ᠲᠥᠷᠥ ᠶᠢᠨ ᠲᠠᠮᠠᠭ᠎ᠠ
ᠨᠡᠶᠢᠲᠡᠯᠡᠭᠰᠡᠨ ᠴᠠᠭ᠄
2019/9/20
      ᠠᠯᠢᠪᠠ ᠲᠥᠷᠥ ᠤᠯᠤᠰ ᠤᠨ ᠡᠷᠬᠡ ᠵᠠᠰᠠᠭ᠂ ᠰᠦᠷ ᠬᠦᠴᠦᠨ ᠤ ᠪᠡᠯᠭᠡᠳᠡᠯ ᠨᠢ ᠲᠠᠮᠠᠭ᠎ᠠ ᠶᠤᠮ᠃       ᠰᠤᠷᠪᠤᠯᠵᠢ ᠪᠢᠴᠢᠭ ᠤᠨ ᠮᠡᠳᠡᠭᠡ ᠪᠠᠷ ᠮᠠᠨ ᠤ ᠲᠣᠭᠠᠯᠠᠯ ᠤᠨ ᠡᠮᠦᠨᠡᠬᠢ 4 — 1 ᠳ᠋ᠦ᠋ᠭᠡᠷ ᠵᠠᠭᠤᠨ ᠤ ᠦᠶ᠎ᠡ  ᠶᠢᠨ ᠾᠦᠩᠨᠦ ᠤᠯᠤᠰ ᠤᠨ ᠬᠠᠭᠠᠨ ᠨᠢ ᠲᠥᠷᠥ ᠶᠢᠨ ᠲᠤᠰᠬᠠᠢ ᠲᠠᠮᠠᠭ᠎ᠠ ᠲᠠᠢ ᠪᠣᠯᠵᠠᠢ᠃       4 ᠳ᠋ᠦ᠋ᠭᠡᠷ ᠵᠠᠭᠤᠨ ᠤ ᠦᠶ᠎ᠡ ᠳᠤ ᠪᠠᠶᠢᠭᠰᠠᠨ ᠮᠣᠩᠭᠤᠯ ᠤᠭᠰᠠᠭᠠᠲᠠᠨ ᠤ ᠲᠣᠪᠠ ᠤᠯᠤᠰ ᠤᠨ ᠬᠠᠭᠠᠨ ᠨᠢ ︽ᠬᠦᠷᠡᠩ ᠰᠠᠴᠤᠭ ᠣᠭᠤᠰᠣᠷ ᠲᠠᠢ ᠠᠯᠲᠠᠨ ᠲᠠᠮᠠᠭ᠎ᠠ︾ ᠲᠠᠢ ᠪᠠᠶᠢᠵᠠᠢ᠃       8 ᠳ᠋ᠤᠭᠠᠷ ᠵᠠᠭᠤᠨ ᠤ ᠦᠶ᠎ᠡ ᠶᠢᠨ ᠨᠠᠢᠮᠠᠨ ᠠᠶᠢᠮᠠᠭ ᠤᠨ ᠲᠡᠷᠢᠭᠦᠯᠡᠭᠴᠢ ︽ᠠᠯᠲᠠᠨ ᠲᠠᠮᠠᠭ᠎ᠠ︾ ᠲᠠᠢ ᠪᠠᠶᠢᠭᠰᠠᠨ ᠪᠠ ᠲᠡᠭᠦᠨ ᠢ ᠬᠠᠳᠠᠭᠠᠯᠠᠳᠠᠭ ᠲᠠᠮᠠᠭᠠᠴᠢ ᠲᠠᠢ ᠪᠠᠶᠢᠭᠰᠠᠨ᠃ 8 ᠳ᠋ᠤᠭᠠᠷ ᠵᠠᠭᠤᠨ ᠤ ᠦᠶ᠎ᠡ ᠳᠤ ᠮᠣᠩᠭᠤᠯ ᠭᠦᠷᠦᠨ ᠡᠭᠦᠰᠦᠭᠰᠡᠨ ᠠᠴᠠ ᠬᠤᠶᠢᠰᠢ ᠲᠥᠷᠥ ᠶᠢᠨ ᠬᠠᠰᠪᠤ ᠲᠠᠮᠠᠭ᠎ᠠ ᠬᠡᠷᠡᠭᠯᠡᠬᠦ ᠪᠣᠯᠵᠠᠢ᠃       ᠡᠨᠡ ᠦᠶ᠎ᠡ ᠶᠢᠨ ᠲᠠᠮᠠᠭᠠᠨ ᠤ ᠳᠤᠷᠠᠰᠬᠠᠯ ᠨᠢ 1246 ᠣᠨ ᠳᠤ ᠮᠣᠩᠭᠤᠯ ᠤᠨ ᠬᠠᠭᠠᠨ ᠭᠥᠶᠥᠭ ᠠᠴᠠ ᠷᠣᠮᠠ ᠶᠢᠨ ᠫᠠᠫᠠ ᠯᠠᠮᠠ ᠳᠤ ᠢᠯᠡᠭᠡᠭᠰᠡᠨ ᠪᠢᠴᠢᠭ ᠲᠤ ᠳᠠᠷᠤᠭᠰᠠᠨ ᠲᠠᠮᠠᠭᠠᠨ ᠤ ᠳᠠᠷᠤᠳᠠᠰᠤ ᠶᠤᠮ᠃       ᠲᠡᠷᠡ ᠲᠠᠮᠠᠭᠠᠨ ᠤ ᠦᠭᠡ ᠨᠢ᠄       ︽ᠮᠥᠩᠬᠡ ᠲᠡᠭᠷᠢ ᠶᠢᠨ ᠬᠦᠴᠦᠨ ᠳᠣᠣᠷ᠎ᠠ       ᠶᠡᠭᠡ ᠮᠣᠩᠭᠤᠯ ᠤᠯᠤᠰ ᠤᠨ ᠳᠠᠯᠠᠢ ᠬᠠᠭᠠᠨ ᠤ ᠵᠠᠷᠯᠢᠭ       ᠢᠯᠠ ᠪᠤᠯᠬ᠎ᠠ ︵ᠬᠠᠷᠢ ᠣᠷᠣᠨ ᠤ︶       ᠢᠷᠭᠡᠨ ᠳᠤ ᠬᠦᠷᠪᠡᠰᠦ ᠪᠢᠰᠢᠷᠡᠲᠦᠭᠡᠢ᠂ ᠠᠶᠤᠲᠤᠭᠠᠢ︾ ᠭᠡᠰᠡᠨ ᠪᠠᠶᠢᠨ᠎ᠠ᠃       14 ᠳ᠋ᠦ᠋ᠭᠡᠷ ᠵᠠᠭᠤᠨ ᠤ ᠦᠶ᠎ᠡ ᠶᠢᠨ ᠳᠥᠷᠪᠡᠯᠵᠢᠨ ᠰᠠᠭᠤᠷᠢ ᠲᠠᠢ᠂ ᠰᠠᠭᠤᠷᠢᠨ ᠳᠡᠭᠡᠷ᠎ᠡ ᠪᠠᠨ ᠬᠡᠪᠲᠡᠭᠡ ᠠᠷᠢᠶᠠᠲᠠᠨ ︵ᠪᠠᠷᠰ︶ ᠶᠢᠨ ᠳᠦᠷᠰᠦᠨ ᠪᠠᠷᠢᠭᠤᠯ ᠲᠠᠢ ᠲᠠᠮᠠᠭ᠎ᠠ ᠬᠠᠷᠠᠬᠤᠷᠢᠨ ᠬᠤᠲᠠ ᠠᠴᠠ ᠣᠯᠳᠠᠭᠰᠠᠨ ᠪᠠᠶᠢᠨ᠎ᠠ᠃       ᠲᠡᠷᠡ ᠦᠶ᠎ᠡ ᠳᠤ ᠲᠥᠷᠥ ᠶᠢᠨ ᠬᠠᠰ ᠲᠠᠮᠠᠭ᠎ᠠ᠂ ᠠᠯᠲᠠᠨ ᠲᠠᠮᠠᠭ᠎ᠠ ᠬᠡᠷᠡᠭᠯᠡᠬᠦ ᠵᠢᠷᠤᠮ ᠲᠣᠭᠲᠠᠭᠰᠠᠨ ᠪᠥᠭᠡᠳ ᠲᠠᠷᠠᠭᠠᠬᠤ ᠡᠷᠭᠦᠮᠵᠢᠯᠡᠯ ︵ᠰᠠᠶᠢᠰᠢᠶᠠᠯ ᠤᠨ ᠦᠨᠡᠮᠯᠡᠬᠦ︶ ᠳᠤ ᠲᠡᠷᠢᠭᠦᠨ ᠳᠡᠳ᠋ ᠵᠡᠷᠭᠡ ᠪᠣᠯ ᠬᠠᠰ ᠲᠠᠮᠠᠭ᠎ᠠ ᠬᠡᠷᠡᠭᠯᠡᠬᠦ᠂ ᠭᠤᠷᠪᠠ ᠠᠴᠠ ᠲᠠᠪᠤᠳᠤᠭᠠᠷ ᠵᠡᠷᠭᠡ ᠳᠤ ᠠᠯᠲᠠᠨ ᠲᠠᠮᠠᠭ᠎ᠠ ᠬᠡᠷᠡᠭᠯᠡᠭᠦᠯᠬᠦ ᠪᠣᠯᠭᠠᠵᠠᠢ᠃ 15 — 16 ᠳ᠋ᠤᠭᠠᠷ ᠵᠠᠭᠤᠨ  ᠤ ᠦᠶ᠎ᠡ ᠳᠤ ︽ᠶᠡᠭᠡ ᠲᠠᠮᠠᠭ᠎ᠠ︾᠂ ︽ᠠᠯᠲᠠᠨ ᠲᠠᠮᠠᠭ᠎ᠠ︾ ᠬᠡᠷᠡᠭᠯᠡᠵᠦ ᠪᠠᠶᠢᠭᠰᠠᠨ ᠭᠡᠳᠡᠭ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号