| | | | ᠠᠰᠠᠭᠤᠯᠲᠠ᠄ 2018 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠭᠡᠳ | ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ | ᠭᠡᠷ ᠪᠦᠯᠢ ᠶᠢᠨ ᠦᠷ᠎ᠡ ᠬᠡᠦᠬᠡᠳ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠡᠦᠬᠡᠳ᠂ | ᠥᠨᠥᠴᠢᠨ ᠬᠡᠦᠬᠡᠳ ᠰᠤᠷᠭᠠᠭᠤᠯᠢ ᠳᠤ ᠣᠷᠣᠬᠤ ᠳᠤ ᠵᠣᠭᠤᠰ ᠢᠶᠠᠷ ᠲᠤᠰᠠᠯᠠᠬᠤ ᠶᠠᠮᠠᠷ ᠶᠠᠮᠠᠷ ᠲᠥᠷᠥ ᠶᠢᠨ ᠪᠣᠳᠣᠯᠭ᠎ᠠ | ᠪᠠᠶᠢᠬᠤ ᠪᠣᠢ︖ | ᠬᠠᠷᠢᠭᠤᠯᠲᠠ᠄ | ᠵᠣᠭᠤᠰ ᠢᠶᠠᠷ ᠲᠤᠰᠠᠯᠠᠬᠤ ᠡᠲᠡᠭᠡᠳ᠄ | 1. ᠶᠡᠭᠡ ᠰᠤᠷᠭᠠᠭᠤᠯᠢ ᠶᠢᠨ ᠰᠢᠨ᠎ᠡ ᠤᠶᠤᠲᠠᠨ᠄ 2018 ᠣᠨ ᠤ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠭᠡᠳ᠂ ᠰᠤᠷᠭᠠᠨ ᠬᠥᠮᠥᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠰᠠᠯᠠᠭ᠎ᠠ ᠮᠥᠴᠢᠷ ᠢᠶᠠᠷ ᠳᠠᠮᠵᠢᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠭᠰᠡᠨ ᠰᠢᠨ᠎ᠡ | ᠤᠶᠤᠲᠠᠨ ᠮᠥᠷᠲᠡᠭᠡᠨ ᠡᠯᠰᠡᠭᠳᠡᠭᠰᠡᠨ ᠴᠠᠭ ᠨᠢ ᠲᠤᠬᠠᠢ ᠶᠢᠨ ᠵᠢᠯ ᠤᠨ 9 ᠳ᠋ᠦᠭᠡᠷ ᠰᠠᠷ᠎ᠠ ᠶᠢᠨ 1 ᠤ ᠡᠳᠦᠷ ᠪᠤᠯᠬᠤ | ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠭᠡᠷ | ᠪᠦᠯᠢ ᠶᠢᠨ ᠦᠷ᠎ᠡ ᠬᠡᠦᠬᠡᠳ᠂ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ ᠪᠠ | ᠥᠨᠥᠴᠢᠨ ᠬᠡᠦᠬᠡᠳ︔ | 2. ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠲᠠᠨ᠄ 2018 ᠣᠨ ᠠᠴᠠ ᠰᠡᠭᠦᠯᠡᠷᠬᠢ᠂ ᠲᠤᠰ | ᠰᠤᠷᠤᠯᠭ᠎ᠠ ᠶᠢᠨ ᠣᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠥᠭᠡᠳ ᠡᠯᠰᠡᠭᠳᠡᠭᠰᠡᠨ ᠴᠠᠭ ᠨᠢ ᠲᠤᠬᠠᠢ ᠶᠢᠨ | ᠵᠢᠯ ᠤᠨ 9 ᠳ᠋ᠦᠭᠡᠷ ᠰᠠᠷ᠎ᠠ ᠶᠢᠨ 1 ᠤ ᠡᠳᠦᠷ ᠪᠤᠯᠬᠤ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠭᠡᠷ ᠪᠦᠯᠢ ᠶᠢᠨ ᠬᠡᠦᠬᠡᠳ᠂ ᠳᠠᠩᠰᠠ ᠺᠠᠷᠲ ᠲᠠᠢ ᠶᠠᠳᠠᠭᠤ | ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ᠂ ᠥᠨᠥᠴᠢᠨ ᠬᠡᠤᠭᠡᠳ ᠪᠥᠬᠦᠢ ᠪᠦᠬᠦᠯᠢ ᠡᠳᠦᠷ ᠤᠨ ᠳᠦᠷᠢᠮᠲᠦ | ᠦᠨᠳᠦᠰᠦᠨ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ︵2018 ᠣᠨ ᠠᠴᠠ ᠡᠮᠦᠨ᠎ᠡ | ᠰᠤᠷᠭᠠᠭᠤᠯᠢ ᠳᠤ ᠣᠷᠣᠭᠰᠠᠨ ᠰᠤᠷᠭᠠᠭᠤᠯᠢ ᠳᠤ ᠰᠤᠷᠤᠯᠴᠠᠭ᠎ᠠ ᠰᠤᠷᠤᠭᠴᠢ ᠶᠢ ᠪᠠᠭᠲᠠᠭᠠᠬᠤ ᠦᠭᠡᠢ︶᠃ | ᠵᠣᠭᠤᠰ ᠢᠶᠠᠷ ᠲᠤᠰᠠᠯᠠᠬᠤ ᠪᠠᠷᠢᠮᠵᠢᠶ᠎ᠠ᠄ | 1. ᠡᠩ ᠤᠨ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠲᠥᠷᠥᠯ ᠳᠤ ᠡᠯᠰᠡᠭᠳᠡᠭᠰᠡᠨ | ᠮᠥᠷᠲᠡᠭᠡᠨ ᠳᠡᠭᠡᠷ᠎ᠡ ᠶᠠᠷᠢᠭᠰᠠᠨ ᠨᠥᠬᠦᠴᠡᠯ ᠳᠤ ᠨᠡᠶᠢᠴᠡᠭᠰᠡᠨ ᠰᠤᠷᠤᠭᠴᠢ ︵ᠶᠡᠭᠡ ᠰᠤᠷᠭᠠᠭᠤᠯᠢ ᠶᠢᠨ ᠪᠡᠯᠡᠳᠬᠡᠯ | ᠠᠩᠭᠢ ᠶᠢᠨ ᠰᠤᠷᠤᠭᠴᠢ ᠶᠢ ᠪᠠᠭᠲᠠᠭᠠᠨ᠎ᠠ︶ ᠶᠢ ᠡᠯᠰᠡᠭᠳᠡᠭᠰᠡᠨ ᠲᠤᠬᠠᠢ ᠶᠢᠨ ᠵᠢᠯ ᠠᠴᠠ ᠡᠬᠢᠯᠡᠨ ᠵᠣᠭᠤᠰ ᠢᠶᠠᠷ | ᠲᠤᠰᠠᠯᠠᠵᠤ᠂ ᠰᠤᠷᠤᠯᠭ᠎ᠠ ᠶᠢᠨ ᠣᠨ ᠪᠦᠷᠢ 10000 ᠲᠥᠭᠦᠷᠢᠭ ᠵᠣᠭᠤᠰ ᠢᠶᠠᠷ ᠲᠤᠰᠠᠯᠠᠨ᠂ ᠵᠣᠭᠤᠰ ᠢᠶᠠᠷ | ᠲᠤᠰᠠᠯᠠᠬᠤ ᠨᠡᠶᠢᠲᠡ ᠲᠤᠭ᠎ᠠ ᠨᠢ 40000 ᠲᠥᠭᠦᠷᠢᠭ ᠢ ᠬᠡᠲᠦᠷᠡᠬᠦ ᠦᠭᠡᠢ︔ | 2. ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠪᠤᠶᠤ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠲᠥᠷᠥᠯ ᠳᠤ | ᠡᠯᠰᠡᠭᠳᠡᠭᠰᠡᠨ ᠮᠥᠷᠲᠡᠭᠡᠨ ᠳᠡᠭᠡᠷ᠎ᠡ ᠶᠠᠷᠢᠭᠰᠠᠨ ᠨᠥᠬᠦᠴᠡᠯ ᠳᠤ ᠨᠡᠶᠢᠴᠡᠭᠰᠡᠨ ᠰᠤᠷᠤᠭᠴᠢ ︵ᠶᠡᠭᠡ ᠰᠤᠷᠭᠠᠭᠤᠯᠢ ᠶᠢᠨ | ᠪᠡᠯᠡᠳᠬᠡᠯ ᠠᠩᠭᠢ ᠶᠢ ᠪᠠᠭᠲᠠᠭᠠᠨ᠎ᠠ︶ ᠶᠢ ᠡᠯᠰᠡᠭᠳᠡᠭᠰᠡᠨ ᠲᠤᠬᠠᠢ ᠶᠢᠨ ᠵᠢᠯ ᠠᠴᠠ ᠡᠬᠢᠯᠡᠨ ᠵᠣᠭᠤᠰ ᠢᠶᠠᠷ ᠲᠤᠰᠠᠯᠠᠵᠤ᠂ | ᠰᠤᠷᠤᠯᠭ᠎ᠠ ᠶᠢᠨ ᠵᠢᠯ ᠪᠦᠷᠢ 10000 ᠲᠥᠭᠦᠷᠢᠭ ᠵᠣᠭᠤᠰ ᠢᠶᠠᠷ ᠲᠤᠰᠠᠯᠠᠨ᠂ ᠵᠣᠭᠤᠰ ᠢᠶᠠᠷ ᠲᠤᠰᠠᠯᠠᠬᠤ ᠨᠡᠶᠢᠲᠡ | ᠲᠤᠭ᠎ᠠ ᠨᠢ 30000 ᠲᠥᠭᠦᠷᠢᠭ ᠢ ᠬᠡᠲᠦᠷᠡᠬᠦ ᠦᠭᠡᠢ᠃ ᠡᠭᠦᠨ ᠤ ᠬᠠᠮᠲᠤ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠭᠰᠡᠨ᠂ ᠳᠠᠩᠰᠠ ᠪᠠ ᠺᠠᠷᠲ ᠲᠠᠢ᠂ ᠥᠨᠥᠴᠢᠨ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠰᠤᠷᠤᠭᠴᠢ ᠳᠤ | ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ ᠬᠦᠷᠲᠡᠭᠡᠬᠦ ᠦᠭᠡᠢ︔ 2017 ᠣᠨ ᠤ | ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠣᠯᠪᠠᠴᠤ ᠡᠯ᠎ᠡ ᠵᠦᠢᠯ ᠤᠨ ᠰᠢᠯᠲᠠᠭᠠᠨ ᠠᠴᠠ | ᠪᠣᠯᠵᠤ ᠵᠣᠭᠤᠰ ᠢᠶᠠᠷ ᠲᠤᠰᠠᠯᠠᠭᠤᠯᠬᠤ ᠪᠠᠷ ᠭᠤᠶᠤᠴᠢᠯᠠᠵᠤ ᠳᠡᠶᠢᠯᠦᠭᠰᠡᠨ ᠦᠭᠡᠢ ᠰᠤᠷᠤᠭᠴᠢ ᠳᠤ᠂ ᠮᠥᠨ ᠬᠦ | ᠤᠤᠯ ᠤᠨ ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠦᠨ᠎ᠡ᠃ | ᠠᠰᠠᠭᠤᠯᠲᠠ᠄ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠢ ᠮᠠᠭᠠᠳᠯᠠᠨ | ᠲᠣᠭᠲᠠᠭᠠᠬᠤ ᠪᠠᠷᠢᠮᠵᠢᠶ᠎ᠠ ᠪᠠ ᠳᠡᠰ ᠳᠠᠷᠠᠭᠠᠯᠠᠯ ᠨᠢ ᠶᠠᠭᠤ ᠪᠣᠢ︖ | ᠬᠠᠷᠢᠭᠤᠯᠲᠠ᠄ | 1. ᠨᠥᠬᠦᠪᠦᠷᠢ ᠥᠭᠬᠦ ᠡᠲᠡᠭᠡᠳ ᠤᠨ ᠪᠡᠶ᠎ᠡ ᠭᠠᠷᠤᠯ ᠢ ᠮᠠᠭᠠᠳᠯᠠᠨ ᠲᠣᠭᠲᠠᠭᠠᠬᠤ᠄ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠥᠭᠬᠦ ᠡᠲᠡᠭᠡᠳ ᠪᠣᠯ | ᠨᠤᠷᠠᠬᠤ ᠠᠶᠤᠯᠲᠠᠢ ᠭᠡᠷ ᠪᠠᠶᠢᠰᠢᠩ ᠳᠤ ᠰᠠᠭᠤᠵᠤ ︵ᠭᠡᠷ ᠪᠠᠶᠢᠰᠢᠩ ᠦᠭᠡᠢ︶ ᠪᠠᠶᠢᠭ᠎ᠠ ᠳᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠢ ᠡᠷᠦᠬᠡ᠂ ᠨᠠᠭᠠᠲᠤ ᠵᠠᠬ᠎ᠠ ᠶᠢᠨ ᠪᠠᠲᠤᠯᠠᠭ᠎ᠠ ᠲᠠᠢ ᠡᠷᠦᠬᠡ᠂ ᠬᠥᠳᠡᠭᠡ ᠲᠣᠰᠬᠤᠨ ᠤ ᠰᠠᠯᠭᠠᠵᠤ | ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠪᠠ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ | ᠪᠦᠯᠢ ᠵᠡᠷᠭᠡ 4 ᠲᠥᠷᠥᠯ ᠤᠨ ᠭᠤᠣᠯᠳᠠᠯᠭ᠎ᠠ ᠲᠠᠢ ᠡᠲᠡᠭᠡᠳ ︵ᠳᠣᠷᠣᠭᠰᠢ 4 ᠲᠥᠷᠥᠯ ᠤᠨ ᠭᠤᠣᠯᠳᠠᠯᠭ᠎ᠠ ᠲᠠᠢ | ᠡᠲᠡᠭᠡᠳ ᠭᠡᠵᠦ ᠲᠣᠪᠴᠢᠯᠠᠨ᠎ᠠ︶ ᠪᠣᠯᠣᠨ᠎ᠠ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠪᠡᠶ᠎ᠡ | ᠭᠠᠷᠤᠯ ᠢ ᠢᠯᠭᠠᠨ ᠲᠣᠳᠣᠯᠠᠬᠤ ᠳᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠬᠤ ᠪᠠᠷ | ᠪᠠᠷᠢᠮᠵᠢᠶ᠎ᠠ ᠪᠣᠯᠭᠠᠵᠤ᠂ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠪᠡᠶ᠎ᠡ ᠭᠠᠷᠤᠯ ᠢ ᠢᠯᠭᠠᠨ | ᠲᠣᠳᠣᠯᠠᠬᠤ ᠳᠤ ᠵᠡᠮᠳᠡᠭᠴᠦᠳ ᠤᠨ ᠬᠤᠯᠪᠣᠭ᠎ᠠ ᠠᠴᠠ ᠶᠠᠳᠠᠭᠤ ᠶᠢ ᠲᠡᠳᠬᠦᠬᠦ ᠪᠤᠶᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠠᠢ ᠵᠥᠪᠳᠡᠯᠴᠡᠨ ᠬᠤᠯᠪᠣᠭᠠᠯᠠᠵᠤ ᠮᠠᠭᠠᠳᠯᠠᠨ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ᠃ | ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠨᠤᠷᠠᠬᠤ ᠠᠶᠤᠯᠲᠠᠢ ᠭᠡᠷ ᠪᠠᠶᠢᠰᠢᠩ ᠤᠨ ᠬᠠᠮᠢᠶᠠᠷᠤᠯᠲᠠ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢ | ᠶᠠᠳᠠᠭᠤ ᠶᠢ ᠲᠡᠳᠬᠦᠬᠦ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠠᠴᠠ | ᠬᠠᠩᠭᠠᠭᠰᠠᠨ 4 ᠲᠥᠷᠥᠯ ᠤᠨ ᠭᠤᠣᠯᠳᠠᠯᠭ᠎ᠠ ᠲᠠᠢ ᠡᠲᠡᠭᠡᠳ ᠤᠨ ᠨᠡᠷᠡᠰ ᠲᠠᠢ ᠲᠦᠢᠯ ᠤᠨ ᠣᠨᠣᠪᠴᠢᠲᠠᠢ ᠪᠠᠷ | ᠵᠣᠯᠭᠠᠯᠳᠤᠭᠤᠯᠤᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠭᠰᠡᠨ ᠥᠭᠡᠷᠡᠴᠢᠯᠡᠨ ᠰᠢᠨᠡᠳᠬᠡᠬᠦ ᠡᠲᠡᠭᠡᠳ ᠢ | ᠲᠣᠭᠲᠠᠭᠠᠨ᠎ᠠ᠃ | 2. ᠬᠢᠨᠠᠨ ᠵᠥᠪᠰᠢᠶᠡᠷᠡᠬᠦ ᠳᠡᠰ ᠳᠠᠷᠠᠭᠠᠯᠠᠯ᠄ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠵᠠᠷᠴᠢᠮ ᠢ | ᠪᠠᠷᠢᠮᠲᠠᠯᠠᠨ᠂ ᠲᠠᠷᠢᠶᠠᠴᠢᠨ ᠡᠷᠦᠬᠡ ᠠᠴᠠ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠲᠣᠰᠬᠤᠨ ᠤ ᠠᠷᠠᠳ ᠤᠨ | ᠬᠤᠷᠠᠯ ᠪᠤᠶᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠠᠴᠠ ᠠᠷᠠᠳᠴᠢᠯᠠᠯ ᠢᠶᠠᠷ ᠵᠥᠪᠯᠡᠨ | ᠲᠣᠭᠲᠠᠭᠠᠬᠤ᠂ ᠰᠤᠮᠤ ︵ᠰᠢᠶᠠᠩ᠂ ᠪᠠᠯᠭᠠᠰᠤ︶ ᠠᠴᠠ ᠬᠢᠨᠠᠨ ᠬᠠᠷᠭᠤᠭᠤᠯᠬᠤ᠂ ᠬᠤᠰᠢᠭᠤ ᠰᠢᠶᠠᠨ ᠠᠴᠠ ᠬᠢᠨᠠᠨ | ᠵᠥᠪᠰᠢᠶᠡᠷᠡᠬᠦ ᠳᠡᠰ ᠳᠠᠷᠠᠭᠠᠯᠠᠯ ᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠥᠪᠰᠢᠶᠡᠷᠡᠭᠦᠯᠦᠭᠰᠡᠨ ᠨᠤᠷᠠᠬᠤ ᠠᠶᠤᠯᠲᠠᠢ | ᠭᠡᠷ ᠪᠠᠶᠢᠰᠢᠩ ᠢ ᠨᠢ ᠥᠭᠡᠷᠡᠴᠢᠯᠡᠨ ᠰᠢᠨᠡᠳᠬᠡᠬᠦ ᠴᠢᠬᠤᠯᠠᠲᠠᠢ ᠲᠠᠷᠢᠶᠠᠴᠢᠨ ᠡᠷᠦᠬᠡ ᠲᠠᠢ ᠭᠡᠷ᠎ᠡ ᠪᠤᠶᠤ ᠬᠡᠯᠡᠯᠴᠡᠭᠡᠷ | ᠲᠣᠭᠲᠠᠬᠤ ᠠᠵᠢᠯ ᠢ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠢ᠃ | 3. ᠪᠤᠰᠤᠳ ᠵᠦᠢᠯ᠄ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ ᠨᠡᠭᠦᠯᠭᠡᠬᠦ | ᠲᠥᠯᠥᠪᠯᠡᠭᠡ ᠳᠤ ᠣᠷᠣᠭᠤᠯᠤᠭᠰᠠᠨ ᠪᠤᠶᠤ ᠨᠢᠭᠡᠨᠲᠡ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ | ᠨᠡᠭᠦᠯᠭᠡᠬᠦ ᠲᠥᠷᠥ ᠶᠢᠨ ᠪᠣᠳᠣᠯᠭ᠎ᠠ ᠶᠢ ᠬᠦᠷᠲᠡᠭᠰᠡᠨ 4 ᠲᠥᠷᠥᠯ ᠤᠨ ᠭᠤᠣᠯᠳᠠᠯᠭ᠎ᠠ ᠲᠠᠢ ᠡᠲᠡᠭᠡᠳ ᠢ ᠬᠥᠳᠡᠭᠡ | ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠲᠤ ᠵᠢᠭᠰᠡᠭᠠᠵᠤ ᠪᠣᠯᠬᠤ | ᠦᠭᠡᠢ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠨᠥᠬᠦᠪᠦᠷᠢ ᠮᠥᠩᠭᠦ ᠶᠢ ᠨᠢᠭᠡᠨᠲᠡ ᠬᠦᠷᠲᠡᠭᠰᠡᠨ ᠮᠥᠷᠲᠡᠭᠡᠨ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ | ᠰᠢᠯᠵᠢᠭᠦᠯᠦᠨ ᠨᠡᠭᠦᠯᠭᠡᠬᠦ ᠪᠠᠷ ᠳᠠᠬᠢᠨᠲᠠ ᠭᠤᠶᠤᠴᠢᠯᠠᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ ᠨᠡᠭᠦᠯᠭᠡᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠠᠪᠤᠴᠠ ᠳᠤ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠦᠷᠢᠯᠡᠬᠦ ᠰᠠᠨᠠᠯ ᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ︾ ᠶᠣᠰᠣᠭᠠᠷ ᠬᠡᠷᠡᠭᠵᠢᠭᠦᠯᠦᠨ᠎ᠡ᠃ ᠥᠩᠭᠡᠷᠡᠭᠰᠡᠨ ᠵᠢᠯ ᠤᠳ ᠲᠤ ᠨᠢᠭᠡᠨᠲᠡ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠮᠥᠩᠭᠦ ᠶᠢ ᠬᠦᠷᠲᠡᠭᠰᠡᠨ | ᠪᠤᠯᠪᠠᠴᠦ ᠬᠡᠷᠡᠭᠯᠡᠬᠦ ᠬᠤᠭᠤᠴᠠᠭᠠᠨ ᠤ ᠬᠢᠵᠠᠭᠠᠷ ᠨᠢ ᠲᠤᠯᠤᠭᠠᠳᠤᠢ ᠪᠠᠷ ᠳᠠᠬᠢᠨ ᠣᠷᠣᠨ ᠰᠠᠭᠤᠴᠠ ᠶᠢᠨ ᠠᠮᠤᠷ | ᠲᠦᠪᠰᠢᠨ ᠤ ᠴᠢᠨᠠᠷ ᠤᠨ ᠠᠰᠠᠭᠤᠳᠠᠯ ᠢᠯᠡᠷᠡᠭᠰᠡᠨ ᠪᠣᠯ᠂ ᠬᠤᠰᠢᠭᠤ ᠰᠢᠶᠠᠨ ᠤ ᠠᠷᠠᠳ ᠤᠨ ᠵᠠᠰᠠᠭ ᠤᠨ | ᠣᠷᠳᠣᠨ ᠠᠴᠠ ᠥᠪᠡᠷ ᠢᠶᠠᠨ ᠪᠡᠯᠡ ᠮᠥᠩᠭᠦ ᠬᠤᠷᠠᠮᠳᠤᠭᠤᠯᠵᠤ ᠪᠠᠶᠢᠭᠠᠳ ᠣᠷᠣᠨ ᠰᠠᠭᠤᠴᠠ ᠶᠢᠨ ᠠᠮᠤᠷ | ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ | ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠬᠤᠯᠪᠣᠭᠳᠠᠯ | ᠪᠦᠬᠦᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | | |