ᠬᠡᠰᠢᠭᠳᠡᠨ ᠬᠤᠰᠢᠭᠤᠨ ᠤ ᠮᠤᠩᠭᠤᠯ ᠢᠶᠠᠷ ᠬᠢᠴᠢᠶᠡᠯᠯᠡᠬᠦ ᠪᠠᠭ᠎ᠠ ᠰᠣᠷᠭᠠᠭᠤᠯᠢ ᠶᠢᠨ 2018 — 2019 ᠣᠨ ᠤ ᠰᠣᠷᠣᠯᠭ᠎ᠠ ᠶᠢᠨ ᠵᠢᠯ ᠤᠨ ᠲᠡᠭᠡᠳᠦ ᠬᠤᠭᠤᠴᠠᠭᠠᠨ ᠤ ᠬᠤᠭᠤᠴᠠᠭᠠᠨ ᠡᠴᠦᠰ ᠤᠨ ᠰᠢᠯᠭᠠᠯᠲᠠ ᠶᠢᠨ ᠶᠠᠰᠣ ᠴᠢᠨᠠᠷ ᠤᠨ ᠵᠠᠳᠠᠯᠣᠯᠣᠲᠠ ᠶᠢᠨ ᠬᠤᠷᠠᠯ  ᠬᠤᠷᠠᠯᠳᠣᠪᠠ
ᠨᠡᠶᠢᠲᠡᠯᠡᠭᠰᠡᠨ ᠴᠠᠭ᠄
2019/3/13
      2019 ᠣᠨ ᠤ 3 ᠰᠠᠷ᠎ᠠ ᠶᠢᠨ 12 ᠤ ᠡᠳᠦᠷ᠂ ᠬᠡᠰᠢᠭᠳᠡᠨ ᠬᠤᠰᠢᠭᠤᠨ ᠤ ᠮᠤᠩᠭᠤᠯ ᠢᠶᠠᠷ ᠬᠢᠴᠢᠶᠡᠯᠯᠡᠬᠦ ᠪᠠᠭ᠎ᠠ ᠰᠣᠷᠭᠠᠭᠤᠯᠢ ᠶᠢᠨ 2018—— 2019 ᠣᠨ ᠤ ᠰᠣᠷᠣᠯᠭ᠎ᠠ ᠶᠢᠨ ᠵᠢᠯ ᠤᠨ ᠲᠡᠭᠡᠳᠦ ᠬᠤᠭᠤᠴᠠᠭᠠᠨ  ᠤ ᠬᠤᠭᠤᠴᠠᠭᠠᠨ ᠡᠴᠦᠰ ᠤᠨ ᠰᠢᠯᠭᠠᠯᠲᠠ ᠶᠢᠨ ᠶᠠᠰᠣ ᠴᠢᠨᠠᠷ ᠤᠨ ᠵᠠᠳᠠᠯᠣᠯᠣᠲᠠ ᠶᠢᠨ ᠬᠤᠷᠠᠯ  ᠬᠤᠰᠢᠭᠤᠨ ᠤ ᠰᠣᠷᠭᠠᠨ ᠬᠦᠮᠦᠵᠢᠯ ᠤᠨ ᠲᠣᠪᠴᠢᠶᠠᠨ ᠤ ᠲᠦᠷᠪᠡᠳᠦᠭᠡᠷ ᠲᠠᠪᠬᠤᠷᠭ᠎ᠠ ᠶᠢᠨ ᠬᠤᠷᠠᠯ ᠤᠨ ᠬᠡᠷ ᠲᠤ ᠶᠠᠪᠤᠭᠳᠠᠪᠠ᠃
      ᠵᠠᠳᠠᠯᠣᠯᠲᠠ ᠶᠢᠨ ᠬᠤᠷᠠᠯ ᠢ ᠬᠤᠰᠢᠭᠤᠨ ᠤ ᠵᠢᠭᠠᠬᠤ ᠶᠢ ᠰᠣᠳᠣᠯᠬᠤ ᠲᠦᠪ ᠤᠨ ᠮᠣᠩᠭᠤᠯ ᠢᠶᠠᠷ ᠬᠢᠴᠢᠶᠡᠯᠯᠡᠬᠦ ᠰᠣᠷᠭᠠᠭᠤᠯᠢ ᠶᠢᠨ ᠵᠢᠭᠠᠨ ᠰᠣᠷᠭᠠᠯᠲᠠ ᠶᠢ ᠰᠣᠳᠣᠯᠬᠤ ᠲᠠᠰᠤᠭ ᠡᠷᠬᠢᠯᠡᠨ ᠶᠠᠪᠣᠭᠳᠠᠭᠤᠯᠵᠣ᠂ ᠰᠣᠷᠭᠠᠨ ᠬᠦᠮᠦᠵᠢᠯ ᠤᠨ ᠲᠣᠪᠴᠢᠶ᠎ᠠ ᠶᠢᠨ ᠲᠡᠳ᠋ ᠲᠣᠪᠴᠢᠶᠠᠨ ᠲᠠᠷᠤᠭ᠎ᠠ ᠮᠠ ᠰᠢᠶᠣᠣ ᠪᠦᠸᠧ᠂ ᠵᠢᠭᠠᠬᠤ ᠶᠢ ᠰᠣᠳᠣᠯᠬᠤ ᠲᠦᠪ ᠤᠨ ᠲᠡᠳ᠋ ᠡᠷᠬᠢᠯᠡᠭᠴᠢ ᠮᠦᠯᠡᠨ ᠬᠤᠷᠠᠯ ᠳᠤ ᠣᠷᠣᠯᠴᠠᠵᠦ᠂ ᠡᠯ᠎ᠡ ᠰᠣᠷᠭᠠᠭᠤᠯᠢ ᠶᠢᠨ ᠵᠠᠬᠢᠷᠣᠯ᠂ ᠲᠤᠬᠠᠶᠢᠯᠠᠭᠰᠠᠨ ᠠᠵᠢᠯ ᠤᠨ ᠲᠡᠳ᠋ ᠵᠠᠬᠢᠷᠣᠯ᠂ ᠬᠢᠴᠢᠶᠡᠯ ᠬᠦᠮᠦᠵᠢᠯ ᠤᠨ ᠡᠷᠬᠢᠯᠡᠭᠴᠢ ᠨᠠᠷ ᠣᠷᠣᠯᠴᠠᠭᠰᠠᠨ ᠪᠠᠶᠢᠨ᠎ᠠ᠃  
      ᠵᠢᠭᠠᠬᠤ ᠶᠢ ᠰᠣᠳᠣᠯᠬᠤ ᠲᠦᠪ ᠨᠢ ᠠᠯᠣᠰ ᠡᠵᠡᠮᠰᠢᠯᠲᠦ ᠲᠦᠬᠦᠬᠡᠷᠦᠮᠵᠢ ᠶᠢ ᠠᠰᠢᠭᠯᠠᠨ ᠬᠤᠷᠠᠯ ᠤᠨ ᠠᠭᠤᠯᠭ᠎ᠠ ᠶᠢ ᠡᠯ᠎ᠠ ᠰᠣᠷᠭᠠᠭᠤᠯᠢ ᠳᠤ ᠢᠵᠢᠯ ᠠᠯᠬᠤᠮ ᠢᠶᠠᠷ ᠲᠠᠮᠵᠢᠭᠤᠯᠤᠨ᠂ ᠡᠯ᠎ᠡ ᠬᠢᠴᠢᠶᠡᠯ ᠲᠦᠷᠦᠯ ᠤᠨ ᠪᠠᠭᠰᠢᠨᠠᠷ ᠤᠨ ᠶᠠᠰᠣ ᠴᠢᠨᠠᠷ ᠤᠨ ᠵᠠᠳᠠᠯᠣᠯᠲᠠ ᠳᠤ ᠬᠠᠮᠳᠣᠪᠡᠷ ᠣᠷᠣᠯᠴᠠᠬᠤ ᠶᠢ ᠪᠡᠶᠡᠯᠡᠬᠦᠯᠵᠤ ᠴᠢᠳᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号