬᠦ | ᠲᠤᠭᠤᠷᠢᠨ ᠳᠤ᠂ ᠰᠢᠤᠸᠠᠢ ᠴᠤᠸᠠᠨ ᠲᠦᠮᠦᠰᠦ ᠲᠠᠷᠢᠬᠤ ᠵᠢᠴᠢ 20 ᠲᠦᠮᠡᠨ ᠲᠤᠨ ᠤ ᠲᠦᠮᠦᠰᠦ ᠶᠢᠨ ᠵᠤᠷᠪᠤᠰ | ᠪᠤᠯᠪᠠᠰᠦᠷᠠᠭᠤᠯᠬᠤ ᠠᠵᠦ ᠤᠶᠢᠯᠡᠰᠵᠢᠭᠰᠡᠨ ᠲᠦᠷᠦᠯ ᠵᠦᠢᠯ ᠢ ᠪᠠᠶᠢᠭᠤᠯᠤᠨ ᠤᠶᠢᠯᠡᠳᠪᠦᠷᠢᠯᠡᠯ ᠢ ᠡᠭᠢᠯᠡᠭᠦᠯᠵᠦ᠂ | ᠦᠬᠡᠷ ᠬᠤᠨᠢᠨ ᠮᠢᠬ᠎ᠠ᠂ ᠢᠳᠡᠰᠢᠨ ᠨᠤᠭᠤᠭ᠎ᠠ᠂ ᠬᠢᠳᠠᠳ ᠡᠪᠡᠰᠦᠨ ᠡᠮ ᠪᠤᠯᠪᠠᠰᠦᠷᠠᠭᠤᠯᠬᠤ ᠲᠦᠷᠦᠯ ᠵᠦᠢᠯ ᠢ | ᠳᠠᠳᠠᠨ ᠤᠷᠤᠭᠤᠯᠬᠤ ᠶᠢ ᠢᠳᠡᠪᠬᠢᠲᠠᠢ ᠡᠷᠢᠯᠭᠢᠯᠡᠵᠦ᠂ ᠪᠠᠭ᠎ᠠ ᠵᠢᠵᠢᠭ ᠢᠳᠡᠭᠡᠨ ᠤ ᠵᠦᠢᠯ ᠪᠤᠯᠪᠠᠰᠦᠷᠠᠭᠤᠯᠬᠤ | ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢᠨ ᠬᠡᠷᠡᠭᠵᠢᠭᠦᠯᠦᠯᠳᠡ ᠶᠢ ᠳᠠᠭᠠᠵᠦ᠂ ᠢᠳᠡᠭᠡᠨ ᠤ ᠵᠦᠢᠯ | ᠪᠤᠯᠪᠠᠰᠦᠷᠠᠭᠤᠯᠬᠤ ᠲᠦᠷᠦᠯ ᠤᠨ ᠠᠵᠦ ᠠᠬᠤᠶᠢᠯᠠᠯ ᠢ ᠬᠦᠷᠢᠶᠡᠯᠡᠩ ᠳᠤ ᠤᠷᠤᠬᠤ ᠶᠢ ᠢᠵᠢᠯ ᠠᠯᠬᠤᠮ ᠢᠶᠠᠷ | ᠤᠲᠤᠷᠢᠲᠤᠨ ᠳᠠᠭᠠᠭᠤᠯᠤᠨ᠎ᠠ᠃ ᠠᠵᠦ ᠤᠶᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠰᠠᠭᠤᠷᠢ | ᠲᠦᠭᠦᠭᠡᠷᠦᠮᠵᠢ ᠶᠢ ᠳᠡᠭᠦᠯᠳᠡᠷᠵᠢᠭᠦᠯᠬᠦ ᠶᠢ ᠪᠠᠲᠤᠯᠠᠵᠦ᠂ ᠳᠤᠮᠳᠠ ᠪᠠᠭ᠎ᠠ ᠠᠵᠦ ᠠᠬᠤᠶᠢᠯᠠᠯ ᠤᠨ ᠤᠶᠢᠯᠡᠰ ᠪᠤᠰᠬᠠᠬᠤ | ᠬᠦᠷᠢᠶᠡᠯᠡᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠡᠭᠢᠯᠡᠨ ᠪᠠᠶᠢᠭᠤᠯᠵᠦ᠂ ᠬᠡᠰᠢᠭᠲᠡᠨ ᠤ | ᠡᠷᠭᠢᠯᠳᠡᠲᠦ ᠠᠵᠦ ᠠᠬᠤᠢ ᠶᠢᠨ ᠠᠵᠦ ᠤᠶᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠳᠡᠰ ᠳᠡᠪᠰᠢᠭᠦᠯᠬᠦ ᠠᠵᠢᠯ ᠢ | ᠪᠦᠬᠦ ᠲᠠᠯ᠎ᠠ ᠪᠠᠷ ᠡᠭᠢᠯᠡᠭᠦᠯᠦᠨ᠎ᠡ᠃ | ᠤᠲᠤ ᠦᠶ᠎ᠡ ᠶᠢᠨ ᠤᠶᠢᠯᠡᠴᠢᠯᠡᠭᠡᠨ ᠤ ᠤᠶᠢᠯᠡᠰ ᠢ ᠳᠡᠰ ᠳᠡᠪᠰᠢᠭᠦᠯᠬᠦ ᠶᠢ ᠲᠦᠷᠭᠡᠨ ᠠᠬᠢᠭᠤᠯᠤᠨ᠎ᠠ᠃ ︽ | ᠦᠪᠦᠷ ᠮᠤᠩᠭᠤᠯ ᠤᠨ ᠵᠢᠭᠤᠯᠴᠢᠯᠠᠯ ᠤᠨ ᠨᠢᠭᠡᠲᠦᠭᠡᠷ ᠬᠤᠰᠢᠭᠤ︾ ᠶᠢᠨ ᠪᠠᠶᠢᠯᠲᠤᠬᠤ ᠪᠤᠲᠤᠯᠭ᠎ᠠ ᠶᠢᠨ ᠬᠠᠷᠠᠯᠳᠠ ᠶᠢ | ᠡᠭᠦᠳᠬᠦ ᠲᠤᠭᠤᠷᠢᠨ ᠳᠤ᠂ ᠪᠦᠬᠦ ᠬᠤᠰᠢᠭᠤᠨ ᠤ ᠵᠢᠭᠤᠯᠴᠢᠯᠠᠯ ᠤᠨ ᠭᠦᠭᠵᠢᠭᠦᠯᠦᠯᠳᠡ ᠶᠢᠨ ᠶᠡᠷᠦᠩᠬᠡᠢ | ᠲᠦᠯᠦᠪᠵᠢᠭᠦᠯᠭᠡ ᠪᠠ ᠬᠢᠵᠠᠭᠠᠷᠯᠠᠬᠤ ᠴᠢᠨᠠᠷᠲᠠᠢ ᠨᠠᠷᠢᠨ ᠲᠦᠯᠦᠪᠵᠢᠭᠦᠯᠭᠡ ᠶᠢ ᠦᠨᠲᠦᠷ ᠪᠠᠷᠢᠮᠵᠢᠶ᠎ᠠ ᠪᠠᠷ | ᠨᠠᠶᠢᠷᠠᠭᠤᠯᠤᠨ ᠵᠤᠬᠢᠶᠠᠨ᠎ᠠ᠃ ᠠᠰᠠᠭᠲᠤ ᠶᠢᠨ ᠴᠢᠯᠠᠭᠤᠨ ᠰᠢᠭᠤᠢ ᠶᠢᠨ ᠤᠯᠤᠰ ᠤᠨ 5A ᠳᠡᠰ ᠤᠨ ᠦᠵᠡᠮᠵᠢ ᠶᠢᠨ | ᠤᠷᠤᠨ ᠤ ᠨᠡᠷᠡᠲᠦ ᠳᠡᠮᠳᠡᠭ ᠢ ᠪᠠᠲᠤᠳᠬᠠᠨ ᠳᠡᠭᠡᠭᠰᠢᠯᠡᠭᠦᠯᠵᠦ᠂ ᠤᠯᠤᠰ ᠤᠨ 5A ᠳᠡᠰ ᠤᠨ ᠦᠵᠡᠮᠵᠢ ᠶᠢᠨ | ᠤᠷᠤᠨ ᠤ ᠡᠨᠡᠬᠦ ︽ᠠᠯᠳᠠᠨ︾ ᠦᠰᠦᠭᠲᠦ ᠫᠠᠶᠢᠰᠠ ᠶᠢ ᠰᠠᠶᠢᠲᠦᠷ ᠬᠠᠮᠠᠭᠠᠯᠠᠵᠤ ᠰᠠᠶᠢᠲᠦᠷ ᠠᠰᠢᠭᠯᠠᠬᠤ ᠶᠢ | ᠪᠠᠷᠢᠮᠲᠠᠯᠠᠨ᠎ᠠ᠃ ᠵᠤᠬᠢᠶᠠᠨ ᠪᠠᠶᠢᠭᠤᠯᠤᠯᠳᠠ ᠶᠢᠨ ᠪᠠᠲᠤᠯᠠᠭ᠎ᠠ᠂ ᠲᠦᠷᠦ ᠶᠢᠨ ᠪᠤᠲᠤᠯᠭ᠎ᠠ ᠶᠢᠨ ᠳᠡᠮᠵᠢᠯᠭᠡ᠂ ᠪᠡᠯᠡ | ᠮᠦᠩᠭᠦ ᠶᠢ ᠲᠦᠭᠦᠷᠵᠢᠭᠦᠯᠬᠦ ᠪᠠ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠦ᠂ ᠤᠯᠤᠰ ᠤᠨ ᠪᠦᠬᠦ ᠤᠷᠤᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠲᠤᠭᠤᠷᠢᠭ ᠢ ᠴᠤᠭᠴᠠᠯᠠᠬᠤ ᠠᠵᠢᠯ ᠤᠨ ᠬᠢᠨᠠᠨ ᠰᠢᠯᠭᠠᠯᠳᠠ ᠶᠢ ᠦᠩᠭᠡᠷᠡᠭᠡᠬᠦ ᠶᠢ ᠪᠠᠲᠤᠯᠠᠨ᠎ᠠ᠃ ᠤᠯᠠᠭᠠᠨᠪᠤᠲᠤᠩ ᠤᠨ | ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠰᠡᠯᠡᠭᠦᠴᠡᠯ ᠤᠨ ᠲᠤᠭᠤᠷᠢᠭ ᠤᠨ ᠰᠠᠭᠤᠷᠢ ᠲᠦᠭᠦᠭᠡᠷᠦᠮᠵᠢ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠤᠯᠠᠭᠠᠨᠪᠤᠲᠤᠩ ᠠᠴᠠ ᠭᠠᠯᠳᠠᠰᠦᠲᠠᠢ ᠷᠠᠰᠢᠶᠠᠨ ᠬᠦᠷᠬᠦ 365 ᠺᠢᠯᠤᠮᠧᠳ᠋ᠷ ᠤᠨ | ᠦᠪᠦᠷ ᠮᠤᠩᠭᠤᠯ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠳᠠᠷᠳᠠᠩ ᠵᠠᠮ — — ᠬᠡᠰᠢᠭᠲᠡᠨ ᠤ ᠦᠵᠡᠮᠵᠢᠲᠦ | ᠵᠠᠮ ᠤᠨ ᠪᠦᠲᠦᠭᠡᠨ ᠪᠠᠶᠢᠭᠤᠯᠤᠯᠳᠠ ᠶᠢ ᠡᠭᠢᠯᠡᠨ ᠬᠡᠷᠡᠭᠵᠢᠬᠦᠯᠵᠦ᠂ ᠦᠪᠡᠷᠲᠡᠭᠡᠨ ᠳᠡᠷᠭᠡ ᠵᠢᠯᠤᠭᠤᠲᠤᠨ ᠵᠢᠭᠤᠯᠴᠢᠯᠠᠬᠤ | ᠬᠠᠮᠤᠭ ᠰᠠᠶᠢᠬᠠᠨ ᠵᠠᠮ ᠱᠤᠭᠤᠮ ᠢ ᠡᠭᠦᠲᠦᠨ ᠪᠠᠶᠢᠭᠤᠯᠵᠦ᠂ ᠤᠯᠠᠭᠠᠨᠪᠤᠲᠤᠩ ᠤᠨ ᠤᠯᠤᠰ ᠤᠨ ᠳᠡᠰ ᠤᠨ | ᠵᠢᠭᠤᠯᠴᠢᠯᠠᠯ ᠰᠡᠯᠡᠭᠦᠴᠡᠯ ᠤᠨ ᠲᠤᠭᠤᠷᠢᠭ ᠢ ᠴᠤᠭᠴᠠᠯᠠᠬᠤ ᠶᠢ ᠳᠡᠮᠵᠢᠨ᠎ᠡ᠃ ᠳᠠᠯᠠᠢ ᠨᠠᠭᠤᠷ᠂ ᠪᠠᠶ᠋ᠬᠠᠤᠪᠤᠭ᠎ᠠ᠂ | ᠬᠤᠰᠦᠲᠦ ᠬᠦᠷᠢᠶ᠎ᠡ᠂ ᠬᠤᠩᠭᠤ ᠶᠢᠨ ᠳᠠᠪᠠᠭ᠎ᠠ᠂ ᠠᠪᠳᠠᠷᠠᠲᠦ ᠵᠡᠷᠭᠡ ᠦᠵᠡᠮᠵᠢ ᠶᠢᠨ ᠤᠷᠤᠨ ᠤ ᠡᠵᠡᠩᠨᠡᠯᠳᠡ ᠶᠢᠨ | ᠬᠡᠯᠪᠡᠷᠢ ᠪᠠᠶᠠᠯᠢᠭ ᠪᠠ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠦᠭᠡᠷᠡᠴᠢᠯᠡᠯᠳᠡ ᠶᠢᠨ | ᠢᠨᠵᠧᠨᠧᠷᠢᠩ ᠢ ᠳᠤᠪᠤᠶᠢᠮ᠎ᠠ ᠰᠠᠶᠢᠲᠦᠷ ᠠᠳᠬᠤᠵᠦ᠂ ᠡᠾᠧᠪᠧᠢ ᠶᠢᠨ ᠿᠦᠩ ᠱᠧᠩ ᠪᠦᠯᠦᠭᠯᠡᠯ ᠤᠨ ᠪᠦᠬᠦᠨ ᠢ | ᠬᠠᠮᠤᠷᠤᠭᠰᠠᠨ ᠵᠢᠭᠤᠯᠴᠢᠯᠠᠯ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠲᠦᠷᠦᠯ ᠵᠦᠢᠯ ᠢ ᠰᠠᠭᠤᠷᠢᠰᠢᠭᠤᠯᠵᠤ ᠪᠠᠷᠢᠯᠭ᠎ᠠ | ᠡᠭᠢᠯᠡᠭᠦᠯᠬᠦ ᠶᠢ ᠠᠬᠢᠭᠤᠯᠤᠨ᠎ᠠ᠃ ᠪᠦᠲᠦᠭᠦᠨ ᠠᠭᠤᠯᠠ ᠶᠢᠨ ᠰᠠᠯᠬᠢᠨ ᠴᠠᠭᠢᠯᠭᠠᠨ ᠤ ᠵᠢᠭᠤᠯᠴᠢᠯᠠᠯ᠂ ᠰᠢᠷᠠᠮᠦ᠋ᠷᠡᠨ ᠤ | ᠭᠤᠤᠯ ᠰᠡᠲᠦᠪᠲᠦ ᠰᠤᠶᠤᠯ ᠵᠢᠭᠤᠯᠴᠢᠯᠠᠯ ᠤᠨ ᠲᠤᠭᠤᠷᠢᠭ᠂ ᠰᠠᠷᠭᠢ ᠶᠢᠨ ᠭᠤᠤᠯ ᠤᠨ ᠲᠠᠯ᠎ᠠ ᠨᠤᠲᠤᠭ ᠤᠨ ᠰᠤᠶᠤᠯ | ᠵᠢᠭᠤᠯᠴᠢᠯᠠᠯ ᠰᠡᠯᠡᠭᠦᠴᠡᠯ ᠤᠨ ᠲᠤᠰᠬᠤᠨ ᠵᠡᠷᠭᠡ ᠨᠢᠭᠡ ᠪᠦᠯᠦᠭ ᠲᠦᠷᠦᠯ ᠵᠦᠢᠯ ᠢ ᠲᠦᠷᠭᠡᠨ ᠪᠦᠲᠦᠭᠡᠨ | ᠪᠠᠶᠢᠭᠤᠯᠬᠤ ᠶᠢ ᠭᠤᠤᠯᠳᠠᠯᠭ᠎ᠠ ᠲᠠᠢ ᠠᠭᠢᠭᠤᠯᠵᠦ᠂ ᠨᠢᠭᠡ ᠪᠦᠯᠦᠭ ᠲᠠᠷᠢᠶᠠᠯᠠᠩ ᠤᠨ ᠡᠳ᠋ᠯᠡᠩ᠂ ᠰᠡᠯᠡᠭᠦᠴᠡᠯ ᠤᠨ | ᠮᠠᠯᠵᠢᠯ ᠤᠨ ᠳᠠᠯᠠᠪᠠᠢ᠂ ᠬᠦᠳᠡᠭᠡ ᠨᠤᠲᠤᠭ ᠤᠨ ᠶᠡᠷᠦᠩᠬᠡᠢ ᠴᠤᠭᠴᠠ ᠵᠡᠷᠭᠡ ᠬᠦᠳᠡᠭᠡ ᠲᠤᠰᠬᠤᠨ ᠤ ᠵᠢᠭᠤᠯᠴᠢᠯᠠᠯ ᠤᠨ | ᠲᠦᠷᠦᠯ ᠵᠦᠢᠯ ᠢ ᠲᠦᠯᠦᠪᠯᠡᠭᠡ ᠲᠠᠢ ᠬᠡᠷᠡᠭᠵᠢᠭᠦᠯᠵᠦ᠂ ᠬᠡᠰᠢᠭᠲᠡᠨ ᠬᠤᠰᠢᠭᠤᠨ ᠤ ᠪᠦᠬᠦ ᠤᠷᠤᠨ ᠬᠡᠪᠴᠢᠶᠡᠨ ᠤ | ᠵᠢᠭᠤᠯᠴᠢᠯᠠᠯ ᠤᠨ ᠭᠦᠭᠵᠢᠯᠳᠡ ᠶᠢᠨ ᠰᠢᠨ᠎ᠡ ᠪᠠᠶᠢᠳᠠᠯ ᠢ ᠴᠤᠭᠴᠠᠯᠠᠨ᠎ᠠ᠃ ᠨᠢᠭᠡ ᠭᠠᠷ ᠤᠳᠠᠰᠦ ᠪᠠᠷ ᠬᠡᠰᠢᠭᠲᠡᠨ | ᠬᠤᠰᠢᠭᠤᠨ ᠢᠶᠠᠷ ᠵᠢᠭᠤᠯᠴᠢᠯᠠᠬᠤ ᠲᠦᠷᠦᠯ ᠵᠦᠢᠯ ᠢ ᠪᠦᠬᠦ ᠲᠠᠯ᠎ᠠ ᠪᠠᠷ ᠡᠭᠢᠯᠡᠭᠦᠯᠵᠦ᠂ ᠤᠶᠤᠨᠴᠢ ᠵᠢᠭᠤᠯᠴᠢᠯᠠᠯ ᠢ | ᠢᠳᠡᠪᠬᠢᠲᠠᠢ ᠭᠦᠭᠵᠢᠭᠦᠯᠦᠨ᠎ᠡ᠃ ᠵᠢᠭᠤᠯᠴᠢᠯᠠᠯ ᠤᠨ ᠤᠬᠠᠭᠤᠯᠭ᠎ᠠ ᠡᠵᠡᠩᠨᠡᠨ ᠪᠤᠷᠤᠯᠠᠭᠤᠯᠭ᠎ᠠ ᠪᠠ ᠰᠤᠶᠤᠯ | ᠵᠢᠭᠤᠯᠴᠢᠯᠠᠯ ᠤᠨ ᠭᠤᠤᠯ ᠰᠡᠲᠦᠪᠲᠦ ᠠᠵᠢᠯᠯᠠᠭᠠᠨ ᠢ ᠰᠢᠨᠡᠳᠬᠡᠨ ᠰᠠᠶᠢᠲᠦᠷ ᠬᠢᠵᠦ᠂ ᠤᠯᠠᠭᠠᠨᠪᠤᠲᠤᠩ ᠲᠠᠯ᠎ᠠ | ᠨᠤᠲᠤᠭ ᠤᠨ ᠤᠯᠠᠨ ᠤᠯᠤᠰ ᠤᠨ ᠳᠠᠭᠤᠤ ᠬᠦᠭᠵᠢᠮ ᠤᠨ ᠤᠯᠠᠷᠢᠯ ᠤᠨ ᠠᠵᠢᠯᠯᠠᠭᠠᠨ ᠢ ᠪᠦᠬᠦ ᠬᠦᠴᠦᠨ ᠢᠶᠠᠷ | ᠰᠠᠶᠢᠲᠦᠷ ᠡᠷᠭᠢᠯᠡᠵᠦ᠂ ︽ᠪᠠᠷᠰ ᠬᠤᠳᠠ ᠶᠢᠨ ᠤᠶᠢᠮᠡᠭᠡᠨ︾ ᠤ ᠪᠤᠳᠠᠲᠦ ᠦᠵᠡᠮᠵᠢᠲᠦ ᠲᠤᠭᠯᠠᠯᠳᠠ ᠶᠢ ᠴᠢᠨᠠᠷ | ᠰᠠᠶᠢᠲᠠᠢ ᠤᠶᠢᠯᠡᠳᠴᠦ᠂ ᠮᠤᠩᠭᠤᠯ ᠶᠤᠸᠠᠨ ᠤ ᠰᠤᠶᠤᠯ᠂ ᠲᠠᠯ᠎ᠠ ᠨᠤᠲᠤᠭ ᠤᠨ ᠰᠤᠶᠤᠯ ᠢ ᠬᠦᠨᠵᠡᠭᠡᠢ | ᠠᠭᠤᠰᠤᠯᠴᠠᠭᠤᠯᠤᠭᠰᠠᠨ ᠦᠨᠲᠦᠰᠦᠲᠡᠨ ᠤ ᠤᠨᠴᠠᠯᠢᠭᠲᠤ ᠰᠤᠶᠤᠯ ᠵᠢᠭᠤᠯᠴᠢᠯᠠᠯ ᠤᠨ ᠨᠡᠷᠡᠲᠦ ᠳᠡᠮᠳᠡᠭ ᠢ ᠴᠢᠷᠮᠡᠶᠢᠨ | ᠡᠭᠦᠳᠴᠦ᠂ ᠵᠢᠭᠤᠯᠴᠢᠯᠠᠭᠰᠠᠳ ᠤᠨ ᠢᠷᠡᠯᠳᠡ ᠶᠢ ᠲᠦᠷᠪᠡᠨ ᠳᠠᠯᠠᠢ ᠳᠡᠰᠢ ᠦᠷᠭᠡᠳᠬᠡᠨ᠂ ᠵᠢᠭᠤᠯᠴᠢᠯᠠᠯ ᠢ ᠲᠦᠷᠪᠡᠨ | ᠤᠯᠠᠷᠢᠯ ᠳᠤ ᠬᠦᠭᠵᠢᠭᠡᠨᠲᠡᠢ ᠪᠤᠯᠭᠠᠬᠤ ᠶᠢ ᠪᠦᠲᠦᠮᠵᠢᠲᠠᠢ ᠠᠬᠢᠭᠤᠯᠤᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠡᠮᠬᠢ ᠲᠢᠭᠯᠢᠮ ᠪᠠ ᠠᠵᠢᠯ ᠲᠦᠷᠦᠯ ᠤᠨ ᠬᠠᠮᠢᠶᠠᠷᠦᠯᠳᠠ ᠶᠢ ᠦᠷᠭᠦᠯᠵᠢᠯᠡᠨ ᠲᠦᠷᠢᠮᠵᠢᠭᠦᠯᠵᠦ᠂ ᠬᠤᠪᠢ ᠶᠢᠨ ᠮᠠᠰᠢᠨ᠂ | ᠮᠤᠷᠢ ᠤᠷᠤᠯᠲᠤᠬᠤ ᠳᠠᠯᠠᠪᠠᠢ ᠪᠠ ᠲᠤᠷ᠎ᠠ ᠪᠠᠷ ᠪᠠᠶᠢᠭᠤᠯᠵᠦ ᠪᠤᠰᠬᠠᠬᠤ ᠵᠡᠷᠭᠡ ᠬᠠᠤᠯᠢ ᠲᠤᠭᠲᠠᠭᠠᠯ ᠢ ᠵᠦᠷᠢᠴᠡᠭᠰᠡᠨ | ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠵᠦ᠂ ᠡᠷᠡᠭᠦᠯ ᠪᠤᠯᠪᠠᠰᠦᠨ ᠵᠢᠭᠤᠯᠴᠢᠯᠠᠯ ᠤᠨ ᠳᠤᠮᠤ ᠤᠷᠴᠢᠨ ᠢ | ᠴᠢᠷᠮᠡᠶᠢᠨ ᠪᠦᠷᠢᠯᠲᠦᠭᠦᠯᠦᠨᠡ᠃ ᠵᠢᠯ ᠤᠨ ᠲᠤᠲᠤᠷ᠎ᠠ ᠤᠯᠤᠰ ᠤᠨ ᠲᠤᠲᠤᠭᠠᠲᠦ ᠭᠠᠳᠠᠭᠠᠲᠦ ᠶᠢᠨ | ᠵᠢᠭᠤᠯᠴᠢᠯᠠᠭᠰᠠᠳ ᠢ 690 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ ᠵᠢᠭᠤᠯᠴᠢᠯᠠᠯ ᠤᠨ ᠶᠡᠷᠦᠩᠬᠡᠢ | ᠤᠷᠤᠯᠭ᠎ᠠ ᠶᠢ 83 ᠳ᠋ᠦᠩᠰᠢᠭᠤᠷ ᠲᠦᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ ᠳᠤᠰᠪᠤᠷᠢ | 15% ᠪᠠ 31.7% ᠪᠠᠷ ᠨᠡᠮᠡᠭᠳᠡᠭᠦᠯᠬᠦ ᠪᠠᠷ ᠲᠡᠮᠡᠴᠡᠨ᠎ᠡ᠃ ᠬᠤᠰᠢᠭᠤ ᠰᠢᠶᠠᠩ ᠲᠤᠰᠬᠤᠨ ᠤ ᠴᠠᠬᠢᠮ | ᠬᠤᠳᠠᠯᠲᠤᠭ᠎ᠠ ᠶᠢᠨ ᠤᠶᠢᠯᠡᠴᠢᠯᠡᠭᠡ ᠶᠢᠨ ᠲᠤᠭᠲᠠᠯᠴᠠᠭ᠎ᠠ ᠶᠢ ᠦᠷᠭᠦᠯᠵᠢᠯᠡᠨ ᠳᠡᠭᠦᠯᠳᠡᠷᠵᠢᠭᠦᠯᠵᠦ᠂ ︽ᠮᠠᠯ | ᠲᠠᠷᠢᠶᠠᠯᠠᠩ ᠤᠨ ᠪᠦᠲᠦᠭᠡᠭᠳᠡᠭᠦᠨ ᠢ ᠬᠤᠳᠠ ᠳᠤ ᠤᠷᠤᠭᠤᠯᠬᠤ᠂ ᠠᠵᠦ ᠤᠶᠢᠯᠡᠳᠪᠦᠷᠢ ᠶᠢᠨ ᠪᠦᠲᠦᠭᠡᠭᠳᠡᠬᠦᠨ ᠢ | ᠬᠦᠳᠡᠭᠡ ᠬᠦᠷᠭᠡᠬᠦ︾ ᠶᠢ ᠠᠬᠢᠭᠤᠯᠤᠨ᠎ᠠ᠃ ᠠᠷᠠᠯᠵᠢᠶ᠎ᠠ ᠬᠤᠳᠠᠯᠲᠤᠭ᠎ᠠ ᠶᠢᠨ ᠪᠠᠷᠠᠭᠠᠨ ᠤ ᠬᠦᠢᠯᠭᠡᠭᠡ ᠶᠢᠨ ᠤᠶᠢᠯᠡᠰ ᠢ | ᠪᠠᠲᠤᠳᠬᠠᠨ ᠳᠡᠭᠡᠭᠰᠢᠯᠡᠭᠦᠯᠵᠦ᠂ ᠰᠠᠶᠢᠬᠠᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠡᠯᠡᠳᠬᠡᠨ | ᠦᠷᠭᠡᠳᠬᠡᠨ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠦᠵᠦᠭᠦᠷ ᠤᠨ ᠬᠡᠯᠬᠢᠶᠡᠵᠢᠭᠦᠯᠦᠨ ᠲᠤᠭᠢᠷᠠᠭᠤᠯᠤᠨ | ᠬᠦᠷᠭᠡᠬᠦ ᠲᠤᠭᠲᠠᠯᠴᠠᠭ᠎ᠠ ᠶᠢ ᠲᠦᠷᠭᠡᠨ ᠳᠡᠭᠦᠯᠳᠡᠷᠵᠢᠭᠦᠯᠵᠦ᠂ ᠠᠷᠠᠳ ᠲᠤ ᠲᠦᠭᠦᠮ ᠦᠵᠡᠭᠦᠯᠬᠦ ᠬᠡᠯᠬᠢᠶᠡᠲᠦ | ᠳᠡᠯᠭᠡᠭᠦᠷ ᠤᠨ ᠭᠠᠵᠠᠷ ᠤᠷᠤᠨ ᠤ ᠪᠦᠷᠭᠦᠴᠡ ᠶᠢᠨ ᠨᠤᠷᠮ᠎ᠠ ᠶᠢ 80% ᠠᠴᠠ ᠳᠡᠭᠡᠭᠰᠢ ᠳᠤ ᠬᠦᠷᠭᠡᠬᠦ ᠪᠠᠷ | ᠴᠢᠷᠮᠡᠶᠢᠨ᠎ᠠ᠃ | ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠤᠷᠲᠤᠴᠠ ᠶᠢ ᠳᠡᠭᠡᠭᠰᠢᠯᠡᠭᠦᠯᠦᠨ ᠪᠤᠵᠠᠭᠠᠶᠢᠷᠠᠭᠤᠯᠬᠤ ᠶᠢ | ᠲᠦᠷᠭᠡᠨ ᠠᠬᠢᠭᠤᠯᠤᠨ᠎ᠠ᠃ ᠳᠡᠭᠡᠲᠦ ᠱᠠᠲᠦᠨ ᠤ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠦᠨᠲᠦᠷ ᠶᠠᠰᠦ | ᠴᠢᠨᠠᠷ ᠪᠦᠬᠦᠢ ᠭᠦᠭᠵᠢᠯᠳᠡ ᠶᠢ ᠠᠬᠢᠭᠤᠯᠬᠤ ᠡᠯ᠎ᠡ ᠲᠦᠷᠦᠯ ᠤᠨ ᠰᠢᠢᠳᠪᠦᠷᠢᠲᠦ ᠪᠤᠲᠤᠯᠭ᠎ᠠ ᠶᠢᠨ | ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠪᠦᠬᠦ | ᠲᠠᠯ᠎ᠠ ᠪᠠᠷ ᠴᠡᠴᠡᠭᠯᠡᠨ ᠭᠦᠭᠵᠢᠬᠦ ᠶᠢ ᠠᠭᠢᠭᠤᠯᠤᠨ᠎ᠠ᠃ ᠵᠠᠬ᠎ᠠ ᠳᠡᠯᠭᠡᠬᠦᠷ ᠲᠤ ᠤᠷᠤᠬᠤ ᠵᠦᠪᠰᠢᠶᠡᠷᠡᠯ ᠤᠨ ᠨᠠᠵᠠᠭᠠᠢ | ᠲᠠᠯ᠎ᠠ ᠶᠢᠨ ᠨᠠᠷᠢᠨ ᠬᠠᠭᠤᠳᠠᠰᠦ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠠᠷᠠᠳ ᠠᠴᠠ ᠡᠵᠡᠩᠨᠡᠭᠰᠡᠨ ᠪᠡᠯᠡ | ᠬᠦᠷᠦᠩᠭᠡ ᠶᠢᠨ ᠤᠯᠤᠰ ᠤᠨ ᠦᠮᠴᠢᠯᠡᠯᠲᠦ ᠠᠵᠦ ᠠᠬᠤᠶᠢᠯᠠᠯ ᠳᠤ ᠤᠷᠤᠯᠴᠠᠬᠤ ᠬᠤᠯᠢᠮᠠᠭ ᠦᠮᠴᠢᠯᠡᠯ ᠤᠨ | ᠲᠦᠷᠢᠮ ᠤᠨ ᠦᠭᠡᠷᠡᠴᠢᠯᠡᠯᠳᠡ ᠶᠢ ᠳᠡᠮᠵᠢᠨ᠎ᠡ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠪᠡᠯᠡ | ᠬᠤᠷᠠᠮᠲᠤᠭᠤᠯᠬᠤ ᠬᠦᠴᠢᠷ ᠠᠰᠠᠭᠤᠳᠠᠯ ᠢ ᠴᠢᠷᠮᠡᠶᠢᠨ ᠰᠢᠢᠳᠪᠦᠷᠢᠯᠡᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠬᠦᠳᠡᠯᠦᠩᠬᠦᠢ ᠰᠠᠭᠤᠷᠢ ᠮᠦᠩᠭᠦ ᠪᠠ ᠬᠦᠴᠢᠷ ᠢ ᠠᠷᠢᠯᠭᠠᠬᠤ ᠰᠠᠭᠤᠷᠢ ᠮᠦᠩᠭᠦ ᠶᠢ ᠢᠳᠡᠪᠬᠢᠲᠠᠢ ᠲᠡᠮᠡᠴᠡᠨ ᠤᠯᠵᠦ᠂ | ᠠᠵᠦ ᠠᠬᠤᠶᠢᠯᠠᠯ ᠢ ᠤᠯᠠᠨ ᠠᠷᠭ᠎ᠠ ᠵᠠᠮ ᠢᠶᠠᠷ ᠪᠡᠯᠡ ᠬᠤᠷᠠᠮᠲᠤᠭᠤᠯᠬᠤ ᠶᠢ ᠴᠢᠷᠮᠡᠶᠢᠨ ᠬᠠᠪᠰᠤᠷᠤᠨ᠎ᠠ᠃ ᠳᠡᠭᠡᠲᠦ | ᠭᠤᠷᠪᠠᠨ ᠱᠠᠲᠦᠨ ᠤ ᠰᠢᠨ᠎ᠡ ᠨᠢᠭᠡ ᠡᠭᠡᠯᠵᠢ ᠶᠢᠨ ᠭᠠᠶᠢᠯᠢ ᠶᠢ ᠪᠠᠭᠠᠰᠬᠠᠨ ᠵᠠᠷᠤᠳᠠᠯ ᠢ ᠪᠠᠭᠤᠷᠠᠭᠤᠯᠬᠤ ᠲᠦᠷᠦ ᠶᠢᠨ | ᠪᠤᠲᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠴᠢᠬᠤᠯᠠ ᠡᠯᠧᠮᠧᠨ᠋ᠲ ᠤᠨ ᠡᠬᠢ ᠪᠠᠶᠠᠯᠢᠭ ᠤᠨ ᠬᠠᠷᠠᠭᠠᠯᠵᠠᠯ ᠤᠨ | ᠲᠦᠷᠦ ᠶᠢᠨ ᠪᠤᠲᠤᠯᠭ᠎ᠠ ᠶᠢ ᠢᠳᠡᠪᠬᠢᠲᠠᠢ ᠲᠡᠮᠡᠴᠡᠨ ᠤᠯᠵᠦ᠂ ᠪᠤᠲᠠᠲᠦ ᠴᠤᠭᠴᠠ ᠶᠢᠨ ᠠᠵᠦ ᠠᠬᠤᠢ ᠶᠢᠨ ᠦᠪᠡᠷ ᠤᠨ | ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ | ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ ᠪᠦᠬᠦ ᠲᠠᠯ᠎ᠠ ᠪᠠᠷ ᠭᠦᠢᠴᠡᠳᠬᠡᠵᠦ᠂ ᠵᠠᠰᠠᠭ ᠤᠨ ᠤᠷᠲᠦᠨ ᠤ ᠢᠳᠡᠬᠡᠮᠵᠢ | ᠪᠠᠷ ᠠᠷᠠᠳ ᠤᠨ ᠬᠤᠭᠤᠷᠤᠨᠲᠤᠬᠢ ᠪᠡᠯᠡ ᠤᠷᠤᠭᠤᠯᠤᠯᠳᠠ ᠪᠠ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ | ᠭᠦᠭᠵᠢᠯᠳᠡ ᠶᠢᠨ ᠢᠳᠡᠬᠡᠯ ᠵᠤᠷᠢᠭ ᠢ ᠬᠦᠭᠵᠢᠭᠡᠨ᠎ᠡ᠃ | ︵ᠭᠤᠷᠪᠠ︶ ᠬᠦᠳᠡᠭᠡ ᠲᠤᠰᠬᠤᠨ ᠶᠢ ᠭᠦᠭᠵᠢᠭᠦᠯᠦᠨ ᠮᠠᠨᠲᠤᠭᠤᠯᠬᠤ ᠪᠠᠶᠢᠯᠲᠤᠬᠤ ᠪᠤᠲᠤᠯᠭ᠎ᠠ ᠶᠢ | ᠦᠷᠭᠦᠯᠵᠢᠯᠡᠨ ᠬᠡᠷᠡᠭᠵᠢᠬᠦᠯᠵᠦ᠂ ︽ᠭᠤᠷᠪᠠᠨ ᠮᠠᠯᠵᠢᠯ ᠭᠤᠷᠪᠠᠨ ᠲᠠᠷᠢᠶᠠᠯᠠᠩ︾ ᠢ ᠪᠦᠬᠦ ᠲᠠᠯ᠎ᠠ ᠪᠠᠷ ᠭᠦᠭᠵᠢᠭᠦᠯᠬᠦ ᠶᠢ | ᠴᠢᠷᠮᠡᠶᠢᠨ ᠠᠬᠢᠭᠤᠯᠤᠨ᠎ᠠ᠃ ᠬᠦᠳᠡᠭᠡ ᠲᠤᠰᠬᠤᠨ ᠶᠢ ᠭᠦᠭᠵᠢᠭᠦᠯᠦᠨ ᠮᠠᠨᠲᠤᠭᠤᠯᠬᠤ ᠪᠠᠶᠢᠯᠲᠤᠬᠤ ᠪᠤᠲᠤᠯᠭ᠎ᠠ ᠶᠢ ︽ | ᠭᠤᠷᠪᠠᠨ ᠮᠠᠯᠵᠢᠯ ᠭᠤᠷᠪᠠᠨ ᠲᠠᠷᠢᠶᠠᠯᠠᠩ︾ ᠤᠨ ᠠᠵᠢᠯ ᠤᠨ ᠶᠡᠷᠦᠩᠬᠡᠢ ᠠᠷᠭ᠎ᠠ ᠬᠡᠮᠵᠢᠶ᠎ᠡ ᠪᠤᠯᠭᠠᠵᠦ᠂ ᠮᠠᠯ ᠠᠵᠦ | ᠠᠬᠤᠢ ᠲᠠᠷᠢᠶᠠᠯᠠᠩ ᠢ ᠪᠦᠬᠦ ᠲᠠᠯ᠎ᠠ ᠪᠠᠷ ᠳᠡᠰ ᠳᠡᠪᠰᠢᠭᠦᠯᠬᠦ᠂ ᠮᠠᠯᠵᠢᠬᠤ ᠲᠠᠷᠢᠶᠠᠯᠠᠬᠤ ᠤᠷᠤᠨ ᠤ ᠪᠦᠬᠦ ᠲᠠᠯ᠎ᠠ ᠶᠢᠨ | ᠠᠬᠢᠴᠠ᠂ ᠮᠠᠯᠴᠢᠨ ᠲᠠᠷᠢᠶᠠᠴᠢᠨ ᠤ ᠪᠦᠬᠦ ᠲᠠᠯ᠎ᠠ ᠶᠢᠨ ᠭᠦᠭᠵᠢᠯᠳᠡ ᠶᠢ ᠲᠦᠷᠭᠡᠨ ᠠᠭᠢᠭᠤᠯᠤᠨ᠎ᠠ᠃ | ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠳᠤᠪᠤᠶᠢᠮ᠎ᠠ ᠰᠠᠶᠢᠲᠦᠷ ᠠᠳᠬᠤᠨ᠎ᠠ᠃ | ᠲᠦᠯᠦᠪᠵᠢᠭᠦᠯᠭᠡ ᠪᠠᠷ ᠤᠲᠤᠷᠢᠲᠤᠨ ᠳᠠᠭᠠᠭᠤᠯᠬᠤ ᠶᠢ ᠪᠠᠷᠢᠮᠲᠠᠯᠠᠵᠦ᠂ ︽ᠠᠵᠦ ᠤᠶᠢᠯᠡᠰ ᠭᠦᠭᠵᠢᠨ ᠮᠠᠨᠲᠤᠭᠰᠠᠨ᠂ | ᠠᠮᠢ ᠠᠬᠤᠢ ᠰᠠᠶᠢᠨ ᠠᠮᠢᠲᠦᠷᠠᠨ ᠰᠠᠭᠤᠬᠤ ᠳᠤ ᠲᠤᠬᠢᠷᠠᠮᠵᠢᠲᠠᠢ᠂ ᠵᠠᠩ ᠰᠤᠷᠳᠠᠬᠤᠨ ᠪᠤᠯᠪᠠᠰᠦᠨ᠂ ᠵᠠᠰᠠᠯᠳᠠ ᠨᠢ | ᠦᠷ᠎ᠡ ᠪᠦᠲᠦᠮᠵᠢᠲᠠᠢ᠂ ᠠᠮᠢᠲᠦᠷᠠᠯ ᠪᠠᠶᠠᠨ ᠴᠢᠨᠡᠭᠡᠯᠢᠭ︾ 20 ᠦᠰᠦᠭᠲᠦ ᠴᠢᠭᠯᠡᠯᠳᠡ ᠶᠢ ᠪᠠᠷᠢᠮᠲᠠᠯᠠᠨ᠂ ᠪᠤᠲᠠᠲᠦ | ᠪᠠᠶᠢᠳᠠᠯ ᠲᠠᠢ ᠪᠠᠨ ᠨᠢᠭᠲᠠ ᠤᠶᠠᠯᠲᠤᠭᠤᠯᠵᠦ᠂ ᠭᠠᠵᠠᠷ ᠤᠷᠤᠨ ᠳᠤ ᠨᠢ ᠲᠤᠭᠢᠷᠠᠭᠤᠯᠤᠨ ᠪᠤᠲᠠᠲᠠᠢ | ᠲᠦᠯᠦᠪᠵᠢᠭᠦᠯᠭᠡ ᠶᠢ ᠰᠠᠶᠢᠲᠦᠷ ᠨᠠᠶᠢᠷᠠᠭᠤᠯᠤᠨ ᠵᠤᠬᠢᠶᠠᠨ᠎ᠠ᠃ ᠭᠠᠵᠠᠷ ᠤᠷᠤᠨ ᠬᠤᠪᠢᠶᠠᠨ᠂ ᠰᠠᠯᠠᠭ᠎ᠠ ᠮᠦᠴᠢᠷ | ᠬᠤᠪᠢᠶᠠᠵᠦ᠂ ᠠᠵᠢᠯ ᠤᠨ ᠭᠤᠤᠯᠳᠠᠯᠭ᠎ᠠ ᠶᠢ ᠨᠠᠷᠢᠯᠢᠭ᠍ᠵᠢᠭᠤᠯᠤᠨ ᠪᠤᠲᠠᠲᠠᠶᠢᠵᠢᠭᠤᠯᠵᠦ᠂ ᠬᠦᠷᠢᠶ᠎ᠡ ᠬᠡᠪᠴᠢᠶ᠎ᠡ | ᠬᠤᠪᠢᠶᠠᠨ ᠳᠤᠰᠬᠠᠢ ᠬᠡᠷᠡᠭᠵᠢᠭᠦᠯᠬᠦ ᠲᠦᠰᠦᠪ ᠲᠤᠭᠲᠠᠭᠠᠵᠤ᠂ ᠵᠢᠯ ᠤᠨ ᠴᠢᠬᠤᠯᠠ ᠶᠡᠭᠡ ᠲᠦᠯᠦᠪᠯᠡᠭᠡ᠂ ᠴᠢᠬᠤᠯᠠ | ᠶᠡᠭᠡ ᠢᠨᠵᠧᠨᠧᠷᠢᠩ᠂ ᠭᠤᠤᠯᠳᠠᠯᠭ᠎ᠠ ᠲᠠᠢ ᠲᠦᠷᠦᠯ ᠵᠦᠢᠯ ᠤᠨ ᠴᠠᠭ ᠤᠨ ᠬᠦᠰᠦᠨᠦᠭᠲᠦ᠂ ᠵᠠᠮ ᠱᠤᠭᠤᠮ ᠤᠨ | ᠵᠢᠷᠤᠭ ᠢ ᠨᠠᠷᠢᠨ ᠲᠤᠲᠤᠷᠬᠠᠢ ᠪᠤᠯᠭᠠᠵᠦ᠂ ᠡᠯ᠎ᠡ ᠲᠦᠷᠦᠯ ᠤᠨ ᠠᠵᠢᠯ ᠢ ᠬᠠᠷᠠᠯᠲᠠ ᠲᠠᠢ ᠪᠠᠷ ᠡᠮᠬᠢ ᠲᠢᠭᠯᠢᠮ ᠲᠠᠢ | ᠠᠬᠢᠭᠤᠯᠬᠤ ᠶᠢ ᠪᠠᠲᠤᠯᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠠᠵᠦ ᠤᠶᠢᠯᠡᠰ ᠢ ᠭᠤᠤᠯᠳᠠᠯᠭ᠎ᠠ ᠲᠠᠢ ᠭᠦᠭᠵᠢᠭᠦᠯᠦᠨ᠎ᠡ᠃ ᠮᠠᠯ ᠠᠵᠦ | ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠢ ᠤᠷᠢᠳᠠᠪᠡᠷ ᠭᠦᠭᠵᠢᠭᠦᠯᠬᠦ ᠶᠢ ᠪᠠᠷᠢᠮᠲᠠᠯᠠᠵᠦ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠬᠤ ᠦᠷ᠎ᠡ ᠪᠦᠲᠦᠭᠡᠯ ᠲᠠᠢ ᠤᠶᠠᠯᠲᠤᠭᠤᠯᠵᠦ᠂ ᠠᠵᠦ ᠤᠶᠢᠯᠡᠰ ᠤᠨ | ᠭᠦᠭᠵᠢᠯᠳᠡ ᠶᠢᠨ ᠭᠡᠯᠪᠡᠷᠢ᠂ ᠠᠮᠢ ᠠᠬᠤᠢ ᠶᠢᠨ ᠬᠠᠮᠠᠭᠠᠯᠠᠯᠳᠠ ᠶᠢᠨ ᠬᠡᠯᠪᠡᠷᠢ᠂ ᠪᠠᠯᠭᠠᠰᠦ ᠲᠤᠭᠤᠷᠢᠭ ᠤᠨ | ᠡᠷᠴᠢᠮᠵᠢᠭ᠍ᠰᠡᠨ ᠬᠡᠯᠪᠡᠷᠢ᠂ ᠰᠤᠶᠤᠯ ᠤᠨ ᠤᠯᠠᠮᠵᠢᠯᠠᠯᠲᠦ ᠬᠡᠯᠪᠡᠷᠢ᠂ ᠵᠢᠭᠠᠰᠦᠨ ᠤ ᠤᠶᠢᠯᠡᠰ ᠤᠨ ᠨᠡᠭᠡᠭᠡᠯᠳᠡ ᠬᠡᠯᠪᠡᠷᠢ᠂ | ᠤᠲᠤ ᠦᠶ᠎ᠡ ᠶᠢᠨ ᠮᠠᠯ ᠠᠵᠦ ᠠᠬᠤᠢ ᠶᠢᠨ ᠬᠡᠯᠪᠡᠷᠢ᠂ ᠬᠡᠷ ᠪᠦᠯᠢ ᠶᠢᠨ ᠮᠠᠯᠵᠢᠯ ᠤᠨ ᠳᠠᠯᠠᠪᠠᠢ ᠶᠢᠨ ᠦᠵᠡᠮᠵᠢᠲᠦ | ᠬᠡᠯᠪᠡᠷᠢ᠂ ᠤᠷᠴᠢᠨ ᠲᠤᠭᠤᠷᠢᠨ ᠤ ᠴᠡᠭᠴᠡᠯᠡᠯᠳᠡ ᠶᠢᠨ ᠬᠡᠯᠪᠡᠷᠢ᠂ ᠰᠡᠯᠡᠭᠦᠴᠡᠯ ᠵᠢᠭᠤᠯᠴᠢᠯᠠᠯ ᠤᠨ ᠬᠡᠯᠪᠡᠷᠢ ᠪᠠ | ᠦᠨᠲᠦᠷ ᠦᠷ᠎ᠡ ᠠᠰᠢᠭᠲᠤ ᠲᠠᠷᠢᠶᠠᠯᠠᠩ ᠤᠨ ᠬᠡᠯᠪᠡᠷᠢ ᠵᠡᠷᠭᠡ ᠠᠷᠪᠠᠨ ᠶᠡᠭᠡ ᠭᠦᠭᠵᠢᠯᠳᠡ ᠶᠢᠨ ᠬᠡᠪ ᠵᠠᠭᠪᠤᠷ ᠤᠨ | ᠲᠤᠭᠤᠷᠢᠨ ᠳᠤ᠂ ᠲᠦᠭᠦᠭᠡᠷᠦᠮᠵᠢᠲᠦ ᠲᠠᠷᠢᠶᠠᠯᠠᠩ᠂ ᠤᠷᠭᠠᠨᠢᠭ ᠢᠳᠡᠰᠢᠨ ᠨᠤᠭᠤᠭ᠎ᠠ᠂ ᠬᠢᠳᠠᠳ ᠡᠪᠡᠰᠦᠨ ᠡᠮ᠂ | ᠲᠦᠮᠦᠰᠦ᠂ ᠠᠯᠠᠰᠢᠨ ᠦᠭᠡᠷ ᠠᠯᠠᠰᠢᠨ ᠬᠤᠨᠢ ᠪᠠ ᠬᠦᠳᠡᠭᠡ ᠲᠤᠰᠬᠤᠨ ᠤ ᠵᠢᠭᠤᠯᠴᠢᠯᠠᠯ ᠵᠡᠷᠭᠡ ᠳᠠᠪᠠᠭᠤᠯᠢᠭ | ᠤᠨᠴᠠᠯᠢᠭᠲᠤ ᠠᠵᠦ ᠤᠶᠢᠯᠡᠰ ᠲᠤ ᠲᠦᠰᠢᠭᠯᠡᠵᠦ᠂ ᠪᠢᠷᠠᠭᠤ ᠪᠠᠯᠭᠠᠰᠦ ᠪᠠᠷ ᠭᠤᠤᠯ ᠪᠤᠯᠭᠠᠭᠰᠠᠨ ᠢᠳᠡᠰᠢᠨ ᠮᠦᠬᠦ ᠶᠢᠨ | ᠠᠵᠦ ᠤᠶᠢᠯᠡᠰ ᠤᠨ ᠬᠦᠷᠢᠶᠡᠯᠡᠩ ᠲᠤᠭᠤᠷᠢᠭ᠂ ᠢᠦᠢ ᠵᠧᠦ ᠳ᠋ᠢ ᠪᠠᠯᠭᠠᠰᠦ ᠪᠠᠷ ᠭᠤᠤᠯ ᠪᠤᠯᠭᠠᠭᠰᠠᠨ ᠬᠦᠢᠲᠡᠨ | ᠰᠠᠷᠢᠭᠦᠨ ᠢᠳᠡᠰᠢᠨ ᠨᠤᠭᠤᠭ᠎ᠠ ᠪᠠ ᠬᠢᠲᠠᠳ ᠡᠪᠡᠰᠦᠨ ᠡᠮ ᠤᠨ ᠬᠦᠷᠢᠶᠡᠯᠡᠩ ᠲᠤᠭᠤᠷᠢᠭ᠂ ᡁᠢ ᠿᠦᠢ ᠪᠠᠯᠭᠠᠰᠦ ᠪᠠᠷ | ᠭᠤᠤᠯ ᠪᠤᠯᠭᠠᠭᠰᠠᠨ ᠲᠦᠮᠦᠰᠦ ᠶᠢᠨ ᠠᠵᠦ ᠤᠶᠢᠯᠡᠰ ᠤᠨ ᠬᠦᠷᠢᠶᠡᠯᠡᠩ ᠲᠤᠭᠤᠷᠢᠭ᠂ ᠬᠠᠭᠤᠷᠠᠢ ᠬᠦᠷᠢᠶ᠎ᠡ ᠰᠤᠮᠤ ᠪᠠᠷ | ᠭᠤᠤᠯ ᠪᠤᠯᠭᠠᠭᠰᠠᠨ ᠠᠯᠠᠰᠢᠨ ᠬᠤᠨᠢᠨ ᠤ ᠠᠵᠦ ᠤᠶᠢᠯᠡᠰ ᠤᠨ ᠬᠦᠷᠢᠶᠡᠯᠡᠩ ᠲᠤᠭᠤᠷᠢᠭ᠂ ᠪᠠᠶᠠᠨᠴᠠᠭᠠᠨ ᠰᠤᠮᠤ ᠪᠠᠷ | ᠭᠤᠤᠯ ᠪᠤᠯᠭᠠᠭᠰᠠᠨ ᠠᠯᠠᠰᠢᠨ ᠦᠭᠡᠷ ᠲᠡᠵᠢᠭᠡᠨ ᠦᠷᠡᠵᠢᠭᠦᠯᠬᠦ ᠬᠦᠷᠢᠶᠡᠯᠡᠩ ᠲᠤᠭᠤᠷᠢᠭ ᠪᠠ ᠭᠤᠤᠯᠳᠠᠯᠭ᠎ᠠ ᠲᠠᠢ | ᠦᠵᠡᠮᠵᠢ ᠶᠢᠨ ᠤᠷᠤᠨ ᠪᠠᠶᠢᠭ᠎ᠠ ᠰᠤᠮᠤ ᠰᠢᠶᠠᠩ ᠪᠠᠯᠭᠠᠰᠦ ᠪᠠᠷ ᠭᠤᠤᠯ ᠪᠤᠯᠭᠠᠭᠰᠠᠨ ᠠᠵᠦ ᠤᠶᠢᠯᠡᠰ ᠢ | ᠠᠭᠤᠰᠤᠯᠴᠠᠭᠤᠯᠤᠨ ᠭᠦᠭᠵᠢᠬᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠢ ᠭᠤᠤᠯᠳᠠᠯᠭ᠎ᠠ ᠲᠠᠢ ᠡᠭᠦᠲᠦᠨ | ᠪᠠᠶᠢᠭᠤᠯᠵᠦ᠂ ᠾᠧ ᠢ᠂ ᠭᠦᠨᠴᠦᠭᠲᠦ᠂ ᠹᠦ᠋ ᠱᠧᠩ ᠬᠤᠤ ᠪᠠ ᠬᠠᠭᠤᠷᠠᠢ ᠬᠦᠷᠢᠶ᠎ᠡ 4 ︽ᠭᠤᠷᠪᠠ ᠶᠢ | ᠬᠤᠪᠢᠷᠠᠭᠤᠯᠬᠤ︾ ᠦᠭᠡᠷᠡᠴᠢᠯᠡᠯᠳᠡ ᠶᠢᠨ ᠵᠠᠰᠠᠭ ᠵᠠᠭᠢᠷᠭᠠᠨ ᠤ ᠭᠠᠴᠠᠭ᠎ᠠ ᠲᠤᠰᠬᠤᠨ ᠤ ᠲᠤᠷᠰᠢᠯᠳᠠ ᠶᠢᠨ ᠴᠢᠭ᠋ ᠤᠨ | ᠠᠵᠢᠯ ᠢ ᠳᠤᠪᠤᠶᠢᠮ᠎ᠠ ᠰᠠᠶᠢᠲᠦᠷ ᠠᠳᠬᠤᠵᠦ᠂ ᠪᠠᠭ᠎ᠠ ᠬᠤᠩ ᠱᠠᠨᠽᠢ᠂ ᠯᠢᠦ ᠶᠢᠩᠽᠢ᠂ ᠱᠢ ᠯᠢ ᠫᠦ᠋᠂ ᠰᠧ ᠢ ᠬᠤᠤ | ᠂ ᠬᠠᠳᠠᠨᠪᠤᠯᠠᠭ ᠵᠡᠷᠭᠡ 14 ᠬᠦᠳᠡᠭᠡ ᠲᠤᠰᠬᠤᠨ ᠢ ᠬᠦᠭᠵᠢᠭᠦᠯᠬᠦ ᠲᠤᠷᠰᠢᠯᠳᠠ ᠶᠢᠨ ᠴᠢᠭ᠋ ᠤᠨ ᠵᠢᠱᠢᠶ᠎ᠡ ᠦᠵᠡᠭᠦᠯᠬᠦ | ᠲᠤᠰᠬᠤᠨ ᠤ ᠪᠦᠲᠦᠭᠡᠨ ᠪᠠᠶᠢᠭᠤᠯᠤᠯᠳᠠ ᠶᠢ ᠢᠵᠢᠯ ᠠᠯᠬᠤᠮ ᠢᠶᠠᠷ ᠬᠡᠷᠡᠭᠵᠢᠭᠦᠯᠵᠦ᠂ ︽ᠨᠢᠭᠡ ᠰᠢᠶᠠᠩ ᠨᠢᠭᠡ ᠠᠵᠦ | ᠤᠶᠢᠯᠡᠰ ᠲᠠᠢ᠂ ᠨᠢᠭᠡ ᠲᠤᠰᠬᠤᠨ ᠨᠢᠭᠡ ᠨᠡᠷᠡᠲᠦ ᠳᠡᠮᠳᠡᠭᠲᠦ ᠲᠠᠢ︾ ᠪᠠᠶᠢᠬᠤ ᠶᠢ ᠠᠭᠢᠭᠤᠯᠤᠨ᠎ᠠ᠃ | ᠰᠠᠭᠤᠭᠠᠯᠢ ᠠᠷᠠᠳ ᠤᠨ ᠤᠷᠴᠢᠨ ᠲᠤᠭᠤᠷᠢᠨ ᠤ ᠴᠡᠭᠴᠡᠯᠡᠯᠳᠡ ᠶᠢ ᠦᠨᠡᠩᠬᠦ ᠴᠢᠩᠭᠠᠳᠬᠠᠨ᠎ᠠ᠃ ᠮᠠᠯᠵᠢᠬᠤ | ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠤ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ ᠶᠢ ᠬᠦᠨᠵᠡᠭᠡᠢ ᠬᠡᠷᠡᠭᠵᠢᠭᠦᠯᠵᠦ᠂ ᠪᠡᠯᠡ ᠮᠦᠩᠭᠦ ᠶᠢ ᠨᠡᠶᠢᠯᠡᠭᠦᠯᠦᠨ ᠤᠷᠤᠭᠤᠯᠬᠤ ᠬᠦᠴᠦᠯᠡᠴᠡ ᠶᠢ | ᠦᠨᠡᠩᠬᠦ ᠨᠡᠮᠡᠭᠳᠡᠭᠦᠯᠵᠦ᠂ ᠠᠶᠢᠯ ᠲᠤᠰᠬᠤᠨ ᠤ ᠲᠦᠯᠦᠪᠵᠢᠭᠦᠯᠭᠡ᠂ ᠨᠤᠭᠤᠭᠠᠷᠠᠭᠤᠯᠤᠯᠳᠠ᠂ ᠵᠤᠷᠯᠤᠩ ᠤᠨ | ᠦᠭᠡᠷᠡᠴᠢᠯᠡᠯᠳᠡ᠂ ᠬᠤᠭ ᠨᠤᠪᠰᠢ ᠤᠪᠤᠭᠠᠯᠠᠵᠦ ᠬᠠᠳᠠᠭᠠᠯᠠᠬᠤ ᠦᠷᠳᠡᠭᠡ ᠴᠢᠭ᠋ ᠪᠠ ᠮᠠᠯ ᠵᠢᠭᠦᠷᠳᠡᠨ ᠲᠡᠵᠢᠭᠡᠵᠦ | ᠦᠷᠡᠵᠢᠭᠦᠯᠬᠦ ᠳᠠᠯᠠᠪᠠᠢ ᠶᠢᠨ ᠬᠤᠭ ᠨᠤᠪᠰᠢ ᠶᠢ ᠰᠢᠢᠳᠪᠦᠷᠢᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ | ᠪᠦᠬᠦ ᠲᠠᠯ᠎ᠠ ᠪᠠᠷ ᠡᠭᠢᠯᠡᠭᠦᠯᠵᠦ᠂ ᠵᠤᠷᠯᠤᠩ ᠢ ᠦᠭᠡᠷᠡᠴᠢᠯᠡᠨ ᠵᠠᠰᠠᠬᠤ᠂ ᠬᠤᠭ ᠨᠤᠪᠰᠢ ᠶᠢ ᠤᠪᠤᠭᠠᠯᠠᠵᠦ ᠬᠠᠳᠠᠭᠠᠯᠠᠬᠤ | ᠦᠷᠳᠡᠭᠡ ᠴᠢᠭ᠋ ᠤᠨ ᠪᠦᠲᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠡᠭᠢᠯᠡᠭᠦᠯᠵᠦ᠂ ᠤᠯᠠᠭᠠᠨᠪᠤᠲᠤᠩ ᠰᠤᠮᠤ ᠶᠢᠨ | ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠴᠡᠭᠴᠡᠯᠡᠨ ᠵᠠᠰᠠᠭᠰᠠᠨ ᠵᠢᠱᠢᠶ᠎ᠡ ᠦᠵᠡᠭᠦᠯᠬᠦ ᠰᠤᠮᠤ ᠪᠠ 13 ᠰᠤᠮᠤ | ᠰᠢᠶᠠᠩ ᠪᠠᠯᠭᠠᠰᠦ ᠶᠢ ᠬᠠᠮᠤᠷᠤᠭᠰᠠᠨ 20 ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠴᠡᠭᠴᠡᠯᠡᠨ ᠵᠠᠰᠠᠭᠰᠠᠨ | ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ ᠢ ᠭᠤᠤᠯᠳᠠᠯᠭ᠎ᠠ ᠲᠠᠢ ᠪᠠᠶᠢᠭᠤᠯᠤᠨ᠎ᠠ᠃ ᠪᠠᠶᠢᠭᠤᠯᠵᠦ ᠬᠠᠮᠢᠶᠠᠷᠬᠤ ᠶᠢ | ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠦ᠂ ᠮᠠᠯᠴᠢᠨ ᠲᠠᠷᠢᠶᠠᠴᠢᠨ ᠤ ᠪᠤᠯᠪᠠᠰᠦᠨ ᠬᠡᠪ ᠰᠤᠷᠳᠠᠯ ᠢ ᠳᠡᠭᠡᠭᠰᠢᠯᠡᠭᠦᠯᠬᠦ | ᠢᠨᠵᠧᠨᠧᠷᠢᠩ᠂ ᠪᠤᠯᠪᠠᠰᠦᠨ ᠤ ᠪᠠᠶᠢᠭᠤᠯᠤᠯᠳᠠ ᠶᠢ ᠳᠡᠬᠡᠭᠰᠢᠯᠡᠭᠦᠯᠬᠦ ᠢᠨᠵᠧᠨᠧᠷᠢᠩ᠂ ᠵᠠᠩ ᠳᠠᠳᠬᠠᠯ ᠢ ᠦᠭᠡᠷᠡᠴᠢᠯᠡᠨ | ᠳᠡᠬᠡᠭᠰᠢᠯᠡᠭᠦᠯᠬᠦ ᠢᠨᠵᠧᠨᠧᠷᠢᠩ ᠪᠠ ᠰᠤᠶᠤᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠪᠦᠬᠦ ᠲᠠᠯ᠎ᠠ ᠪᠠᠷ | ᠰᠠᠶᠢᠲᠦᠷ ᠠᠳᠬᠤᠵᠦ᠂ ᠵᠠᠩ ᠰᠤᠷᠳᠠᠯ ᠪᠤᠯᠪᠠᠰᠦᠨ ᠢ ᠠᠳᠬᠤᠬᠤ ᠠᠴᠠ ᠡᠭᠢᠯᠡᠵᠦ᠂ ᠤᠯᠠᠨ ᠲᠦᠮᠡᠨ ᠤ ᠵᠠᠩ | ᠳᠠᠳᠬᠠᠯ ᠢ ᠦᠭᠡᠷᠡᠴᠢᠯᠡᠵᠦ᠂ ᠮᠠᠯᠴᠢᠨ ᠲᠠᠷᠢᠶᠠᠴᠢᠨ ᠦᠪᠡᠷᠲᠡᠭᠡᠨ ᠬᠦᠳᠡᠯᠦᠯᠴᠡᠨ ᠴᠡᠪᠡᠷᠯᠡᠬᠦ᠂ ᠨᠤᠭᠤᠭᠠᠷᠠᠭᠤᠯᠬᠤ᠂ | ᠪᠦᠲᠦᠭᠡᠨ ᠪᠠᠶᠢᠭᠤᠯᠬᠤ᠂ ᠬᠠᠮᠢᠶᠠᠷᠴᠦ ᠬᠠᠮᠠᠭᠠᠯᠠᠬᠤ ᠶᠢ ᠲᠠᠶᠢᠴᠢᠯᠠᠵᠦ᠂ ᠤᠲᠤ ᠪᠠᠶᠢᠭ᠎ᠠ ᠤᠯᠠᠨ ᠨᠡᠶᠢᠳᠡ ᠶᠢᠨ | ᠤᠶᠢᠯᠡᠴᠢᠯᠡᠭᠡ ᠶᠢᠨ ᠲᠦᠭᠦᠭᠡᠷᠦᠮᠵᠢ ᠶᠢ ᠰᠠᠶᠢᠲᠦᠷ ᠬᠠᠮᠢᠶᠠᠷᠤᠨ ᠰᠠᠶᠢᠬᠠᠨ ᠬᠡᠷᠡᠭᠯᠡᠵᠦ᠂ ᠮᠠᠯᠵᠢᠬᠤ ᠲᠠᠷᠢᠶᠠᠯᠠᠬᠤ | ᠤᠷᠤᠨ ᠤ ᠪᠤᠲᠠᠲᠠᠢ ᠲᠠᠢ ᠨᠡᠶᠢᠴᠡᠭᠰᠡᠨ ᠤᠷᠴᠢᠨ ᠲᠤᠭᠤᠷᠢᠨ ᠢ ᠰᠠᠶᠢᠵᠢᠷᠠᠭᠤᠯᠬᠤ ᠤᠷᠲᠤᠮᠵᠢ ᠶᠢᠨ ᠵᠤᠬᠢᠮᠵᠢ ᠶᠢ | ᠰᠦᠪᠡᠭᠴᠢᠯᠡᠨ ᠪᠠᠶᠢᠭᠤᠯᠤᠨ᠎ᠠ᠃ | ︵ᠲᠦᠷᠪᠡ︶ ᠬᠤᠳᠠ ᠶᠢᠨ ᠵᠠᠰᠠᠭ ᠤᠨ ᠶᠠᠪᠤᠳᠠᠯ ᠤᠨ ᠪᠦᠲᠦᠭᠡᠨ ᠪᠠᠶᠢᠭᠤᠯᠤᠯᠳᠠ ᠪᠠ ᠬᠠᠮᠢᠶᠠᠷᠦᠯᠳᠠ ᠶᠢ | ᠦᠷᠭᠦᠯᠵᠢᠯᠡᠨ ᠴᠢᠩᠭᠠᠳᠬᠠᠵᠦ᠂ ᠬᠤᠳᠠ ᠪᠠᠯᠭᠠᠰᠦ ᠶᠢᠨ ᠰᠠᠭᠤᠭᠠᠯᠢ ᠠᠷᠠᠳ ᠤᠨ ᠤᠷᠴᠢᠨ ᠲᠤᠭᠤᠷᠢᠨ ᠤ ᠶᠠᠰᠦ | ᠴᠢᠨᠠᠷ ᠢ ᠴᠢᠷᠮᠡᠶᠢᠨ ᠳᠡᠭᠡᠭᠰᠢᠯᠡᠭᠦᠯᠦᠨ᠎ᠡ᠃ ᠬᠦᠮᠦᠨ ᠢᠶᠠᠷ ᠭᠤᠤᠯ ᠪᠤᠯᠭᠠᠬᠤ ᠬᠤᠳᠠ ᠪᠠᠯᠭᠠᠰᠦ ᠶᠢᠨ ᠭᠦᠭᠵᠢᠯᠳᠡ ᠶᠢᠨ | ᠤᠶᠢᠯᠠᠭᠠᠭᠳᠠᠬᠤᠨ ᠢ ᠪᠠᠷᠢᠮᠲᠠᠯᠠᠵᠦ᠂ ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠢᠶᠠᠷ ᠢᠶᠠᠨ ᠴᠢᠷᠮᠡᠶᠢᠵᠦ᠂ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠪᠠ ᠬᠤᠳᠠ ᠶᠢᠨ ᠵᠠᠰᠠᠭ ᠤᠨ ᠶᠠᠪᠤᠳᠠᠯ ᠤᠨ ᠪᠦᠲᠦᠭᠡᠨ ᠪᠠᠶᠢᠭᠤᠯᠤᠯᠳᠠ ᠶᠢ ᠳᠤᠪᠤᠶᠢᠮ᠎ᠠ | ᠰᠠᠶᠢᠲᠦᠷ ᠠᠳᠬᠤᠵᠦ᠂ ᠬᠤᠳᠠ ᠶᠢᠨ ︽ᠨᠢᠭᠤᠷ ᠲᠠᠯ᠎ᠠ︾ ᠶᠢ ᠨᠡᠩ ᠰᠠᠶᠢᠨ᠂ ︽ᠲᠤᠲᠤᠷ ᠲᠠᠯ᠎ᠠ︾ ᠶᠢ ᠨᠡᠩ ᠪᠠᠲᠦ | ᠪᠠᠬᠢ ᠪᠤᠯᠭᠠᠨ᠎ᠠ᠃ | ᠭᠤᠤᠯ ᠬᠤᠳᠠ ᠲᠤᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠴᠢᠷᠮᠡᠶᠢᠨ ᠳᠡᠭᠡᠭᠰᠢᠯᠡᠭᠦᠯᠦᠨ᠎ᠡ᠃ ᠪᠢᠷᠠᠭᠤ | ᠪᠠᠯᠭᠠᠰᠦ ᠶᠢᠨ ᠶᠢᠩ ᠴᠠᠩ ᠵᠠᠮ᠂ ᠴᠢᠯᠦᠭᠡᠯᠡᠬᠦ ᠵᠠᠮ᠂ ᠭᠤᠤᠯ ᠳᠠᠭᠠᠤ ᠵᠠᠮ᠂ ᠪᠢᠷᠠᠭᠤ ᠨᠢᠭᠡᠲᠦᠭᠡᠷ ᠠᠴᠠ ᠠᠷᠪᠠᠨ | ᠨᠢᠭᠡᠲᠦᠭᠡᠷ ᠵᠡᠭᠡᠯᠢ ᠶᠢᠨ ᠵᠠᠮ ᠢ ᠦᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠪᠤᠷᠤᠭᠠᠨ ᠤ ᠤᠰᠦ | ᠪᠤᠵᠠᠷ ᠤᠰᠦ ᠶᠢᠨ ᠬᠤᠭᠤᠯᠠᠢ ᠶᠢᠨ ᠲᠤᠤᠷᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ ᠢᠵᠢᠯ | ᠠᠯᠬᠤᠮ ᠢᠶᠠᠷ ᠪᠡᠶᠡᠯᠡᠭᠦᠯᠦᠨ᠎ᠡ᠃ ᠰᠢᠷᠠᠮᠦ᠋ᠷᠡᠨ ᠵᠠᠮ ᠤᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠴᠠᠭ | ᠲᠤᠬᠠᠢ ᠳᠤ ᠨᠢ ᠡᠭᠢᠯᠡᠭᠦᠯᠦᠨ᠎ᠡ᠃ ᠬᠠᠭᠤᠴᠢᠨ ᠰᠠᠭᠤᠭᠠᠯᠢ ᠲᠤᠭᠤᠷᠢᠭ ᠤᠨ ᠰᠠᠭᠤᠷᠢ ᠲᠦᠭᠦᠭᠡᠷᠦᠮᠵᠢ ᠶᠢᠨ | ᠦᠭᠡᠷᠡᠴᠢᠯᠡᠯᠳᠡ ᠶᠢᠨ ᠢᠨᠵᠧᠨᠧᠷᠢᠩ ᠢ ᠠᠯᠬᠤᠮ ᠬᠤᠪᠢᠶᠠᠨ ᠭᠡᠷᠡᠭᠵᠢᠬᠦᠯᠵᠦ᠂ ᠵᠢᠯ ᠤᠨ ᠲᠤᠲᠤᠷ᠎ᠠ 30 ᠶᠢ | ᠦᠭᠡᠷᠡᠴᠢᠯᠡᠨ ᠵᠠᠰᠠᠵᠦ᠂ ᠭᠤᠷᠪᠠᠨ ᠵᠢᠯ ᠳᠤ ᠪᠦᠬᠦᠨ ᠢ ᠦᠭᠡᠷᠡᠴᠢᠯᠡᠨ ᠵᠠᠰᠠᠬᠤ ᠶᠢ ᠪᠡᠶᠡᠯᠡᠭᠦᠯᠦᠨ᠎ᠡ᠃ ᠶᠢᠩ ᠴᠠᠩ | ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠨᠢᠭᠤᠷ ᠲᠠᠯ᠎ᠠ ᠶᠢ ᠦᠭᠡᠷᠡᠴᠢᠯᠡᠬᠦ ᠪᠠ ᠴᠡᠴᠡᠷᠯᠢᠭᠵᠢᠭᠰᠡᠨ ᠬᠤᠰᠢᠭᠤ | ᠬᠤᠳᠠ ᠶᠢᠨ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠨ ᠠᠭᠢᠭᠤᠯᠤᠨ᠎ᠠ᠃ ᠪᠢᠷᠠᠭᠤ ᠪᠠᠯᠭᠠᠰᠦ ᠶᠢᠨ ᠭᠤᠤᠯ ᠤᠨ | ᠪᠠᠷᠠᠭᠤᠨᠳᠡᠬᠢ ᠲᠤᠭᠤᠷᠢᠭ ᠢ ᠨᠤᠷᠠᠭᠠᠨ ᠨᠡᠭᠦᠯᠭᠡᠬᠦ ᠪᠠ ᠲᠦᠷᠦᠯ ᠵᠦᠢᠯ ᠢ ᠤᠷᠤᠭᠤᠯᠬᠤ ᠬᠦᠴᠦᠯᠡᠴᠡ ᠪᠠᠨ | ᠨᠡᠮᠡᠭᠳᠡᠭᠦᠯᠵᠦ᠂ ᠳᠤᠰ ᠵᠢᠯ ᠤᠨ 290 ᠢᠵᠢ ᠪᠠᠶᠢᠰᠢᠩ ᠭᠡᠷ ᠤᠨ ᠲᠤᠭᠤᠷᠢᠭ ᠤᠨ ᠦᠭᠡᠷᠡᠴᠢᠯᠡᠯᠳᠡ ᠶᠢᠨ ᠡᠭᠦᠷᠭᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠯᠢ ᠾᠧ ᠢᠯᠴᠢ ᠴᠠᠭᠢᠯᠭᠠᠨ ᠤ | ᠬᠠᠮᠲᠤᠷᠠᠭᠰᠠᠨ ᠤᠶᠢᠯᠡᠳᠪᠦᠷᠢᠯᠡᠯ ᠤᠨ ᠲᠦᠪᠯᠡᠷᠡᠭᠦᠯᠦᠨ ᠲᠤᠯᠠᠭᠠᠯᠠᠭ᠎ᠠ ᠬᠠᠩᠭᠠᠬᠤ ᠲᠦᠷᠦᠯ ᠵᠦᠢᠯ ᠢ ᠭᠦᠭᠵᠢᠶᠡᠨ ᠲᠠᠢ | ᠪᠤᠯᠭᠠᠵᠦ᠂ ᠪᠠᠯᠭᠠᠰᠦ ᠲᠤᠭᠤᠷᠢᠭ ᠤᠨ ᠲᠤᠯᠠᠭᠠᠯᠠᠭ᠎ᠠ ᠬᠠᠩᠭᠠᠬᠤ ᠠᠮᠦᠷ ᠲᠦᠪᠰᠢᠨ ᠢ ᠪᠠᠲᠤᠯᠠᠵᠦ᠂ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠳᠠᠯᠳᠠ ᠭᠡᠮ ᠢ ᠠᠷᠢᠯᠭᠠᠨ᠎ᠠ᠃ ᠤᠰᠦ ᠭᠠᠳᠠᠭᠰᠢᠯᠠᠭᠤᠯᠬᠤ ᠵᠦᠪᠰᠢᠶᠡᠷᠡᠯ ᠤᠨ | ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠦ᠂ ᠨᠢᠭᠤᠴᠠ ᠪᠠᠷ ᠭᠠᠳᠠᠭᠰᠢᠯᠠᠭᠤᠯᠬᠤ ᠲᠤᠷ᠎ᠠ ᠪᠠᠷ ᠭᠠᠳᠠᠭᠰᠢᠯᠠᠭᠤᠯᠬᠤ | ᠠᠵᠢᠯᠯᠠᠭ᠎ᠠ ᠳᠤ ᠴᠢᠩᠭ᠎ᠠ ᠴᠤᠭᠢᠯᠳᠠ ᠦᠭᠴᠦ᠂ ︽ᠪᠤᠵᠠᠷ ᠦᠮᠦᠬᠡᠢ ᠤᠰᠦ︾ ᠶᠢ ᠴᠢᠩᠭ᠎ᠠ ᠬᠢᠵᠠᠭᠠᠷᠯᠠᠵᠦ᠂ | ᠪᠠᠯᠭᠠᠰᠦ ᠲᠤᠭᠤᠷᠢᠭ ᠤᠨ ᠤᠰᠦᠨ ᠤ ᠤᠷᠴᠢᠨ ᠲᠤᠭᠤᠷᠢᠨ ᠢ ᠴᠡᠪᠡᠷᠰᠢᠭᠦᠯᠦᠨ᠎ᠡ᠃ ᠪᠢᠷᠠᠭᠤ ᠪᠠᠯᠭᠠᠰᠦ ᠲᠤᠭᠤᠷᠢᠭ | ᠵᠢᠴᠢ ᠡᠷᠭᠢᠨ ᠲᠤᠭᠤᠷᠢᠨ ᠤ ᠤᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠴᠡᠪᠡᠷᠯᠡᠵᠦ ᠴᠡᠭᠴᠡᠯᠡᠬᠦ ᠠᠵᠢᠯ ᠢ | ᠦᠷᠭᠦᠯᠵᠢᠯᠡᠨ ᠰᠠᠶᠢᠲᠦᠷ ᠠᠳᠬᠤᠵᠦ᠂ ᠬᠤᠭ ᠨᠤᠪᠰᠢ ᠶᠢ ᠰᠢᠢᠳᠪᠦᠷᠢᠯᠡᠬᠦ ᠳᠠᠯᠠᠪᠠᠢ ᠶᠢ ᠰᠢᠨ᠎ᠡ ᠪᠠᠷ ᠪᠠᠶᠢᠭᠤᠯᠬᠤ ᠪᠠ | ᠰᠢᠨ᠎ᠡ ᠬᠠᠭᠤᠴᠢᠨ ᠪᠠᠷᠢᠯᠭ᠎ᠠ ᠶᠢᠨ ᠬᠤᠭ ᠨᠤᠪᠰᠢ ᠶᠢᠨ ᠳᠠᠯᠠᠪᠠᠢ ᠶᠢ ᠰᠤᠯᠢᠬᠤ ᠢᠨᠵᠧᠨᠧᠷᠢᠩ ᠢ ᠡᠭᠢᠯᠡᠨ | ᠬᠡᠷᠡᠭᠵᠢᠭᠦᠯᠵᠦ᠂ ᠬᠤᠳᠠ ᠶᠢᠨ ᠰᠠᠭᠤᠬᠤ ᠳᠤ ᠲᠤᠭᠢᠷᠠᠮᠵᠢᠲᠠᠢ ᠬᠢᠷᠢ ᠲᠦᠪᠰᠢᠨ ᠢ ᠪᠦᠲᠦᠮᠵᠢᠲᠠᠢ ᠳᠡᠭᠡᠭᠰᠢᠯᠡᠭᠦᠯᠦᠨ᠎ᠡ᠃ | | ᠤᠨᠴᠠᠯᠢᠭᠲᠤ ᠬᠤᠳᠠ ᠪᠠᠯᠭᠠᠰᠦ ᠶᠢᠨ ᠪᠦᠲᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠴᠢᠷᠮᠡᠶᠢᠨ | ᠳᠡᠭᠡᠭᠰᠢᠯᠡᠭᠦᠯᠦᠨ᠎ᠡ᠃ ᠭᠠᠯᠳᠠᠰᠦᠲᠠᠢ ᠷᠠᠰᠢᠶᠠᠨ ᠤ ᠪᠤᠵᠠᠷ ᠤᠰᠦ ᠰᠢᠢᠳᠪᠦᠷᠢᠯᠡᠬᠦ ᠤᠶᠢᠯᠡᠳᠪᠦᠷᠢ ᠵᠢᠴᠢ ᠢᠵᠢ | ᠪᠦᠷᠢᠲᠦᠭᠰᠡᠨ ᠬᠤᠭᠤᠯᠠᠢ ᠲᠤᠤᠷᠵᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠨ ᠡᠭᠢᠯᠡᠭᠦᠯᠵᠦ᠂ | ᠨᠤᠭᠤᠭᠠᠷᠠᠭᠤᠯᠤᠯᠳᠠ᠂ ᠭᠤᠶᠤᠵᠢᠭᠤᠯᠤᠯᠳᠠ᠂ ᠬᠡᠷᠡᠯᠲᠦᠭᠦᠯᠭᠡ ᠶᠢᠨ ᠢᠨᠵᠧᠨᠧᠷᠢᠩ ᠢ ᠡᠮᠬᠢ ᠵᠢᠷᠤᠮ ᠲᠠᠢ | ᠬᠡᠷᠡᠭᠵᠢᠭᠦᠯᠵᠦ᠂ ᠬᠠᠯᠠᠭᠤᠨ ᠷᠠᠰᠢᠶᠠᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠶᠢᠨ ᠪᠠᠶᠢᠴᠠᠭᠠᠬᠤ᠂ ᠡᠮᠬᠢ | ᠵᠢᠷᠤᠮ ᠲᠠᠢ ᠨᠡᠭᠡᠭᠡᠬᠦ᠂ ᠵᠦᠢ ᠵᠤᠬᠢᠰᠲᠠᠢ ᠠᠰᠢᠭᠯᠠᠬᠤ᠂ ᠦᠷ᠎ᠡ ᠪᠦᠲᠦᠮᠵᠢᠲᠠᠢ ᠬᠠᠮᠠᠭᠠᠯᠠᠬᠤ ᠶᠢ ᠨᠢᠭᠡᠲᠦᠯᠲᠠᠢ | ᠰᠠᠶᠢᠲᠦᠷ ᠬᠢᠵᠦ᠂ ᠭᠠᠯᠳᠠᠰᠦᠲᠠᠢ ᠷᠠᠰᠢᠶᠠᠨ ᠤ ᠬᠤᠳᠠᠯᠲᠤᠭᠠᠨ ᠤ ᠶᠠᠪᠤᠳᠠᠯ ᠤᠨ ᠲᠦᠪ ᠢ ᠬᠠᠯᠠᠭᠤᠨ ᠷᠠᠰᠢᠶᠠᠨ ᠤ ᠡᠬᠢ | ᠪᠠᠶᠠᠯᠢᠭ ᠢ ᠡᠷᠴᠢᠮᠯᠢᠭ᠌ ᠠᠰᠢᠭᠯᠠᠬᠤ ᠰᠢᠨ᠎ᠡ ᠦᠯᠢᠭᠡᠷ ᠬᠡᠪ ᠪᠤᠯᠭᠠᠬᠤ ᠪᠠᠷ ᠲᠡᠮᠡᠴᠡᠨ᠎ᠡ᠃ ᠪᠠᠶᠢᠷᠢᠯᠠᠭᠤᠯᠤᠯᠳᠠ ᠶᠢ | ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ᠂ ᠨᠡᠭᠡᠭᠡᠨ ᠭᠦᠭᠵᠢᠭᠦᠯᠬᠦ ᠪᠠ ᠪᠦᠲᠦᠭᠡᠨ ᠪᠠᠶᠢᠭᠤᠯᠬᠤ ᠶᠢ | ᠰᠤᠯᠪᠢᠴᠠᠭᠤᠯᠵᠦ᠂ ᠤᠯᠠᠭᠠᠨᠪᠤᠲᠤᠩ᠂ ᠳᠠᠷᠬᠠᠬᠠᠭᠤᠯᠠ ᠵᠡᠷᠭᠡ ᠭᠤᠤᠯᠳᠠᠯᠭ᠎ᠠ ᠲᠠᠢ ᠭᠠᠵᠠᠷ ᠤᠷᠤᠨ ᠤ ᠪᠤᠵᠠᠷ ᠤᠰᠦ᠂ | ᠠᠮᠢᠲᠦᠷᠠᠯ ᠤᠨ ᠬᠤᠭ ᠨᠤᠪᠰᠢ ᠶᠢ ᠰᠢᠢᠳᠪᠦᠷᠢᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠨᠢᠭᠡᠲᠦᠯᠲᠠᠢ | ᠠᠭᠢᠭᠤᠯᠵᠦ᠂ ᠬᠤᠳᠠ ᠶᠢᠨ ᠵᠠᠰᠠᠭ ᠤᠨ ᠶᠠᠪᠤᠳᠠᠯ ᠤᠨ ᠰᠠᠭᠤᠷᠢ ᠶᠢᠨ ᠳᠤᠪᠤᠶᠢᠮ᠎ᠠ ᠲᠤᠳᠠᠭᠳᠠᠯ ᠢ ᠲᠦᠷᠭᠡᠨ | ᠨᠦᠭᠦᠪᠦᠷᠢᠯᠡᠵᠦ᠂ ᠵᠢᠭᠤᠯᠴᠢᠯᠠᠯ ᠤᠨ ᠭᠦᠭᠵᠢᠯᠳᠡ ᠶᠢ ᠤᠷᠴᠢᠨ ᠲᠤᠭᠤᠷᠢᠨ ᠤ ᠬᠠᠮᠠᠭᠠᠯᠠᠯᠳᠠ ᠲᠠᠢ | ᠠᠭᠤᠰᠤᠯᠴᠠᠭᠤᠯᠤᠨ ᠭᠦᠭᠵᠢᠭᠦᠯᠵᠦ᠂ ᠢᠵᠢᠯ ᠠᠯᠬᠤᠮ ᠢᠶᠠᠷ ᠳᠡᠭᠡᠭᠰᠢᠯᠡᠭᠦᠯᠦᠨ᠎ᠡ᠃ |