︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠲᠤᠯᠠᠬᠤ︾
ᠨᠡᠶᠢᠲᠡᠯᠡᠭᠰᠡᠨ ᠴᠠᠭ᠄
2019/5/29
        ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠲᠤᠯᠠᠬᠤ︾ ᠭᠡᠳᠡᠭ ᠨᠢ ᠢᠳᠡᠬᠦ ᠳᠤ ᠵᠤᠪᠠᠭ᠋ᠤ ᠦᠭᠡᠢ᠂ ᠡᠮᠦᠰᠬᠦ ᠳᠤ ᠵᠤᠪᠠᠭ᠋ᠤ ᠦᠭᠡᠢ᠂ ᠣᠷᠣᠨ ᠰᠠᠭᠤᠴᠠ ᠶᠢᠨ ᠠᠮᠤᠷ ᠲᠦᠪᠰᠢᠨ᠂ ᠠᠯᠪᠠᠨ ᠵᠢᠷᠤᠮ ᠤᠨ ᠰᠤᠷᠭᠠᠨ ᠬᠥᠮᠥᠵᠢᠯ᠂ ᠦᠨᠳᠦᠰᠦᠨ ᠦᠢᠯᠡᠴᠢᠯᠡᠭᠡ ᠨᠢ ᠪᠠᠲᠤᠯᠠᠭ᠎ᠠ ᠲᠠᠢ ᠪᠠᠶᠢᠬᠤ ᠶᠢ ᠵᠢᠭᠠᠵᠤ ᠪᠠᠶᠢᠨ᠎ᠠ᠃ ᠣᠨᠴᠠᠭᠠᠶᠢᠯᠠᠨ ᠤᠯᠤᠰ᠂ ᠥᠪᠡᠷᠲᠡᠭᠡᠨ ᠵᠠᠰᠠᠬᠤ ᠣᠷᠣᠨ ᠤ 2018 ᠣᠨ ᠤ ᠶᠠᠳᠠᠭᠤ ᠶᠢ ᠲᠡᠳᠬᠦᠬᠦ ᠡᠲᠡᠭᠡᠳ ᠢ ᠬᠥᠳᠡᠯᠦᠩᠭᠦᠢ ᠪᠠᠷ ᠬᠠᠮᠢᠶᠠᠷᠬᠤ ᠠᠵᠢᠯ ᠤᠨ ᠱᠠᠭᠠᠷᠳᠠᠯᠭ᠎ᠠ ᠳᠤ᠂ ︽ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ︾ ᠭᠡᠳᠡᠭ ᠨᠢ ᠤᠰᠤᠨ ᠤ ᠶᠠᠰᠤ ᠴᠢᠨᠠᠷ ᠢ ᠤᠯᠤᠰ ᠤᠨ ᠭᠤᠷᠪᠠᠨ ᠲᠥᠷᠥᠯ ᠤᠨ ᠤᠰᠤᠨ ᠤ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ ᠶᠢ ᠵᠢᠭᠠᠵᠤ ᠪᠠᠶᠢᠨ᠎ᠠ︔ ᠤᠰᠤᠨ ᠤ ᠶᠠᠰᠤ ᠴᠢᠨᠠᠷ ᠨᠢ ᠴᠡᠪᠡᠷ ᠲᠤᠩᠭᠠᠯᠠᠭ ᠭᠡᠳᠡᠭ ᠨᠢ ᠪᠤᠯᠠᠭ ᠤᠨ ᠤᠰᠤ᠂ ᠵᠢᠭᠠᠰᠤᠨ ᠤ ᠥᠭᠡᠰᠢ ᠬᠢᠵᠦ ᠵᠢᠭᠠᠰᠤ ᠲᠡᠵᠢᠭᠡᠭᠰᠡᠨ ᠦᠭᠡᠢ ᠨᠠᠭᠤᠷᠮᠠᠭ᠂ ᠴᠥᠭᠦᠷᠥᠮ᠂ ᠴᠦᠩᠬᠦᠯ ᠵᠡᠷᠭᠡ ᠶᠢ ᠵᠢᠭᠠᠵᠤ ᠪᠠᠶᠢᠨ᠎ᠠ︔ ᠬᠥᠮᠥᠨ ᠳᠤᠮᠳᠠᠴᠢ ᠡᠳᠦᠷ ᠪᠦᠷᠢ ᠶᠢᠨ ᠬᠠᠩᠭᠠᠬᠤ ᠤᠰᠤᠨ ᠤ ᠬᠡᠮᠵᠢᠶ᠎ᠡ ᠨᠢ 35 ᠯᠢᠲᠷ ᠠᠴᠠ ᠪᠠᠭ᠎ᠠ ᠪᠠᠶᠢᠵᠤ ᠪᠣᠯᠬᠤ ᠦᠭᠡᠢ︔ ᠲᠦᠭᠡᠭᠡᠯ ᠤᠰᠤ ᠪᠤᠶᠤ ᠳᠥᠭᠦᠮ ᠤᠰᠤᠨ ᠭᠤᠤᠷᠰᠤ ᠠᠴᠠ ᠤᠰᠤ ᠠᠪᠬᠤ ᠪᠤᠶᠤ ᠬᠥᠮᠥᠨ ᠤ ᠬᠦᠴᠦ ᠪᠠᠷ ᠤᠰᠤ ᠳᠠᠮᠨᠠᠬᠤ ᠳᠤ ᠢᠷᠡᠵᠦ ᠣᠴᠢᠬᠤ ᠴᠠᠭ ᠨᠢ 30 ᠮᠢᠨᠦ᠋ᠲ ᠠᠴᠠ ᠬᠡᠲᠦᠷᠡᠬᠦ ᠦᠭᠡᠢ︔ ᠡᠭ᠍ᠴᠡ ᠪᠠᠷ ᠤᠰᠤ ᠠᠪᠬᠤ ᠵᠠᠢ ᠨᠢ 100  ᠮᠧᠲᠷ ᠬᠡᠲᠦᠷᠡᠵᠦ ᠪᠣᠯᠬᠤ ᠦᠭᠡᠢ︔ ᠪᠦᠬᠦ ᠵᠢᠯ ᠤᠨ ᠤᠯᠠᠷᠢᠯ ᠤᠨ ᠴᠢᠨᠠᠷᠲᠠᠢ ᠤᠰᠤ ᠳᠤᠲᠠᠬᠤ ᠨᠢ ᠵᠠᠯᠭᠠᠭᠠᠳ 15 ᠡᠳᠦᠷ ᠢ ᠬᠡᠲᠦᠷᠡᠵᠦ ᠪᠣᠯᠬᠤ ᠦᠭᠡᠢ᠃ ᠤᠰᠤᠨ ᠰᠤᠷᠪᠤᠯᠵᠢ ᠶᠢᠨ ᠨᠥᠬᠦᠴᠡᠯ ᠨᠢ ᠪᠠᠷᠤᠭᠲᠠᠢ᠂ ᠢᠨᠵᠧᠨᠧᠷᠢᠩ ᠤᠨ ᠪᠠᠶᠢᠭᠤᠯᠤᠯᠲᠠ ᠶᠢᠨ ᠬᠦᠴᠢᠷᠳᠡᠯ ᠨᠢ ᠶᠡᠭᠡ᠂ ᠥᠪᠡᠷ ᠤᠨ ᠥᠷᠲᠡᠭ ᠨᠢ ᠥᠨᠳᠥᠷ᠂ ᠬᠥᠮᠥᠨ ᠠᠮᠠ ᠶᠢᠨ ᠣᠷᠣᠰᠢᠨ ᠰᠠᠭᠤᠭᠰᠠᠨ ᠨᠢ ᠠᠯᠤᠰ ᠪᠤᠶᠢᠳᠠ ᠲᠠᠷᠠᠬᠠᠢ ᠪᠤᠲᠠᠷᠬᠠᠢ ᠭᠠᠵᠠᠷ ᠣᠷᠣᠨ ᠳᠤ᠂ ᠬᠥᠮᠥᠨ ᠨᠢᠭᠡᠪᠦᠷᠢ ᠶᠢᠨ ᠡᠳᠦᠷ ᠪᠦᠷᠢ ᠶᠢᠨ ᠤᠰᠤ ᠬᠠᠩᠭᠠᠬᠤ ᠬᠡᠮᠵᠢᠶ᠎ᠡ ᠨᠢ 20  ᠯᠢᠲᠷ ᠠᠴᠠ ᠪᠠᠭ᠎ᠠ ᠪᠠᠶᠢᠵᠤ ᠪᠣᠯᠬᠤ ᠦᠭᠡᠢ᠂ ᠬᠥᠮᠥᠨ ᠤ ᠬᠦᠴᠦ ᠪᠠᠷ ᠤᠰᠤ ᠠᠪᠬᠤ ᠳᠤ ᠢᠷᠡᠵᠦ ᠣᠴᠢᠬᠤ ᠴᠠᠭ ᠨᠢ 20 ᠮᠢᠨᠦ᠋ᠲ ᠠᠴᠠ ᠬᠡᠲᠦᠷᠡᠵᠦ ᠪᠣᠯᠬᠤ ᠦᠭᠡᠢ ︵ᠮᠠᠯᠵᠢᠬᠤ ᠣᠷᠣᠨ ᠢ ᠵᠣᠬᠢᠰᠲᠠᠢ ᠪᠠᠷ ᠰᠤᠯᠠ ᠲᠠᠯᠪᠢᠵᠤ ᠪᠣᠯᠣᠨ᠎ᠠ︶ ᠵᠡᠷᠭᠡ ᠠᠭᠤᠯᠭ᠎ᠠ ᠶᠢ ᠨᠡᠮᠡᠵᠦ ᠣᠷᠣᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号