ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠠᠴᠠ ᠶᠠᠳᠠᠭᠤ ᠬᠦᠴᠢᠷᠳᠡᠯᠲᠡᠢ ᠡᠷᠦᠬᠡ ᠲᠠᠢ ᠬᠤᠯᠪᠣᠭᠠᠰᠤ ᠪᠠᠶᠢᠭᠤᠯᠤᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠡᠭᠦᠷᠭᠡᠯᠡᠨ᠎ᠡ
ᠨᠡᠶᠢᠲᠡᠯᠡᠭᠰᠡᠨ ᠴᠠᠭ᠄
2019/5/29
       ᠬᠠᠪᠰᠤᠷᠤᠨ ᠲᠡᠳᠬᠦᠬᠦ ᠬᠠᠷᠢᠭᠤᠴᠠᠯᠭᠠᠲᠠᠨ᠄ ᠶᠠᠳᠠᠭᠤ ᠶᠢ ᠲᠡᠳᠬᠦᠵᠦ ᠰᠢᠪᠲᠤᠯᠤᠯᠲᠠ ᠬᠢᠬᠦ ᠶᠠᠪᠤᠴᠠ ᠳᠤ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠠᠴᠠ ᠶᠠᠳᠠᠭᠤ ᠬᠦᠴᠢᠷᠳᠡᠯᠲᠡᠢ ᠡᠷᠦᠬᠡ ᠲᠠᠢ ᠬᠤᠯᠪᠣᠭᠠᠰᠤ ᠪᠠᠶᠢᠭᠤᠯᠵᠤ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠡᠭᠦᠷᠭᠡᠯᠡᠨ᠎ᠡ᠃        ᠪᠣᠳᠠᠲᠠᠢ ᠡᠭᠦᠷᠭᠡ ᠨᠢ 6 ᠵᠦᠢᠯ ᠪᠣᠢ᠄ ᠨᠢᠭᠡ ᠳᠤ᠂ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠭᠡᠳᠡᠯᠡᠨ ᠳᠡᠭᠵᠢᠷᠡᠬᠦ ᠪᠠᠷ ᠴᠤᠴᠠᠯᠲᠠ ᠦᠭᠡᠢ ᠴᠢᠷᠮᠠᠶᠢᠬᠤ ᠵᠣᠷᠢᠭ ᠰᠠᠨᠠᠭᠠᠨ ᠤ ᠲᠤᠯᠭᠠᠭᠤᠷᠢᠯᠠᠯ ᠢ ᠪᠣᠢ ᠪᠣᠯᠭᠠᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠥᠭᠵᠢᠭᠦᠯᠬᠦ ᠳᠣᠲᠣᠭᠠᠳᠤ ᠶᠢᠨ ᠬᠥᠳᠡᠯᠭᠡᠭᠴᠢ ᠬᠦᠴᠦᠨ ᠢ ᠬᠥᠭᠵᠢᠭᠡᠵᠦ᠂ ᠪᠣᠯᠪᠠᠰᠤᠨ ᠪᠥᠭᠡᠳ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠣᠶᠢᠯᠠᠭᠠᠨ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ︔ ᠬᠤᠶᠠᠷ ᠲᠤ᠂ ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠪᠦᠯᠢ ᠶᠢᠨ ᠦᠨᠳᠦᠰᠦᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ᠂ ᠶᠠᠳᠠᠭᠤ ᠠᠴᠠ ᠠᠩᠭᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠨ᠂ ᠶᠠᠳᠠᠭᠤ ᠬᠦᠴᠢᠷᠳᠡᠯᠲᠡᠢ ᠪᠣᠯᠣᠭᠰᠠᠨ ᠰᠢᠯᠲᠠᠭᠠᠨ ᠢ ᠨᠢ ᠬᠠᠪᠰᠤᠷᠤᠨ ᠵᠠᠳᠠᠯᠵᠤ᠂ ᠬᠥᠭᠵᠢᠯᠲᠡ ᠶᠢᠨ ᠰᠡᠳᠬᠢᠮᠵᠢ ᠶᠢ ᠨᠢ ᠰᠢᠯᠤᠭᠤᠳᠬᠠᠵᠤ᠂ ᠶᠠᠳᠠᠭᠤ ᠠᠴᠠ ᠠᠩᠭᠢᠵᠢᠷᠠᠭᠤᠯᠬᠤ ᠲᠥᠯᠥᠪᠯᠡᠭᠡ ᠶᠢ ᠲᠣᠭᠲᠠᠭᠠᠨ᠎ᠠ︔ ᠭᠤᠷᠪᠠ ᠳᠤ᠂ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠲᠡᠳᠬᠦᠨ ᠳᠡᠮᠵᠢᠬᠦ ᠪᠡᠯᠡ ᠮᠥᠩᠭᠦ ᠶᠢ ᠭᠦᠢᠴᠡᠳᠬᠡᠬᠦ ᠶᠢ ᠢᠳᠡᠪᠬᠢᠲᠡᠢ ᠪᠠᠷ ᠵᠣᠬᠢᠴᠠᠭᠤᠯᠤᠨ᠎ᠠ︔ ᠳᠥᠷᠪᠡ ᠳᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠳᠤ ᠦᠢᠯᠡᠳᠪᠦᠷᠢᠯᠡᠯ ᠤᠨ ᠮᠡᠷᠭᠡᠵᠢᠯ ᠴᠢᠳᠠᠪᠤᠷᠢ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠶᠠᠳᠠᠭᠤ ᠬᠦᠴᠢᠷᠳᠡᠯᠲᠡᠢ ᠡᠷᠦᠬᠡ ᠳᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠯ ᠤᠨ ᠵᠠᠮ ᠢᠶᠠᠷ ᠵᠠᠮᠨᠠᠬᠤ ᠮᠡᠳᠡᠭᠡ ᠵᠠᠩᠭᠢ ᠶᠢ ᠬᠠᠩᠭᠠᠨ᠂ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠲᠣᠬᠢᠷᠠᠮᠵᠢᠲᠠᠢ ᠪᠥᠭᠡᠳ ᠪᠦᠲᠦᠮᠵᠢᠲᠡᠢ ᠲᠥᠷᠥᠯ ᠵᠦᠢᠯ ᠢ ᠬᠥᠭᠵᠢᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠠᠵᠤ ᠦᠢᠯᠡᠰ ᠢᠶᠠᠨ ᠬᠥᠭᠵᠢᠭᠦᠯᠬᠦ ᠶᠠᠪᠤᠴᠠ ᠳᠤ ᠲᠤᠯᠭᠠᠷᠠᠭᠰᠠᠨ ᠪᠡᠯᠡ ᠮᠥᠩᠭᠦ᠂ ᠮᠡᠷᠭᠡᠵᠢᠯ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠬᠦᠴᠢᠷᠳᠡᠯ ᠪᠠ ᠠᠰᠠᠭᠤᠳᠠᠯ ᠢ ᠴᠢᠳᠠᠬᠤ ᠶᠢᠨ ᠬᠢᠷᠢ ᠪᠠᠷ ᠰᠢᠢᠳᠪᠦᠷᠢᠯᠡᠨ᠎ᠡ︔ ᠲᠠᠪᠤ ᠳᠤ᠂ ᠶᠠᠳᠠᠭᠤ ᠬᠦᠴᠢᠷᠳᠡᠯᠲᠡᠢ ᠡᠷᠦᠬᠡ ᠶᠢᠨ ᠡᠪᠡᠳᠴᠢᠨ ᠦᠵᠡᠭᠦᠯᠬᠦ᠂ ᠳᠠᠩᠰᠠ ᠲᠠᠶᠢᠯᠬᠤ᠂ ᠨᠠᠰᠤᠵᠢᠯ᠂ ᠰᠤᠷᠭᠠᠭᠤᠯᠢ ᠳᠤ ᠣᠷᠣᠬᠤ᠂ ᠬᠥᠯᠥᠰᠦᠨ ᠠᠵᠢᠯ ᠬᠢᠬᠦ᠂ ᠡᠷᠬᠡ ᠪᠠᠨ ᠬᠠᠮᠠᠭᠠᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢᠶᠠᠨ ᠪᠣᠷᠣᠯᠠᠭᠤᠯᠬᠤ ᠵᠡᠷᠭᠡ ᠲᠠᠯ᠎ᠠ ᠶᠢᠨ ᠪᠣᠳᠠᠲᠤ ᠬᠦᠴᠢᠷᠳᠡᠯ ᠢ ᠨᠢ ᠢᠳᠡᠪᠬᠢᠲᠡᠢ ᠪᠠᠷ ᠰᠢᠢᠳᠪᠦᠷᠢᠯᠡᠨ᠎ᠡ᠃ ᠵᠢᠷᠭᠤᠭ᠎ᠠ ᠳᠤ᠂ ᠬᠤᠪᠢ ᠬᠥᠮᠥᠨ ᠤ ᠴᠢᠳᠠᠪᠤᠷᠢ ᠪᠠ ᠶᠠᠳᠠᠭᠤ ᠬᠦᠴᠢᠷᠳᠡᠯᠲᠡᠢ ᠡᠷᠦᠬᠡ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠴᠠᠭ ᠲᠤᠬᠠᠢ ᠳᠤ ᠨᠢ ᠵᠣᠬᠢᠰᠲᠠᠢ ᠪᠠᠷ ᠬᠠᠶᠢᠷ᠎ᠠ ᠬᠠᠯᠠᠮᠵᠢ ᠬᠦᠷᠲᠡᠭᠡᠬᠦ ᠠᠵᠢᠯᠯᠠᠭ᠎ᠠ ᠶᠢ ᠥᠷᠨᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号