ᠬᠡᠰᠢᠭᠲᠡᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠬᠤᠪᠢᠰᠬᠠᠯᠲᠤ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠣᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2019/9/19
     ᠰᠤᠷᠪᠤᠯᠵᠢᠯᠠᠭᠴᠢ᠄ ᠬᠤᠪᠢᠰᠬᠠᠯᠲᠤ ᠭᠤᠸᠠᠢ᠂ ᠲᠠ ᠰᠠᠶᠢᠨ ᠦᠦ︖ ᠶᠠᠭᠤᠨ ᠤ ᠡᠮᠦᠨ᠎ᠡ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠠᠶᠢᠭᠤᠯᠤᠭᠳᠠᠭᠰᠠᠨ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ  ᠦᠦ︖      ᠬᠤᠪᠢᠰᠬᠠᠯᠲᠤ᠄ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠡᠨᠡ ᠵᠢᠯ ᠤᠨ 1 ᠰᠠᠷ᠎ᠠ ᠶᠢᠨ 31 ᠤ ᠡᠳᠦᠷ ᠫᠠᠶᠢᠰᠠ ᠡᠯᠭᠦᠨ ᠪᠠᠶᠢᠭᠤᠯᠤᠭᠳᠠᠪᠠ᠂ ᠡᠨᠡ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠴᠡᠷᠢᠭ ᠪᠠ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠲᠤ ᠦᠶᠯᠡᠴᠢᠯᠡᠬᠦ ᠪᠠᠲᠤᠯᠠᠭ᠎ᠠ ᠶᠢᠨ ᠲᠣᠭᠲᠠᠴᠠ ᠶᠢ ᠴᠢᠩᠭᠠᠳᠬᠠᠵᠤ᠂ ᠴᠡᠷᠢᠭ ᠢ ᠨᠡᠶᠢᠭᠡᠮ ᠳᠠᠶᠠᠭᠠᠷ ᠬᠦᠨᠳᠦᠳᠬᠡᠬᠦ ᠠᠵᠢᠯ ᠮᠡᠷᠭᠡᠵᠢᠯ ᠪᠣᠯᠭᠠᠬᠤ ᠶᠢᠨ ᠲᠥᠯᠥᠭᠡ ᠶᠤᠮ᠃ ᠡᠨᠡ ᠨᠢ ᠨᠠᠮ ᠤᠨ ᠲᠥᠪ ᠬᠤᠷᠢᠶ᠎ᠠ᠂ ᠶᠡᠷᠦᠩᠬᠡᠶ ᠱᠦᠵᠢ ᠰᠢ ᠶᠢᠨ ᠫᠢᠩ ᠪᠣᠯᠤᠨ ᠪᠦᠬᠦ ᠤᠯᠤᠰ ᠤᠨ ᠠᠷᠠᠳ ᠲᠦᠮᠡᠨ ᠤ ᠪᠦᠬᠦ ᠴᠡᠷᠢᠭ   ᠤᠨ ᠳᠠᠷᠤᠭ᠎ᠠ ᠪᠠᠶᠢᠯᠳᠤᠭᠴᠢ ᠂ ᠴᠡᠷᠢᠭ ᠠᠴᠠ ᠬᠠᠯᠠᠭᠳᠠᠭᠰᠠᠳ ᠪᠣᠯᠤᠨ ᠥᠷᠭᠡᠨ ᠣᠯᠠᠨ ᠴᠡᠷᠢᠭ ᠤᠨ ᠭᠡᠷ ᠪᠦᠯᠢ ᠶᠢᠨ ᠬᠢᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠶᠴᠡᠳ ᠬᠠᠷᠠᠭᠤᠯᠵᠤ ᠪᠤᠢ᠃ ᠴᠡᠷᠢᠭ ᠤᠨ ᠠᠯᠪᠠᠨ ᠠᠴᠠ ᠪᠠᠭᠤᠭᠰᠠᠳ ᠪᠣᠯ ᠨᠠᠮ ᠪᠠ ᠤᠯᠤᠰ ᠭᠡᠷ ᠤᠨ ᠡᠷᠬᠢᠮ ᠨᠠᠨᠳᠢᠨ ᠥᠪ ᠬᠥᠷᠥᠩᠭᠡ ᠮᠥᠨ᠂ ᠰᠢᠨ᠎ᠡ ᠴᠠᠭ ᠦᠶ᠎ᠡ ᠶᠢᠨ ᠭᠡᠷᠡᠴᠢᠯᠡᠭᠴᠢ᠂ ᠡᠭᠦᠳᠦᠭᠴᠢ᠂ ᠪᠦᠲᠦᠭᠡᠨ ᠪᠠᠶᠢᠭᠤᠯᠤᠭᠴᠢ ᠮᠥᠨ᠃ ᠲᠡᠳᠡ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠪᠤᠴᠠᠨ ᠢᠷᠡᠵᠦ᠂ ᠠᠷᠠᠳ ᠲᠦᠮᠡᠨ ᠤ ᠠᠴᠢ ᠶᠢ ᠬᠠᠷᠢᠭᠤᠯᠤᠨ᠎ᠠ᠃ ᠬᠡᠳᠦᠶᠢᠪᠡᠷ ᠴᠡᠷᠢᠭ ᠤᠨ ᠬᠤᠪᠴᠠᠰᠤ ᠪᠠᠨ ᠲᠠᠶᠢᠯᠤᠭᠰᠠᠨ ᠪᠣᠯᠪᠠᠴᠤ ᠲᠡᠳᠡ ᠮᠥᠨ ᠯᠡ ᠬᠠᠮᠤᠭ ᠤᠨ ᠬᠠᠶᠢᠷᠠᠯᠠᠯᠲᠠᠶ ᠬᠥᠮᠦᠨ ᠶᠤᠮ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢ ᠪᠠᠶᠢᠭᠤᠯᠬᠤ ᠨᠢ ᠲᠡᠳᠡᠨ  ᠳᠤ ᠨᠠᠩ ᠰᠠᠶᠢᠨ ᠦᠶᠯᠡᠴᠢᠯᠡᠬᠦ ᠶᠢᠨ ᠲᠥᠯᠥᠭᠡ ᠶᠤᠮ᠃      ᠰᠤᠷᠪᠤᠯᠵᠢᠯᠠᠭᠴᠢ᠄ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠠᠮᠠᠷ ᠶᠠᠮᠠᠷ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠪᠡ︖      ᠬᠤᠪᠢᠰᠬᠠᠯᠲᠤ᠄ ᠮᠠᠨ ᠤ ᠲᠣᠪᠴᠢᠶ᠎ᠠ ᠠᠷᠠᠳ ᠤᠨ ᠶᠠᠪᠤᠳᠠᠯ ᠤᠨ ᠲᠣᠪᠴᠢᠶᠠᠨ ᠤ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠨ ᠲᠥᠪᠬᠢᠨᠡᠭᠦᠯᠬᠦ ᠡᠭᠦᠷᠭᠡ ᠬᠠᠷᠢᠭᠤᠴᠠᠯᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠴᠡᠷᠢᠭ ᠤᠨ ᠳᠠᠷᠤᠭ᠎ᠠ ᠶᠢ ᠴᠡᠷᠢᠭ ᠠᠴᠠ ᠰᠢᠯᠵᠢᠭᠦᠯᠦᠨ ᠲᠥᠪᠬᠢᠨᠡᠭᠦᠯᠬᠦ ᠡᠭᠦᠷᠭᠡ ᠬᠠᠷᠢᠭᠤᠴᠠᠯᠭ᠎ᠠ ᠵᠢᠴᠢ ᠴᠡᠷᠢᠭ ᠠᠩᠭᠢ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ  ᠶᠢ ᠡᠮᠬᠢᠯᠡᠨ ᠨᠡᠶᠢᠯᠡᠭᠦᠯᠦᠨ᠎ᠡ᠃ ᠮᠠᠨ ᠤ ᠲᠣᠪᠴᠢᠶ᠎ᠠ ᠭᠤᠤᠯᠳᠠᠭᠤ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠡᠷᠬᠡ ᠠᠰᠢᠭ ᠢ ᠬᠠᠮᠠᠭᠠᠯᠠᠬᠤ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ᠂ ᠠᠵᠢᠯ ᠣᠯᠭᠤᠵᠤ ᠦᠶᠯᠡᠰ ᠴᠣᠭᠴᠠᠯᠠᠬᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠲᠠᠯ᠎ᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠨ᠎ᠡ᠂ ᠬᠠᠷᠢᠨ ᠳᠥᠭᠦᠮ ᠡᠭᠦᠷᠭᠡ ᠴᠢᠳᠠᠪᠤᠷᠢ ᠳᠠᠪᠬᠤᠴᠠᠬᠤ ᠪᠢᠰᠢ ᠶᠤᠮ᠃      ᠰᠤᠷᠪᠤᠯᠵᠢᠯᠠᠭᠴᠢ᠄ ᠣᠳᠣᠬᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠥᠷᠨᠢᠭᠦᠯᠬᠦ ᠶᠢᠨ ᠦᠶᠯᠡᠳᠦᠯ ᠨᠢ ᠶᠠᠭᠤ ᠪᠣᠶ︖      ᠬᠤᠪᠢᠰᠬᠠᠯᠲᠤ᠄ ᠮᠡᠳᠡᠭᠡ ᠵᠠᠩᠭᠢ ᠴᠤᠭᠯᠠᠭᠤᠯᠬᠤ ᠳᠤ ᠭᠤᠤᠯᠳᠠᠭᠤ ᠦᠨᠡᠨ ᠪᠣᠳᠠᠲᠠᠶ ᠲᠤᠭ᠎ᠠ ᠪᠠᠷᠢᠮᠲᠠ ᠶᠢ ᠲᠥᠷᠥᠯ ᠬᠤᠪᠢᠶᠠᠨ ᠡᠵᠡᠮᠰᠢᠵᠦ᠂ ᠬᠤᠶᠢᠰᠢᠳᠠ ᠤᠯᠤᠰ ᠠᠴᠠ ᠬᠠᠷᠠᠭᠠᠯᠵᠠᠯᠲᠤ ᠲᠥᠷᠥ ᠶᠢᠨ ᠪᠣᠳᠣᠯᠭ᠎ᠠ ᠲᠣᠭᠲᠠᠭᠠᠬᠤ  ᠳᠤ ᠰᠠᠭᠤᠷᠢ ᠲᠠᠯᠪᠢᠵᠤ᠂ ᠦᠨᠳᠦᠰᠦᠨ ᠵᠣᠷᠢᠯᠭ᠎ᠠ ᠨᠢ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠲᠤ ᠨᠠᠩ ᠰᠠᠶᠢᠨ ᠦᠶᠯᠡᠴᠢᠯᠡᠬᠦ ᠶᠢᠨ ᠲᠥᠯᠥᠭᠡ ᠶᠤᠮ᠃      ᠰᠤᠷᠪᠤᠯᠵᠢᠯᠠᠭᠴᠢ᠄ 2019 ᠣᠨ ᠳᠤ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠯᠢ ᠬᠡᠳᠦᠨ ᠲᠠᠯ᠎ᠠ ᠪᠠᠷ ᠠᠵᠢᠯ ᠢᠶᠠᠨ ᠥᠷᠨᠢᠭᠦᠯᠬᠦ ᠪᠣᠶ︖       ᠬᠤᠪᠢᠰᠬᠠᠯᠲᠤ᠄ 2019 ᠣᠨ ᠪᠣᠯ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠪᠣᠯᠤᠨ᠎ᠠ᠂ ᠮᠥᠨᠴᠦ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠡᠬᠢᠯᠡᠯᠲᠡ ᠶᠢᠨ ᠵᠢᠯ ᠮᠥᠨ᠃ 2019 ᠣᠨ  ᠳᠤ ᠴᠡᠷᠢᠭ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠲᠠᠷᠠᠭᠠᠴᠢ ᠶᠢᠨ ᠠᠯᠬᠤᠮ ᠳᠤ ᠳᠣᠤᠷᠠᠬᠢ ᠬᠡᠳᠦᠨ ᠲᠠᠯ᠎ᠠ ᠶᠢᠨ ᠠᠵᠢᠯ ᠢ ᠥᠷᠨᠢᠭᠦᠯᠦᠨ᠎ᠡ᠄ ᠨᠢᠭᠡ ᠳᠤ ᠮᠡᠳᠡᠭᠡ ᠵᠠᠩᠭᠢ ᠴᠤᠭᠯᠠᠭᠤᠯᠬᠤ ᠪᠠ ᠢᠷᠠᠭᠤ ᠠᠯᠳᠠᠷᠲᠤ ᠫᠠᠶᠢᠰᠠ ᠡᠯᠭᠦᠬᠦ ᠠᠵᠢᠯ ᠢ ᠶᠡᠭᠡ ᠪᠠᠷ ᠠᠬᠢᠭᠤᠯᠤᠨ᠎ᠠ︔ ᠬᠤᠶᠠᠷ ᠲᠤ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠷᠭᠢᠨ ᠦᠵᠡᠵᠦ ᠲᠣᠬᠤᠨᠢᠭᠤᠯᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ︔ ᠭᠤᠷᠪᠠ ᠳᠤ ᠠᠵᠢᠯ ᠣᠯᠭᠤᠵᠤ ᠠᠳᠠᠯ ᠦᠶᠯᠡᠰ ᠴᠣᠭᠴᠠᠯᠠᠬᠤ ᠪᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠬᠦᠴᠦᠯᠡᠨ ᠴᠢᠩᠭᠠᠳᠬᠠᠵᠤ᠂ ᠬᠥᠮᠦᠵᠢᠯ ᠪᠣᠯᠪᠠᠰᠤᠷᠠᠭᠤᠯᠤᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠳᠥᠷᠪᠡ ᠳᠤ᠂ ᠴᠡᠷᠢᠭ  ᠠᠴᠠ ᠬᠠᠯᠠᠭᠳᠠᠭᠰᠠᠳ ᠲᠤ ᠦᠶᠯᠡᠴᠢᠯᠡᠬᠦ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠡᠭᠦᠨ ᠳᠤ ᠨᠢᠭᠡ ᠲᠥᠪ ᠬᠤᠶᠠᠷ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠠᠭᠲᠠᠭᠠᠵᠤ᠂ ᠣᠳᠣᠬᠠᠨ ᠳᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠲᠤ ᠦᠶᠯᠡᠴᠢᠯᠡᠬᠦ ᠲᠥᠪ ᠨᠢᠭᠡᠨᠲᠡ ᠪᠠᠶᠢᠭᠤᠯᠤᠭᠳᠠᠵᠤ᠂ ᠪᠠᠯᠭᠠᠰᠤ ᠲᠣᠰᠬᠤᠨ ᠬᠤᠶᠠᠷ ᠱᠠᠲᠤᠨ ᠤ ᠴᠡᠷᠢᠭ ᠠᠴᠠ ᠬᠠᠯᠠᠭᠳᠠᠭᠰᠠᠳ ᠲᠤ ᠦᠶᠯᠡᠴᠢᠯᠡᠬᠦ ᠥᠷᠲᠡᠭᠡ ᠶᠢ ᠱᠠᠯᠠᠪᠳᠠᠨ ᠪᠠᠢᠭᠤᠯᠵᠤ ᠪᠠᠶᠢᠨ᠎ᠠ︔ ᠲᠠᠪᠤ  ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ  ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠴᠡᠷᠢᠭ ᠤᠨ ᠠᠯᠪᠠᠨ ᠠᠴᠠ ᠪᠠᠭᠤᠭᠰᠠᠨ ᠬᠡᠰᠡᠭ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠶᠳᠪᠦᠷᠢᠯᠡᠬᠦ ᠲᠤᠬᠠᠶ ᠰᠠᠨᠠᠯ︾ ᠢ ᠦᠨᠳᠦᠰᠦᠯᠡᠨ᠂ ᠴᠡᠷᠢᠭ ᠤᠨ ᠠᠯᠪᠠᠨ ᠠᠴᠠ ᠪᠠᠭᠤᠭᠰᠠᠨ ᠬᠡᠰᠡᠭ ᠪᠠᠶᠢᠯᠳᠤᠭᠴᠢᠳ ᠤᠨ ᠦᠨᠳᠦᠰᠦᠨ ᠨᠠᠰᠤᠵᠢᠯ᠂ ᠡᠮ ᠡᠮᠨᠡᠯᠭᠡ ᠶᠢᠨ ᠬᠦᠴᠢᠷᠳᠡᠯ ᠤᠨ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号