| | | | ᠴᠦᠬᠡᠨ ᠲᠤᠭᠠᠳᠤ ᠦᠨᠳᠤᠰᠤᠳᠠᠨ ᠤ ᠭᠠᠵᠠᠷ ᠣᠷᠤᠨ ᠳᠤ ᠠᠪᠤᠭᠠᠳ ᠬᠡᠯᠡᠪᠡᠯ᠂ ᠨᠡᠶᠢᠬᠡᠮ ᠤᠨ ᠦᠡᠭᠬᠡᠨ | ᠬᠡᠷᠡᠭᠯᠡᠬᠡᠨ ᠤ ᠦᠰᠦᠭ ᠪᠢᠴᠢᠭ ᠤᠨ ᠣᠷᠴᠢᠭᠤᠯᠭ᠎ᠠ ᠲᠦᠷᠢᠮᠵᠢᠯ ᠲᠠᠢ ᠪᠠᠶᠢᠬᠤ ᠡᠰᠡᠬᠦ ᠨᠢ ᠲᠤᠰ ᠭᠠᠵᠠᠷ | ᠣᠷᠤᠨ ᠤ ᠬᠢᠨ ᠦᠰᠦᠭ ᠪᠢᠴᠢᠭ ᠤᠨ ᠬᠠᠮᠢᠶᠠᠷᠤᠯᠳᠠ ᠶᠢᠨ ᠲᠦᠷᠢᠮ ᠢ ᠬᠢᠷᠢ ᠵᠡᠷᠬᠡ ᠬᠡᠷᠡᠭᠵᠢᠭᠦᠯᠵᠦ ᠪᠠᠶᠢᠬᠤ᠂ | ᠦᠰᠦᠭ ᠪᠢᠴᠢᠭ ᠤᠨ ᠬᠡᠷᠡᠭᠯᠡᠯᠳᠡ ᠲᠦᠬᠡᠮᠡᠯᠵᠢᠬᠦᠯᠤᠯᠳᠡ ᠶᠢᠨ ᠣᠷᠴᠢᠨ ᠲᠤᠭᠤᠷᠢᠨ ᠤ ᠪᠤᠯᠪᠠᠰᠤᠨ ᠤ ᠬᠢᠷᠢ ᠬᠡᠮᠵᠢᠶ᠎ᠡ | ᠶᠠᠮᠠᠷ ᠰᠢᠤᠬᠠᠨ ᠪᠠᠶᠢᠬᠤ ᠶᠢ ᠬᠡᠮᠵᠢᠬᠦ ᠴᠢᠬᠤᠯᠠ ᠪᠠᠷᠢᠮᠵᠢᠶ᠎ᠠ ᠪᠤᠯᠬᠤ ᠶᠤᠮ᠃ ᠮᠠᠨ ᠤ ᠦᠪᠤᠷ ᠮᠤᠩᠭᠤᠯ ᠤᠨ | ᠦᠪᠡᠷᠳᠡᠬᠡᠨ ᠵᠠᠰᠠᠬᠤ ᠣᠷᠤᠨ ᠢᠶᠠᠷ ᠠᠪᠤᠭᠠᠳ ᠬᠡᠯᠡᠪᠡᠯ᠂ ᠪᠦᠬᠦ ᠣᠯᠤᠰ ᠤᠨ ᠬᠠᠮᠤᠬ ᠠᠩᠬ᠎ᠠ ᠪᠠᠶᠢᠭᠤᠯᠤᠬᠳᠠᠬᠰᠠᠨ | ᠦᠪᠡᠷᠳᠡᠬᠡᠨ ᠵᠠᠰᠠᠬᠤ ᠣᠷᠤᠨ ᠪᠠᠶᠢᠵᠤ᠂ ᠶᠠᠬ ᠲᠦᠷᠬᠡᠨ ᠬᠦᠭᠵᠢᠯᠳᠡ ᠲᠤᠮᠳᠠ ᠪᠠᠶᠢᠭ᠎ᠠ ᠨᠢᠬᠡᠨ ᠰᠤᠶᠤᠯᠵᠢᠬᠰᠠᠨ | ᠣᠷᠤᠨ ᠪᠤᠯᠬᠤ ᠪᠦᠬᠡᠳ ᠵᠢᠭᠤᠯᠴᠢᠯᠠᠯ ᠤᠨ ᠡᠬᠢ ᠪᠠᠶᠠᠯᠢᠬ ᠡᠯᠪᠡᠭ ᠭᠠᠵᠠᠷ ᠣᠷᠤᠨ ᠪᠤᠯᠬᠤᠷ ᠣᠯᠤᠰ ᠤᠨ | ᠲᠤᠳᠤᠭᠠᠳᠤ ᠭᠠᠳᠠᠭᠠᠳᠤ ᠶᠢᠨ ᠵᠤᠭᠠᠴᠠᠬᠰᠠᠳ ᠦᠷᠬᠦᠯᠵᠢ ᠡ᠊ᠨᠳᠡ ᠢᠷᠡᠵᠤ ᠵᠤᠭᠠᠴᠠᠨ ᠲᠤᠭᠤᠷᠢᠬᠤ ᠶᠢᠨ ᠬᠠᠮᠳᠤ | ᠮᠠᠯᠴᠢᠨ ᠠᠶᠢᠯ ᠡᠷᠤᠬᠡ ᠪᠠᠷ ᠣᠴᠢᠵᠤ᠂ ᠮᠤᠩᠭᠤᠯ ᠵᠠᠩ ᠣᠢᠢᠯᠡ᠂ ᠲᠡᠤᠬᠡ ᠰᠤᠶᠤᠯ ᠢ ᠣᠢᠢᠯᠠᠭᠠᠬᠤ᠂ ᠴᠢᠨᠠᠬᠰᠢᠯᠠᠪᠠᠯ | ᠮᠠᠨ ᠤ ᠣᠷᠤᠨ ᠤ ᠬᠤᠳᠠ ᠪᠠᠯᠭᠠᠰᠤᠨ ᠤ ᠵᠡᠬᠡᠯᠢ ᠭᠤᠳᠤᠮᠵᠢ ᠶᠢᠨ ᠦᠡᠭᠬᠡ ᠦᠵᠡᠮᠵᠢ ᠶᠢ ᠰᠤᠨᠢᠷᠬᠠᠬᠤ ᠲᠡᠰᠢᠷᠡᠮ | ᠮᠤᠩᠭᠤᠯ ᠬᠢᠳᠠᠳ ᠦᠰᠦᠭ ᠪᠢᠴᠢᠭ ᠲᠠᠢ ᠫᠠᠶᠢᠰᠠ ᠢᠯᠡᠷᠬᠡᠶᠢᠯᠡᠯ᠂ ᠡᠯᠬᠦᠬᠡ ᠪᠢᠴᠢᠬᠡᠰᠤ᠂ ᠣᠷᠢᠶ᠎ᠠ ᠯᠤᠤᠽᠦ᠋ᠡᠭ᠂ | ᠵᠠᠮ ᠤᠨ ᠵᠠᠭᠠᠬ ᠫᠠᠶᠢᠰᠠ ᠨᠤᠭᠤᠳ ᠢ ᠠᠵᠢᠬᠯᠠᠬᠤ ᠨᠢ ᠮᠡᠳᠡᠬᠡᠵᠢ᠃ ᠬᠡᠷᠪᠡ ᠡᠳᠡᠬᠡᠷ ᠨᠡᠶᠢᠬᠡᠮ ᠤᠨ ᠦᠡᠭᠬᠡᠨ | ᠬᠡᠷᠡᠭᠯᠡᠬᠡᠨ ᠤ ᠮᠤᠩᠭᠤᠯ ᠬᠢᠳᠠᠳ ᠦᠰᠦᠭ ᠪᠢᠴᠢᠭ ᠤᠨ ᠣᠷᠴᠢᠭᠤᠯᠭ᠎ᠠ ᠨᠢ ᠲᠡᠰᠢᠶᠠ ᠪᠤᠷᠤᠭᠤ ᠦᠬᠡᠢ | ᠲᠦᠷᠢᠮᠵᠢᠯ ᠲᠠᠢ ᠪᠤᠯ ᠶᠠᠭᠠᠬᠢᠬᠤ ᠪᠤᠢ᠂ ᠡᠰᠡ ᠲᠡᠶᠢᠮᠤ ᠪᠤᠯ ᠬᠦᠮᠤᠰ ᠤᠨ ᠡᠯᠡᠭ ᠲᠤᠭᠤᠬᠢ ᠪᠤᠯᠵᠤ᠂ ᠰᠤᠶᠤᠯ ᠤᠨ | ᠲᠤᠮᠤ ᠣᠷᠤᠨ ᠢ ᠡᠬᠦᠳᠬᠦ ᠬᠡᠰᠡᠨ ᠠᠤᠭ᠎ᠠ ᠬᠦᠰᠡᠯᠡᠩ ᠮᠠᠨᠢ ᠬᠤᠭᠤᠰᠤᠨ ᠣᠷᠢᠶ᠎ᠠ ᠲᠡᠳᠤᠢ ᠪᠤᠯᠬᠤ ᠪᠤᠶᠤ︖ | | ᠲᠤᠰ ᠬᠦᠮᠤᠨ ᠰᠤᠷᠪᠤᠯᠵᠢᠯᠠᠬᠴᠢ ︵ᠣᠷᠴᠢᠭᠤᠯᠤᠬᠴᠢ︶ ᠶᠢᠨ ᠠᠵᠢᠯ ᠢ ᠣᠳᠠᠭᠠᠨ ᠵᠢᠯ ᠬᠢᠭᠰᠡᠨ ᠪᠤᠯᠬᠤᠷ᠂ | ᠮᠤᠩᠭᠤᠯ ᠬᠢᠳᠠᠳ ᠣᠷᠴᠢᠭᠤᠯᠭ᠎ᠠ ᠳᠤ ᠦᠷᠬᠦᠯᠵᠢ ᠰᠡᠳᠬᠢᠯ ᠲᠠᠯᠪᠢᠵᠤ᠂ ᠣᠨᠴᠠᠭᠠᠢᠢᠯᠠᠨ ᠠᠵᠢᠯ ᠢᠶᠠᠷ | ᠭᠠᠳᠠᠬᠰᠢ ᠪᠠᠨ ᠭᠠᠷᠬᠤ ᠪᠤᠯᠭᠠᠨ ᠮᠠᠨ ᠤ ᠣᠷᠤᠨ ᠤ ᠶᠡᠭᠡ ᠪᠠᠭ᠎ᠠ ᠬᠤᠳᠠ ᠶᠢᠨ ᠵᠡᠬᠡᠯᠢ ᠭᠤᠳᠤᠮᠵᠢ ᠪᠠᠷ ᠲᠤᠭᠤᠷᠢᠵᠤ᠂ | ᠲᠤᠰᠬᠠᠢᠢᠯᠠᠨ ᠮᠤᠩᠭᠤᠯ ᠬᠢᠳᠠᠳ ᠦᠰᠦᠭ ᠪᠢᠴᠢᠭ ᠲᠠᠢ ᠫᠠᠶᠢᠰᠠ ᠢᠯᠡᠷᠬᠡᠶᠢᠯᠡᠯ ᠤᠨ ᠣᠷᠴᠢᠭᠤᠯᠭ᠎ᠠ ᠶᠢᠨ ᠲᠡᠰᠢᠶᠠ | ᠪᠤᠷᠤᠭᠤ ᠪᠠᠶᠢᠬᠤ ᠡᠰᠡᠬᠦ᠂ ᠲᠦᠷᠢᠮᠵᠢᠯ ᠲᠠᠢ ᠪᠠᠶᠢᠬᠤ ᠡᠰᠡᠬᠦ ᠶᠢ ᠰᠠᠶᠢᠨ ᠠᠩᠬᠠᠷᠤᠨ ᠠᠵᠢᠬᠯᠠᠳᠠᠬ ᠶᠤᠮ᠃ ᠲᠡᠬᠡᠪᠡᠯ | ᠲᠤᠰ ᠬᠦᠮᠤᠨ ᠤ ᠦᠵᠡᠵᠤ ᠭᠠᠷᠤᠬᠰᠠᠨ ᠵᠦᠢᠯᠡᠰ ᠠᠷᠪᠢᠨ ᠪᠤᠯᠬᠤᠷ ᠲᠡᠰᠭᠡᠯ ᠦᠬᠡᠢ ᠲᠤᠷᠠᠳᠤᠨ ᠭᠠᠷᠭᠠᠬᠤ ᠶᠢ | ᠪᠤᠳᠤᠯ᠎ᠠ᠃ ᠣᠷᠴᠢᠮ ᠤᠨ ᠵᠢᠯ ᠳᠤ ᠮᠠᠨ ᠤ ᠣᠷᠤᠨ ᠤ ᠬᠢᠨ ᠨᠡᠶᠢᠬᠡᠮ ᠤᠨ ᠦᠡᠭᠬᠡᠨ ᠬᠡᠷᠡᠭᠯᠡᠬᠡᠨ ᠤ ᠮᠤᠩᠭᠤᠯ ᠬᠢᠳᠠᠳ | ᠦᠰᠦᠭ ᠪᠢᠴᠢᠭ ᠢ ᠵᠡᠷᠬᠡ ᠪᠠᠷ ᠬᠡᠷᠡᠭᠯᠡᠭᠰᠡᠨ ᠲᠠᠯ᠎ᠠ ᠪᠠᠷ ᠨᠡᠯᠢᠶᠡᠳ ᠠᠮᠵᠢᠯᠳᠠ ᠪᠦᠳᠤᠮᠵᠢ ᠣᠯᠵᠤ᠂ ᠪᠦᠬᠦ | ᠣᠯᠤᠰ ᠤᠨ ᠲᠡᠷᠢᠬᠦᠨ ᠪᠠᠶᠢᠷᠢᠨ ᠳᠤ ᠣᠷᠤᠬᠰᠠᠨ ᠪᠤᠯᠪᠠᠴᠤ᠂ ᠣᠷᠴᠢᠭᠤᠯᠭ᠎ᠠ ᠶᠢᠨ ᠲᠠᠯ᠎ᠠ ᠪᠠᠷ ᠪᠠᠰᠠ ᠴᠦᠬᠡᠨ ᠪᠤᠰᠤ | ᠠᠰᠠᠭᠤᠳᠠᠯ ᠣᠷᠤᠰᠢᠵᠤ᠂ ᠬᠦᠮᠤᠰ ᠢ ᠢᠨᠢᠶᠡᠬᠦ ᠴᠤ ᠪᠢᠰᠢ ᠣᠬᠢᠯᠠᠬᠤ ᠴᠤ ᠪᠢᠰᠢ ᠬᠡᠮᠵᠢᠶᠡᠨ ᠳᠤ ᠬᠦᠷᠤᠬᠦᠯᠵᠤ | ᠪᠠᠶᠢᠨ᠎ᠠ᠃ ᠲᠤᠬᠠᠢᠢᠯᠠᠪᠠᠯ᠂ ᠲᠠᠰᠢᠶ᠎ᠠ ᠪᠤᠷᠤᠭᠤ ᠣᠷᠴᠢᠭᠤᠯᠭ᠎ᠠ ᠠᠷᠪᠢᠳᠴᠤ ᠪᠠᠶᠢᠬᠤ᠂ ᠬᠢᠳᠠᠳ ᠦᠰᠦᠭ ᠢ | ᠪᠤᠰᠤᠭ᠎ᠠ ᠪᠠᠷ᠂ ᠮᠤᠩᠭᠤᠯ ᠦᠰᠦᠭ ᠢ ᠬᠡᠪᠳᠡᠭᠡ ᠪᠠᠷ ᠪᠠᠶᠢᠷᠢᠯᠠᠭᠤᠯᠤᠬᠰᠠᠨ ᠪᠠᠶᠢᠬᠤ᠂ ᠵᠡᠷᠬᠡᠯᠡᠬᠦᠯᠤᠨ ᠪᠢᠴᠢᠭᠰᠡᠨ | ᠮᠤᠩᠭᠤᠯ ᠬᠢᠳᠠᠳ ᠦᠰᠦᠭ ᠤᠨ ᠣᠷᠴᠢᠭᠤᠯᠭ᠎ᠠ ᠶᠢᠨ ᠠᠭᠤᠯᠭ᠎ᠠ ᠦᠰᠤᠳ ᠦᠭᠡᠷ᠎ᠠ ᠪᠠᠶᠢᠬᠤ᠂ ᠮᠤᠩᠭᠤᠯ | ᠦᠰᠦᠭ ᠤᠨ ᠠᠷᠠᠭ᠎ᠠ ᠰᠢᠳᠤ ᠡᠪᠡᠷ ᠬᠡᠵᠢᠬᠡ ᠲᠤᠰᠤᠯ ᠵᠠᠷᠭᠡ ᠶᠢ ᠬᠠᠮᠢᠶ᠎ᠠ ᠨᠠᠮᠢᠶ᠎ᠠ ᠦᠭᠡᠢ ᠵᠠᠷᠤᠵᠤ ᠪᠠᠶᠢᠬᠤ᠂ | ᠮᠤᠩᠭᠤᠯ ᠦᠰᠦᠭ ᠢ ᠲᠡᠷᠤᠮᠡᠯ ᠦᠰᠦᠭ ᠤᠨ ᠲᠢᠭ ᠢᠶᠠᠷ ᠪᠢᠴᠢᠭᠰᠡᠨ ᠦᠬᠡᠢ ᠪᠠᠶᠢᠬᠤ᠂ ᠫᠠᠶᠢᠰᠠ ᠦᠢᠯᠡᠳᠦᠭᠰᠡᠨ ᠠᠵᠤ | ᠠᠬᠤᠢᠢᠯᠠᠯ ᠤᠨ ᠬᠢᠨ ᠬᠠᠷᠢᠭᠤᠴᠠᠯᠭ᠎ᠠ ᠠᠴᠠ ᠵᠠᠶᠢᠯᠠᠬᠤ ᠶᠢᠨ ᠲᠦᠯᠤᠬᠡ ᠫᠠᠶᠢᠰᠠ ᠶᠢᠨ ᠪᠠᠷᠠᠭᠤᠨ ᠲᠤᠤᠷ᠎ᠠ | ᠦᠨᠴᠦᠭ ᠲᠤ ᠲᠤᠰ ᠠᠵᠤ ᠠᠬᠤᠢᠢᠯᠠᠯ ᠤᠨ ᠲᠡᠮᠳᠡᠭ ᠪᠠ ᠣᠳᠠᠰᠤᠨ ᠤ ᠨᠤᠮᠤᠷ ᠢᠶᠠᠨ ᠬᠠᠳᠠᠬᠰᠠᠨ ᠦᠬᠡᠢ ᠪᠠᠶᠢᠬᠤ᠂ | ᠮᠤᠩᠭᠤᠯ ᠦᠰᠦᠭ ᠤᠨ ᠣᠷᠤ ᠶᠢ ᠰᠤᠯᠢᠬᠰᠠᠨ ᠠᠴᠠ ᠣᠳᠬ᠎ᠠ ᠪᠤᠷᠤᠭᠤᠳᠠᠬᠰᠠᠨ ᠪᠠᠶᠢᠬᠤ᠂ ᠬᠢᠳᠠᠳ ᠦᠰᠦᠭ ᠨᠢ | ᠶᠡᠭᠡ ᠪᠠᠶᠢᠬᠤ ᠳᠤ ᠮᠤᠩᠭᠤᠯ ᠦᠰᠦᠭ ᠨᠢ ᠪᠠᠭ᠎ᠠ ᠪᠤᠯᠤᠭᠠᠳ ᠵᠤᠬᠢᠴᠠᠯ ᠢᠶᠠᠨ ᠠᠯᠳᠠᠵᠤ ᠪᠠᠶᠢᠬᠤ᠂ ᠵᠠᠷᠢᠮ ᠫᠠᠶᠢᠰᠠ | ᠢᠯᠡᠷᠬᠡᠶᠢᠯᠡᠯ ᠪᠠ ᠵᠢᠭᠠᠬᠤ ᠫᠠᠶᠢᠰᠠ ᠲᠡᠬᠡᠷ᠎ᠡ ᠭᠠᠭᠴᠠ ᠬᠦ ᠬᠢᠳᠠᠳ ᠦᠰᠦᠭ ᠢ ᠪᠢᠴᠢᠭᠰᠡᠨ ᠠᠴᠠ ᠬᠤᠳᠠ ᠣᠷᠤᠬᠰᠠᠠᠨ | ᠮᠠᠯᠴᠢᠳ ᠲᠤ ᠲᠦᠢᠯ ᠤᠨ ᠲᠦᠬᠦᠮ ᠦᠬᠡᠢ ᠪᠤᠯᠵᠤ ᠪᠠᠶᠢᠬᠤ ᠵᠢᠴᠢ ᠶᠠᠮᠠᠷᠴᠤ ᠭᠠᠷ ᠬᠦᠢᠴᠡᠳᠬᠡᠯ ᠦᠬᠡᠢ ︽ | ᠣᠷᠴᠢᠭᠤᠯᠤᠬᠴᠢ︾ ᠪᠠ ᠫᠠᠶᠢᠰᠠ ᠢᠯᠡᠷᠬᠡᠶᠢᠯᠡᠯ ᠦᠢᠯᠡᠳᠬᠦ ︽ᠠᠵᠤ ᠠᠬᠤᠢᠢᠯᠠᠯ︾ ᠠᠷᠪᠢᠳᠴᠤ᠂ ᠨᠡᠶᠢᠬᠡᠮ ᠤᠨ | ᠦᠡᠭᠬᠡᠨ ᠬᠡᠷᠡᠭᠯᠡᠬᠡᠨ ᠤ ᠮᠤᠩᠭᠤᠯ ᠬᠢᠳᠠᠳ ᠦᠰᠦᠭ ᠪᠢᠴᠢᠭ ᠢ ᠵᠡᠷᠬᠡ ᠪᠠᠷ ᠬᠡᠷᠡᠭᠯᠡᠬᠦ ᠪᠠ ᠮᠤᠩᠭᠤᠯ ᠬᠢᠳᠠᠳ | ᠣᠷᠴᠢᠭᠤᠯᠭ᠎ᠠ ᠶᠢᠨ ᠲᠦᠷᠢᠮᠵᠢᠯ ᠢ ᠰᠠᠮᠠᠭᠤᠷᠠᠭᠤᠯᠤᠬᠰᠠᠨ ᠦᠵᠡᠭᠳᠡᠯ ᠤᠳ ᠵᠦᠡᠭᠳᠡᠬᠡᠨ ᠬᠠᠷᠠᠬᠳᠠᠵᠤ ᠪᠠᠶᠢᠨ᠎ᠠ᠃ | | ᠲᠤᠰ ᠬᠦᠮᠤᠨ ᠨᠢᠬᠡᠨ ᠨᠠᠮ ᠤᠨ ᠰᠤᠨᠢᠨ ᠤ ᠰᠤᠷᠪᠤᠯᠵᠢᠯᠠᠬᠴᠢ ᠪᠤᠯᠤᠬᠰᠠᠨ ᠤ ᠬᠤᠪᠢ ᠳᠤ᠂ ᠰᠤᠨᠢᠨ | ᠮᠡᠳᠡᠬᠡᠨ ᠤ ᠵᠠᠭᠤᠴᠢᠯᠠᠭᠤᠷ ᠢᠶᠠᠷ ᠲᠠᠮᠵᠢᠭᠤᠯᠤᠨ ᠬᠢᠨᠠᠯᠳᠠ ᠲᠠᠯᠪᠢᠬᠤ ᠡᠬᠦᠷᠬᠡ ᠬᠠᠷᠢᠭᠤᠴᠠᠯᠭ᠎ᠠ ᠪᠠᠨ ᠪᠡᠶᠡᠯᠡᠬᠦᠯᠵᠤ᠂ | ᠡᠳᠡᠬᠡᠷ ᠣᠷᠤᠰᠢᠵᠤ ᠪᠠᠶᠢᠭ᠎ᠠ ᠠᠰᠠᠭᠤᠳᠠᠯ ᠤᠳ ᠢ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠣᠷᠳᠤᠨ ᠳᠤ | ᠲᠤᠰᠬᠠᠬᠤ ᠨᠢ ᠪᠦᠷᠢᠨ ᠵᠦᠢᠳᠠᠢ ᠬᠡᠵᠤ ᠦᠵᠡᠬᠡᠳ ᠡᠨᠡ ᠬᠦ ᠰᠠᠨᠠᠯ ᠵᠦᠪᠯᠡᠯᠬᠡ ᠪᠠᠨ ᠲᠡᠪᠰᠢᠬᠦᠯᠦᠭᠰᠡᠨ ᠢᠨᠤ᠂ ᠮᠠᠨ ᠤ | ᠣᠷᠤᠨ ᠤ ᠨᠡᠶᠢᠬᠡᠮ ᠤᠨ ᠦᠡᠭᠬᠡᠨ ᠬᠡᠷᠡᠭᠯᠡᠬᠡᠨ ᠤ ᠮᠤᠩᠭᠤᠯ ᠬᠢᠳᠠᠳ ᠦᠰᠦᠭ ᠪᠢᠴᠢᠭ ᠤᠨ ᠣᠷᠴᠢᠭᠤᠯᠭ᠎ᠠ ᠶᠢ | ᠮᠠᠭᠠᠳ ᠲᠦᠷᠢᠮᠵᠢᠬᠦᠯᠵᠤ᠂ ᠮᠤᠩᠭᠤᠯ ᠦᠬᠡ ᠬᠡᠯᠡ ᠦᠰᠦᠭ ᠪᠢᠴᠢᠭ ᠤᠨ ᠮᠠᠨ ᠤ ᠣᠷᠤᠨ ᠤ ᠦᠬᠡᠷᠡᠴᠢᠯᠡᠯᠳᠡ | ᠨᠡᠬᠡᠬᠡᠯᠳᠡ ᠪᠡ ᠣᠳᠤᠬᠢᠴᠢᠯᠠᠬᠤ ᠪᠦᠳᠤᠬᠡᠨ ᠪᠠᠶᠢᠭᠤᠯᠤᠯᠳᠠ ᠳᠤ ᠦᠢᠯᠡᠴᠢᠯᠡᠬᠦ ᠦᠢᠯᠡᠳᠤᠯ ᠢ ᠪᠠᠳᠠᠷᠠᠭᠤᠯᠤᠨ᠂ ᠮᠠᠨ ᠤ | ᠣᠷᠤᠨ ᠤ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠤᠨ ᠲᠦᠷᠢᠮᠵᠢᠯ ᠪᠠ ᠪᠠᠷᠢᠮᠵᠢᠶᠠᠵᠢᠯ ᠢ ᠦᠳᠳᠡᠷ | ᠲᠦᠷᠬᠡᠨ ᠪᠡᠶᠡᠯᠡᠬᠦᠯᠬᠦ ᠶᠢᠨ ᠲᠦᠯᠤᠬᠡ ᠶᠤᠮ᠃ ᠡᠶᠢᠨᠬᠦ᠂ ᠨᠢᠬᠡ ᠳᠤ᠂ ᠡᠯ᠎ᠡ ᠱᠠᠳᠤᠨ ᠤ ᠨᠠᠮ ᠤᠨ ᠬᠤᠷᠢᠶ᠎ᠠ᠂ | ᠵᠠᠰᠠᠬ ᠤᠨ ᠣᠷᠳᠤᠨ ᠤ ᠬᠢᠨ ᠨᠡᠶᠢᠬᠡᠮ ᠤᠨ ᠦᠡᠭᠬᠡᠨ ᠬᠡᠷᠡᠭᠯᠡᠬᠡᠨ ᠤ ᠮᠤᠩᠭᠤᠯ ᠬᠢᠳᠠᠳ ᠦᠰᠦᠭ ᠪᠢᠴᠢᠭ ᠢ | ᠵᠡᠷᠬᠡ ᠪᠠᠷ ᠬᠡᠷᠡᠭᠯᠡᠬᠦ ᠵᠢᠴᠢ ᠲᠡᠬᠦᠨ ᠤ ᠣᠷᠴᠢᠭᠤᠯᠭ᠎ᠠ ᠶᠢ ᠬᠦᠨᠳᠤᠳᠬᠡᠨ ᠦᠵᠡᠵᠤ᠂ ᠡᠳᠤᠷ ᠲᠤᠳᠤᠮ ᠤᠨ ᠴᠢᠬᠤᠯᠠ | ᠵᠦᠪᠯᠡᠬᠦ ᠵᠦᠢᠯ ᠳᠤ ᠪᠠᠨ ᠣᠷᠤᠭᠤᠯᠤᠨ᠂ ᠣᠷᠤᠨ ᠲᠤᠭ᠎ᠠ᠂ ᠪᠡᠯᠡ ᠮᠦᠡᠭᠬᠦ ᠶᠢᠨ ᠲᠡᠯ᠎ᠡ ᠪᠠᠷ ᠪᠠᠳᠤᠯᠠᠪᠠᠯ ᠵᠤᠬᠢᠨ᠎ᠠ᠃ | ᠬᠤᠶᠠᠷ ᠲᠤ᠂ ᠡᠯ᠎ᠡ ᠱᠠᠳᠤᠨ ᠤ ᠬᠢᠨ ᠨᠡᠶᠢᠬᠡᠮ ᠤᠨ ᠦᠡᠭᠬᠡᠨ ᠬᠡᠷᠡᠭᠯᠡᠬᠡᠨ ᠤ ᠮᠤᠩᠭᠤᠯ ᠬᠢᠳᠠᠳ ᠦᠰᠦᠭ ᠪᠢᠴᠢᠭ ᠢ | ᠵᠡᠷᠬᠡ ᠪᠠᠷ ᠬᠡᠷᠡᠭᠯᠡᠬᠦ ᠬᠠᠮᠢᠶᠠᠷᠤᠯᠳᠠ ᠶᠢᠨ ᠲᠦᠪ ᠢ ᠲᠦᠷᠬᠡᠨ ᠪᠠᠶᠢᠭᠤᠯᠵᠤ᠂ ᠵᠤᠬᠢᠶᠠᠨ ᠪᠠᠶᠢᠭᠤᠯᠤᠯᠳᠠ ᠶᠢᠨ | ᠲᠠᠯ᠎ᠠ ᠪᠠᠷ ᠪᠠᠳᠤᠯᠠᠭ᠎ᠠ ᠬᠠᠨᠭ᠍ᠭᠠᠪᠠᠯ ᠵᠤᠬᠢᠨ᠎ᠠ᠃ ᠣᠢᠢᠯᠠᠭᠠᠬᠰᠠᠨ ᠢᠶᠠᠷ᠂ ᠪᠦᠬᠦ ᠣᠷᠤᠨ ᠤ ᠵᠡᠷᠢᠮ ᠭᠠᠵᠠᠷ ᠤᠨ | ᠮᠤᠩᠭᠤᠯ ᠬᠡᠯᠡ ᠪᠢᠴᠢᠭ ᠤᠨ ᠠᠵᠢᠯ ᠢ ᠬᠢᠵᠤ ᠪᠠᠶᠢᠭ᠎ᠠ ᠠᠵᠢᠯᠳᠠᠨ ᠤ ᠲᠤᠭ᠎ᠠ ᠲᠤᠩ ᠬᠦᠷᠤᠯᠴᠡᠬᠦ ᠦᠬᠡᠢ ᠪᠠᠶᠢᠵᠤ᠂ | ᠣᠷᠳᠤᠰ ᠬᠤᠳᠠ ᠶᠢᠨ ᠮᠤᠩᠭᠤᠯ ᠬᠡᠯᠡ ᠪᠢᠴᠢᠭ ᠤᠨ ᠠᠯᠪᠠᠨ ᠬᠡᠷ ᠢᠶᠠᠷ ᠵᠢᠱᠢᠶᠡᠯᠡᠪᠡᠯ ᠵᠦᠪᠬᠡᠨ ᠬᠡᠳᠤᠬᠡᠨ | ᠠᠵᠢᠯᠳᠠᠨ ᠲᠠᠢ ᠪᠠᠶᠢᠬᠤ ᠪᠤᠯᠬᠤᠷ ᠪᠦᠬᠦ ᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠪᠠ ᠣᠷᠴᠢᠭᠤᠯᠭ᠎ᠠ ᠶᠢᠨ | ᠠᠵᠢᠯ ᠢ ᠵᠢᠯᠤᠭᠤᠳᠬᠤ᠂ ᠬᠢᠨᠠᠯᠳᠠ ᠲᠠᠯᠪᠢᠬᠤ ᠵᠡᠷᠬᠡ ᠡᠬᠦᠷᠬᠡ ᠬᠠᠷᠢᠭᠤᠴᠠᠯᠭ᠎ᠠ ᠪᠠᠨ ᠪᠡᠶᠡᠯᠡᠬᠦᠯᠬᠦ ᠳᠤ ᠬᠦᠴᠤᠨ ᠤ | ᠲᠠᠯ᠎ᠠ ᠪᠠᠷ ᠲᠤᠩ ᠬᠦᠷᠤᠯᠴᠡᠬᠦ ᠦᠬᠡᠢ ᠪᠠᠶᠢᠨ᠎ᠠ᠃ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠢ | ᠦᠢᠯᠡᠳᠬᠦ ᠠᠵᠤ ᠠᠬᠤᠢᠢᠯᠠᠯ ᠯᠤᠭ᠎ᠠ ᠶᠢᠨ ᠰᠦᠯᠵᠢᠶᠡᠵᠢᠯᠳᠡ ᠶᠢ ᠬᠡᠳᠦ᠋ᠢᠪᠡᠷ ᠪᠡᠶᠡᠯᠡᠬᠦᠯᠵᠤ᠂ ᠨᠡᠶᠢᠬᠡᠮ ᠤᠨ ᠦᠡᠭᠬᠡᠨ | ᠬᠡᠷᠡᠭᠯᠡᠬᠡᠨ ᠤ ᠦᠰᠦᠭ ᠪᠢᠴᠢᠭ ᠢ ᠰᠦᠯᠵᠢᠶᠡᠨ ᠲᠡᠬᠡᠷ᠎ᠡ ᠬᠢᠨᠠᠬᠤ ᠶᠢ ᠬᠡᠷᠡᠭᠵᠢᠬᠦᠯᠦᠭᠰᠡᠨ ᠪᠤᠯᠪᠠᠴᠤ᠂ ᠬᠦᠮᠤᠨ ᠤ | ᠬᠦᠴᠤ᠂ ᠪᠡᠯᠡ ᠮᠦᠡᠭᠬᠦᠨ ᠤ ᠨᠦᠬᠦᠴᠡᠯ ᠪᠤᠯᠤᠯᠴᠠᠭ᠎ᠠ ᠠᠴᠠ ᠪᠤᠯᠵᠤ᠂ ᠦᠷ᠎ᠡ ᠪᠦᠳᠤᠮᠵᠢ ᠪᠠᠷ ᠲᠡᠶᠢᠮᠤ ᠰᠠᠶᠢᠨ ᠪᠢᠰᠢ | ᠪᠠᠶᠢᠨ᠎ᠠ᠃ ᠭᠤᠷᠪᠠ ᠲᠤ᠂ ᠣᠷᠴᠢᠭᠤᠯᠤᠬᠴᠢ ᠶᠢᠨ ᠡ᠊ᠡᠭᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ᠂ | ᠣᠷᠴᠢᠭᠤᠯᠤᠬᠴᠢ ᠶᠢᠨ ᠬᠢᠷᠢ ᠬᠡᠮ ᠢ ᠲᠡᠬᠡᠭᠰᠢᠯᠡᠬᠦᠯᠵᠤ᠂ ᠨᠡᠶᠢᠬᠡᠮ ᠤᠨ ᠦᠡᠭᠬᠡᠨ ᠬᠡᠷᠡᠭᠯᠡᠬᠡᠨ ᠤ ᠮᠤᠩᠭᠤᠯ ᠬᠢᠳᠠᠳ | ᠦᠰᠦᠭ ᠪᠢᠴᠢᠭ ᠤᠨ ᠣᠷᠴᠢᠭᠤᠯᠭ᠎ᠠ ᠶᠢ ᠲᠤᠰᠬᠠᠢ ᠬᠠᠷᠢᠭᠤᠴᠠᠭᠤᠯᠪᠡᠯ ᠵᠤᠬᠢᠨ᠎ᠠ᠃ ᠲᠦᠷᠪᠡ ᠳᠤ᠂ ᠬᠢᠨᠠᠨ | ᠪᠠᠶᠢᠴᠠᠭᠠᠬᠤ ᠠᠵᠢᠯ ᠢ ᠦᠷᠬᠦᠯᠵᠢᠯᠡᠨ ᠴᠢᠩᠭᠠᠳᠬᠠᠵᠤ᠂ ᠲᠤᠬᠳᠠᠬᠰᠠᠨ ᠬᠤᠭᠤᠴᠠᠭ᠎ᠠ ᠲᠠᠢ ᠪᠤᠶᠤ ᠲᠤᠬᠳᠠᠮᠠᠯ ᠪᠤᠰᠤ | ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠯᠳᠠ ᠬᠢᠵᠤ᠂ ᠨᠡᠶᠢᠭᠡᠮ ᠤᠨ ᠦᠡᠭᠭᠡᠠ ᠬᠡᠷᠡᠭᠯᠡᠭᠡᠨ ᠤ ᠮᠤᠩᠭᠤᠯ ᠬᠢᠳᠠᠳ | ᠦᠰᠦᠭ ᠪᠢᠴᠢᠭ ᠢ ᠵᠡᠷᠬᠡ ᠪᠠᠷ ᠬᠡᠷᠡᠭᠯᠡᠭᠰᠡᠨ ᠦᠬᠡᠢ᠂ ᠨᠡᠶᠢᠬᠡᠮ ᠤᠨ ᠦᠡᠭᠬᠡᠨ ᠬᠡᠷᠡᠭᠯᠡᠬᠡᠨ ᠤ ᠦᠰᠦᠭ ᠪᠢᠴᠢᠭ ᠤᠨ | ᠲᠡᠰᠢᠶᠠ ᠪᠤᠷᠤᠭᠤ ᠣᠷᠴᠢᠭᠤᠯᠭ᠎ᠠ ᠶᠢ ᠪᠠᠭᠳᠠᠭᠠᠬᠰᠠᠨ ᠲᠦᠷᠢᠮᠵᠢᠯ ᠦᠬᠡᠢ ᠵᠦᠢᠯᠡᠰ ᠢ ᠬᠤᠭᠤᠴᠠᠭ᠎ᠠ ᠬᠢᠵᠠᠭᠠᠷᠯᠠᠨ | ᠦᠬᠡᠷᠡᠴᠢᠯᠡᠨ ᠵᠠᠰᠠᠬᠤ ᠮᠡᠳᠡᠭᠳᠡᠯ ᠪᠠᠭᠤᠯᠭᠠᠵᠤ᠂ ᠬᠡᠮᠵᠢᠶᠡᠳᠦ ᠬᠤᠭᠤᠴᠠᠭᠠᠨ ᠳᠤ ᠬᠠᠯᠠᠨ ᠵᠠᠰᠠᠭᠤᠯᠬᠤ ᠪᠠᠷ | ᠲᠠᠭᠠᠭᠠᠯᠭᠠᠪᠠᠯ ᠵᠤᠬᠢᠨ᠎ᠠ᠃ ᠲᠠᠪᠤ ᠳᠤ᠂ ᠡᠯ᠎ᠡ ᠱᠠᠳᠤᠨ ᠤ ᠦᠨᠳᠤᠰᠤᠳᠠᠠ ᠤ ᠬᠡᠷᠡᠭ ᠡᠷᠬᠢᠯᠡᠬᠦ ᠵᠠᠰᠠᠬ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠬᠠᠤᠯᠢ ᠬᠦᠢᠴᠡᠳᠬᠡᠬᠦ ᠠᠵᠢᠯᠳᠠᠳ ᠲᠤ ᠪᠠᠨ ᠬᠠᠤᠯᠢ ᠶᠤᠰᠤᠭᠠᠷ | ᠰᠢᠳᠬᠡᠯ ᠦᠭᠬᠦ ᠡᠷᠬᠡ ᠶᠢ ᠵᠢᠩᠬᠢᠨᠢ ᠣᠯᠭᠤᠪᠠᠯ ᠵᠤᠬᠢᠨ᠎ᠠ᠃ | | | ︵ᠵᠤᠬᠢᠶᠠᠬᠴᠢ ᠶᠢᠨ ᠬᠠᠶ᠋ᠢᠭ᠄ ᠣᠷᠳᠤᠰ ᠤᠨ ᠡᠳᠤᠷ ᠤᠨ ᠰᠤᠨᠢᠨ ᠤ ᠬᠤᠷᠢᠶ᠎ᠠ︶ | | |