| | | | ᠠᠰᠠᠭᠤᠯᠲᠠ᠄ ︽ᠮᠠᠯᠵᠢᠬᠤ ᠲᠠᠷᠢᠶᠠᠯᠠᠬᠤ ᠣᠷᠣᠨ ᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ | ᠡᠷᠦᠬᠡ ᠵᠡᠷᠭᠡ ᠭᠤᠣᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠶᠣᠰᠣᠭᠠᠷ᠂ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠤᠨ ᠬᠠᠮᠢᠶᠠᠷᠤᠯᠲᠠ ᠶᠢ ᠬᠡᠷᠬᠢᠨ | ᠤᠯᠠᠮ ᠨᠢᠭᠡ ᠠᠯᠬᠤᠮ ᠴᠢᠩᠭᠠᠳᠬᠠᠬᠤ ᠪᠣᠢ︖ | ᠬᠠᠷᠢᠭᠤᠯᠲᠠ᠄ | 1. ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠃ ︽ᠬᠥᠳᠡᠭᠡ ᠲᠣᠰᠬᠤᠨ ᠤ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠦᠨᠳᠦᠰᠦᠨ ᠠᠮᠤᠷ ᠲᠦᠪᠰᠢᠨ ᠤ ᠮᠡᠷᠭᠡᠵᠢᠯ ᠢ | ᠳᠠᠷᠤᠮᠠᠯᠯᠠᠨ ᠲᠠᠷᠬᠠᠭᠠᠬᠤ ᠲᠤᠬᠠᠢ ᠵᠢᠯᠣᠭᠤᠳᠬᠤ ᠳᠦᠷᠢᠮ︾ ᠢ ᠴᠢᠩᠭ᠎ᠠ ᠵᠢᠷᠤᠮᠯᠠᠨ᠂ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠦᠨᠳᠦᠰᠦᠨ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ | ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠴᠢᠩᠭᠠᠷᠠᠭᠤᠯᠬᠤ ᠶᠢᠨ ᠬᠠᠮᠲᠤ᠂ ᠲᠤᠬᠠᠢ ᠶᠢᠨ ᠲᠠᠯᠠᠪᠤᠷ ᠭᠠᠵᠠᠷ ᠳᠤ ᠪᠠᠶᠢᠴᠠᠭᠠᠯᠲᠠ ᠲᠡᠮᠳᠡᠭᠯᠡᠯ ᠬᠢᠬᠦ ᠶᠢ ᠰᠠᠶᠢᠲᠤᠷ | ᠬᠢᠨ᠎ᠡ᠃ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ | ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠬᠠᠮᠢᠶ᠎ᠠ ᠪᠦᠬᠦᠢ ᠬᠠᠷᠢᠭᠤᠴᠠᠯᠭᠠᠲᠤ ᠭᠤᠣᠯ ᠴᠣᠭᠴᠠ ᠵᠢᠴᠢ ᠥᠭᠡᠷᠡᠴᠢᠯᠡᠨ ᠰᠢᠨᠡᠳᠬᠡᠬᠦ ᠡᠷᠦᠬᠡ ᠶᠢ | ᠵᠣᠬᠢᠶᠠᠨ ᠪᠠᠶᠢᠭᠤᠯᠵᠤ ᠪᠠᠶᠢᠭᠠᠳ ᠪᠠᠷᠢᠯᠭ᠎ᠠ ᠳᠠᠭᠤᠰᠤᠭᠰᠠᠨ ᠢ ᠰᠢᠯᠭᠠᠵᠤ ᠬᠤᠷᠢᠶᠠᠨ ᠠᠪᠬᠤ ᠠᠵᠢᠯ ᠢ ᠬᠢᠵᠦ᠂ | ᠥᠭᠡᠷᠡᠴᠢᠯᠡᠨ ᠰᠢᠨᠡᠳᠬᠡᠬᠦ ᠡᠷᠦᠬᠡ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠠᠵᠢᠯ ᠤᠨ ᠪᠦᠬᠦ | ᠶᠠᠪᠤᠴᠠ ᠳᠤ ᠣᠷᠣᠯᠴᠠᠬᠤ ᠶᠢᠨ ᠬᠠᠮᠲᠤ ᠬᠢᠷᠢ ᠲᠡᠩᠴᠡᠭᠰᠡᠨ ᠤ ᠳᠠᠷᠠᠭ᠎ᠠ ᠭᠠᠷ ᠤᠨ ᠦᠰᠦᠭ ᠵᠢᠷᠤᠵᠤ ᠨᠤᠲᠠᠯᠠᠬᠤ | ᠬᠡᠷᠡᠭᠲᠡᠢ᠃ ᠰᠢᠯᠭᠠᠨ ᠬᠤᠷᠢᠶᠠᠵᠤ ᠠᠪᠬᠤ ᠶᠢ ᠳᠠᠮᠵᠢᠭᠰᠠᠨ ᠦᠭᠡᠢ ᠪᠤᠶᠤ ᠰᠢᠯᠭᠠᠨ ᠬᠤᠷᠢᠶᠠᠨ ᠠᠪᠬᠤ ᠳᠤ ᠬᠢᠷᠢ | ᠲᠡᠩᠴᠡᠭᠰᠡᠨ ᠦᠭᠡᠢ ᠪᠣᠯ᠂ ᠲᠤᠰᠢᠶᠠᠨ ᠬᠡᠷᠡᠭᠯᠡᠭᠦᠯᠵᠦ ᠪᠣᠯᠬᠤ ᠦᠭᠡᠢ᠃ | 2. ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ᠃ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠵᠤ ᠠᠪᠬᠤ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠬᠤ ᠶᠢᠨ ᠬᠠᠮᠲᠤ ᠰᠢᠯᠭᠠᠨ ᠬᠤᠷᠢᠶᠠᠵᠤ ᠠᠪᠬᠤ ᠳᠤ | ᠬᠢᠷᠢ ᠲᠡᠩᠴᠡᠵᠦ ᠨᠥᠬᠦᠪᠦᠷᠢ ᠪᠡᠯᠡ ᠮᠥᠩᠭᠦ ᠶᠢ ᠰᠢᠯᠵᠢᠭᠦᠯᠦᠨ ᠥᠭᠬᠦ ᠨᠥᠬᠦᠴᠡᠯ ᠳᠤ ᠬᠦᠷᠦᠭᠰᠡᠨ ᠲᠠᠷᠢᠶᠠᠴᠢᠨ | ᠡᠷᠦᠭᠡ ᠶᠢᠨ ᠨᠡᠷᠡᠰ ᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠩᠭᠠᠨ ᠥᠭᠬᠦ ᠬᠡᠷᠡᠭᠲᠡᠢ᠃ ︽ᠲᠥᠪ ᠤᠨ | ᠡᠳ᠋ ᠤᠨ ᠵᠠᠰᠠᠭ ᠤᠨ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ | ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠨᠥᠬᠦᠪᠦᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠶᠠᠮᠠᠷᠪᠠ ᠬᠡᠯᠪᠡᠷᠢ ᠪᠠᠷ ᠰᠢᠬᠠᠨ | ᠡᠵᠡᠯᠡᠵᠦ ᠨᠡᠭᠦᠯᠭᠡᠨ ᠬᠡᠷᠡᠭᠯᠡᠬᠦ ᠪᠠ ᠦᠯᠡᠳᠡᠭᠡᠨ ᠠᠪᠴᠤ ᠪᠣᠯᠬᠤ ᠦᠭᠡᠢ᠃ ᠨᠥᠬᠦᠪᠦᠷᠢ ᠪᠡᠯᠡ ᠮᠥᠩᠭᠦ ᠶᠢ ︽ᠨᠢᠭᠡ | ᠺᠠᠷᠲ ᠢᠶᠠᠷ ᠨᠡᠶᠢᠳᠡᠮ ᠳᠤ ᠨᠢ ᠭᠦᠢᠴᠡᠳᠬᠡᠬᠦ︾ ᠬᠡᠯᠪᠡᠷᠢ ᠪᠠᠷ ᠨᠥᠬᠦᠪᠦᠷᠢᠯᠡᠬᠦ ᠡᠲᠡᠭᠡᠳ ᠲᠤ ᠰᠢᠭᠤᠳ ᠣᠯᠭᠤᠨ | ᠥᠭᠴᠦ᠂ ᠵᠠᠰᠠᠭ ᠤᠨ ᠣᠷᠳᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠢᠨᠵᠧᠨᠧᠷᠢᠩ ᠳᠤ᠂ | ᠲᠠᠷᠢᠶᠠᠴᠢᠨ ᠡᠷᠦᠬᠡ ᠶᠢᠨ ᠵᠥᠪᠰᠢᠶᠡᠷᠡᠯ ᠢ ᠣᠯᠬᠤ ᠶᠢᠨ ᠬᠠᠮᠲᠤ ᠬᠡᠯᠡᠯᠴᠡᠭᠡᠷ ᠲᠣᠭᠲᠠᠭᠰᠠᠨ ᠰᠠᠭᠤᠷᠢᠨ ᠳᠡᠭᠡᠷ᠎ᠡ᠂ | ᠨᠥᠬᠦᠪᠦᠷᠢ ᠪᠡᠯᠡ ᠮᠥᠩᠭᠦ ᠶᠢ ᠪᠠᠷᠢᠯᠭ᠎ᠠ ᠪᠠᠷᠢᠭᠰᠠᠨ ᠨᠢᠭᠡᠴᠢ ᠳᠤ ᠰᠢᠭᠤᠳ ᠣᠯᠭᠤᠨ ᠥᠭᠬᠦ ᠬᠡᠷᠡᠭᠲᠡᠢ᠃ ᠡᠯ᠎ᠡ | ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠨ ᠬᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠥᠩᠭᠡᠷᠡᠭᠰᠡᠨ ᠵᠢᠯ ᠤᠳ ᠤᠨ ᠨᠤᠷᠠᠬᠤ | ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢᠨ ᠬᠥᠳᠡᠯᠭᠡᠬᠦ ᠦᠭᠡᠢ ᠬᠠᠳᠠᠭᠠᠯᠠᠵᠤ ᠪᠠᠶᠢᠭ᠎ᠠ ᠪᠡᠯᠡ | ᠮᠥᠩᠭᠦ ᠶᠢ ᠢᠯᠭᠠᠷᠠᠭᠤᠯᠤᠨ ᠴᠡᠪᠡᠷᠯᠡᠵᠦ ᠵᠢᠭᠰᠡᠭᠠᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠪᠡᠯᠡ ᠮᠥᠩᠭᠦ ᠶᠢᠨ | ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠴᠠᠭ ᠲᠤᠬᠠᠢ ᠳᠤ ᠨᠢ ᠢᠯᠭᠠᠷᠠᠭᠤᠯᠤᠨ ᠴᠡᠪᠡᠷᠯᠡᠵᠦ ᠥᠪᠡᠷᠲᠡᠭᠡᠨ | ᠵᠠᠰᠠᠬᠤ ᠣᠷᠣᠨ ᠳᠤ ᠪᠤᠴᠠᠭᠠᠬᠤ ᠬᠡᠷᠡᠭᠲᠡᠢ᠃ | 3. ᠭᠡᠷ ᠪᠠᠶᠢᠰᠢᠩ ᠪᠠᠷᠢᠬᠤ ᠲᠠᠯᠠᠪᠠᠢ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠳᠤ ᠬᠠᠮᠤᠭ ᠤᠨ ᠳᠣᠣᠷ᠎ᠠ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ | ᠬᠦᠷᠭᠡᠵᠦ᠂ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠯᠭ᠎ᠠ ᠶᠢᠨ | ᠲᠠᠯᠠᠪᠠᠢ ᠨᠢ ᠲᠣᠬᠢᠷᠠᠮᠵᠢᠲᠠᠢ᠂ ᠭᠡᠷ ᠪᠠᠶᠢᠰᠢᠩ ᠤᠨ ᠪᠦᠲᠦᠴᠡ ᠨᠢ ᠠᠮᠤᠷ ᠲᠦᠪᠰᠢᠨ᠂ ᠬᠥᠮᠥᠨ ᠮᠠᠯ ᠢ ᠰᠠᠯᠭᠠᠬᠤ ᠶᠢ | ᠪᠡᠶᠡᠯᠡᠭᠦᠯᠵᠦ᠂ ᠨᠥᠬᠦᠴᠡᠯ ᠲᠠᠢ ᠨᠢ ᠡᠷᠡᠭᠦᠯ ᠬᠠᠮᠠᠭᠠᠯᠠᠯ ᠤᠨ ᠵᠣᠷᠯᠣᠩ ᠪᠠᠶᠢᠬᠤ ᠬᠡᠷᠡᠭᠲᠡᠢ᠃ ᠥᠭᠡᠷᠡᠴᠢᠯᠡᠨ | ᠰᠢᠨᠡᠳᠬᠡᠭᠰᠡᠨ ᠤ ᠳᠠᠷᠠᠭᠠᠬᠢ ᠭᠡᠷ ᠪᠠᠶᠢᠰᠢᠩ ᠤᠨ ᠲᠠᠯᠠᠪᠠᠢ ᠶᠢ ᠵᠠᠷᠴᠢᠮ ᠳᠡᠭᠡᠷ᠎ᠡ ᠪᠠᠨ 1 ᠠᠴᠠ 3 ᠬᠥᠮᠥᠨ ᠤ | ᠡᠷᠦᠬᠡ ᠶᠢ 40 — 60 ᠺᠦᠸᠠᠳ᠋ ᠮᠧᠳ᠋ᠷ ᠤᠨ ᠳᠣᠲᠣᠷ᠎ᠠ ᠬᠢᠵᠠᠭᠠᠷᠯᠠᠬᠤ ᠮᠥᠷᠲᠡᠭᠡᠨ 1 ᠬᠥᠮᠥᠨ ᠤ ᠡᠷᠦᠬᠡ ᠶᠢ 20 | ᠺᠦᠸᠠᠳ᠋ ᠮᠧᠳ᠋ᠷ ᠠᠴᠠ ᠳᠣᠣᠷ᠎ᠠ ᠪᠠᠶᠢᠯᠭᠠᠬᠤ ᠦᠭᠡᠢ᠂ 2 ᠬᠥᠮᠥᠨ ᠤ ᠡᠷᠦᠬᠡ ᠶᠢ 30 ᠺᠦᠸᠠᠳ᠋ ᠮᠧᠳ᠋ᠷ ᠠᠴᠠ | ᠳᠣᠣᠷ᠎ᠠ ᠪᠠᠶᠢᠯᠭᠠᠬᠤ ᠦᠭᠡᠢ᠂ 3 ᠬᠥᠮᠥᠨ ᠤ ᠡᠷᠦᠬᠡ ᠶᠢ 40 ᠺᠦᠸᠠᠳ᠋ ᠮᠧᠳ᠋ᠷ ᠠᠴᠠ ᠳᠣᠣᠷ᠎ᠠ ᠪᠠᠶᠢᠯᠭᠠᠬᠤ ᠦᠭᠡᠢ︔ | 3 ᠬᠥᠮᠥᠨ ᠠᠴᠠ ᠳᠡᠭᠡᠭᠰᠢ ᠡᠷᠦᠬᠡ ᠶᠢᠨ ᠬᠥᠮᠥᠨ ᠪᠦᠷᠢ ᠳᠤ ᠲᠡᠭᠰᠢᠳᠬᠡᠭᠰᠡᠨ ᠪᠠᠷᠢᠯᠭ᠎ᠠ ᠶᠢᠨ ᠲᠠᠯᠠᠪᠠᠢ ᠶᠢ 18 | ᠺᠦᠸᠠᠳ᠋ ᠮᠧᠳ᠋ᠷ ᠠᠴᠠ ᠬᠡᠲᠦᠷᠡᠭᠦᠯᠬᠦ ᠦᠭᠡᠢ᠂ 13 ᠺᠦᠸᠠᠳ᠋ ᠮᠧᠳ᠋ᠷ ᠠᠴᠠ ᠳᠣᠣᠷ᠎ᠠ ᠪᠠᠶᠢᠯᠭᠠᠬᠤ ᠦᠭᠡᠢ᠃ ᠭᠤᠣᠯ | ᠪᠠᠶᠢᠰᠢᠩ ᠲᠠᠢ ᠪᠠᠨ ᠬᠤᠯᠪᠣᠯᠳᠤᠭᠤᠯᠤᠨ ᠪᠠᠷᠢᠭᠰᠠᠨ ᠲᠣᠭᠤᠭᠠᠨ ᠭᠡᠷ᠂ ᠡᠷᠡᠭᠦᠯ ᠬᠠᠮᠠᠭᠠᠯᠠᠯ ᠤᠨ ᠲᠠᠰᠤᠭ ᠵᠢᠴᠢ | ᠬᠥᠮᠥᠷᠭᠡ ᠵᠡᠷᠭᠡ ᠬᠡᠷᠡᠭᠯᠡᠭᠡᠨ ᠳᠤ ᠬᠠᠪᠰᠤᠷᠤᠨ ᠬᠡᠷᠡᠭᠯᠡᠬᠦ ᠭᠡᠷ ᠪᠠᠶᠢᠰᠢᠩ ᠢ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠪᠠᠷ ᠪᠠᠷᠢᠭᠰᠠᠨ ᠭᠡᠷ ᠪᠠᠶᠢᠰᠢᠩ ᠤᠨ ᠲᠠᠯᠠᠪᠠᠢ ᠳᠤ ᠪᠣᠳᠣᠨ ᠣᠷᠣᠭᠤᠯᠬᠤ ᠦᠭᠡᠢ᠃ | 4. ᠳᠣᠣᠷ᠎ᠠ ᠥᠪᠡᠷ ᠤᠨ ᠥᠷᠲᠡᠭ ᠲᠠᠢ ᠪᠠᠷ ᠥᠭᠡᠷᠡᠴᠢᠯᠡᠨ ᠰᠢᠨᠡᠳᠬᠡᠬᠦ᠃ ᠪᠠᠬᠢᠵᠢᠭᠦᠯᠦᠨ ᠥᠭᠡᠷᠡᠴᠢᠯᠡᠬᠦ | ᠪᠣᠯ ᠮᠠᠯᠴᠢᠨ ᠲᠠᠷᠢᠶᠠᠴᠢᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠳᠣᠣᠷ᠎ᠠ ᠥᠪᠡᠷ ᠤᠨ | ᠥᠷᠲᠡᠭ ᠲᠠᠢ ᠪᠠᠷ ᠰᠢᠢᠳᠪᠦᠷᠢᠯᠡᠬᠦ ᠲᠦᠢᠯ ᠤᠨ ᠪᠦᠲᠦᠮᠵᠢᠲᠡᠢ ᠠᠷᠭ᠎ᠠ ᠠᠪᠴᠠᠯ ᠤᠨ ᠨᠢᠭᠡ ᠪᠠᠶᠢᠵᠤ᠂ ᠭᠡᠷ ᠪᠠᠶᠢᠰᠢᠩ | ᠪᠠᠷᠢᠭᠰᠠᠨ ᠠᠴᠠ ᠪᠣᠯᠵᠤ ᠶᠠᠳᠠᠭᠤᠷᠠᠬᠤ ᠪᠤᠶᠤ ᠳᠠᠬᠢᠨ ᠶᠠᠳᠠᠭᠤ ᠬᠦᠴᠢᠷᠳᠡᠯ ᠲᠠᠢ ᠪᠠᠶᠢᠳᠠᠯ ᠳᠤ ᠣᠷᠣᠬᠤ ᠠᠴᠠ | ᠪᠦᠲᠦᠮᠵᠢᠲᠡᠢ ᠪᠠᠷ ᠵᠠᠶᠢᠯᠠᠰᠬᠢᠵᠦ ᠪᠣᠯᠣᠨ᠎ᠠ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠮᠠᠯᠴᠢᠨ ᠲᠠᠷᠢᠶᠠᠴᠢᠨ ᠡᠷᠦᠬᠡ ᠶᠢᠨ ᠪᠠᠬᠢᠵᠢᠭᠦᠯᠦᠨ | ᠥᠭᠡᠷᠡᠴᠢᠯᠡᠬᠦ ᠠᠷᠭ᠎ᠠ ᠬᠡᠯᠪᠡᠷᠢ ᠶᠢ ᠤᠷᠢᠳ ᠢᠶᠠᠷ ᠰᠣᠩᠭᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠨ ᠥᠭᠡᠷᠡᠴᠢᠯᠡᠨ | ᠰᠢᠨᠡᠳᠬᠡᠬᠦ ᠶᠢ ᠬᠥᠲᠥᠯᠥᠨ ᠵᠢᠯᠣᠭᠤᠳᠬᠤ ᠬᠡᠷᠡᠭᠲᠡᠢ᠃ ᠵᠠᠷᠴᠢᠮ ᠳᠡᠭᠡᠷ᠎ᠡ ᠪᠠᠨ C ᠳᠡᠰ ᠤᠨ ᠨᠤᠷᠠᠬᠤ ᠠᠶᠤᠯᠲᠠᠢ ᠭᠡᠷ | ᠪᠠᠶᠢᠰᠢᠩ ᠢ ᠡᠷᠬᠡᠪᠰᠢ ᠪᠠᠬᠢᠵᠢᠭᠦᠯᠦᠨ ᠥᠭᠡᠷᠡᠴᠢᠯᠡᠵᠦ᠂ ᠨᠥᠬᠦᠴᠡᠯ ᠲᠠᠢ D ᠳᠡᠰ ᠤᠨ ᠨᠤᠷᠠᠬᠤ ᠠᠶᠤᠯᠲᠠᠢ ᠭᠡᠷ | ᠪᠠᠶᠢᠰᠢᠩ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠦᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠰᠢᠯᠭᠠᠨ | ᠪᠠᠶᠢᠴᠠᠭᠠᠯᠲᠠ ᠬᠢᠬᠦ ᠪᠠᠷ ᠳᠠᠮᠵᠢᠨ D ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠷ ᠲᠣᠭᠲᠠᠭᠠᠭᠰᠠᠨ ᠭᠡᠷ | ᠪᠠᠶᠢᠰᠢᠩ ᠳᠤ᠂ ᠬᠡᠷᠪᠡ ᠲᠠᠷᠢᠶᠠᠴᠢᠨ ᠡᠷᠦᠬᠡ ᠠᠴᠠ ᠥᠪᠡᠷ ᠢᠶᠠᠨ ᠪᠠᠬᠢᠵᠢᠭᠦᠯᠦᠨ ᠥᠭᠡᠷᠡᠴᠢᠯᠡᠬᠦ ᠬᠦᠰᠡᠯ ᠲᠠᠢ ᠪᠣᠯ᠂ | ᠪᠠᠬᠢᠵᠢᠭᠦᠯᠦᠨ ᠥᠭᠡᠷᠡᠴᠢᠯᠡᠬᠦ ᠪᠠᠷᠢᠮᠵᠢᠶ᠎ᠠ ᠶᠢ ᠲᠣᠳᠣᠷᠬᠠᠶᠢᠯᠠᠨ᠂ ᠲᠠᠷᠢᠶᠠᠴᠢᠨ ᠡᠷᠦᠬᠡ ᠶᠢᠨ ᠵᠥᠪᠰᠢᠶᠡᠷᠡᠯ ᠢ | ᠣᠯᠬᠤ ᠶᠢᠨ ᠬᠠᠮᠲᠤ ᠬᠡᠯᠡᠯᠴᠡᠭᠡᠷ ᠲᠣᠭᠲᠠᠬᠤ ᠬᠡᠷᠡᠭᠲᠡᠢ᠃ ᠡᠯ᠎ᠡ ᠭᠠᠵᠠᠷ ᠤᠨ ᠬᠢᠨ ︽ᠬᠥᠳᠡᠭᠡ ᠲᠣᠰᠬᠤᠨ ᠤ ᠭᠡᠷ | ᠪᠠᠶᠢᠰᠢᠩ ᠢ ᠪᠠᠬᠢᠵᠢᠭᠦᠯᠦᠨ ᠥᠭᠡᠷᠡᠴᠢᠯᠡᠬᠦ ᠮᠡᠷᠭᠡᠵᠢᠯ ᠤᠨ ᠵᠢᠯᠣᠭᠤᠳᠬᠤ ᠳᠦᠷᠢᠮ︾ ᠢᠶᠠᠷ ᠯᠠᠪᠯᠠᠯᠲᠠ ᠪᠣᠯᠭᠠᠨ᠂ | ᠥᠪᠡᠷ ᠤᠨ ᠪᠣᠳᠠᠲᠤ ᠪᠠᠶᠢᠳᠠᠯ ᠳᠤ ᠪᠠᠨ ᠨᠡᠶᠢᠴᠡᠭᠰᠡᠨ ᠪᠠᠬᠢᠵᠢᠭᠦᠯᠬᠦ ᠪᠠᠷᠢᠮᠵᠢᠶ᠎ᠠ ᠶᠢ ᠲᠣᠭᠲᠠᠭᠠᠵᠤ᠂ ᠰᠢᠭᠤᠳ ᠠᠶᠤᠯ | ᠲᠦᠭᠰᠢᠭᠦᠷᠢ ᠶᠢ ᠠᠷᠢᠯᠭᠠᠨ᠂ ᠭᠡᠷ ᠪᠠᠶᠢᠰᠢᠩ ᠤᠨ ᠪᠦᠬᠦᠯᠢ ᠴᠣᠭᠴᠠ ᠶᠢᠨ ᠬᠦᠴᠦᠯᠡᠴᠡ ᠶᠢ ᠵᠡᠷᠭᠡ ᠳᠤ ᠨᠢ | ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ | ᠠᠰᠠᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠪ ᠤᠨ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ | ᠲᠥᠰᠥᠯ ︵2018 — 2020 ᠣᠨ︶ ᠤᠨ ᠦᠨᠳᠦᠰᠦᠨ ᠵᠠᠷᠴᠢᠮ ᠨᠢ ᠶᠠᠭᠤ ᠪᠣᠢ︖ | ᠬᠠᠷᠢᠭᠤᠯᠲᠠ᠄ | 1. ᠭᠤᠣᠯᠳᠠᠯᠭ᠎ᠠ ᠳᠤ ᠠᠩᠬᠠᠷᠤᠭᠤᠯᠤᠨ ᠲᠥᠪᠯᠡᠷᠡᠭᠦᠯᠵᠦ᠂ ᠲᠦᠢᠯ ᠤᠨ ᠣᠨᠣᠪᠴᠢᠲᠠᠢ ᠪᠠᠷ ᠠᠷᠭ᠎ᠠ | ᠪᠣᠳᠣᠯᠭ᠎ᠠ ᠶᠢ ᠬᠡᠷᠡᠭᠵᠢᠭᠦᠯᠦᠨ᠎ᠡ᠃ ᠤᠷᠲᠤ ᠬᠤᠭᠤᠴᠠᠭ᠎ᠠ ᠪᠠᠷ ᠶᠠᠳᠠᠭᠤ ᠬᠦᠴᠢᠷᠲᠡᠢ ᠭᠠᠵᠠᠷ ᠣᠷᠣᠨ ᠳᠤ | ᠠᠩᠬᠠᠷᠤᠭᠤᠯᠤᠨ ᠲᠥᠪᠯᠡᠷᠡᠭᠦᠯᠵᠦ᠂ ᠬᠠᠪᠰᠤᠷᠤᠨ ᠲᠡᠳᠬᠦᠬᠦ ᠪᠡᠯᠡ ᠮᠥᠩᠭᠦ᠂ ᠬᠠᠮᠵᠢᠯᠴᠠᠨ ᠠᠵᠢᠯᠯᠠᠬᠤ ᠲᠥᠷᠥᠯ | ᠵᠦᠢᠯ᠂ ᠴᠢᠳᠠᠪᠤᠷᠢᠲᠠᠨ ᠤ ᠳᠡᠮᠵᠢᠯᠭᠡ ᠵᠡᠷᠭᠡ ᠶᠢ ᠤᠷᠲᠤ ᠬᠤᠭᠤᠴᠠᠭ᠎ᠠ ᠪᠠᠷ ᠶᠠᠳᠠᠭᠤ ᠬᠦᠴᠢᠷᠲᠡᠢ ᠭᠠᠵᠠᠷ ᠣᠷᠣᠨ ᠳᠤ | ᠲᠥᠪᠯᠡᠷᠡᠭᠦᠯᠦᠨ ᠬᠡᠯᠪᠠᠶᠢᠯᠭᠡᠨ᠎ᠡ᠃ ᠲᠦᠢᠯ ᠤᠨ ᠣᠨᠣᠪᠴᠢᠲᠠᠢ ᠪᠠᠷ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ ︽ | ᠵᠢᠷᠭᠤᠭ᠎ᠠ ᠶᠢ ᠲᠦᠢᠯ ᠤᠨ ᠣᠨᠣᠪᠴᠢᠲᠠᠢ ᠪᠠᠶᠢᠯᠭᠠᠵᠤ᠂ ᠲᠠᠪᠤᠨ ᠨᠢᠭᠡ ᠶᠢ ᠵᠥᠪᠰᠢᠶᠡᠷᠡᠬᠦ︾ ᠱᠠᠭᠠᠷᠳᠠᠯᠭ᠎ᠠ ᠶᠣᠰᠣᠭᠠᠷ | ᠂ ᠲᠣᠰᠬᠤᠨ ᠡᠷᠦᠭᠡ ᠠᠷᠠᠳ ᠤᠨ ᠪᠠᠶᠢᠳᠠᠯ ᠳᠤ ᠵᠣᠬᠢᠴᠠᠭᠤᠯᠤᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠠᠪᠰᠤᠷᠤᠨ | ᠲᠡᠳᠬᠦᠬᠦ ᠠᠷᠭ᠎ᠠ ᠬᠡᠮᠵᠢᠶᠡᠨ ᠤ ᠴᠢᠭᠯᠡᠯᠲᠦ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 2. ᠭᠤᠣᠯ ᠴᠣᠭᠴᠠ ᠶᠢ ᠪᠠᠲᠤᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠠᠶᠢᠮᠠᠭ ᠬᠤᠲᠠ᠂ ᠠᠵᠢᠯ ᠲᠥᠷᠥᠯ | ᠨᠢᠭᠡᠲᠡᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠪᠰᠤᠷᠤᠨ ᠲᠡᠳᠬᠦᠬᠦ ᠪᠡᠯᠡ ᠮᠥᠩᠭᠦ ᠶᠢᠨ ᠲᠥᠷᠥᠯ | ᠵᠦᠢᠯ ᠢ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠠᠵᠢᠯ ᠤᠨ ᠨᠢᠭᠡᠳᠦᠯᠲᠡᠢ | ᠪᠠᠶᠢᠷᠢᠯᠠᠭᠤᠯᠤᠯᠲᠠ᠂ ᠨᠢᠭᠡᠳᠦᠯᠲᠡᠢ ᠬᠠᠮᠢᠶᠠᠷᠤᠯᠲᠠ᠂ ᠨᠢᠭᠡᠳᠦᠯᠲᠡᠢ ᠬᠢᠨᠠᠯᠲᠠ ᠳᠤ ᠣᠷᠣᠭᠤᠯᠤᠨ᠎ᠠ᠃ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠪᠠ ᠬᠠᠮᠲᠤᠷᠠᠯᠴᠠᠬᠤ ᠡᠬᠢ ᠪᠠᠶᠠᠯᠢᠭ ᠢ ᠰᠠᠶᠢᠲᠤᠷ ᠠᠰᠢᠭᠯᠠᠨ᠂ ᠶᠠᠳᠠᠭᠤ ᠠᠴᠠ | ᠠᠩᠭᠢᠵᠢᠷᠠᠭᠤᠯᠬᠤ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ | 3. ᠢᠳᠡᠪᠬᠢᠲᠡᠢ ᠪᠠᠷ ᠵᠠᠯᠭᠠᠮᠵᠢᠯᠠᠨ ᠵᠣᠯᠭᠠᠭᠤᠯᠵᠤ᠂ ᠬᠠᠮᠲᠤᠷᠠᠨ ᠠᠵᠢᠯᠯᠠᠵᠤ ᠬᠥᠭᠵᠢᠭᠦᠯᠦᠨ᠎ᠡ᠃ ᠪᠡᠭᠡᠵᠢᠩ | ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠠᠵᠢᠯ ᠢ ᠵᠠᠯᠭᠠᠮᠵᠢᠯᠠᠵᠤ᠂ ᠪᠡᠭᠡᠵᠢᠩ | ᠥᠪᠥᠷ ᠮᠣᠩᠭᠤᠯ ᠤᠨ ᠣᠯᠠᠨ ᠲᠠᠯ᠎ᠠ ᠶᠢᠨ ᠬᠢᠨ ᠤ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠶᠡᠭᠡ | ᠬᠡᠪᠴᠢᠶᠡᠨ ᠤ ᠶᠠᠳᠠᠭᠤ ᠶᠢ ᠲᠡᠳᠬᠦᠬᠦ ᠠᠵᠢᠯ ᠳᠤ ᠬᠠᠮᠲᠤ ᠪᠠᠷ ᠣᠷᠣᠯᠴᠠᠬᠤ ᠪᠠᠶᠢᠷᠢᠯᠠᠭᠤᠯᠤᠯᠲᠠ ᠶᠢ ᠪᠦᠷᠢᠯᠳᠦᠭᠦᠯᠦᠨ᠎ᠡ | ᠃ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠲᠠᠪᠴᠠᠩ ᠢ ᠪᠠᠶᠢᠭᠤᠯᠵᠤ᠂ ᠬᠠᠮᠲᠤᠷᠠᠨ ᠠᠵᠢᠯᠯᠠᠵᠤ | ᠬᠥᠭᠵᠢᠭᠦᠯᠦᠨ᠂ ᠬᠠᠷᠢᠯᠴᠠᠨ ᠠᠰᠢᠭᠲᠠᠢ ᠪᠥᠭᠡᠳ ᠬᠠᠮᠲᠤ ᠪᠠᠷ ᠢᠯᠠᠯᠲᠠ ᠣᠯᠬᠤ ᠶᠢ ᠪᠡᠶᠡᠯᠡᠭᠦᠯᠦᠨ᠎ᠡ᠃ | ᠠᠰᠠᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠪ ᠤᠨ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ | ᠲᠥᠰᠥᠯ ︵2018 — 2020 ᠣᠨ︶ ᠤᠨ ᠭᠤᠣᠯ ᠬᠠᠷᠠᠯᠲᠠ ᠨᠢ ᠶᠠᠭᠤ ᠪᠣᠢ︖ | ᠬᠠᠷᠢᠭᠤᠯᠲᠠ᠄ 2020 ᠣᠨ ᠪᠣᠯᠬᠤ ᠳᠤ᠂ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠶᠢᠨ ᠬᠢᠨ ᠤ | ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ 32.28 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠶᠢ ᠬᠠᠪᠰᠤᠷᠤᠨ ᠠᠬᠢᠭᠤᠯᠵᠤ᠂ 31 ᠶᠠᠳᠠᠭᠤ ᠬᠦᠴᠢᠷᠳᠡᠯᠲᠡᠢ | ᠬᠤᠰᠢᠭᠤ ᠰᠢᠶᠠᠨ ᠤ ᠶᠠᠳᠠᠭᠤ ᠬᠦᠴᠢᠷᠳᠡᠯᠲᠡᠢ ᠪᠠᠶᠢᠳᠠᠯ ᠠᠴᠠ ᠮᠤᠯᠲᠤᠷᠠᠬᠤ ᠶᠢ ᠪᠡᠶᠡᠯᠡᠭᠦᠯᠦᠨ᠎ᠡ᠃ ᠪᠡᠭᠡᠵᠢᠩ ᠥᠪᠥᠷ | ᠮᠣᠩᠭᠤᠯ ᠤᠨ ᠳᠡᠭᠡᠳᠦ ᠳᠠᠪᠬᠤᠷᠭ᠎ᠠ ᠶᠢᠨ ᠬᠢᠨ ᠤ ᠰᠣᠯᠢᠯᠴᠠᠵᠤ ᠬᠠᠷᠢᠯᠴᠠᠨ ᠰᠤᠷᠪᠤᠯᠵᠢᠯᠠᠬᠤ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ ᠲᠥᠷᠥᠯ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ︽ᠭᠠᠷ ᠭᠠᠷ ᠢᠶᠠᠨ ᠬᠤᠯᠪᠣᠯᠴᠠᠨ ᠴᠢᠨᠡᠭᠡᠯᠢᠭ ᠨᠡᠶᠢᠭᠡᠮ ᠢ ᠪᠠᠶᠢᠭᠤᠯᠬᠤ︾ ᠠᠵᠢᠯ ᠤᠨ | ᠲᠣᠭᠲᠠᠴᠠ ᠶᠢ ᠪᠠᠶᠢᠭᠤᠯᠵᠤ᠂ ᠬᠤᠰᠢᠭᠤ ᠰᠢᠶᠠᠨ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠣᠰᠯᠠᠨ | ᠬᠤᠯᠪᠣᠭᠠᠯᠠᠬᠤ ᠬᠠᠷᠢᠴᠠᠭ᠎ᠠ ᠶᠢ ᠲᠡᠭᠦᠯᠳᠡᠷᠵᠢᠭᠦᠯᠦᠨ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠤ | ᠦᠢᠯᠡᠰ ᠨᠢ ᠬᠥᠭᠵᠢᠯ ᠮᠠᠨᠳᠤᠯ ᠲᠠᠢ᠂ ᠠᠮᠢ ᠠᠬᠤᠢ ᠨᠢ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ᠂ ᠨᠤᠲᠤᠭ | ᠤᠰᠤᠨ ᠤ ᠵᠠᠩ ᠰᠤᠷᠲᠠᠯ ᠨᠢ ᠪᠣᠯᠪᠠᠰᠤᠨ᠂ ᠵᠠᠰᠠᠯᠲᠠ ᠨᠢ ᠪᠦᠲᠦᠮᠵᠢᠲᠡᠢ᠂ ᠠᠮᠢᠳᠤᠷᠠᠯ ᠨᠢ ᠪᠠᠶᠠᠨ ᠴᠢᠨᠡᠭᠡᠯᠢᠭ | ᠪᠣᠯᠬᠤ ᠶᠢ ᠠᠬᠢᠭᠤᠯᠤᠨ᠎ᠠ᠃ ᠲᠤᠬᠠᠢ ᠶᠢᠨ ᠭᠠᠵᠠᠷ ᠲᠤ ᠰᠠᠭᠤᠷᠢᠯᠠᠨ ᠶᠠᠳᠠᠭᠤ ᠠᠴᠠ ᠠᠩᠭᠢᠵᠢᠷᠠᠭᠤᠯᠬᠤ ᠶᠢ | ᠳᠠᠶᠢᠴᠢᠯᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ ᠦᠢᠯᠡᠳᠦᠯ ᠢᠶᠠᠷ ᠴᠢᠩᠭ᠎ᠠ ᠨᠢᠭᠡ ᠪᠦᠯᠦᠭ | ᠬᠠᠮᠲᠤᠷᠠᠯᠴᠠᠬᠤ ᠵᠣᠬᠢᠶᠠᠨ ᠪᠠᠶᠢᠭᠤᠯᠤᠯᠲᠠ ᠪᠠ ᠲᠦᠷᠦᠭᠦᠯᠡᠭᠴᠢ ᠠᠵᠤ ᠠᠬᠤᠶᠢᠯᠠᠯ ᠢ ᠬᠦᠴᠦᠯᠡᠨ ᠬᠥᠮᠥᠵᠢᠭᠦᠯᠵᠦ᠂ | ᠴᠢᠨᠠᠷ ᠰᠢᠯᠢᠳᠡᠭ ᠣᠷᠭᠠᠨᠢᠭ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠬᠠᠩᠭᠠᠬᠤ ᠨᠢᠭᠡ ᠪᠦᠯᠦᠭ ᠰᠠᠭᠤᠷᠢᠨ ᠭᠠᠵᠠᠷ ᠢ ᠪᠠᠶᠢᠭᠤᠯᠤᠨ᠎ᠠ᠃ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠮᠥᠩᠭᠦᠨ ᠭᠦᠢᠯᠭᠡᠭᠡ᠂ ᠲᠠᠷᠢᠶᠠᠯᠠᠩ ᠮᠠᠯ ᠠᠵᠤ ᠠᠬᠤᠢ᠂ | ᠨᠡᠶᠢᠭᠡᠮ ᠵᠡᠷᠭᠡ ᠬᠦᠷᠢᠶ᠎ᠡ ᠴᠠᠷᠠᠭᠠᠨ ᠤ ᠴᠢᠳᠠᠪᠤᠷᠢᠲᠠᠨ ᠤ ᠰᠣᠯᠢᠯᠴᠠᠨ ᠬᠠᠮᠲᠤᠷᠠᠯᠴᠠᠬᠤ ᠲᠠᠪᠴᠠᠩ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠪᠡᠭᠡᠵᠢᠩ ᠬᠤᠲᠠ ᠶᠢᠨ ᠳᠡᠭᠡᠳᠦ ᠦᠵᠦᠭᠦᠷ ᠤᠨ ᠴᠢᠳᠠᠪᠤᠷᠢᠲᠠᠨ ᠤ ᠥᠪᠥᠷ | ᠮᠣᠩᠭᠤᠯ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠬᠦᠷᠴᠦ ᠬᠥᠭᠵᠢᠭᠦᠯᠬᠦ᠂ ᠠᠳᠠᠯ ᠦᠢᠯᠡᠰ ᠪᠣᠰᠬᠠᠬᠤ᠂ | ᠠᠰᠠᠭᠤᠨ ᠯᠠᠪᠠᠯᠬᠤ ᠦᠢᠯᠡᠴᠢᠯᠡᠭᠡ ᠬᠠᠩᠭᠠᠬᠤ ᠳᠤ ᠰᠠᠶᠢᠨ ᠰᠠᠶᠢᠬᠠᠨ ᠣᠷᠴᠢᠨ ᠠᠬᠤᠢ ᠶᠢ ᠬᠠᠩᠭᠠᠨ᠂ ᠶᠠᠳᠠᠭᠤ ᠠᠴᠠ | ᠠᠩᠭᠢᠵᠢᠷᠠᠭᠤᠯᠤᠨ ᠰᠢᠪᠲᠤᠯᠤᠯᠲᠠ ᠬᠢᠬᠦ ᠰᠢᠨ᠎ᠡ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠣᠷᠣᠨ | ᠪᠦᠰᠡ ᠶᠢᠨ ᠵᠣᠬᠢᠴᠠᠩᠭᠤᠢ ᠪᠠᠷ ᠬᠥᠭᠵᠢᠬᠦ ᠰᠢᠨ᠎ᠡ ᠬᠥᠳᠡᠯᠭᠡᠭᠴᠢ ᠴᠢᠳᠠᠪᠤᠷᠢ ᠶᠢ ᠪᠦᠷᠢᠯᠳᠦᠭᠦᠯᠦᠨ᠂ ︽ᠣᠶᠣᠨ ᠢ ᠨᠢ | ᠲᠡᠳᠬᠦᠨ ᠵᠣᠷᠢᠭ ᠰᠠᠨᠠᠭ᠎ᠠ ᠶᠢ ᠨᠢ ᠲᠡᠳᠬᠦᠬᠦ︾ ᠰᠢᠨ᠎ᠡ ᠲᠤᠯᠭᠠᠭᠤᠷᠢᠯᠠᠯ ᠴᠡᠭ ᠢ ᠪᠠᠶᠢᠭᠤᠯᠤᠨ᠎ᠠ᠃ | ᠠᠰᠠᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠪ ᠤᠨ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ | ᠲᠥᠰᠥᠯ ︵2018 — 2020 ᠣᠨ︶ ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠶᠢ ᠬᠡᠷᠬᠢᠨ ᠥᠷᠨᠢᠭᠦᠯᠬᠦ ᠪᠣᠢ︖ | ᠬᠠᠷᠢᠭᠤᠯᠲᠠ᠄ | 1. ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠥᠮᠥᠵᠢᠭᠦᠯᠦᠨ ᠪᠤᠶᠢᠵᠢᠭᠤᠯᠤᠨ᠎ᠠ᠃ ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠤ ᠡᠬᠢ ᠪᠠᠶᠠᠯᠢᠭ ᠤᠨ ᠤᠭ ᠰᠤᠷᠪᠤᠯᠵᠢ ᠳᠤ ᠰᠠᠭᠤᠷᠢᠯᠠᠨ᠂ ᠳᠠᠶᠢᠴᠢᠯᠠᠬᠤ | ᠴᠢᠳᠠᠪᠤᠷᠢ ᠪᠠᠷ ᠴᠢᠩᠭ᠎ᠠ ᠮᠢᠬᠠᠨ ᠤ ᠦᠬᠡᠷ᠂ ᠮᠢᠬᠠᠨ ᠤ ᠬᠤᠨᠢ᠂ ᠠᠮᠢᠳᠤ ᠭᠠᠭᠠᠢ᠂ ᠭᠡᠷ ᠤᠨ ᠵᠢᠭᠦᠷᠲᠡᠨ᠂ ᠡᠪᠡᠰᠦ | ᠪᠣᠷᠳᠤᠭ᠎ᠠ᠂ ᠢᠳᠡᠰᠢᠨ ᠨᠣᠭᠤᠭ᠎ᠠ᠂ ᠡᠷᠳᠡᠨᠢ ᠰᠢᠰᠢ᠂ ᠲᠥᠮᠥᠰᠥ ᠵᠡᠷᠭᠡ ᠭᠤᠣᠯᠯᠠᠬᠤ ᠠᠵᠤ ᠦᠢᠯᠡᠰ ᠢ ᠪᠠᠶᠢᠭᠤᠯᠤᠨ᠎ᠠ | ᠃ ᠬᠠᠪᠰᠤᠷᠤᠨ ᠲᠡᠳᠬᠦᠬᠦ ᠪᠡᠯᠡ ᠮᠥᠩᠭᠦ ᠶᠢ ᠲᠥᠪᠯᠡᠷᠡᠭᠦᠯᠦᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠵᠠᠩᠭᠢᠯᠠᠭ᠎ᠠ ᠶᠢᠨ ᠭᠤᠭᠴᠤᠭ᠎ᠠ ᠳᠤ ᠲᠦᠢᠯ ᠤᠨ ᠣᠨᠣᠪᠴᠢᠲᠠᠢ ᠪᠠᠷ ᠬᠦᠴᠦᠯᠡᠬᠦ ᠳᠤ ᠠᠩᠬᠠᠷᠤᠭᠤᠯᠤᠨ ᠲᠥᠪᠯᠡᠷᠡᠭᠦᠯᠵᠦ | ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠣᠷᠣᠯᠴᠠᠭᠰᠠᠨ ᠬᠡᠮᠵᠢᠶ᠎ᠡ ᠪᠠᠷ ᠥᠨᠳᠥᠷ ᠨᠢᠭᠡ ᠪᠦᠯᠦᠭ ᠥᠪᠡᠷᠮᠢᠴᠡ | ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠤᠨ᠎ᠠ᠃ ︽ᠲᠣᠭᠲᠠᠪᠤᠷᠢᠲᠤ ᠮᠠᠶ᠋ᠢᠭ︾ | ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠦᠨ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠳᠠᠪᠠᠭᠤᠯᠢᠭ | ᠥᠪᠡᠷᠮᠢᠴᠡ ᠣᠨᠴᠠᠯᠢᠭᠲᠤ ᠲᠠᠷᠢᠮᠠᠯ ᠪᠠ ᠲᠡᠵᠢᠭᠡᠪᠦᠷᠢ ᠶᠢᠨ ᠦᠢᠯᠡᠰ ᠢ ᠬᠥᠭᠵᠢᠭᠦᠯᠵᠦ᠂ ᠬᠥᠳᠡᠯᠮᠦᠷᠢᠯᠡᠬᠦ | ᠴᠢᠳᠠᠪᠤᠷᠢ ᠲᠠᠢ᠂ ᠠᠵᠤ ᠦᠢᠯᠡᠰ ᠢ ᠬᠥᠭᠵᠢᠭᠦᠯᠬᠦ ᠬᠦᠰᠡᠯ ᠡᠷᠡᠮᠡᠯᠵᠡᠯ ᠲᠠᠢ ᠳᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠢ ᠡᠷᠦᠬᠡ ᠳᠤ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ | ᠣᠷᠣᠨ ᠤ ᠶᠠᠳᠠᠭᠤ ᠶᠢ ᠲᠡᠳᠬᠦᠬᠦ ᠥᠪᠡᠷᠮᠢᠴᠡ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢᠲᠡᠢ ᠨᠡᠷᠡᠲᠦ ᠲᠡᠮᠳᠡᠭ ᠢ ᠡᠭᠦᠳᠦᠨ᠎ᠡ᠃ | 2. ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ | ᠬᠥᠮᠥᠵᠢᠭᠦᠯᠦᠨ ᠪᠤᠶᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠦᠷᠦᠭᠦᠯᠡᠭᠴᠢ ᠠᠵᠤ ᠠᠬᠤᠶᠢᠯᠠᠯ᠂ | ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠠ | ᠲᠤᠰᠬᠠᠢ ᠲᠠᠷᠢᠵᠤ ᠠᠷᠠᠴᠢᠯᠠᠬᠤ ᠲᠣᠮᠣ ᠡᠷᠦᠬᠡ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠬᠦ ᠪᠠ ᠬᠥᠮᠥᠵᠢᠭᠦᠯᠦᠨ ᠪᠤᠶᠢᠵᠢᠭᠤᠯᠵᠤ᠂ ᠶᠠᠳᠠᠭᠤ ᠬᠦᠴᠢᠷᠳᠡᠯᠲᠡᠢ | ᠡᠷᠦᠬᠡ ᠶᠢ ᠪᠠᠭᠠᠰᠬᠠᠨ ᠶᠠᠳᠠᠭᠤ ᠠᠴᠠ ᠠᠩᠭᠢᠵᠢᠷᠠᠭᠤᠯᠬᠤ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠤᠰᠢᠭᠤ ᠰᠢᠶᠠᠨ᠂ | ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠶᠠᠳᠠᠭᠤ ᠬᠦᠴᠢᠷᠳᠡᠯᠲᠡᠢ ᠡᠷᠦᠬᠡ ᠯᠦᠭᠡ ᠠᠰᠢᠭ ᠲᠤᠰᠠ ᠪᠠᠨ | ᠬᠤᠯᠪᠣᠯᠳᠤᠭᠤᠯᠬᠤ ᠲᠣᠭᠲᠠᠴᠠ ᠶᠢ ᠪᠠᠶᠢᠭᠤᠯᠬᠤ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠵᠠᠬᠢᠶᠠᠯᠠᠭ᠎ᠠ ᠶᠢᠨ | ᠬᠠᠭᠤᠳᠠᠰᠤᠨ ᠤ ᠲᠠᠷᠢᠶᠠᠯᠠᠩ ᠮᠠᠯ ᠠᠵᠤ ᠠᠬᠤᠢ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ᠂ ᠮᠠᠯ | ᠤᠨᠤᠭ᠎ᠠ ᠶᠢ ᠨᠠᠶᠢᠳᠠᠨ ᠠᠷᠠᠴᠢᠯᠠᠭᠤᠯᠬᠤ᠂ ᠭᠠᠵᠠᠷ ᠰᠢᠷᠣᠢ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠷ | ᠰᠲ᠋ᠣᠺ ᠣᠷᠣᠬᠤ᠂ ᠬᠠᠪᠰᠤᠷᠤᠨ ᠲᠡᠳᠬᠦᠬᠦ ᠪᠡᠯᠡ ᠮᠥᠩᠭᠦ ᠶᠢ ᠰᠲ᠋ᠣᠺ ᠢᠶᠠᠷ ᠨᠤᠭᠤᠯᠤᠨ ᠬᠡᠮᠵᠢᠶᠡᠯᠡᠵᠦ ᠠᠰᠢᠭ | ᠣᠯᠵᠠᠪᠤᠷᠢ ᠬᠤᠪᠢᠶᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠲᠥᠷᠥᠯ ᠵᠦᠢᠯ ᠤᠨ ᠦᠷᠭᠦᠯᠵᠢᠯᠡᠬᠦ᠋ᠢᠴᠡ ᠬᠥᠭᠵᠢᠯᠲᠡ ᠶᠢ ᠠᠬᠢᠭᠤᠯᠤᠨ᠂ ᠶᠠᠳᠠᠭᠤ ᠬᠦᠴᠢᠷᠳᠡᠯᠲᠡᠢ ᠣᠯᠠᠨ | ᠲᠦᠮᠡᠨ ᠤ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃ | 3. ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ᠡᠯᠧᠺᠳ᠋ᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠢ ᠠᠬᠢᠭᠤᠯᠤᠨ ᠳᠡᠯᠭᠡᠷᠡᠭᠦᠯᠵᠦ᠂ | ᠣᠨᠴᠠᠯᠢᠭᠲᠤ ᠪᠦᠲᠦᠭᠡᠭᠳᠡᠬᠦᠨ ᠢ ᠪᠡᠭᠡᠵᠢᠩ ᠳᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠳᠤᠮᠳᠠᠳᠤ ᠤᠯᠤᠰ ᠤᠨ | ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶ᠎ᠡ᠂ ᠵᠢᠩ ᠳ᠋ᠦ᠋ᠩ᠂ ᠠᠯᠢᠪᠠᠪᠠ ᠵᠡᠷᠭᠡ ᠰᠦᠯᠵᠢᠶᠡᠨ ᠤ ᠲᠠᠪᠴᠠᠩ ᠵᠢᠴᠢ | ᠡᠯᠧᠺᠳ᠋ᠷᠣᠨ ᠬᠤᠳᠠᠯᠳᠤᠭ᠎ᠠ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠥᠬᠦᠴᠡᠯ ᠲᠠᠢ ᠶᠠᠳᠠᠭᠤ | ᠬᠦᠴᠢᠷᠳᠡᠯᠲᠡᠢ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡ ᠶᠢᠨ ᠰᠦᠯᠵᠢᠶᠡᠨ ᠤ ᠴᠡᠭ | ᠲᠣᠬᠢᠷᠠᠭᠤᠯᠬᠤ ᠶᠢ ᠠᠬᠢᠭᠤᠯᠤᠨ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠᠨ | ᠭᠠᠳᠠᠭᠰᠢ ᠪᠣᠷᠣᠯᠠᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ | ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠬᠦ ᠶᠢ ᠳᠡᠮᠵᠢᠵᠦ᠂ | ᠶᠠᠳᠠᠭᠤ ᠬᠦᠴᠢᠷᠳᠡᠯᠲᠡᠢ ᠲᠣᠰᠬᠤᠨ ᠤ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠣᠰᠬᠤᠨ ᠤ ᠳᠡᠰ ᠤᠨ ᠴᠠᠬᠢᠯᠭᠠᠨ | ᠬᠦᠴᠦᠨ ᠤ ᠥᠷᠲᠡᠭᠡ ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠲᠠᠢ ᠬᠤᠰᠢᠭᠤ ᠰᠢᠶᠠᠨ ᠤ ᠲᠠᠷᠢᠶᠠᠯᠠᠩ ᠮᠠᠯ | ᠠᠬᠤᠢ ᠶᠢᠨ ᠠᠵᠤ ᠦᠢᠯᠡᠰᠵᠢᠭᠦᠯᠦᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠᠶᠢᠭᠤᠯᠬᠤ ᠶᠢ | ᠭᠤᠣᠯᠳᠠᠯᠭ᠎ᠠ ᠲᠠᠢ ᠪᠠᠷ ᠲᠡᠳᠬᠦᠨ ᠳᠡᠮᠵᠢᠵᠦ᠂ ᠬᠦᠷᠢᠶᠡᠯᠡᠩ ᠲᠣᠭᠤᠷᠢᠭ ᠤᠨ ᠲᠥᠬᠦᠷ ᠦᠢᠯᠡᠳᠦᠯ ᠴᠢᠳᠠᠮᠵᠢ ᠶᠢ | ᠲᠡᠭᠦᠯᠳᠡᠷᠵᠢᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠢᠯᠢᠭ ᠭᠦᠨᠵᠡᠭᠡᠢ | ᠪᠣᠯᠪᠠᠰᠤᠷᠠᠭᠤᠯᠬᠤ ᠶᠢ ᠬᠥᠭᠵᠢᠭᠦᠯᠵᠦ᠂ ᠠᠵᠢᠯᠴᠢᠨ ᠬᠡᠷᠡᠭᠯᠡᠬᠦ ᠪᠠ ᠰᠠᠭᠤᠷᠢᠨ ᠭᠠᠵᠠᠷ ᠪᠠᠶᠢᠭᠤᠯᠬᠤ ᠪᠠᠷ ᠳᠠᠮᠵᠢᠭᠤᠯᠤᠨ | ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠬᠤ ᠶᠢ ᠨᠥᠯᠥᠭᠡᠯᠡᠨ | ᠳᠠᠶᠢᠴᠢᠯᠠᠨ᠎ᠠ᠃ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠵᠢᠭᠤᠯᠴᠢᠯᠠᠯ ᠢ | ᠢᠳᠡᠪᠬᠢᠲᠡᠢ ᠬᠥᠭᠵᠢᠭᠦᠯᠦᠨ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠪᠡᠶᠡᠯᠡᠭᠦᠯᠵᠦ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ ᠪᠦᠲᠦᠭᠡᠭᠳᠡᠬᠦᠨ ᠤ ᠨᠡᠮᠡᠯᠲᠡ | ᠥᠷᠲᠡᠭ ᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠢ ᠡᠷᠦᠬᠡ ᠯᠦᠭᠡ ᠶᠢᠨ ᠠᠰᠢᠭ ᠲᠤᠰᠠ ᠶᠢ ᠬᠤᠯᠪᠣᠯᠳᠤᠭᠤᠯᠬᠤ | ᠲᠣᠭᠲᠠᠴᠠ ᠶᠢ ᠴᠢᠩᠭᠠᠷᠠᠭᠤᠯᠵᠤ᠂ ᠣᠷᠣᠯᠭ᠎ᠠ ᠶᠢ ᠨᠢ ᠨᠡᠮᠡᠭᠳᠡᠭᠦᠯᠬᠦ ᠣᠷᠣᠨ ᠵᠠᠢ ᠶᠢ ᠨᠢ ᠳᠡᠭᠡᠭᠰᠢᠯᠡᠭᠦᠯᠦᠨ᠎ᠡ᠃ | ᠠᠰᠠᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠪ ᠤᠨ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ | ᠲᠥᠰᠥᠯ ︵2018 — 2020 ᠣᠨ︶ ᠤᠨ ᠱᠠᠭᠠᠷᠳᠠᠯᠭ᠎ᠠ ᠶᠣᠰᠣᠭᠠᠷ᠂ ᠬᠥᠳᠡᠯᠮᠦᠷᠢ ᠦᠢᠯᠡᠴᠢᠯᠡᠭᠡ ᠶᠢᠨ | ᠬᠠᠮᠵᠢᠯᠴᠠᠭ᠎ᠠ ᠶᠢ ᠬᠡᠷᠬᠢᠨ ᠵᠣᠬᠢᠶᠠᠨ ᠪᠠᠶᠢᠭᠤᠯᠵᠤ᠂ ᠠᠵᠢᠯ ᠣᠯᠭᠤᠬᠤ ᠶᠢ ᠲᠡᠳᠬᠦᠨ ᠳᠡᠮᠵᠢᠬᠦ ᠠᠵᠢᠯᠯᠠᠭ᠎ᠠ ᠶᠢ | ᠬᠡᠷᠡᠭᠵᠢᠭᠦᠯᠬᠦ ᠪᠣᠢ︖ | ᠬᠠᠷᠢᠭᠤᠯᠲᠠ᠄ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢ | ᠥᠷᠨᠢᠭᠦᠯᠵᠦ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠵᠣᠬᠢᠶᠠᠨ ᠪᠠᠶᠢᠭᠤᠯᠵᠤ | ᠪᠠᠶᠢᠭᠠᠳ ᠪᠡᠭᠡᠵᠢᠩ ᠬᠤᠲᠠ ᠶᠢᠨ ᠠᠵᠢᠯ ᠲᠥᠷᠥᠯ ᠨᠢᠭᠡᠲᠡᠢ ᠪᠠᠷ ᠬᠠᠪᠰᠤᠷᠤᠨ ᠲᠡᠳᠬᠦᠬᠦ 16 ᠲᠣᠭᠤᠷᠢᠭ ᠲᠠᠢ ᠲᠤᠰ | ᠲᠤᠰ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠯᠭ᠎ᠠ ᠪᠠᠷ ᠶᠠᠳᠠᠭᠤ ᠶᠢ ᠲᠡᠳᠬᠦᠬᠦ ᠬᠡᠯᠡᠯᠴᠡᠭᠡᠷ ᠲᠣᠭᠲᠠᠭᠠᠨ᠎ᠠ᠃ | ᠵᠥᠪᠳᠡᠯᠴᠡᠨ ᠰᠣᠯᠢᠯᠴᠠᠵᠤ ᠬᠠᠷᠢᠯᠴᠠᠨ ᠰᠤᠷᠪᠤᠯᠵᠢᠯᠠᠬᠤ ᠳᠦᠷᠢᠮ ᠢ ᠪᠠᠶᠢᠭᠤᠯᠤᠨ᠂ ᠵᠥᠪᠳᠡᠯᠴᠡᠭᠡᠨ ᠤ ᠬᠤᠷᠠᠯ ᠪᠠ | ᠶᠠᠷᠢᠯᠴᠠᠭᠠᠨ ᠤ ᠬᠤᠷᠠᠯ ᠵᠡᠷᠭᠡ ᠣᠷᠣᠨ ᠬᠡᠪᠴᠢᠶᠡᠨ ᠤ ᠴᠢᠨᠠᠷᠲᠠᠢ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ | ᠡᠭᠡᠯᠵᠢᠯᠡᠨ ᠵᠣᠬᠢᠶᠠᠨ ᠪᠠᠶᠢᠭᠤᠯᠵᠤ᠂ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠯᠭ᠎ᠠ ᠶᠢ ᠤᠷᠲᠤ ᠬᠤᠭᠤᠴᠠᠭ᠎ᠠ ᠪᠠᠷ | ᠲᠣᠭᠲᠠᠭᠤᠨ ᠢᠶᠠᠷ ᠬᠥᠭᠵᠢᠭᠦᠯᠬᠦ ᠶᠢ ᠠᠬᠢᠭᠤᠯᠤᠨ᠎ᠠ᠃ ᠬᠠᠩᠭᠠᠯᠭ᠎ᠠ ᠬᠡᠷᠡᠭᠴᠡᠭᠡᠨ ᠤ ᠮᠡᠳᠡᠭᠡ ᠵᠠᠩᠭᠢ ᠶᠢ | ᠵᠣᠯᠭᠠᠯᠳᠤᠭᠤᠯᠬᠤ ᠶᠢ ᠴᠢᠩᠭᠠᠳᠬᠠᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠ | ᠨᠡᠶᠢᠲᠡᠯᠡᠬᠦ ᠣᠷᠣᠨ ᠬᠡᠪᠴᠢᠶ᠎ᠡ ᠠᠯᠤᠰᠯᠠᠭᠰᠠᠨ᠂ ᠬᠡᠪᠰᠢᠵᠢᠭᠦᠯᠦᠭᠰᠡᠨ ᠲᠣᠭᠲᠠᠴᠠ ᠶᠢ ᠪᠠᠶᠢᠭᠤᠯᠤᠨ᠂ ᠣᠯᠠᠨ ᠬᠡᠯᠪᠡᠷᠢ | ᠶᠠᠩᠵᠤ ᠶᠢᠨ ᠲᠤᠰᠬᠠᠢ ᠲᠠᠯᠠᠪᠤᠷ ᠤᠨ ᠤᠷᠢᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠳᠠᠩᠰᠠ ᠪᠠ | ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠪᠠ ᠠᠵᠢᠯᠴᠢᠨ ᠬᠡᠷᠡᠭᠯᠡᠬᠦ ᠨᠢᠭᠡᠴᠢ ᠳᠤ ᠵᠣᠯᠭᠠᠯᠳᠤᠭᠤᠯᠬᠤ ᠲᠠᠪᠴᠠᠩ | ᠪᠠᠶᠢᠭᠤᠯᠵᠤ ᠥᠭᠭᠦᠨ᠎ᠡ᠃ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ | ᠪᠠᠶᠢᠭᠤᠯᠵᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠠᠵᠢᠯ ᠣᠯᠬᠤ ᠮᠡᠷᠭᠡᠵᠢᠯ | ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠨᠡᠭᠡᠯᠢᠭᠵᠢᠯ ᠤᠨ ᠵᠠᠮ ᠢᠶᠠᠷ ᠵᠠᠮᠨᠠᠭᠰᠠᠨ ᠳᠠᠭᠠᠭᠤᠯᠤᠭᠴᠢ᠂ ᠲᠠᠷᠢᠶᠠᠯᠠᠩ ᠮᠠᠯ | ᠠᠵᠤ ᠠᠬᠤᠢ ᠶᠢᠨ ᠬᠡᠷᠡᠭᠯᠡᠭᠦᠰᠢᠲᠡᠢ ᠮᠡᠷᠭᠡᠵᠢᠯ ᠵᠢᠴᠢ ᠢᠳᠡᠭᠡᠨ ᠤᠮᠳᠠᠭᠠᠨ᠂ ᠭᠡᠷ ᠠᠬᠤᠢ ᠶᠢᠨ ᠦᠢᠯᠡᠴᠢᠯᠡᠭᠡ᠂ | ᠵᠢᠭᠤᠯᠴᠢᠯᠠᠯ ᠤᠨ ᠦᠢᠯᠡᠴᠢᠯᠡᠭᠡ ᠵᠡᠷᠭᠡ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ | ᠥᠷᠨᠢᠭᠦᠯᠦᠨ᠎ᠡ᠃ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ ᠠᠴᠢᠶᠠᠯᠠᠭᠴᠢ ᠶᠢ ᠪᠠᠶᠢᠭᠤᠯᠤᠨ᠂ ᠪᠡᠭᠡᠵᠢᠩ | ᠬᠤᠲᠠ ᠶᠢᠨ ᠠᠵᠤ ᠠᠬᠤᠶᠢᠯᠠᠯ ᠤᠨ ᠮᠠᠨ ᠤ ᠣᠷᠣᠨ ᠤ ᠪᠠᠶᠢᠭᠠᠯᠢ ᠶᠢᠨ ᠨᠥᠬᠦᠴᠡᠯ ᠪᠠ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ᠂ ᠠᠵᠢᠯ ᠣᠯᠭᠤᠬᠤ ᠦᠢᠯᠡᠳᠪᠦᠷᠢ ᠶᠢᠨ ᠲᠠᠰᠤᠭ᠂ ᠨᠡᠶᠢᠭᠡᠮ ᠲᠣᠭᠤᠷᠢᠭ ᠤᠨ | ᠦᠢᠯᠡᠳᠪᠦᠷᠢ᠂ ︽ᠳᠠᠭᠠᠭᠤᠯᠢ ᠣᠳᠣᠨ ᠤ ᠦᠢᠯᠡᠳᠪᠦᠷᠢ︾ ᠵᠡᠷᠭᠡ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ | ᠠᠴᠢᠶᠠᠯᠠᠭᠴᠢ ᠪᠠᠶᠢᠭᠤᠯᠬᠤ ᠶᠢ ᠳᠡᠮᠵᠢᠬᠦ ᠪᠠ ᠲᠠᠲᠠᠵᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ | ᠬᠥᠳᠡᠯᠮᠦᠷᠢ ᠬᠦᠴᠦᠨ ᠤ ᠠᠵᠢᠯ ᠣᠯᠬᠤ ᠶᠢ ᠳᠠᠶᠢᠴᠢᠯᠠᠨ᠎ᠠ᠃ ᠠᠵᠢᠯ ᠲᠥᠷᠥᠯ ᠨᠢᠭᠡᠲᠡᠨ ᠤ ᠳᠡᠮᠵᠢᠨ ᠲᠤᠰᠠᠯᠠᠬᠤ | ᠲᠣᠭᠲᠠᠴᠠ ᠶᠢ ᠪᠠᠶᠢᠭᠤᠯᠵᠤ᠂ ᠪᠡᠭᠡᠵᠢᠩ ᠬᠤᠲᠠ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠲᠠᠢ ᠵᠣᠬᠢᠴᠠᠭᠤᠯᠤᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠡᠷᠡᠭᠯᠡᠭᠡᠨ ᠤ ᠮᠡᠷᠭᠡᠵᠢᠯ ᠤᠨ | ᠴᠢᠳᠠᠪᠤᠷᠢᠲᠠᠨ ᠢ ᠰᠣᠩᠭᠤᠨ ᠲᠣᠮᠢᠯᠠᠵᠤ ᠪᠣᠯᠪᠠᠰᠤᠷᠠᠭᠤᠯᠤᠯ ᠥᠷᠨᠢᠭᠦᠯᠦᠨ᠂ ᠶᠠᠳᠠᠭᠤ ᠬᠦᠴᠢᠷᠳᠡᠯᠲᠡᠢ ᠭᠠᠵᠠᠷ | ᠣᠷᠣᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠨ᠎ᠡ᠃ | ᠠᠰᠠᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢᠨ ᠶᠠᠳᠠᠭᠤ ᠶᠢ | ᠲᠡᠳᠬᠦᠬᠦ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠲᠥᠰᠥᠯ︾ ᠤᠨ ᠱᠠᠭᠠᠷᠳᠠᠯᠭ᠎ᠠ | ᠶᠣᠰᠣᠭᠠᠷ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠬᠦᠨᠳᠦ ᠡᠪᠡᠳᠴᠢᠨ ᠪᠠ ᠤᠵᠢᠭ ᠡᠪᠡᠳᠴᠢᠨ ᠢ | ᠲᠦᠢᠯ ᠤᠨ ᠣᠨᠣᠪᠴᠢᠲᠠᠢ ᠪᠠᠷ ᠡᠮᠨᠡᠨ ᠠᠪᠤᠷᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠬᠢᠨ | ᠬᠡᠷᠡᠭᠵᠢᠭᠦᠯᠬᠦ ᠪᠣᠢ︖ | ᠬᠠᠷᠢᠭᠤᠯᠲᠠ᠄ ᠬᠦᠨᠳᠦ ᠡᠪᠡᠳᠴᠢᠨ ᠤ ᠲᠤᠰᠬᠠᠢ ᠵᠦᠢᠯ ᠤᠨ ᠡᠮᠨᠡᠨ ᠠᠪᠤᠷᠠᠬᠤ ᠠᠵᠢᠯ ᠢ ᠪᠦᠬᠦ ᠲᠠᠯ᠎ᠠ ᠪᠠᠷ | ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠬᠦᠨᠳᠦ ᠡᠪᠡᠳᠴᠢᠨ ᠤ ᠲᠤᠰᠬᠠᠢ ᠵᠦᠢᠯ ᠤᠨ ᠡᠮᠨᠡᠨ ᠠᠪᠤᠷᠠᠬᠤ | ᠠᠵᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ ᠬᠦᠨᠳᠦ ᠡᠪᠡᠳᠴᠢᠲᠡᠨ ᠢ ᠲᠥᠪᠯᠡᠷᠡᠭᠦᠯᠦᠨ | ᠡᠮᠨᠡᠨ ᠠᠪᠤᠷᠠᠵᠤ᠂ ᠬᠡᠦᠬᠡᠳ ᠤᠨ ᠲᠥᠷᠥᠯᠬᠢ ᠶᠢᠨ ᠴᠢᠨᠡᠷᠲᠡᠢ ᠵᠢᠷᠦᠬᠡᠨ ᠤ ᠲᠣᠰᠬᠤᠭᠤᠷ ᠤᠨ ᠲᠠᠰᠤᠯᠤᠪᠴᠢ ᠲᠤᠲᠠᠮᠠᠭ | ᠂ ᠬᠡᠦᠬᠡᠳ ᠤᠨ ᠲᠥᠷᠥᠯᠬᠢ ᠶᠢᠨ ᠴᠢᠨᠠᠷᠲᠠᠢ ᠵᠢᠷᠦᠬᠡᠨ ᠤ ᠬᠤᠪᠲᠣᠯ ᠤᠨ ᠲᠠᠰᠤᠯᠤᠪᠴᠢ ᠳᠤᠲᠠᠮᠠᠭ᠂ ᠬᠡᠦᠬᠡᠳ ᠤᠨ | ᠲᠦᠷᠭᠡᠨ ᠴᠢᠨᠠᠷᠲᠤ ᠯᠢᠮᠹ ᠤᠨ ᠡᠰᠲᠦ ᠴᠢᠰᠤ ᠴᠠᠶᠢᠬᠤ ᠡᠪᠡᠳᠴᠢᠨ᠂ ᠬᠡᠦᠬᠡᠳ ᠤᠨ ᠠᠩᠬᠠᠨ ᠤ ᠮᠥᠬᠦᠯᠢᠭᠲᠦ ᠡᠰ ᠤᠨ | ᠴᠢᠰᠤ ᠴᠠᠶᠢᠬᠤ ᠡᠪᠡᠳᠴᠢᠨ᠂ ᠤᠯᠠᠭᠠᠨ ᠬᠤᠭᠤᠯᠠᠢ ᠶᠢᠨ ᠦᠮᠡᠨ᠂ ᠬᠤᠳᠤᠭᠤᠳᠤᠨ ᠤ ᠦᠮᠡᠨ᠂ ᠬᠤᠲᠣᠷᠢᠩᠬᠠᠢ | ᠭᠡᠳᠡᠰᠦᠨ ᠤ ᠦᠮᠡᠨ᠂ ᠰᠢᠯᠤᠭᠤᠨ ᠭᠡᠳᠡᠰᠦᠨ ᠤ ᠦᠮᠡᠨ᠂ ᠰᠡᠭᠦᠯᠴᠢ ᠶᠢᠨ ᠬᠤᠭᠤᠴᠠᠭᠠᠨ ᠤ ᠪᠥᠭᠡᠷᠡᠨ ᠤ ᠡᠪᠡᠳᠴᠢᠨ | ᠵᠡᠷᠭᠡ 9 ᠵᠦᠢᠯ ᠤᠨ ᠡᠪᠡᠳᠴᠢᠨ ᠤ ᠲᠤᠰᠬᠠᠢ ᠵᠦᠢᠯ ᠤᠨ ᠡᠮᠨᠡᠨ ᠠᠪᠤᠷᠠᠯᠲᠠ ᠶᠢ ᠭᠦᠨᠵᠡᠭᠡᠢ ᠪᠥᠭᠡᠳ ᠰᠠᠶᠢᠲᠤᠷ | ᠬᠢᠭᠰᠡᠨ ᠰᠠᠭᠤᠷᠢᠨ ᠳᠡᠭᠡᠷ᠎ᠡ᠂ ᠡᠮᠨᠡᠨ ᠠᠪᠤᠷᠠᠬᠤ ᠡᠪᠡᠳᠴᠢᠨ ᠤ ᠵᠦᠢᠯ ᠢ ᠠᠯᠬᠤᠮ ᠠᠯᠬᠤᠮ ᠢᠶᠠᠷ ᠥᠷᠭᠡᠳᠬᠡᠵᠦ᠂ | 2018 ᠣᠨ ᠳᠤ ᠡᠮᠡᠭᠲᠡᠶᠢᠴᠦᠳ ᠤᠨ ᠬᠤᠶᠠᠷ ᠵᠦᠢᠯ ᠤᠨ ᠦᠮᠡᠨ ︵ᠰᠠᠪᠠ ᠶᠢᠨ ᠬᠦᠵᠦᠭᠦᠨ ᠤ ᠦᠮᠡᠨ᠂ ᠬᠥᠬᠦᠨ | ᠪᠤᠯᠴᠢᠷᠬᠠᠢ ᠶᠢᠨ ᠦᠮᠡᠨ︶᠂ ᠠᠭᠤᠰᠬᠢᠨ ᠤ ᠦᠮᠡᠨ᠂ ᠲᠣᠭᠤᠰᠣᠲᠤ ᠠᠭᠤᠰᠬᠢᠨ ᠤ ᠡᠪᠡᠳᠴᠢᠨ᠂ ᠡᠯᠢᠭᠡᠨ ᠤ ᠦᠮᠡᠨ | ᠂ ᠲᠦᠷᠭᠡᠨ ᠴᠢᠨᠠᠷᠲᠤ ᠵᠢᠷᠦᠬᠡᠨ ᠤ ᠪᠣᠯᠴᠢᠩ ᠲᠦᠭᠵᠢᠷᠡᠨ ᠦᠬᠦᠵᠢᠬᠦ᠂ ᠴᠠᠭᠠᠨ ᠬᠠᠷᠠᠩ᠂ ᠮᠡᠳᠡᠷᠡᠯ ᠤᠨ ᠡᠬᠡ ᠡᠰ ᠤᠨ | ᠬᠠᠪᠤᠳᠤᠷ᠂ ᠬᠡᠦᠬᠡᠳ ᠤᠨ ᠯᠢᠮᠹ ᠤᠨ ᠬᠠᠪᠤᠳᠤᠷ᠂ ᠶᠠᠰᠤᠨ ᠤ ᠮᠢᠬᠠᠯᠢᠭ ᠬᠠᠪᠤᠳᠤᠷ᠂ ᠴᠢᠰᠤ ᠭᠤᠭᠤᠵᠢᠮᠠᠲᠠᠭᠠᠢ | ᠡᠪᠡᠳᠴᠢᠨ᠂ ᠭᠠᠵᠠᠷ ᠤᠨ ᠳᠤᠮᠳᠠᠳᠤ ᠲᠠᠩᠭᠢᠰ ᠤᠨ ᠴᠢᠰᠤ ᠳᠤᠲᠠᠬᠤ᠂ ᠤᠷᠤᠭᠤᠯ ᠲᠠᠩᠨᠠᠢ ᠶᠢᠨ ᠰᠡᠲᠡᠷᠬᠡᠢ᠂ | ᠰᠢᠭᠡᠰᠦᠨ ᠵᠠᠮ ᠤᠨ ᠳᠣᠣᠷᠠᠳᠤ ᠠᠩᠭᠠᠷᠠᠯ ᠵᠡᠷᠭᠡ 14 ᠵᠦᠢᠯ ᠤᠨ ᠬᠦᠨᠳᠦ ᠡᠪᠡᠳᠴᠢᠨ ᠢ ᠲᠤᠰᠬᠠᠢ ᠵᠦᠢᠯ ᠤᠨ ᠡᠮᠨᠡᠨ | ᠠᠪᠤᠷᠠᠬᠤ ᠬᠡᠪᠴᠢᠶᠡᠨ ᠳᠤ ᠣᠷᠣᠭᠤᠯᠵᠤ᠂ 2020 ᠣᠨ ᠪᠣᠯᠬᠤ ᠳᠤ 30 ᠵᠦᠢᠯ ᠪᠣᠯᠲᠠᠯ᠎ᠠ ᠥᠷᠭᠡᠳᠬᠡᠨ᠎ᠡ᠃ ᠡᠯ᠎ᠡ | ᠭᠠᠵᠠᠷ ᠤᠨ ᠬᠢᠨ ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠠᠴᠠ | ᠲᠣᠭᠲᠠᠭᠠᠭᠰᠠᠨ ᠬᠤᠯᠪᠣᠭᠳᠠᠯ ᠪᠦᠬᠦᠢ ᠡᠪᠡᠳᠴᠢᠨ ᠤ ᠵᠦᠢᠯ ᠤᠨ ᠡᠮᠴᠢᠯᠡᠭᠡᠨ ᠤ ᠠᠷᠭ᠎ᠠ ᠵᠠᠮ᠂ ᠡᠮᠴᠢᠯᠡᠭᠡ ᠶᠢᠨ | ᠬᠠᠮᠢᠶᠠᠷᠤᠯᠲᠠ ᠶᠢᠨ ᠲᠥᠰᠥᠯ ᠪᠠ ᠰᠦᠢᠳᠬᠡᠯ ᠬᠤᠷᠢᠶᠠᠬᠤ ᠪᠠᠷᠢᠮᠵᠢᠶ᠎ᠠ ᠱᠠᠭᠠᠷᠳᠠᠯᠭ᠎ᠠ ᠶᠣᠰᠣᠭᠠᠷ ᠲᠤᠰᠬᠠᠢ ᠵᠦᠢᠯ ᠤᠨ | ᠡᠮᠨᠡᠨ ᠠᠪᠤᠷᠠᠬᠤ ᠠᠵᠢᠯ ᠢ ᠥᠷᠨᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ | ᠴᠢᠩᠭᠠᠳᠬᠠᠨ᠂ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠢ ᠡᠪᠡᠳᠴᠢᠲᠡᠨ ᠤ | ᠬᠦᠨᠳᠦ ᠡᠪᠡᠳᠴᠢᠨ ᠢ ᠡᠮᠨᠡᠨ ᠠᠪᠤᠷᠠᠬᠤ ᠠᠵᠢᠯ ᠤᠨ ᠵᠢᠷᠤᠮᠵᠢᠭᠤᠯᠤᠯᠲᠠ ᠶᠢ ᠪᠡᠶᠡᠯᠡᠭᠦᠯᠬᠦ ᠬᠡᠷᠡᠭᠲᠡᠢ᠃ ᠤᠵᠢᠭ | ᠡᠪᠡᠳᠴᠢᠨ ᠤ ᠭᠡᠷ᠎ᠡ ᠲᠣᠭᠲᠠᠵᠤ ᠦᠢᠯᠡᠴᠢᠯᠡᠬᠦ ᠬᠠᠮᠢᠶᠠᠷᠤᠯᠲᠠ ᠶᠢ ᠪᠣᠳᠠᠲᠠᠢ ᠪᠥᠭᠡᠳ ᠨᠠᠷᠢᠯᠢᠭ ᠬᠢᠨ᠎ᠡ᠃ ᠮᠠᠯᠵᠢᠬᠤ | ᠲᠠᠷᠢᠶᠠᠯᠠᠬᠤ ᠣᠷᠣᠨ ᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠳᠤ ᠭᠡᠷ᠎ᠡ ᠲᠣᠭᠲᠠᠪᠠᠰᠤ ᠵᠣᠬᠢᠬᠤ ᠶᠢ ᠨᠢ ᠴᠢᠳᠠᠬᠤ ᠶᠢᠨ ᠴᠢᠨᠡᠭᠡ ᠪᠠᠷ | ᠭᠡᠷ᠎ᠡ ᠲᠣᠭᠲᠠᠬᠤ ᠶᠢ ᠪᠡᠶᠡᠯᠡᠭᠦᠯᠵᠦ᠂ ᠬᠥᠮᠥᠨ ᠪᠦᠷᠢ ᠲᠠᠢ ᠭᠡᠷ᠎ᠡ ᠲᠣᠭᠲᠠᠬᠤ᠂ ᠬᠥᠮᠥᠨ ᠪᠦᠷᠢ ᠳᠤ ᠭᠡᠷ᠎ᠡ ᠶᠢ | ᠭᠦᠢᠴᠡᠳᠬᠡᠬᠦ᠂ ᠬᠥᠮᠥᠨ ᠪᠦᠷᠢ ᠳᠤ ᠪᠣᠳᠠᠲᠠᠢ ᠲᠠᠢ ᠬᠢᠬᠦ ᠶᠢ ᠭᠦᠢᠴᠡᠳᠬᠡᠨ᠎ᠡ᠃ ᠲᠤᠰ ᠭᠠᠵᠠᠷ ᠣᠷᠣᠨ ᠤ ᠪᠠᠨ | ᠤᠵᠢᠭ ᠡᠪᠡᠳᠴᠢᠨ ᠤ ᠵᠢᠭᠰᠡᠯ ᠢ ᠲᠣᠭᠲᠠᠭᠠᠬᠤ ᠠᠵᠢᠯ ᠢ ᠢᠳᠡᠪᠬᠢᠲᠡᠢ ᠪᠠᠷ ᠰᠠᠶᠢᠲᠤᠷ ᠬᠢᠬᠦ ᠶᠢᠨ ᠬᠠᠮᠲᠤ᠂ ᠤᠵᠢᠭ | ᠡᠪᠡᠳᠴᠢᠨ ᠤ ᠡᠪᠡᠳᠴᠢᠨ ᠤ ᠲᠥᠷᠥᠯ ᠤᠨ ᠭᠠᠷᠴᠠᠭ ᠢ ᠪᠠᠶᠢᠭᠤᠯᠤᠨ᠎ᠠ︔ ᠣᠯᠠᠨ ᠨᠡᠶᠢᠲᠡ ᠶᠢᠨ ᠦᠨᠳᠦᠰᠦᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢᠨ ᠵᠢᠷᠤᠮᠵᠢᠯ ᠢᠶᠠᠷ ᠦᠨᠳᠦᠰᠦᠯᠡᠯ ᠪᠣᠯᠭᠠᠨ᠂ ᠴᠢᠰᠤᠨ ᠳᠠᠷᠤᠯᠲᠠ ᠥᠨᠳᠥᠷ᠂ ᠰᠢᠬᠢᠷ | ᠰᠢᠵᠢᠩ ᠡᠪᠡᠳᠴᠢᠨ᠂ ᠰᠦᠷᠢᠶ᠎ᠡ ᠡᠪᠡᠳᠴᠢᠨ ᠪᠠ ᠤᠶᠤᠨ ᠮᠡᠳᠡᠷᠡᠯ ᠤᠨ ᠬᠦᠨᠳᠦ ᠰᠠᠭᠠᠲᠠᠯ ᠵᠡᠷᠭᠡ ᠤᠵᠢᠭ | ᠡᠪᠡᠳᠴᠢᠲᠡᠨ ᠤ ᠵᠢᠷᠤᠮᠵᠢᠭᠤᠯᠤᠭᠰᠠᠨ ᠬᠠᠮᠢᠶᠠᠷᠤᠯᠲᠠ ᠬᠢᠭᠡᠳ ᠡᠷᠡᠭᠦᠯ ᠮᠡᠨᠳᠦ ᠶᠢᠨ ᠦᠢᠯᠡᠴᠢᠯᠡᠭᠡ ᠶᠢ | ᠭᠤᠣᠯᠳᠠᠯᠭ᠎ᠠ ᠲᠠᠢ ᠪᠠᠷ ᠰᠠᠶᠢᠲᠤᠷ ᠬᠢᠵᠦ᠂ ᠬᠠᠮᠢᠶᠠᠷᠤᠯᠲᠠ ᠦᠢᠯᠡᠴᠢᠯᠡᠭᠡ ᠶᠢ ᠡᠷᠡᠭᠦᠯ ᠮᠡᠨᠳᠦ ᠶᠢᠨ ᠡᠯᠧᠺᠳ᠋ᠷᠣᠨ | ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠭᠡᠷ ᠪᠦᠷᠢ ᠶᠢᠨ ᠡᠮᠴᠢ ᠶᠢᠨ | ᠭᠡᠷ᠎ᠡ ᠲᠣᠭᠲᠠᠵᠤ ᠦᠢᠯᠡᠴᠢᠯᠡᠬᠦ ᠠᠵᠢᠯ ᠢ ᠭᠤᠣᠯᠳᠠᠭᠤ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ ᠪᠦᠯᠬᠦᠮ ᠨᠡᠶᠢᠲᠡ ᠶᠢᠨ ᠬᠡᠯᠪᠡᠷᠢ ᠪᠠᠷ | ᠥᠷᠨᠢᠭᠦᠯᠦᠨ᠎ᠡ︔ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠡᠷᠬᠢᠯᠡᠭᠰᠡᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠠᠴᠠ ᠠᠳᠠᠯᠢ ᠪᠤᠰᠤ ᠲᠤᠰᠬᠠᠢ ᠮᠡᠷᠭᠡᠵᠢᠯ ᠤᠨ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠵᠤ | ᠪᠠᠶᠢᠭᠠᠳ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠣᠷᠣᠯᠴᠠᠭᠤᠯᠤᠨ᠂ ᠴᠢᠭᠯᠡᠯᠲᠦ ᠴᠢᠨᠠᠷᠲᠠᠢ ᠳᠡᠮᠵᠢᠯᠭᠡ | ᠬᠢᠭᠡᠳ ᠦᠢᠯᠡᠴᠢᠯᠡᠭᠡ ᠬᠠᠩᠭᠠᠨ᠎ᠠ᠃ ᠬᠤᠰᠢᠭᠤ ᠰᠢᠶᠠᠨ ᠤ ᠳᠡᠰ ᠤᠨ ᠡᠪᠡᠳᠴᠢᠨ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠷᠡᠭᠦᠯ ᠮᠡᠨᠳᠦ ᠶᠢᠨ ᠰᠤᠷᠭᠠᠨ | ᠬᠥᠮᠥᠵᠢᠯ ᠤᠨ ᠪᠠᠶᠢᠭᠤᠯᠤᠮᠵᠢ ᠠᠴᠠ ᠭᠡᠷ ᠪᠦᠯᠢ ᠶᠢᠨ ᠡᠮᠴᠢ ᠳᠤ ᠤᠵᠢᠭ ᠡᠪᠡᠳᠴᠢᠲᠡᠳ᠂ ᠠᠶᠤᠯ ᠲᠦᠭᠰᠢᠭᠦᠷᠢᠲᠡᠢ | ᠡᠪᠡᠳᠴᠢᠲᠡᠳ ᠤᠨ ᠡᠷᠡᠭᠦᠯ ᠮᠡᠨᠳᠦ ᠶᠢ ᠡᠵᠡᠮᠳᠡᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠳᠡᠮᠵᠢᠯᠭᠡ ᠬᠠᠩᠭᠠᠨ᠎ᠠ᠃ | ᠭᠡᠷ ᠪᠦᠯᠢ ᠶᠢᠨ ᠡᠮᠴᠢ ᠬᠢᠭᠡᠳ ᠭᠡᠷ᠎ᠡ ᠲᠣᠭᠲᠠᠬᠤ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠰᠦᠯᠵᠢᠶᠡᠨ ᠳᠡᠭᠡᠷ᠎ᠡ | ᠰᠣᠯᠢᠯᠴᠠᠵᠤ ᠬᠠᠷᠢᠯᠴᠠᠨ ᠦᠢᠯᠡᠳᠦᠯᠴᠡᠬᠦ ᠲᠠᠪᠴᠠᠩ ᠢ ᠪᠠᠶᠢᠭᠤᠯᠤᠨ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ | ᠦᠢᠯᠡᠴᠢᠯᠡᠭᠡ ᠬᠠᠩᠭᠠᠨ᠎ᠠ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ᠂ ᠣᠯᠠᠨ ᠲᠦᠮᠡᠨ ᠤ ᠣᠶᠢᠯᠭᠠᠨ ᠮᠡᠳᠡᠬᠦ ᠨᠣᠷᠮ᠎ᠠ ᠶᠢ | ᠳᠡᠭᠡᠭᠰᠢᠯᠡᠭᠦᠯᠦᠨ᠎ᠡ᠃ | | | | |