| | | | | | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠠᠨ ᠲᠠᠪᠤᠳᠤᠭᠠᠷ ᠵᠦᠢᠯ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ | ᠲᠤᠰ ᠬᠠᠤᠯᠢ ᠶᠢᠨ ᠲᠤᠭᠳᠠᠭᠠᠯ ᠶᠤᠰᠤᠭᠠᠷ ᠮᠡᠳᠡᠬᠦᠯᠦᠯᠳᠡ ᠬᠢᠬᠦ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ | ᠦᠭᠡᠢ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ | ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠡᠬᠦᠰᠦᠭᠰᠡᠨ᠂ | ᠲᠡᠯᠭᠡᠷᠡᠭᠰᠡᠨ ᠦᠶ᠎ᠡ ᠳᠤ ᠴᠠᠭ ᠲᠤᠬᠠᠢ ᠳᠤᠨᠢ ᠠᠪᠤᠷᠠᠵᠤ ᠵᠠᠰᠠᠬᠤ ᠠᠵᠢᠯ ᠢ ᠵᠤᠬᠢᠶᠠᠨ ᠪᠠᠶᠢᠭᠤᠯᠤᠬᠰᠠᠨ ᠦᠭᠡᠢ᠂ | ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ | ᠤᠷᠳᠤᠨ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ | ᠲᠡᠯᠭᠡᠷᠡᠬᠦ ᠳᠤ ᠬᠦᠷᠦᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ | ᠲᠠᠢ ᠡᠷᠬᠢᠯᠡᠨ ᠬᠠᠮᠢᠶᠠᠷᠬᠤ ᠬᠥᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ | ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤᠰ ᠬᠠᠤᠯᠢ ᠶᠢᠨ ᠲᠤᠭᠳᠠᠭᠠᠯ ᠢ | ᠵᠦᠷᠢᠴᠡᠵᠤ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠲᠤᠰ ᠱᠠᠳᠤᠨ ᠤ | ᠠᠷᠠᠳ ᠤᠨ ᠵᠠᠰᠠᠭ ᠤᠨ ᠤᠷᠳᠤᠨ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠡᠷᠡᠬᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ | ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ | ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠪᠠ ᠰᠢᠭᠤᠳ | ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ | ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠳᠡᠬᠦ᠂ ᠮᠡᠳᠡᠬᠦᠯᠬᠦ ᠪᠤᠶᠤ | ᠨᠡᠶᠢᠲᠡᠯᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ | ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ | ᠮᠡᠳᠡᠬᠦᠯᠦᠭᠰᠡᠨ︔ | ︵ᠬᠤᠶᠠᠷ︶ ᠬᠠᠯᠳᠠᠪᠤᠷᠢᠳᠤ ᠡᠪᠡᠳᠴᠢᠨ ᠤ ᠲᠠᠷᠬᠠᠯᠲᠠ ᠡᠬᠦᠰᠦᠭᠰᠡᠨ ᠪᠤᠶᠤ ᠡᠬᠦᠰᠴᠦ ᠮᠡᠳᠡᠬᠦ ᠦᠶ᠎ᠡ ᠳᠤ | ᠴᠠᠭ ᠲᠤᠬᠠᠢ ᠳᠤᠨᠢ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠦᠯᠦ ᠠᠪᠤᠭᠰᠠᠨ︔ | ︵ᠭᠤᠷᠪᠠ︶ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ | ᠬᠦᠢᠴᠡᠳᠭᠡᠭᠰᠡᠨ᠂ ᠡᠰᠡᠬᠦᠯ᠎ᠡ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠭᠡᠳ ᠴᠠᠭ ᠲᠤᠬᠠᠢ | ᠳᠤᠨᠢ ᠡᠰᠡ ᠪᠠᠶᠢᠴᠠᠭᠠᠨ ᠰᠢᠳᠭᠡᠭᠰᠡᠨ︔ | ︵ᠲᠦᠷᠪᠡ︶ ᠲᠤᠤᠷᠠᠳᠤ ᠱᠠᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠠᠶᠢᠬᠤ ᠶᠢ | ᠢᠯᠡᠴᠢᠯᠡᠨ ᠮᠡᠳᠡᠬᠦᠯᠦᠭᠰᠡᠨ ᠨᠢᠬᠡᠴᠢ ᠪᠠ ᠬᠤᠪᠢ ᠬᠦᠮᠦᠨ ᠤ ᠮᠡᠳᠡᠬᠦᠯᠦᠯᠳᠡ ᠶᠢ ᠴᠠᠭ ᠲᠤᠬᠠᠢ ᠳᠤᠨᠢ ᠡᠰᠡ | ᠪᠠᠶᠢᠴᠠᠭᠠᠨ ᠰᠢᠢᠳᠪᠤᠷᠢᠯᠡᠭᠰᠡᠨ︔ | ︵ᠲᠠᠪᠤ︶ ᠲᠤᠰ ᠬᠠᠤᠯᠢ ᠶᠢ ᠵᠦᠷᠢᠴᠡᠭᠰᠡᠨ ᠲᠤᠰᠢᠶᠠᠯ ᠳᠠᠭᠠᠨ ᠤᠰᠤᠯᠳᠠᠵᠤ᠂ ᠲᠤᠰᠢᠶᠠᠯ ᠢᠶᠠᠨ | ᠭᠤᠳᠤᠭᠠᠭᠰᠠᠨ ᠪᠤᠰᠤᠳ ᠦᠢᠯᠡ ᠠᠵᠢᠯᠯᠠᠭ᠎ᠠ᠃ | ᠵᠢᠷᠠᠨ ᠲᠤᠯᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ | ᠡᠪᠡᠳᠴᠢᠨ ᠢ ᠰᠡᠷᠭᠡᠶᠢᠯᠡᠨ ᠵᠠᠰᠠᠬᠤ ᠪᠠ ᠰᠡᠷᠭᠡᠶᠢᠯᠡᠨ ᠵᠠᠰᠠᠬᠤ ᠶᠢ ᠪᠠᠳᠤᠯᠠᠬᠤ ᠲᠤᠰᠢᠶᠠᠯ ᠬᠠᠷᠢᠭᠤᠴᠠᠯᠭ᠎ᠠ ᠪᠠᠨ ᠦᠯᠦ | ᠬᠦᠢᠴᠡᠳᠭᠡᠭᠰᠡᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠭᠡᠳᠦ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ | ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ | ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ | ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ | ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠨᠠᠢᠮᠠᠳᠤᠭᠠᠷ ᠵᠦᠢᠯ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠵᠤ ᠬᠢᠵᠠᠭᠠᠷᠯᠠᠬᠤ | ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ | ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ | ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ︔ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ | ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ | ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ | ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ | ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠯᠳᠠᠪᠤᠷᠢᠳᠤ ᠡᠪᠡᠳᠴᠢᠨ ᠢ ᠬᠢᠨᠠᠵᠤ ᠬᠡᠮᠵᠢᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ | ᠶᠤᠰᠤᠭᠠᠷ ᠬᠦᠢᠴᠡᠳᠭᠡᠭᠰᠡᠨ ᠦᠭᠡᠢ︔ | ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠬᠦᠯᠬᠦ᠂ ᠮᠡᠳᠡᠭᠳᠡᠬᠦ ᠲᠤᠰᠢᠶᠠᠯ | ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ | ︔ | ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠰᠠᠨᠠᠭᠠᠴᠢᠯᠠᠭ᠎ᠠ | ᠲᠠᠢ ᠪᠠᠷ ᠴᠤᠭᠯᠠᠭᠤᠯᠤᠭᠰᠠᠨ ᠦᠭᠡᠢ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ | ᠵᠠᠩᠬᠢ ᠪᠠ ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠴᠠᠭ ᠲᠤᠬᠠᠢ ᠳᠤᠨᠢ ᠵᠠᠳᠠᠯᠤᠨ ᠰᠢᠨᠵᠢᠯᠡᠵᠤ᠂ ᠪᠠᠶᠢᠴᠠᠭᠠᠨ | ᠰᠤᠳᠤᠯᠵᠤ᠂ ᠬᠢᠨᠠᠨ ᠮᠠᠭᠠᠳᠯᠠᠬᠰᠠᠨ ᠦᠭᠡᠢ︔ | ︵ᠲᠦᠷᠪᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ | ᠲᠤᠰᠢᠶᠠᠯ ᠬᠠᠷᠢᠭᠤᠴᠠᠯᠭ᠎ᠠ ᠶᠤᠰᠤᠭᠠᠷ ᠲᠤᠰ ᠬᠠᠤᠯᠢ ᠳᠤ ᠲᠤᠭᠳᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ︔ | | ︵ᠲᠠᠪᠤ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ | ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠢᠢᠷᠠᠳᠤᠭᠰᠠᠳ ᠤᠨ ᠬᠤᠪᠢ ᠬᠦᠮᠦᠨ ᠤ | ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃ | ᠵᠢᠷᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ | ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ | ᠡᠪᠡᠳᠴᠢᠨ ᠲᠠᠷᠬᠠᠬᠤ᠂ ᠲᠡᠯᠬᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ | ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ | ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ | ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ | ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠬᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠠᠵᠢᠯ᠂ | ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠬᠢᠵᠠᠭᠠᠷᠯᠠᠬᠤ ᠡᠬᠦᠷᠭᠡ ᠪᠠ ᠬᠠᠷᠢᠭᠤᠴᠠᠯᠭᠠᠳᠤ ᠤᠷᠤᠨ ᠤ ᠪᠠᠨ | ᠲᠤᠳᠤᠷᠠᠬᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠢ ᠲᠤᠭᠳᠠᠭᠠᠯ ᠶᠤᠰᠤᠭᠠᠷ ᠦᠯᠦ ᠡᠭᠦᠷᠭᠡᠯᠡᠭᠰᠡᠨ︔ | ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ | ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ | ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ︔ | ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ | ᠬᠠᠯᠳᠠᠪᠤᠷᠢᠳᠤ ᠡᠪᠡᠳᠴᠢᠳᠡᠨ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠳᠤ ᠡᠮᠴᠢᠯᠡᠵᠤ ᠠᠪᠤᠷᠠᠬᠤ᠂ | ᠲᠤᠬᠠᠢ ᠶᠢᠨ ᠲᠠᠯᠠᠪᠤᠷ ᠲᠤᠨᠢ ᠠᠪᠤᠷᠠᠵᠤ ᠲᠤᠰᠠᠯᠠᠬᠤ᠂ ᠤᠨᠤᠰᠢᠯᠠᠬᠤ᠂ ᠰᠢᠯᠵᠢᠬᠦᠯᠦᠨ ᠤᠨᠤᠰᠢᠯᠠᠬᠤ | ᠦᠢᠯᠡᠴᠢᠯᠡᠭᠡ ᠶᠢ ᠲᠤᠭᠳᠠᠭᠠᠯ ᠶᠤᠰᠤᠭᠠᠷ ᠦᠯᠦ ᠬᠠᠨᠭ᠍ᠭᠠᠭᠰᠠᠨ᠂ ᠡᠰᠡᠬᠦᠯ᠎ᠡ ᠰᠢᠯᠵᠢᠬᠦᠯᠦᠨ ᠤᠨᠤᠰᠢᠯᠠᠬᠤ ᠶᠢ | ᠬᠦᠯᠢᠶᠡᠵᠦ ᠠᠪᠬᠤ ᠶᠢ ᠲᠡᠪᠴᠢᠭᠰᠡᠨ︔ | ︵ᠲᠦᠷᠪᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ | ᠪᠤᠬᠢᠷᠳᠤᠭᠳᠠᠭᠰᠠᠨ ᠲᠠᠯᠠᠪᠤᠷ ᠭᠠᠵᠠᠷ᠂ ᠡᠳ᠋ ᠪᠤᠳᠠᠰ ᠵᠢᠴᠢ ᠡᠮᠴᠢᠯᠡᠬᠡᠨ ᠤ ᠬᠠᠶᠠᠭᠳᠠᠮᠠᠯ ᠡᠳ᠋ ᠢ ᠲᠤᠭᠳᠠᠭᠠᠯ ᠶᠤᠰᠤᠭᠠᠷ | ᠦᠯᠦ ᠠᠷᠢᠭᠤᠳᠬᠠᠭᠰᠠᠨ ᠪᠤᠶᠤ ᠬᠤᠤᠷ ᠦᠭᠡᠶᠢᠵᠢᠬᠦᠯᠦᠨ ᠰᠢᠢᠳᠪᠤᠷᠢᠯᠡᠭᠰᠡᠨ ᠦᠭᠡᠢ︔ | ︵ᠲᠠᠪᠤ︶ ᠡᠮᠴᠢᠯᠡᠬᠡᠨ ᠤ ᠪᠠᠭᠠᠵᠢ ᠬᠡᠷᠡᠭᠯᠡᠬᠦᠷ ᠢ ᠲᠤᠭᠳᠠᠭᠠᠯ ᠶᠤᠰᠤᠭᠠᠷ ᠦᠯᠦ ᠠᠷᠢᠭᠤᠳᠬᠠᠭᠰᠠᠨ᠂ | ᠡᠰᠡᠬᠦᠯ᠎ᠡ ᠲᠤᠭᠳᠠᠭᠠᠯ ᠶᠤᠰᠤᠭᠠᠷ ᠨᠢᠭᠡ ᠯᠠ ᠤᠳᠠᠭ᠎ᠠ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠢ ᠦᠭᠡᠶᠢᠬᠢᠭᠰᠡᠨ | ᠦᠭᠡᠢ ᠪᠠᠷ ᠲᠠᠬᠢᠨ ᠬᠡᠷᠡᠭᠯᠡᠭᠰᠡᠨ︔ | ︵ᠵᠢᠷᠭᠤᠭ᠎ᠠ︶ ᠡᠮᠨᠡᠵᠤ ᠠᠪᠤᠷᠠᠬᠤ ᠶᠠᠪᠤᠴᠠ ᠳᠠᠭᠠᠨ ᠠᠨᠠᠭᠠᠬᠤ ᠤᠬᠠᠭᠠᠨ ᠤ ᠲᠡᠮᠳᠡᠭᠯᠡᠯ ᠮᠠᠲ᠋ᠧᠷᠢᠶᠠᠯ ᠢ | ᠲᠤᠭᠳᠠᠭᠠᠯ ᠶᠤᠰᠤᠭᠠᠷ ᠡᠰᠡ ᠬᠠᠳᠠᠭᠠᠯᠠᠨ ᠬᠠᠮᠢᠶᠠᠷᠤᠭᠰᠠᠨ︔ | ︵ᠲᠤᠯᠤᠭ᠎ᠠ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ | ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠢᠢᠷᠠᠳᠤᠭᠰᠠᠳ ᠤᠨ ᠬᠤᠪᠢ ᠬᠦᠮᠦᠨ ᠤ | ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃ | ᠲᠠᠯᠠᠳᠤᠭᠠᠷ ᠵᠦᠢᠯ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ | ᠂ ᠡᠰᠡᠬᠦᠯ᠎ᠡ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠵᠢᠬᠦᠯᠦᠭᠰᠡᠨ ᠦᠭᠡᠢ ᠠᠴᠠ ᠪᠤᠯᠵᠤ ᠶᠡᠬᠦᠯᠡᠭᠰᠡᠨ | ᠴᠢᠰᠦ ᠨᠢ ᠴᠢᠰᠤ ᠪᠠᠷ ᠳᠠᠮᠵᠢᠬᠤ ᠡᠪᠡᠳᠴᠢᠨ ᠢ ᠡᠬᠦᠰᠭᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ | ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ | ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ | ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ | ᠰᠢᠳᠭᠡᠯ ᠦᠭᠬᠦ ᠶᠢᠨ ᠬᠠᠮᠳᠤ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ | ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ | ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠠᠤᠯᠢ ᠪᠤᠰᠤ ᠪᠠᠷ ᠴᠢᠰᠤ ᠠᠪᠴᠤ ᠴᠤᠭᠯᠠᠭᠤᠯᠤᠭᠰᠠᠨ ᠪᠤᠶᠤ ᠪᠤᠰᠤᠳ ᠢ ᠵᠤᠬᠢᠶᠠᠨ ᠪᠠᠶᠢᠭᠤᠯᠵᠤ ᠴᠢᠰᠤ | ᠬᠤᠳᠠᠯᠳᠤᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠴᠠᠭᠠᠵᠠᠯᠠᠵᠤ᠂ ᠬᠠᠤᠯᠢ ᠶᠢ ᠵᠥᠷᠢᠴᠡᠵᠦ ᠣᠯᠤᠭᠰᠠᠨ | ᠤᠯᠵᠠ ᠠᠰᠢᠭ ᠢ ᠨᠢ ᠬᠤᠷᠢᠶᠠᠨ ᠠᠪᠴᠤ᠂ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ | ᠪᠠᠷ ᠨᠠᠶᠢᠯᠡᠬᠦᠯᠦᠨ ᠰᠢᠳᠬᠡᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠲᠠᠯᠠᠨ ᠨᠢᠭᠡᠳᠦᠭᠡᠷ ᠵᠦᠢᠯ ᠤᠯᠤᠰ ᠤᠨ ᠬᠢᠯᠢ ᠶᠢᠨ ᠡᠷᠡᠬᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ | ᠪᠠᠶᠢᠭᠤᠯᠭ᠎ᠠ᠂ ᠠᠮᠢᠳᠠᠨ ᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ | ᠪᠠᠶᠢᠳᠠᠯ ᠢ ᠮᠡᠳᠡᠭᠳᠡᠬᠦᠲ᠋ᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ ᠪᠠᠶᠢᠪᠠᠯ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ | ᠲᠤᠳᠤᠷ᠎ᠠ ᠪᠠᠨ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ | ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ | ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ | ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ | ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ | ᠃ | ᠲᠠᠯᠠᠨ ᠬᠤᠶᠠᠳᠤᠭᠠᠷ ᠵᠦᠢᠯ ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠬᠡᠷᠡᠭᠴᠡᠭᠡᠨ ᠤ | ᠠᠭᠠᠷ ᠤᠨ ᠠᠶᠠᠯᠠᠯ ᠤᠨ ᠡᠵᠡᠩᠨᠡᠯᠳᠡ ᠶᠢᠨ ᠨᠢᠭᠡᠴᠢ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ | ᠡᠪᠡᠳᠴᠢᠨ ᠤ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯᠳᠠᠨ ᠵᠢᠴᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ | ᠵᠠᠰᠠᠬᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠭᠡᠷᠡᠭᠯᠡᠬᠦᠷ ᠢ ᠡ᠊ᠩ ᠲᠡᠷᠢᠬᠦᠨ ᠳᠤ ᠵᠥᠭᠡᠭᠡᠪᠦᠷᠢᠯᠡᠭᠰᠡᠨ ᠦᠭᠡᠢ | ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ | ᠂ ᠳᠣᠩᠭᠤᠳᠤᠨ᠎ᠠ︔ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ | ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ | ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦᠰᠢᠳᠭᠡᠯ ᠦᠭᠬᠦᠨ᠎ᠡ᠃ | ᠲᠠᠯᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠠᠳ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ | ᠬᠦᠷᠦᠭᠦᠯᠥᠭᠰᠡᠨ ᠪᠤᠶᠤ ᠬᠦᠷᠥᠭᠦᠯᠬᠦᠪᠤᠯᠤᠯᠴᠠᠭᠠ ᠲᠠᠢ ᠪᠤᠯᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠤᠯᠵᠠ ᠠᠰᠢᠭ ᠢ | ᠨᠢ ᠬᠤᠷᠢᠶᠠᠨ ᠠᠪᠴᠤ᠂ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠨᠠᠶᠢᠯᠡᠬᠦᠯᠦᠨ ᠰᠢᠳᠭᠡᠵᠦ ᠪᠤᠯᠤᠨ᠎ᠠ︔ ᠨᠢᠭᠡᠨᠳᠡ ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ᠂ ᠦᠨᠡᠮᠯᠡᠯ | ᠤᠯᠭᠤᠭᠰᠠᠨ ᠤᠤᠯ ᠤᠨ ᠰᠠᠯᠠᠭ᠎ᠠ ᠮᠦᠴᠢᠷ ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ | ᠠᠪᠬᠤ ᠪᠤᠶᠤ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ | ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠤᠤᠭᠤᠬᠤ ᠤᠰᠤ ᠬᠠᠨᠭ᠍ᠭᠠᠬᠤ ᠨᠢᠭᠡᠴᠢ ᠶᠢᠨ ᠬᠠᠨᠭ᠍ᠭᠠᠭᠰᠠᠨ ᠤᠤᠭᠤᠬᠤ ᠤᠰᠤ ᠨᠢ ᠤᠯᠤᠰ ᠤᠨ | ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠤᠯᠤᠨ ᠡᠷᠡᠭᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔ | ︵ᠬᠤᠶᠠᠷ︶ ᠤᠤᠭᠤᠬᠤ ᠤᠰᠤᠨ ᠤ ᠠᠷᠢᠭᠤᠨ ᠴᠡᠪᠡᠷ ᠠᠶᠤᠯᠬᠦᠢ ᠳᠤ ᠬᠤᠯᠪᠤᠭᠳᠠᠬᠤ ᠦᠢᠯᠡᠳᠬᠦᠨ ᠨᠢ | ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔ | ︵ᠭᠤᠷᠪᠠ︶ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠠᠷᠢᠭᠤᠳᠬᠠᠯ ᠤᠨ | ᠦᠢᠯᠡᠳᠬᠦᠨ ᠨᠢ ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ | ᠨᠠᠶᠢᠴᠡᠬᠦ︔ | ︵ᠲᠦᠷᠪᠡ︶ ᠬᠢᠵᠢᠭᠳᠦ ᠤᠷᠤᠨ ᠳᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ | ᠪᠤᠬᠢᠷᠳᠤᠭᠳᠠᠭᠰᠠᠨ ᠪᠤᠶᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ | ᠪᠤᠯᠤᠯᠴᠠᠭ᠎ᠠ ᠲᠠᠢ ᠡᠳ᠋ ᠪᠤᠳᠠᠰ ᠢ ᠠᠷᠢᠭᠤᠳᠬᠠᠵᠤ ᠰᠢᠢᠳᠪᠤᠷᠢᠯᠡᠭᠰᠡᠨ ᠦᠭᠡᠢ ᠪᠠᠷ ᠬᠤᠳᠠᠯᠳᠤᠭᠰᠠᠨ᠂ | ᠲᠡᠭᠡᠭᠡᠪᠦᠷᠢᠯᠡᠭᠰᠡᠨ︔ | ︵ᠲᠠᠪᠤ︶ ᠠᠮᠢᠳᠤ ᠪᠤᠳᠠᠰ ᠤᠨ ᠪᠦᠲᠦᠭᠡᠭᠳᠡᠭᠦᠨ ᠦᠢᠯᠡᠳᠪᠦᠷᠢᠯᠡᠬᠦ ᠨᠢᠭᠡᠴᠢ ᠶᠢᠨ ᠦᠢᠯᠡᠳᠪᠦᠷᠢᠯᠡᠭᠰᠡᠨ | ᠴᠢᠰᠤᠨ ᠤ ᠪᠦᠳᠦᠭᠡᠭᠳᠡᠬᠦᠨ ᠨᠢ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠦᠯᠦ ᠨᠠᠶᠢᠴᠡᠬᠦ᠃ | ᠲᠠᠯᠠᠨ ᠲᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ | ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ᠂ ᠨᠢᠭᠡᠨᠳᠡ | ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ᠂ ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ | ᠲᠠᠷᠤᠵᠤ ᠠᠪᠬᠤ ᠪᠤᠶᠤ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠬᠠᠯᠳᠠᠪᠤᠷᠢᠳᠤ ᠡᠪᠡᠳᠴᠢᠨ | ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ | ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ | ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ | ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ | ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ | ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ | ᠪᠠ ᠡᠪᠡᠳᠴᠢᠨ ᠡᠬᠦᠰᠬᠡᠬᠦ ᠮᠢᠺᠷᠤᠪ ᠤᠨ ᠲᠤᠷᠰᠢᠯᠳᠠ ᠬᠢᠳᠡᠭ ᠨᠢᠭᠡᠴᠢ ᠨᠢ ᠤᠯᠤᠰ ᠠᠴᠠ ᠲᠤᠭᠳᠠᠭᠠᠭᠰᠠᠨ ᠨᠦᠬᠦᠴᠡᠯ | ᠪᠠ ᠮᠡᠷᠭᠡᠵᠢᠯ ᠤᠨ ᠪᠠᠷᠢᠮᠵᠢᠶ᠎ᠠ ᠳᠤ ᠨᠠᠶᠢᠴᠡᠬᠦ ᠦᠭᠡᠢ᠂ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ | ᠦᠯᠢᠭᠡᠷ ᠡᠳ᠋ ᠢ ᠲᠤᠭᠳᠠᠭᠠᠯ ᠶᠤᠰᠤᠭᠠᠷ ᠴᠢᠩᠭ᠎ᠠ ᠬᠠᠮᠢᠶᠠᠷᠤᠭᠰᠠᠨ ᠦᠭᠡᠢ ᠠᠴᠠ ᠪᠤᠯᠵᠤ ᠲᠤᠷᠰᠢᠯᠳᠠ ᠶᠢᠨ | ᠲᠠᠰᠤᠭ ᠤᠨ ᠬᠠᠯᠳᠠᠪᠤᠷᠢᠯᠠᠯ ᠢ ᠡᠭᠦᠰᠬᠡᠭᠰᠡᠨ ᠪᠠ ᠡᠪᠡᠳᠴᠢᠨ ᠡᠬᠦᠰᠬᠡᠬᠦ ᠮᠢᠺᠷᠤᠪ ᠢ ᠲᠠᠷᠬᠠᠭᠠᠭᠰᠠᠨ︔ | ︵ᠬᠤᠶᠠᠷ︶ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠤ᠂ ᠬᠠᠯᠳᠠᠪᠤᠷᠢᠳᠤ | ᠡᠪᠡᠳᠴᠢᠨ ᠤ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠪᠠ ᠬᠠᠯᠳᠠᠪᠤᠷᠢᠳᠤ ᠡᠪᠡᠳᠴᠢᠨ ᠢ ᠪᠠᠶᠢᠴᠠᠭᠠᠨ ᠬᠡᠮᠵᠢᠬᠦ | ᠦᠯᠢᠭᠡᠷ ᠡᠳ᠋ ᠢ ᠴᠤᠭᠯᠠᠭᠤᠯᠵᠤ᠂ ᠬᠠᠳᠠᠭᠠᠯᠠᠵᠤ᠂ ᠠᠪᠴᠤ ᠶᠠᠪᠤᠵᠤ᠂ ᠲᠡᠭᠡᠭᠡᠪᠦᠷᠢᠯᠡᠭᠰᠡᠨ ᠪᠠ ᠬᠡᠷᠡᠭᠯᠡᠭᠰᠡᠨ︔ | ︵ᠭᠤᠷᠪᠠ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ | ᠪᠠᠶᠢᠭᠤᠯᠤᠮᠵᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠯᠦ ᠬᠡᠷᠡᠭᠵᠢᠬᠦᠯᠵᠦ᠂ ᠴᠢᠰᠤ ᠶᠡᠬᠦᠯᠡᠬᠦ᠂ | ᠴᠢᠰᠤᠨ ᠤ ᠪᠦᠳᠦᠭᠡᠭᠳᠡᠬᠦᠨ ᠢ ᠬᠡᠷᠡᠭᠯᠡᠭᠰᠡᠨ ᠠᠴᠠ ᠪᠤᠯᠵᠤ ᠴᠢᠰᠤ ᠪᠠᠷ ᠳᠠᠮᠵᠢᠬᠤ ᠡᠪᠡᠳᠴᠢᠨ ᠡᠮᠬᠡᠭ ᠢ ᠡᠬᠦᠰᠭᠡᠭᠰᠡᠨ᠃ | | ᠲᠠᠯᠠᠨ ᠲᠠᠪᠤᠳᠤᠭᠠᠷ ᠵᠦᠢᠯ ᠬᠢᠵᠢᠭ ᠤᠨ ᠪᠠᠶᠢᠴᠠᠭᠠᠯᠳᠠ ᠬᠢᠭᠰᠡᠨ ᠦᠭᠡᠢ ᠪᠠᠷ ᠬᠦᠮᠦᠨ ᠮᠠᠯ ᠳᠤ ᠪᠦᠷ | ᠲᠤᠰᠳᠠᠭ ᠬᠠᠯᠳᠠᠪᠤᠷᠢᠳᠤ ᠡᠪᠡᠳᠴᠢᠨ ᠲᠠᠢ ᠬᠤᠯᠪᠤᠭᠳᠠᠯ ᠲᠠᠢ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ | ᠭᠡᠷ ᠤᠨ ᠵᠢᠬᠦᠷᠳᠡᠨ ᠢ ᠬᠤᠳᠠᠯᠳᠤᠵᠤ᠂ ᠲᠡᠭᠡᠭᠡᠪᠦᠷᠢᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ | ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠤ ᠠᠬᠤᠢ ᠮᠠᠯ ᠡᠮᠨᠡᠯᠬᠡ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠬᠤ ᠶᠢᠨ | ᠬᠠᠮᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠮᠠᠭᠠᠳᠯᠠᠨ ᠲᠣᠭᠲᠠᠭᠠᠬᠰᠠᠨ ᠪᠠᠶᠢᠭᠠᠯᠢ ᠶᠢᠨ ᠬᠢᠵᠢᠭ ᠤᠨ | ᠰᠣᠷᠪᠤᠯᠵᠢᠳᠤ ᠭᠠᠵᠠᠷ ᠲᠤ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠵᠢᠭᠤᠯᠴᠢᠯᠠᠯ᠂ ᠡᠨᠧᠷᠬᠢ ᠶᠢᠨ ᠰᠤᠷᠪᠤᠯᠵᠢ | ᠵᠡᠷᠬᠡ ᠶᠢᠨ ᠲᠤᠮᠤ ᠬᠡᠯᠪᠡᠷᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠢ ᠪᠠᠶᠢᠭᠤᠯᠬᠤ ᠳᠠᠭᠠᠨ ᠡᠷᠡᠬᠦᠯ | ᠬᠠᠮᠠᠭᠠᠯᠠᠯ ᠤᠨ ᠪᠠᠶᠢᠴᠠᠭᠠᠯᠳᠠ ᠬᠢᠭᠰᠡᠨ ᠦᠭᠡᠢ ᠪᠠᠷ ᠠᠵᠢᠯ ᠡᠬᠢᠯᠡᠬᠦᠯᠦᠭᠰᠡᠨ᠂ ᠡᠰᠡᠬᠦᠯ᠎ᠡ ᠡᠪᠡᠳᠴᠢᠨ ᠡᠮᠬᠡᠭ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠰᠠᠨᠠᠯ ᠢᠶᠠᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ | ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ | ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠳᠣᠩᠭᠤᠳᠴᠤ᠂ ᠲᠡᠪᠤᠨ ᠮᠢᠩᠭᠠᠨ ᠲᠦᠬᠦᠷᠢᠭ ᠠᠴᠠ ᠲᠡᠭᠡᠭᠰᠢ | ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠨ᠎ᠡ︔ ᠬᠤᠭᠤᠴᠠᠭ᠎ᠠ | ᠬᠡᠳᠦᠷᠡᠳᠠᠯ᠎ᠠ ᠵᠠᠯᠠᠷᠠᠭᠤᠯᠬᠤ ᠦᠭᠡᠢ ᠪᠠᠶᠢᠪᠠᠯ᠂ ᠭᠤᠷᠪᠠᠨ ᠲᠦᠮᠡᠨ ᠲᠦᠬᠦᠷᠢᠭ ᠠᠴᠠ ᠲᠡᠭᠡᠭᠰᠢ ᠠᠷᠪᠠᠨ ᠲᠦᠮᠡᠨ | ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠬᠦ ᠶᠢᠨ ᠬᠠᠮᠳᠤ ᠬᠤᠯᠪᠤᠭᠳᠠᠯ ᠪᠦᠬᠦᠢ | ᠠᠷᠠᠳ ᠤᠨ ᠵᠠᠰᠠᠭ ᠤᠨ ᠤᠷᠳᠤᠨ ᠳᠤ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠪᠠᠨ ᠦᠨᠳᠦᠰᠦᠯᠡᠨ | ᠵᠠᠷᠯᠢᠭᠳᠠᠵᠤ ᠪᠠᠶᠢᠭᠤᠯᠬᠤ ᠠᠵᠢᠯ ᠢ ᠨᠢ ᠵᠤᠭᠰᠤᠭᠠᠵᠤ᠂ ᠡᠬᠦᠳᠡ ᠶᠢ ᠨᠢ ᠬᠠᠭᠠᠯᠭᠠᠬᠤ ᠪᠠᠷ ᠰᠠᠨᠠᠯ ᠲᠡᠪᠰᠢᠬᠦᠯᠵᠦ | ᠪᠤᠯᠤᠨ᠎ᠠ᠃ | ᠲᠠᠯᠠᠨ ᠲᠤᠯᠤᠳᠤᠭᠠᠷ ᠵᠦᠢᠯ ᠨᠢᠭᠡᠴᠢ ᠪᠠ ᠬᠤᠪᠢ ᠬᠦᠮᠦᠨ ᠲᠤᠰ ᠬᠠᠤᠯᠢ ᠶᠢᠨ ᠲᠤᠭᠳᠠᠭᠠᠯ ᠢ | ᠵᠦᠷᠢᠴᠡᠭᠰᠡᠨ ᠠᠴᠠ ᠪᠤᠯᠵᠤ ᠬᠠᠯᠳᠠᠪᠤᠷᠢᠳᠤ ᠡᠪᠡᠳᠴᠢᠨ ᠲᠠᠷᠬᠠᠬᠤ᠂ ᠳᠡᠯᠭᠡᠷᠡᠬᠦ ᠳᠤ ᠬᠦᠷᠦᠭᠦᠯᠵᠦ᠂ ᠪᠤᠰᠤᠳ ᠤᠨ | ᠪᠡᠶ᠎ᠡ ᠮᠠᠬᠠᠪᠤᠳ᠂ ᠡᠳ᠋ ᠬᠦᠷᠦᠩᠬᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠢᠷᠭᠡᠨ ᠤ | ᠬᠡᠷᠡᠭ ᠤᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃ | | | ※ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠤᠷᠴᠢᠭᠤᠯᠪᠠ | | | | | | |