ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ (5)
ᠨᠡᠶᠢᠲᠡᠯᠡᠭᠰᠡᠨ ᠴᠠᠭ᠄
2020/3/10
       ᠲᠠᠪᠤᠳᠤᠭᠠᠷ ᠪᠦᠯᠦᠭ   ᠡᠮᠨᠡᠵᠦ ᠵᠠᠰᠠᠬᠤ        ᠲᠠᠪᠢᠳᠤᠭᠠᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠤᠢᠢᠯᠡᠴᠢᠯᠡᠬᠡᠨ ᠤ ᠲᠣᠣᠷ ᠤᠨ ᠪᠠᠶᠢᠭᠤᠯᠤᠯᠳᠠ ᠶᠢ ᠴᠢᠩᠭᠠᠳᠬᠠᠨ ᠲᠡᠬᠦᠯᠳᠡᠷᠵᠢᠬᠦᠯᠵᠤ᠂ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠨᠦᠬᠦᠴᠡᠯ ᠪᠠ ᠴᠢᠳᠠᠪᠤᠷᠢ ᠶᠢ ᠪᠦᠷᠢᠳᠦᠬᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢ ᠵᠢᠭᠠᠨ ᠲᠤᠭᠳᠠᠭᠠᠵᠤ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠡᠬᠦᠷᠬᠡ ᠶᠢ ᠡᠭᠦᠷᠭᠡᠯᠡᠭᠦᠯᠬᠦ ᠬᠡᠷᠡᠭᠳᠡᠢ᠂ ᠡᠰᠡᠬᠦᠯ᠎ᠡ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠬᠡᠷᠡᠭᠴᠡᠭᠡ ᠶᠢ ᠦᠨᠳᠦᠰᠦᠯᠡᠨ ᠬᠠᠯᠳᠠᠪᠤᠷᠢᠳᠤ ᠡᠪᠡᠳᠴᠢᠨ ᠤ ᠡᠮᠨᠡᠯᠬᠡ ᠶᠢᠨ ᠬᠤᠷᠢᠶ᠎ᠠ ᠪᠠᠶᠢᠭᠤᠯᠬᠤ ᠬᠡᠷᠡᠭᠳᠡᠢ᠃         ᠲᠠᠪᠢᠨ ᠨᠢᠭᠡᠳᠦᠭᠡᠷ ᠵᠦᠢᠯ   ᠡᠮᠴᠢᠯᠡᠬᠡᠨ ᠤ ᠪᠠᠶᠢᠭᠤᠯᠤᠮᠵᠢ ᠶᠢᠨ ᠦᠨᠳᠦᠰᠦᠨ ᠪᠠᠷᠢᠮᠵᠢᠶ᠎ᠠ᠂ ᠪᠠᠷᠢᠯᠭ᠎ᠠ ᠶᠢᠨ ᠵᠢᠷᠤᠭ ᠲᠥᠯᠦᠪᠯᠡᠭᠡ ᠪᠠ ᠤᠢᠢᠯᠡᠴᠢᠯᠡᠬᠡᠨ ᠤ ᠶᠠᠪᠤᠴᠠ ᠨᠢ ᠬᠠᠯᠳᠠᠪᠤᠷᠢᠳᠤ ᠡᠪᠡᠳᠴᠢᠨ ᠤ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠬᠦ ᠱᠠᠭᠠᠷᠳᠠᠯᠭ᠎ᠠ ᠳᠤ ᠨᠠᠶᠢᠴᠡᠭᠰᠡᠨ ᠪᠠᠶᠢᠬᠤ ᠬᠡᠷᠡᠭᠳᠡᠢ᠃         ᠡᠮᠴᠢᠯᠡᠭᠡᠨ ᠤ ᠪᠠᠶᠢᠭᠤᠯᠤᠮᠵᠢ ᠬᠡᠷᠡᠭᠯᠡᠵᠤ ᠪᠠᠶᠢᠭ᠎ᠠ ᠡᠮᠴᠢᠯᠡᠬᠡᠨ ᠤ ᠪᠠᠭᠠᠵᠢ ᠬᠡᠷᠡᠭᠰᠡᠯ ᠢᠶᠠᠨ ᠲᠤᠭᠳᠠᠭᠠᠯ ᠶᠤᠰᠤᠭᠠᠷ ᠠᠷᠢᠭᠤᠳᠬᠠᠬᠤ ᠬᠡᠷᠡᠭᠳᠡᠢ︔ ᠲᠤᠭᠳᠠᠭᠠᠯ ᠶᠤᠰᠤᠭᠠᠷ ᠨᠢᠬᠡ ᠯᠠ ᠤᠳᠠᠭ᠎ᠠ ᠬᠡᠷᠡᠭᠯᠡᠬᠦ ᠪᠠᠭᠠᠵᠢ ᠬᠡᠷᠡᠭᠰᠡᠯ ᠢ ᠬᠡᠷᠡᠭᠯᠡᠵᠤ ᠲᠠᠭᠤᠰᠤᠭᠰᠠᠨ ᠤ ᠲᠠᠷᠠᠭ᠎ᠠ ᠦᠭᠡᠶᠢᠬᠢᠬᠦ ᠬᠡᠷᠡᠭᠳᠡᠢ᠃ ᠡᠮᠴᠢᠯᠡᠬᠡᠨ ᠤ ᠪᠠᠶᠢᠭᠤᠯᠤᠮᠵᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠢ ᠤᠨᠤᠰᠢᠯᠠᠬᠤ ᠪᠠᠷᠢᠮᠵᠢᠶ᠎ᠠ ᠪᠠ ᠵᠠᠰᠠᠬᠤ ᠱᠠᠭᠠᠷᠳᠠᠯᠭ᠎ᠠ ᠶᠤᠰᠤᠭᠠᠷ ᠵᠤᠬᠢᠴᠠᠩᠭᠤᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠴᠢᠳᠠᠪᠤᠷᠢ ᠪᠠᠨ ᠲᠡᠭᠡᠭᠰᠢᠯᠡᠬᠦᠯᠬᠦ ᠬᠡᠷᠡᠭᠳᠡᠢ᠃         ᠲᠠᠪᠢᠨ ᠬᠤᠶᠠᠳᠤᠭᠠᠷ ᠵᠦᠢᠯ   ᠡᠮᠴᠢᠯᠡᠬᠡᠨ ᠤ ᠪᠠᠶᠢᠭᠤᠯᠤᠮᠵᠢ ᠬᠠᠯᠳᠠᠪᠤᠷᠢᠳᠤ ᠡᠪᠡᠳᠴᠢᠳᠡᠨ ᠪᠤᠶᠤ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠳᠤ ᠡᠮᠨᠡᠵᠤ ᠠᠪᠤᠷᠠᠬᠤ᠂ ᠲᠤᠬᠠᠢ ᠶᠢᠨ ᠲᠠᠯᠠᠪᠤᠷ ᠲᠤ ᠠᠪᠤᠷᠠᠵᠤ ᠲᠤᠰᠠᠯᠠᠬᠤ ᠪᠠ ᠤᠨᠤᠰᠢᠯᠠᠵᠤ ᠵᠠᠰᠠᠬᠤ ᠤᠢᠢᠯᠡᠴᠢᠯᠡᠭᠡ ᠬᠠᠨᠭ᠍ᠭᠠᠵᠤ᠂ ᠡᠪᠡᠳᠴᠢᠨ ᠤ ᠲᠡᠦᠭᠡ ᠶᠢᠨ ᠲᠡᠮᠳᠡᠭᠯᠡᠯ ᠵᠢᠴᠢ ᠪᠣᠰᠤᠳ ᠬᠠᠮᠢᠶ᠎ᠠ ᠪᠦᠭᠦᠢ ᠮᠠᠲ᠋ᠧᠷᠢᠶᠠᠯ ᠢ ᠪᠢᠴᠢᠬᠦ ᠶᠢᠨ ᠬᠠᠮᠳᠤ ᠲᠡᠬᠦᠨ ᠢᠶᠠᠨ ᠲᠤᠬᠢᠲᠠᠢ ᠬᠠᠳᠠᠭᠠᠯᠠᠬᠤ ᠬᠡᠷᠡᠭᠳᠡᠢ         ᠡᠮᠴᠢᠯᠡᠭᠡᠨ ᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠪᠠᠶᠢᠴᠠᠭᠠᠬᠤ᠂ ᠬᠤᠪᠢᠶᠠᠨ ᠤᠨᠤᠰᠢᠯᠠᠬᠤ ᠲᠦᠷᠢᠮ ᠢ ᠬᠡᠷᠡᠭᠵᠢᠬᠦᠯᠬᠦ ᠬᠡᠷᠡᠭᠳᠡᠢ︔ ᠬᠠᠯᠳᠠᠪᠤᠷᠢᠳᠤ ᠡᠪᠡᠳᠴᠢᠳᠡᠨ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠬᠠᠷᠢᠴᠠᠩᠭᠤᠢ ᠲᠤᠰᠠᠭᠠᠷᠯᠠᠭᠰᠠᠨ ᠰᠠᠯᠪᠤᠷᠢ ᠤᠨᠤᠰᠢᠯᠠᠭ᠎ᠠ ᠶᠢᠨ ᠴᠡᠭ ᠲᠤ ᠠᠪᠠᠴᠢᠵᠤ ᠠᠩᠬᠠᠨ ᠤ ᠤᠨᠤᠰᠢᠯᠠᠭ᠎ᠠ ᠬᠢᠬᠦ ᠬᠡᠷᠡᠭᠳᠡᠢ᠃ ᠡᠮᠴᠢᠯᠡᠭᠡᠨ ᠤ ᠪᠠᠶᠢᠭᠤᠯᠤᠮᠵᠢ ᠨᠢ ᠵᠤᠬᠢᠴᠠᠩᠭᠤᠢ ᠠᠪᠤᠷᠠᠵᠤ ᠵᠠᠰᠠᠬᠤ ᠴᠢᠳᠠᠪᠤᠷᠢ ᠶᠢ ᠪᠦᠷᠢᠳᠦᠬᠦᠯᠦᠭᠰᠡᠨ ᠦᠭᠡᠢ ᠪᠠᠶᠢᠪᠠᠯ᠂ ᠡᠪᠡᠳᠴᠢᠳᠡᠨ ᠪᠤᠯᠤᠨ ᠲᠡᠬᠦᠨ ᠤ ᠡᠪᠡᠳᠴᠢᠨ ᠤ ᠲᠡᠦᠬᠡ ᠶᠢᠨ ᠪᠠᠭᠤᠯᠭᠠᠪᠤᠷᠢ ᠶᠢ ᠵᠤᠬᠢᠴᠠᠩᠭᠤᠢ ᠠᠪᠤᠷᠠᠵᠤ ᠵᠠᠰᠠᠬᠤ ᠴᠢᠳᠠᠪᠤᠷᠢ ᠶᠢ ᠪᠦᠷᠢᠳᠦᠬᠦᠯᠦᠭᠰᠡᠨ ᠡᠮᠴᠢᠯᠡᠬᠡᠨ ᠤ ᠪᠠᠶᠢᠭᠤᠯᠤᠮᠵᠢ ᠳᠤ ᠬᠠᠮᠳᠤ ᠳᠤᠨᠢ ᠰᠢᠯᠵᠢᠬᠦᠯᠬᠦ ᠬᠡᠷᠡᠭᠳᠡᠢ᠃ ᠪᠤᠳᠠᠳᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠨ᠎ᠠ᠃         ᠵᠢᠷᠭᠤᠳᠤᠭᠠᠷ ᠪᠦᠯᠦᠭ   ᠬᠢᠨᠠᠵᠤ ᠬᠠᠮᠢᠶᠠᠷᠬᠤ         ᠲᠠᠪᠢᠨ ᠭᠤᠷᠪᠠᠳᠤᠭᠠᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠲᠤᠤᠷ᠎ᠠ ᠵᠢᠭᠰᠠᠭᠠᠭᠰᠠᠨ ᠬᠢᠨᠠᠯᠳᠠ ᠪᠠᠶᠢᠴᠠᠭᠠᠯᠳᠠ ᠬᠢᠬᠦ ᠲᠤᠰᠢᠶᠠᠯ ᠬᠠᠷᠢᠭᠤᠴᠠᠯᠭ᠎ᠠ ᠶᠢ ᠬᠦᠢᠴᠡᠳᠬᠡᠨ᠎ᠡ᠄         ︵ᠨᠢᠭᠡ︶ ᠲᠤᠤᠷᠠᠳᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠰ ᠬᠠᠤᠯᠢ ᠳᠤ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠵᠦ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠨ᠎ᠠ︔         ︵ᠬᠤᠶᠠᠷ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠬᠡᠨ ᠤ ᠪᠠᠶᠢᠭᠤᠯᠤᠮᠵᠢ ᠶᠢᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠪᠠᠶᠢᠴᠠᠭᠠᠨ᠎ᠠ︔         ︵ᠭᠤᠷᠪᠠ︶ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠶᠢᠨ ᠴᠢᠰᠤ ᠠᠪᠬᠤ ᠴᠢᠰᠤ ᠬᠠᠨᠭ᠍ᠭᠠᠬᠤ ᠠᠵᠢᠯᠯᠠᠭ᠎ᠠ ᠶᠢ ᠬᠢᠨᠠᠵᠤ ᠪᠠᠶᠢᠴᠠᠭᠠᠨ᠎ᠠ︔         ︵ᠲᠦᠷᠪᠡ︶ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠳᠤ ᠬᠡᠷᠡᠭᠯᠡᠬᠦ ᠠᠷᠢᠭᠤᠳᠬᠠᠯ ᠤᠨ ᠦᠢᠯᠡᠳᠬᠦᠨ ᠵᠢᠴᠢ ᠲᠡᠭᠦᠨ ᠢ ᠦᠢᠯᠡᠳᠪᠤᠷᠢᠯᠡᠬᠦ ᠨᠢᠭᠡᠴᠢ ᠶᠢ ᠬᠢᠨᠠᠵᠤ ᠪᠠᠶᠢᠴᠠᠭᠠᠬᠤ ᠶᠢᠨ ᠬᠠᠮᠲᠤ ᠤᠤᠭᠤᠬᠤ ᠤᠰᠤ ᠬᠠᠨᠭ᠍ᠭᠠᠬᠤ ᠨᠢᠭᠡᠴᠢ ᠶᠢᠨ ᠦᠢᠯᠡᠳᠪᠦᠷᠢᠯᠡᠯ ᠪᠤᠶᠤ ᠬᠠᠨᠭ᠍ᠭᠠᠯᠭ᠎ᠠ ᠶᠢᠨ ᠠᠵᠢᠯᠯᠠᠭ᠎ᠠ ᠵᠢᠴᠢ ᠤᠤᠭᠤᠬᠤ ᠤᠰᠤᠨ ᠤ ᠠᠷᠢᠭᠤᠨ ᠴᠡᠪᠡᠷ ᠠᠶᠤᠯᠬᠦᠢ ᠳᠤ ᠬᠤᠯᠪᠤᠭᠳᠠᠬᠤ ᠦᠢᠯᠡᠳᠬᠦᠨ ᠢ ᠬᠢᠨᠠᠵᠤ ᠪᠠᠶᠢᠴᠠᠭᠠᠨ᠎ᠠ︔         ︵ᠲᠠᠪᠤ︶ ᠬᠠᠯᠳᠠᠪᠤᠷᠢᠳᠤ ᠡᠪᠡᠳᠴᠢᠨ ᠤ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠪᠠ ᠬᠠᠯᠳᠠᠪᠤᠷᠢᠳᠤ ᠡᠪᠡᠳᠴᠢᠨ ᠢ ᠪᠠᠶᠢᠴᠠᠭᠠᠨ ᠬᠡᠮᠵᠢᠬᠦ ᠦᠯᠢᠭᠡᠷ ᠡᠳ᠋ ᠢ ᠴᠤᠭᠯᠠᠭᠤᠯᠬᠤ᠂ ᠬᠠᠳᠠᠭᠠᠯᠠᠬᠤ᠂ ᠠᠪᠴᠤ ᠶᠠᠪᠤᠬᠤ᠂ ᠲᠡᠭᠡᠭᠡᠪᠦᠷᠢᠯᠡᠬᠦ᠂ ᠬᠡᠷᠡᠭᠯᠡᠬᠦ ᠶᠠᠪᠤᠳᠠᠯ ᠢ ᠬᠢᠨᠠᠵᠤ ᠪᠠᠶᠢᠴᠠᠭᠠᠨ᠎ᠠ︔         ︵ᠵᠢᠷᠭᠤᠭ᠎ᠠ︶ ᠤᠯᠠᠨ ᠨᠠᠶᠢᠳᠠ ᠶᠢᠨ ᠲᠠᠯᠠᠪᠤᠷ ᠭᠠᠵᠠᠷ ᠪᠠ ᠬᠤᠯᠪᠤᠭᠳᠠᠯ ᠪᠦᠬᠦᠢ ᠨᠢᠭᠡᠴᠢ ᠶᠢᠨ ᠡᠷᠡᠬᠦᠯ ᠬᠠᠮᠠᠭᠠᠯᠠᠯ ᠤᠨ ᠨᠦᠬᠦᠴᠡᠯ ᠪᠠ ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠢᠨᠠᠵᠤ ᠪᠠᠶᠢᠴᠠᠭᠠᠨ᠎ᠠ᠃         ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠴᠢᠬᠤᠯᠠ ᠶᠡᠭᠡ ᠬᠡᠷᠡᠭ ᠢ ᠰᠢᠢᠳᠪᠦᠷᠢᠯᠡᠬᠦᠶᠠᠪᠤᠳᠠᠯ ᠢ ᠬᠠᠷᠢᠭᠤᠴᠠᠨ ᠵᠤᠬᠢᠶᠠᠨ ᠪᠠᠶᠢᠭᠤᠯᠤᠨ᠎ᠠ᠃         ᠲᠠᠪᠢᠨ ᠲᠦᠷᠪᠡᠳᠦᠭᠡᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠶ᠎ᠡ ᠳᠡᠭᠡᠨ ᠪᠠᠶᠢᠴᠠᠭᠠᠭᠳᠠᠬᠤ ᠨᠢᠬᠡᠴᠢ ᠪᠠ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠡᠭᠦᠰᠦᠭᠰᠡᠨ ᠲᠤᠬᠠᠢ ᠶᠢᠨ ᠲᠠᠯᠠᠪᠤᠷ ᠲᠤ ᠤᠴᠢᠵᠤ ᠪᠠᠶᠢᠴᠠᠭᠠᠨ ᠭᠡᠷᠡᠴᠢ ᠠᠪᠬᠤ᠂ ᠬᠤᠯᠪᠤᠭᠳᠠᠯ ᠪᠦᠬᠦᠢ ᠮᠠᠲ᠋ᠧᠷᠢᠶᠠᠯ ᠢ ᠡᠷᠢᠵᠦ ᠦᠵᠡᠬᠦ ᠪᠤᠶᠤ ᠪᠠᠭᠤᠯᠭᠠᠬᠤ ᠪᠠ ᠦᠯᠢᠭᠡᠷ ᠡᠳ᠋ ᠴᠤᠬᠯᠠᠭᠤᠯᠬᠤ ᠡᠷᠬᠡ ᠲᠠᠢ᠃ ᠪᠠᠶᠢᠴᠠᠭᠠᠭᠳᠠᠬᠤ ᠨᠢᠭᠡᠴᠢ ᠡᠭᠦᠨ ᠳᠤ ᠬᠠᠮᠵᠢᠯᠴᠠᠬᠤ ᠬᠡᠷᠡᠭᠳᠡᠢ᠂ ᠪᠠᠶᠢᠴᠠᠭᠠᠬᠤ ᠶᠢ ᠲᠡᠪᠴᠢᠵᠤ᠂ ᠬᠠᠷᠰᠢᠯᠠᠵᠤ ᠪᠤᠯᠬᠤ ᠦᠭᠡᠢ᠃         ᠲᠠᠪᠢᠨ ᠲᠠᠪᠤᠳᠤᠭᠠᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠶ᠎ᠡ ᠳᠡᠭᠡᠨ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠤᠯᠠᠨ ᠨᠠᠶᠢᠳᠠ ᠶᠢᠨ ᠤᠤᠭᠤᠬᠤ ᠤᠰᠤᠨ ᠤ ᠡᠬᠢ ᠰᠤᠷᠪᠤᠯᠵᠢ᠂ ᠢᠳᠡᠬᠡᠨ ᠵᠢᠴᠢ ᠬᠠᠮᠢᠶ᠎ᠠ ᠪᠦᠬᠦᠢ ᠡᠳ᠋ ᠪᠤᠳᠠᠰ ᠢ ᠣᠯᠵᠤ ᠮᠡᠳᠡᠭᠡᠳ᠂ ᠬᠡᠷᠪᠡ ᠴᠠᠭ ᠲᠤᠬᠠᠢ ᠳᠤᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠦᠭᠡᠢ ᠪᠤᠯ ᠬᠠᠯᠳᠠᠪᠤᠷᠢᠳᠤ ᠡᠪᠡᠳᠴᠢᠨ ᠢ ᠲᠠᠷᠬᠠᠭᠠᠵᠤ ᠲᠡᠯᠭᠡᠷᠡᠬᠦᠯᠬᠦ ᠪᠤᠯᠤᠯᠴᠠᠭ᠎ᠠ ᠲᠠᠢ ᠪᠠᠶᠢᠪᠡᠯ᠂ ᠤᠯᠠᠨ ᠨᠠᠶᠢᠳᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢ ᠪᠢᠳᠡᠬᠦᠮᠵᠢᠯᠡᠬᠦ᠂ ᠢᠳᠡᠭᠡᠨ ᠵᠢᠴᠢ ᠬᠠᠮᠢᠶ᠎ᠠ ᠪᠦᠬᠦᠢ ᠡᠳ᠋ ᠪᠤᠳᠠᠰ ᠢ ᠪᠢᠳᠡᠬᠦᠮᠵᠢᠯᠡᠵᠤ ᠬᠠᠳᠠᠭᠠᠯᠠᠬᠤ ᠪᠤᠶᠤ ᠪᠤᠷᠤᠯᠠᠭᠤᠯᠬᠤ ᠶᠢ ᠨᠢ ᠲᠦᠷ ᠵᠤᠭᠰᠤᠭᠠᠬᠤ ᠲᠦᠷ ᠴᠠᠭ ᠤᠨ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠳᠤ ᠰᠢᠯᠭᠠᠨ ᠪᠠᠶᠢᠴᠠᠭᠠᠬᠤ ᠪᠤᠶᠤ ᠠᠷᠢᠭᠤᠳᠬᠠᠵᠤ ᠪᠤᠯᠤᠨ᠎ᠠ᠃ ᠰᠢᠯᠭᠠᠨ ᠪᠠᠶᠢᠴᠠᠭᠠᠭᠠᠳ ᠪᠤᠬᠢᠷᠳᠤᠭᠳᠠᠭᠰᠠᠨ ᠢᠳᠡᠭᠡᠨ ᠳᠤ ᠲᠣᠭᠠᠴᠠᠭᠳᠠᠬᠤ ᠳᠤ ᠬᠦᠷᠪᠡᠯ ᠤᠰᠠᠳᠬᠠᠬᠤ ᠬᠡᠷᠡᠭᠳᠡᠢ︔ ᠪᠤᠬᠢᠷᠳᠤᠭᠳᠠᠭᠰᠠᠨ ᠦᠭᠡᠢ ᠢᠳᠡᠭᠡᠨ ᠪᠤᠶᠤ ᠠᠷᠢᠭᠤᠳᠬᠠᠬᠰᠠᠨ ᠤ ᠲᠠᠷᠠᠭ᠎ᠠ ᠬᠡᠷᠡᠭᠯᠡᠵᠤ ᠪᠤᠯᠬᠤ ᠡᠳ᠋ ᠪᠤᠳᠠᠰ ᠲᠤ ᠠᠪᠤᠬᠰᠠᠨ ᠬᠢᠵᠠᠭᠠᠷᠯᠠᠬᠤ ᠠᠷᠭ᠎ᠠ ᠬᠡᠮᠵᠢᠶ᠎ᠠ ᠶᠢ ᠬᠦᠴᠦᠨ ᠦᠭᠡᠢ ᠪᠤᠯᠭᠠᠬᠤ ᠬᠡᠷᠡᠭᠳᠡᠢ᠃         ᠲᠠᠪᠢᠨ ᠵᠢᠷᠭᠤᠳᠤᠭᠠᠷ ᠵᠦᠢᠯ   ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠠᠵᠢᠯᠳᠠᠨ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠬᠡᠬᠦ ᠦᠶ᠎ᠡ ᠳᠤ ᠬᠤᠶᠠᠷ ᠬᠦᠮᠦᠨ ᠠᠴᠠ ᠲᠤᠲᠠᠭᠤ ᠪᠠᠶᠢᠵᠤ ᠪᠤᠯᠬᠤ ᠦᠭᠡᠢ ᠪᠦᠭᠡᠳ ᠬᠠᠤᠯᠢ ᠬᠡᠷᠡᠭᠵᠢᠬᠦᠯᠬᠦ ᠲᠡᠮᠳᠡᠭ ᠢᠶᠠᠨ ᠭᠠᠷᠭᠠᠨ ᠦᠵᠡᠬᠦᠯᠵᠦ᠂ ᠡᠷᠡᠬᠦᠯ ᠬᠠᠮᠠᠭᠠᠯᠠᠯ ᠤᠨ ᠬᠠᠤᠯᠢ ᠬᠡᠷᠡᠭᠵᠢᠬᠦᠯᠬᠦ ᠪᠢᠴᠢᠭ ᠢ ᠲᠠᠭᠯᠠᠨ ᠪᠢᠴᠢᠬᠦ ᠬᠡᠷᠡᠭᠳᠡᠢ᠃         ᠡᠷᠡᠬᠦᠯ ᠬᠠᠮᠠᠭᠠᠯᠠᠯ ᠤᠨ ᠬᠠᠤᠯᠢ ᠬᠡᠷᠡᠭᠵᠢᠬᠦᠯᠬᠦ ᠪᠢᠴᠢᠭ ᠢ ᠬᠠᠷᠭᠤᠭᠤᠯᠵᠤ ᠦᠵᠡᠭᠡᠳ ᠪᠤᠷᠤᠭᠤ ᠦᠭᠡᠢ ᠪᠠᠶᠢᠪᠠᠯ᠂ ᠡᠷᠡᠬᠦᠯ ᠬᠠᠮᠠᠭᠠᠯᠠᠯ ᠤᠨ ᠬᠠᠤᠯᠢ ᠬᠡᠷᠡᠭᠵᠢᠬᠦᠯᠬᠦ ᠠᠵᠢᠯᠳᠠᠨ ᠪᠠ ᠲᠤᠬᠠᠢ ᠶᠢᠨ ᠬᠦᠮᠦᠨ ᠲᠡᠭᠡᠷ᠎ᠡ ᠨᠢ ᠭᠠᠷ ᠤᠨ ᠦᠰᠦᠭ ᠵᠢᠷᠤᠬᠤ ᠬᠡᠷᠡᠭᠳᠡᠢ᠃ ᠲᠤᠬᠠᠢ ᠶᠢᠨ ᠬᠦᠮᠦᠨ ᠭᠠᠷ ᠤᠨ ᠦᠰᠦᠭ ᠵᠢᠷᠤᠬᠤ ᠶᠢ ᠲᠡᠪᠴᠢᠭᠰᠡᠨ ᠪᠠᠶᠢᠪᠠᠯ᠂ ᠡᠷᠡᠬᠦᠯ ᠬᠠᠮᠠᠭᠠᠯᠠᠯ ᠤᠨ ᠬᠠᠤᠯᠢ ᠬᠡᠷᠡᠭᠵᠢᠬᠦᠯᠬᠦ ᠠᠵᠢᠯᠳᠠᠨ ᠪᠠᠶᠢᠳᠠᠯ ᠢ ᠲᠤᠳᠤᠷᠬᠠᠢᠢᠯᠠᠵᠤ ᠪᠢᠴᠢᠬᠦ ᠬᠡᠷᠡᠭᠳᠡᠢ         ᠲᠠᠪᠢᠨ ᠲᠤᠯᠤᠳᠤᠭᠠᠷ ᠵᠦᠢᠯ   ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠳᠤᠭᠠᠳᠤ ᠶᠢᠨ ᠬᠢᠨᠠᠯᠳᠠ ᠶᠢᠨ ᠳᠦᠷᠢᠮ ᠢ ᠬᠠᠤᠯᠢ ᠶᠤᠰᠤᠭᠠᠷ ᠪᠠᠶᠢᠭᠤᠯᠤᠨ ᠲᠡᠬᠦᠯᠳᠡᠷᠵᠢᠬᠦᠯᠵᠦ᠂ ᠠᠵᠢᠯᠳᠠᠨ ᠤ ᠪᠠᠨ ᠬᠠᠤᠯᠢ ᠪᠠᠷ ᠲᠤᠭᠳᠠᠭᠠᠭᠰᠠᠨ ᠡᠷᠬᠡ ᠲᠤᠰᠢᠶᠠᠯ ᠪᠠ ᠵᠢᠷᠤᠮ ᠢ ᠦᠨᠳᠦᠰᠦᠯᠡᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠬᠤ ᠬᠡᠷᠡᠭᠳᠡᠢ᠃ ᠲᠡᠭᠡᠳᠦ ᠱᠠᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠲᠤᠤᠷᠠᠳᠤ ᠱᠠᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠤ  ᠪᠠᠨ ᠲᠤᠳᠤᠷᠠᠬᠢ ᠬᠡᠷᠡᠭ ᠶᠠᠪᠤᠳᠠᠯ ᠢ ᠴᠠᠭ ᠲᠤᠬᠠᠢ ᠳᠤᠨᠢ ᠰᠢᠢᠳᠪᠤᠷᠢᠯᠡᠬᠦ ᠦᠭᠡᠢ ᠪᠠᠶᠢᠬᠤ ᠪᠤᠶᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠠᠶᠢᠬᠤ ᠶᠢ ᠤᠯᠵᠤ ᠮᠡᠳᠡᠪᠡᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠪᠤᠶᠤ ᠰᠢᠭᠤᠳ ᠰᠢᠢᠳᠪᠤᠷᠢᠯᠡᠬᠦ ᠬᠡᠷᠡᠭᠳᠡᠢ᠃         ᠲᠠᠪᠢᠨ ᠨᠠᠢᠮᠠᠳᠤᠭᠠᠷ ᠵᠦᠢᠯ   ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠵᠢᠴᠢ ᠲᠡᠬᠦᠨ ᠤ ᠠᠵᠢᠯᠳᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠳᠡᠭᠡᠨ ᠨᠠᠶᠢᠭᠡᠮ ᠪᠠ ᠠᠷᠠᠳ ᠢᠷᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠳᠡᠢ᠃ ᠲᠤᠰ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢᠭᠡᠴᠢ ᠪᠠ ᠬᠤᠪᠢ ᠬᠦᠮᠦᠨ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠢᠯᠡᠴᠢᠯᠡᠨ ᠮᠡᠳᠡᠬᠦᠯᠬᠦ ᠡᠷᠬᠡ ᠲᠠᠢ᠃ ᠢᠯᠡᠴᠢᠯᠡᠭᠰᠡᠨ ᠮᠡᠳᠡᠬᠦᠯᠦᠯᠳᠡ ᠶᠢ ᠬᠦᠯᠢᠶᠡᠵᠦ ᠠᠪᠤᠭᠰᠠᠨ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠴᠠᠭ ᠲᠤᠬᠠᠢ ᠳᠤᠨᠢ ᠪᠠᠶᠢᠴᠠᠭᠠᠨ ᠰᠢᠢᠳᠪᠤᠷᠢᠯᠡᠬᠦ ᠬᠡᠷᠡᠭᠳᠡᠢ᠃         ᠲᠤᠯᠤᠳᠤᠭᠠᠷ ᠪᠦᠯᠦᠭ   ᠪᠠᠳᠤᠯᠠᠭ᠎ᠠ ᠶᠢᠨ ᠠᠷᠭ᠎ᠠ ᠬᠡᠮᠵᠢᠶ᠎ᠡ         ᠲᠠᠪᠢ ᠶᠢᠰᠦᠳᠦᠭᠡᠷ ᠵᠦᠢᠯ   ᠤᠯᠤᠰ ᠠᠴᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠬᠦᠭᠵᠢᠯᠳᠡ ᠶᠢᠨ ᠲᠦᠯᠦᠪᠯᠡᠭᠡ ᠳᠤ ᠤᠷᠤᠭᠤᠯᠵᠤ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠬᠠᠯᠳᠠᠪᠣᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠲᠤᠰ ᠵᠠᠰᠠᠭ ᠵᠠᠬᠢᠷᠭᠠᠨ ᠤ ᠤᠷᠤᠨ ᠤ ᠪᠠᠨ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠬᠦᠭᠵᠢᠯᠳᠡ ᠶᠢᠨ ᠲᠦᠯᠦᠪᠯᠡᠭᠡ ᠳᠤ ᠤᠷᠤᠭᠤᠯᠤᠨ᠎ᠠ᠃         ᠵᠢᠷᠠᠳᠤᠭᠠᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠲᠤᠰ ᠱᠠᠳᠤᠨ ᠤ ᠵᠠᠰᠠᠭ ᠤᠨ ᠤᠷᠳᠤᠨ ᠤ ᠲᠤᠰᠢᠶᠠᠯ ᠬᠠᠷᠢᠭᠤᠴᠠᠯᠭ᠎ᠠ ᠶᠤᠰᠤᠭᠠᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ᠂ ᠬᠢᠨᠠᠬᠤ ᠠᠵᠢᠯ ᠤᠨ ᠡᠳᠦᠷ ᠲᠤᠳᠤᠮ ᠤᠨ ᠵᠠᠷᠤᠳᠠᠯ ᠢ ᠬᠠᠷᠢᠭᠤᠴᠠᠨ᠎ᠠ᠃         ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠦᠷᠦ ᠶᠢᠨ ᠶᠠᠪᠣᠳᠠᠯ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠵᠤ ᠪᠠᠶᠢᠭᠠᠳ ᠬᠠᠯᠳᠠᠪᠤᠷᠢᠳᠤ ᠡᠪᠡᠳᠴᠢᠨ ᠤ ᠲᠡᠯᠬᠡᠷᠡᠬᠦ ᠬᠠᠨᠳᠤᠰᠢ ᠶᠢ ᠦᠨᠳᠦᠰᠦᠯᠡᠨ᠂ ᠪᠦᠬᠦ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ᠂ ᠡᠮᠨᠡᠵᠦ ᠵᠠᠰᠠᠬᠤ᠂ ᠬᠢᠨᠠᠵᠤ ᠬᠡᠮᠵᠢᠬᠦ᠂ ᠤᠷᠢᠳᠴᠢᠯᠠᠨ ᠵᠢᠱᠢᠬᠦ᠂ ᠤᠷᠢᠳᠴᠢᠯᠠᠨ ᠰᠡᠷᠡᠮᠵᠢᠯᠡᠬᠦᠯᠬᠦ᠂ ᠬᠢᠨᠠᠵᠤ ᠪᠠᠶᠢᠴᠠᠭᠠᠬᠤ ᠵᠡᠷᠬᠡ ᠵᠦᠢᠯᠡᠰ ᠢ ᠲᠤᠭᠳᠠᠭᠠᠨ᠎ᠠ᠃ ᠲᠦᠪ ᠤᠨ ᠡᠳ᠋ ᠤᠨ ᠵᠠᠰᠠᠭ ᠠᠴᠠ ᠬᠦᠴᠢᠷᠳᠡᠯ ᠲᠠᠢ ᠭᠠᠵᠠᠷ ᠤᠷᠤᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠴᠢᠬᠤᠯᠠ ᠶᠡᠭᠡ ᠵᠦᠢᠯᠡᠰ ᠢ ᠬᠡᠷᠡᠭᠵᠢᠭᠦᠯᠬᠦ ᠳᠤ ᠨᠦᠬᠦᠪᠦᠷᠢ ᠦᠭᠬᠦᠨ᠎ᠡ᠃         ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠬᠠᠯᠳᠠᠪᠤᠷᠢᠳᠤ ᠡᠪᠡᠳᠴᠢᠨ ᠤ ᠲᠡᠯᠭᠡᠷᠡᠬᠦ ᠬᠠᠨᠳᠤᠰᠢ ᠶᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠭᠳᠠᠭᠠᠭᠰᠠᠨ ᠵᠦᠢᠯᠡᠰ ᠤᠨ ᠬᠡᠪᠴᠢᠶᠡᠨ ᠲᠤᠳᠤᠷ᠎ᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ᠂ ᠬᠢᠨᠠᠬᠤ ᠵᠡᠷᠭᠡ ᠵᠦᠢᠯᠡᠰ ᠢ ᠲᠤᠭᠳᠠᠭᠠᠬᠤ ᠶᠢᠨ ᠬᠠᠮᠳᠤ ᠲᠡᠳᠡᠭᠡᠷ ᠵᠦᠢᠯᠡᠰ ᠢ ᠬᠡᠷᠡᠭᠵᠢᠬᠦᠯᠬᠦ ᠵᠠᠷᠤᠳᠠᠯ ᠢ ᠪᠠᠳᠤᠯᠠᠨ᠎ᠠ᠃         ᠵᠢᠷᠠᠨ ᠨᠢᠭᠡᠳᠦᠭᠡᠷ ᠵᠦᠢᠯ   ᠤᠯᠤᠰ ᠠᠴᠠ ᠦᠨᠳᠦᠰᠦᠨ ᠱᠠᠳᠤᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠶᠠᠳᠠᠭᠤ ᠬᠦᠴᠢᠷᠳᠡᠯ ᠲᠠᠢ ᠭᠠᠵᠠᠷ ᠤᠷᠤᠨ ᠪᠠ ᠴᠦᠭᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠲᠡᠳᠬᠦᠨ ᠳᠡᠮᠵᠢᠨ᠎ᠡ᠃         ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠬᠤᠳᠠ ᠶᠢᠨ ᠨᠠᠶᠢᠭᠡᠮ ᠲᠤᠭᠤᠷᠢᠭ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠤᠨ ᠵᠠᠷᠤᠳᠠᠯ ᠢ ᠪᠠᠳᠤᠯᠠᠬᠤ ᠬᠡᠷᠡᠭᠳᠡᠢ᠃         ᠵᠢᠷᠠᠨ ᠬᠤᠶᠠᠳᠤᠭᠠᠷ ᠵᠦᠢᠯ   ᠤᠯᠤᠰ ᠠᠴᠠ ᠤᠨᠴᠠᠭᠠᠢ ᠬᠠᠯᠳᠠᠪᠤᠷᠢᠳᠤ ᠡᠪᠡᠳᠴᠢᠨ ᠤᠯᠤᠬᠰᠠᠨ ᠬᠦᠴᠢᠷᠳᠡᠯ ᠲᠠᠢ ᠬᠦᠮᠦᠰ ᠲᠤ ᠡᠮᠴᠢᠯᠡᠭᠡᠨ ᠤ ᠲᠤᠰᠠᠯᠠᠮᠵᠢ ᠦᠵᠡᠬᠦᠯᠵᠦ᠂ ᠡᠮᠴᠢᠯᠡᠬᠡᠨ ᠤ ᠵᠠᠷᠤᠳᠠᠯ ᠢ ᠨᠢ ᠬᠠᠰᠤᠵᠤ ᠬᠡᠯᠳᠦᠷᠢᠬᠦᠯᠦᠨ᠎ᠡ᠃ ᠪᠤᠳᠠᠳᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠵᠡᠷᠬᠡ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃         ᠵᠢᠷᠠᠨ ᠭᠤᠷᠪᠠᠳᠤᠭᠠᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠡᠮ ᠤᠨ ᠵᠦᠢᠯ᠂ ᠡᠮᠴᠢᠯᠡᠬᠡᠨ ᠤ ᠪᠠᠭᠠᠵᠢ ᠬᠡᠷᠡᠭᠯᠡᠬᠦᠷ ᠪᠠ ᠪᠤᠰᠤᠳ ᠡᠳ᠋ ᠪᠠᠷᠠᠭ᠎ᠠ ᠶᠢ ᠬᠠᠷᠢᠭᠤᠴᠠᠨ ᠨᠦᠭᠡᠴᠡᠯᠡᠵᠦ᠂ ᠰᠢᠯᠵᠢᠬᠦᠯᠦᠨ ᠬᠡᠷᠡᠭᠯᠡᠬᠦ ᠳᠤ ᠪᠡᠯᠡᠳᠬᠡᠨ᠎ᠡ᠃         ᠵᠢᠷᠠᠨ ᠲᠦᠷᠪᠡᠳᠦᠭᠡᠷ ᠵᠦᠢᠯ   ᠬᠠᠯᠳᠠᠪᠤᠷᠢᠳᠤ ᠡᠪᠡᠳᠴᠢᠨ ᠤ ᠲᠤᠬᠠᠢ ᠰᠡᠷᠭᠡᠶᠢᠯᠡᠯᠳᠡ᠂ ᠡᠮᠴᠢᠯᠡᠭᠡ᠂ ᠰᠢᠨᠵᠢᠯᠡᠬᠦ ᠤᠬᠠᠭᠠᠨ ᠤ ᠰᠤᠳᠤᠯᠭᠠᠨ᠂ ᠬᠢᠴᠢᠶᠡᠯ ᠬᠦᠮᠦᠵᠢᠯ᠂ ᠲᠤᠬᠠᠢ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯ ᠬᠢᠳᠡᠭ ᠬᠦᠮᠦᠰ᠂ ᠵᠢᠴᠢ ᠦᠢᠯᠡᠳᠪᠤᠷᠢᠯᠡᠯ᠂ ᠠᠵᠢᠯ ᠤᠨ ᠲᠤᠮᠳᠠ ᠪᠠᠨ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠲᠠᠢ ᠤᠢᠢᠷᠠᠳᠤᠳᠠᠭ ᠪᠤᠰᠤᠳ ᠬᠦᠮᠦᠰ ᠲᠤ ᠬᠤᠯᠪᠤᠭᠳᠠᠯ ᠪᠦᠬᠦᠢ ᠨᠢᠭᠡᠴᠢ ᠶᠢᠨ ᠬᠢᠨ ᠤᠯᠤᠰ ᠤᠨ ᠲᠤᠭᠳᠠᠭᠠᠯ ᠶᠤᠰᠤᠭᠠᠷ ᠡᠷᠡᠬᠦᠯ ᠬᠠᠮᠠᠭᠠᠯᠠᠯ ᠤᠨ ᠰᠡᠷᠭᠡᠶᠢᠯᠡᠡ ᠬᠠᠮᠠᠭᠠᠯᠠᠬᠤ ᠪᠦᠳᠦᠮᠵᠢᠳᠡᠢ ᠠᠷᠭ᠎ᠠ ᠬᠡᠮᠵᠢᠶ᠎ᠡ ᠪᠠ ᠡᠮᠴᠢᠯᠡᠭᠡ ᠡᠷᠡᠬᠦᠯᠵᠢᠯ ᠤᠨ ᠪᠦᠳᠦᠮᠵᠢᠳᠡᠢ ᠠᠷᠭ᠎ᠠ ᠬᠡᠮᠵᠢᠶ᠎ᠡ ᠠᠪᠬᠤ ᠶᠢᠨ ᠬᠠᠮᠳᠤ ᠵᠤᠬᠢᠰᠳᠠᠢ ᠨᠦᠬᠦᠪᠦᠷᠢ ᠮᠦᠡᠭᠬᠦ ᠦᠭᠬᠦ ᠬᠡᠷᠡᠭᠳᠡᠢ᠃          ※ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠤᠷᠴᠢᠭᠤᠯᠪᠠ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号