| | | | ᠠᠵᠤ ᠠᠬᠤᠢ ᠨᠡᠶᠢᠭᠡᠮ ᠤᠨ ᠬᠦᠭᠵᠢᠯᠳᠡ᠂ ᠤᠨᠴᠠᠭᠠᠶᠢᠯᠠᠨ ᠬᠡᠰᠢᠭᠳᠡᠨ ᠬᠤᠰᠢᠭᠤᠨ ᠤ ᠵᠢᠭᠤᠯᠴᠢᠯᠠᠯ ᠤᠨ | ᠦᠢᠯᠡᠰ ᠤᠨ ᠤᠯᠠᠮ ᠢᠶᠠᠷ ᠬᠦᠭᠵᠢᠬᠦ ᠶᠢ ᠲᠠᠭᠠᠯᠳᠤᠨ᠂ ᠲᠤᠤᠷ ᠰᠦᠯᠵᠢᠶ᠎ᠡ ᠨᠢ ᠴᠤ ᠨᠡᠶᠢᠭᠡᠮ ᠤᠨ ᠬᠡᠷᠡᠭᠴᠡᠭᠡᠨ | ᠲᠤᠮᠳᠠ ᠲᠤᠯᠭᠠᠮ᠎ᠠ ᠱᠠᠭᠠᠷᠳᠠᠭᠳᠠᠵᠤ᠂ ᠰᠦᠯᠵᠢᠶᠡᠨ ᠤ ᠦᠢᠯᠡᠳᠦᠯ ᠴᠢᠳᠠᠪᠬᠢ ᠤᠯᠠᠮ ᠢᠶᠠᠷ ᠲᠡᠭᠡᠭᠰᠢᠯᠡᠵᠤ᠂ ᠵᠠᠰᠠᠭ | ᠤᠨ ᠤᠷᠳᠤᠨ ᠨᠢ ᠰᠦᠯᠵᠢᠶ᠎ᠡ ᠪᠠᠷ ᠲᠠᠮᠵᠢᠨ ᠤᠯᠠᠨ ᠲᠦᠮᠡᠨ ᠯᠤᠭ᠎ᠠ ᠶᠢᠨ ᠬᠠᠷᠢᠴᠠᠭ᠎ᠠ ᠬᠤᠯᠪᠤᠭ᠎ᠠ ᠪᠠᠨ | ᠨᠢᠭᠳᠠᠷᠠᠭᠤᠯᠬᠤ᠂ ᠵᠠᠰᠠᠭ ᠤᠨ ᠤᠷᠳᠤᠨ ᠤ ᠬᠡᠪ ᠲᠦᠷᠬᠦ ᠪᠠᠨ ᠤᠬᠠᠭᠤᠯᠬᠤ ᠂ ᠭᠠᠳᠠᠭᠠᠳᠤ ᠨᠦᠯᠦᠭᠡ ᠲᠤᠰᠬᠠᠯ | ᠢᠶᠠᠨ ᠦᠷᠭᠡᠳᠬᠡᠬᠦ᠂ ᠠᠷᠠᠯᠵᠢᠶᠠᠴᠢᠨ ᠤᠷᠢᠵᠤ ᠪᠡᠯᠡ ᠲᠠᠳᠠᠬᠤ᠂ ᠤᠷᠤᠨ ᠨᠤᠳᠤᠭ ᠤᠨ ᠠᠵᠤ ᠠᠬᠤᠢ ᠶᠢᠨ | ᠬᠦᠭᠵᠢᠯᠳᠡ ᠶᠢᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠬᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ | ᠴᠢᠩᠭᠠᠳᠬᠠᠬᠤ᠂ ᠠᠷᠠᠳ ᠤᠯᠠᠨ ᠲᠠᠢ ᠪᠤᠳᠤᠯ ᠰᠠᠨᠠᠯ ᠢᠶᠠᠨ ᠰᠤᠯᠢᠯᠴᠠᠬᠤ᠂ ᠤᠷᠤᠨ ᠨᠤᠳᠤᠭ ᠤᠨ ᠪᠦᠬᠦ ᠲᠠᠯ᠎ᠠ | ᠶᠢᠨ ᠬᠦᠭᠵᠢᠬᠦᠯᠦᠯᠳᠡ ᠳᠤ ᠲᠤᠬᠢᠷᠠᠭᠤᠯᠤᠯᠳᠠ ᠬᠢᠬᠦ ᠳᠤ ᠰᠠᠨᠠᠯ ᠵᠦᠪᠯᠡᠯᠭᠡ ᠬᠤᠷᠢᠶᠠᠬᠤ ᠦᠷᠭᠡᠨ ᠴᠢᠯᠦᠭᠡᠳᠠᠢ ᠤᠷᠤᠨ | ᠵᠠᠢ ᠶᠢ ᠤᠯᠤᠭᠰᠠᠨ ᠪᠠᠶᠢᠨ᠎ᠠ᠃ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠲᠤᠤᠱᠳᠠᠢ ᠨᠠᠶᠢᠳᠠᠪᠤᠷᠢᠵᠢᠭᠤᠯᠵᠤ᠂ | ᠦᠨᠳᠦᠰᠦᠳᠡᠨ ᠤ ᠬᠡᠷᠡᠭ ᠶᠠᠪᠤᠳᠠᠯ ᠢ ᠴᠢᠬᠤᠯᠠᠴᠢᠯᠠᠨ ᠰᠢᠢᠳᠪᠦᠷᠢᠯᠡᠬᠦ ᠨᠢ ᠦᠨᠳᠦᠰᠦᠳᠡᠨ ᠤ ᠤᠷᠤᠨ ᠤ ᠲᠤᠭᠳᠠᠭᠤᠨ | ᠬᠦᠭᠵᠢᠯᠳᠡ ᠳᠤ ᠶᠡᠬᠡᠭᠡᠨ ᠠᠴᠢ ᠬᠤᠯᠪᠤᠭᠳᠠᠯ ᠲᠠᠢ ᠪᠠᠶᠢᠳᠠᠭ᠃ ᠡᠶᠢᠮᠤ ᠠᠴᠠ ᠦᠨᠳᠦᠰᠦᠳᠡᠨ ᠤ ᠦᠰᠦᠭ ᠪᠢᠴᠢᠭ | ᠢᠶᠠᠷ ᠨᠠᠶᠢᠷᠠᠭᠤᠯᠤᠭᠳᠠᠭᠰᠠᠨ ᠵᠠᠰᠠᠭ ᠤᠨ ᠤᠷᠳᠤᠨ ᠤ ᠰᠦᠯᠵᠢᠶ᠎ᠡ ᠶᠢ ᠨᠡᠭᠡᠭᠡᠨ ᠠᠰᠢᠭᠯᠠᠬᠤ ᠨᠢ ᠨᠠᠮ ᠤᠨ | ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠤᠱᠯᠠᠭᠤᠯᠬᠤ᠂ ᠵᠠᠰᠠᠭ ᠤᠨ ᠤᠷᠳᠤᠨ ᠤ | ᠪᠠᠶᠢᠭᠤᠯᠤᠮᠵᠢ ᠬᠢᠭᠡᠳ ᠤᠯᠠᠨ ᠲᠦᠮᠡᠨ ᠯᠤᠭ᠎ᠠ ᠶᠢᠨ ᠬᠠᠷᠢᠴᠠᠭ᠎ᠠ ᠬᠤᠯᠪᠤᠭ᠎ᠠ ᠶᠢ ᠨᠢᠭᠳᠠᠷᠠᠭᠤᠯᠬᠤ᠂ ᠦᠨᠳᠦᠰᠦᠳᠡᠨ | ᠤ ᠪᠦᠯᠬᠦᠮᠳᠡᠯ ᠢ ᠴᠢᠩᠭᠠᠳᠬᠠᠬᠤ᠂ ᠡᠶ᠎ᠡ ᠨᠠᠶᠢᠷᠠᠮᠳᠠᠭᠤ ᠨᠡᠶᠢᠭᠡᠮ ᠢ ᠪᠦᠳᠦᠭᠡᠨ ᠪᠠᠶᠢᠭᠤᠯᠬᠤ ᠳᠤ ᠴᠦᠮ ᠠᠯᠤᠰ ᠬᠡᠳᠤ | ᠶᠢᠨ ᠠᠴᠢ ᠬᠤᠯᠪᠤᠭᠳᠠᠯ ᠲᠠᠢ ᠪᠠᠶᠢᠳᠠᠭ᠃ ᠡᠶᠢᠮᠤᠷᠬᠦ ᠪᠠᠶᠢᠳᠠᠯ ᠲᠤᠤᠷ᠎ᠠ ᠬᠡᠰᠢᠭᠳᠡᠨ ᠬᠤᠰᠢᠭᠤᠨ ᠤ ᠵᠠᠰᠠᠭ ᠤᠨ | ᠤᠷᠳᠤᠨ ᠤ ᠤᠷᠴᠢᠭᠤᠯᠭ᠎ᠠ ᠶᠢᠨ ᠰᠠᠯᠠᠭ᠎ᠠ ᠨᠢ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠷᠢᠶᠠᠯᠠᠨ | ᠲᠠᠭᠠᠵᠤ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ | ᠤᠨ ᠠᠵᠢᠯ ᠤᠨ ᠲᠦᠷᠢᠮ ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠦᠯᠦᠭᠡ᠂ ᠤᠯᠤᠰ | ᠪᠠᠶᠢᠭᠤᠯᠤᠭᠳᠠᠭᠰᠠᠨ 60 ᠵᠢᠯ ᠤᠨ ᠤᠢ ᠶᠢ ᠪᠡᠶᠠᠷᠯᠠᠨ ᠪᠡᠯᠭᠡᠯᠡᠬᠦ ᠲᠠᠰᠢᠷᠠᠮ ᠢᠶᠠᠷ 2009 ᠤᠨ ᠤ 10 ᠰᠠᠷ᠎ᠠ ᠶᠢᠨ | 1 ᠤ ᠡᠳᠦᠷ᠂ ᠬᠤᠰᠢᠭᠤ ᠨᠠᠮ ᠵᠠᠰᠠᠭ ᠤᠨ ᠬᠦᠴᠦᠳᠠᠢ ᠲᠡᠮᠵᠢᠯᠭᠡ᠂ ᠦᠪᠦᠷ ᠮᠤᠩᠭᠤᠯ ᠤᠨ ᠮᠦᠩᠭᠡ ᠭᠠᠯ ᠺᠤᠮᠫᠠᠨᠢ | ᠪᠠ ᠦᠷᠭᠡᠨ ᠤᠯᠠᠨ ᠮᠤᠩᠭᠤᠯ ᠰᠤᠶᠤᠯ ᠳᠠᠭᠠᠨ ᠬᠠᠶᠢᠷᠠᠳᠠᠢ ᠬᠦᠮᠦᠰ ᠤᠨ ᠬᠠᠯᠠᠭᠤᠨ ᠲᠡᠮᠵᠢᠯᠭᠡ ᠪᠠᠷ | ᠤᠯᠠᠭᠠᠨᠬᠠᠳᠠ ᠬᠤᠳᠠ ᠶᠢᠨ ᠠᠩᠬᠠᠳᠠᠭᠴᠢ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ — ︽ᠬᠡᠰᠢᠭᠳᠡᠨ | ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ︾ ︵www.kqmw.gov.cn︶ ᠪᠠᠨ | ᠠᠵᠢᠯᠯᠠᠭᠤᠯᠵᠤ ᠡᠬᠢᠯᠡᠭᠰᠡᠨ ᠪᠠᠶᠢᠨ᠎ᠠ᠃ | ᠲᠣᠰ ᠰᠦᠯᠵᠢᠶ᠎ᠡ ᠨᠢ ᠦᠪᠦᠷ ᠮᠣᠩᠭᠤᠯ ᠣᠷᠣᠨ ᠤ ᠬᠤᠰᠢᠭᠤ ᠱᠠᠳᠣᠨ ᠤ ᠠᠩᠬᠠᠳᠠᠭᠴᠢ ᠵᠠᠰᠠᠭ ᠤᠨ | ᠤᠷᠳᠤᠨ ᠤ ᠮᠤᠩᠭᠤᠯ ᠰᠦᠯᠵᠢᠶ᠎ᠡ᠂ ᠣᠯᠠᠭᠠᠨᠬᠳᠠ ᠬᠤᠲᠠ ᠶᠢᠨ ᠠᠩᠬᠠᠳᠠᠭᠴᠢ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ ᠪᠤᠯᠬᠤ ᠪᠠᠷ ᠪᠠᠷᠠᠬᠤ ᠦᠭᠡᠢ᠂ ᠣᠷᠴᠢᠭᠤᠯᠭ᠎ᠠ ᠶᠢᠨ ᠰᠠᠯᠠᠭ᠎ᠠ ᠮᠦᠴᠢᠷ ᠵᠠᠰᠠᠭ ᠤᠨ ᠣᠷᠳᠣᠨ ᠤ | ᠰᠦᠯᠵᠢᠶ᠎ᠡ ᠪᠠᠶᠢᠭᠤᠯᠣᠭᠰᠠᠨ ᠬᠠᠮᠤᠭ ᠠᠩᠬᠠᠨ ᠤ ᠰᠦᠪᠡᠭᠴᠢᠯᠡᠯ ᠪᠤᠯᠬᠤ ᠶᠤᠮ᠃ | ᠰᠦᠯᠵᠢᠶ᠎ᠡ ᠡᠬᠢᠯᠡᠭᠰᠡᠨ ᠲᠡᠷᠡ ᠡᠳᠦᠷ ᠠᠴᠠ ᠰᠦᠯᠵᠢᠶᠡᠨ ᠠᠭᠤᠯᠭ᠎ᠠ ᠶᠢᠨ ᠣᠷᠴᠢᠭᠤᠯᠭ᠎ᠠ ᠶᠢᠨ ᠠᠵᠢᠯ ᠢ | ᠴᠢᠩᠭᠠᠳᠬᠠᠨ᠂ ︽ᠬᠡᠰᠢᠭᠳᠡᠨ ᠬᠤᠰᠢᠭᠤᠨ ᠤ ᠮᠠᠯᠵᠢᠬᠤ ᠤᠷᠤᠨ ᠤ ᠬᠠᠳᠤᠯᠠᠩ ᠪᠠᠯᠴᠢᠬᠡᠷ ᠤᠨ ︽ᠬᠤᠶᠠᠷ ᠡᠷᠭᠡ | ᠨᠢᠭᠡ ᠳᠥᠷᠢᠮ︾ ᠢ ᠤᠯᠠᠮ ᠨᠢᠭᠡ ᠠᠯᠬᠤᠮ ᠳᠡᠬᠦᠯᠳᠡᠷᠵᠢᠬᠦᠯᠬᠦ ᠠᠵᠢᠯ ᠤᠨ ᠬᠡᠷᠡᠭᠵᠢᠬᠦᠯᠬᠦ ᠳᠥᠰᠥᠯ ᠢ ᠳᠠᠷᠤᠮᠠᠯᠯᠠᠨ | ᠳᠠᠷᠬᠠᠭᠠᠬᠤ ᠳᠤᠬᠠᠢ ᠭᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ︾᠂ ︽ | ᠤᠯᠠᠭᠠᠨᠬᠠᠳᠠ ᠬᠤᠳᠠ ᠶᠢᠨ ᠬᠤᠶᠠᠷ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ | ᠬᠤᠷᠠᠯ ᠬᠡᠰᠢᠭᠳᠡᠨ ᠬᠤᠰᠢᠭᠤᠨ ᠳᠤ ᠶᠠᠪᠤᠭᠳᠠᠪᠠ︾᠂ ︽ᠤᠯᠠᠭᠠᠨᠬᠠᠳᠠ ᠬᠤᠳᠠ ᠪᠦᠬᠦ ᠤᠯᠤᠰ ᠤᠨ ᠰᠤᠨᠢᠨ | ᠮᠡᠳᠡᠭᠡᠨ ᠤ ᠠᠵᠢᠯ ᠤᠨ ᠠᠵᠢᠯ ᠡᠷᠬᠢᠯᠡᠬᠦ ᠬᠢᠷᠢ ᠬᠡᠮ ᠤᠨ ᠪᠠᠷᠢᠮᠵᠢᠶ᠎ᠡ ᠲᠤᠭᠳᠠᠭᠠᠬᠤ ᠲᠤᠷᠰᠢᠯᠳᠠ ᠶᠢᠨ ᠴᠢᠭ᠋ ᠪᠤᠯᠪᠠ ︾ | ᠂ ︽ᠦᠪᠦᠷ ᠮᠤᠩᠭᠤᠯ ᠤᠨ ᠠᠯᠠᠰᠢᠨ ᠬᠤᠨᠢᠨ ᠤ ᠠᠵᠦ ᠤᠶᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠪᠠᠶᠢᠯᠲᠦᠬᠤ ᠪᠤᠲᠦᠯᠭᠠ ᠶᠢᠨ ᠬᠤᠯᠪᠦᠭᠠᠯᠠᠯ ᠤᠨ ᠡᠬᠢᠯᠡᠯᠲᠡ ᠶᠢᠨ ᠶᠤᠰᠦᠯᠠᠯ ᠦᠪᠡᠳᠡᠭᠰᠢ ᠶᠡᠭᠡ ᠪᠠᠷ ᠶᠠᠪᠤᠭᠳᠠᠭᠰᠠᠨ | ᠪᠠᠶᠢᠨ᠎ᠠ︾᠂ ︽ᠪᠦᠬᠦ ᠤᠯᠤᠰ ᠤᠨ ᠠᠷᠪᠠᠨ ᠲᠥᠷᠪᠡᠨ ᠮᠤᠵᠢ ᠤᠷᠤᠨ ᠤ ᠭᠤᠤᠯᠳᠠᠯᠭᠠᠲᠦ ᠠᠮᠢ ᠠᠬᠤᠢ ᠶᠢᠨ | ᠴᠢᠳᠠᠪᠬᠢᠲᠦ ᠤᠷᠤᠨ ᠤ ᠪᠡᠯᠡ ᠮᠥᠩᠭᠦ ᠰᠢᠯᠵᠢᠭᠦᠯᠦᠨ ᠪᠠᠭᠤᠯᠭᠠᠬᠤ ᠶᠢ ᠰᠤᠲᠦᠯᠦᠨ ᠶᠠᠷᠢᠯᠴᠠᠬᠤ ᠬᠤᠷᠠᠯ ᠢ ᠮᠠᠨ ᠤ | ᠬᠤᠰᠢᠭᠤᠨ ᠳᠤ ᠡᠷᠬᠢᠯᠡᠭᠰᠡᠨ ᠪᠠᠶᠢᠨ᠎ᠠ︾᠂ ︽ᠳᠦᠪ ᠪᠠᠩᠬᠢ ᠠᠴᠠ ᠨᠢᠬᠡ ᠵᠢᠯ ᠤᠨ ᠬᠤᠭᠤᠴᠠᠭ᠎ᠠ ᠲᠠᠢ | ᠬᠠᠳᠠᠭᠠᠯᠠᠮᠵᠢ ᠶᠢᠨ ᠪᠠᠷᠢᠮᠵᠢᠶᠠᠳᠤ ᠬᠦᠤ ᠨᠣᠷᠮ᠎ᠠ ᠶᠢ 0.25 ᠵᠠᠭᠤᠠ ᠤ ᠬᠤᠪᠢ ᠦᠰᠬᠡᠨ᠎ᠠ ᠬᠡᠵᠣ ᠲᠤᠭᠳᠠᠭᠠᠪᠠ︾ | ᠂ ︽ᠬᠡᠰᠢᠭᠳᠡᠨ ᠬᠤᠰᠢᠭᠤᠨ ᠤ ᠴᠠᠭᠠᠨ ᠵᠣᠳ ᠤᠨ ᠪᠠᠶᠢᠳᠠᠯ︾᠂ ︽ᠮᠠᠯᠴᠢᠣᠠ ᠤᠨ ᠭᠤᠮᠣᠳᠠᠯ ᠠᠭᠤᠷᠰᠠᠯ ᠪᠢᠳᠠᠠ | ᠳᠤ ᠶᠠᠭᠤ ᠬᠡᠯᠠᠵᠤ ᠪᠠᠶᠢᠭ᠎ᠠ ᠪᠤᠢ︖︾ ᠵᠡᠷᠭᠡ ᠬᠤᠰᠢᠭᠤᠨ ᠤ ᠴᠢᠬᠤᠯᠨ ᠴᠠᠭ ᠤᠨ ᠪᠠᠶᠢᠳᠠᠯ᠂ ᠨᠡᠶᠢᠭᠡᠮ ᠤᠨ | ᠪᠠᠶᠢᠳᠠᠯ ᠳᠤ ᠬᠤᠯᠪᠤᠭᠳᠠᠭᠰᠠᠨ ᠮᠡᠳᠡᠭᠳᠡᠯ ᠵᠠᠷᠯᠠᠯ᠂ ᠰᠤᠨᠢᠨ ᠮᠡᠳᠡᠭᠡ᠂ ᠰᠢᠬᠦᠮᠵᠢ ᠶᠢ ᠴᠠᠭ ᠲᠤᠬᠠᠢ ᠳᠤᠨᠢ ᠨᠡᠶᠢᠳᠡᠯᠡᠬᠦ | ᠠᠴᠠ ᠭᠠᠳᠠᠨ᠎ᠠ ᠬᠢᠳᠡᠳ ᠬᠡᠯᠡᠨ ᠤ ᠡᠷᠭᠡ ᠰᠦᠷᠳᠤ ᠰᠣᠨᠢᠨ ᠰᠦᠯᠵᠢᠶᠡᠨ ᠳᠤ ᠨᠡᠶᠢᠳᠡᠯᠡᠭᠳᠡᠭᠰᠡᠨ ᠤᠷᠤᠨ ᠬᠤᠳᠠ ᠶᠢᠨ | ᠴᠢᠬᠤᠯᠨ ᠮᠡᠳᠡᠭᠡ ᠵᠠᠩᠬᠢ᠂ ᠬᠠᠮᠢᠶ᠎ᠠ ᠪᠦᠬᠦᠢ ᠮᠠᠲ᠋ᠧᠷᠢᠶᠠᠯ ᠢ ᠵᠦᠪ ᠣᠨᠣᠪᠴᠢᠳᠠᠢ ᠣᠷᠴᠢᠭᠤᠯᠣᠨ ᠨᠡᠶᠢᠳᠡᠯᠠᠵᠣ | ᠮᠣᠩᠭᠤᠯ ᠣᠩᠰᠢᠭᠴᠢ ᠦᠵᠡᠭᠴᠢᠳ ᠤᠨ ᠬᠦᠰᠡᠯ ᠱᠠᠭᠠᠷᠳᠠᠯᠭ᠎ᠠ ᠳᠤ ᠨᠡᠶᠢᠴᠡᠬᠦᠯᠦᠭᠰᠡᠨ ᠪᠠᠶᠢᠨ᠎ᠠ᠃ ᠡᠶᠢᠮᠣᠷᠬᠦ | ᠰᠦᠯᠵᠢᠶᠡᠨ ᠠᠭᠤᠯᠭ᠎ᠠ ᠶᠢ ᠨᠠᠶᠢᠷᠠᠭᠤᠯᠵᠣ ᠣᠷᠴᠢᠭᠤᠯᠵᠣ ᠨᠡᠶᠢᠳᠡᠯᠡᠬᠦ ᠶᠠᠪᠣᠴᠠ ᠨᠢ ᠶᠠᠭ ᠰᠠᠶᠢᠬᠠᠨ ᠠᠵᠢᠯ ᠤᠨ | ᠪᠠᠶᠢᠷᠢ ᠳᠤ ᠪᠠᠨ ᠲᠣᠬᠠᠶᠢᠯᠠᠭᠰᠠᠨ ᠠᠵᠢᠯ ᠤᠨ ᠭᠡᠪ ᠪᠣᠯᠪᠠᠰᠣᠷᠠᠯ ᠢ ᠲᠡᠭᠡᠭᠰᠢᠯᠡᠬᠦᠯᠬᠦ᠂ ᠰᠢᠨ᠎ᠡ ᠣᠷᠴᠢᠭᠤᠯᠣᠭᠴᠢ ᠶᠢ | ᠪᠣᠯᠪᠠᠰᠣᠷᠠᠭᠤᠯᠬᠤ ᠳᠤ ᠣᠯᠳᠠᠰᠢ ᠦᠬᠡᠢ ᠰᠠᠶᠢᠬᠠᠨ ᠲᠣᠬᠢᠶᠠᠯ ᠣᠯᠭᠤᠵᠣ ᠦᠭᠬᠦᠭᠰᠡᠨ ᠪᠠᠶᠢᠨ᠎ᠠ᠃ | ᠲᠤᠰ ᠰᠦᠯᠵᠢᠶ᠎ᠠ ᠨᠢ ᠪᠠᠰᠠ ᠦᠷᠭᠡᠨ ᠤᠯᠠᠨ ᠰᠦᠯᠵᠢᠶᠡᠴᠢᠳ ᠤᠨ ᠢᠷᠡᠬᠦᠯᠦᠭᠰᠡᠨ ᠰᠠᠨᠠᠯ ᠰᠠᠨᠠᠭᠤᠯᠭ᠎ᠠ᠂ | ᠰᠢᠬᠦᠮᠵᠢ ᠶᠢ ︽ᠰᠠᠨᠠᠯ ᠰᠢᠬᠦᠮᠵᠢ︾ ᠪᠤᠯᠤᠩ ᠳᠤ ᠪᠠᠨ ᠢᠯᠨ ᠪᠠᠷ ᠨᠡᠶᠢᠳᠡᠯᠡᠨ᠂ ᠰᠦᠯᠵᠢᠶᠡᠨ ᠤ ᠬᠠᠷᠢᠯᠴᠠᠨ | ᠦᠢᠯᠡᠳᠦᠯᠴᠡᠬᠦ ᠴᠢᠨᠠᠷ ᠢ ᠬᠦᠢᠴᠡᠳ ᠪᠠᠳᠠᠷᠠᠭᠤᠯᠤᠨ᠂ ᠰᠦᠯᠵᠢᠶ᠎ᠠ ᠶᠢ ᠤᠯᠠᠮ ᠬᠦᠷ ᠬᠦᠭᠵᠢᠶᠡᠨ ᠲᠠᠢ ᠪᠤᠯᠭᠠᠬᠤ ᠶᠢᠨ | ᠬᠠᠮᠳᠤ ᠤᠯᠠᠨ ᠲᠦᠮᠡᠨ ᠤ ᠲᠤᠰᠬᠠᠯ ᠲᠤᠪᠤᠶᠢᠮ᠎ᠠ ᠪᠠᠶᠢᠭ᠎ᠠ ᠵᠠᠷᠢᠮ ᠠᠰᠠᠭᠤᠳᠠᠯ ᠢ ᠲᠤᠰᠬᠠᠶᠢᠯᠠᠨ ᠰᠤᠷᠪᠤᠯᠵᠢᠯᠠᠨ | ᠡᠮᠬᠢᠳᠭᠡᠵᠤ ᠵᠠᠰᠠᠭ ᠤᠨ ᠤᠷᠳᠤᠨ ᠳᠤ ᠮᠡᠳᠡᠬᠦᠯᠦᠨ ᠴᠠᠭ ᠲᠤᠬᠠᠢ ᠳᠤᠨᠢ ᠵᠤᠬᠢᠰᠳᠠᠢ ᠰᠢᠢᠳᠪᠤᠷᠢᠯᠡᠬᠦᠯᠵᠤ᠂ ᠵᠠᠰᠠᠭ | ᠤᠨ ᠤᠷᠳᠤᠨ ᠤ ᠰᠦᠯᠵᠢᠶ᠎ᠠ ᠶᠢᠨ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠴᠢᠳᠠᠪᠬᠢ ᠪᠠᠨ ᠪᠠᠳᠠᠷᠠᠭᠤᠯᠵᠤ | ᠴᠢᠳᠠᠭᠰᠠᠨ ᠪᠠᠶᠢᠨ᠎ᠠ᠃ | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ︾ ᠨᠢ᠄ ᠬᠤᠰᠢᠭᠤᠨ ᠤ | ᠲᠤᠶᠢᠮᠤ ᠪᠠᠶᠢᠳᠠᠯ᠂ ᠵᠠᠰᠠᠭ ᠲᠦᠷᠦ᠂ ᠠᠵᠤ ᠠᠬᠤᠢ᠂ ᠰᠤᠶᠤᠯ᠂ ᠰᠤᠷᠭᠠᠨ ᠬᠦᠮᠦᠵᠢᠯ᠂ ᠠᠵᠢᠯ ᠤᠨ ᠪᠠᠶᠢᠳᠠᠯ᠂ | ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ᠂ ᠬᠡᠰᠢᠭᠳᠡᠨ ᠵᠢᠭᠤᠯᠴᠢᠯᠠᠯ᠂ ᠰᠤᠶᠤᠯ ᠤᠷᠠᠯᠢᠭ᠂ ᠲᠤᠰᠬᠠᠢ ᠪᠤᠯᠤᠩ | ᠂ ᠮᠠᠯᠴᠢᠳ ᠤᠨ ᠬᠠᠨᠢ ᠵᠡᠷᠭᠡ ᠠᠭᠤᠯᠭ᠎ᠠ ᠳᠤ ᠬᠤᠯᠪᠤᠭᠳᠠᠭᠰᠠᠨ 180 ᠲᠦᠮᠡᠨ ᠦᠰᠦᠭ ᠤᠨ ᠮᠠᠲ᠋ᠧᠷᠢᠶᠠᠯ ᠪᠠ | ᠬᠠᠮᠢᠶ᠎ᠠ ᠪᠦᠬᠦᠢ ᠵᠢᠷᠤᠬᠳᠤ ᠮᠡᠳᠡᠭᠡᠯᠡᠯ᠂ ᠲᠦᠷᠰᠤ ᠰᠢᠩᠭᠡᠭᠡᠯᠳᠠ ᠶᠢᠨ ᠠᠭᠤᠯᠭ᠎ᠠ ᠶᠢ ᠨᠡᠶᠢᠳᠡᠯᠡᠵᠤ᠂ ᠦᠷᠭᠡᠨ ᠤᠯᠠᠨ | ᠮᠤᠩᠭᠤᠯ ᠰᠦᠯᠵᠢᠶᠡᠴᠢᠳ ᠲᠤ ᠲᠦᠬᠦᠮ ᠦᠵᠡᠬᠦᠯᠵᠤ ᠪᠤᠢ᠃ ᠲᠤᠰ ᠰᠦᠯᠵᠢᠶ᠎ᠠ ᠨᠢ ᠤᠷᠤᠨ ᠨᠤᠳᠤᠭ ᠤᠨ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠠᠯ᠎ᠠ ᠶᠢ ᠬᠠᠮᠤᠷᠤᠭᠰᠠᠨ ᠶᠠᠷᠦᠩᠭᠡᠶᠢᠯᠡᠭᠰᠡᠨ ᠴᠢᠨᠠᠷᠳᠠᠢ ᠰᠦᠯᠵᠢᠶ᠎ᠡ | ᠪᠤᠯᠤᠨ᠎ᠠ᠃ ᠰᠦᠯᠵᠢᠶᠡᠨ ᠤ ᠡᠯ᠎ᠡ ᠪᠤᠯᠤᠩ ᠤᠨ ᠠᠭᠤᠯᠭ᠎ᠠ ᠶᠢᠨ ᠲᠤᠬᠢᠷᠠᠭᠤᠯᠤᠯᠳᠠ ᠶᠢ ᠲᠦᠭᠦᠮ ᠢᠶᠠᠷ | ᠲᠠᠨᠢᠯᠴᠠᠭᠤᠯᠪᠠᠯ᠂ ᠬᠤᠰᠢᠭᠤᠨ ᠤ ᠲᠤᠶᠢᠮᠤ ᠪᠠᠶᠢᠳᠠᠯ ᠳᠠᠭᠠᠨ᠄ ᠬᠤᠰᠢᠭᠤᠨ ᠤ ᠲᠦᠭᠦᠮ ᠲᠠᠨᠢᠯᠴᠠᠭᠤᠯᠭ᠎ᠠ᠂ ᠵᠠᠰᠠᠭ | ᠵᠠᠬᠢᠷᠭᠠᠨ ᠤ ᠬᠤᠪᠢᠶᠠᠷᠢᠯᠡᠯ᠂ ᠵᠠᠮ ᠬᠠᠷᠢᠯᠴᠠᠭᠠᠨ ᠤ ᠱᠤᠭᠤᠮ᠂ ᠡᠬᠢ ᠪᠠᠶᠠᠯᠢᠭ᠂ ᠤᠨᠴᠠ ᠭᠠᠷᠤᠯᠳᠠ᠂ ᠨᠤᠳᠤᠭ ᠤᠨ | ᠬᠠᠮᠤᠭ ᠤᠳ ᠵᠡᠷᠭᠡ ᠲᠠᠯ᠎ᠠ ᠶᠢᠨ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠵᠠᠰᠠᠭ ᠲᠦᠷᠦ ᠶᠢᠨ ᠪᠤᠯᠤᠩ ᠳᠠᠭᠠᠨ᠄ | ᠬᠡᠰᠢᠭᠳᠡᠨ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ ᠲᠠᠨᠢᠯᠴᠠᠭᠤᠯᠭ᠎ᠠ ᠪᠠ ᠵᠢᠷᠤᠭ ᠰᠡᠭᠦᠳᠡᠷ ᠵᠢᠴᠢ | ᠬᠤᠰᠢᠭᠤᠨ ᠤ ᠤᠳᠤᠷᠢᠳᠬᠤ ᠪᠠᠭ ᠤᠨ ᠪᠢᠴᠢᠭ ᠮᠠᠲ᠋ᠧᠷᠢᠶᠠᠯ᠂ ᠡᠯ᠎ᠡ ᠰᠠᠯᠠᠭ᠎ᠠ ᠮᠦᠴᠢᠷ ᠤᠨ ᠪᠢᠴᠢᠭ ᠮᠠᠲ᠋ᠧᠷᠢᠶᠠᠯ | ᠵᠡᠷᠭᠡ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠠᠵᠤ ᠠᠬᠤᠢ ᠶᠢᠨ ᠪᠤᠯᠤᠩ ᠳᠠᠭᠠᠨ᠄ ᠮᠠᠯᠵᠢᠯ ᠠᠬᠤᠢ᠂ ᠠᠵᠤ | ᠦᠢᠯᠡᠳᠪᠦᠷᠢ᠂ ᠠᠭᠤᠷᠬᠠᠢ ᠪᠠ ᠠᠵᠤ ᠠᠬᠤᠶᠢᠯᠠᠯ ᠵᠡᠷᠭᠡ ᠲᠠᠯ᠎ᠠ ᠶᠢᠨ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ | ᠠᠵᠢᠯ ᠤᠨ ᠪᠠᠶᠢᠳᠠᠯ ᠪᠤᠯᠤᠩ ᠳᠠᠭᠠᠨ᠄ ᠬᠤᠰᠢᠭᠤ ᠨᠤᠳᠤᠭ ᠤᠨ ᠰᠤᠨᠢᠨ ᠮᠡᠳᠡᠭᠡ᠂ ᠵᠢᠷᠤᠭᠳᠤ ᠮᠡᠳᠡᠭᠡ᠂ ᠲᠧᠯᠸᠢᠰ | ᠮᠡᠳᠡᠭᠡ ᠪᠠ ᠷᠠᠳᠢᠤ᠋ ᠮᠡᠳᠡᠭᠡ ᠵᠡᠷᠭᠡ ᠶᠢᠨ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠰᠤᠷᠭᠠᠨ ᠬᠦᠮᠦᠵᠢᠯ ᠤᠨ ᠪᠤᠯᠤᠩ | ᠳᠠᠭᠠᠨ᠄ ᠬᠤᠰᠢᠭᠤᠨ ᠤ 7ᠰᠠᠭᠤᠷᠢ ᠮᠤᠩᠭᠤᠯ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶ᠎ᠡ | ᠶᠢ ᠪᠠᠶᠢᠷᠢᠯᠠᠭᠤᠯᠤᠨ ᠵᠤᠬᠢᠶᠠᠵᠤ᠂ ᠬᠡᠰᠢᠭᠳᠡᠨ ᠬᠤᠰᠢᠭᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠪᠦᠬᠦᠶᠢᠯᠡ | ᠲᠠᠯ᠎ᠠ ᠶᠢ ᠪᠠᠭᠳᠠᠭᠠᠭᠰᠠᠨ ᠠᠭᠤᠯᠭ᠎ᠠ ᠶᠢ ᠲᠤᠬᠢᠷᠠᠭᠤᠯᠤᠭᠰᠠᠨ ᠪᠠᠶᠢᠨ᠎ᠠ︔ ᠬᠡᠰᠢᠭᠳᠡᠨ ᠵᠢᠭᠤᠯᠴᠢᠯᠠᠯ ᠪᠤᠯᠤᠩ ᠳᠠᠭᠠᠨ᠄ | ᠬᠡᠰᠢᠭᠳᠡᠨ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠠ ᠬᠡᠰᠢᠭᠳᠡᠨ ᠬᠤᠰᠢᠭᠤᠨ ᠤ ᠭᠤᠤᠯ ᠦᠵᠡᠮᠵᠢ ᠶᠢᠨ | ᠤᠷᠤᠨ ᠤ ᠵᠢᠭᠤᠯᠴᠢᠯᠠᠯ᠂ ᠦᠨᠳᠦᠰᠦᠳᠡᠨ ᠤ ᠵᠠᠩ ᠵᠠᠩᠰᠢᠯ ᠤᠨ ᠵᠢᠭᠤᠯᠴᠢᠯᠠᠯ᠂ ᠲᠡᠤᠭᠡ ᠰᠤᠶᠤᠯ ᠤᠨ ᠵᠢᠭᠤᠯᠴᠢᠯᠠᠯ᠂ | ᠡᠪᠦᠯ ᠤᠨ ᠤᠯᠠᠷᠢᠯ ᠤᠨ ᠵᠢᠭᠤᠯᠴᠢᠯᠠᠯ᠂ ᠪᠤᠬ᠎ᠠ ᠲᠡᠷᠭᠡ ᠰᠡᠭᠦᠳᠡᠷᠯᠡᠬᠦ ᠵᠢᠭᠤᠯᠴᠢᠯᠠᠯ᠂ ᠰᠤᠯᠠ ᠰᠡᠯᠡᠭᠦᠴᠡᠯ ᠷᠠᠰᠢᠶᠠᠨ | ᠰᠤᠪᠢᠯᠠᠯᠳᠠ ᠶᠢᠨ ᠵᠢᠭᠤᠯᠴᠢᠯᠠᠯ ᠵᠡᠷᠭᠡ ᠪᠠ ᠬᠡᠰᠢᠭᠳᠡᠨ ᠵᠢᠭᠤᠯᠴᠢᠯᠡᠯ ᠤᠨ ᠲᠤᠬᠢᠷᠠᠮᠵᠢᠳᠠᠢ ᠴᠠᠭ ᠬᠤᠭᠤᠴᠠᠭ᠎ᠠ ᠶᠢᠨ | ᠲᠠᠨᠢᠯᠴᠠᠭᠤᠯᠭ᠎ᠠ᠂ ᠵᠢᠭᠤᠯᠴᠢᠯᠠᠯ ᠤᠨ ᠵᠠᠮ ᠱᠤᠭᠤᠮ᠂ ᠦᠢᠯᠡᠴᠢᠯᠡᠭᠡ ᠵᠡᠷᠭᠡ ᠵᠢᠭᠤᠯᠴᠢᠯᠠᠯ ᠤᠨ ᠪᠦᠬᠦ ᠲᠠᠯ᠎ᠠ ᠶᠢᠨ | ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠰᠤᠶᠤᠯ ᠤᠷᠠᠯᠢᠭ ᠪᠤᠯᠤᠩ ᠳᠠᠭᠠᠨ᠄ ᠬᠡᠰᠢᠭᠳᠡᠨ ᠮᠤᠩᠭᠤᠯᠴᠤᠳ ᠤᠨ ᠵᠠᠩ | ᠦᠢᠯᠡ᠂ ᠬᠦᠮᠦᠨ ᠰᠤᠶᠤᠯ ᠤᠨ ᠲᠡᠤᠭᠡ᠂ ᠤᠪᠤᠭ᠎ᠠ ᠬᠠᠶᠢᠷᠬᠠᠨ ᠰᠦᠮ᠎ᠡ ᠬᠡᠶᠢᠳ᠂ ᠤᠷᠠᠨ ᠵᠤᠬᠢᠶᠠᠯ᠂ ᠰᠤᠶᠤᠯ | ᠲᠡᠤᠭᠡ ᠶᠢᠨ ᠦᠯᠡᠳᠡᠭᠳᠡᠯ ᠵᠡᠷᠭᠡ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠲᠤᠰᠬᠠᠢ ᠪᠤᠯᠤᠩ ᠳᠠᠭᠠᠨ᠄ | ᠤᠯᠠᠭᠠᠨᠮᠦ᠋ᠴᠢᠷ᠂ ᠬᠤᠰᠢᠭᠤᠨ ᠤ ᠡᠯ᠎ᠡ ᠵᠠᠰᠠᠭ ᠤᠨ ᠨᠡᠶᠢᠭᠡᠮᠯᠢᠭ᠂ ᠰᠡᠳᠬᠦᠯ᠂ ᠠᠷᠠᠳ ᠤᠨ ᠪᠦᠯᠬᠦᠮ᠂ ᠰᠢᠨᠵᠢᠯᠡᠬᠦ | ᠤᠬᠠᠭᠠᠨᠴᠢ ᠬᠦᠭᠵᠢᠯᠳᠡ ᠶᠢᠨ ᠦᠵᠡᠯᠳᠡ ᠶᠢ ᠬᠦᠨᠵᠡᠭᠡᠢ ᠰᠤᠷᠤᠯᠴᠠᠨ ᠦᠢᠯᠡᠳᠦᠯᠭᠡᠵᠢᠬᠦᠯᠬᠦ ᠠᠵᠢᠯᠯᠠᠭᠠᠨ ᠵᠡᠷᠭᠡ ᠶᠢᠨ | ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠮᠠᠯᠴᠢᠳ ᠤᠨ ᠬᠠᠨᠢ ᠪᠤᠯᠤᠩ ᠳᠠᠭᠠᠨ᠄ ᠬᠠᠤᠯᠢ ᠴᠠᠭᠠᠵᠠ ᠶᠢᠨ ᠯᠠᠪᠯᠠᠯᠳᠠ᠂ | ᠬᠤᠷᠰᠢᠭᠰᠡᠨ ᠡᠮᠨᠡᠯᠭᠡ᠂ ᠮᠠᠯᠴᠢᠳ ᠤᠨ ᠭᠠᠷ ᠠᠪᠤᠯᠭ᠎ᠠ᠂ ᠮᠠᠯ ᠤᠨ ᠠᠰᠢᠭ ᠰᠢᠮ᠎ᠡ ᠶᠢᠨ ᠪᠤᠷᠤᠯᠠᠭᠤᠯᠤᠯᠳᠠ ᠬᠢᠭᠡᠳ | ᠬᠠᠨᠳᠤᠰᠢ ᠵᠡᠷᠭᠡ ᠶᠢᠨ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠡᠭᠦᠨ ᠠᠴᠠ ᠭᠠᠳᠠᠨ᠎ᠠ ᠪᠠᠰᠠ᠄ ᠠᠯᠪᠠᠨ ᠵᠠᠷᠯᠠᠯ᠂ | ᠵᠠᠷ ᠮᠡᠳᠡᠭᠡ᠂ ᠰᠠᠨᠠᠯ ᠰᠢᠬᠦᠮᠵᠢ᠂ ᠨᠦᠬᠦᠷᠰᠡᠭ ᠬᠤᠯᠪᠤᠭ᠎ᠠ᠂ ᠬᠡᠰᠢᠭᠳᠡᠨ ᠶᠠᠷᠢᠯᠴᠠᠭᠠᠨ ᠤ ᠦᠷᠦᠭᠡ᠂ ᠴᠠᠭ ᠠᠭᠤᠷ᠂ | ᠰᠠᠨᠠᠯ ᠰᠢᠬᠦᠮᠵᠢ ᠵᠡᠷᠭᠡ ᠶᠢᠨ ᠤᠯᠠᠨ ᠠᠭᠤᠯᠭ᠎ᠠ ᠶᠢ ᠨᠡᠶᠢᠳᠡᠯᠡᠵᠤ ᠪᠤᠢ᠃ | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ︾ ᠶᠢᠨ ᠤᠬᠠᠭᠤᠯᠭ᠎ᠠ ᠶᠢᠨ | ᠬᠦᠴᠦᠯᠡᠴᠨ ᠶᠢ ᠨᠡᠮᠡᠭᠳᠡᠬᠦᠯᠵᠤ᠂ ᠰᠦᠯᠵᠢᠶᠡᠨ ᠤ ᠮᠡᠳᠡᠭᠡ ᠵᠠᠩᠬᠢ ᠶᠢᠨ ᠲᠤᠭ᠎ᠠ ᠪᠠ ᠴᠢᠨᠠᠷ ᠢ ᠴᠢᠩᠭᠠᠳᠬᠠᠬᠤ ᠶᠢᠨ | ᠲᠦᠯᠦᠭᠡ ᠮᠠᠨ ᠤ ᠰᠦᠯᠵᠢᠶ᠎ᠠ ᠨᠢ ︽ᠠᠷᠠᠳ ᠤᠨ ᠰᠦᠯᠵᠢᠶ᠎ᠠ︾᠂ ︽ᠲᠤᠮᠳᠠᠳᠤ ᠤᠯᠤᠰ ᠤᠨ ᠮᠤᠩᠭᠤᠯ ᠬᠡᠯᠡᠨ ᠤ | ᠰᠤᠨᠢᠨ ᠮᠡᠳᠡᠭᠡᠨ ᠤ ᠰᠦᠯᠵᠢᠶ᠎ᠠ︾ ᠵᠡᠷᠭᠡ ᠰᠦᠯᠵᠢᠶ᠎ᠠ ᠯᠤᠭ᠎ᠠ ᠡᠬᠢ ᠰᠤᠷᠪᠤᠯᠵᠢ ᠶᠢ ᠬᠠᠮᠳᠤᠪᠡᠷ ᠡᠳ᠋ᠯᠡᠬᠦ ᠬᠠᠷᠢᠴᠠᠭ᠎ᠠ | ᠪᠠᠶᠢᠭᠤᠯᠵᠠᠢ᠃ | 2014 ᠣᠨ ᠳᠤ ᠰᠦᠯᠵᠢᠶᠡᠨ ᠠᠭᠤᠯᠭ᠎ᠠ ᠶᠢ ᠪᠠᠶᠠᠯᠢᠭᠵᠢᠭᠤᠯᠬᠤ᠂ ᠲᠡᠰ ᠲᠡᠪᠰᠢᠬᠦᠯᠬᠦ ᠠᠵᠢᠯ ᠢ ᠭᠤᠣᠯ | ᠪᠤᠯᠭᠠᠨ ᠠᠳᠬᠤᠵᠣ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ | ᠬᠤᠯᠪᠣᠭ᠎ᠠ ᠪᠠᠶᠢᠭᠤᠯᠬᠤ ᠠᠵᠢᠯ ᠳᠤ ᠢᠳᠡᠪᠬᠢᠳᠡᠢ ᠬᠠᠮᠵᠢᠯᠴᠠᠵᠦ᠂ ᠰᠦᠯᠵᠢᠶᠡᠨ ᠬᠤᠯᠪᠣᠭ᠎ᠠ ᠯᠤᠭ᠎ᠠ ᠵᠣᠯᠭᠠᠯᠴᠠᠭᠤᠯᠬᠤ | ᠠᠵᠢᠯ ᠢ ᠴᠢᠩᠭᠠᠳᠬᠠᠪᠠ᠃ 2015 ᠣᠨ ᠤ 5 ᠰᠠᠷ᠎ᠠ ᠠᠴᠠ ᠡᠬᠢᠯᠡᠨ ᠰᠢᠨ᠎ᠡ ᠰᠦᠯᠵᠢᠶ᠎ᠡ ᠶᠢᠨ ᠠᠭᠤᠯᠭ᠎ᠠ ᠶᠢᠨ | ᠲᠠᠯ᠎ᠠ ᠶᠢᠨ ᠪᠡᠯᠡᠳᠬᠡᠯ ᠠᠵᠢᠯ ᠢ ᠱᠠᠯᠠᠪᠳᠠᠨ᠂ 9 ᠰᠠᠷ᠎ᠠ ᠠᠴᠠ ᠡᠬᠢᠯᠡᠨ ᠲᠣᠷᠰᠢᠨ ᠠᠵᠢᠯᠯᠠᠭᠤᠯᠣᠭᠰᠠᠨ ᠪᠠᠶᠢᠨ᠎ᠠ᠃ | 2015 ᠣᠨ ᠤ 5 ᠰᠠᠷ᠎ᠠ ᠠᠴᠠ ᠡᠬᠢᠯᠡᠨ ᠰᠢᠨ᠎ᠡ ᠬᠠᠭᠤᠴᠢᠨ ᠰᠦᠯᠵᠢᠶ᠎ᠡ ᠪᠠ ᠭᠠᠷ ᠣᠳᠠᠰᠣᠨ ᠤ ᠣᠯᠠᠨ ᠨᠡᠶᠢᠲᠡ | ᠶᠢᠨ ᠲᠠᠪᠴᠠᠩ ᠢ ᠵᠡᠷᠭᠡᠪᠡᠷ ᠠᠵᠢᠯᠯᠠᠭᠤᠯᠪᠠ᠃ 2016 ᠣᠨ ᠤ 6 ᠰᠠᠷ᠎ᠠ ᠳᠤ ᠰᠢᠨ᠎ᠡ ᠰᠦᠯᠵᠢᠶ᠎ᠡ ᠶᠢ ᠵᠢᠩᠬᠢᠨᠢ ᠪᠠᠷ | ᠠᠵᠢᠯᠯᠠᠭᠤᠯᠤᠭᠰᠠᠨ ᠪᠠᠶᠢᠨ᠎ᠠ᠃ ᠰᠢᠨ᠎ᠡ ᠰᠦᠯᠵᠢᠶ᠎ᠡ ᠨᠢ ᠲᠣᠶᠢᠮᠣ ᠪᠠᠶᠢᠳᠠᠯ᠂ ᠰᠣᠨᠢᠨ ᠮᠡᠳᠡᠭᠡ᠂ ᠵᠠᠰᠠᠭ ᠤᠨ | ᠶᠠᠪᠣᠳᠠᠯ ᠢ ᠢᠯᠡ ᠪᠤᠯᠭᠠᠬᠤ᠂ ᠦᠢᠯᠡᠴᠢᠯᠡᠭᠡ ᠲᠣᠰᠠᠯᠠᠮᠵᠢ᠂ ᠰᠣᠶᠣᠯ ᠡᠷᠳᠡᠨᠢ ᠵᠡᠷᠭᠡ ᠠᠭᠤᠯᠭ᠎ᠠ ᠶᠢ ᠬᠠᠮᠣᠷᠴᠦ᠂ | ᠰᠦᠯᠵᠢᠶᠡᠨ ᠴᠣᠭᠯᠠᠷᠠᠯ ᠤᠨ ᠬᠡᠯᠪᠡᠷᠢ ᠪᠠᠷ ᠨᠢᠭᠡᠳᠦᠯᠳᠡᠢ ᠬᠠᠮᠢᠶᠠᠷᠣᠯᠲᠠ᠂ ᠲᠦᠷᠢᠮᠵᠢᠭᠰᠡᠨ ᠲᠣᠭᠳᠠᠯᠴᠠᠭ᠎ᠠ ᠶᠢᠨ | ᠲᠣᠣᠷ᠎ᠠ ᠶᠠᠪᠣᠭᠳᠠᠵᠤ᠂ ᠵᠠᠰᠠᠭ ᠤᠨ ᠰᠦᠯᠵᠢᠶ᠎ᠡ ᠡᠷᠬᠢᠯᠡᠬᠦ ᠨᠠᠩ ᠦᠷᠭᠡᠨ ᠵᠠᠢ ᠶᠢ ᠣᠯᠭᠤᠭᠰᠠᠨ ᠪᠠᠶᠢᠨ᠎ᠠ᠃ | 2009 —— 2018 ᠤᠨ ᠪᠤᠯᠳᠠᠯ᠎ᠠ ᠳᠤ᠂ ᠰᠦᠯᠵᠢᠶᠡᠨ ᠳᠤ ᠵᠢᠯ ᠪᠦᠷᠢ ᠲᠡᠭᠰᠢᠳᠬᠡᠭᠡᠳ 90 | ᠭᠠᠷᠤᠢ ᠲᠦᠮᠡᠨ ᠦᠰᠦᠭ ᠤᠨ ᠠᠭᠤᠯᠭ᠎ᠠ ᠨᠡᠶᠢᠳᠡᠯᠡᠵᠤ᠂ ᠡᠬᠦᠨ ᠳᠤ᠄ ᠲᠤᠶᠢᠮᠤ ᠪᠠᠶᠢᠳᠠᠯ᠂ ᠵᠠᠰᠠᠭ ᠤᠨ ᠶᠠᠪᠣᠳᠠᠯ | ᠢ ᠢᠯᠡ ᠪᠤᠯᠭᠠᠬᠤ᠂ ᠰᠣᠨᠢᠨ ᠮᠡᠳᠡᠭᠡ᠂ ᠰᠤᠶᠤᠯ ᠲᠡᠣᠬᠡ᠂ ᠰᠤᠷᠭᠠᠨ ᠬᠦᠮᠦᠵᠢᠯ᠂ ᠮᠠᠯᠵᠢᠬᠤ ᠤᠷᠤᠨ ᠤ ᠪᠦᠳᠦᠭᠡᠨ | ᠪᠠᠶᠢᠭᠤᠯᠤᠯᠳᠠ᠂ ᠬᠡᠰᠢᠭᠳᠡᠨ ᠵᠢᠭᠤᠯᠴᠢᠯᠠᠯ᠂ ᠰᠤᠶᠤᠯ ᠤᠷᠠᠯᠢᠭ᠂ ᠲᠤᠰᠬᠠᠢ ᠪᠤᠯᠤᠩ᠂ ᠮᠠᠯᠴᠢᠳ ᠤᠨ ᠬᠠᠨᠢ ᠵᠡᠷᠭᠡ | ᠠᠭᠤᠯᠭ᠎ᠠ ᠳᠤ ᠬᠤᠯᠪᠤᠭᠳᠠᠭᠰᠠᠨ ᠬᠠᠮᠢᠶ᠎ᠠ ᠪᠦᠬᠦᠢ ᠮᠡᠳᠡᠭᠡ᠂ ᠵᠢᠷᠤᠬᠳᠤ ᠮᠡᠳᠡᠭᠡᠯᠡᠯ᠂ ᠲᠦᠷᠰᠤ ᠰᠢᠩᠭᠡᠭᠡᠯᠳᠠ ᠶᠢᠨ | ᠠᠭᠤᠯᠭ᠎ᠠ ᠪᠤᠢ᠃ | | | | | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ | ᠰᠦᠯᠵᠢᠶ᠎ᠠ︾ ᠶᠢᠨ ᠴᠢᠬᠤᠯᠠ ᠬᠡᠷᠡᠭ ᠣᠴᠢᠷ ᠤᠨ ᠲᠡᠮᠳᠡᠭᠯᠡᠯ | | 2009 ᠣᠨ ᠤ 9 ᠰᠠᠷ᠎ᠠ ᠶᠢᠨ 24 ᠤ ᠡᠳᠦᠷ᠂ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ | ᠮᠤᠩᠭᠤᠯ ᠰᠦᠯᠵᠢᠶ᠎ᠡ︾ ᠲᠡᠭᠡᠷ᠎ᠡ ︽ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠦᠬᠦᠯᠢ | ᠴᠤᠭᠴᠠ ᠶᠢᠨ ᠪᠤᠳᠠᠳᠤ ᠬᠦᠴᠦᠨ ᠮᠡᠳᠡᠭᠳᠡᠮ᠎ᠡ ᠲᠡᠭᠡᠭᠰᠢᠯᠡᠵᠣ ᠪᠠᠶᠢᠨ᠎ᠠ︾ ᠬᠡᠰᠡᠨ ᠮᠡᠳᠡᠭᠡ ᠨᠡᠶᠢᠳᠡᠯᠡᠭᠳᠡᠪᠡ᠃ ᠡᠨᠡ | ᠪᠤᠯ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ︾ ᠶᠢᠨ ᠬᠠᠮᠤᠭ ᠠᠩᠬᠠᠨ ᠤ | ᠮᠡᠳᠡᠭᠡ ᠪᠤᠯᠤᠨ᠎ᠠ᠃ | 2009 ᠤᠨ ᠤ 10 ᠰᠠᠷ᠎ᠠ ᠶᠢᠨ 1 ᠤ ᠡᠳᠦᠷ᠂ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ | ᠮᠤᠩᠭᠤᠯ ᠰᠦᠯᠵᠢᠶ᠎ᠡ︾ ᠠᠵᠢᠯᠯᠠᠵᠤ ᠡᠬᠢᠯᠡᠭᠰᠡᠨ ᠪᠠᠶᠢᠨ᠎ᠠ᠃ ᠲᠣᠰ ᠰᠦᠯᠵᠢᠶ᠎ᠡ ᠨᠢ ᠦᠪᠦᠷ ᠮᠣᠩᠭᠤᠯ ᠣᠷᠣᠨ ᠤ | ᠬᠤᠰᠢᠭᠤ ᠱᠠᠳᠣᠨ ᠤ ᠠᠩᠬᠠᠳᠠᠭᠴᠢ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ᠂ ᠣᠯᠠᠭᠠᠨᠬᠳᠠ ᠬᠤᠲᠠ ᠶᠢᠨ | ᠠᠩᠬᠠᠳᠠᠭᠴᠢ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠪᠤᠯᠬᠤ ᠪᠠᠷ ᠪᠠᠷᠠᠬᠤ ᠦᠭᠡᠢ᠂ ᠣᠷᠴᠢᠭᠤᠯᠭ᠎ᠠ ᠶᠢᠨ | ᠰᠠᠯᠠᠭ᠎ᠠ ᠮᠦᠴᠢᠷ ᠵᠠᠰᠠᠭ ᠤᠨ ᠣᠷᠳᠣᠨ ᠤ ᠰᠦᠯᠵᠢᠶ᠎ᠡ ᠪᠠᠶᠢᠭᠤᠯᠣᠭᠰᠠᠨ ᠬᠠᠮᠤᠭ ᠠᠩᠬᠠᠨ ᠤ ᠰᠦᠪᠡᠭᠴᠢᠯᠡᠯ ᠪᠤᠯᠬᠤ | ᠶᠤᠮ᠃ | 2009 ᠤᠨ ᠤ 11 ᠰᠠᠷ᠎ᠠ ᠳᠤ ᠮᠤᠩᠭᠤᠯ ᠰᠦᠯᠵᠢᠶ᠎ᠠ ᠶᠢᠨ ᠬᠠᠮᠢᠶᠠᠷᠤᠭᠴᠢᠳ ᠤᠨ ᠪᠤᠯᠪᠠᠰᠤᠷᠠᠯ ᠤᠨ | ᠠᠩᠬᠢ ᠡᠷᠬᠢᠯᠡᠵᠤ᠂ ᠦᠪᠦᠷ ᠮᠤᠩᠭᠤᠯ ᠤᠨ ᠮᠦᠩᠬᠡᠭᠠᠯ ᠺᠤᠮᠫᠠᠨᠢ ᠶᠢᠨ ᠮᠡᠷᠭᠡᠵᠢᠯᠳᠠᠨ ︽ᠮᠤᠩᠭᠤᠯ ᠰᠦᠯᠵᠢᠶ᠎ᠠ ᠶᠢᠨ | ᠬᠠᠮᠢᠶᠠᠷᠤᠯᠳᠠ ᠶᠢᠨ ᠦᠨᠳᠦᠰᠦᠨ ᠮᠡᠳᠡᠯᠭᠡ︾ ᠭᠡᠬᠦ ᠰᠡᠳᠦᠪ ᠢᠶᠠᠷ ᠲᠤᠰᠬᠠᠢ ᠰᠡᠳᠦᠪᠳᠤ ᠲᠠᠶᠢᠯᠤᠮᠵᠢ ᠬᠢᠪᠡ᠃ ᠣᠳᠣ | ᠪᠤᠯᠳᠠᠯ᠎ᠠ ᠵᠢᠯ ᠪᠤᠯᠭᠠᠨ ᠨᠢᠭᠡ ᠣᠳᠠᠭᠠᠨ ᠤ ᠪᠤᠯᠪᠠᠰᠣᠷᠠᠯ ︵ᠰᠦᠯᠵᠢᠶᠡᠨ ᠲᠡᠭᠡᠷᠡᠬᠢ ᠪᠤᠯᠪᠠᠰᠣᠷᠠᠯ ᠢ ᠪᠠᠭᠳᠠᠭᠠᠨ᠎ᠠ︶ ᠢ | ᠠᠯᠳᠠᠯ ᠦᠭᠡᠢ ᠡᠷᠬᠢᠯᠡᠵᠦ ᠪᠠᠶᠢᠨ᠎ᠠ᠃ | 2010 ᠣᠨ ᠤ10 ᠰᠠᠷ᠎ᠠ ᠶᠢᠨ10 ᠤ ᠡᠳᠦᠷ —— 11 ᠤ ᠡᠳᠦᠷ ᠪᠤᠯᠳᠠᠯ᠎ᠠ ᠶᠠᠪᠣᠭᠳᠠᠭᠰᠠᠨ | ᠮᠣᠩᠭᠤᠯ ᠬᠡᠯᠡ ᠪᠢᠴᠢᠭ ᠤᠨ ᠶᠡᠭᠡ ᠡᠷᠳᠡᠮᠳᠡᠨ ᠡᠷᠳᠡᠨᠢᠳᠣᠭᠳᠠᠬᠤ ᠪᠠᠭᠰᠢ ᠶᠢᠨ ᠪᠦᠷᠢᠨ ᠵᠣᠬᠢᠶᠠᠯ ᠢ ᠰᠣᠳᠣᠯᠣᠨ | ᠶᠠᠷᠢᠯᠴᠠᠬᠤ ᠣᠯᠠᠨ ᠣᠯᠣᠰ ᠤᠨ ᠡᠷᠳᠡᠮ ᠰᠢᠨᠵᠢᠯᠡᠬᠡᠨ ᠤ ᠬᠤᠷᠠᠯ ᠤᠨ ᠪᠦᠬᠦ ᠶᠠᠪᠣᠴᠠ ᠶᠢ ᠮᠡᠳᠡᠭᠡᠯᠡᠪᠡ᠃ | 2011 ᠣᠨ ᠤ 1 ᠰᠠᠷ᠎ᠠ ᠳᠤ ᠣᠯᠠᠭᠠᠨᠬᠠᠳᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠳᠤ ︽ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠪᠠᠷ ᠦᠯᠢᠭᠡᠷ ᠵᠢᠱᠢᠶ᠎ᠡ | ᠪᠤᠯᠭᠠᠨ ᠪᠦᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠲᠤ ᠮᠤᠩᠭᠤᠯ ᠰᠦᠯᠵᠢᠶ᠎ᠡ ᠪᠠᠶᠢᠭᠤᠯᠬᠤ ᠲᠣᠬᠠᠢ | ᠰᠠᠨᠠᠯ ᠲᠣᠷᠠᠳᠣᠯᠭ᠎ᠠ︾ ᠲᠣᠷᠠᠳᠣᠭᠳᠠᠪᠠ᠃ | 2011 ᠣᠨ ᠤ 4 ᠰᠠᠷ᠎ᠠ ᠳᠤ ︽ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ ᠪᠠᠷ ᠦᠯᠢᠭᠡᠷ ᠵᠢᠱᠢᠶ᠎ᠡ ᠪᠤᠯᠭᠠᠨ ᠪᠦᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠲᠤ ᠮᠤᠩᠭᠤᠯ | ᠰᠦᠯᠵᠢᠶ᠎ᠡ ᠪᠠᠶᠢᠭᠤᠯᠬᠤ ᠲᠣᠬᠠᠢ ᠰᠠᠨᠠᠯ ᠲᠣᠷᠠᠳᠣᠯᠭ᠎ᠠ︾ ᠳᠤ ᠬᠠᠷᠢᠭᠤᠯᠲᠠ ᠦᠭᠬᠦ ᠳᠤ ᠪᠠᠨ 2011 ᠣᠨ ᠤ ᠵᠢᠯ | ᠤᠨ ᠡᠴᠦᠰ ᠪᠤᠯᠳᠠᠯ᠎ᠠ ᠪᠦᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠲᠤ ᠮᠤᠩᠭᠤᠯ ᠰᠦᠯᠵᠢᠶ᠎ᠡ | ᠪᠠᠶᠢᠭᠤᠯᠬᠤ ᠬᠡᠷᠡᠭᠳᠡᠢ ᠬᠡᠰᠡᠨ ᠪᠠᠶᠢᠨ᠎ᠠ᠃ | 2011 ᠤᠨ ᠤ 7 ᠰᠠᠷ᠎ᠠ ᠶᠢᠨ 16 ᠤ ᠡᠳᠦᠷ ᠠᠴᠠ 7 ᠰᠠᠷ᠎ᠠ ᠶᠢᠨ18 ᠤ ᠡᠳᠦᠷ ᠪᠤᠯᠳᠠᠯ᠎ᠠ | ᠶᠠᠪᠤᠭᠳᠠᠭᠰᠠᠨ ᠤᠯᠠᠭᠠᠨᠬᠠᠳᠠ ᠬᠤᠳᠠ ᠶᠢᠨ ᠵᠢᠷᠭᠤᠳᠤᠭᠠᠷ ᠬᠤᠭᠤᠴᠠᠭᠠᠨ ᠤ ᠦᠨᠳᠦᠰᠤᠳᠡᠨ ᠤ ᠲᠤᠮᠳᠠᠳᠤ ᠪᠠᠭ᠎ᠠ | ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠦᠮᠦᠵᠢᠯ ᠤᠨ ᠦᠷ᠎ᠡ ᠪᠦᠳᠦᠭᠡᠯ ᠤᠨ ᠦᠵᠡᠭᠦᠯᠦᠯᠭᠡ ᠶᠢᠨ ᠨᠠᠶᠢᠷ ᠢ | ᠰᠢᠷᠢᠰ ᠮᠡᠳᠡᠭᠡ ᠪᠠᠷ ᠮᠡᠳᠡᠭᠡᠯᠡᠪᠡ᠃ | 2012 ᠤᠨ ᠤ 8 ᠰᠠᠷ᠎ᠠ ᠶᠢᠨ 9—— 11 ᠤ ᠡᠳᠦᠷ ᠪᠤᠯᠳᠠᠯ᠎ᠠ ᠶᠠᠪᠣᠭᠳᠠᠭᠰᠠᠨ ᠣᠯᠠᠭᠠᠨᠬᠠᠳᠠ | ᠬᠤᠳᠠ ᠶᠢᠨ ︽ᠵᠣᠣ ᠣᠳᠠ ᠶᠢᠨ ᠮᠣᠩᠭᠤᠯ ᠣᠷᠠᠨ ᠵᠣᠬᠢᠶᠠᠯ ᠤᠨ ᠨᠡᠶᠢᠬᠡᠮᠯᠢᠭ︾ ᠤᠨ ᠭᠤᠷᠪᠠᠳᠣᠭᠠᠷ ᠣᠳᠠᠭᠠᠨ ᠤ | ᠡᠬᠡᠯᠵᠢᠳᠣ ᠬᠤᠷᠠᠯ ᠤᠨ ᠪᠦᠬᠦ ᠶᠠᠪᠣᠴᠠ ᠶᠢ ᠮᠡᠳᠡᠭᠡᠯᠡᠪᠡ᠃ | 2013 ᠤᠨ ᠤ 4 ᠰᠠᠷ᠎ᠠ ᠠᠴᠠ 6 ᠰᠠᠷ᠎ᠠ ᠶᠢᠨ ᠬᠤᠭᠤᠷᠤᠨᠳᠤ᠂ ᠲᠤᠮᠳᠠᠳᠤ ᠤᠯᠤᠰ ᠬᠡᠰᠢᠭᠳᠡᠨ ᠲᠡᠯᠡᠭᠡᠢ | ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠲᠠᠬᠢᠨ ᠦᠨᠡᠯᠡᠯᠳᠠ ᠶᠢ ᠤᠭᠳᠤᠬᠤ ᠠᠵᠢᠯ ᠳᠤ ᠢᠳᠡᠪᠬᠢᠳᠠᠢ | ᠤᠷᠤᠯᠴᠠᠨ᠂ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠳᠠ | ᠶᠢᠨ ᠴᠤᠪᠤᠷᠠᠯ ᠪᠢᠴᠢᠭ — ︽ᠲᠤᠮᠳᠠᠳᠤ ᠤᠯᠤᠰ ᠬᠡᠰᠢᠭᠳᠡᠨ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ | ᠤᠨ ᠡᠯᠧᠺᠲᠷᠤᠨ ᠵᠠᠮᠴᠢᠯᠠᠭᠴᠢ ᠶᠢᠨ ᠭᠠᠷ ᠠᠪᠤᠯᠭ᠎ᠠ︾ ᠪᠠ ︽ᠭᠠᠵᠠᠷ ᠰᠢᠨᠵᠢᠯᠡᠭᠡᠨ ᠤ ᠴᠡᠴᠡᠷᠯᠢᠭ ᠲᠠᠢ ᠲᠠᠨᠢᠯᠴᠠᠶ᠎ᠠ︾ | ᠬᠡᠬᠦ ᠬᠤᠶᠠᠷ ᠨᠤᠮ ᠢ ᠤᠷᠴᠢᠭᠤᠯᠤᠨ ᠰᠦᠯᠵᠢᠶᠡᠨ ᠳᠤ ᠨᠡᠶᠢᠳᠡᠯᠡᠵᠦ᠂ ᠬᠡᠰᠢᠭᠳᠡᠨ ᠵᠢᠭᠤᠯᠴᠢᠯᠠᠯ ᠤᠨ ᠵᠠᠮ ᠱᠤᠭᠤᠮ | ᠢ ᠪᠦᠬᠦ ᠲᠠᠯ᠎ᠠ ᠪᠠᠷ ᠰᠦᠯᠵᠢᠶᠡᠨ ᠳᠤ ᠣᠬᠠᠭᠤᠯᠣᠨ ᠲᠠᠨᠢᠯᠴᠠᠭᠤᠯᠵᠣ᠂ ᠤᠯᠠᠨ ᠤᠯᠤᠰ ᠤᠨ ᠬᠤᠯᠪᠤᠭᠠᠳᠤ | ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠠᠴᠠ | ᠬᠡᠰᠢᠭᠳᠡᠨ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠬᠢᠨᠠᠨ ᠦᠨᠡᠯᠡᠬᠦ ᠳᠤ ᠣᠬᠠᠭᠤᠯᠭ᠎ᠠ ᠪᠠ ᠦᠰᠦᠭ | ᠪᠢᠴᠢᠭ ᠤᠨ ᠮᠠᠲ᠋ᠧᠷᠢᠶᠠᠯ ᠤᠨ ᠪᠠᠳᠤᠯᠠᠭ᠎ᠠ ᠬᠠᠩᠭᠠᠭᠰᠠᠨ ᠪᠠᠶᠢᠨ᠎ᠠ᠃ | 2013 ᠤᠨ ᠤ 7 ᠰᠠᠷ᠎ᠠ ᠶᠢᠨ 27 — 29 ᠤ ᠡᠳᠤᠷ ᠪᠤᠯᠲᠠᠯ᠎ᠠ᠂ ᠬᠡᠰᠢᠭᠲᠡᠨ ᠬᠤᠰᠢᠭᠤᠨ ᠤ | ᠤᠯᠠᠭᠠᠨᠪᠤᠲᠤᠩ ᠠᠮᠢ ᠠᠬᠤᠢ ᠶᠢᠨ ᠰᠤᠶᠤᠯ ᠵᠤᠭᠠᠴᠠᠯ ᠤᠨ ᠲᠤᠭᠤᠷᠢᠭ ᠲᠤ ᠶᠠᠪᠤᠭᠳᠠᠭᠰᠠᠨ ᠤᠯᠠᠭᠠᠨᠬᠠᠳᠠ ᠬᠤᠲᠠ | ᠶᠢᠨ ᠠᠷᠠᠳ ᠤᠨ ᠵᠠᠰᠠᠭ ᠤᠨ ᠤᠷᠳᠤᠨ᠂ ᠳᠤᠮᠳᠠᠳᠤ ᠤᠯᠤᠰ ᠤᠨ ᠠᠭᠠᠷ ᠠᠶᠠᠯᠠᠯ ᠤᠨ ᠬᠡᠷᠡᠭᠰᠡᠯ ᠢ ᠡᠵᠡᠮᠰᠢᠭᠴᠢ | ᠵᠢᠴᠢ ᠨᠢᠰᠦᠭᠴᠢ ᠶᠢᠨ ᠨᠡᠶᠢᠭᠡᠮᠯᠢᠭ ᠠᠴᠠ ᠭᠤᠤᠯᠯᠠᠨ ᠡᠷᠬᠢᠯᠡᠵᠤ᠂ ᠤᠯᠠᠭᠠᠨᠬᠠᠳᠠ ᠬᠤᠲᠠ ᠶᠢᠨ ᠬᠡᠰᠢᠭᠲᠡᠨ | ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠤᠯᠠᠭᠠᠨᠬᠠᠳᠠ ᠶᠢᠨ ᠤᠯᠠᠭᠠᠨᠪᠤᠲᠤᠩ ᠰᠤᠶᠤᠯ ᠵᠤᠭᠠᠴᠠᠯ ᠤᠨ | ᠲᠤᠭᠤᠷᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠠᠴᠠ ᠡᠷᠬᠢᠯᠡᠨ ᠶᠠᠪᠤᠭᠳᠠᠭᠤᠯᠤᠭᠰᠠᠨ 2013AOPA | ᠲᠡᠯᠡᠭᠡᠢ ᠶᠢᠨ ᠨᠢᠰᠦᠭᠴᠢ ᠶᠢᠨ ᠴᠤᠭᠯᠠᠭᠠᠨ ᠢ ᠮᠠᠨ ᠤ ᠰᠦᠯᠵᠢᠶ᠎ᠠ ᠨᠢ ᠴᠤᠭᠯᠠᠭᠠᠨ ᠤ ᠪᠦᠬᠦ ᠶᠠᠪᠤᠴᠨ ᠶᠢ ᠪᠤᠳᠤᠭᠳᠤ | ᠵᠢᠷᠤᠭ ᠰᠡᠬᠦᠳᠡᠷ ᠬᠠᠪᠰᠤᠷᠭᠠᠨ ᠨᠠᠷᠢᠯᠢᠭ ᠮᠡᠳᠡᠭᠡᠯᠡᠵᠤ᠂ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠭᠠᠳᠠᠭᠠᠳᠤ | ᠤᠬᠠᠭᠤᠯᠭ᠎ᠠ ᠶᠢᠨ ᠠᠵᠢᠯ ᠳᠤ ᠴᠢᠬᠤᠯᠨ ᠦᠢᠯᠡᠳᠦᠯ ᠦᠵᠡᠬᠦᠯᠵᠠᠢ᠃ | 2013 ᠤᠨ ᠤ 9 ᠰᠠᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ | ᠬᠡᠯᠡᠨ ᠤ ᠰᠦᠯᠵᠢᠶ᠎ᠠ ᠪᠠ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠦᠳᠦᠭᠡᠨ ᠪᠠᠶᠢᠭᠤᠯᠤᠯᠳᠠ ᠶᠢᠨ ᠠᠵᠢᠯ ᠤᠨ ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠪᠠᠶᠢᠴᠠᠭᠠᠯᠳᠠ ᠳᠤ | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ︾ ᠨᠢ ᠪᠠᠶᠢᠴᠠᠭᠠᠨ ᠰᠤᠳᠤᠯᠤᠯᠳᠠ ᠶᠢᠨ | ᠲᠤᠭᠤᠶᠢᠯᠠᠩ ᠤᠨ ᠦᠨᠳᠦᠷ ᠦᠨᠡᠯᠡᠯᠳᠠ ᠶᠢ ᠬᠦᠷᠳᠡᠭᠰᠡᠨ ᠪᠠᠶᠢᠨ᠎ᠠ᠃ | 2014 ᠣᠨ ᠳᠤ ᠰᠦᠯᠵᠢᠶᠡᠨ ᠠᠭᠤᠯᠭ᠎ᠠ ᠶᠢ ᠪᠠᠶᠠᠯᠢᠭᠵᠢᠭᠤᠯᠬᠤ᠂ ᠲᠡᠰ ᠲᠡᠪᠰᠢᠬᠦᠯᠬᠦ ᠠᠵᠢᠯ ᠢ ᠭᠤᠣᠯ ᠪᠤᠯᠭᠠᠨ | ᠠᠳᠬᠤᠵᠣ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ | ᠬᠤᠯᠪᠣᠭ᠎ᠠ ᠪᠠᠶᠢᠭᠤᠯᠬᠤ ᠠᠵᠢᠯ ᠳᠤ ᠢᠳᠡᠪᠬᠢᠳᠡᠢ ᠬᠠᠮᠵᠢᠯᠴᠠᠵᠦ᠂ ᠰᠦᠯᠵᠢᠶᠡᠨ ᠬᠤᠯᠪᠣᠭ᠎ᠠ ᠯᠤᠭ᠎ᠠ ᠵᠣᠯᠭᠠᠯᠴᠠᠭᠤᠯᠬᠤ | ᠠᠵᠢᠯ ᠢ ᠴᠢᠩᠭᠠᠳᠬᠠᠪᠠ᠃ | 2014 ᠣᠨ ᠤ 7 ᠰᠠᠷ᠎ᠠ ᠶᠢᠨ 28 ᠤ ᠡᠳᠦᠷ ᠶᠠᠪᠣᠭᠳᠠᠭᠰᠠᠨ ︽ᠬᠤᠩᠬᠢᠷᠠᠳ᠂ ᠬᠡᠰᠢᠭᠳᠡᠨ ᠲᠡᠣᠬᠡ | ᠰᠣᠶᠣᠯ ᠤᠨ ᠢᠩᠴᠠᠩ ᠬᠤᠷᠠᠯᠳᠠᠢ︾ ᠶᠢᠨ ᠪᠦᠬᠦ ᠶᠠᠪᠤᠴᠠ ᠶᠢ ᠮᠡᠳᠡᠭᠡᠯᠡᠪᠡ᠃ | 2015 ᠣᠨ ᠤ 5 ᠰᠠᠷ᠎ᠠ ᠶᠢᠨ 29 ᠤ ᠡᠳᠦᠷ᠂ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ | ᠮᠣᠩᠭᠤᠯ ᠬᠡᠯᠡᠨ ᠤ ᠰᠦᠯᠵᠢᠶ᠎ᠡ ᠶᠢᠨ ᠸᠢᠴᠠᠲ ᠣᠯᠠᠨ ᠨᠡᠶᠢᠲᠡ ᠶᠢᠨ ᠲᠠᠪᠴᠠᠩ ᠡᠬᠢᠯᠡᠨ ᠠᠵᠢᠯᠯᠠᠭᠰᠠᠨ ᠪᠠᠶᠢᠨ᠎ᠠ᠃ | 2015 ᠣᠨ ᠤ 5 ᠰᠠᠷ᠎ᠠ ᠠᠴᠠ ᠡᠬᠢᠯᠡᠨ ᠰᠢᠨ᠎ᠡ ᠰᠦᠯᠵᠢᠶ᠎ᠡ ᠶᠢᠨ ᠠᠭᠤᠯᠭ᠎ᠠ ᠶᠢᠨ ᠲᠠᠯ᠎ᠠ ᠶᠢᠨ ᠪᠡᠯᠡᠳᠬᠡᠯ | ᠠᠵᠢᠯ ᠢ ᠱᠠᠯᠠᠪᠳᠠᠨ᠂ 9 ᠰᠠᠷ᠎ᠠ ᠠᠴᠠ ᠡᠬᠢᠯᠡᠨ ᠲᠣᠷᠰᠢᠨ ᠠᠵᠢᠯᠯᠠᠭᠤᠯᠣᠭᠰᠠᠨ ᠪᠠᠶᠢᠨ᠎ᠠ᠃ | 2015 ᠣᠨ ᠤ 5 ᠰᠠᠷ᠎ᠠ ᠠᠴᠠ ᠡᠬᠢᠯᠡᠨ ᠰᠢᠨ᠎ᠡ ᠬᠠᠭᠤᠴᠢᠨ ᠰᠦᠯᠵᠢᠶ᠎ᠡ ᠪᠠ ᠭᠠᠷ ᠣᠳᠠᠰᠣᠨ ᠤ ᠣᠯᠠᠨ | ᠨᠡᠶᠢᠲᠡ ᠶᠢᠨ ᠲᠠᠪᠴᠠᠩ ᠢ ᠵᠡᠷᠭᠡᠪᠡᠷ ᠠᠵᠢᠯᠯᠠᠭᠤᠯᠪᠠ᠃ | 2016 ᠣᠨ ᠤ 6 ᠰᠠᠷ᠎ᠠ ᠳᠤ ᠰᠢᠨ᠎ᠡ ᠰᠦᠯᠵᠢᠶ᠎ᠡ ᠶᠢ ᠵᠢᠩᠬᠢᠨᠢ ᠪᠠᠷ ᠠᠵᠢᠯᠯᠠᠭᠤᠯᠤᠭᠰᠠᠨ ᠪᠠᠶᠢᠨ᠎ᠠ᠃ | 2017 ᠣᠨ ᠳᠤ ᠰᠢᠨ᠎ᠡ ᠰᠦᠯᠵᠢᠶ᠎ᠡ ᠶᠢ ᠲᠡᠭᠦᠯᠳᠡᠷᠵᠢᠬᠦᠯᠬᠦ ᠠᠵᠢᠯ ᠢ ᠡᠷᠴᠢᠮ ᠲᠠᠢ ᠠᠣᠬᠤᠵᠣ᠂ | ᠬᠠᠭᠤᠴᠢᠨ ᠰᠦᠯᠵᠢᠶ᠎ᠡ ᠶᠢᠨ ᠶᠡᠷᠦᠩᠬᠡᠶᠢᠯᠡᠭᠰᠡᠨ ᠰᠦᠯᠵᠢᠶ᠎ᠡ ᠶᠢᠨ ᠦᠢᠯᠡᠳᠦᠯ ᠢ ᠣᠯᠠᠮ ᠰᠠᠶᠢᠨ ᠪᠠᠳᠠᠷᠠᠭᠤᠯᠵᠣ᠂ | ᠣᠷᠣᠨ ᠨᠣᠳᠤᠭ ᠤᠨ ᠰᠣᠶᠣᠯ ᠲᠡᠣᠬᠡ ᠶᠢᠨ ᠲᠣᠰᠬᠠᠢ ᠪᠤᠯᠤᠩ ᠪᠤᠯᠭᠠᠨ ᠦᠭᠡᠷᠡᠴᠢᠯᠡᠬᠦ ᠠᠵᠢᠯ ᠢ ᠭᠠᠷᠳᠠᠨ ᠬᠢᠪᠡ᠃ | 2018 ᠣᠨ ᠳᠤ ᠰᠢᠨ᠎ᠡ ᠰᠦᠯᠵᠢᠶ᠎ᠡ ᠠᠭᠤᠯᠭ᠎ᠠ ᠬᠡᠯᠪᠡᠷᠢ ᠶᠢᠨ ᠲᠠᠯ᠎ᠠ ᠪᠠᠷ ᠪᠦᠷᠢᠨᠵᠢᠵᠦ᠂ ᠬᠠᠭᠤᠴᠢᠨ | ᠰᠦᠯᠵᠢᠶ᠎ᠡ ᠶᠢ ᠬᠡᠰᠢᠭᠳᠡᠨ ᠰᠣᠶᠣᠯ ᠲᠡᠣᠬᠡ ᠶᠢᠨ ᠲᠣᠰᠬᠠᠢ ᠪᠤᠯᠤᠩ ᠪᠤᠯᠭᠠᠨ ᠦᠭᠡᠷᠡᠴᠢᠯᠡᠪᠡ᠃ | 2018 ᠣᠨ ᠤ 12 ᠰᠠᠷ᠎ᠠ ᠳᠤ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ | ᠣᠷᠳᠣᠨ ᠤ ᠠᠯᠪᠠᠨ ᠲᠢᠩᠬᠢᠮ ᠪᠠ ᠦᠪᠦᠷ ᠮᠤᠩᠭᠤᠯ ᠤᠨ ᠣᠳᠣᠨ ᠲᠧᠯᠸᠢᠰ ᠤᠨ ᠬᠢᠨ ᠬᠠᠮᠳᠣᠷᠠᠨ᠂ ᠪᠦᠬᠦ ᠣᠷᠣᠨ | ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠰᠦᠯᠵᠢᠶ᠎ᠡ ᠶᠢᠨ ᠨᠡᠶᠢᠳᠡᠯᠢᠭ ᠵᠢᠱᠢᠶ᠎ᠡ ᠶᠢ ᠣᠬᠠᠭᠤᠯᠣᠨ | ᠮᠡᠳᠡᠭᠡᠯᠡᠬᠦ ᠠᠵᠢᠯᠯᠠᠭᠠᠨ ᠦᠷᠨᠢᠬᠦᠯᠵᠦ᠂ 12 ᠰᠠᠷ᠎ᠠ ᠶᠢᠨ 23—— 24 ᠤ ᠡᠳᠦᠷ ᠪᠤᠯᠳᠠᠯ᠎ᠠ᠂ ᠬᠡᠰᠢᠭᠳᠡᠨ | ᠬᠤᠰᠢᠭᠤᠨ ᠤ ᠵᠠᠰᠠᠭ ᠤᠨ ᠣᠷᠳᠣᠨ ᠮᠣᠩᠭᠤᠯ ᠰᠦᠯᠵᠢᠶ᠎ᠡ ᠶᠢ ᠰᠣᠷᠪᠣᠯᠵᠢᠯᠠᠭᠰᠠᠨ ᠪᠠᠶᠢᠨ᠎ᠠ᠃ | | | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ︾ ᠶᠢᠨ | ᠨᠡᠶᠢᠳᠡᠯᠡᠭᠳᠡᠭᠰᠡᠨ ᠠᠭᠤᠯᠭ᠎ᠠ ᠶᠢᠨ ᠲᠦᠭᠦᠮ ᠪᠦᠷᠢᠳᠬᠡ᠊ᠯ | | | 2010—— 2012 ᠣᠨ ᠪᠤᠯᠳᠠᠯ᠎ᠠ᠂ ᠰᠦᠯᠵᠢᠶᠡᠨ ᠳᠤ ᠵᠢᠯ ᠪᠦᠷᠢ 100 ᠲᠦᠮᠡᠨ ᠣᠷᠴᠢᠮ | ᠦᠰᠦᠭ ᠤᠨ ᠠᠭᠤᠯᠭ᠎ᠠ ᠨᠡᠶᠢᠳᠡᠯᠡᠵᠤ᠂ ᠡᠬᠦᠨ ᠳᠤ᠄ ᠵᠢᠯ ᠪᠦᠷᠢ ᠮᠡᠳᠡᠭᠡ ᠮᠡᠳᠡᠭᠡᠯᠡᠯ 600 ᠭᠠᠷᠣᠢ ᠬᠤᠪᠢ᠂ | ᠵᠠᠰᠠᠭ ᠤᠨ ᠶᠠᠪᠣᠳᠠᠯ ᠢ ᠢᠯᠡ ᠪᠤᠯᠭᠠᠬᠤ 300 ᠭᠠᠷᠣᠢ ᠬᠤᠪᠢ᠂ ᠦᠢᠯᠡᠴᠢᠯᠡᠬᠡᠨ ᠤ ᠲᠠᠪᠴᠠᠩ 200 ᠭᠠᠷᠣᠢ | ᠬᠤᠪᠢ᠂ ᠰᠣᠶᠣᠯ ᠲᠡᠣᠬᠡ ᠶᠢᠨ ᠬᠠᠮᠢᠶᠠᠳᠠᠢ ᠪᠠ ᠪᠤᠰᠣᠳ ᠶᠡᠷᠦᠩᠬᠡᠶᠢᠯᠡᠭᠰᠡᠨ ᠠᠭᠤᠯᠭ᠎ᠠ ︵ᠵᠢᠷᠣᠭᠲᠦ ᠮᠡᠳᠡᠭᠡ᠂ | ᠵᠢᠷᠤᠭ ᠰᠡᠭᠦᠳᠡᠷ᠂ ᠸᠢᠳᠢᠤ᠋ ᠪᠢᠴᠢᠯᠭᠡ ᠶᠢ ᠪᠠᠭᠳᠠᠭᠠᠨ᠎ᠠ︶ 3000 ᠭᠠᠷᠣᠢ ᠬᠤᠪᠢ ᠪᠤᠢ᠃ | 2013——2018 ᠤᠨ ᠪᠤᠯᠳᠠᠯ᠎ᠠ ᠰᠦᠯᠵᠢᠶᠡᠨ ︵ᠰᠢᠨ᠎ᠡ ᠬᠠᠭᠤᠴᠢᠨ ᠰᠦᠯᠵᠢᠶ᠎ᠡ︶ ᠳᠤ ᠵᠢᠯ | ᠪᠦᠷᠢ 130 ᠲᠦᠮᠡᠨ ᠭᠠᠷᠣᠢ ᠦᠰᠦᠭ ᠤᠨ ᠠᠭᠤᠯᠭ᠎ᠠ ᠨᠡᠶᠢᠳᠡᠯᠡᠵᠤ᠂ ᠡᠬᠦᠨ ᠳᠤ᠄ ᠵᠢᠯ ᠪᠦᠷᠢ ᠮᠡᠳᠡᠭᠡ ᠮᠡᠳᠡᠭᠡᠯᠡᠯ | 800 ᠭᠠᠷᠣᠢ ᠬᠤᠪᠢ᠂ ᠵᠠᠰᠠᠭ ᠤᠨ ᠶᠠᠪᠣᠳᠠᠯ ᠢ ᠢᠯᠡ ᠪᠤᠯᠭᠠᠬᠤ 300 ᠭᠠᠷᠣᠢ ᠬᠤᠪᠢ᠂ ᠦᠢᠯᠡᠴᠢᠯᠡᠬᠡᠨ ᠤ | ᠲᠠᠪᠴᠠᠩ 200 ᠭᠠᠷᠣᠢ ᠬᠤᠪᠢ᠂ ᠰᠣᠶᠣᠯ ᠲᠡᠣᠬᠡ ᠶᠢᠨ ᠬᠠᠮᠢᠶᠠᠳᠠᠢ ᠪᠠ ᠪᠤᠰᠣᠳ ᠶᠡᠷᠦᠩᠬᠡᠶᠢᠯᠡᠭᠰᠡᠨ ᠠᠭᠤᠯᠭ᠎ᠠ ︵ | ᠵᠢᠷᠣᠭᠲᠦ ᠮᠡᠳᠡᠭᠡ᠂ ᠵᠢᠷᠤᠭ ᠰᠡᠭᠦᠳᠡᠷ᠂ ᠸᠢᠳᠢᠤ᠋ ᠪᠢᠴᠢᠯᠭᠡ ᠶᠢ ᠪᠠᠭᠳᠠᠭᠠᠨ᠎ᠠ︶ 2000 ᠭᠠᠷᠣᠢ ᠬᠤᠪᠢ ᠪᠤᠢ᠃ | ᠲᠠᠷᠣᠮ ᠤᠨ ᠲᠤᠭ᠎ᠠ᠄ ᠡᠳᠦᠷ ᠪᠦᠷᠢ ᠲᠤᠮᠳᠠᠴᠢ ᠪᠠᠷ 1000 ᠭᠠᠷᠣᠢ ᠬᠦᠮᠦᠨ ᠣᠳᠠᠭ᠎ᠠ ︵ᠸᠢᠴᠠᠲ | ᠣᠯᠠᠨ ᠨᠡᠶᠢᠲᠡ ᠶᠢᠨ ᠲᠠᠪᠴᠠᠩ ᠤᠨ ᠠᠭᠤᠯᠭ᠎ᠠ ᠶᠢ ᠪᠠᠭᠳᠠᠭᠠᠨ᠎ᠠ ︶᠃ ᠸᠢᠴᠠᠲ ᠣᠯᠠᠨ ᠨᠡᠶᠢᠲᠡ ᠶᠢᠨ ᠲᠠᠪᠴᠠᠩ ᠢ | ᠨᠡᠬᠡᠬᠡᠭᠰᠡᠨ ᠤ ᠲᠠᠷᠠᠭ᠎ᠠ ᠲᠠᠷᠣᠮ ᠤᠨ ᠲᠤᠭ᠎ᠠ ᠶᠡᠬᠡᠪᠡᠷ ᠨᠡᠮᠡᠭᠳᠡᠪᠡ᠃ ︽ᠲᠡᠯᠡᠬᠡᠢ ᠶᠢᠨ ᠬᠠᠷᠠᠭᠠᠨ ᠳᠤ ᠲᠡᠯᠭᠡᠭᠳᠡᠭᠰᠡᠨ | ᠲᠡᠯᠭᠡᠷ ᠮᠤᠩᠭᠤᠯ ᠵᠢᠷᠤᠭ︾᠂ ︽ᠬᠡᠰᠢᠭᠳᠡᠨ ᠲᠠᠪᠣᠨ ᠬᠠᠶᠢᠷᠠᠬᠠᠨ︾ ᠵᠡᠷᠭᠡ ᠠᠭᠤᠯᠭ᠎ᠠ ᠶᠢᠨ ᠲᠠᠷᠣᠮ ᠤᠨ ᠲᠤᠭ᠎ᠠ | 10000 ᠶᠢ ᠲᠠᠪᠠᠭᠰᠠᠨ ᠪᠠᠶᠢᠨ᠎ᠠ᠃ | ᠸᠢᠴᠠᠲ ᠣᠯᠠᠨ ᠨᠡᠶᠢᠲᠡ ᠶᠢᠨ ᠲᠠᠪᠴᠠᠩ᠄ ᠭᠠᠷᠠᠭ ᠪᠦᠷᠢ 2——3 ᠰᠢᠨ᠎ᠡ ᠠᠭᠤᠯᠭ᠎ᠠ | ᠨᠡᠶᠢᠳᠡᠯᠡᠨ᠂ ᠸᠢᠴᠠᠲ ᠣᠯᠠᠨ ᠨᠡᠶᠢᠲᠡ ᠶᠢᠨ ᠲᠠᠪᠴᠠᠩ ᠢ ᠰᠦᠯᠵᠢᠶᠡᠨ ᠤ ᠣᠣᠯ ᠠᠭᠤᠯᠭ᠎ᠠ ᠲᠠᠢ ᠬᠤᠯᠪᠤᠵᠦ᠂ | ᠰᠦᠯᠵᠢᠶ᠎ᠡ ᠪᠠ ᠣᠯᠠᠨ ᠨᠡᠶᠢᠲᠡ ᠶᠢᠨ ᠲᠠᠪᠴᠠᠩ ᠤᠨ ᠡᠷᠬᠢᠯᠲᠡ ᠶᠢ ᠲᠦᠷᠭᠡᠳᠬᠡᠵᠦ᠂ ᠰᠦᠯᠵᠢᠶ᠎ᠡ ᠠᠰᠢᠭᠯᠠᠭᠴᠢᠳ | ᠲᠤ ᠲᠦᠭᠦᠮ ᠦᠵᠡᠭᠦᠯᠪᠡ᠃ | | | | |